ᠥᠪᠥᠷ ᠮᠣᠩᠭᠤᠯ ᠤᠷᠢᠳᠴᠢᠯᠠᠨ ᠰᠡᠷᠭᠡᠶᠢᠯᠡᠬᠦ ᠮᠡᠳᠡᠭᠳᠡᠯ ᠭᠠᠷᠭᠠᠪᠠ᠄ ᠰᠤᠷᠭᠠᠭᠤᠯᠢ ᠨᠤᠭᠤᠳ ᠲᠤ ᠠᠮᠤᠷ ᠲᠥᠪᠰᠢᠨ ᠤ ᠳᠠᠯᠳᠠ ᠭᠡᠮ ᠢ ᠪᠥᠬᠦ ᠲᠠᠯ᠎ᠠ ᠪᠠᠷ ᠪᠠᠶᠢᠴᠠᠭᠠᠬᠤ ᠬᠡᠷᠡᠭᠲᠠᠢ ᠬᠡᠵᠦ ᠱᠠᠭᠠᠷᠳᠠᠪᠠ
ᠨᠡᠶᠢᠲᠡᠯᠡᠭᠰᠡᠨ ᠴᠠᠭ᠄
2015/3/20
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠦᠨᠤᠭᠡᠨ ᠰᠤᠷᠭᠠᠭᠤᠯᠢ ᠎ ᠶᠢ ᠠᠮᠤᠷ ᠲᠥᠪᠰᠢᠨ ᠲᠣᠭᠲᠠᠭᠤᠨ ᠪᠠᠶᠢᠯᠭᠠᠬᠤ 1 ᠳ᠋ᠦ᠋ᠭᠡᠷ ᠲᠤᠭᠠᠳᠤ ᠤᠷᠢᠳᠴᠢᠯᠠᠨ ᠰᠡᠷᠭᠡᠶᠢᠯᠡᠬᠦ ᠮᠡᠳᠡᠭᠳᠡᠯ ᠭᠠᠷᠭᠠᠵᠤ᠂  ᠪᠥᠬᠦ ᠣᠷᠣᠨ ᠤ ᠡᠯ᠎ᠡ ᠱᠠᠳᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠲᠤ ᠰᠤᠷᠭᠠᠭᠤᠯᠢ ᠡᠬᠢᠯᠡᠬᠦ ᠠᠴᠠ ᠪᠠᠨ ᠡᠮᠦᠨ᠎ᠡ ᠬᠤᠶᠢᠨ᠎ᠠ ᠰᠤᠷᠭᠠᠭᠤᠯᠢ ᠶᠢᠨ ᠲᠣᠭᠤᠷᠢᠨ ᠤ ᠣᠷᠴᠢᠨ ᠲᠤᠭᠤᠷᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ᠂ ᠵᠠᠮ ᠬᠠᠷᠢᠯᠴᠠᠭᠠᠨ ᠤ ᠠᠮᠤᠷ ᠲᠥᠪᠰᠢᠨ᠂ ᠢᠳᠡᠭᠡᠨ ᠤ ᠠᠶᠤᠯ ᠦᠭᠡᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠥᠪᠰᠢᠨ ᠤ ᠳᠠᠯᠳᠠ ᠭᠡᠮ ᠢ ᠪᠥᠬᠦ ᠲᠠᠯ᠎ᠠ ᠪᠠᠷ ᠪᠠᠶᠢᠴᠠᠭᠠᠬᠤ ᠬᠡᠷᠡᠭᠲᠡᠢ ᠭᠡᠵᠦ ᠱᠠᠭᠠᠷᠳᠠᠪᠠ᠃ ᠡᠨᠡ ᠨᠢ ᠮᠠᠨ ᠤ ᠣᠷᠣᠨ ᠤ ᠰᠤᠷᠭᠠᠭᠤᠯᠢ  ᠎ ᠶᠢᠨ ᠠᠮᠤᠷ ᠲᠥᠪᠰᠢᠨ ᠲᠣᠭᠲᠠᠭᠤᠨ ᠤ ᠠᠵᠢᠯ ᠤᠨ ᠤᠷᠢᠳᠴᠢᠯᠠᠨ ᠰᠡᠷᠭᠡᠶᠢᠯᠡᠬᠦ ᠳᠦᠷᠢᠮ ᠢ ᠡᠬᠢᠯᠡᠨ ᠬᠡᠷᠡᠭᠵᠢᠭᠦᠯᠦᠭᠰᠡᠨ ᠢ  ᠬᠠᠷᠠᠭᠤᠯᠵᠦ ᠪᠠᠶᠢᠨ᠎ᠠ᠃ ᠣᠶᠢᠯᠠᠭᠠᠭᠰᠠᠨ ᠢᠶᠠᠷ᠂ ᠮᠠᠨ ᠤ ᠣᠷᠣᠨ ᠰᠤᠷᠭᠠᠭᠤᠯᠢ ᠶᠢᠨ ᠠᠮᠤᠷ ᠲᠥᠪᠰᠢᠨ ᠲᠣᠭᠲᠠᠭᠤᠨ ᠤ ᠠᠵᠢᠯ ᠤᠨ ᠤᠷᠢᠳᠴᠢᠯᠠᠨ ᠰᠡᠷᠭᠡᠶᠢᠯᠡᠬᠦ ᠳᠦᠷᠢᠮ ᠢ ᠪᠠᠶᠢᠭᠤᠯᠵᠤ᠂ ᠤᠷᠢᠳᠴᠢᠯᠠᠨ ᠰᠡᠷᠭᠡᠶᠢᠯᠡᠬᠦ᠂ ᠪᠠᠶᠢᠴᠠᠭᠠᠬᠤ᠂ ᠰᠢᠢᠳᠪᠦᠷᠢᠯᠡᠬᠦ ᠵᠡᠷᠭᠡ ᠬᠤᠯᠪᠤᠭᠠᠳᠤ ᠠᠵᠢᠯᠯᠠᠭ᠎ᠠ ᠶᠢᠨ ᠬᠠᠷᠢᠴᠠᠩᠭᠤᠢ ᠳᠡᠰ ᠳᠠᠷᠠᠭᠠᠯᠠᠯ ᠶᠣᠰᠤᠭᠠᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠲᠣᠭᠲᠠᠭᠤᠨ ᠪᠠᠶᠢᠳᠠᠯ ᠳᠤ ᠴᠢᠭᠯᠡᠭᠦᠯᠬᠦ ᠴᠢᠨᠠᠷᠲᠠᠢ ᠬᠡᠪ ᠤᠨ ᠪᠠᠶᠢᠳᠠᠯ ᠤᠨ ᠰᠡᠷᠭᠡᠶᠢᠯᠡᠯᠳᠡ ᠬᠢᠵᠦ᠂  ︽ᠬᠡᠷᠡᠭ ᠠᠴᠠ ᠡᠮᠦᠨ᠎ᠡ ᠰᠡᠷᠭᠡᠶᠢᠯᠡᠬᠦ︾᠎ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠲᠦᠷᠢᠮ ᠢᠶᠠᠷ ᠪᠠᠳᠤᠯᠠᠵᠠᠢ᠃ ᠬᠤᠶᠢᠰᠢᠳᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠠᠳᠠᠯᠢ ᠪᠣᠰᠤ ᠬᠤᠭᠤᠴᠠᠭᠠᠨ ᠤ ᠪᠠᠶᠢᠳᠠᠯ ᠪᠠ ᠣᠨᠴᠠᠯᠢᠭ ᠢ ᠦᠨᠳᠦᠰᠦᠯᠡᠵᠦ᠂ ᠰᠤᠷᠭᠠᠭᠤᠯᠢ ᠶᠢᠨ ᠠᠮᠤᠷ ᠲᠥᠪᠰᠢᠨ ᠲᠣᠭᠲᠠᠭᠤᠨ ᠤ ᠠᠵᠢᠯ ᠤᠨ ᠤᠷᠢᠳᠴᠢᠯᠠᠨ ᠰᠡᠷᠭᠡᠶᠢᠯᠡᠬᠦ ᠮᠡᠳᠡᠭᠳᠡᠯ ᠢ ᠤᠷᠢᠳᠴᠢᠯᠠᠨ ᠭᠠᠷᠭᠠᠨ᠎ᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠎ ᠨᠤᠭᠤᠳ ᠴᠤᠤᠷᠢᠶᠠᠳᠤᠨ ᠳᠠᠭᠠᠬᠤ ᠲᠣᠭᠲᠠᠴᠠ ᠶᠢ ᠴᠠᠭ ᠲᠠᠷᠤᠢ ᠳᠤᠨᠢ ᠬᠡᠷᠡᠭᠵᠢᠭᠦᠯᠵᠦ᠂ ᠴᠢᠭᠯᠡᠭᠦᠯᠬᠦ ᠴᠢᠨᠠᠷᠲᠠᠢ ᠪᠠᠷ ᠰᠤᠷᠭᠠᠭᠤᠯᠢ ᠶᠢᠨ ᠠᠮᠤᠷ ᠲᠥᠪᠰᠢᠨ ᠤ ᠳᠠᠯᠳᠠ ᠭᠡᠮ ᠢ ᠪᠠᠶᠢᠴᠠᠭᠠᠬᠤ ᠪᠠ ᠴᠡᠭᠴᠡᠯᠡᠨ ᠵᠠᠰᠠᠬᠤ ᠬᠡᠷᠡᠭᠲᠠᠢ᠃ ᠥᠪᠡᠷᠲᠡᠭᠡᠨ ᠵᠠᠰᠠᠬᠤ ᠣᠷᠣᠨ ᠠᠴᠠ ᠪᠠᠶᠢᠴᠠᠭᠠᠭᠰᠠᠨ ᠪᠠ ᠴᠡᠭᠴᠡᠯᠡᠨ ᠵᠠᠰᠠᠭᠰᠠᠨ ᠪᠠᠶᠢᠳᠠᠯ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠵᠦ᠂ ᠤᠷᠢᠳᠴᠢᠯᠠᠨ ᠰᠡᠷᠭᠡᠶᠢᠯᠡᠬᠦ ᠮᠡᠳᠡᠭᠳᠡᠯ ᠢ  ᠳᠠᠷᠤᠶᠢᠬᠠᠨ ᠨᠠᠶᠢᠳᠠᠪᠤᠷᠢᠵᠢᠭᠤᠯᠤᠭᠰᠠᠨ ᠦᠭᠡᠢ᠂ ᠠᠮᠤᠷ ᠲᠥᠪᠰᠢᠨ ᠲᠣᠭᠲᠠᠭᠤᠨ ᠤ ᠴᠢᠬᠤᠯᠡ ᠶᠡᠭᠡ ᠳᠠᠯᠳᠠ ᠭᠡᠮ ᠢ ᠴᠡᠭᠴᠡᠯᠡᠨ ᠵᠠᠰᠠᠬᠤ ᠶᠢ ᠪᠤᠲᠠᠲᠠᠶᠢᠵᠢᠭᠤᠯᠤᠭᠰᠠᠨ ᠦᠭᠡᠢ ᠭᠠᠵᠠᠷ ᠣᠷᠣᠨ ᠪᠠ ᠰᠤᠷᠭᠠᠭᠤᠯᠢ ᠶᠢ ᠨᠡᠪᠳᠡᠷᠡᠭᠦᠯᠦᠨ ᠰᠢᠭᠦᠮᠵᠢᠯᠡᠵᠦ᠂ ᠬᠥᠨᠳᠤ ᠨᠣᠴᠢᠲᠠᠢ ᠦᠷ᠎ᠡ ᠳ᠋ᠦᠩ ᠭᠠᠷᠭᠠᠭᠰᠠᠨ ᠪᠤᠯ ᠬᠤᠯᠪᠤᠭᠳᠠᠯ ᠪᠥᠬᠦᠢ ᠤᠳᠤᠷᠢᠳᠤᠯᠭ᠎ᠠ ᠪᠠ ᠬᠠᠷᠢᠭᠤᠴᠠᠯᠭ᠎ᠠ ᠲᠠᠢ ᠬᠦᠮᠤᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠪᠠᠰᠠ ᠰᠤᠷᠭᠠᠭᠤᠯᠢ ᠶᠢᠨ ᠠᠮᠤᠷ ᠲᠥᠪᠰᠢᠨ ᠲᠣᠭᠲᠠᠭᠤᠨ ᠤ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ  ᠪᠠᠶᠢᠭᠤᠯᠵᠤ᠂ ᠰᠤᠷᠭᠠᠭᠤᠯᠢ ᠶᠢᠨ ᠪᠡᠯᠡᠳᠬᠡᠯ ᠲᠦᠰᠤᠯ ᠲᠣᠭᠲᠠᠭᠠᠬᠤ᠂ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠵᠡᠷᠭᠡ ᠳᠤᠨᠢ ᠲᠤᠰᠬᠠᠢ ᠮᠡᠷᠭᠡᠵᠢᠯ ᠤᠨ ᠳᠡᠮᠵᠢᠯᠭᠡ ᠦᠵᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号