ᠰᠤᠷᠪᠤᠯᠵᠢᠯᠠᠭ᠎ᠠ ᠶᠠᠷᠢᠯᠴᠠᠭ᠎ᠠ ᠶᠢᠨ ᠭᠤᠤᠯ ᠰᠡᠳᠤᠪ | | ᠴᠠᠭ ᠲᠤᠬᠢᠶᠠᠯ ᠢ ᠵᠠᠪᠳᠤᠵᠦ ᠰᠢᠨ᠎ᠡ ᠬᠡᠪ ᠪᠠᠶᠢᠳᠠᠯ ᠳᠤ ᠵᠤᠬᠢᠴᠠᠭᠤᠯᠤᠨ ᠶᠠᠰᠤ | ᠴᠢᠨᠠᠷ ᠲᠤ | ᠬᠢᠨᠠᠯᠳᠠ ᠲᠠᠯᠪᠢᠬᠤ ᠠᠵᠢᠯ ᠤᠨ ᠰᠢᠨ᠎ᠡ ᠦᠰᠤᠷᠤᠯᠳᠠ ᠶᠢ ᠪᠡᠶᠡᠯᠡᠭᠦᠯᠬᠦ ᠪᠠᠷ | ᠴᠢᠷᠮᠠᠶᠢᠶ᠎ᠠ | | | | | ᠰᠤᠷᠪᠤᠯᠵᠢᠯᠠᠭᠰᠠᠨ ᠴᠠᠭ᠄ 2015 ᠤᠨ ᠤ 3 ᠳ᠋ᠤᠭᠠᠷ ᠰᠠᠷ᠎ᠠ ᠶᠢᠨ 4 ᠤ ᠡᠳᠦᠷ ᠤᠨ ᠦᠳᠡ | ᠶᠢᠨ ᠡᠮᠦᠨᠡᠬᠢ10᠄ 00 ᠴᠠᠭ | ᠰᠤᠷᠪᠤᠯᠵᠢᠯᠠᠭᠰᠠᠨ ᠵᠤᠴᠢᠨ᠄ ᠦᠪᠤᠷ ᠮᠤᠩᠭᠤᠯ ᠤᠨᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ | ᠲᠤ ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ ᠳᠤᠭᠤᠷᠢᠨ ᠪᠠᠶᠢᠴᠠᠭᠠᠭᠴᠢ ᠭᠤᠤ ᠢᠩ ᠵᠢᠶᠧ | ᠰᠤᠷᠪᠤᠯᠵᠢᠯᠠᠭ᠎ᠠ ᠶᠢᠨ ᠲᠤᠪᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠦᠭᠵᠢᠯᠳᠡ ᠶᠢ | ᠠᠬᠢᠭᠤᠯᠬᠤ ᠵᠤᠭᠰᠤᠴᠠ ᠪᠠᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ | ᠬᠡᠵᠦ ᠲᠤᠳᠤᠷᠬᠠᠢ ᠲᠤᠭᠳᠠᠭᠠᠭᠰᠠᠨ ᠪᠢᠯᠡ᠃ ᠤᠶᠢᠷ᠎ᠠ ᠶᠢᠨ ᠵᠢᠯ ᠳᠤ᠂ ᠦᠪᠡᠷᠳᠡᠭᠡᠨ ᠵᠠᠰᠠᠬᠤ ᠤᠷᠤᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠂ ᠵᠠᠰᠠᠭ ᠤᠨ ᠤᠷᠳᠤᠨ ᠪᠤᠯᠤᠨ ᠤᠯᠤᠰ ᠤᠨ ᠶᠠᠰᠤ ᠴᠢᠨᠠᠷ ᠪᠠᠶᠢᠴᠠᠭᠠᠬᠤ ᠶᠡᠷᠦᠩᠬᠡᠢ ᠲᠤᠪᠴᠢᠶ᠎ᠠ ᠶᠢᠨ ᠰᠢᠢᠳᠪᠤᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠭᠡᠷᠡᠴᠢᠯᠡᠯᠳᠠ | ᠬᠢᠵᠦ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠶᠠᠰᠤ ᠴᠢᠨᠠᠷ ᠢ ᠠᠳᠬᠤᠵᠦ᠂᠂ ᠠᠮᠤᠷ ᠲᠦᠪᠰᠢᠨ ᠢ ᠪᠠᠳᠤᠯᠠᠵᠦ᠂ | ᠬᠦᠭᠵᠢᠯᠳᠡ ᠶᠢ ᠠᠬᠢᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠴᠢᠩᠭᠠᠷᠠᠭᠤᠯᠤᠭᠠᠳ᠂ ᠡᠯ᠎ᠡ ᠲᠦᠷᠦᠯ ᠤᠨ | ᠠᠵᠢᠯ ᠢᠯᠠᠳᠳᠠ ᠠᠮᠵᠢᠯᠳᠠ ᠤᠯᠪᠠ᠃ ᠤᠶᠢᠷ᠎ᠠ ᠳᠤ᠂ ᠪᠠᠳᠠ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ ᠳᠤᠭᠤᠷᠢᠨ ᠪᠠᠶᠢᠴᠠᠭᠠᠭᠴᠢ ᠭᠤᠤ ᠢᠩ ᠵᠢᠶᠧ ᠶᠢ | ᠤᠷᠢᠵᠦ ᠳᠠᠪᠤᠨ ᠵᠢᠯ ᠤᠨ ᠲᠤᠷᠰᠢᠬᠢ ᠮᠠᠨ ᠤ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ | ᠬᠦᠭᠵᠢᠯᠳᠠ ᠶᠢᠨ ᠠᠮᠵᠢᠯᠳᠠ ᠪᠠ ᠲᠠᠷᠠᠭ᠎ᠠ ᠠᠯᠬᠤᠮ ᠤᠨ ᠪᠤᠳᠤᠯᠬᠢᠯᠠᠯ ᠤᠨ ᠲᠠᠯ᠎ᠠ ᠪᠠᠷ ᠰᠦᠯᠵᠢᠶᠡᠨ ᠠᠨᠳᠠ ᠨᠠᠷ ᠲᠠᠢ | ᠵᠤᠭᠤᠭᠳᠠᠭᠤᠯᠬᠤ ᠪᠠᠷ ᠪᠤᠯᠪᠠ᠃ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠳᠤᠵᠦ | ᠪᠠᠶᠢᠨᠠᠮ︕ | | ﹇ᠬᠦᠳᠤᠯᠦᠭᠴᠢ﹈ ᠄ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ᠲᠠ ᠪᠦᠬᠦᠨ ᠤ ᠲᠤᠰ | ᠬᠤᠭᠤᠴᠠᠭᠠᠨ ᠤ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ | ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠡᠨᠡ ᠡᠳᠤᠷ ᠪᠢᠳᠠ ᠦᠪᠤᠷ ᠮᠤᠩᠭᠤᠯ | ᠤᠨᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠲᠤᠪᠴᠢᠶ᠎ᠠ ᠶᠢᠨ ᠳᠡᠳ᠋ | ᠳᠤᠭᠤᠷᠢᠨ ᠪᠠᠶᠢᠴᠠᠭᠠᠭᠴᠢ ᠭᠤᠤ ᠢᠩ ᠵᠢᠶᠧ ᠶᠢ ᠤᠷᠢᠵᠦ ᠢᠷᠡᠯ᠎ᠡ᠂ ᠲᠡᠷᠡ ᠮᠠᠨ ᠤ ᠤᠷᠤᠨ ᠤ ᠤᠶᠢᠷ᠎ᠠ ᠶᠢᠨ ᠵᠢᠯ | ᠳᠤ ᠤᠯᠤᠭᠰᠠᠨ ᠠᠮᠵᠢᠯᠳᠠ ᠪᠦᠳᠤᠭᠡᠯ ᠪᠤᠯᠤᠨ ᠬᠤᠶᠢᠰᠢᠳᠠ ᠶᠢᠨ ᠪᠤᠳᠤᠯᠬᠢᠯᠠᠯ ᠢᠶᠠᠨ ᠰᠦᠯᠵᠢᠶᠡᠨ ᠠᠨᠳᠠ ᠨᠠᠷ ᠲᠠᠢ | ᠵᠤᠭᠤᠭᠳᠠᠬᠤ ᠪᠤᠯᠤᠨ᠎ᠠ᠃ ᠭᠤᠤ ᠳᠤᠭᠤᠷᠢᠨ ᠪᠠᠶᠢᠴᠠᠭᠠᠭᠴᠢ ᠡ᠂ ᠳᠠᠨ ᠢ ᠪᠠᠶᠠᠷᠯᠠᠨ ᠤᠭᠳᠤᠵᠦ ᠪᠠᠶᠢᠨ᠎ᠠ︕ | ﹇ᠭᠤᠤ ᠢᠩ ᠵᠢᠶᠧ﹈᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ | ᠪᠠᠶᠢᠴᠠᠭᠠᠨᠠᠤ︖ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠪᠠᠷ ᠳᠠᠮᠵᠢᠨ ᠲᠠ ᠪᠦᠬᠦᠨ | ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠦ ᠪᠠᠶᠢᠨ᠎ᠠ᠃ ᠰᠦᠯᠵᠢᠶᠡᠨ ᠠᠨᠳᠠ ᠨᠠᠷ ᠮᠠᠨ ᠤ ᠲᠤᠪᠴᠢᠶᠠᠨ | ᠤ ᠡᠯ᠎ᠡ ᠲᠦᠷᠦᠯ ᠤᠨ ᠠᠵᠢᠯ ᠢ ᠶᠡᠷᠦ ᠠᠴᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠳᠠᠯᠠᠷᠬᠠᠵᠦ ᠪᠠᠶᠢᠨ᠎ᠠ︕ | ﹇ᠬᠦᠳᠤᠯᠦᠭᠴᠢ﹈᠄ ᠭᠤᠤ ᠳᠠᠷᠤᠭ᠎ᠠ ᠡ᠂ ᠦᠩᠬᠡᠷᠡᠭᠰᠡᠨ ᠳᠠᠪᠤᠨ ᠵᠢᠯ ᠪᠤᠯ ᠦᠪᠤᠷ ᠮᠤᠩᠭᠤᠯ ᠤᠨ | ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠬᠦᠭᠵᠢᠯᠳᠠ ᠶᠢᠨ ᠳᠡᠤᠬᠡᠨ ᠳᠡᠭᠡᠷᠡᠬᠢ ᠬᠠᠮᠤᠭ ᠤᠨ ᠶᠡᠷᠦ ᠪᠤᠰᠤ | ᠶᠢᠨ ᠱᠠᠳᠤ ᠦᠶ᠎ᠡ ᠪᠤᠯᠤᠨ᠎ᠠ᠃ ᠳᠠᠪᠤᠨ ᠵᠢᠯ ᠤᠨ ᠲᠤᠷᠰᠢ᠂ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ | ᠲᠤᠪᠴᠢᠶ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠤᠯᠤᠰ ᠤᠨ | ᠶᠠᠰᠤ ᠴᠢᠨᠠᠷ ᠪᠠᠶᠢᠴᠠᠭᠠᠬᠤ ᠶᠡᠷᠦᠩᠬᠡᠢ ᠲᠤᠪᠴᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠬᠢᠨᠠᠮᠠᠭᠠᠢ ᠲᠤᠱᠯᠠᠭᠤᠯᠤᠨ ᠨᠠᠶᠢᠳᠠᠪᠤᠷᠢᠵᠢᠭᠤᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ | ᠶᠠᠰᠤ ᠴᠢᠨᠠᠷ ᠢ ᠠᠳᠬᠤᠵᠦ᠂ ᠠᠮᠤᠷ ᠲᠦᠪᠰᠢᠨ ᠢ ᠪᠠᠳᠤᠯᠠᠵᠦ᠂ ᠬᠦᠭᠵᠢᠯᠳᠡ ᠶᠢ ᠠᠬᠢᠭᠤᠯᠵᠦ᠂ ᠶᠠᠰᠤ ᠴᠢᠨᠠᠷ ᠲᠤ | ᠬᠢᠨᠠᠯᠳᠠ ᠳᠠᠯᠪᠢᠬᠤ ᠶᠢ ᠴᠢᠩᠭᠠᠷᠠᠭᠤᠯᠤᠭᠠᠳ᠂ ᠡᠯ᠎ᠡ ᠲᠦᠷᠦᠯ ᠤᠨ ᠠᠵᠢᠯ ᠢᠯᠠᠳᠳᠠ ᠠᠮᠵᠢᠯᠳᠠ ᠤᠯᠪᠠ᠃ ᠲᠡᠭᠡᠪᠡᠯ | ᠂ ᠲᠠ ᠮᠠᠨ ᠤ ᠰᠦᠯᠵᠢᠶᠡᠨ ᠠᠨᠳᠠ ᠨᠠᠷ ᠲᠤ ᠪᠢᠳᠠ ᠶᠠᠮᠠᠷ ᠶᠠᠮᠠᠷ ᠠᠮᠵᠢᠯᠳᠠ ᠤᠯᠤᠭᠰᠠᠨ ᠢᠶᠠᠨ ᠶᠠᠷᠢᠭᠠᠳ ᠦᠭᠬᠦᠨᠡᠤ | ︖ | ﹇ᠭᠤᠤ ᠢᠩ ᠵᠢᠶᠧ﹈᠄ ᠨᠢᠭᠡ ᠳᠤ ᠶᠡᠷᠤᠩᠬᠡᠶᠢᠯᠡᠭᠰᠡᠨ ᠪᠤᠳᠠᠳᠤ ᠬᠦᠴᠤᠨ ᠢᠯᠡᠳᠳᠠ ᠲᠡᠭᠡᠭᠰᠢᠯᠡᠪᠡ᠃ | ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠤᠨ ᠬᠦᠷᠢᠶ᠎ᠡ ᠲᠠᠰᠤᠷᠠᠯᠳᠠ ᠦᠬᠡᠢ ᠦᠷᠭᠡᠵᠢᠵᠦ᠂ ᠠᠵᠦ ᠠᠬᠤᠢ | ᠨᠡᠶᠢᠭᠡᠮ ᠳᠤ ᠦᠢᠯᠡᠴᠢᠯᠡᠬᠦ ᠪᠦᠳᠤᠮᠵᠢᠳᠤ ᠴᠢᠨᠠᠷ ᠳᠠᠰᠤᠷᠠᠯᠳᠠ ᠦᠬᠡᠢ ᠨᠡᠮᠡᠭᠳᠡᠵᠦ᠂ ᠠᠵᠢᠯ ᠤᠨ ︽ᠬᠡᠮᠵᠢᠶ᠎ᠡ︾ | ᠪᠠ ︽ᠴᠢᠨᠠᠷ︾ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠶᠡᠭᠡ ᠪᠠᠷ ᠨᠡᠮᠡᠭᠳᠡᠵᠦ᠂ ᠪᠦᠬᠦ ᠰᠢᠰᠲ᠋ᠧᠮ ᠤᠨ | ᠲᠤᠬᠠᠶᠢᠯᠠᠭᠰᠠᠨ ᠠᠵᠢᠯ ᠤᠨ ᠤᠷᠤᠯᠭ᠎ᠠ ᠡᠮᠤᠨᠡᠬᠢ 10 ᠵᠢᠯ ᠤᠨ ᠬᠢ ᠠᠴᠠ 2.3 ᠲᠠᠬᠢᠨ ᠪᠤᠯᠪᠠ᠃ ᠰᠠᠭᠤᠷᠢ | ᠪᠡᠯᠡᠳᠬᠡᠮᠵᠢ᠂ ᠮᠡᠷᠭᠡᠵᠢᠯ ᠤᠨ ᠲᠤᠨᠤᠭᠯᠠᠯ ᠪᠦᠬᠦ ᠲᠠᠯ᠎ᠠ ᠪᠠᠷ ᠲᠦᠷᠭᠡᠨ ᠰᠠᠶᠢᠵᠢᠷᠠᠵᠦ᠂ ᠪᠦᠬᠦ ᠰᠢᠰᠲ᠋ᠧᠮ ᠤᠨ | ᠳᠤᠭᠳᠠᠮᠠᠯ ᠬᠦᠷᠦᠩᠬᠡ ᠳᠤ ᠨᠡᠶᠢᠳᠠ 35 ᠳ᠋ᠦᠩᠰᠢᠭᠤᠷ ᠲᠦᠭᠦᠷᠢᠭ ᠤᠷᠤᠭᠤᠯᠵᠦ᠂ ᠡᠮᠤᠨᠡᠬᠢ 10 ᠵᠢᠯ ᠤᠨ ᠬᠢ | ᠠᠴᠠ 9 ᠲᠠᠬᠢᠨ ᠤᠷᠴᠢᠮ ᠪᠤᠯᠪᠠ ᠃ ᠤᠯᠤᠰ ᠤᠨ ᠶᠠᠰᠤ ᠴᠢᠨᠠᠷ ᠪᠠᠶᠢᠴᠠᠭᠠᠬᠤ ᠲᠦᠪ᠂ ᠦᠪᠡᠷᠳᠡᠭᠡᠨ ᠵᠠᠰᠠᠬᠤ | ᠤᠷᠤᠨ ᠤ ᠶᠠᠰᠤ ᠴᠢᠨᠠᠷ ᠪᠠᠶᠢᠴᠠᠭᠠᠬᠤ ᠲᠦᠪ ᠪᠤᠯᠤᠨ ᠲᠤᠮᠤ ᠬᠡᠯᠪᠡᠷᠢ ᠶᠢᠨ ᠰᠢᠯᠭᠠᠨ ᠪᠠᠶᠢᠴᠠᠭᠠᠬᠤ ᠰᠠᠭᠤᠷᠢᠨ ᠭᠠᠵᠠᠷ | ᠤᠨ ᠪᠦᠳᠤᠭᠡᠨ ᠪᠠᠶᠢᠭᠤᠯᠤᠯᠳᠠ ᠶᠢ ᠶᠡᠭᠡ ᠪᠠᠷ ᠲᠦᠯᠬᠢᠨ ᠠᠬᠢᠭᠤᠯᠵᠦ᠂ ᠤᠯᠤᠰ ᠤᠨ ᠪᠠᠶᠢᠭᠠᠯᠢ ᠶᠢᠨ ᠬᠡᠢ | ᠨᠡᠭᠦᠷᠡᠰᠤᠨ ᠤ ᠬᠢᠮᠢ ᠶᠢᠨ ᠦᠢᠯᠡᠳᠪᠤᠷᠢ ᠶᠢᠨ ᠦᠢᠯᠡᠳᠬᠦᠨ ᠤ ᠶᠠᠰᠤ ᠴᠢᠨᠠᠷ ᠢ ᠪᠠᠶᠢᠴᠠᠭᠠᠬᠤ ᠲᠦᠪ᠂ ᠤᠯᠤᠰ ᠤᠨ | ᠬᠤᠳᠠ ᠬᠦᠳᠡᠭᠡ ᠶᠢᠨ ᠡᠨᠧᠷᠬᠢ ᠤᠨ ᠬᠡᠮᠵᠢᠯᠳᠡ ᠶᠢᠨ ᠲᠦᠪ ᠢᠯᠡᠷᠬᠡᠶᠢᠯᠡᠯ ᠡᠯᠭᠦᠨ ᠠᠵᠢᠯᠯᠠᠪᠠ᠃ ᠮᠠᠨ ᠤ ᠤᠷᠤᠨ ᠤ | ᠶᠠᠰᠤ ᠴᠢᠨᠠᠷ ᠲᠤ ᠬᠢᠨᠠᠯᠳᠠ ᠲᠠᠯᠪᠢᠬᠤ ᠰᠢᠰᠲ᠋ᠧᠮ ᠤᠨ ᠰᠠᠭᠤᠷᠢ ᠨᠢᠮᠭᠡᠨ᠂ ᠰᠠᠭᠤᠷᠢ ᠪᠠᠷᠤᠭᠲᠠᠢ᠂ ᠲᠤᠨᠤᠭᠯᠠᠯ | ᠬᠤᠴᠤᠷᠤᠩᠭᠤᠢ ᠪᠠᠶᠢᠭᠰᠠᠨ ᠪᠠᠶᠢᠳᠠᠯ ᠦᠨᠳᠤᠰᠤᠨ ᠳᠡᠭᠡᠨ ᠰᠠᠶᠢᠵᠢᠷᠠᠪᠠ᠃ | ﹇ᠭᠤᠤ ᠢᠩ ᠵᠢᠶᠧ﹈᠄ ᠬᠤᠶᠠᠷ ᠲᠤ ᠶᠠᠰᠤ ᠴᠢᠨᠠᠷ ᠢᠶᠠᠷ ᠤᠷᠤᠨ ᠢᠶᠠᠨ ᠮᠠᠨᠳᠤᠭᠤᠯᠬᠤ ᠠᠵᠢᠯ | ᠯᠠᠪᠳᠠᠭᠤᠨ ᠪᠠᠳᠤᠲᠠᠢ ᠠᠬᠢᠪᠠ᠃ ︽ᠶᠠᠰᠤ ᠴᠢᠨᠠᠷ ᠤᠨ ᠬᠦᠭᠵᠢᠭᠦᠯᠦᠯᠳᠠ ᠶᠢᠨ ᠲᠤᠪᠴᠢ︾ ᠶᠢ ᠬᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠶᠠᠰᠤ ᠴᠢᠨᠠᠷ ᠤᠨ | ᠠᠵᠢᠯ ᠤᠨ ᠠᠵᠢᠯᠯᠠᠭᠠᠨ ᠤ ᠲᠦᠯᠦᠪᠯᠡᠭᠡ ᠲᠤᠭᠳᠠᠭᠠᠵᠦ᠂ ᠪᠦᠬᠦ ᠤᠷᠤᠨ ᠤ ᠡᠯ᠎ᠡ ᠭᠠᠵᠠᠷ ᠶᠠᠰᠤ ᠴᠢᠨᠠᠷ ᠢᠶᠠᠷ ᠠᠶᠢᠮᠠᠭ | ᠬᠤᠳᠠ ᠪᠠᠨ ᠮᠠᠨᠳᠤᠭᠤᠯᠬᠤ ᠠᠵᠢᠯᠯᠠᠭ᠎ᠠ ᠶᠢ ᠨᠡᠶᠢᠳᠡᠮ ᠦᠷᠨᠢᠬᠦᠯᠪᠠ᠃ ᠦᠪᠡᠷᠳᠡᠭᠡᠨ ᠵᠠᠰᠠᠬᠤ ᠤᠷᠨ ᠤ | ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠪᠠᠶᠢᠭᠤᠯᠵᠦ᠂ 9 ᠠᠶᠢᠮᠠᠭ ᠬᠤᠳᠠ ᠴᠤ ᠵᠠᠰᠠᠭ ᠤᠨ ᠤᠷᠳᠤᠨ ᠤ | ᠶᠠᠰᠤ ᠴᠢᠨᠠᠷ ᠤᠨ ᠱᠠᠩᠨᠠᠯ ᠪᠠᠶᠢᠭᠤᠯᠤᠭᠠᠳ᠂ ᠡᠯ᠎ᠡ ᠱᠠᠳᠤᠨ ᠤ ᠵᠠᠰᠠᠭ ᠤᠨ ᠤᠷᠳᠤᠨ ᠤ ᠶᠠᠰᠤ ᠴᠢᠨᠠᠷ ᠤᠨ | ᠬᠦᠭᠵᠢᠬᠦᠯᠦᠯᠳᠡ ᠶᠢᠨ ᠭᠤᠤᠯᠯᠠᠬᠤ ᠦᠢᠯᠡᠳᠤᠯ ᠢ ᠨᠢ ᠢᠯᠡᠳᠳᠠ ᠳᠡᠭᠡᠭᠰᠢᠯᠡᠭᠦᠯᠪᠠ᠃ ᠨᠡᠷᠡᠳᠤ ᠲᠡᠮᠳᠡᠭ ᠤᠨ | ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ 412 ᠦᠢᠯᠡᠳᠬᠦᠨ ᠦᠪᠤᠷ ᠮᠤᠩᠭᠤᠯ ᠤᠨ ᠨᠠᠷᠠᠳᠤ | ᠦᠢᠯᠡᠳᠬᠦᠨ ᠢᠶᠠᠷ ᠦᠨᠡᠯᠡᠭᠳᠡᠪᠠ᠃ ᠪᠢᠳᠡ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ | ᠡᠷᠬᠡ ᠴᠢᠳᠠᠮᠵᠢ ᠪᠠᠨ ᠭᠦᠢᠴᠡᠳᠭᠡᠬᠦ ᠬᠤᠭᠤᠴᠠᠭᠠᠨ ᠳᠤ᠂ ︽ᠭᠡᠮ ᠦᠬᠡᠢ ᠰᠦᠨ ᠲᠠᠯᠬ᠎ᠠ ᠶᠢ ᠦᠪᠤᠷ ᠮᠤᠩᠭᠤᠯ | ᠡᠬᠢᠯᠡᠨ ᠬᠢᠬᠦ︾ ᠠᠵᠢᠯᠯᠠᠭ᠎ᠠ ᠶᠢ ᠪᠦᠬᠦ ᠤᠯᠤᠰ ᠲᠤ ᠲᠡᠷᠢᠬᠦᠯᠡᠨ ᠦᠷᠨᠢᠬᠦᠯᠵᠦ᠂ ᠦᠨᠳᠤᠰᠤᠳᠡᠨ ᠤ ᠴᠠᠭᠠᠨ ᠢᠳᠡᠭᠡᠨ | ᠤ ᠲᠠᠯ᠎ᠠ ᠪᠠᠷ ᠬᠢ ᠢᠳᠡᠭᠡᠯ ᠢ ᠨᠢ ᠨᠡᠮᠡᠭᠳᠡᠭᠦᠯᠪᠠ᠃ ᠤᠷᠳᠤᠰ ᠬᠤᠳᠠ ᠨᠢ ᠪᠦᠬᠦ ᠤᠷᠤᠨ ᠤ ᠲᠡᠷᠢᠬᠦᠨ ᠡᠷᠤᠬᠡ | ᠤᠯᠤᠰ ᠤᠨ ᠢᠳᠡᠭᠡᠨ ᠤ ᠦᠢᠯᠡᠳᠪᠤᠷᠢᠯᠡᠯ ᠤᠨᠶᠠᠰᠤ ᠴᠢᠨᠠᠷ ᠤᠨ ᠠᠮᠤᠷ ᠲᠦᠪᠰᠢᠨ ᠤ ᠦᠯᠢᠭᠡᠷ ᠳᠠᠭᠤᠷᠢᠶᠠᠯ | ᠤᠨᠬᠤᠳᠠ ᠶᠢ ᠡᠭᠦᠳᠤᠨ ᠪᠠᠶᠢᠭᠤᠯᠤᠭᠰᠠᠨ ᠭᠠᠵᠠᠷ ᠤᠷᠤᠨ ᠪᠤᠯᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠬᠤ ᠲᠤᠭᠳᠠᠴᠠ ᠶᠢ ᠪᠠᠶᠢᠭᠤᠯᠬᠤ ᠶᠢ ᠠᠬᠢᠭᠤᠯᠵᠦ᠂ ᠶᠠᠰᠤ | ᠴᠢᠨᠠᠷ ᠤᠨ ᠬᠦᠭᠵᠢᠬᠦᠯᠦᠯᠳᠡ ᠶᠢᠨ ᠲᠦᠯᠦᠪᠵᠢᠭᠦᠯᠬᠡ᠂ ᠬᠡᠮᠵᠢᠯᠳᠠ ᠶᠢᠨ ᠬᠦᠭᠵᠢᠭᠦᠯᠦᠯᠳᠠ ᠶᠢᠨ ᠲᠦᠯᠦᠪᠵᠢᠭᠦᠯᠬᠡ | ᠶᠢ ᠦᠪᠡᠷᠳᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢᠨ | ᠬᠤᠭᠤᠴᠠᠭᠠᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠬᠦᠯᠦᠯᠳᠡ ᠶᠢᠨ ᠨᠢᠭᠡᠳᠤᠭᠡᠷ | ᠲᠦᠷᠦᠯ ᠤᠨ ᠲᠦᠯᠦᠪᠵᠢᠭᠦᠯᠬᠡ ᠳᠤ ᠤᠷᠤᠭᠤᠯᠵᠦ᠂ ᠲᠤᠯᠭᠠᠭᠤᠷᠢ ᠠᠵᠦ ᠦᠢᠯᠡᠰ ᠤᠨ ᠪᠠᠷᠢᠮᠵᠢᠶᠠᠵᠢᠭᠤᠯᠤᠯᠳᠠ | ᠵᠢᠨᠪᠠᠶᠢᠭᠤᠯᠤᠯᠳᠠ᠂ ᠦᠢᠯᠡᠳᠬᠦᠨ ᠢ ᠰᠢᠯᠭᠠᠨ ᠬᠡᠮᠵᠢᠬᠦ ᠤᠯᠠᠨ ᠨᠡᠶᠢᠳᠡ ᠶᠢᠨ ᠲᠠᠪᠴᠠᠩ ᠤᠨ ᠪᠠᠶᠢᠭᠤᠯᠤᠯᠳᠠ ᠶᠢ | ᠶᠡᠷᠦᠩᠬᠡᠶᠢᠯᠡᠭᠰᠡᠨ ᠴᠢᠨᠠᠷᠲᠠᠢ ᠬᠤᠶᠠᠳᠤᠭᠠᠷ ᠲᠦᠷᠦᠯ ᠤᠨ ᠲᠦᠯᠦᠪᠵᠢᠭᠦᠯᠭᠡ ᠳᠤ ᠤᠷᠤᠭᠤᠯᠤᠭᠠᠳ᠂ ᠲᠦᠷᠦ ᠶᠢᠨ | ᠪᠤᠳᠤᠯᠭ᠎ᠠ ᠶᠢᠨ ᠲᠠᠯ᠎ᠠ ᠪᠠᠷ ᠶᠠᠰᠤ ᠴᠢᠨᠠᠷ ᠤᠨ ᠠᠵᠢᠯ ᠳᠤ ᠨᠡᠩ ᠦᠷᠭᠡᠨ ᠳᠡᠯᠭᠡᠷ ᠲᠠᠪᠴᠠᠩ ᠤᠯᠭᠤᠪᠠ᠃ | ﹇ᠭᠤᠤ ᠢᠩ ᠵᠢᠶᠧ﹈᠄ ᠭᠤᠷᠪᠠ ᠳᠤ ᠶᠠᠰᠤ ᠴᠢᠨᠠᠷ ᠤᠨ ᠰᠠᠭᠤᠷᠢ ᠠᠵᠢᠯ ᠪᠦᠬᠦ ᠲᠠᠯ᠎ᠠ ᠪᠠᠷ | ᠴᠢᠩᠭᠠᠳᠪᠠ᠃ ᠪᠠᠷᠢᠮᠵᠢᠶᠠᠵᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢ ᠲᠦᠷᠭᠡᠨ ᠬᠡᠷᠡᠭᠵᠢᠬᠦᠯᠵᠦ᠂ ᠦᠪᠡᠷᠳᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠪᠠᠷᠢᠮᠵᠢᠶᠠᠵᠢᠭᠤᠯᠤᠯᠳᠠ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾ ᠶᠢ | ᠨᠡᠶᠢᠳᠡᠯᠡᠬᠦ ᠶᠢ ᠠᠬᠢᠭᠤᠯᠪᠠ︔ ᠪᠠᠷᠢᠮᠵᠢᠶᠠᠵᠢᠭᠤᠯᠤᠯᠳᠠ ᠶᠢᠨ ᠠᠷᠭ᠎ᠠ ᠪᠠᠷᠢᠯ ᠢᠶᠠᠷ ᠦᠨᠳᠤᠰᠤᠳᠡᠨ ᠤ ᠤᠯᠠᠮᠵᠢᠯᠠᠯᠳᠤ | ᠰᠤᠶᠤᠯ ᠢ ᠬᠠᠮᠠᠭᠠᠯᠠᠨ ᠤᠯᠠᠮᠵᠢᠯᠠᠵᠦ᠂ ︽ᠮᠤᠩᠭᠤᠯ ᠦᠨᠳᠤᠰᠤᠳᠡᠨ ᠤ ᠠᠶᠢᠮᠠᠭ ᠪᠦᠯᠦᠭ ᠤᠨ ᠬᠤᠪᠴᠠᠰᠤ ᠵᠠᠰᠠᠯ︾ | ᠂ ︽ᠦᠪᠤᠷ ᠮᠤᠩᠭᠤᠯ ᠤᠨ ᠮᠤᠩᠭᠤᠯ ᠢᠳᠡᠭᠡᠨ︾ ᠤ ᠪᠠᠷᠢᠮᠵᠢᠶ᠎ᠠ ᠨᠢ ᠤᠯᠤᠰ ᠲᠤ ᠬᠤᠭᠤᠰᠤᠨ ᠪᠠᠶᠢᠭᠰᠠᠨ ᠢ | ᠨᠦᠬᠦᠪᠤᠷᠢᠯᠡᠪᠡ᠃ ᠬᠡᠮᠵᠢᠯᠳᠠ ᠶᠢᠨ ᠮᠡᠷᠭᠡᠵᠢᠯ ᠤᠨ ᠰᠠᠭᠤᠷᠢ ᠤᠯᠠᠮ ᠴᠢᠩᠭᠠᠳᠴᠤ᠂ ᠠᠷᠠᠳ ᠤᠨ ᠠᠮᠢᠳᠤᠷᠠᠯ ᠤᠨ | ᠬᠡᠮᠵᠢᠯᠳᠡ ᠬᠦᠨᠵᠡᠬᠡᠢ ᠠᠬᠢᠵᠦ᠂ ᠡᠨᠧᠷᠬᠢ ᠶᠢᠨ ᠬᠡᠮᠵᠢᠯᠳᠡ ᠴᠢᠩᠭᠠᠷᠠᠵᠦ᠂ ᠪᠦᠬᠦ ᠤᠷᠤᠨ ᠤ ᠬᠡᠮᠵᠢᠯᠳᠡ ᠶᠢᠨ | ᠮᠡᠷᠭᠡᠵᠢᠯ ᠤᠨ ᠪᠠᠳᠤᠯᠠᠭ᠎ᠠ ᠶᠢᠨ ᠰᠢᠰᠲ᠋ᠧᠮ ᠲᠠᠰᠤᠷᠠᠯᠳᠠ ᠦᠬᠡᠢ ᠲᠡᠭᠦᠯᠳᠡᠷᠵᠢᠪᠠ᠃ ᠰᠢᠯᠭᠠᠨ ᠪᠠᠶᠢᠴᠠᠭᠠᠬᠤ ᠰᠢᠯᠭᠠᠨ | ᠬᠡᠮᠵᠢᠬᠦ ᠴᠢᠳᠠᠪᠤᠷᠢ ᠢᠯᠠᠳᠳᠠ ᠨᠡᠮᠡᠭᠳᠡᠵᠦ᠂ ᠰᠢᠯᠭᠠᠨ ᠪᠠᠶᠢᠴᠠᠭᠠᠬᠤ ᠲᠦᠷᠦᠯ ᠵᠦᠢᠯ ᠢ ᠰᠢᠨ᠎ᠡ ᠪᠠᠷ1506 ᠲᠦᠷᠦᠯ | ᠨᠡᠮᠡᠭᠳᠡᠬᠦᠯᠵᠦ᠂ ︽ᠪᠠᠶᠢᠴᠠᠭᠠᠵᠦ ᠳᠡᠶᠢᠯᠬᠦ ᠦᠬᠡᠢ᠂ ᠪᠠᠶᠢᠴᠠᠭᠠᠵᠦ ᠭᠠᠷᠬᠤ ᠦᠬᠡᠢ᠂ ᠲᠦᠷᠭᠡᠨ ᠪᠠᠶᠢᠴᠠᠭᠠᠬᠤ ᠦᠬᠡᠢ᠂ | ᠤᠨᠤᠪᠴᠢᠲᠠᠢ ᠪᠠᠶᠢᠴᠠᠭᠠᠬᠤ ᠦᠬᠡᠢ︾ ᠪᠠᠶᠢᠭᠰᠠᠨ ︽ᠲᠤᠮᠤ ᠬᠦᠴᠢᠷ︾ ᠶᠠᠪᠤᠳᠠᠯ ᠢ ᠢᠯᠠᠳᠳᠠ ᠰᠠᠶᠢᠵᠢᠷᠠᠭᠤᠯᠪᠠ᠃ | ᠬᠡᠷᠡᠴᠢᠯᠡᠬᠦ ᠵᠦᠪᠰᠢᠶᠡᠷᠡᠬᠦ ᠠᠵᠢᠯ ᠳᠠᠬᠢ ᠬᠢᠨᠠᠯᠳᠠ ᠬᠠᠮᠢᠶᠠᠷᠤᠯᠳᠠ ᠲᠠᠰᠤᠷᠠᠯᠳᠠ ᠦᠬᠡᠢ ᠴᠢᠩᠭᠠᠳᠴᠤ᠂ ᠬᠠᠮᠢᠶ᠎ᠠ | ᠪᠦᠬᠦᠢ ᠠᠵᠦ ᠠᠬᠤᠶᠢᠯᠠᠯ ᠪᠤᠯᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠲᠦᠷᠢᠮᠵᠢᠭᠦᠯᠦᠨ | ᠠᠵᠢᠯᠯᠠᠬᠤ ᠶᠢ ᠠᠬᠢᠭᠤᠯᠪᠠ︔ ᠤᠷᠭᠠᠨᠢᠭ ᠦᠢᠯᠡᠳᠬᠦᠨ ᠢ ᠬᠡᠷᠡᠴᠢᠯᠡᠬᠦ ᠦᠯᠢᠭᠡᠷ ᠳᠠᠭᠤᠷᠢᠶᠡᠯ ᠤᠨ ᠠᠵᠦ ᠠᠬᠤᠶᠢᠯᠠᠯ | ᠵᠢᠯ ᠳᠠᠷᠠᠭᠠᠯᠠᠨ ᠨᠡᠮᠡᠭᠳᠡᠵᠦ᠂920 ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠬᠢᠨᠠᠨ ᠪᠠᠶᠢᠴᠠᠭᠠᠨ | ᠵᠦᠪᠰᠢᠶᠡᠷᠡᠭᠡᠳ᠂ ᠮᠠᠨ ᠤ ᠤᠷᠤᠨ ᠤ ᠠᠵᠢᠯ ᠲᠦᠷᠦᠯ ᠦᠨᠳᠤᠰᠤᠨ ᠳᠡᠭᠡᠨ ᠪᠦᠷᠢᠨᠰᠢᠭᠰᠡᠨ ᠮᠡᠷᠭᠡᠵᠢᠯ ᠤᠨ | ᠦᠢᠯᠡᠴᠢᠯᠡᠭᠡᠨ ᠤ ᠠᠵᠦ ᠦᠢᠯᠡᠰ ᠠᠩᠬ᠎ᠠ ᠠᠯᠬᠤᠮ ᠪᠦᠷᠢᠯᠳᠤᠪᠠ᠃ | ﹇ᠭᠤᠤ ᠢᠩ ᠵᠢᠶᠧ﹈ ᠲᠦᠷᠪᠠ ᠳᠤ ᠬᠠᠤᠯᠢ ᠪᠠᠷ ᠵᠠᠰᠠᠬᠤ ᠶᠠᠰᠤ ᠴᠢᠨᠠᠷ ᠲᠤ ᠬᠢᠨᠠᠯᠳᠠ ᠳᠠᠯᠪᠢᠬᠤ | ᠪᠠᠶᠢᠭᠤᠯᠤᠯᠳᠠ ᠪᠦᠬᠦ ᠲᠠᠯ᠎ᠠ ᠪᠠᠷ ᠠᠬᠢᠪᠠ ᠃ ᠶᠠᠰᠤ ᠴᠢᠨᠠᠷ ᠤᠨ ᠬᠠᠤᠯᠢ ᠲᠤᠭᠳᠠᠭᠠᠬᠤ ᠠᠵᠢᠯ ᠢ ᠠᠬᠢᠭᠤᠯᠬᠤ | ᠲᠠᠯ᠎ᠠ ᠪᠠᠷ᠂ ᠪᠢᠳᠡᠨ ᠤ ᠴᠢᠷᠮᠠᠶᠢᠯᠭ᠎ᠠ ᠪᠠᠷ ᠳᠠᠮᠵᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠤᠨᠴᠠ ᠲᠦᠷᠦᠯ ᠤᠨ ᠲᠦᠬᠦᠭᠡᠷᠤᠮᠵᠢ ᠶᠢᠨ ᠠᠶᠤᠯ ᠦᠬᠡᠢ ᠶᠢᠨ ᠬᠢᠨᠠᠨ ᠪᠠᠶᠢᠴᠠᠭᠠᠬᠤ ᠲᠦᠷᠢᠮ︾ ᠵᠡᠷᠭᠡ | ᠤᠷᠤᠨ ᠨᠤᠳᠤᠭ ᠤᠨ ᠴᠢᠨᠠᠷᠲᠠᠢ ᠬᠠᠤᠯᠢ ᠲᠦᠷᠢᠮ ᠪᠠ ᠲᠦᠷᠢᠮ ᠢ ᠨᠡᠶᠢᠳᠡᠯᠡᠨ ᠬᠡᠷᠡᠭᠵᠢᠭᠦᠯᠵᠦ᠂ ᠨᠢᠭᠡ ᠪᠦᠯᠦᠭ | ᠬᠠᠤᠯᠢ ᠲᠦᠷᠢᠮ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠳᠠᠭᠠᠪᠠ᠃ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ | ᠶᠢᠨ ᠬᠡᠷᠡᠭ ᠢ ᠬᠠᠮᠳᠤ ᠪᠠᠷ ᠰᠢᠬᠦᠨ ᠰᠢᠢᠳᠪᠤᠷᠢᠯᠡᠬᠦ᠂ ᠴᠢᠯᠤᠭᠡᠲᠠᠢ ᠳᠠᠰᠤᠯᠬᠤ ᠵᠡᠷᠭᠡ ᠲᠡᠰ ᠳᠠᠷᠠᠭᠠᠯᠠᠯ ᠤᠨ ᠴᠢᠨᠠᠷᠲᠠᠢ | ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠠ᠃ ︽ᠬᠠᠤᠯᠢ ᠶᠢ ᠬᠡᠷᠡᠭᠵᠢᠭᠦᠯᠤᠨ ᠬᠤᠳᠠᠯ ᠬᠠᠭᠤᠷᠮᠠᠭ ᠲᠤ ᠴᠤᠬᠢᠯᠳᠠ | ᠦᠭᠬᠦ︾ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠲᠠᠷᠢᠶᠠᠯᠠᠩ ᠤᠨ ᠬᠡᠷᠡᠭᠰᠡᠯ᠂ ᠪᠠᠷᠢᠯᠭ᠎ᠠ | ᠶᠢᠨ ᠮᠠᠲ᠋ᠧᠷᠢᠶᠠᠯ᠂ ᠨᠤᠤᠰᠤ ᠨᠤᠯᠤᠤᠷ ᠤᠨ ᠰᠢᠷᠬᠡᠭᠯᠢᠭ᠂ ᠢᠳᠡᠭᠡᠨ ᠤ ᠬᠠᠮᠢᠶ᠎ᠠ ᠲᠠᠢ ᠦᠢᠯᠡᠳᠬᠦᠨ᠂ ᠮᠠᠰᠢᠨ | ᠲᠡᠷᠭᠡᠨ ᠤ ᠰᠡᠯᠪᠢᠭ ᠲᠤᠨᠤᠭ᠂ ᠬᠡᠤᠬᠡᠳ ᠤᠨ ᠲᠤᠭᠯᠠᠭᠠᠮ ᠵᠡᠷᠭᠡ ᠶᠢᠨ ᠬᠤᠳᠠᠯ ᠬᠠᠭᠤᠷᠮᠠᠭ ᠵᠦᠢᠯ ᠳᠤ | ᠴᠤᠬᠢᠯᠳᠠ ᠦᠭᠬᠦ ᠠᠵᠢᠯ ᠢᠯᠠᠳᠳᠠ ᠦᠷ᠎ᠡ ᠪᠦᠳᠤᠭᠡᠯ ᠤᠯᠪᠠ᠃ ᠦᠢᠯᠡᠳᠭᠦᠨ ᠤ ᠶᠠᠰᠤ ᠴᠢᠨᠠᠷ ᠲᠤ ᠬᠢᠨᠠᠯᠳᠠ | ᠳᠠᠯᠪᠢᠬᠤ ᠪᠠ ᠤᠨᠴᠠ ᠲᠦᠬᠦᠭᠡᠷᠦᠮᠵᠢ ᠶᠢ ᠬᠢᠨᠠᠨ ᠬᠠᠮᠢᠶᠠᠷᠬᠤ ᠠᠵᠢᠯ ᠢᠯᠠᠳᠳᠠ ᠠᠮᠵᠢᠯᠳᠠ ᠤᠯᠵᠦ᠂ ᠤᠶᠢᠷ᠎ᠠ ᠶᠢᠨ | ᠵᠢᠯ ᠳᠤ ᠤᠷᠤᠨ ᠨᠤᠳᠤᠭ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ ᠠᠶᠤᠯ | ᠦᠬᠡᠢ ᠶᠢᠨ ᠠᠳᠡᠯ ᠭᠠᠷᠤᠭᠰᠠᠨ ᠦᠬᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠴᠢᠩᠭᠠᠳᠬᠠᠵᠦ᠂ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠤᠮᠤ ᠲᠠᠩᠬᠢᠮ ᠭᠠᠷᠭᠠᠵᠦ᠂ ᠬᠢᠨᠠᠨ ᠵᠦᠪᠰᠢᠶᠡᠷᠡᠬᠦᠯᠬᠦ ᠬᠡᠷᠡᠭ ᠶᠠᠪᠤᠳᠠᠯ ᠢ | ᠨᠢᠭᠡᠳᠤᠯᠲᠠᠢ ᠬᠦᠯᠢᠶᠡᠨ ᠠᠪᠴᠤ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠢᠯᠡ ᠪᠠᠶᠢᠯᠭᠠᠵᠦ᠂ ᠬᠢᠨᠠᠨ | ᠵᠦᠪᠰᠢᠶᠡᠷᠡᠬᠦ ᠲᠡᠰ ᠳᠠᠷᠠᠭᠠᠯᠠᠯ ᠢ ᠲᠦᠭᠦᠮᠴᠢᠯᠡᠵᠦ᠂ ᠰᠢᠯᠢᠳᠡᠭ ᠦᠢᠯᠡᠴᠢᠯᠡᠭᠡ ᠬᠠᠩᠭᠠᠵᠦ᠂ ᠨᠡᠶᠢᠭᠡᠮ ᠨᠡᠶᠢᠳᠡ ᠶᠢᠨ | ᠬᠢᠨ ᠤ ᠰᠠᠶᠢᠨ ᠦᠨᠡᠯᠡᠯᠳᠡ ᠶᠢ ᠤᠯᠪᠠ᠃ | ﹇ᠭᠤᠤ ᠢᠩ ᠵᠢᠶᠧ﹈ ᠳᠠᠪᠤ ᠳᠤ ᠶᠠᠰᠤ ᠴᠢᠨᠠᠷ ᠲᠤ ᠬᠢᠨᠠᠯᠳᠠ ᠳᠠᠯᠪᠢᠬᠤ ᠰᠤᠶᠤᠯ ᠤᠨ ᠪᠠᠶᠢᠭᠤᠯᠤᠯᠳᠠ | ᠰᠢᠯᠢᠳᠡᠭ ᠠᠮᠵᠢᠯᠳᠠ ᠲᠠᠢ ᠪᠤᠯᠪᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠪᠠᠷ | ᠵᠢᠯᠤᠭᠤᠳᠤᠭᠤᠯᠵᠦ᠂ ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠤᠶᠤᠯ ᠤᠨ ᠰᠢᠰᠲ᠋ᠧᠮ ᠢ | ᠲᠠᠰᠤᠷᠠᠯᠳᠠ ᠦᠬᠡᠢ ᠡᠭᠦᠳᠤᠨ ᠪᠤᠢ ᠪᠤᠯᠭᠠᠪᠠ᠃ ᠪᠢᠳᠡᠨ ᠤ ᠲᠤᠷᠠᠳᠤᠭᠰᠠᠨ ᠭᠤᠤᠯᠯᠬᠤ ᠦᠵᠡᠯᠳᠡ᠂ ᠲᠡᠮᠡᠴᠡᠬᠦ | ᠬᠠᠷᠠᠯᠳᠠ᠂ ᠶᠠᠰᠤ ᠴᠢᠨᠠᠷ ᠲᠤ ᠬᠢᠨᠠᠯᠳᠠ ᠳᠠᠯᠪᠢᠬᠤ ᠵᠤᠷᠢᠭ ᠰᠠᠨᠠᠭ᠎ᠠ᠂ ᠠᠵᠢᠯ ᠤᠨ ᠭᠤᠤᠯ ᠱᠤᠭᠤᠮ ᠨᠢ ᠪᠤᠢ ᠪᠦᠬᠦᠢ | ᠬᠢᠨᠠᠯᠳᠠ ᠳᠠᠯᠪᠢᠭᠴᠢᠳ ᠢ ᠵᠤᠷᠢᠭᠵᠢᠭᠤᠯᠤᠨ ᠪᠦᠯᠬᠦᠮᠳᠡᠨ ᠲᠡᠮᠡᠴᠡᠬᠦ ᠵᠤᠷᠢᠭ ᠰᠠᠨᠠᠭᠠᠨ ᠤ ᠬᠦᠳᠡᠯᠭᠡᠬᠦ ᠬᠦᠴᠤᠨ ᠪᠤᠯᠪᠠ | ᠃ ︽ᠬᠤᠶᠠᠷ ᠰᠦᠯᠵᠢᠶ᠎ᠡ ᠨᠢᠬᠡ ᠰᠡᠳᠭᠦᠯ︾ ᠢᠶᠠᠷ ᠭᠤᠤᠯ ᠹᠠᠷᠤᠨᠲ ᠪᠤᠯᠭᠠᠭᠰᠠᠨ ᠰᠤᠶᠤᠯ ᠤᠨ ᠤᠬᠠᠭᠤᠯᠭ᠎ᠠ | ᠶᠢᠨ ᠲᠠᠪᠴᠠᠩ ᠤᠨ ᠨᠦᠯᠦᠭᠡᠯᠡᠬᠦ ᠬᠦᠴᠤᠨ᠂ ᠤᠷᠢᠶᠠᠯᠭ᠎ᠠ ᠶᠢᠨ ᠬᠦᠴᠤᠨ ᠨᠢ ᠡᠳᠤᠷ ᠢᠷᠡᠬᠦᠶ᠎ᠡ ᠦᠷᠭᠡᠳᠪᠠ᠃ | ︽ᠶᠠᠰᠤ ᠴᠢᠨᠠᠷ ᠤᠨ ᠳᠠᠭᠤᠤ︾᠂ ︽ᠲᠤᠯᠤᠭᠠᠨ ᠰᠠᠷ᠎ᠠ ᠶᠢᠨ ᠭᠡᠷᠡᠯ ᠭᠢᠯᠪᠠᠭ᠎ᠠ︾᠂ ︽ᠬᠢᠨᠠᠯᠳᠠ ᠳᠠᠯᠪᠢᠭᠴᠢᠳ ᠤᠨ | ᠬᠦᠬᠡᠬᠡᠴᠡᠯᠳᠤᠯ︾᠂ ︽ᠮᠠᠨ ᠤ ᠤᠳᠤᠷᠢᠳᠤᠭᠴᠢ ᠮᠠᠤ ᠽᠧ ᠳ᠋ᠦᠩ︾ ᠵᠡᠷᠭᠡ ᠨᠢᠬᠡ ᠪᠦᠯᠦᠭ ᠰᠤᠶᠤᠯ ᠤᠨ ᠦᠷ᠎ᠡ | ᠪᠦᠳᠤᠭᠡᠯ ᠢ ᠴᠤᠯᠭᠤᠷᠠᠭᠤᠯᠤᠨ ᠭᠠᠷᠭᠠᠪᠠ᠃ ᠤᠷᠠᠨ ᠰᠠᠶᠢᠬᠠᠨ ᠤ ᠬᠠᠷᠢᠭᠤ ᠮᠡᠳᠡᠭᠦᠯᠦᠯᠳᠠ ᠶᠢᠨ ᠲᠤᠭᠯᠠᠯᠳᠠ᠂ | ᠰᠢᠯᠭᠠᠨ ᠪᠠᠶᠢᠴᠠᠭᠠᠬᠤ ᠤᠷ᠎ᠠ ᠮᠡᠷᠭᠡᠵᠢᠯ ᠤᠨ ᠮᠦᠷᠦᠶᠢᠴᠡᠭᠡᠨ᠂ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ᠂ | ᠤᠷᠠᠨ ᠶᠠᠷᠢᠶ᠎ᠠ ᠶᠢᠨ ᠤᠷᠤᠯᠳᠤᠭᠠᠨ᠂ ᠵᠢᠷᠤᠭ ᠰᠡᠭᠦᠳᠡᠷ ᠤᠨ ᠤᠷᠤᠯᠳᠤᠭᠠᠨ᠂ ᠤᠷᠠᠨ ᠪᠢᠴᠢᠯᠭᠡ ᠶᠢᠨ ᠤᠷᠤᠯᠳᠤᠭᠠᠨ | ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠦᠷᠨᠢᠭᠦᠯᠵᠦ᠂ ︽ᠶᠠᠰᠤ ᠴᠢᠨᠠᠷ ᠤᠨ ᠭᠢᠯᠪᠠᠭ᠎ᠠ︾ ᠤᠷᠠᠨ ᠰᠠᠶᠢᠬᠠᠨ ᠤ | ᠬᠠᠷᠢᠭᠤ ᠮᠡᠳᠡᠭᠦᠯᠦᠯᠳᠠ ᠶᠢᠨ ᠲᠤᠭᠯᠠᠯᠳᠠ ᠶᠢ ᠪᠦᠬᠦ ᠤᠯᠤᠰ ᠲᠤ ᠨᠡᠪᠳᠡᠷᠡᠬᠦᠯᠵᠦ ᠦᠩᠭᠡᠷᠡᠪᠡ᠃ ᠶᠠᠰᠤ ᠴᠢᠨᠠᠷ ᠲᠤ | ᠬᠢᠨᠠᠯᠳᠠ ᠳᠠᠯᠪᠢᠬᠤ ᠰᠤᠶᠤᠯ ᠳᠤ ᠤᠷᠢᠳᠤ ᠡᠮᠤᠨ᠎ᠡ ᠭᠠᠷᠤᠭᠠᠳᠤᠢ ᠬᠦᠭᠵᠢᠨ ᠴᠡᠴᠡᠭᠯᠡᠭᠰᠡᠨ ᠪᠠᠶᠢᠳᠠᠯ ᠢᠯᠡᠷᠡᠪᠠ᠃ | ﹇ᠭᠤᠤ ᠢᠩ ᠵᠢᠶᠧ﹈ ᠵᠢᠷᠭᠤᠭ᠎ᠠ ᠳᠤ ᠡᠩᠨᠡᠭᠡᠨ ᠤ ᠪᠠᠶᠢᠭᠤᠯᠤᠯᠳᠠ ᠱᠠᠳᠤ ᠦᠶ᠎ᠡ ᠶᠢᠨ ᠴᠢᠨᠠᠷᠲᠠᠢ | ᠦᠷ᠎ᠡ ᠪᠦᠳᠤᠭᠡᠯ ᠤᠯᠪᠠ᠃ ᠡᠯ᠎ᠡ ᠱᠠᠳᠤᠨ ᠤ ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠨᠢᠭᠡ | ᠪᠦᠯᠦᠭ ᠨᠠᠰᠤ ᠵᠠᠯᠠᠭᠤ ᠬᠦᠴᠤ ᠲᠤᠷᠪᠢᠲᠠᠢ ᠺᠠᠳ᠋ᠷ ᠤᠳᠤᠷᠢᠳᠬᠤ ᠪᠠᠶᠢᠷᠢᠨ ᠳᠤ ᠲᠡᠪᠰᠢᠵᠦ᠂ ᠵᠦᠪᠬᠡᠨ 2008 ᠤᠨ | ᠪᠠ 2009 ᠳᠤ ᠡᠯᠰᠡᠭᠰᠡᠨ 379 ᠠᠯᠪᠠᠳᠠᠨ ᠤ ᠳᠤᠳᠤᠷ᠎ᠠ ᠠᠴᠠ185 ᠨᠢ ᠰᠠᠯᠠᠭ᠎ᠠ ᠶᠢᠨ ᠱᠠᠳᠤᠨ ᠤ | ᠤᠳᠤᠷᠢᠳᠬᠤ ᠪᠠᠶᠢᠷᠢᠨ ᠳᠤ ᠲᠡᠪᠰᠢᠪᠠ᠃ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠳᠤᠳᠤᠭᠠᠳᠤ | ᠪᠠᠶᠢᠭᠤᠯᠤᠮᠵᠢ ᠪᠠ ᠤᠳᠤᠷᠢᠳᠬᠤ ᠲᠤᠰᠢᠶᠠᠯ ᠤᠨ ᠲᠤᠭ᠎ᠠ ᠶᠢ ᠨᠡᠮᠡᠭᠳᠡᠬᠦᠯᠵᠦ᠂ ᠦᠪᠡᠷᠳᠡᠭᠡᠨ ᠵᠠᠰᠠᠬᠤ ᠤᠷᠤᠨ ᠤ | ᠬᠡᠮᠵᠢᠯᠳᠠ ᠶᠢᠨ ᠬᠦᠷᠢᠶᠡᠯᠡᠩ ᠢ ᠳᠡᠳ᠋ ᠲᠢᠩᠬᠢᠮ ᠤᠨ ᠲᠡᠰ ᠤᠨ ᠠᠵᠢᠯ ᠦᠢᠯᠠᠰ ᠤᠨ ᠪᠠᠶᠢᠭᠤᠯᠤᠮᠵᠢ ᠪᠤᠯᠭᠠᠨ | ᠦᠰᠭᠡᠪᠠ᠃ ᠲᠡᠷᠢᠬᠦᠨ ᠤ ᠨᠡᠶᠢᠳᠡᠯᠢᠭ ᠵᠢᠱᠢᠶ᠎ᠡ ᠶᠢ ᠶᠡᠬᠡᠪᠡᠷ ᠪᠤᠶᠢᠵᠢᠭᠤᠯᠤᠨ ᠭᠠᠷᠭᠠᠵᠦ᠂ ᠪᠦᠬᠦ ᠰᠢᠰᠲ᠋ᠧᠮ ᠳᠤ | ᠲᠡᠷᠢᠬᠦᠨ ᠤ ᠡᠭᠦᠷ ᠢ ᠪᠠᠶᠢᠭᠤᠯᠤᠨ ᠰᠢᠯᠢᠳᠡᠭ ᠬᠡᠰᠢᠬᠦᠨ ᠢ ᠪᠤᠢ ᠪᠤᠯᠭᠠᠬᠤ ᠠᠵᠢᠯᠯᠠᠭ᠎ᠠ ᠦᠷᠨᠢᠨ ᠬᠦᠭᠵᠢᠵᠦ᠂ | ᠢᠯᠠᠩᠭᠤᠶ᠎ᠠ ︽ᠶᠠᠰᠤ ᠴᠢᠨᠠᠷ ᠲᠤ ᠬᠢᠨᠠᠯᠳᠠ ᠳᠠᠯᠪᠢᠬᠤ ᠰᠠᠳᠭᠢᠯ ᠬᠦᠳᠡᠯᠭᠡᠮ᠎ᠡ ᠬᠦᠮᠤᠰ︾ ᠢ ᠠᠳᠠᠯᠢᠳᠬᠠᠨ | ᠰᠢᠯᠭᠠᠷᠠᠭᠤᠯᠵᠦ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠨᠢ ᠶᠠᠰᠤ ᠴᠢᠨᠠᠷ ᠲᠤ ᠬᠢᠨᠠᠯᠳᠠ ᠳᠠᠯᠪᠢᠬᠤ ᠡᠩᠨᠡᠭᠡᠨ ᠤ | ᠪᠠᠶᠢᠭᠤᠯᠤᠯᠳᠠ ᠶᠢᠨ ᠨᠢᠭᠡᠨ ᠨᠡᠷᠡᠳᠤ ᠲᠡᠮᠳᠡᠭ ᠪᠤᠯᠤᠭᠰᠠᠨ ᠪᠠᠶᠢᠨ᠎ᠠ᠃ ᠡᠭᠦᠨ ᠳᠤ ᠬᠤᠶᠠᠷ ᠨᠦᠬᠦᠷ ᠢ ᠤᠯᠤᠰ ᠤᠨ | ᠶᠠᠰᠤ ᠴᠢᠨᠠᠷ ᠤᠨ ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠠᠴᠠ ᠲᠤᠰ ᠲᠤᠰ ᠲᠡᠷᠢᠬᠦᠨ ᠤ ᠨᠡᠶᠢᠳᠡᠯᠢᠭ ᠵᠢᠱᠢᠶ᠎ᠡ ᠪᠤᠯᠭᠠᠭᠰᠠᠨ ᠪᠠᠶᠢᠨ᠎ᠠ᠃ ᠨᠠᠮ ᠤᠨ ᠤᠯᠠᠨ ᠲᠦᠮᠡᠨᠴᠢ | ᠱᠤᠭᠤᠮ ᠤᠨ ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ︽ᠲᠦᠷᠪᠡᠨ ᠰᠤᠷᠳᠠᠯ︾ | ᠤᠨ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢᠨ ᠠᠯᠪᠠᠨ ᠭᠡᠷ ᠤᠨ ᠦᠨᠡᠯᠡᠯᠳᠡ ᠶᠢ | ᠤᠯᠪᠠ᠃ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ᠂ ᠨᠠᠮ ᠤᠨ ᠰᠤᠷᠳᠠᠯ | ᠴᠢᠭᠡᠴᠢ ᠵᠠᠰᠠᠭ ᠤᠨ ᠪᠠᠶᠢᠭᠤᠯᠤᠯᠳᠠ᠂ ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠤᠨ ᠪᠠᠶᠢᠭᠤᠯᠤᠯᠳᠠ | ᠲᠠᠰᠤᠷᠠᠯᠳᠠ ᠦᠬᠡᠢ ᠴᠢᠩᠭᠠᠳᠴᠤ᠂ ᠳᠤᠳᠤᠭᠠᠳᠤ ᠳᠠᠭᠠᠨ ᠬᠢᠨᠠᠨ ᠪᠤᠳᠤᠬᠤ᠂ ᠬᠠᠤᠯᠢ ᠶᠢ ᠬᠡᠷᠡᠭᠵᠢᠬᠦᠯᠤᠨ ᠬᠢᠨᠠᠯᠳᠠ | ᠳᠠᠯᠪᠢᠬᠤ᠂ ᠠᠵᠢᠯ ᠲᠦᠷᠦᠯ ᠤᠨ ᠰᠤᠷᠳᠠᠯ ᠢ ᠬᠠᠷᠢᠯᠴᠠᠨ ᠪᠠᠶᠢᠴᠠᠭᠠᠬᠤ ᠵᠡᠷᠭᠡ ᠲᠠᠯ᠎ᠠ ᠪᠠᠷ ᠬᠢᠨᠠᠯᠳᠠ ᠳᠠᠯᠪᠢᠬᠤ ᠶᠢ | ᠨᠡᠮᠡᠭᠳᠡᠭᠦᠯᠵᠦ᠂ ᠡᠩᠨᠡᠭᠡᠨ ᠤ ᠠᠮᠤᠷ ᠲᠦᠪᠰᠢᠨ ᠤ ᠪᠠᠶᠢᠳᠠᠯ ᠤᠯᠠᠮ ᠪᠠᠬᠢᠵᠢᠪᠠ᠃ | ﹇ᠬᠦᠳᠤᠯᠦᠭᠴᠢ﹈ ᠭᠤᠤ ᠳᠠᠷᠤᠭ᠎ᠠ ᠰᠠᠶ᠋ᠢ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠲᠤᠪᠴᠢᠶ᠎ᠠ | ᠶᠢᠨ ᠤᠶᠢᠷ᠎ᠠ ᠶᠢᠨ ᠬᠡᠳᠤᠨ ᠵᠢᠯ ᠳᠤ ᠤᠯᠤᠭᠰᠠᠨ ᠠᠮᠵᠢᠯᠳᠠ ᠪᠦᠳᠤᠭᠡᠯ ᠢ ᠠᠮᠠᠨ ᠤᠩᠰᠢᠯᠭ᠎ᠠ ᠮᠡᠳᠤ ᠶᠠᠷᠢᠵᠦ | ᠦᠭᠬᠦᠯ᠎ᠡ᠂ ᠤᠳᠤ ᠲᠠ ᠮᠠᠨ ᠤ ᠰᠦᠯᠵᠢᠶᠡᠨ ᠠᠨᠳᠠ ᠨᠠᠷ ᠲᠤ ᠡᠳᠡᠭᠡᠷ ᠰᠢᠯᠢᠳᠡᠭ ᠠᠮᠵᠢᠯᠳᠠ ᠶᠢ ᠶᠠᠭᠠᠬᠢᠵᠦ | ᠤᠯᠤᠭᠰᠠᠨ ᠢᠶᠠᠨ ᠬᠡᠯᠡᠬᠡᠳ ᠦᠭᠬᠦᠨᠡᠤ︖ | ﹇ᠭᠤᠤ ᠢᠩ ᠵᠢᠶᠧ﹈ ᠵᠠ ᠪᠤᠯᠤᠨ᠎ᠠ᠂ ᠪᠢᠳᠡ ᠬᠦᠭᠵᠢᠯᠳᠠ ᠶᠢ ᠪᠦᠬᠦ ᠲᠠᠯ᠎ᠠ ᠪᠠᠷ ᠲᠦᠷᠭᠡᠳᠭᠡᠭᠰᠡᠨ ᠤ | ᠬᠠᠮᠳᠤ ᠪᠠᠰᠠ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠯᠠ᠄ ᠭᠤᠤᠯ ᠨᠢ᠄ ᠨᠢᠭᠡ ᠳᠤ ᠦᠵᠡᠯ | ᠰᠠᠨᠠᠭ᠎ᠠ ᠪᠠᠨ ᠴᠢᠯᠤᠭᠡᠯᠡᠵᠦ᠂ ᠦᠨᠡᠨ ᠢ ᠪᠠᠷᠢᠮᠳᠠᠯᠠᠬᠤ ᠪᠤᠯ ᠬᠦᠭᠵᠢᠯᠳᠡ ᠶᠢ ᠲᠦᠷᠭᠡᠳᠭᠡᠬᠦ ᠶᠢᠨ ᠴᠢᠬᠤᠯᠠ ᠡᠷᠳᠡᠨᠢ | ᠮᠦᠨ᠃ ᠮᠠᠤ ᠽᠧ ᠳ᠋ᠦᠩ ᠤᠨ ᠦᠵᠡᠯ ᠰᠠᠨᠠᠭᠠᠨ ᠤ ᠠᠮᠢᠨ ᠰᠦᠨᠡᠰᠤ ᠶᠢ ᠢᠮᠠᠭᠳᠠ ᠪᠠᠷᠢᠮᠳᠠᠯᠠᠵᠦ᠂ ᠪᠦᠬᠦ | ᠰᠢᠰᠲ᠋ᠧᠮ ᠳᠤ ᠦᠵᠡᠯ ᠰᠠᠨᠠᠭ᠎ᠠ ᠪᠠᠨ ᠴᠢᠯᠦᠬᠡᠯᠡᠬᠦ᠂ ᠦᠨᠡᠨ ᠢ ᠪᠠᠷᠢᠮᠳᠠᠯᠠᠬᠤ ᠶᠡᠭᠡ ᠰᠤᠷᠤᠯᠴᠠᠭ᠎ᠠ᠂ ᠶᠡᠭᠡ ᠶᠠᠷᠢᠯᠴᠠᠭ᠎ᠠ | ᠶᠢᠨ ᠠᠵᠢᠯᠯᠠᠭ᠎ᠠ ᠶᠢ ᠦᠷᠭᠡᠨ ᠳᠡᠯᠭᠡᠷ ᠦᠷᠨᠢᠭᠦᠯᠪᠠ᠃ ᠠᠵᠢᠯ ᠤᠨ ᠦᠢᠯᠡᠳᠤᠯᠭᠡ ᠳᠤᠮᠳᠠ ︽ᠭᠤᠷᠪᠠ ᠳᠤ | ᠠᠰᠢᠭᠲᠠᠢ ᠪᠠᠶᠢᠬᠤ︾ ᠶᠢ ᠪᠠᠷᠢᠮᠳᠠᠯᠠᠵᠦ᠂ ᠦᠷᠭᠡᠨ ᠤᠯᠠᠨ ᠺᠠᠳ᠋ᠷ ᠤᠯᠠᠨ ᠲᠦᠮᠠᠨ ᠢ ᠵᠢᠯᠤᠭᠤᠳᠤᠨ ᠦᠵᠡᠯ ᠲᠠᠨᠢᠯᠳᠠ | ᠪᠠᠨ ᠬᠤᠪᠢᠷᠠᠭᠤᠯᠬᠤ᠂ ᠵᠤᠷᠢᠭᠲᠠᠢ ᠪᠠᠷ ᠰᠡᠳᠬᠢᠬᠦ᠂ ᠵᠤᠷᠢᠭᠲᠠᠢ ᠪᠠᠷ ᠳᠠᠭᠠᠷᠢᠬᠤ᠂ ᠵᠤᠷᠢᠭᠲᠠᠢ ᠪᠠᠷ ᠠᠵᠢᠯᠯᠠᠬᠤ | ᠪᠤᠯᠭᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠪᠢᠳᠡᠭᠦᠮᠵᠢᠯᠡᠨ ᠰᠠᠬᠢᠬᠤ ᠬᠤᠴᠤᠷᠤᠩᠭᠤᠢ | ᠪᠠᠶᠢᠳᠠᠯ ᠢ ᠬᠤᠪᠢᠷᠠᠭᠤᠯᠪᠠ᠃ ᠬᠤᠶᠠᠷ ᠲᠤ ᠵᠤᠷᠢᠭᠲᠠᠢ ᠪᠠᠷ ᠦᠬᠡᠷᠡᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ | ᠰᠢᠨ᠎ᠡ ᠶᠢ ᠡᠭᠦᠳᠬᠦ ᠪᠤᠯ ᠬᠦᠭᠵᠢᠯᠳᠡ ᠶᠢ ᠠᠬᠢᠭᠤᠯᠬᠤ ᠶᠢᠨ ᠬᠦᠴᠤᠲᠠᠢ ᠬᠦᠳᠡᠯᠭᠡᠬᠦ ᠬᠦᠴᠤᠨ ᠮᠦᠨ᠃ ᠵᠤᠷᠢᠭᠲᠠᠢ | ᠪᠠᠷ ᠦᠬᠡᠷᠡᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠬᠦ ᠴᠠᠭ ᠦᠶ᠎ᠡ ᠶᠢᠨ ᠵᠤᠷᠢᠭ ᠰᠠᠨᠠᠭ᠎ᠠ | ᠶᠢ ᠢᠮᠠᠭᠳᠠ ᠪᠠᠷᠢᠮᠳᠠᠯᠠᠵᠦ᠂ ᠦᠬᠡᠷᠡᠴᠢᠯᠡᠯᠳᠡ ᠳᠤ ᠲᠦᠰᠢᠭᠯᠡᠨ ᠦᠪᠡᠷ ᠢ ᠪᠠᠨ ᠬᠦᠴᠤᠷᠬᠡᠭᠵᠢᠭᠦᠯᠬᠦ ᠪᠠ ᠰᠢᠨ᠎ᠡ | ᠶᠢ ᠡᠭᠦᠳᠬᠦ ᠳᠤ ᠲᠦᠰᠢᠭᠯᠡᠨ ᠦᠪᠡᠷ ᠢ ᠪᠠᠨ ᠪᠠᠬᠢᠵᠢᠭᠦᠯᠵᠦ᠂ ᠡᠳ᠋ ᠤᠨ ᠶᠠᠪᠤᠳᠠᠯ ᠤᠨ ᠪᠡᠯᠡ ᠮᠦᠩᠬᠦ ᠶᠢ | ᠨᠢᠭᠡᠳᠤᠯᠲᠠᠢ ᠪᠡᠯᠡᠳᠭᠡᠬᠦ ᠲᠦᠷᠢᠮ ᠢ ᠪᠠᠶᠢᠭᠤᠯᠵᠦ᠂ ᠮᠡᠳᠡᠭᠡ ᠵᠠᠩᠭᠢᠵᠢᠯᠳᠠ ᠶᠢᠨ ᠠᠷᠭ᠎ᠠ ᠪᠠᠷᠢᠯ ᠢ ᠠᠮᠤᠷ ᠲᠦᠪᠰᠢᠨ ᠤ | ᠬᠢᠨᠠᠯᠳᠠ ᠬᠠᠮᠢᠶᠠᠷᠤᠯᠳᠠ ᠯᠤᠭ᠎ᠠ ᠪᠦᠳᠤᠮᠵᠢᠲᠠᠢ ᠤᠶᠠᠯᠳᠤᠭᠤᠯᠵᠦ᠂ ᠦᠨᠳᠤᠰᠤᠳᠡᠨ ᠤ ᠰᠤᠶᠤᠯ ᠢ | ᠪᠠᠷᠢᠮᠵᠢᠶᠠᠵᠢᠭᠤᠯᠤᠨ ᠤᠯᠠᠮᠵᠢᠯᠠᠬᠤ᠂ ᠤᠯᠠᠨ ᠤᠯᠤᠰ ᠤᠨ ᠠᠯᠳᠠᠷᠲᠠᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ | ᠤᠷᠤᠭᠤᠯᠤᠨ ᠠᠪᠴᠢᠷᠠᠵᠦ ᠬᠦᠮᠤᠨ ᠤ ᠬᠢ ᠪᠠᠷ ᠲᠤᠯᠢᠳᠠᠨ ᠠᠵᠢᠯᠯᠠᠬᠤ᠂ ᠲᠤᠯᠤᠭᠠᠨ ᠲᠤᠮᠤ ᠬᠢᠨᠠᠯᠳᠠ ᠬᠠᠮᠢᠶᠠᠷᠤᠯᠳᠠ | ᠶᠢᠨ ᠠᠷᠭ᠎ᠠ ᠬᠡᠮᠵᠢᠶ᠎ᠡ ᠪᠠᠷ ᠬᠡᠮ ᠦᠬᠡᠢ ᠰᠦᠨ ᠳᠠᠯᠬ᠎ᠠ ᠶᠢ ᠦᠢᠯᠡᠳᠪᠤᠷᠢᠯᠡᠬᠦ᠂ ᠲᠦᠮᠡᠨ ᠭᠠᠵᠠᠷ ᠤᠨ ᠠᠶᠠᠯᠠᠯ ᠤᠨ | ︽ ᠬᠠᠷᠢᠯᠴᠠᠨ ᠰᠤᠷᠤᠯᠴᠠᠵᠦ ᠬᠠᠷᠢᠯᠴᠠᠨ ᠠᠬᠢᠭᠤᠯᠬᠤ︾ ᠵᠡᠷᠭᠡ ᠠᠵᠢᠯᠯᠠᠭ᠎ᠠ ᠤᠳ ᠢ ᠦᠷᠨᠢᠭᠦᠯᠵᠦ᠂ ᠠᠵᠢᠯ | ᠦᠢᠯᠡᠰ ᠤᠨ ᠬᠦᠭᠵᠢᠯᠳᠠ ᠳᠤ ᠠᠮᠢᠵᠢᠷᠠᠯ ᠤᠨ ᠬᠦᠴᠤᠨ ᠪᠠ ᠠᠮᠢᠳᠤᠯᠢᠭ ᠬᠦᠴᠤᠨ ᠤᠯᠭᠤᠬᠤ ᠶᠢ ᠠᠬᠢᠭᠤᠯᠪᠠ᠃ | ᠭᠤᠷᠪᠠ ᠳᠤ ᠦᠨᠡᠨ ᠢ ᠪᠠᠷᠢᠮᠳᠠᠯᠠᠨ ᠦᠨᠡᠨ ᠪᠤᠳᠠᠲᠠᠢ ᠠᠵᠢᠯᠯᠠᠬᠤ ᠪᠤᠯ ᠠᠵᠢᠯ ᠦᠢᠯᠡᠰ ᠤᠨ ᠠᠮᠵᠢᠯᠳᠠ ᠤᠯᠬᠤ ᠶᠢᠨ | ᠴᠢᠬᠤᠯᠠ ᠤᠷᠢᠳᠠᠴᠢ ᠨᠦᠬᠦᠴᠡᠯ ᠮᠦᠨ᠃ ᠶᠠᠰᠤ ᠴᠢᠨᠠᠷ ᠨᠢ ᠲᠠᠯ᠎ᠠ ᠲᠠᠯ᠎ᠠ ᠶᠢᠨ ᠬᠢᠨ ᠤ ᠠᠰᠢᠭ ᠲᠤᠰᠠ ᠲᠠᠢ | ᠬᠤᠯᠪᠤᠭᠳᠠᠵᠦ᠂ ᠬᠢᠨᠠᠯᠳᠠ ᠬᠠᠮᠢᠶᠠᠷᠤᠯᠳᠠ ᠨᠢ ᠦᠨᠡᠨ ᠪᠤᠳᠠᠲᠠᠢ ᠪᠠᠶᠢᠵᠦ᠂ ᠦᠴᠤᠬᠡᠨ ᠴᠤ ᠬᠤᠳᠠᠯ ᠬᠠᠭᠤᠷᠮᠠᠭ | ᠪᠠᠶᠢᠵᠦ ᠪᠤᠯᠳᠠᠭ ᠦᠬᠡᠢ᠃ ᠦᠢᠯᠡᠳᠤᠯᠭᠡ ᠭᠡᠷᠡᠴᠢᠯᠡᠭᠰᠡᠨ ᠢᠶᠠᠷ᠂ ᠭᠠᠭᠴᠠᠬᠦ ᠦᠨᠡᠨ ᠪᠠᠶᠢᠳᠠᠯ ᠢ ᠪᠠᠶᠢᠴᠠᠭᠠᠨ | ᠤᠶᠢᠯᠠᠭᠠᠵᠦ᠂ ᠦᠨᠡᠨ ᠪᠤᠳᠠᠲᠠᠢ ᠠᠷᠭ᠎ᠠ ᠬᠡᠮᠵᠢᠶ᠎ᠡ ᠠᠪᠴᠤ᠂ ᠦᠨᠡᠨ ᠪᠤᠳᠠᠲᠠᠢ ᠠᠵᠢᠯ ᠬᠢᠵᠦ᠂ ᠦᠨᠡᠨ ᠪᠤᠳᠠᠲᠠᠢ | ᠦᠷ᠎ᠡ ᠪᠦᠳᠤᠭᠡᠯ ᠤᠯᠪᠠᠯ ᠰᠠᠶ᠋ᠢ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠠᠰ ᠤᠨ ᠡᠷᠡᠭᠦᠯ ᠢᠶᠠᠷ ᠬᠦᠭᠵᠢᠬᠦ ᠶᠢ | ᠠᠬᠢᠭᠤᠯᠵᠦ ᠴᠢᠳᠠᠨ᠎ᠠ᠃ ᠲᠦᠷᠪᠠ ᠳᠤ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠪᠤᠯ ᠦᠷᠬᠦᠯᠵᠢᠯᠡᠨ | ᠬᠦᠭᠵᠢᠭᠦᠯᠬᠦ ᠶᠢᠨ ᠨᠠᠶᠢᠳᠠᠪᠤᠷᠢᠲᠠᠢ ᠪᠠᠳᠤᠯᠠᠭ᠎ᠠ ᠮᠦᠨ᠃ ᠳᠡᠭᠡᠳᠤ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ | ᠲᠤᠷᠨᠢᠭᠤᠯᠤᠨ ᠪᠤᠶᠢᠵᠢᠭᠤᠯᠬᠤ ᠶᠢ ᠢᠮᠠᠭᠳᠠ ᠴᠢᠬᠤᠯᠠ ᠪᠠᠶᠢᠷᠢᠨ ᠳᠤ ᠳᠠᠯᠪᠢᠵᠦ᠂ ᠠᠵᠢᠯ ᠬᠢᠬᠦ ᠲᠤᠷᠠᠲᠠᠢ᠂ ᠠᠵᠢᠯ | ᠬᠢᠵᠦ ᠴᠢᠳᠠᠬᠤ᠂ ᠠᠵᠢᠯ ᠬᠢᠪᠡᠯ ᠪᠦᠳᠤᠭᠡᠬᠦ ᠤᠷᠴᠢᠨ ᠠᠬᠤᠢ ᠶᠢ ᠢᠳᠡᠪᠬᠢᠲᠠᠢ ᠪᠤᠢ ᠪᠤᠯᠭᠠᠨ᠂ ᠨᠡᠯᠢᠶᠡᠳ ᠪᠦᠯᠦᠭ | ᠮᠡᠷᠭᠡᠵᠢᠯ ᠤᠨ ᠲᠤᠯᠭᠠᠭᠤᠷᠢ ᠬᠦᠴᠤᠨ ᠪᠠ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠵᠦ᠂ | ᠬᠦᠮᠤᠵᠢᠭᠦᠯᠤᠨ ᠪᠤᠶᠢᠵᠢᠭᠤᠯᠵᠦ᠂ ᠲᠦᠪᠯᠡᠷᠡᠭᠦᠯᠤᠨ ᠴᠤᠭᠯᠠᠭᠤᠯᠪᠠ᠂ ᠡᠨᠡ ᠪᠤᠯ ᠠᠵᠢᠯ ᠦᠢᠯᠡᠰ ᠤᠨ ᠬᠦᠭᠵᠢᠯᠳᠡ | ᠶᠢᠨ ᠪᠠᠷᠠᠭᠳᠠᠰᠢ ᠦᠬᠡᠢ ᠬᠦᠳᠡᠯᠭᠡᠬᠦ ᠬᠦᠴᠤᠨ ᠮᠦᠨ ᠪᠦᠭᠡᠳ ᠮᠠᠨ ᠤ ᠡᠷᠬᠢᠮ ᠨᠠᠨᠳᠢᠨ ᠦᠪ ᠬᠦᠷᠤᠩᠭᠡ ᠮᠦᠨ᠃ | ﹇ᠬᠦᠳᠤᠯᠦᠭᠴᠢ﹈ ᠬᠦᠭᠵᠢᠯᠳᠠ ᠶᠢ ᠠᠬᠢᠭᠤᠯᠬᠤ ᠵᠤᠭᠰᠤᠴᠠ ᠪᠠᠨ ᠶᠠᠰᠤ ᠴᠢᠨᠠᠷ ᠪᠠ ᠦᠷ᠎ᠡ ᠠᠰᠢᠭ ᠢ | ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ ᠬᠡᠵᠦ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠲᠤᠳᠤᠷᠬᠠᠢ ᠳᠤᠷᠠᠳᠪᠠ᠂ ᠰᠢ ᠶᠢᠨ ᠫᠢᠩ ᠶᠡᠷᠦᠩᠬᠡᠢ ᠱᠦᠵᠢ ︽ᠭᠤᠷᠪᠠ ᠶᠢ ᠬᠤᠪᠢᠷᠠᠭᠤᠯᠬᠤ︾ ᠴᠢᠬᠤᠯᠠ ᠦᠬᠦᠯᠡᠯ | ᠲᠤᠷᠠᠳᠴᠤ᠂ ᠯᠢ ᠺᠡ ᠴᠢᠶᠠᠩ ᠶᠡᠷᠦᠩᠬᠡᠢ ᠰᠠᠶᠢᠳ ᠪᠡᠭᠡᠵᠢᠩ ᠳᠤ ᠪᠤᠯᠤᠭᠰᠠᠨ ᠳᠤᠮᠳᠠᠳᠤ ᠤᠯᠤᠰ ᠤᠨ ᠶᠠᠰᠤ ᠴᠢᠨᠠᠷ | ᠤᠨ ᠶᠡᠭᠡ ᠬᠤᠷᠠᠯ ᠳᠡᠭᠡᠷ᠎ᠡ ︽ᠬᠤᠯᠪᠤᠭᠳᠠᠭᠤᠯᠬᠤ᠂ ᠬᠠᠮᠢᠶᠠᠷᠬᠤ᠂ ᠵᠠᠰᠠᠬᠤ︾ ᠶᠠᠰᠤ ᠴᠢᠨᠠᠷ ᠤᠨ ᠠᠵᠢᠯ ᠤᠨ | ᠰᠢᠨ᠎ᠡ ᠬᠡᠪ ᠪᠠᠶᠢᠳᠠᠯ ᠢ ᠲᠤᠷᠠᠳᠴᠤ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠲᠤ ᠤᠷᠢᠨ ᠲᠤᠯᠠᠭᠠᠨ | ᠬᠠᠪᠤᠷ ᠢ ᠠᠪᠴᠢᠷᠠᠵᠦ ᠦᠭᠪᠠ᠃ ᠤᠳᠤᠬᠠᠨ ᠳᠤ᠂ ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠠ ᠰᠢᠨ᠎ᠡ | ᠬᠡᠪ ᠪᠠᠶᠢᠳᠠᠯ ᠳᠤ ᠤᠷᠤᠵᠦ᠂ ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠰᠢᠨ᠎ᠡ ᠬᠡᠪ ᠪᠠᠶᠢᠳᠠᠯ ᠤᠨ ᠲᠤᠬᠠᠢ ᠵᠠᠳᠠᠯᠤᠨ ᠮᠠᠭᠠᠳᠯᠠᠯᠳᠠ ᠪᠠ ᠰᠢᠢᠳᠪᠤᠷᠢᠳᠤ ᠪᠤᠳᠤᠯᠭ᠎ᠠ ᠳᠠᠭᠠᠨ ᠴᠦᠮ | ᠶᠠᠰᠤ ᠴᠢᠨᠠᠷ ᠤᠨ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠮᠠᠨ ᠤ ᠶᠠᠰᠤ ᠴᠢᠨᠠᠷ ᠲᠤ | ᠬᠢᠨᠠᠯᠳᠠ ᠳᠠᠯᠪᠢᠬᠤ ᠲᠤᠪᠴᠢᠶ᠎ᠠ ᠰᠢᠨ᠎ᠡ ᠪᠠᠶᠢᠳᠠᠯ ᠳᠤ ᠬᠢᠷᠬᠢᠨ ᠵᠤᠬᠢᠴᠠᠬᠤ ᠮᠦᠷᠳᠡᠭᠡᠨ ᠪᠠᠰᠠ ᠶᠠᠮᠠᠷ | ᠲᠦᠯᠦᠪᠵᠢᠭᠦᠯᠭᠡ ᠪᠠᠶᠢᠬᠤ ᠪᠤᠢ︖ | ﹇ᠭᠤᠤ ᠢᠩ ᠵᠢᠶᠧ﹈ ᠪᠢᠳᠡ ᠤᠶᠢᠯᠠᠭᠠᠵᠦ ᠮᠡᠳᠡᠬᠦ ᠢᠳᠡᠭᠡᠨ ᠤ ᠵᠦᠢᠯ ᠢ ᠬᠢᠨᠠᠨ ᠬᠠᠮᠢᠶᠠᠷᠬᠤ | ᠬᠦᠷᠢᠶᠡᠨ ᠠᠴᠠ ᠤᠬᠤᠷᠢᠨ ᠭᠠᠷᠬᠤ ᠳᠤ ᠬᠢᠨᠠᠨ ᠬᠠᠮᠢᠶᠠᠷᠬᠤ ᠭᠤᠤᠯᠳᠠᠯᠭ᠎ᠠ ᠪᠠᠨ ᠲᠤᠬᠢᠷᠠᠭᠤᠯᠬᠤ ᠠᠰᠠᠭᠤᠳᠠᠯ | ᠵᠠᠶᠢᠯᠠᠰᠢ ᠦᠬᠡᠢ ᠲᠤᠯᠭᠠᠷᠠᠨ᠎ᠠ︔ ᠡᠭᠴᠡ ᠬᠠᠮᠢᠶᠠᠷᠤᠯᠳᠠ ᠶᠢᠨ ᠪᠠᠶᠢᠭᠤᠯᠤᠯ ᠢ ᠦᠬᠡᠶᠢᠰᠬᠡᠵᠦ᠂ ᠤᠷᠤᠨ ᠨᠤᠳᠤᠭ ᠤᠨ | ᠵᠠᠰᠠᠭ ᠤᠨ ᠤᠷᠳᠤᠨ ᠱᠠᠳᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠳᠤ ᠲᠤᠬᠢᠷᠠᠭᠤᠯᠤᠨ ᠵᠤᠬᠢᠴᠠᠬᠤ᠂ ᠰᠢᠨ᠎ᠡ | ᠡᠮᠬᠢ ᠲᠢᠭᠯᠢᠮ ᠢ ᠪᠠᠶᠢᠭᠤᠯᠬᠤ ᠶᠠᠪᠤᠴᠠ ᠶᠢ ᠵᠠᠶᠢᠯᠠᠰᠢ ᠦᠬᠡᠢ ᠦᠩᠬᠡᠷᠡᠭᠦᠯᠦᠨᠠ︔ ᠰᠢᠯᠭᠠᠨ ᠪᠠᠶᠢᠴᠠᠭᠠᠬᠤ ᠰᠢᠯᠭᠠᠨ | ᠬᠡᠮᠵᠢᠬᠦ ᠪᠠᠶᠢᠭᠤᠯᠤᠮᠵᠢ ᠶᠢ ᠨᠡᠶᠢᠯᠡᠬᠦᠯᠬᠦ ᠪᠠ ᠠᠵᠢᠯ ᠦᠢᠯᠡᠰ ᠤᠨ ᠨᠢᠭᠡᠴᠡ ᠶᠢ ᠲᠦᠷᠦᠯ ᠬᠤᠪᠢᠶᠠᠨ ᠦᠬᠡᠷᠡᠴᠢᠯᠡᠬᠦ | ᠨᠢ ᠲᠤᠭᠳᠠᠮᠠᠯ ᠠᠰᠢᠭ ᠲᠤᠰᠠ ᠶᠢᠨ ᠬᠡᠪ ᠪᠠᠶᠢᠳᠠᠯ ᠢ ᠡᠪᠳᠡᠭᠰᠡᠨ ᠰᠢᠨ᠎ᠡ ᠬᠤᠯᠢᠯᠳᠤᠯ ᠢ ᠵᠠᠶᠢᠯᠠᠰᠢ ᠦᠬᠡᠢ ᠪᠤᠢ | ᠪᠤᠯᠭᠠᠨ᠎ᠠ︔ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠬᠠᠤᠯᠢ ᠪᠠᠷ ᠵᠠᠰᠠᠬᠤ ᠪᠠᠶᠢᠭᠤᠯᠤᠯᠳᠠ ᠶᠢ | ᠪᠦᠬᠦ ᠲᠠᠯ᠎ᠠ ᠪᠠᠷ ᠴᠢᠩᠭᠠᠳᠬᠠᠬᠤ ᠳᠤ ᠠᠵᠢᠯ ᠤᠨ ᠠᠷᠭ᠎ᠠ ᠬᠡᠯᠪᠡᠷᠢ ᠪᠠᠨ ᠵᠠᠶᠢᠯᠠᠰᠢ ᠦᠬᠡᠢ ᠬᠤᠪᠢᠰᠬᠠᠬᠤ ᠪᠤᠯᠤᠨ᠎ᠠ᠃ | ᠡᠨᠡ ᠪᠤᠯ ᠳᠠᠷᠤᠢ ᠮᠠᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠤᠳᠤᠬᠠᠨ ᠤ ᠪᠠ ᠬᠤᠶᠢᠰᠢᠳᠠ | ᠶᠢᠨ ᠨᠢᠭᠡᠨ ᠨᠡᠯᠢᠶᠡᠳ ᠤᠷᠳᠤ ᠬᠤᠭᠤᠴᠠᠭᠠᠨ ᠳᠤ ᠲᠤᠯᠭᠠᠷᠠᠬᠤ ︽ᠰᠢᠨ᠎ᠡ ᠬᠡᠪ ᠪᠠᠶᠢᠳᠠᠯ ᠪᠤᠯᠤᠨ᠎ᠠ︾᠃ | ﹇ᠭᠤᠤ ᠢᠩ ᠵᠢᠶᠧ﹈ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠪᠤᠯᠤᠨ ᠤᠯᠤᠰ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠶᠢᠨ ᠪᠠᠶᠢᠷᠢᠯᠡᠭᠤᠯᠤᠯᠳᠠ ᠪᠠ | ᠱᠠᠭᠠᠷᠳᠠᠯᠭ᠎ᠠ ᠪᠠᠷ᠂ ᠮᠠᠨ ᠤ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠵᠦ᠂ ᠤᠳᠤᠬᠠᠨ ᠤ ᠪᠠ ᠬᠤᠶᠢᠰᠢᠳᠠ ᠶᠢᠨ | ᠨᠢᠭᠡᠨ ᠬᠤᠭᠤᠴᠠᠭᠠᠨ ᠤ ᠪᠦᠬᠦ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠤᠨ ᠶᠡᠷᠦᠩᠬᠡᠢ | ᠴᠤᠭᠴᠠ ᠶᠢᠨ ᠰᠡᠳᠬᠢᠴᠡ ᠪᠤᠯᠤᠨ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠ᠂ ᠲᠦᠷᠪᠠᠳᠤᠭᠡᠷ ᠪᠦᠭᠦᠳᠠ ᠬᠤᠷᠠᠯᠳᠤᠭᠠᠨ᠂ ᠲᠦᠪ ᠤᠨ ᠪᠠ | ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠵᠢᠴᠢ ᠪᠦᠬᠦ ᠤᠯᠤᠰ ᠤᠨ ᠶᠠᠰᠤ ᠴᠢᠨᠠᠷ | ᠤᠨ ᠪᠠᠶᠢᠴᠠᠭᠠᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ | ᠵᠠᠰᠠᠬᠤ ᠤᠷᠤᠨ ᠤ ︽8337︾ ᠬᠦᠭᠵᠢᠬᠦᠯᠦᠯᠳᠠ ᠶᠢᠨ ᠰᠡᠳᠬᠢᠴᠡ ᠶᠢ ᠬᠢᠨᠠᠮᠠᠭᠠᠢ ᠳᠤᠤᠱᠯᠠᠭᠤᠯᠤᠨ | ᠨᠠᠶᠢᠳᠠᠪᠤᠷᠢᠵᠢᠭᠤᠯᠵᠦ᠂ ᠶᠠᠰᠤ ᠴᠢᠨᠠᠷ ᠪᠠ ᠦᠷ᠎ᠡ ᠠᠰᠢᠭ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ︽ᠠᠷᠠᠳ ᠤᠨ | ᠠᠮᠢᠳᠤᠷᠠᠯ ᠢᠶᠠᠷ ᠦᠨᠳᠤᠰᠤ ᠪᠤᠯᠭᠠᠵᠦ᠂ ᠠᠷᠠᠳ ᠤᠨ ᠢᠳᠡᠭᠡᠯ ᠢᠶᠠᠷ ᠡᠷᠬᠢᠮ ᠪᠤᠯᠭᠠᠬᠤ︾ ᠭᠤᠤᠯᠯᠠᠭᠴᠢ ᠦᠵᠡᠯᠳᠡ | ᠶᠢ ᠪᠠᠷᠢᠮᠳᠠᠯᠠᠵᠦ᠂ ︽ᠶᠠᠰᠤ ᠴᠢᠨᠠᠷ ᠢ ᠠᠳᠬᠤᠬᠤ᠂ ᠠᠮᠤᠷ ᠲᠦᠪᠰᠢᠨ ᠢ ᠪᠠᠳᠤᠯᠠᠬᠤ᠂ ᠬᠦᠭᠵᠢᠯᠳᠠ ᠶᠢ | ᠠᠬᠢᠭᠤᠯᠬᠤ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠴᠢᠩᠭᠠᠳᠬᠠᠬᠤ︾ ᠠᠵᠢᠯ ᠤᠨ ᠴᠢᠭᠯᠡᠯᠳᠠ ᠶᠢ | ᠪᠠᠷᠢᠮᠳᠠᠯᠠᠵᠦ᠂ ︽ᠶᠠᠰᠤ ᠴᠢᠨᠠᠷ ᠤᠨ ᠭᠤᠤᠯ ᠰᠡᠳᠤᠪ ᠢ ᠲᠤᠪᠤᠶᠢᠯᠭᠠᠬᠤ᠂ ᠠᠮᠤᠷ ᠲᠦᠪᠰᠢᠨ ᠤ ᠰᠡᠷᠭᠡᠶᠢᠯᠡᠯᠳᠠ ᠶᠢᠨ | ᠱᠤᠭᠤᠮ ᠢ ᠪᠠᠬᠢᠯᠡᠬᠦ᠂ ᠠᠵᠢᠯ ᠤᠨ ᠬᠡᠯᠪᠡᠷᠢ ᠪᠠᠨ ᠬᠤᠪᠢᠷᠠᠭᠤᠯᠬᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠬᠦ︾ ᠠᠵᠢᠯ ᠤᠨ ᠶᠡᠷᠦᠩᠬᠡᠢ ᠬᠦᠭ ᠠᠶᠠᠰ ᠢᠶᠠᠷ ᠰᠢᠨ᠎ᠡ ᠬᠡᠪ ᠪᠠᠶᠢᠳᠠᠯ᠂ ᠰᠢᠨ᠎ᠡ ᠪᠠᠶᠢᠭᠤᠯᠤᠯ ᠳᠤᠤᠷᠠᠬᠢ | ᠠᠵᠢᠯ ᠤᠨ ᠰᠢᠨ᠎ᠡ ᠲᠤᠭᠳᠠᠴᠠ ᠶᠢ ᠰᠦᠪᠡᠭᠴᠢᠯᠡᠨ ᠪᠠᠶᠢᠭᠤᠯᠵᠦ᠂ ᠶᠠᠰᠤ ᠴᠢᠨᠠᠷ ᠲᠤ ᠬᠢᠨᠠᠯᠳᠠ ᠲᠠᠯᠪᠢᠬᠤ | ᠦᠢᠯᠡᠰ ᠤᠨ ᠰᠢᠨ᠎ᠡ ᠦᠰᠤᠷᠤᠯᠳᠠ ᠶᠢ ᠪᠠᠶᠡᠯᠡᠬᠦᠯᠬᠦ ᠶᠠᠪᠤᠳᠠᠯ ᠪᠤᠯᠤᠨ᠎ᠠ᠃ | ﹇ᠬᠦᠳᠤᠯᠦᠭᠴᠢ﹈ ᠭᠤᠤ ᠳᠠᠷᠤᠭ᠎ᠠ ᠡ᠂ ᠲᠠ ᠮᠠᠨ ᠤ ᠰᠦᠯᠵᠢᠶᠡᠨ ᠠᠨᠳᠠ ᠨᠠᠷ ᠲᠤ ᠲᠠᠨᠠᠷ ᠶᠠᠮᠠᠷ | ᠠᠵᠢᠯ ᠤᠨ ᠬᠠᠷᠠᠯᠳᠠ ᠲᠠᠢ ᠪᠠᠶᠢᠬᠤ ᠪᠠᠨ ᠶᠠᠷᠢᠭᠠᠳ ᠦᠭᠬᠦᠨᠡᠤ︖ | ﹇ᠭᠤᠤ ᠢᠩ ᠵᠢᠶᠧ﹈ ᠵᠠ ᠳᠡᠭᠡᠶ᠎ᠡ᠂ ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ | ᠰᠢᠰᠲ᠋ᠧᠮ ᠤᠨ ︽ᠠᠷᠪᠠᠨ ᠭᠤᠷᠪᠠᠳᠤᠭᠠᠷ ᠲᠠᠪᠤ︾ ᠶᠢᠨ ᠰᠡᠭᠦᠯᠴᠢ ᠶᠢᠨ ᠬᠤᠭᠤᠴᠠᠭ᠎ᠠ ᠪᠤᠯᠳᠠᠯᠠᠬᠢ ᠲᠡᠮᠡᠴᠡᠬᠦ | ᠬᠠᠷᠠᠯᠳᠠ ᠬᠡᠪᠡᠯ᠄ ᠱᠠᠳᠤ ᠬᠤᠪᠢᠶᠠᠨ ᠬᠠᠮᠢᠶᠠᠷᠬᠤ ᠪᠠᠶᠢᠭᠤᠯᠤᠯ ᠳᠤ ᠵᠤᠬᠢᠴᠠᠭᠰᠠᠨ ᠶᠠᠰᠤ ᠴᠢᠨᠠᠷ ᠲᠤ ᠬᠢᠨᠠᠯᠳᠠ | ᠳᠠᠯᠪᠢᠬᠤ ᠠᠵᠢᠯ ᠤᠨ ᠠᠵᠢᠯᠯᠠᠭᠠᠨ ᠤ ᠲᠤᠭᠳᠠᠴᠠ ᠶᠢ ᠪᠦᠬᠦ ᠲᠠᠯ᠎ᠠ ᠪᠠᠷ ᠪᠠᠶᠢᠭᠤᠯᠵᠦ᠂ ᠶᠠᠰᠤ ᠴᠢᠨᠠᠷ ᠲᠤ ᠬᠢᠨᠠᠯᠳᠠ | ᠳᠠᠯᠪᠢᠬᠤ ᠰᠠᠯᠠᠭ᠎ᠠ ᠮᠦᠴᠢᠷ ᠤᠨ ᠬᠦᠭᠵᠢᠯᠳᠡ ᠳᠤ ᠦᠢᠯᠡᠴᠢᠯᠡᠬᠦ ᠴᠢᠳᠠᠪᠤᠷᠢ ᠶᠢ ᠢᠯᠠᠳᠳᠠ ᠨᠡᠮᠡᠭᠳᠡᠭᠦᠯᠵᠦ᠂ ᠠᠵᠦ | ᠠᠬᠤᠢ ᠨᠡᠶᠢᠭᠡᠮ ᠤᠨ ᠬᠦᠭᠵᠢᠯᠳᠡ ᠳᠤ ᠶᠠᠰᠤ ᠴᠢᠨᠠᠷ ᠤᠨ ᠬᠠᠮᠢᠶᠠᠷᠤᠯᠳᠠ᠂ ᠬᠡᠮᠵᠢᠯᠳᠠ᠂ ᠪᠷᠢᠮᠵᠢᠶᠠᠭᠤᠯᠤᠯᠳᠠ᠂ | ᠵᠦᠪᠰᠢᠶᠡᠷᠡᠯ ᠦᠨᠡᠯᠡᠯᠳᠠ᠂ ᠰᠢᠯᠭᠠᠨ ᠪᠠᠶᠢᠴᠠᠭᠠᠯᠳᠠ ᠰᠢᠯᠭᠠᠨ ᠬᠡᠮᠵᠢᠯᠳᠠ ᠠᠴᠠ ᠬᠤᠪᠢ ᠨᠡᠮᠡᠷᠢ ᠦᠵᠡᠭᠦᠯᠬᠦ ᠨᠤᠷᠮ᠎ᠠ | ᠶᠢ ᠢᠯᠡᠳᠳᠠ ᠳᠡᠭᠡᠭᠰᠢᠯᠡᠬᠦᠯᠵᠦ᠂ ᠶᠠᠰᠤ ᠴᠢᠨᠠᠷ ᠢ ᠬᠠᠮᠳᠤ ᠪᠠᠷ ᠵᠠᠰᠠᠬᠤ ᠬᠡᠪ ᠪᠠᠶᠢᠳᠠᠯ ᠢ ᠦᠨᠳᠤᠰᠤᠨ ᠳᠡᠭᠡᠨ ᠪᠤᠢ | ᠪᠤᠯᠭᠠᠨ᠎ᠠ᠃ ᠪᠦᠬᠦ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠶᠡᠷᠦᠩᠬᠡᠢ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠪᠦᠬᠦ ᠤᠯᠤᠰ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ ᠳᠤᠮᠳᠠ ᠵᠡᠷᠭᠡ | ᠶᠢᠨ ᠬᠢᠷᠢ ᠲᠦᠪᠰᠢᠨ ᠳᠤ ᠬᠦᠷᠦᠭᠦᠯᠵᠦ᠂ ︽ᠦᠪᠤᠷ ᠮᠤᠩᠭᠤᠯ ᠤᠨ ᠡᠭᠦᠳᠤᠯᠳᠠ︾᠂ ︽ᠦᠪᠤᠷ ᠮᠤᠩᠭᠤᠯ ᠤᠨ | ᠶᠠᠰᠤ ᠴᠢᠨᠠᠷ︾᠂ ︽ᠦᠪᠤᠷ ᠮᠤᠩᠭᠤᠯ ᠤᠨ ᠨᠡᠷᠡᠳᠤ ᠲᠡᠮᠳᠡᠭ︾ ᠢ ᠪᠠᠶᠢᠭᠤᠯᠬᠤ ᠶᠢ ᠠᠬᠢᠭᠤᠯᠬᠤ ᠭᠤᠤᠯ ᠰᠠᠯᠠᠭ᠎ᠠ | ᠮᠦᠴᠢᠷ ᠪᠠ ᠠᠵᠦ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠤᠨ ᠲᠡᠰ ᠦᠰᠭᠡᠬᠦ | ᠶᠢᠨ ᠴᠢᠬᠤᠯᠠ ᠬᠦᠴᠤᠨ ᠪᠤᠯᠭᠠᠬᠤ ᠶᠠᠪᠤᠳᠠᠯ ᠪᠤᠯᠤᠨ᠎ᠠ᠃ | ﹇ᠬᠦᠳᠤᠯᠦᠭᠴᠢ﹈ ᠳᠠᠭᠡᠪᠡᠯ᠂ ᠳᠡᠭᠡᠷᠡᠬᠢ ᠬᠠᠷᠠᠯᠳᠠ ᠶᠢ ᠶᠠᠭᠠᠬᠢᠪᠠᠯ ᠰᠠᠶ᠋ᠢ ᠪᠠᠶᠠᠯᠡᠬᠦᠯᠵᠦ ᠴᠢᠳᠠᠬᠤ ᠪᠤᠢ | ︖ | ﹇ᠭᠤᠤ ᠢᠩ ᠵᠢᠶᠧ﹈ ᠳᠡᠭᠡᠷᠡᠬᠢ ᠬᠠᠷᠠᠯᠳᠠ ᠶᠢ ᠪᠡᠶᠡᠯᠡᠬᠦᠯᠦᠶ᠎ᠡ ᠭᠡᠪᠡᠯ᠂ ᠪᠢᠳᠡ ᠡᠷᠬᠡᠪᠰᠢ ᠦᠵᠡᠯ | ᠳᠠᠨᠢᠯᠳᠠ ᠪᠠᠨ ᠳᠡᠭᠡᠭᠰᠢᠯᠡᠬᠦᠯᠵᠦ᠂ ᠰᠢᠨ᠎ᠡ ᠬᠡᠪ ᠪᠠᠶᠢᠳᠠᠯ ᠤᠨ ᠦᠵᠡᠯ ᠰᠠᠨᠠᠭᠠᠨ ᠤ ᠳᠤᠳᠤᠭᠠᠳᠤ ᠠᠭᠤᠯᠬᠤᠨ ᠪᠠ | ᠦᠢᠯᠡᠳᠤᠯᠭᠡ ᠶᠢᠨ ᠱᠠᠭᠠᠷᠳᠠᠯᠭ᠎ᠠ ᠶᠢ ᠤᠨᠤᠪᠴᠢᠲᠠᠢ ᠡᠵᠡᠮᠰᠢᠵᠦ᠂ ᠦᠵᠠᠯᠳᠠ ᠳᠠᠨᠢᠯᠳᠠ ᠵᠠᠪᠠᠯ ᠦᠨᠳᠤᠷ | ᠲᠦᠪᠰᠢᠨ ᠳᠤ ᠬᠦᠷᠦᠭᠰᠡᠨ ᠪᠠᠶᠢᠬᠤ ᠬᠡᠷᠡᠭᠲᠠᠢ︔ ᠪᠢᠳᠡ ᠡᠷᠬᠡᠪᠰᠢ ᠦᠬᠡᠷᠡᠴᠢᠯᠡᠬᠦ ᠰᠢᠨ᠎ᠡ ᠶᠢ ᠡᠭᠦᠳᠬᠦ ᠳᠡᠭᠡᠷ᠎ᠡ | ᠬᠦᠴᠤ ᠳᠠᠯᠪᠢᠵᠦ᠂ ᠦᠬᠡᠷᠡᠴᠢᠯᠠᠯᠳᠠ ᠬᠢᠬᠦ ᠪᠠ ᠬᠠᠤᠯᠢ ᠪᠠᠷ ᠵᠠᠰᠠᠬᠤ ᠵᠤᠷᠢᠭ ᠰᠠᠨᠠᠭ᠎ᠠ ᠪᠠᠷ ᠵᠠᠰᠠᠭ ᠵᠠᠬᠢᠷᠭᠠᠨ ᠤ | ᠬᠡᠯᠪᠡᠷᠢ᠂ ᠬᠢᠨᠠᠨ ᠬᠠᠮᠢᠶᠠᠷᠬᠤ ᠬᠡᠯᠪᠡᠷᠢ ᠶᠢ ᠲᠦᠷᠭᠡᠨ ᠬᠤᠪᠢᠷᠠᠭᠤᠯᠬᠤ ᠬᠡᠷᠡᠭᠲᠠᠢ︔ ᠪᠢᠳᠡ ᠡᠷᠬᠡᠪᠰᠢ ᠤᠷᠢᠳᠴᠢᠯᠠᠨ | ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠦ᠂ ᠰᠢᠨ᠎ᠠ ᠴᠠᠭ ᠲᠤᠬᠢᠶᠠᠯ ᠢ ᠵᠠᠪᠳᠤᠵᠦ᠂ ᠰᠢᠨ᠎ᠠ | ᠦᠷᠢᠰᠤᠯᠳᠤᠭᠡᠨ ᠢ ᠤᠭᠳᠤᠬᠤ ᠬᠡᠷᠡᠭᠲᠠᠢ᠃ ᠤᠳᠤᠬᠠᠨ ᠪᠠ ᠬᠤᠶᠢᠰᠢᠳᠠ ᠶᠢᠨ ᠨᠢᠬᠡᠨ ᠬᠤᠭᠤᠴᠠᠭᠠᠨ ᠳᠤ | ᠤᠨᠴᠠᠭᠠᠶᠢᠯᠠᠨ ᠬᠦᠴᠤᠨ ᠴᠢᠳᠠᠯ ᠢᠶᠠᠨ ᠲᠦᠪᠯᠡᠷᠡᠭᠦᠯᠦᠨ ᠭᠤᠷᠪᠠᠨ ᠲᠤᠮᠤ ᠶᠠᠪᠤᠳᠠᠯ ᠢ ᠭᠤᠤᠯᠳᠠᠯᠭ᠎ᠠ ᠲᠠᠢ ᠰᠠᠶᠢᠨ | ᠬᠢᠬᠦ ᠬᠡᠷᠡᠭᠲᠠᠢ ᠃ | ﹇ᠬᠦᠳᠤᠯᠦᠭᠴᠢ﹈ ᠲᠡᠷᠡ ᠨᠢ ᠠᠯᠢ ᠭᠤᠷᠪᠠᠨ ᠲᠤᠮᠤ ᠶᠠᠪᠤᠳᠠᠯ ᠪᠤᠢ︖ | ﹇ᠭᠤᠤ ᠢᠩ ᠵᠢᠶᠧ﹈ ᠭᠤᠤᠯ ᠨᠢ ᠳᠤᠤᠷᠠᠬᠢ ᠭᠤᠷᠪᠠᠨ ᠲᠤᠮᠤ ᠶᠠᠪᠤᠳᠠᠯ ᠪᠤᠯᠤᠨ᠎ᠠ᠄ | ︵ᠨᠢᠭᠡ︶ ᠬᠦᠭᠵᠢᠯᠳᠠ ᠳᠤ ᠦᠢᠯᠡᠴᠢᠯᠡᠬᠦ ᠪᠦᠳᠤᠮᠵᠢᠳᠤ ᠴᠢᠨᠠᠷ ᠢ ᠳᠡᠭᠡᠭᠰᠢᠯᠡᠬᠦᠯᠵᠦ᠂ ᠤᠷᠤᠨ | ᠨᠤᠳᠤᠭ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠪᠠᠶᠢᠳᠠᠯ ᠯᠤᠭ᠎ᠠ ᠨᠡᠪᠴᠢᠨ ᠰᠢᠮᠡᠳᠬᠦ ᠶᠢ | ᠡᠷᠢᠯᠬᠢᠯᠡᠨ᠎ᠡ᠃ ᠤᠳᠤᠬᠠᠨ ᠳᠤ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠬᠦᠭᠵᠢᠯᠳᠠ ᠶᠢ | ᠬᠢᠵᠠᠭᠠᠷᠯᠠᠵᠦ ᠪᠠᠶᠢᠭ᠎ᠠ ᠭᠤᠤᠯ ᠵᠦᠷᠢᠴᠡᠯ ᠪᠤᠯ ᠮᠦᠨᠬᠦ ᠪᠢᠳᠡᠨ ᠤ ᠰᠡᠳᠬᠢᠴᠡ ᠦᠷᠭᠡᠨ ᠪᠢᠰᠢ᠂ ᠬᠠᠭᠤᠴᠢᠨ | ᠬᠡᠪᠰᠢᠮᠡᠯ ᠦᠵᠡᠯ ᠳᠠᠨᠢᠯᠳᠠ ᠮᠦᠨᠬᠦ ᠤᠷᠤᠰᠢᠵᠦ ᠪᠠᠶᠢᠬᠤ ᠠᠰᠠᠭᠤᠳᠠᠯ ᠪᠤᠯᠤᠨ᠎ᠠ᠃ ᠶᠠᠰᠤ ᠴᠢᠨᠠᠷ ᠲᠤ ᠬᠢᠨᠠᠯᠳᠠ | ᠳᠠᠯᠪᠢᠬᠤ ᠰᠢᠰᠲ᠋ᠧᠮ ᠨᠢ ᠬᠡᠳᠤᠶᠢᠪᠡᠷ ᠲᠤᠰᠬᠠᠢ ᠮᠡᠷᠭᠡᠵᠢᠯ ᠤᠨ ᠰᠠᠯᠠᠭ᠎ᠠ ᠮᠦᠴᠢᠷ ᠪᠤᠯᠬᠤ ᠪᠤᠯᠪᠠᠴᠤ ᠶᠠᠰᠤ ᠴᠢᠨᠠᠷ ᠲᠤ | ᠬᠢᠨᠠᠯᠳᠠ ᠳᠠᠯᠪᠢᠬᠤ ᠠᠵᠢᠯ ᠢ ᠰᠠᠶᠢᠳᠤᠷ ᠠᠳᠬᠤᠵᠦ᠂ ᠦᠢᠯᠡᠰ ᠤᠨ ᠬᠦᠭᠵᠢᠯᠳᠠ ᠶᠢ ᠠᠬᠢᠭᠤᠯᠬᠤ ᠳᠤ ᠡᠷᠬᠡᠪᠰᠢ ︽ | ᠦᠪᠡᠷ ᠨᠢ ᠦᠪᠡᠷ ᠢ ᠪᠠᠨ ᠠᠳᠬᠤᠬᠤ︾ ᠬᠦᠷᠢᠶ᠎ᠡ ᠠᠴᠠ ᠦᠰᠤᠷᠤᠨ ᠭᠠᠷᠴᠤ᠂ ᠡᠷᠬᠡᠪᠰᠢ ᠲᠤᠰ ᠭᠠᠵᠠᠷ ᠤᠷᠤᠨ ᠤ | ᠠᠵᠦ ᠠᠬᠤᠢ ᠶᠢᠨ ᠬᠦᠭᠵᠢᠬᠦᠯᠦᠯᠳᠠ ᠶᠢᠨ ᠪᠦᠳᠤᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠨᠡᠪᠴᠢᠨ | ᠰᠢᠮᠡᠳᠬᠦ ᠬᠡᠷᠡᠭᠲᠠᠢ᠂ ᠡᠨᠡᠬᠦ ᠡᠭᠦᠰᠤᠯᠳᠠ ᠪᠤᠯᠤᠨ ᠵᠤᠭᠰᠤᠴᠠ ᠠᠴᠠ ᠰᠠᠯᠪᠠᠯ᠂ ᠪᠠᠳᠡ ᠳᠠᠷᠤᠢ ᠠᠵᠢᠯ ᠤᠨ ᠴᠢᠭᠯᠡᠯ | ᠠᠴᠠ ᠪᠠᠨ ᠰᠠᠯᠵᠦ᠂ ᠭᠤᠤᠯ ᠪᠠᠶᠢᠯᠳᠤᠭᠠᠨ ᠤ ᠲᠠᠯᠠᠪᠤᠷ ᠪᠠ ᠡᠷᠳᠡᠮ ᠴᠢᠳᠠᠪᠤᠷᠢ ᠪᠠᠨ ᠭᠠᠷᠭᠠᠬᠤ ᠲᠤᠮᠤ ᠲᠠᠪᠴᠠᠩ | ᠢᠶᠠᠨ ᠠᠯᠳᠠᠵᠦ᠂ ᠲᠤᠬᠠᠶᠢᠯᠠᠭᠰᠠᠨ ᠠᠵᠢᠯ ᠢ ᠠᠳᠬᠤᠬᠤ ᠲᠤᠳᠤᠮ ᠴᠦᠬᠡᠭᠡᠷᠡᠵᠦ᠂ ᠠᠵᠢᠯ ᠦᠢᠯᠡᠰ ᠢ ᠬᠢᠬᠦ ᠳᠤᠳᠤᠮ | ᠪᠠᠭᠠᠰᠴᠤ᠂ ᠡᠴᠤᠰ ᠲᠡᠭᠡᠨ ᠰᠠᠨᠠᠭᠠᠴᠢᠯᠠᠭᠠᠳᠤ ᠪᠤᠰᠤ ᠪᠠᠶᠢᠷᠢᠨ ᠳᠤ ᠤᠷᠤᠬᠤ ᠪᠤᠯᠤᠨ᠎ᠠ᠃ ᠡᠭᠦᠷᠭᠡ ᠬᠠᠷᠢᠭᠤᠴᠠᠯᠭ᠎ᠠ | ᠪᠠᠨ ᠲᠤᠤᠱᠲᠠᠢ ᠭᠦᠢᠴᠡᠳᠭᠡᠬᠦ ᠳᠤ ᠡᠷᠬᠡᠪᠰᠢ ᠭᠤᠤᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ | ᠬᠡᠷᠡᠭᠲᠠᠢ᠃ ᠪᠢᠳᠠ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠢᠮᠠᠭᠳᠠ ᠮᠦᠷᠳᠡᠨ ᠳᠠᠭᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠢ ᠤᠷᠤᠨ | ᠨᠤᠳᠤᠭ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠲᠠᠯ᠎ᠠ ᠳᠤ ᠨᠡᠩ ᠰᠠᠨᠠᠭᠠᠴᠢᠯᠠᠭ᠎ᠠ ᠠᠴᠠ ᠪᠠᠨ | ᠰᠢᠮᠡᠳᠭᠡᠨ ᠲᠡᠭᠦᠨ ᠢᠶᠠᠨ ᠪᠤᠳᠤᠯᠬᠢᠯᠡᠵᠦ᠂ ᠠᠷᠭ᠎ᠠ ᠤᠬᠠᠭᠠᠨ ᠰᠦᠪᠡᠭᠴᠢᠯᠡᠵᠦ᠂ ᠲᠡᠭᠦᠨ ᠢᠶᠠᠨ ᠠᠬᠢᠭᠤᠯᠵᠦ᠂ | ᠤᠷᠤᠨ ᠨᠤᠳᠤᠭ ᠲᠤ ᠦᠢᠯᠡᠴᠢᠯᠡᠬᠦ᠂ ᠬᠦᠭᠵᠢᠯᠳᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ | ᠡᠯ᠎ᠡ ᠲᠦᠷᠦᠯ ᠤᠨ ᠠᠵᠢᠯ ᠢ ᠨᠡᠩ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠷᠤᠨ ᠨᠤᠳᠤᠭ ᠤᠨ ᠭᠤᠤᠯ ᠠᠵᠢᠯ | ᠯᠤᠭ᠎ᠠ ︽ᠨᠢᠭᠡᠨ ᠬᠦᠯᠬᠡ ᠰᠢᠳᠠᠷ᠎ᠠ | ﹈ ᠮᠡᠳᠤ ᠪᠤᠯᠭᠠᠵᠦ᠂ ︽ᠨᠢᠭᠡ ᠴᠤᠭᠴᠠᠵᠢᠭᠤᠯᠤᠯᠳᠠ︾ ᠶᠢ ᠪᠡᠶᠡᠯᠡᠭᠦᠯᠤᠨ᠎ᠠ᠃ ᠪᠤᠳᠠᠲᠠᠢ ᠪᠠᠷ ᠬᠡᠯᠡᠪᠡᠯ᠂ | ᠦᠪᠡᠷᠳᠡᠭᠡᠨ ᠵᠠᠰᠠᠬᠤ ᠤᠷᠤᠨ ᠤ ︽8337︾ ᠬᠦᠭᠵᠢᠬᠦᠯᠦᠯᠳᠠ ᠶᠢᠨ ᠰᠡᠳᠬᠢᠴᠡ ᠲᠠᠢ ᠨᠢᠭᠳᠠ ᠤᠶᠠᠯᠳᠤᠭᠤᠯᠵᠦ | ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠠᠷᠪᠠᠨ ᠭᠤᠷᠪᠠᠳᠤᠭᠠᠷ | ᠤᠳᠠᠭ᠎ᠠ ᠶᠢᠨ ᠪᠦᠬᠦ ᠬᠡᠰᠢᠭᠦᠳ ᠤᠨ ᠬᠤᠷᠠᠯᠳᠤᠭᠠᠨ ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ | ᠬᠤᠷᠠᠯᠳᠤᠭᠠᠨ ᠤ ᠵᠤᠷᠢᠭ ᠰᠠᠨᠠᠭ᠎ᠠ ᠲᠠᠢ ᠤᠶᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠤᠷᠢᠳᠡᠪᠡᠷ | ᠬᠦᠭᠵᠢᠬᠦ᠂ ᠰᠢᠨᠵᠢᠯᠡᠬᠦ ᠤᠬᠠᠭᠠᠨᠴᠢ ᠪᠠᠷ ᠬᠦᠭᠵᠢᠬᠦ᠂ ᠡᠶ᠎ᠡ ᠵᠤᠬᠢᠴᠠᠯ ᠲᠠᠢ ᠬᠦᠭᠵᠢᠬᠦ ᠳᠤ ᠰᠢᠨ᠎ᠡ ᠦᠢᠯᠡᠳᠤᠯ | ᠦᠵᠡᠬᠦᠯᠦᠨ᠎ᠡ᠃ ᠡᠨᠡ ᠵᠢᠯ ᠵᠢᠴᠢ ᠬᠤᠶᠢᠰᠢᠳᠠ ᠶᠢᠨ ᠨᠢᠭᠡᠨ ᠬᠤᠭᠤᠴᠠᠭᠠᠨ ᠳᠤ᠂ ᠲᠦᠷᠪᠡᠨ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠭᠤᠤᠯᠳᠠᠯᠭ᠎ᠠ ᠪᠤᠯᠭᠠᠨ᠎ᠠ᠄ ᠨᠢᠭᠡ ᠳᠤ ᠠᠷᠭ᠎ᠠ ᠬᠡᠯᠪᠡᠷᠢ ᠪᠠᠨ | ᠬᠤᠪᠢᠷᠠᠭᠤᠯᠵᠦ ᠪᠦᠳᠤᠴᠡ ᠶᠢ ᠲᠤᠬᠢᠷᠠᠭᠤᠯᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠲᠡᠷᠢᠭᠦᠨ ᠤ | ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠤᠷᠢᠳᠠᠪᠡᠷ ᠬᠦᠭᠵᠢᠬᠦᠯᠵᠦ᠂ | ᠦᠢᠯᠡᠳᠬᠦᠨ ᠤ ᠶᠠᠰᠤ ᠴᠢᠨᠠᠷ ᠪᠤᠯᠤᠨ ᠦᠢᠯᠡᠴᠢᠯᠡᠭᠡᠨ ᠤ ᠶᠠᠰᠤ ᠴᠢᠨᠠᠷ ᠢ ᠲᠡᠩᠴᠡᠭᠦᠯᠦᠨ ᠬᠦᠭᠵᠢᠬᠦᠯᠬᠦ ᠶᠢ | ᠴᠢᠬᠤᠯᠠᠴᠢᠯᠠᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠳᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ | ᠢᠯᠠᠩᠭᠤᠶ᠎ᠠ ᠵᠠᠷᠢᠮ ᠠᠵᠢᠯ ᠲᠦᠷᠦᠯ ᠤᠨ ᠦᠢᠯᠡᠳᠪᠤᠷᠢᠯᠡᠬᠦ ᠴᠢᠳᠡᠪᠬᠢ ᠢᠯᠡᠳᠳᠠ ᠢᠯᠡᠭᠦᠳᠡᠵᠦ ᠪᠠᠶᠢᠬᠤ ᠠᠰᠠᠭᠤᠳᠠᠯ | ᠳᠤ ᠴᠢᠭᠯᠡᠭᠦᠯᠦᠨ᠂ ᠦᠢᠯᠡᠳᠪᠤᠷᠢᠯᠡᠯ ᠤᠨ ᠵᠦᠪᠰᠢᠶᠡᠷᠡᠯ᠂ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠤᠨ | ᠡᠷᠬᠡ ᠴᠢᠳᠠᠪᠤᠷᠢ ᠪᠠᠨ ᠢᠳᠡᠪᠬᠢᠲᠡᠢ ᠭᠦᠢᠴᠡᠳᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠳᠤᠮᠳᠠ ᠡᠭᠦᠷᠭᠡ | ᠬᠠᠷᠢᠭᠤᠴᠠᠯᠭ᠎ᠠ ᠪᠠᠨ ᠳᠤᠤᠱᠲᠠᠢ ᠭᠦᠢᠴᠡᠳᠭᠡᠨ᠎ᠡ᠃ ᠬᠤᠶᠡᠷ ᠲᠤ ᠲᠠᠷᠢᠶᠠᠯᠠᠬᠤ ᠮᠠᠯᠵᠢᠬᠤ ᠤᠷᠤᠨ ᠳᠤ ︽ᠠᠷᠪᠠ ᠶᠢ | ᠪᠦᠷᠢᠨ ᠪᠦᠷᠬᠦᠬᠦᠯᠬᠦ︾ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠨᠡᠶᠢᠭᠡᠮ ᠵᠢᠷᠤᠮᠳᠤ ᠰᠢᠨ᠎ᠡ ᠬᠦᠳᠡᠭᠡ | ᠲᠤᠰᠬᠤᠨ ᠢ ᠪᠦᠳᠤᠭᠡᠨ ᠪᠠᠶᠢᠭᠤᠯᠬᠤ ᠲᠤᠭᠤᠷᠢᠨ ᠳᠤ ᠴᠢᠨᠠᠷ ᠰᠠᠶᠢᠲᠠᠢ ᠦᠯᠡᠮᠵᠢ ᠦᠷ᠎ᠡ ᠠᠰᠢᠭ ᠲᠠᠢ ᠲᠠᠷᠢᠶᠠᠯᠠᠩ ᠢ | ᠬᠦᠭᠵᠢᠬᠦᠯᠬᠦ ᠪᠠᠷ ᠭᠤᠤᠯ ᠡᠭᠦᠷᠬᠡ ᠪᠠᠨ ᠪᠤᠯᠭᠠᠬᠤ ᠶᠢ ᠪᠠᠷᠢᠮᠳᠠᠯᠠᠵᠦ᠂ ᠲᠠᠷᠢᠶᠠᠯᠠᠩ ᠮᠠᠯ ᠠᠵᠦ ᠠᠬᠤᠢ ᠶᠢᠨ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠳᠤ | ᠲᠠᠷᠢᠶᠠᠴᠢᠨ ᠮᠠᠯᠴᠢᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠰᠠᠶᠢᠳᠤᠷ ᠬᠠᠮᠠᠭᠠᠯᠠᠨ᠎ᠠ᠃ ᠭᠤᠷᠪᠠ ᠳᠤ | ᠤᠷᠴᠢᠨ ᠠᠬᠤᠢ ᠶᠢ ᠰᠢᠯᠢᠳᠡᠭᠵᠢᠭᠦᠯᠬᠦ ᠪᠠ ᠬᠡᠷᠡᠭᠴᠡᠭᠡ ᠶᠢ ᠦᠷᠭᠡᠳᠭᠡᠬᠦ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠨ᠎ᠡ᠃ ᠵᠠᠬ᠎ᠠ ᠳᠡᠯᠭᠡᠭᠦᠷ ᠤᠨ ᠡᠮᠬᠢ ᠲᠢᠭᠯᠢᠮ ᠪᠤᠯᠤᠨ ᠶᠠᠰᠤ ᠴᠢᠨᠠᠷ ᠤᠨ ᠠᠮᠤᠷ ᠲᠦᠪᠰᠢᠨ ᠢ ᠬᠦᠴᠤᠲᠠᠢ | ᠠᠳᠬᠤᠬᠤ ᠶᠢ ᠪᠠᠷᠢᠮᠳᠠᠯᠠᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ | ᠢ ᠭᠤᠤᠯᠴᠢᠯᠠᠨ ᠰᠢᠢᠳᠪᠤᠷᠢᠯᠠᠵᠦ᠂ ᠰᠠᠶᠢᠨ ᠰᠠᠶᠢᠬᠠᠨ ᠵᠠᠬ᠎ᠠ ᠳᠡᠯᠭᠡᠬᠦᠷ ᠤᠨ ᠤᠷᠴᠢᠨ ᠪᠠ ᠬᠡᠷᠡᠭᠯᠡᠭᠡᠨ ᠤ ᠤᠷᠴᠢᠨ ᠢ | ᠪᠤᠢ ᠪᠤᠯᠭᠠᠵᠦ᠂ ᠨᠡᠶᠢᠭᠡᠮ ᠤᠨ ᠡᠶ᠎ᠡ ᠵᠤᠬᠢᠴᠠᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠲᠦᠷᠪᠡ ᠳᠤ ᠡᠨᠧᠷᠬᠢ | ᠠᠷᠪᠢᠯᠠᠬᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ | ᠶᠡᠷᠦᠩᠬᠡᠢ ᠲᠤᠪᠴᠢᠶ᠎ᠠ ᠶᠢᠨ ᠱᠠᠭᠠᠷᠳᠠᠯᠭ᠎ᠠ ᠪᠤᠯᠤᠨ ᠦᠪᠤᠷ ᠮᠤᠩᠭᠤᠯ ᠤᠨ ᠪᠤᠳᠠᠲᠠᠢ ᠪᠠᠶᠢᠳᠠᠯ ᠢ ᠦᠨᠳᠤᠰᠤᠯᠡᠨ ᠪᠢᠳᠡ | ᠶᠠᠰᠤ ᠴᠢᠨᠠᠷ ᠲᠤ ᠬᠢᠨᠠᠯᠳᠠ ᠳᠠᠯᠪᠢᠬᠤ ᠳᠠᠪᠠᠭᠤᠯᠢᠭ ᠢᠶᠠᠨ ᠪᠠᠳᠠᠷᠠᠭᠤᠯᠵᠦ᠂ ᠦᠪᠡᠷᠳᠡᠭᠡᠨ ᠵᠠᠰᠠᠬᠤ ᠤᠷᠤᠨ ᠤ | ᠡᠨᠧᠷᠬᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠭᠠᠬᠤ ᠠᠵᠢᠯ ᠪᠤᠯᠤᠨ ᠦᠢᠯᠡᠴᠢᠯᠡᠭᠡᠨ ᠤ ᠬᠦᠷᠢᠶᠡᠨ ᠳᠤ | ᠢᠳᠡᠭ ᠢᠳᠡᠭ ᠢᠶᠠᠷ ᠤᠷᠤᠯᠴᠠᠬᠤ ᠪᠠ ᠦᠷᠬᠡᠳᠭᠡᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠶᠡᠷᠦᠩᠬᠡᠢ ᠪᠠᠶᠢᠷᠢᠯᠠᠭᠤᠯᠤᠯᠳᠠ ᠪᠠᠷ ᠮᠠᠨ ᠤ ᠤᠷᠤᠨ ᠤ ᠪᠤᠬᠢᠷᠳᠤᠯ ᠦᠬᠡᠢ ᠡᠷᠭᠢᠯᠳᠠ | ᠳᠤᠤᠷ᠎ᠠ ᠨᠡᠭᠦᠷᠡᠰᠤᠳᠦ᠋ᠷᠦᠭᠴᠢ ᠶᠢᠨ ᠬᠦᠭᠵᠢᠯᠳᠠ ᠶᠢ ᠶᠡᠭᠡ ᠪᠠᠷ ᠠᠬᠢᠭᠤᠯᠵᠦ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠳᠤ ᠬᠤᠪᠢ ᠨᠡᠮᠡᠷᠢ ᠦᠵᠡᠭᠦᠯᠦᠨ᠎ᠡ᠃ | ᠡᠨᠡ ᠵᠢᠯ᠂ ︽ᠦᠪᠤᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠤᠨ | ᠦᠢᠯᠡᠴᠢᠯᠡᠭᠡᠨ ᠤ ᠠᠵᠦ ᠠᠬᠤᠶᠢᠯᠠᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾ ᠪᠤᠯᠤᠨ | ᠬᠡᠷᠡᠭᠵᠢᠭᠦᠯᠬᠦ ᠨᠡᠷᠢᠨ ᠲᠦᠷᠢᠮ ᠢ ᠲᠤᠭᠳᠠᠭᠠᠵᠦ᠂ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠤᠨ | ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠦᠢᠯᠡᠴᠢᠯᠡᠭᠡᠨ ᠤ ᠠᠵᠦ ᠠᠬᠤᠶᠢᠯᠠᠯ ᠤᠨ ᠠᠵᠢᠯ ᠢ ᠨᠢᠭᠡᠳᠤᠯᠲᠠᠢ | ᠲᠤᠬᠢᠷᠠᠭᠤᠯᠵᠦ᠂ ᠡᠯ᠎ᠡ ᠤᠨ᠂ ᠡᠯ᠎ᠡ ᠱᠠᠳᠤ ᠪᠦᠷᠢ ᠶᠢᠨ ᠭᠤᠤᠯᠳᠠᠯᠭ᠎ᠠ ᠲᠠᠢ ᠠᠵᠢᠯ᠂ ᠦᠢᠯᠡᠴᠢᠯᠡᠬᠦ ᠡᠳᠡᠭᠡᠳ | ᠪᠤᠯᠤᠨ ᠬᠠᠷᠢᠭᠤᠴᠠᠯᠭ᠎ᠠ ᠶᠢᠨ ᠨᠢᠭᠡᠴᠡ ᠶᠢ ᠳᠤᠲᠤᠷᠬᠠᠶᠢᠯᠠᠬᠤ ᠶᠢᠨ ᠬᠠᠮᠳᠤ ᠡᠯ᠎ᠡ ᠦᠢᠯᠡᠴᠢᠯᠡᠭᠡᠨ ᠤ ᠠᠵᠦ | ᠠᠬᠤᠶᠢᠯᠠᠯ ᠤᠨ ᠠᠵᠢᠯ ᠢ ᠡᠯ᠎ᠡ ᠭᠠᠵᠠᠷ ᠤᠷᠤᠨ᠂ ᠡᠯ᠎ᠡ ᠨᠢᠭᠡᠴᠡ᠂ ᠡᠯ᠎ᠡ ᠰᠠᠯᠠᠭ᠎ᠠ ᠮᠦᠴᠢᠷ ᠤᠨ ᠠᠵᠢᠯ ᠤᠨ | ᠠᠮᠵᠢᠯᠳᠠ ᠶᠢ ᠬᠢᠨᠠᠨ ᠰᠢᠯᠭᠠᠬᠤ ᠭᠦᠢᠴᠡᠳᠭᠡᠯ ᠲᠤᠭ᠎ᠠ ᠪᠤᠯᠭᠠᠵᠦ᠂ ᠡᠯ᠎ᠡ ᠲᠦᠷᠦᠯ ᠤᠨ ᠦᠢᠯᠡᠴᠢᠯᠡᠭᠡᠨ ᠤ ᠠᠵᠦ | ᠠᠬᠤᠶᠢᠯᠠᠯ ᠤᠨ ᠠᠵᠢᠯ ᠢ ᠪᠤᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠤᠪᠤᠷ ᠢᠶᠠᠨ ᠰᠠᠶᠢᠵᠢᠷᠠᠭᠤᠯᠵᠦ᠂ ᠦᠢᠯᠡᠴᠢᠯᠡᠭᠳᠡᠭᠰᠡᠳ ᠢ | ᠦᠢᠯᠡᠴᠢᠯᠡᠭᠡᠨ ᠢ ᠪᠠᠶᠠᠷᠲᠠᠢ ᠪᠠᠷ ᠬᠦᠯᠢᠶᠡᠨ ᠠᠪᠬᠤ ᠪᠤᠯᠭᠠᠨ᠎ᠠ︔ ᠮᠡᠷᠭᠡᠵᠢᠯ ᠤᠨ ᠦᠢᠯᠡᠴᠢᠯᠡᠭᠡᠨ ᠤ ᠦᠨ᠎ᠡ ᠴᠠᠨ᠎ᠠ | ᠶᠢ ᠨᠡᠮᠡᠭᠳᠡᠭᠦᠯᠵᠦ᠂ ᠦᠢᠯᠡᠴᠢᠯᠡᠭᠳᠡᠭᠰᠡᠳ ᠤᠨ ᠳᠠᠭᠠᠰᠢᠶᠠᠯ ᠢ ᠳᠡᠭᠡᠭᠰᠢᠯᠡᠭᠦᠯᠦᠨ᠎ᠠ︔ ᠪᠦᠬᠦ ᠲᠠᠯ᠎ᠠ ᠪᠠᠷ ᠬᠦᠨ ᠲᠡᠰ | ᠳᠠᠪᠬᠤᠷᠭ᠎ᠠ ᠪᠠᠷ ᠦᠢᠯᠡᠴᠢᠯᠡᠬᠦ ᠶᠢ ᠴᠢᠩᠭᠠᠳᠬᠠᠵᠦ᠂ ᠦᠢᠯᠡᠴᠢᠯᠡᠭᠳᠡᠭᠰᠡᠳ᠂ ᠠᠵᠦ ᠠᠬᠤᠢ ᠨᠡᠶᠢᠭᠡᠮ ᠤᠨ | ᠬᠦᠭᠵᠢᠯᠳᠡ ᠶᠢᠨ ᠶᠡᠭᠡ ᠲᠠᠯ᠎ᠠ ᠳᠤ ᠨᠡᠩ ᠠᠭᠤᠰᠤᠨ ᠨᠡᠪᠳᠡᠷᠡᠯᠴᠡᠬᠦ ᠶᠢ ᠡᠷᠡᠯᠬᠢᠯᠡᠨᠡ᠃ | ﹇ᠭᠤᠤ ᠢᠩ ᠵᠢᠶᠧ﹈ ︵ᠬᠤᠶᠡᠷ︶ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠦᠷ᠎ᠡ | ᠪᠦᠳᠤᠮᠵᠢᠳᠤ ᠴᠢᠨᠠᠷ ᠢ ᠨᠡᠮᠡᠭᠳᠡᠬᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠴᠢᠳᠠᠮᠵᠢ ᠶᠢᠨ ᠤᠷᠤᠨ ᠪᠠᠶᠢᠷᠢ ᠶᠢ | ᠤᠨᠤᠪᠴᠢᠲᠠᠢ ᠲᠤᠭᠳᠠᠭᠠᠨ᠎ᠠ᠃ ᠶᠠᠰᠤ ᠴᠢᠨᠠᠷ ᠢ ᠬᠢᠨᠠᠨ ᠬᠠᠮᠢᠶᠠᠷᠬᠤ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠠᠴᠠ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲ᠋ᠧᠮ ᠳᠤ ᠤᠯᠭᠤᠭᠰᠠᠨ | ᠴᠢᠬᠤᠯᠠ ᠡᠭᠦᠷᠭᠡ ᠬᠠᠷᠢᠭᠤᠴᠠᠯᠭ᠎ᠠ ᠪᠤᠯᠤᠨ ᠭᠤᠤᠯ ᠡᠭᠦᠷᠭᠡ ᠮᠦᠨ᠂ ᠪᠢᠳᠡ ᠵᠠᠶᠢᠯᠭᠤᠯᠵᠦ ᠪᠤᠯᠬᠤ ᠦᠬᠡᠢ᠃ | ᠲᠦᠯᠬᠢᠵᠦ ᠪᠤᠯᠬᠤ ᠦᠬᠡᠢ ᠶᠤᠮ᠃ ᠨᠢᠭᠡ ᠳᠤ ᠶᠠᠰᠤ ᠴᠢᠨᠠᠷ ᠢ ᠬᠢᠨᠠᠵᠦ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠲᠤᠳᠤᠯᠬᠤ ᠬᠡᠷᠡᠭᠲᠠᠢ ᠃ ᠵᠠᠰᠠᠭ ᠤᠨ ᠤᠷᠳᠤᠨ ᠤ ᠤᠳᠤᠷᠢᠳᠬᠤ ᠦᠢᠯᠡᠳᠤᠯ ᠢ ᠲᠤᠪᠤᠶᠢᠯᠭᠠᠬᠤ ᠬᠡᠷᠡᠭᠲᠠᠢ | ᠃ ᠰᠢᠨ᠎ᠡ ᠪᠠᠶᠢᠳᠠᠯ ᠳᠤᠤᠷ᠎ᠠ᠂ ᠵᠠᠰᠠᠭ ᠤᠨ ᠤᠷᠳᠤᠨ ᠤ ᠡᠨᠡᠬᠦ ︽ ᠰᠦᠷᠳᠤ ᠮᠤᠳᠤᠷ︾ ᠨᠢ ᠮᠦᠨᠬᠦ ᠶᠠᠰᠤ ᠴᠢᠨᠠᠷ | ᠢ ᠬᠢᠨᠠᠨ ᠬᠠᠮᠢᠶᠠᠷᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠳᠤ ᠤᠷᠤᠯᠠᠵᠦ ᠪᠤᠯᠤᠰᠢ ᠦᠬᠡᠢ ᠨᠦᠯᠦᠭᠡᠯᠡᠬᠦ ᠬᠦᠴᠤᠨ | ᠪᠤᠯᠤᠨ ᠰᠦᠷᠳᠡᠭᠦᠯᠬᠦ ᠬᠦᠴᠤᠨ ᠲᠠᠢ ᠶᠤᠮ᠃ ᠡᠯ᠎ᠡ ᠱᠠᠳᠤᠨ ᠤ ᠬᠢᠨ ᠡᠨᠡᠬᠦ ᠬᠦᠴᠤᠨ ᠢ ᠴᠢᠳᠠᠮᠠᠭᠠᠢ ᠪᠠᠷ ᠵᠢᠭᠡᠯᠡᠨ | ᠬᠡᠷᠡᠭᠯᠡᠵᠦ᠂ ᠦᠪᠡᠷᠳᠡᠭᠡᠨ ᠵᠠᠰᠠᠬᠤ ᠤᠷᠤᠨ ᠵᠢᠴᠢ ᠤᠷᠤᠨ ᠨᠤᠳᠤᠭ ᠤᠨ ᠵᠠᠰᠠᠭ ᠤᠨ ᠤᠷᠳᠤᠨ ᠤ ᠬᠤᠶᠠᠷ ᠲᠠᠯ᠎ᠠ | ᠶᠢᠨ ᠬᠢᠨᠠᠨ ᠰᠢᠯᠭᠠᠬᠤ ᠲᠤᠭᠳᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠱᠠᠳᠤ ᠱᠠᠳᠤ ᠪᠠᠷ ᠮᠦᠷᠳᠡᠨ ᠲᠠᠷᠤᠵᠦ | ᠂ ᠵᠠᠰᠠᠭ ᠤᠨ ᠤᠷᠳᠤᠨ ᠤ ᠵᠢᠯᠤᠭᠤᠳᠬᠤ ᠦᠢᠯᠡᠳᠤᠯ ᠢ ᠤᠷᠭᠢᠯ ᠳᠤᠨᠢ ᠲᠤᠯᠳᠠᠯ᠎ᠠ ᠪᠠᠳᠠᠷᠠᠭᠤᠯᠬᠤ ᠬᠡᠷᠡᠭᠲᠠᠢ᠃ ᠠᠵᠦ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠠᠢ᠃ ᠶᠠᠰᠤ ᠴᠢᠨᠠᠷ ᠤᠨ | ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠪᠤᠯ ᠠᠵᠦ ᠠᠬᠤᠶᠢᠯᠠᠯ ᠮᠦᠨ᠂ ᠶᠠᠰᠤ ᠴᠢᠨᠠᠷ ᠤᠨ | ᠬᠢᠨᠠᠯᠳᠠ ᠬᠠᠮᠢᠶᠠᠷᠤᠯᠳᠠ ᠶᠢᠨ ᠡᠬᠢ ᠰᠤᠷᠪᠤᠯᠵᠢ ᠨᠢ ᠠᠵᠦ ᠠᠬᠤᠶᠢᠯᠠᠯ ᠳᠤ ᠪᠤᠢ᠃ ᠡᠯ᠎ᠡ ᠱᠠᠳᠤᠨ ᠤ ᠬᠢᠨ ᠶᠠᠰᠤ | ᠴᠢᠨᠠᠷ ᠤᠨ ᠬᠢᠨᠠᠨ ᠬᠠᠮᠢᠶᠠᠷᠤᠯᠳᠠ ᠶᠢᠨ ᠦᠷ᠎ᠡ ᠪᠦᠳᠤᠮᠵᠢᠳᠤ ᠴᠢᠨᠠᠷ ᠢ ᠨᠡᠮᠡᠭᠳᠡᠭᠦᠯᠬᠦ ᠭᠤᠤᠯᠳᠠᠯᠭ᠎ᠠ ᠪᠠᠨ ᠠᠵᠦ | ᠠᠬᠤᠶᠢᠯᠠᠯ ᠳᠤ ᠳᠠᠯᠪᠢᠵᠦ᠂ ᠠᠵᠦ ᠠᠬᠤᠶᠢᠯᠠᠯ ᠳᠤ ︽ᠡᠭᠦᠷᠭᠡ ᠲᠠᠷᠤᠭᠠᠰᠤ ᠶᠢ ᠨᠢ ᠬᠦᠩᠬᠡᠯᠡᠨ ᠦᠭᠬᠦ︾ ᠤᠷᠢᠳᠠᠯ | ᠳᠤᠤᠷ᠎ᠠ᠂ ᠠᠵᠦ ᠠᠬᠤᠶᠢᠯᠠᠯ ᠳᠤ ᠶᠠᠰᠤ ᠴᠢᠨᠠᠷ ᠢ ᠬᠢᠨᠠᠨ ᠬᠠᠮᠢᠶᠠᠷᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ | ᠨᠢ ᠲᠤᠳᠤᠷᠬᠠᠶᠢᠯᠠᠨ ᠦᠭᠴᠤ᠂ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠬᠡᠯᠡᠵᠦ ᠦᠭᠴᠤ᠂ ᠠᠵᠦ ᠠᠬᠤᠶᠢᠯᠠᠯ ᠢ | ᠦᠨᠡᠨᠬᠦ ᠵᠠᠬ᠎ᠠ ᠳᠡᠯᠭᠡᠭᠦᠷ ᠤᠨ ᠭᠤᠤᠯ ᠴᠤᠭᠴᠠ᠂ ᠶᠠᠰᠤ ᠴᠢᠨᠠᠷ ᠤᠨ ᠭᠤᠤᠯ ᠴᠤᠭᠴᠠ ᠪᠤᠯᠭᠠᠬᠤ ᠬᠡᠷᠡᠭᠲᠠᠢ᠃ ᠡᠷᠬᠡ | ᠴᠢᠳᠠᠪᠤᠷᠢᠳᠤ ᠰᠠᠯᠠᠭ᠎ᠠ ᠮᠦᠴᠢᠷ ᠤᠨ ᠬᠡᠷᠡᠭ ᠶᠠᠪᠤᠳᠠᠯ ᠤᠨ ᠡᠮᠤᠨ᠎ᠡ ᠬᠤᠶᠢᠨ᠎ᠡ ᠬᠢᠨᠠᠨ ᠬᠠᠮᠢᠶᠠᠷᠬᠤ ᠡᠷᠴᠢᠮ ᠢ ᠨᠢ | ᠴᠢᠩᠭᠠᠯᠠᠬᠤ ᠬᠡᠷᠡᠭᠲᠠᠢ᠃ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠰᠤᠭᠤᠴᠢᠨ ᠪᠠᠶᠢᠴᠠᠭᠠᠬᠤ ᠰᠢᠨᠵᠢᠯᠡᠬᠦ | ᠤᠬᠠᠭᠠᠨᠴᠢ ᠲᠦᠷᠢᠮ ᠢ ᠪᠠᠶᠢᠭᠤᠯᠵᠦ᠂ ᠲᠦᠭᠰᠢᠭᠦᠷᠢ ᠶᠡᠬᠡᠲᠠᠢ ᠦᠢᠯᠡᠳᠭᠦᠨ᠂ ᠭᠤᠤᠯᠳᠠᠯᠭ᠎ᠠ ᠲᠠᠢ ᠬᠡᠷᠡᠭᠯᠡᠭᠡᠨ ᠤ | ᠦᠢᠯᠡᠳᠭᠦᠨ᠂ ᠡᠯᠧᠺᠲᠷᠤᠨ ᠬᠤᠳᠠᠯᠳᠤᠭᠠᠨ ᠤ ᠦᠢᠯᠡᠳᠭᠦᠨ ᠤ ᠬᠢᠨᠠᠯᠳᠠ ᠳᠠᠯᠪᠢᠯᠳᠠ ᠶᠢ ᠰᠤᠭᠤᠴᠢᠨ ᠪᠠᠶᠢᠴᠠᠭᠠᠬᠤ | ᠡᠷᠴᠢᠮ ᠢ ᠴᠢᠩᠭᠠᠯᠠᠬᠤ ᠬᠡᠷᠡᠭᠲᠠᠢ︔ ᠶᠠᠰᠤ ᠴᠢᠨᠠᠷ ᠤᠨ ᠠᠮᠤᠷ ᠲᠦᠪᠰᠢᠨ ᠲᠦᠭᠰᠢᠭᠦᠷᠢ ᠶᠢᠨ ᠬᠠᠮᠢᠶᠠᠷᠤᠯᠳᠠ᠂ | ᠦᠢᠯᠡᠳᠬᠦᠨ ᠤ ᠬᠤᠤᠷᠳᠠᠭᠤᠯᠤᠯ ᠤᠨ ᠬᠢᠨᠠᠨ ᠬᠡᠮᠵᠢᠯᠳᠠ ᠪᠤᠯᠤᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠨ | ᠬᠡᠮᠵᠢᠯᠳᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠦ᠂ ᠬᠡᠷᠡᠭ ᠠᠴᠠ ᠡᠮᠤᠨ᠎ᠡ ᠤᠷᠢᠳᠴᠢᠯᠠᠨ ᠰᠡᠷᠭᠡᠶᠢᠯᠡᠬᠦ | ᠪᠤᠯᠭᠠᠬᠤ ᠬᠡᠷᠡᠭᠲᠠᠢ︔ ᠵᠤᠬᠢᠶᠠᠨ ᠪᠠᠶᠢᠭᠤᠯᠬᠤ ᠪᠠᠶᠢᠭᠤᠯᠤᠮᠵᠢ ᠶᠢᠨ ᠤᠷᠤᠯᠠᠬᠤ ᠨᠤᠮᠧᠷ ᠢᠶᠠᠷ ᠰᠠᠭᠤᠷᠢ ᠪᠤᠯᠭᠠᠭᠰᠠᠨ | ᠶᠠᠰᠤ ᠴᠢᠨᠠᠷ ᠤᠨ ᠢᠳᠡᠭᠡᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠦ᠂ ᠶᠠᠰᠤ ᠴᠢᠨᠠᠷ ᠤᠨ ᠮᠠᠳᠡᠭᠡ ᠵᠠᠩᠬᠢ ᠶᠢ | ᠢᠯᠡᠷᠡᠭᠦᠯᠬᠦ ᠲᠤᠭᠳᠠᠴᠠ ᠶᠢ ᠳᠡᠭᠦᠯᠳᠡᠷᠵᠢᠭᠦᠯᠵᠦ᠂ ᠶᠠᠰᠤ ᠴᠢᠨᠠᠷ ᠤᠨ ︽ᠨᠡᠷ᠎ᠡ ᠶᠢᠨ ᠬᠠᠷ᠎ᠠ ᠳᠠᠩᠰᠠ︾ ᠶᠢ | ᠬᠡᠷᠡᠭᠵᠢᠬᠦᠯᠬᠦ ᠲᠦᠷᠢᠮ ᠢ ᠱᠠᠯᠠᠪᠬᠠᠨ ᠪᠠᠶᠢᠭᠤᠯᠬᠤ ᠬᠡᠷᠡᠭᠲᠠᠢ︔ ᠲᠦᠪᠯᠡᠷᠡᠭᠦᠯᠦᠨ ᠵᠠᠰᠠᠬᠤ ᠠᠵᠢᠯᠯᠠᠭ᠎ᠠ ᠶᠢ | ᠬᠦᠨᠵᠡᠭᠡᠢ ᠦᠷᠨᠢᠭᠦᠯᠵᠦ᠂ ᠬᠢᠨᠠᠨ ᠬᠠᠮᠢᠶᠠᠷᠬᠤ ᠨᠢ ᠪᠠᠷᠤᠭᠲᠠᠢ ᠤᠷᠤᠨ ᠲᠤᠭᠤᠷᠢᠭ ᠢ ᠪᠤᠯ ᠤᠷᠤᠨ ᠨᠤᠳᠤᠭ ᠤᠨ | ᠵᠠᠰᠠᠭ ᠤᠨ ᠤᠷᠳᠤᠨ ᠲᠠᠢ ᠨᠢ ᠳᠠᠷᠤᠶᠢᠬᠠᠨ ᠪᠤᠯᠵᠤᠨ ᠶᠠᠷᠢᠯᠴᠠᠭᠤᠯᠵᠦ᠂ ᠲᠤᠮᠤ ᠬᠡᠷᠡᠭ ᠴᠢᠬᠤᠯᠠ ᠬᠡᠷᠡᠭ ᠢ ᠴᠢᠩᠭ᠎ᠠ | ᠲᠤᠤᠱᠲᠠᠢ ᠪᠠᠶᠢᠴᠠᠭᠠᠨ ᠰᠢᠢᠳᠪᠤᠷᠢᠯᠡᠵᠦ᠂ ᠬᠡᠷᠡᠭ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ ᠠᠴᠠ ᠪᠠᠨ ᠢᠯᠡ | ᠨᠡᠶᠢᠳᠡᠯᠡᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠨᠡᠶᠢᠳᠡ ᠶᠢᠨ ᠢᠳᠡᠭᠡᠮᠵᠢ ᠶᠢᠨ ᠬᠦᠴᠤᠨ ᠢ | ᠨᠡᠮᠡᠭᠳᠡᠭᠦᠯᠬᠦ ᠬᠡᠷᠡᠭᠲᠠᠢ︔ ᠮᠡᠷᠭᠡᠵᠢᠯ ᠤᠨ ᠲᠤᠯᠭᠠᠭᠤᠷᠢᠯᠠᠬᠤ ᠦᠢᠯᠡᠳᠤᠯ ᠢ ᠪᠦᠳᠤᠮᠵᠢᠲᠠᠢ ᠪᠠᠷ ᠪᠠᠳᠠᠷᠠᠭᠤᠯᠵᠦ᠂ | ᠮᠡᠷᠭᠡᠵᠢᠯ ᠳᠤ ᠲᠦᠰᠢᠭᠯᠡᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠡᠷᠭᠡ | ᠰᠦᠷᠳᠤ ᠴᠢᠨᠠᠷ ᠢ ᠴᠢᠩᠭᠠᠷᠠᠭᠤᠯᠵᠦ᠂ ᠮᠡᠷᠭᠡᠵᠢᠯ ᠳᠤ ᠲᠦᠰᠢᠭᠯᠡᠨ ᠶᠠᠰᠤ ᠴᠢᠨᠠᠷ ᠤᠨ ᠰᠤᠬᠤᠷ ᠪᠠᠯᠠᠶᠢᠴᠢ ᠴᠢᠨᠠᠷ᠂ | ᠳᠤᠷ᠎ᠠ ᠳᠠᠪᠠᠳᠤ ᠴᠢᠨᠠᠷ ᠢ ᠰᠢᠢᠳᠪᠤᠷᠢᠯᠠᠵᠦ᠂ ᠮᠡᠷᠭᠡᠵᠢᠯ ᠳᠤ ᠲᠦᠰᠢᠭᠯᠡᠨ ᠠᠵᠢᠯ ᠲᠦᠷᠦᠯ ᠤᠨ ᠭᠠᠭᠴᠠᠭᠠᠷ | ᠡᠵᠡᠷᠬᠡᠭᠯᠡᠯ ᠢ ᠠᠷᠢᠯᠭᠠᠵᠦ᠂ ᠤᠷᠤᠨ ᠨᠤᠳᠤᠭ ᠤᠨ ᠬᠠᠮᠠᠭᠠᠴᠯᠠᠯᠳᠠ ᠶᠢ ᠡᠪᠳᠡᠬᠦ ᠬᠡᠷᠡᠭᠲᠠᠢ᠃ ᠶᠠᠰᠤ ᠴᠢᠨᠠᠷ ᠢ | ᠬᠠᠮᠳᠤ ᠪᠠᠷ ᠢᠶᠠᠨ ᠵᠠᠰᠠᠬᠤ ᠬᠡᠪ ᠪᠠᠶᠢᠳᠠᠯ ᠢ ᠪᠤᠢ ᠪᠤᠯᠭᠠᠬᠤ ᠬᠡᠷᠡᠭᠲᠠᠢ᠃ ᠰᠠᠯᠠᠭ᠎ᠠ ᠮᠦᠴᠢᠷ ᠤᠳ ᠬᠠᠮᠳᠤᠷᠠᠨ | ᠶᠠᠰᠤ ᠴᠢᠨᠠᠷ ᠢ ᠠᠳᠬᠤᠬᠤ ᠶᠢ ᠢᠳᠡᠪᠬᠢᠲᠠᠢ ᠠᠬᠢᠭᠤᠯᠵᠦ᠂ ᠦᠢᠯᠡᠳᠬᠦᠨ ᠤ ᠶᠠᠰᠤ ᠴᠢᠨᠠᠷ᠂ ᠪᠠᠷᠢᠯᠭ᠎ᠠ ᠶᠢᠨ ᠶᠠᠰᠤ | ᠴᠢᠨᠠᠷ᠂ ᠦᠢᠯᠡᠴᠢᠯᠡᠭᠡᠨ ᠤ ᠶᠠᠰᠤ ᠴᠢᠨᠠᠷ᠂ ᠤᠷᠴᠢᠨ ᠲᠤᠭᠤᠷᠢᠨ ᠤ ᠶᠠᠰᠤ ᠴᠢᠨᠠᠷ ᠢ ᠴᠤᠭ ᠢᠶᠠᠷ ᠠᠳᠬᠤᠨ ᠬᠠᠮᠳᠤ | ᠪᠠᠷ ᠬᠠᠮᠢᠶᠠᠷᠴᠤ᠂ ᠬᠠᠮᠳᠤ ᠪᠠᠷ ᠠᠷᠭ᠎ᠠ ᠪᠤᠳᠤᠯᠭ᠎ᠠ ᠭᠠᠷᠭᠠᠵᠦ᠂ ᠬᠦᠴᠤ ᠪᠠᠨ ᠳᠡᠩᠴᠡᠭᠦᠷᠢᠲᠠᠢ ᠬᠡᠷᠡᠭᠯᠡᠵᠦ᠂ | ᠤᠯᠠᠨ ᠨᠡᠶᠢᠳᠡ ᠶᠢᠨ ᠠᠮᠤᠷ ᠲᠦᠪᠰᠢᠨ᠂ ᠬᠦᠮᠤᠨ ᠠᠷᠠᠳ ᠤᠨ ᠡᠷᠡᠭᠦᠯ ᠮᠡᠨᠳᠤ ᠪᠠ ᠠᠮᠢ ᠨᠠᠰᠤ᠂ ᠡᠳ᠋ ᠬᠦᠷᠦᠩᠬᠡ | ᠶᠢᠨ ᠠᠮᠤᠷ ᠲᠦᠪᠰᠢᠨ ᠲᠠᠢ ᠬᠤᠯᠪᠤᠭᠳᠠᠬᠤ ᠭᠤᠤᠯᠳᠠᠯᠭ᠎ᠠ ᠲᠠᠢ ᠶᠠᠰᠤ ᠴᠢᠨᠠᠷ ᠤᠨ ᠠᠰᠠᠭᠤᠳᠠᠯ ᠢ ᠪᠦᠳᠤᠮᠵᠢᠲᠠᠢ ᠪᠠᠷ | ᠰᠢᠢᠳᠪᠤᠷᠢᠯᠠᠬᠦ ᠬᠡᠷᠡᠭᠲᠠᠢ︔ ᠪᠦᠬᠦ ᠨᠡᠶᠢᠭᠡᠮ ᠢᠶᠠᠷ ᠢᠶᠠᠨ ᠶᠠᠰᠤ ᠴᠢᠨᠠᠷ ᠢ ᠠᠳᠬᠤᠬᠤ ᠶᠢ ᠪᠦᠳᠤᠮᠵᠢᠲᠠᠢ ᠠᠬᠢᠭᠤᠯᠵᠦ᠂ | ᠨᠡᠶᠢᠭᠡᠮ ᠨᠡᠶᠢᠳᠡ ᠶᠢᠨ ᠬᠦᠴᠤᠨ ᠢ ᠦᠷᠭᠡᠨ ᠢᠶᠠᠷ ᠲᠠᠶᠢᠴᠢᠯᠠᠵᠦ᠂ ᠨᠡᠶᠢᠭᠡᠮ ᠤᠨ ᠪᠦᠯᠭᠦᠮ᠂ ᠤᠯᠠᠨ ᠲᠤᠮᠡᠨ ᠤ | ᠵᠤᠬᠢᠶᠠᠨ ᠪᠠᠶᠢᠭᠤᠯᠤᠯᠳᠠ᠂ ᠰᠤᠨᠢᠨ ᠮᠡᠳᠡᠭᠡᠯᠡᠯ ᠤᠨ ᠵᠠᠭᠤᠴᠢ ᠶᠠᠰᠤ ᠴᠢᠨᠠᠷ ᠲᠤ ᠬᠢᠨᠠᠯᠳᠠ ᠳᠠᠯᠪᠢᠬᠤ ᠳᠤ | ᠤᠷᠤᠯᠴᠠᠬᠤ ᠶᠢ ᠵᠤᠷᠢᠭᠵᠢᠭᠤᠯᠬᠤ ᠪᠠ ᠳᠡᠮᠵᠢᠯᠭᠡ ᠦᠵᠡᠭᠦᠯᠵᠦ᠂ ᠬᠡᠷᠡᠭᠯᠡᠭᠴᠢᠳ ᠢ ᠵᠢᠯᠤᠭᠤᠳᠤᠨ ᠶᠠᠰᠤ ᠴᠢᠨᠠᠷ ᠤᠨ | ᠲᠠᠯ᠎ᠠ ᠪᠠᠷ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠳᠡᠪᠬᠢᠲᠠᠢ ᠢᠯᠡᠴᠢᠯᠡᠭᠦᠯᠵᠦ᠂ ᠪᠦᠬᠦ ᠠᠷᠠᠳ ᠤᠨ ᠶᠠᠰᠤ | ᠴᠢᠨᠠᠷ ᠤᠨ ᠦᠵᠡᠯ ᠤᠬᠠᠮᠰᠠᠷ ᠢ ᠳᠡᠭᠡᠭᠰᠢᠯᠡᠬᠦᠯᠵᠦ᠂ ᠶᠠᠰᠤ ᠴᠢᠨᠠᠷ ᠢ ᠡᠷᠬᠢᠮᠯᠡᠨ ᠦᠵᠡᠬᠦ᠂ ᠦᠨᠡᠨ ᠭᠤᠤᠯᠴᠢ | ᠪᠠᠶᠢᠬᠤ ᠶᠠᠷᠢᠶ᠎ᠠ ᠬᠡᠯᠡᠯᠴᠡᠭᠡ ᠶᠢᠨ ᠤᠷᠴᠢᠨ ᠢ ᠪᠤᠢ ᠪᠤᠯᠭᠠᠬᠤ ᠬᠡᠷᠡᠭᠲᠠᠢ᠃ ᠬᠤᠶᠠᠷ ᠲᠤ᠂ ᠠᠵᠢᠯ ᠤᠨ ᠠᠷᠭ᠎ᠠ | ᠬᠡᠯᠪᠡᠷᠢ ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠡᠯ᠎ᠡ ᠱᠠᠳᠤᠨ ᠤ ᠬᠢᠨ ᠰᠢᠨ᠎ᠡ ᠪᠠᠶᠢᠳᠠᠯ ᠳᠤ ᠰᠠᠨᠠᠭᠠᠴᠢᠯᠠᠭ᠎ᠠ | ᠠᠴᠠ ᠪᠠᠨ ᠲᠤᠬᠢᠷᠠᠯᠴᠠᠵᠦ᠂ ᠰᠢᠨ᠎ᠡ ᠠᠷᠭ᠎ᠠ ᠪᠤᠳᠤᠯᠭ᠎ᠠ ᠶᠢ ᠰᠤᠳᠤᠯᠵᠦ᠂ ᠠᠵᠢᠯ ᠤᠨ ᠠᠷᠭ᠎ᠠ ᠬᠡᠯᠪᠡᠷᠢ ᠪᠠᠨ | ᠢᠳᠡᠪᠬᠢᠲᠠᠢ ᠬᠤᠪᠢᠷᠠᠭᠤᠯᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠦᠷ᠎ᠡ ᠪᠦᠳᠤᠮᠵᠢᠳᠤ ᠴᠢᠨᠠᠷ ᠢ | ᠨᠡᠮᠡᠭᠳᠡᠭᠦᠯᠬᠦ ᠬᠡᠷᠡᠭᠲᠠᠢ᠃ ᠦᠵᠡᠯ ᠲᠠᠨᠢᠯᠳᠠ ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠬᠤᠮᠠᠬᠢ ᠬᠠᠮᠢᠶᠠᠷᠤᠯᠳᠠ ᠶᠢ | ᠴᠢᠬᠤᠯᠠᠴᠢᠯᠠᠵᠦ ᠪᠠᠶᠢᠭᠰᠠᠨ ᠠᠴᠠ ᠪᠠᠨ ᠬᠤᠷᠸ᠎ᠠ ᠬᠠᠮᠢᠶᠠᠷᠤᠯᠳᠠ ᠶᠢ ᠡᠷᠬᠢᠮᠯᠡᠬᠦ ᠪᠤᠯᠭᠠᠵᠦ᠂ ᠬᠤᠷᠸ᠎ᠠ ᠡᠵᠡᠮᠰᠢᠯ | ᠲᠤᠬᠢᠷᠠᠭᠤᠯᠭ᠎ᠠ ᠪᠤᠯᠤᠨ ᠡᠬᠢ ᠰᠤᠷᠪᠤᠯᠵᠢ ᠶᠢᠨ ᠬᠠᠮᠢᠶᠠᠷᠤᠯᠳᠠ ᠶᠢ ᠨᠡᠩ ᠴᠢᠬᠤᠯᠠᠴᠢᠯᠠᠵᠦ᠂ ᠬᠠᠤᠯᠢ ᠴᠠᠭᠠᠵᠠ᠂ | ᠵᠠᠰᠠᠭ ᠵᠠᠬᠢᠷᠭ᠎ᠠ᠂ ᠮᠡᠷᠭᠡᠵᠢᠯ ᠵᠡᠷᠬᠡ ᠶᠢᠨ ᠠᠷᠭ᠎ᠠ ᠪᠠᠷᠢᠯ ᠢ ᠬᠡᠷᠡᠭᠯᠡᠬᠦ ᠪᠠᠷ ᠲᠠᠮᠵᠢᠭᠤᠯᠤᠨ ᠦᠢᠯᠡᠳᠭᠦᠨ ᠤ ᠶᠠᠰᠤ | ᠴᠢᠨᠠᠷ ᠢ ᠨᠦᠯᠦᠭᠡᠯᠡᠬᠦ ᠴᠢᠬᠤᠯᠠ ᠡᠯᠧᠮᠧᠨ᠋ᠲ ᠤᠨ ᠬᠠᠮᠢᠶᠠᠷᠤᠯᠳᠠ ᠶᠢ ᠴᠢᠩᠭᠠᠷᠠᠭᠤᠯᠵᠦ᠂ ᠠᠵᠦ ᠠᠬᠤᠶᠢᠯᠠᠯ ᠢ | ᠬᠠᠪᠰᠤᠷᠤᠨ ᠳᠤᠳᠤᠭᠠᠳᠤ ᠳᠠᠭᠠᠨ ᠬᠡᠷᠡᠭᠵᠢᠬᠦᠯᠦᠰᠢᠲᠠᠢ ᠶᠠᠰᠤ ᠴᠢᠨᠠᠷ ᠤᠨ ᠠᠵᠢᠯ ᠤᠨ ᠬᠠᠷᠢᠭᠤᠴᠠᠯᠭ᠎ᠠ ᠶᠢᠨ | ᠲᠤᠭᠳᠠᠴᠠ ᠶᠢ ᠪᠠᠶᠢᠭᠤᠯᠵᠦ᠂ ︽ᠠᠵᠦ ᠠᠬᠤᠶᠢᠯᠠᠯ ᠡᠵᠡᠨ ᠮᠡᠳᠡᠬᠦ᠂ ᠵᠠᠬ᠎ᠠ ᠳᠡᠯᠭᠡᠭᠦᠷ ᠢᠶᠠᠷ ᠲᠤᠬᠢᠷᠠᠭᠤᠯᠬᠤ᠂ ᠠᠵᠢᠯ | ᠲᠦᠷᠦᠯ ᠦᠪᠡᠷ ᠢ ᠪᠠᠨ ᠱᠠᠭᠠᠷᠳᠠᠬᠤ᠂ ᠰᠠᠯᠠᠭ᠎ᠠ ᠮᠦᠴᠢᠷ ᠬᠢᠨᠠᠨ ᠬᠠᠮᠢᠶᠠᠷᠬᠤ᠂ ᠨᠡᠶᠢᠭᠡᠮ ᠨᠡᠶᠢᠳᠡ ᠪᠠᠷ ᠢᠶᠠᠨ | ᠤᠷᠤᠯᠴᠠᠬᠤ︾ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢᠨ ᠪᠠᠶᠢᠳᠠᠯ ᠢ ᠪᠤᠢ ᠪᠤᠯᠭᠠᠬᠤ ᠬᠡᠷᠡᠭᠲᠠᠢ᠃ ᠬᠢᠨᠠᠯᠳᠠ | ᠬᠠᠮᠢᠶᠠᠷᠤᠯᠳᠠ ᠶᠢᠨ ᠵᠦᠪ ᠤᠨᠤᠯᠵᠢᠬᠤᠨ ᠪᠠ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢ ᠪᠤᠢ ᠪᠤᠯᠭᠠᠬᠤ | ᠬᠡᠷᠡᠭᠲᠠᠢ᠃ ᠬᠢᠨᠠᠯᠳᠠ ᠬᠠᠮᠢᠶᠠᠷᠤᠯᠳᠠ ᠶᠢ ᠬᠦᠨᠳᠤᠳᠭᠡᠵᠦ ᠦᠢᠯᠡᠴᠢᠯᠡᠭᠡᠨ ᠢ ᠬᠦᠩᠬᠡᠪᠴᠢᠯᠡᠳᠡᠭ ᠪᠠᠶᠢᠭᠰᠠᠨ ᠢ | ᠬᠢᠨᠠᠯᠳᠠ ᠬᠠᠮᠢᠶᠠᠷᠤᠯᠳᠠ ᠦᠢᠯᠡᠴᠢᠯᠡᠭᠡᠨ ᠢ ᠬᠤᠤᠰᠯᠠᠭᠤᠯᠬᠤ ᠦᠭᠡᠳᠡ ᠬᠤᠪᠢᠷᠠᠭᠤᠯᠵᠦ᠂ ᠦᠢᠯᠡᠴᠢᠭᠡᠨ ᠤ ᠴᠢᠨᠠᠷᠲᠠᠢ | ᠶᠠᠰᠤ ᠴᠢᠨᠠᠷ ᠤᠨ ᠬᠢᠨᠠᠯᠳᠠ ᠳᠠᠯᠪᠢᠬᠤ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠤᠨ ᠪᠤᠳᠠᠲᠠᠢ | ᠪᠠᠶᠢᠳᠠᠯ ᠪᠠ ᠬᠡᠷᠡᠭᠴᠡᠭᠡ ᠳᠤ ᠴᠢᠭᠯᠡᠭᠦᠯᠤᠨ᠂ ᠡᠯ᠎ᠡ ᠲᠦᠷᠦᠯ ᠤᠨ ᠡᠬᠢ ᠪᠠᠶᠠᠯᠢᠭ ᠢ ᠪᠦᠳᠤᠮᠵᠢᠲᠠᠢ ᠪᠠᠷ ᠨᠡᠶᠢᠯᠡᠬᠦᠯᠬᠦ᠂ | ᠴᠤᠭᠯᠠᠭᠤᠯᠬᠤ ᠪᠠ ᠰᠢᠯᠢᠳᠡᠭᠵᠢᠬᠦᠯᠵᠦ᠂ ᠠᠵᠦ ᠠᠬᠤᠶᠢᠯᠠᠯ ᠳᠤ ᠶᠠᠰᠤ ᠴᠢᠨᠠᠷ ᠶᠢ ᠬᠠᠮᠢᠶᠠᠷᠬᠤ᠂ ᠮᠡᠷᠭᠡᠵᠢᠯ ᠤᠨ | ᠰᠢᠪᠳᠤᠯᠤᠯᠳᠠ ᠬᠢᠬᠦ᠂ ᠪᠠᠷᠢᠮᠵᠢᠶᠠᠵᠢᠭᠤᠯᠤᠨ ᠪᠦᠳᠤᠭᠡᠨ ᠪᠠᠶᠢᠭᠤᠯᠬᠤ᠂ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ᠂ | ᠨᠡᠷᠡᠳᠤ ᠦᠢᠯᠡᠳᠬᠦᠨ ᠡᠭᠦᠳᠬᠦ ᠵᠡᠷᠭᠡ ᠪᠦᠬᠦ ᠲᠠᠯ᠎ᠠ ᠶᠢᠨ ᠦᠢᠯᠡᠴᠢᠯᠡᠭᠡᠨ ᠬᠠᠩᠭᠠᠵᠦ᠂ ᠠᠵᠦ ᠠᠬᠤᠶᠢᠯᠠᠯ ᠤᠨ ᠶᠠᠰᠤ | ᠴᠢᠨᠠᠷ ᠤᠨ ᠬᠦᠭᠵᠢᠯᠳᠡ ᠶᠢ ᠠᠬᠢᠭᠤᠯᠬᠤ ᠨᠢᠬᠡᠨ ᠲᠦᠬᠦᠷ ᠮᠡᠷᠭᠡᠵᠢᠯ ᠤᠨ ᠲᠤᠯᠭᠠᠭᠤᠷᠢ ᠰᠢᠰᠲ᠋ᠧᠮ ᠪᠤᠯᠤᠨ ᠡᠬᠢ | ᠪᠠᠶᠠᠯᠢᠭ ᠢ ᠬᠠᠮᠳᠤ ᠪᠠᠷ ᠬᠦᠷᠳᠡᠬᠦ ᠠᠷᠭ᠎ᠠ ᠵᠠᠮ ᠢ ᠬᠦᠴᠤᠯᠡᠨ ᠪᠤᠢ ᠪᠤᠯᠭᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ | ᠶᠢᠨ ᠲᠠᠯ᠎ᠠ ᠪᠠᠷ ᠬᠡᠷᠡᠭ ᠶᠠᠪᠤᠳᠠᠯ ᠠᠴᠠ ᠡᠮᠤᠨ᠎ᠡ ᠬᠢᠨᠠᠨ ᠵᠦᠪᠰᠢᠶᠡᠷᠡᠬᠦ ᠶᠢ ᠬᠦᠨᠳᠤᠳᠭᠡᠵᠦ ᠪᠠᠶᠢᠭᠰᠠᠨ ᠢ ᠬᠡᠷᠡᠭ | ᠶᠠᠪᠤᠳᠠᠯ ᠤᠨ ᠳᠤᠮᠳᠠ ᠪᠠ ᠬᠤᠶᠢᠨ᠎ᠠ ᠨᠢ ᠬᠢᠨᠠᠨ ᠬᠠᠮᠢᠶᠠᠷᠬᠤ ᠦᠬᠡᠳᠡ ᠬᠤᠪᠢᠷᠠᠭᠤᠯᠵᠦ᠂ ᠡᠳᠤᠷ ᠲᠤᠳᠤᠮ ᠤᠨ | ᠬᠢᠨᠠᠨ ᠪᠠᠶᠢᠴᠠᠭᠠᠯᠳᠠ᠂ ᠲᠤᠭ᠎ᠠ ᠪᠠᠷᠢᠮᠳᠠ ᠶᠢᠨ ᠰᠢᠯᠭᠠᠯᠳᠠ ᠬᠡᠮᠵᠢᠯᠳᠡ᠂ ᠭᠤᠮᠤᠳᠠᠯ ᠲᠤᠭᠠᠴᠠᠬᠤ ᠢᠯᠡᠴᠢᠯᠡᠬᠦ | ᠲᠠᠪᠴᠠᠩ᠂ ᠶᠠᠷᠢᠶ᠎ᠠ ᠬᠡᠯᠡᠯᠴᠡᠭᠡᠨ ᠤ ᠵᠠᠳᠠᠯᠤᠯᠳᠠ ᠵᠡᠷᠭᠡ ᠮᠡᠳᠡᠭᠡ ᠵᠠᠩᠭᠢ ᠶᠢᠨ ᠢᠷᠡᠯᠳᠡ ᠪᠠᠷ ᠲᠠᠮᠵᠢᠭᠤᠯᠤᠨ᠂ | ᠦᠢᠯᠡᠳᠬᠦᠨ ᠤ ᠶᠠᠰᠤ ᠴᠢᠨᠠᠷ ᠤᠨ ᠪᠠᠶᠢᠳᠠᠯ ᠢ ᠡᠵᠡᠮᠰᠢᠬᠦ ᠬᠡᠷᠡᠭᠲᠠᠢ︔ ᠴᠢᠩᠭ᠎ᠠ ᠬᠢᠨᠠᠨ ᠪᠠᠶᠢᠴᠠᠭᠠᠵᠦ᠂ ᠵᠠᠬ᠎ᠠ | ᠳᠡᠯᠭᠡᠭᠦᠷ ᠤᠨ ᠠᠵᠦ ᠠᠬᠤᠢ ᠶᠢᠨ ᠡᠮᠬᠢ ᠲᠢᠭᠯᠢᠮ ᠢ ᠬᠠᠮᠠᠭᠠᠯᠠᠬᠤ ᠬᠡᠷᠡᠭᠲᠠᠢ︔ ᠴᠢᠩᠭ᠎ᠠ ᠮᠦᠷᠳᠡᠨ ᠴᠡᠭᠴᠡᠯᠡᠨ | ᠵᠠᠰᠠᠵᠦ᠂ ᠠᠵᠦ ᠠᠬᠤᠶᠢᠯᠠᠯ ᠢ ᠬᠡᠷᠡᠭ ᠶᠠᠪᠤᠳᠠᠯ ᠤᠨ ᠲᠠᠷᠠᠭ᠎ᠠ ᠬᠢᠨᠠᠨ ᠬᠠᠮᠢᠶᠠᠷᠬᠤ ᠶᠢ ᠴᠢᠩᠭᠠᠷᠠᠭᠤᠯᠬᠤ ᠬᠡᠷᠡᠭᠲᠠᠢ ᠃ | ᠰᠠᠶᠢᠨ ᠰᠠᠶᠢᠬᠠᠨ ᠠᠵᠢᠯᠯᠠᠭᠠᠨ ᠤ ᠲᠤᠭᠳᠠᠴᠠ ᠶᠢ ᠡᠭᠦᠳᠤᠨ ᠪᠠᠶᠢᠭᠤᠯᠬᠤ ᠬᠡᠷᠡᠭᠲᠠᠢ᠃ ᠱᠠᠯᠠᠪᠳᠠᠨ ᠵᠠᠰᠠᠨ | ᠴᠡᠭᠴᠡᠯᠡᠵᠦ ᠪᠠᠶᠢᠭᠰᠠᠨ ᠢ ᠤᠷᠳᠤ ᠬᠤᠭᠤᠴᠠᠭ᠎ᠠ ᠬᠦᠴᠤᠨ ᠲᠠᠢ ᠲᠤᠭᠳᠠᠴᠠ ᠶᠢ ᠪᠠᠶᠢᠭᠤᠯᠬᠤ ᠵᠦᠭ ᠬᠤᠪᠢᠷᠠᠭᠤᠯᠵᠦ᠂ | ᠲᠤᠰᠬᠠᠢ ᠴᠡᠭᠴᠡᠯᠡᠨ ᠵᠠᠰᠠᠬᠤ ᠲᠤᠭᠳᠠᠴᠠ ᠶᠢ ᠳᠡᠭᠦᠯᠳᠡᠷᠵᠢᠭᠦᠯᠵᠦ᠂ ᠬᠡᠯᠪᠡᠷᠢ ᠶᠢ ᠯᠠ ᠡᠷᠬᠢᠮᠯᠡᠭᠡᠳ ᠦᠷ᠎ᠡ | ᠪᠦᠳᠤᠭᠡᠯ ᠢ ᠤᠮᠳᠤᠭᠠᠶᠢᠯᠠᠬᠤ ᠶᠠᠪᠤᠳᠠᠯ ᠢ ᠡᠷᠡᠰ ᠲᠡᠪᠴᠢᠵᠦ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ | ᠭᠤᠤᠯᠳᠠᠯᠭ᠎ᠠ᠂ ᠬᠦᠴᠢᠷᠲᠠᠢ ᠠᠰᠠᠭᠤᠳᠠᠯ ᠳᠤ ᠴᠢᠭᠯᠡᠭᠦᠯᠤᠨ᠂ ᠤᠷᠳᠤ ᠬᠤᠭᠤᠴᠠᠭ᠎ᠠ ᠬᠦᠴᠤᠨ ᠲᠠᠢ ᠲᠤᠭᠳᠠᠴᠠ ᠶᠢ | ᠰᠤᠳᠤᠯᠤᠨ ᠪᠠᠶᠢᠭᠤᠯᠬᠤ ᠬᠡᠷᠡᠭᠲᠠᠢ ︔ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ | ᠦᠩᠭᠡᠨ ᠲᠠᠯ᠎ᠠ ᠶᠢ ᠵᠠᠰᠠᠬᠤ ᠦᠢᠯᠡᠳᠤᠯ ᠪᠠ ᠵᠢᠯᠤᠭᠤᠳᠬᠤ᠂ ᠵᠢᠷᠤᠮᠵᠢᠭᠤᠯᠬᠤ᠂ ᠬᠦᠮᠤᠵᠢᠬᠦᠯᠬᠦ᠂ ᠪᠠᠳᠤᠯᠠᠬᠤ ᠵᠡᠷᠭᠡ | ᠦᠨᠳᠤᠰᠤ ᠠᠴᠠ ᠨᠢ ᠵᠠᠰᠠᠬᠤ ᠴᠢᠳᠠᠪᠤᠷᠢ ᠶᠢ ᠴᠢᠬᠤᠯᠠᠴᠢᠯᠠᠨ ᠪᠠᠳᠠᠷᠠᠭᠤᠯᠬᠤ ᠬᠡᠷᠡᠭᠲᠠᠢ᠃ ᠠᠵᠢᠯ ᠤᠨ ᠵᠦᠪ | ᠤᠳᠤᠷᠢᠳᠤᠮᠵᠢ ᠶᠢ ᠪᠤᠢ ᠪᠤᠯᠭᠠᠬᠤ ᠬᠡᠷᠡᠭᠲᠠᠢ᠃ ᠲᠤᠬᠠᠶᠢᠯᠠᠭᠰᠠᠨ ᠠᠵᠢᠯ ᠤᠨ ᠭᠦᠢᠴᠡᠳᠭᠡᠯ ᠲᠤᠭ᠎ᠠ ᠶᠢ ᠪᠡᠶᠡᠯᠡᠭᠦᠯᠳᠡᠭ | ᠪᠠᠶᠢᠭᠰᠠᠨ ᠢ ᠶᠠᠰᠤ ᠴᠢᠨᠠᠷ ᠤᠨ ᠤᠷᠴᠢᠨ ᠢ ᠰᠢᠯᠢᠳᠡᠭᠵᠢᠬᠦᠯᠬᠦ ᠵᠦᠭ ᠬᠤᠪᠢᠷᠠᠭᠤᠯᠵᠦ᠂ ᠲᠤᠬᠠᠶᠢᠯᠠᠭᠰᠠᠨ ᠠᠵᠢᠯ | ᠤᠨ ᠤᠷᠤᠯᠭ᠎ᠠ ᠶᠢ ᠨᠢᠭᠡᠨ ᠨᠢᠭᠡᠴᠡ ᠶᠢᠨ ᠠᠵᠢᠯ ᠤᠨ ᠬᠡᠮᠵᠢᠶ᠎ᠡ ᠶᠢ ᠰᠢᠯᠭᠠᠬᠤ ᠦᠨᠳᠤᠰᠤᠨ ᠬᠡᠮᠵᠢᠭᠦᠷ ᠪᠤᠯᠭᠠᠵᠦ᠂ | ᠶᠠᠰᠤ ᠴᠢᠨᠠᠷ ᠢ ᠳᠡᠭᠡᠭᠰᠢᠯᠡᠭᠦᠯᠬᠦ ᠬᠤᠷᠳᠤᠴᠠ ᠪᠤᠯᠤᠨ ᠶᠠᠰᠤ ᠴᠢᠨᠠᠷ ᠤᠨ ᠤᠷᠴᠢᠨ ᠤ ᠰᠠᠶᠢᠨ ᠮᠠᠭᠤ ᠪᠠᠷ ᠨᠢᠭᠡᠨ | ᠨᠢᠭᠡᠴᠡ ᠶᠢ ᠦᠨᠡᠯᠡᠬᠦ ᠴᠢᠬᠤᠯᠠ ᠪᠠᠷᠢᠮᠵᠢᠶ᠎ᠠ ᠪᠤᠯᠭᠠᠬᠤ ᠬᠡᠷᠡᠭᠲᠠᠢ᠃ ᠭᠤᠷᠪᠠ ᠳᠤ ᠶᠠᠰᠤ ᠴᠢᠨᠠᠷ ᠤᠨ ᠬᠢᠨᠠᠨ | ᠬᠠᠮᠢᠶᠠᠷᠬᠤ ᠬᠡᠪᠴᠢᠶ᠎ᠡ ᠪᠠᠨ ᠦᠷᠭᠡᠳᠬᠡᠬᠦ ᠬᠡᠷᠡᠭᠲᠠᠢ᠃ ᠶᠠᠰᠤ ᠴᠢᠨᠠᠷ ᠤᠨ ᠬᠢᠨᠠᠨ ᠬᠠᠮᠢᠶᠠᠷᠬᠤ ᠬᠡᠪᠴᠢᠶ᠎ᠡ ᠪᠠᠨ | ᠦᠷᠭᠡᠳᠬᠡᠬᠦ ᠪᠤᠯ ᠬᠤᠭᠤᠰᠤᠨ ᠢ ᠨᠦᠬᠦᠪᠤᠷᠢᠯᠡᠬᠦ᠂ ᠬᠢᠨᠠᠨ ᠬᠠᠮᠢᠶᠠᠷᠬᠤ ᠪᠦᠷᠬᠦᠴᠡ ᠶᠢ ᠦᠷᠬᠡᠵᠢᠭᠦᠯᠬᠦ᠂ ᠬᠢᠨᠠᠨ | ᠬᠠᠮᠢᠶᠠᠷᠬᠤ ᠦᠷ᠎ᠡ ᠪᠦᠳᠤᠭᠡᠯ ᠢ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠮᠦᠨ᠃ ᠤᠳᠤᠬᠠᠨ ᠤ ᠶᠠᠰᠤ ᠴᠢᠨᠠᠷ ᠤᠨ | ᠬᠢᠨᠠᠯᠳᠠ ᠬᠠᠮᠢᠶᠠᠷᠤᠯᠳᠠ ᠪᠠ ᠡᠷᠬᠡ ᠴᠢᠳᠠᠪᠤᠷᠢ ᠶᠢᠨ ᠤᠷᠤᠨ ᠲᠤᠭᠳᠠᠭᠠᠯᠳᠠ ᠠᠴᠠ ᠦᠵᠡᠪᠡᠯ᠂ ᠪᠢᠳᠡ ᠪᠠᠰᠠ ᠮᠠᠰᠢ | ᠤᠯᠠᠨ ᠬᠦᠷᠢᠶ᠎ᠡ ᠬᠡᠪᠴᠢᠶ᠎ᠡ ᠶᠢ ᠭᠦᠢᠴᠡᠳ ᠬᠠᠮᠤᠷᠠᠭᠠᠳᠤᠢ᠂ ᠪᠠᠰᠠ ᠨᠡᠭᠡ ᠪᠦᠯᠦᠭ ᠡᠷᠭᠡ ᠴᠢᠳᠠᠪᠤᠷᠢ ᠦᠢᠯᠡᠳᠤᠯ | ᠢᠶᠠᠨ ᠦᠨᠡᠨᠬᠦ ᠪᠠᠳᠠᠷᠠᠭᠤᠯᠤᠭᠠᠳᠤᠢ᠂ ᠪᠠᠰᠠ ᠨᠡᠯᠢᠶᠡᠳ ᠤᠯᠠᠨ ᠬᠢᠨᠠᠨ ᠬᠠᠮᠢᠶᠠᠷᠬᠤ ᠠᠷᠭ᠎ᠠ ᠳᠤ ᠪᠦᠳᠤᠮᠵᠢᠲᠠᠢ | ᠠᠳᠬᠤᠴᠠ ᠲᠤᠳᠠᠭᠳᠠᠵᠦ᠂ ᠬᠢᠨᠠᠨ ᠬᠠᠮᠢᠶᠠᠷᠤᠯᠳᠠ ᠶᠢᠨ ᠬᠦᠴᠤᠨ ᠳᠡᠭᠦᠯᠳᠡᠷ ᠪᠤᠰᠤ᠂ ᠦᠷ᠎ᠡ ᠪᠦᠳᠤᠮᠵᠢ ᠪᠠᠷ | ᠪᠠᠷᠤᠭᠲᠠᠢ ᠪᠠᠶᠢᠬᠤ ᠦᠵᠡᠭᠳᠡᠯ ᠨᠡᠶᠢᠳᠡᠮ ᠤᠷᠤᠰᠢᠵᠦ᠂ ᠪᠢᠳᠡᠨ ᠢ ᠵᠢᠯ ᠵᠢᠯ ᠬᠠᠭᠤᠴᠢᠨ ᠳᠠᠭᠤᠤ ᠪᠠᠨ ᠲᠠᠪᠳᠠᠨ | ᠳᠠᠭᠤᠯᠠᠬᠤ ᠪᠤᠯᠭᠠᠵᠦ᠂ ᠨᠢᠭᠡ ᠪᠦᠯᠦᠭ ᠦᠢᠯᠡᠳᠭᠦᠨ ᠤ ᠬᠢᠷᠢ ᠳᠤ ᠳᠡᠩᠴᠡᠬᠦ ᠨᠤᠷᠮ᠎ᠠ ᠨᠢ ᠮᠦᠨᠬᠦ ᠤᠤᠯ ᠬᠡᠪ ᠲᠡᠭᠡᠨ | ᠡᠷᠬᠢᠯᠳᠤᠵᠦ ᠪᠠᠶᠢᠨ᠎ᠠ᠃ ᠬᠢᠨᠠᠨ ᠬᠠᠮᠢᠶᠠᠷᠬᠤ ᠬᠦᠷᠢᠶ᠎ᠡ ᠶᠢ ᠦᠷᠭᠡᠳᠬᠡᠬᠦ ᠳᠤ ᠡᠩ ᠳᠡᠷᠢᠬᠦᠨ ᠳᠤ ᠦᠵᠡᠯ ᠲᠠᠨᠢᠯᠳᠠ | ᠶᠢᠨ ᠲᠠᠯ᠎ᠠ ᠪᠠᠷ ᠴᠢᠯᠤᠬᠡᠲᠠᠢ ᠪᠤᠯᠭᠠᠵᠦ᠂ ᠤᠯᠠᠮᠵᠢᠯᠠᠯᠳᠤ ᠬᠠᠯᠬᠠᠪᠴᠢ ᠶᠢ ᠵᠤᠷᠢᠭᠲᠠᠢ ᠪᠠᠷ ᠰᠢᠪᠳᠤᠯᠵᠦ᠂ ᠬᠠᠭᠤᠴᠢᠨ | ᠳᠠᠳᠬᠠᠯ ᠲᠠᠢ ᠵᠤᠷᠢᠭᠲᠠᠢ ᠪᠠᠷ ᠳᠠᠶᠢᠨ ᠵᠠᠷᠯᠠᠵᠦ᠂ ᠰᠢᠨ᠎ᠡ ᠬᠦᠷᠢᠶ᠎ᠡ ᠬᠡᠪᠴᠢᠶ᠎ᠡ ᠶᠢ ᠡᠵᠡᠮᠳᠡᠵᠦ᠂ ᠰᠢᠨ᠎ᠡ ᠬᠡᠷᠡᠭ | ᠪᠤᠳᠠᠰ ᠢ ᠬᠦᠯᠢᠶᠡᠨ ᠠᠪᠬᠤ ᠬᠡᠷᠡᠭᠲᠠᠢ᠃ ᠲᠠᠷᠠᠭ᠎ᠠ ᠳᠤᠨᠢ ᠶᠠᠰᠤ ᠴᠢᠨᠠᠷ ᠢ ᠳᠡᠭᠡᠭᠰᠢᠯᠡᠭᠦᠯᠬᠦ ᠪᠠ ᠮᠡᠷᠭᠡᠵᠢᠯ ᠢᠶᠠᠷ | ᠲᠤᠯᠭᠠᠭᠤᠷᠢᠯᠠᠬᠤ ᠠᠩᠬᠠᠷᠤᠯ ᠤᠨ ᠴᠢᠭ ᠢ ᠰᠢᠨ᠎ᠡ ᠠᠵᠦ ᠦᠢᠯᠠᠰ᠂ ᠰᠢᠨ᠎ᠠ ᠦᠢᠯᠡᠴᠢᠯᠡᠭᠡᠨ ᠤ ᠦᠢᠯᠡᠰ᠂ ᠤᠷᠴᠢᠨ | ᠲᠤᠭᠤᠷᠢᠨ ᠤ ᠢᠨᠵᠧᠨᠧᠷᠢᠩ᠂ ᠡᠯᠧᠺᠲᠷᠤᠨ ᠬᠤᠳᠠᠯᠳᠤᠭ᠎ᠠ᠂ ᠪᠠᠭ᠎ᠠ ᠵᠢᠵᠢᠭ ᠠᠵᠦ ᠠᠬᠤᠶᠢᠯᠠᠯ ᠳᠤ ᠰᠢᠯᠵᠢᠭᠦᠯᠬᠦ | ᠬᠡᠷᠡᠭᠲᠠᠢ᠃ ᠭᠤᠷᠪᠠᠳᠤᠭᠠᠷ ᠲᠤ ᠲᠤᠳᠠᠮᠠᠭ ᠲᠠᠯ᠎ᠠ ᠪᠠᠨ ᠲᠠᠷᠤᠶᠢᠬᠠᠨ ᠨᠦᠬᠦᠵᠦ᠂ ᠶᠠᠮᠠᠷᠪᠠ ᠨᠢᠬᠡᠨ ᠠᠵᠦ ᠠᠬᠤᠶᠢᠯᠠᠯ᠂ | ᠶᠠᠮᠠᠷᠪᠠ ᠨᠢᠭᠡᠨ ᠦᠢᠯᠡᠳᠬᠦᠨ ᠢ ᠪᠦᠳᠤᠮᠵᠢᠳᠤ ᠬᠢᠨᠠᠯᠳᠠ ᠬᠠᠮᠢᠶᠠᠷᠤᠯᠳᠠ ᠠᠴᠠ ᠭᠠᠳᠠᠨ᠎ᠠ ᠲᠤᠷ᠎ᠠ ᠪᠠᠷ ᠨᠢ ᠳᠠᠯᠪᠢᠵᠦ | ᠪᠤᠯᠬᠤ ᠦᠬᠡᠢ᠃ ᠲᠦᠷᠪᠡᠳᠤᠭᠡᠷ ᠲᠤ᠂ ᠶᠠᠰᠤ ᠴᠢᠨᠠᠷ ᠢ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠦᠨ ᠬᠤᠳᠠᠯ | ᠬᠠᠭᠤᠷᠮᠠᠭ ᠲᠤ ᠴᠤᠬᠢᠯᠳᠠ ᠦᠭᠬᠦ ᠬᠦᠴᠤᠨ ᠢ ᠵᠤᠬᠢᠰᠲᠠᠢ ᠲᠤᠬᠢᠷᠠᠭᠤᠯᠵᠦ᠂ ᠭᠤᠤᠯ ᠬᠦᠴᠤᠨ ᠢᠶᠠᠨ | ᠦᠢᠯᠡᠳᠪᠤᠷᠢᠯᠡᠯ ᠤᠨ ᠴᠢᠳᠠᠮᠵᠢ ᠨᠢ ᠦᠯᠡᠭᠦᠳᠡᠭᠰᠡᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠠᠰᠢᠭ | ᠤᠨ ᠤᠷᠮ᠎ᠠ ᠨᠢ ᠦᠨᠳᠤᠷ ᠪᠢᠰᠢ ᠪᠠᠶᠢᠭ᠎ᠠ ᠠᠵᠦ ᠠᠬᠤᠶᠢᠯᠠᠯ ᠢ ᠬᠢᠨᠠᠨ ᠬᠠᠮᠢᠶᠠᠷᠬᠤ ᠳᠤ ᠬᠡᠷᠡᠭᠯᠡᠵᠦ᠂ ᠭᠠᠪᠰᠢᠭᠠᠢ | ᠬᠦᠴᠤᠨ ᠢᠶᠠᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠰ᠂ ᠰᠢᠨ᠎ᠡ ᠬᠤᠳᠠᠯᠳᠤᠭᠠᠨ ᠤ ᠦᠯᠢᠭᠡᠷ | ᠬᠡᠪ ᠵᠡᠷᠭᠡ ᠬᠦᠷᠢᠶᠡᠨ ᠳᠤ ᠬᠡᠷᠡᠭᠯᠡᠬᠦ ᠬᠡᠷᠡᠭᠲᠠᠢ᠂ ᠳᠠᠪᠤᠳᠠᠭᠠᠷ ᠲᠤ᠂ ᠡᠯ᠎ᠡ ᠬᠦᠷᠢᠶᠡᠨ ᠤ ᠶᠠᠰᠤ ᠴᠢᠨᠠᠷ ᠤᠨ | ᠬᠢᠨᠠᠯᠳᠠ ᠬᠠᠮᠢᠶᠠᠷᠤᠯᠳᠠ ᠶᠢ ᠬᠠᠮᠤᠷᠠᠭᠰᠠᠨ ᠪᠦᠳᠤᠮᠵᠢᠲᠠᠢ ᠠᠳᠬᠤᠴᠠ ᠶᠢ ᠡᠷᠢᠨ ᠤᠯᠵᠦ᠂ ᠡᠷᠡᠰ ᠴᠢᠩᠭ᠎ᠠ ᠬᠦᠴᠤᠨ | ᠳᠡᠭᠦᠯᠳᠡᠷ ᠠᠷᠭ᠎ᠠ ᠬᠡᠮᠵᠢᠶ᠎ᠡ ᠪᠤᠯᠤᠨ ᠰᠢᠨᠵᠢᠯᠡᠬᠦ ᠤᠬᠠᠭᠠᠨᠴᠢ ᠪᠦᠳᠤᠮᠵᠢᠲᠠᠢ ᠠᠷᠭ᠎ᠠ ᠳᠤ ᠲᠦᠰᠢᠭᠯᠡᠨ᠂ ᠪᠦᠬᠦ ᠲᠠᠯ᠎ᠠ | ᠪᠠᠷ ᠬᠢᠨᠠᠨ ᠬᠠᠮᠢᠶᠠᠷᠬᠤ᠂ ᠲᠦᠷᠢᠮ ᠢᠶᠠᠷ ᠬᠢᠨᠠᠨ ᠬᠠᠮᠢᠶᠠᠷᠬᠤ᠂ ᠤᠷᠳᠤ ᠬᠤᠭᠤᠴᠠᠭ᠎ᠠ ᠪᠠᠷ ᠬᠢᠨᠠᠨ ᠬᠠᠮᠢᠶᠠᠷᠬᠤ | ᠬᠡᠷᠡᠭᠲᠠᠢ᠃ | ﹇ᠭᠤᠤ ᠢᠩ ᠵᠢᠶᠧ﹈ ︵ᠭᠤᠷᠪᠠ︶ ᠦᠬᠡᠷᠡᠴᠢᠯᠡᠬᠦ ᠪᠠ ᠬᠠᠤᠯᠢ ᠪᠠᠷ ᠵᠠᠰᠠᠬᠤ ᠪᠠᠷ ᠬᠦᠳᠡᠯᠭᠡᠬᠦ | ᠬᠦᠴᠤᠨ ᠪᠤᠯᠭᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠦᠢᠯᠡᠰ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ | ᠶᠢ ᠠᠬᠢᠭᠤᠯᠬᠤ ᠬᠡᠷᠡᠭᠲᠠᠢ᠃ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠤᠯ ᠶᠠᠰᠤ ᠴᠢᠨᠠᠷ ᠤᠨ ᠬᠢᠨᠠᠯᠳᠠ | ᠬᠠᠮᠢᠶᠠᠷᠤᠯᠳᠠ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠠᠮᠢᠳᠤ ᠬᠦᠴᠤᠨ ᠤ ᠡᠬᠢ ᠪᠤᠯᠠᠭ ᠮᠦᠨ᠂ ᠶᠡᠭᠡ | ᠪᠠᠶᠢᠳᠠᠯ ᠤᠨ ᠬᠠᠨᠳᠤᠰᠢ᠂ ᠬᠦᠭᠵᠢᠯᠳᠠ ᠶᠢᠨ ᠬᠡᠷᠡᠭᠴᠡᠭᠡ ᠮᠦᠨ᠂ ᠵᠤᠭᠰᠤᠩᠭᠤᠶᠢᠷᠠᠬᠤ ᠪᠠ ᠤᠬᠤᠷᠢᠬᠤ ᠨᠢ ᠭᠠᠷᠬᠤ | ᠵᠠᠮ ᠦᠬᠡᠢ ᠶᠤᠮ᠃ ᠨᠢᠭᠡ ᠳᠤ ᠲᠤᠮᠤ ᠶᠠᠰᠤ ᠴᠢᠨᠠᠷ ᠤᠨ ᠠᠵᠢᠯ ᠤᠨ ᠰᠢᠨ᠎ᠡ ᠲᠤᠭᠳᠠᠴᠠ ᠶᠢ ᠪᠠᠶᠢᠭᠤᠯᠤᠨ᠎ᠠ᠃ | ᠵᠠᠰᠠᠭ ᠤᠨ ᠤᠷᠳᠤᠨ ᠵᠢᠯᠤᠭᠤᠳᠬᠤ᠂ ᠰᠠᠯᠠᠭ᠎ᠠ ᠮᠦᠴᠢᠷ ᠠᠬᠢᠭᠤᠯᠬᠤ᠂ ᠠᠵᠦ ᠠᠬᠤᠶᠢᠯᠠᠯ ᠭᠤᠤᠯ ᠬᠠᠷᠢᠭᠤᠴᠠᠬᠤ᠂ | ᠨᠡᠶᠢᠭᠡᠮ ᠨᠡᠶᠢᠳᠡ ᠠᠴᠠ ᠬᠢᠨᠡᠯᠳᠠ ᠳᠠᠯᠪᠢᠬᠤ ᠪᠠᠷ ᠭᠤᠤᠯ ᠠᠭᠤᠯᠭ᠎ᠠ ᠪᠤᠯᠭᠠᠭᠰᠠᠨ ᠲᠤᠮᠤ ᠶᠠᠰᠤ ᠴᠢᠨᠠᠷ ᠤᠨ ᠰᠢᠨ᠎ᠡ | ᠲᠤᠭᠳᠠᠴᠠ ᠶᠢ ᠪᠠᠶᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠳᠤ ᠵᠠᠰᠠᠭ ᠤᠨ ᠤᠷᠳᠤᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ᠂ ᠰᠠᠯᠠᠭ᠎ᠠ ᠮᠦᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ᠂ ᠠᠵᠦ | ᠠᠬᠤᠶᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠡᠭᠦᠷᠭᠡᠯᠡᠬᠦ᠂ ᠨᠡᠶᠢᠭᠡᠮ ᠨᠡᠶᠢᠳᠡ ᠬᠢᠨᠠᠯᠳᠠ ᠳᠠᠯᠪᠢᠬᠤ | ᠬᠠᠷᠢᠭᠤᠴᠠᠯᠭ᠎ᠠ ᠶᠢ ᠡᠭᠦᠷᠭᠡᠯᠡᠬᠦ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ︽ᠴᠢᠯᠤᠭᠡᠲᠠᠢ ᠪᠤᠯᠭᠠᠬᠤ᠂ | ᠬᠠᠮᠢᠶᠠᠷᠬᠤ᠂ ᠵᠠᠰᠠᠬᠤ︾ ᠰᠢᠨ᠎ᠡ ᠪᠠᠶᠢᠳᠠᠯ ᠢ ᠪᠤᠢ ᠪᠤᠯᠭᠠᠨ᠎ᠠ᠃ ︽ᠴᠢᠯᠤᠭᠡᠲᠠᠢ ᠪᠤᠯᠭᠠᠬᠤ︾ ᠬᠡᠳᠡᠭ ᠨᠢ ᠶᠡᠭᠡ | ᠬᠦᠴᠤ ᠤᠷᠤᠭᠤᠯᠤᠨ ᠬᠢᠨᠠᠨ ᠵᠦᠪᠰᠢᠶᠡᠷᠡᠬᠦ ᠲᠦᠷᠦᠯ ᠵᠦᠢᠯ ᠪᠤᠯᠤᠨ ᠵᠠᠷᠤᠳᠠᠯ ᠬᠤᠷᠢᠶᠠᠬᠤ ᠲᠦᠷᠦᠯ ᠵᠦᠢᠯ ᠢ | ᠬᠠᠰᠤᠵᠦ᠂ ᠰᠢᠭᠤᠳ ᠰᠢᠯᠤᠭᠤᠨ ᠵᠠᠮ ᠨᠡᠭᠡᠭᠡᠬᠦ᠂ ᠤᠷᠢᠳᠡᠪᠡᠷ ᠦᠨᠡᠮᠯᠡᠯ ᠤᠯᠭᠤᠨ ᠳᠠᠷᠠᠭ᠎ᠠ ᠪᠠᠷ ᠨᠢ ᠬᠢᠨᠠᠬᠤ | ᠵᠡᠷᠭᠡ ᠲᠤᠷᠰᠢᠯᠳᠠ ᠬᠢᠵᠦ᠂ ᠵᠠᠷᠢᠮ ᠦᠨᠡᠮᠯᠡᠯ ᠰᠤᠯᠢᠬᠤ ᠶᠢ ᠵᠦᠪᠰᠢᠶᠡᠷᠡᠬᠦᠯᠬᠦ ᠳᠤ ᠲᠤᠬᠠᠢ ᠶᠢᠨ ᠭᠠᠵᠠᠷ ᠨᠢ ᠬᠢᠨᠠᠨ | ᠪᠠᠶᠢᠴᠠᠭᠠᠳᠠᠭ ᠵᠠᠩᠭᠢᠯᠠᠭ᠎ᠠ ᠶᠢ ᠬᠠᠰᠤᠵᠦ᠂ ᠠᠵᠢᠯ ᠤᠨ ᠭᠤᠤᠯᠳᠠᠯᠭ᠎ᠠ ᠪᠠᠨ ᠬᠢᠨᠠᠨ ᠵᠦᠪᠰᠢᠶᠡᠷᠡᠬᠦ ᠪᠦᠳᠤᠮᠵᠢ ᠶᠢᠨ | ᠨᠤᠷᠮ᠎ᠠ ᠶᠢ ᠳᠡᠭᠡᠭᠰᠢᠯᠡᠬᠦᠯᠬᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠬᠤ᠂ ᠬᠢᠨᠠᠨ ᠵᠦᠪᠰᠢᠶᠡᠷᠡᠬᠦ | ᠴᠢᠨᠠᠷ ᠶᠢ ᠳᠡᠭᠡᠭᠰᠢᠯᠡᠬᠦᠯᠬᠦ ᠳᠡᠭᠡᠷ᠎ᠡ ᠳᠠᠯᠪᠢᠨ᠎ᠠ᠃ ︽ᠬᠠᠮᠢᠶᠠᠷᠬᠤ︾ ᠭᠡᠳᠡᠭ ᠨᠢ ᠠᠵᠢᠯ ᠤᠨ ᠡᠭᠦᠷᠭᠡ ᠬᠠᠷᠢᠭᠤᠴᠠᠯᠭ᠎ᠠ | ᠶᠢ ᠤᠯᠠᠮ ᠨᠢᠭᠡ ᠠᠯᠬᠤᠮ ᠲᠤᠳᠤᠷᠬᠠᠶᠢᠯᠠᠵᠦ᠂ ᠬᠦᠳᠠᠯᠤᠯ ᠪᠠᠶᠢᠳᠠᠯ ᠢ ᠬᠢᠨᠠᠨ ᠬᠠᠮᠢᠶᠠᠷᠬᠤ᠂ ᠤᠷᠤᠨ ᠲᠤᠭᠤᠷᠢᠭ ᠢ | ᠬᠢᠨᠠᠨ ᠬᠠᠮᠢᠶᠠᠷᠬᠤ᠂ ᠲᠦᠷᠦᠯ ᠬᠤᠪᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠳᠠᠰᠤᠷᠠᠯᠳᠠ ᠦᠬᠡᠢ | ᠳᠡᠭᠦᠯᠳᠡᠷᠵᠢᠬᠦᠯᠵᠦ᠂ ᠵᠠᠬ᠎ᠠ ᠳᠡᠯᠭᠡᠭᠦᠷ ᠤᠨ ᠭᠠᠭᠴᠠᠭᠠᠷ ᠡᠵᠡᠷᠬᠡᠭᠯᠡᠯ ᠪᠠ ᠤᠷᠤᠨ ᠨᠤᠳᠤᠭ ᠤᠨ ᠬᠠᠮᠠᠭᠠᠯᠠᠯᠳᠠ ᠶᠢ | ᠡᠪᠳᠡᠨ᠎ᠠ᠃ ︽ᠵᠠᠰᠠᠬᠤ︾ ᠭᠡᠳᠡᠭ ᠨᠢ ᠨᠡᠶᠢᠭᠡᠮ ᠨᠡᠶᠢᠳᠡ ᠪᠠᠷ ᠢᠶᠠᠨ ᠬᠠᠮᠳᠤ ᠪᠠᠷ ᠵᠠᠰᠠᠬᠤ ᠶᠢ ᠴᠢᠬᠤᠯᠠᠴᠢᠯᠠᠵᠦ᠂ | ︽ᠬᠦᠮᠤᠨ ᠪᠦᠬᠦᠨ ᠶᠠᠰᠤ ᠴᠢᠨᠠᠷ ᠢ ᠬᠦᠨᠳᠤᠳᠭᠡᠬᠦ᠂ ᠬᠦᠮᠤᠨ ᠪᠦᠬᠦᠨ ᠶᠠᠰᠤ ᠴᠢᠨᠠᠷ ᠢ ᠡᠭᠦᠳᠬᠦ᠂ ᠬᠦᠮᠤᠨ ᠪᠦᠬᠦᠨ | ᠶᠠᠰᠤ ᠴᠢᠨᠠᠷ ᠠᠴᠠ ᠠᠰᠢᠭ ᠬᠦᠷᠳᠡᠬᠦ︾ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ ᠭᠤᠷᠪᠠ ᠳᠤ᠂ | ᠬᠠᠤᠯᠢ ᠬᠡᠷᠡᠭᠵᠢᠬᠦᠯᠤᠨ ᠬᠢᠨᠠᠨ ᠬᠠᠮᠢᠶᠠᠷᠬᠤ ᠰᠢᠨ᠎ᠡ ᠬᠡᠪ ᠵᠠᠭᠪᠤᠷ ᠢ ᠪᠤᠢ ᠪᠤᠯᠭᠠᠨ᠎ᠠ᠃ ᠡᠷᠬᠡ ᠮᠡᠳᠡᠯ ᠪᠠ ᠡᠷᠬᠡ | ᠠᠰᠢᠭ ᠢ ᠲᠤᠶᠢᠯᠪᠤᠷᠢᠲᠠᠢ ᠰᠠᠯᠭᠠᠬᠤ᠂ ᠡᠷᠭᠡ ᠮᠡᠳᠡᠯ ᠪᠠ ᠬᠠᠷᠢᠭᠤᠴᠠᠯᠭ᠎ᠠ ᠶᠢ ᠨᠢᠭᠳᠠ ᠬᠤᠯᠪᠤᠭᠳᠠᠭᠤᠯᠬᠤ | ᠵᠠᠷᠴᠢᠮ ᠢᠶᠠᠷ ᠶᠠᠰᠤ ᠴᠢᠨᠠᠷ ᠶᠢᠨ ᠬᠢᠨᠠᠯᠳᠠ ᠬᠠᠮᠢᠶᠠᠷᠤᠯᠳᠠ ᠲᠠᠢ ᠬᠤᠯᠪᠤᠭᠳᠠᠬᠤ ᠵᠰᠠᠭ ᠵᠠᠬᠢᠷᠭᠠᠨ ᠤ ᠲᠤᠷᠭᠠᠭᠤᠯᠢ ᠪᠠ | ᠵᠠᠰᠠᠭ ᠵᠬᠢᠷᠭᠠᠨ ᠤ ᠠᠯᠪᠠᠳᠠᠯᠭ᠎ᠠ ᠶᠢᠨ ᠡᠷᠬᠡ ᠶᠢ ᠴᠡᠭᠴᠡᠯᠡᠵᠦ᠂ ᠬᠠᠤᠯᠢ ᠬᠡᠷᠡᠭᠵᠢᠭᠦᠯᠬᠦ ᠨᠢᠭᠡᠨ ᠪᠠᠶᠢᠭᠤᠯᠤᠮᠵᠢ | ᠠᠴᠠ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠲᠦᠪᠯᠡᠷᠡᠭᠦᠯᠤᠨ ᠬᠠᠤᠯᠢ ᠬᠡᠷᠡᠭᠵᠢᠭᠦᠯᠬᠦ ᠰᠢᠨ᠎ᠡ ᠬᠡᠪ | ᠵᠠᠭᠪᠤᠷ ᠢ ᠰᠦᠪᠡᠭᠴᠢᠯᠡᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠬᠠᠤᠯᠢ ᠬᠡᠷᠡᠭᠵᠢᠭᠦᠯᠬᠦ ᠠᠵᠢᠯᠳᠠᠳ ᠤᠨ | ᠲᠤᠰᠬᠠᠶᠢᠵᠢᠭᠤᠯᠤᠯᠳᠠ᠂ ᠠᠵᠢᠯ ᠤᠨ ᠲᠤᠰᠬᠠᠶᠢᠵᠢᠭᠤᠯᠤᠯᠳᠠ᠂ ᠠᠵᠢᠯᠯᠠᠭ᠎ᠠ ᠶᠢᠨ ᠵᠢᠷᠤᠮᠵᠢᠭᠤᠯᠤᠯᠳᠠ ᠪᠠ ᠲᠤᠨᠤᠭ | ᠲᠦᠬᠦᠭᠡᠷᠤᠮᠵᠢ ᠶᠢᠨ ᠪᠠᠷᠢᠮᠵᠢᠶᠠᠵᠢᠭᠤᠯᠤᠯᠳᠠ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠳᠠ ᠶᠢᠨ | ᠱᠠᠳᠤ ᠬᠤᠪᠢᠶᠠᠨ ᠬᠠᠷᠢᠭᠤᠴᠠᠬᠤ ᠲᠦᠷᠢᠮ ᠢ ᠪᠠᠶᠢᠭᠤᠯᠤᠨ᠂ ᠤᠷᠤᠨ ᠤ ᠲᠤᠪᠴᠢᠶ᠎ᠠ ᠨᠢ ᠬᠦᠨᠳᠤ ᠲᠤᠮᠤ ᠬᠡᠷᠡᠭ ᠢ | ᠰᠢᠮᠳᠠᠭᠤᠯᠤᠨ ᠰᠢᠢᠳᠪᠤᠷᠢᠯᠡᠬᠦ ᠶᠢ ᠵᠢᠯᠤᠭᠤᠳᠬᠤ᠂ ᠤᠷᠤᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠤᠬᠢᠶᠠᠨ | ᠪᠠᠶᠢᠭᠤᠯᠬᠤ ᠪᠠ ᠪᠦᠬᠦ ᠤᠷᠤᠨ ᠤ ᠴᠢᠨᠠᠷᠲᠠᠢ ᠬᠤᠳᠠᠯ ᠬᠠᠭᠤᠷᠮᠠᠭ ᠲᠤ ᠲᠤᠰᠬᠠᠢ ᠴᠤᠬᠢᠯᠳᠠ ᠦᠭᠬᠦ ᠡᠭᠦᠷᠬᠡ ᠶᠢ | ᠪᠠᠶᠢᠷᠢᠯᠠᠭᠤᠯᠬᠤ ᠶᠢ ᠬᠠᠷᠢᠭᠤᠴᠠᠨ᠎ᠠ︔ ᠠᠶᠢᠮᠠᠭ ᠬᠤᠳᠠ ᠶᠢᠨ ᠲᠤᠪᠴᠢᠶ᠎ᠠ ᠨᠢ ᠲᠤᠮᠤ ᠬᠡᠷᠡᠭ ᠴᠢᠬᠤᠯᠠ ᠬᠡᠷᠡᠭ ᠢ | ᠪᠠᠶᠢᠴᠠᠭᠠᠨ ᠰᠢᠢᠳᠪᠤᠷᠢᠯᠡᠬᠦ᠂ ᠬᠤᠳᠠᠯ ᠬᠠᠭᠤᠷᠮᠠᠭ ᠲᠤ ᠲᠤᠰᠬᠠᠢ ᠴᠤᠬᠢᠯᠳᠠ ᠦᠭᠬᠦ᠂ ᠰᠢᠶᠠᠨ ᠠᠯᠤᠰᠯᠠᠭᠰᠠᠨ ᠬᠡᠷᠡᠭ | ᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ︔ ᠬᠤᠰᠢᠭᠤ ᠰᠢᠶᠠᠨ ᠤ ᠲᠤᠪᠴᠢᠶ᠎ᠠ ᠨᠢ ᠪᠤᠳᠠᠳᠤ ᠬᠡᠷᠡᠭ ᠢ | ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ᠃ ᠲᠦᠷᠪᠡ ᠳᠤ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠰᠢᠨ᠎ᠠ | ᠰᠢᠰᠲ᠋ᠧᠮ ᠢ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠱᠠᠳᠤ ᠶᠢᠨ ᠮᠡᠷᠭᠡᠵᠢᠯ ᠤᠨ ᠪᠠᠶᠢᠭᠤᠯᠤᠮᠵᠢ ᠶᠢᠨ | ᠦᠭᠡᠷᠡᠴᠢᠯᠡᠯᠳᠠ ᠶᠢ ᠠᠬᠢᠭᠤᠯᠵᠦ᠂ ︽ᠲᠤᠰᠬᠠᠶᠢᠵᠢᠭᠤᠯᠤᠨ ᠲᠡᠰ ᠦᠰᠬᠡᠬᠦ᠂ ᠬᠡᠪᠴᠢᠶᠡᠵᠢᠬᠦᠯᠤᠨ ᠨᠡᠶᠢᠯᠡᠭᠦᠯᠬᠦ᠂ | ᠵᠠᠬ᠎ᠠ ᠳᠡᠯᠭᠡᠭᠦᠷᠴᠢᠯᠡᠨ ᠡᠵᠡᠩᠨᠡᠬᠦ᠂ ᠠᠵᠦ ᠦᠢᠯᠡᠰᠵᠢᠭᠦᠯᠦᠨ ᠬᠦᠭᠵᠢᠭᠦᠯᠬᠦ︾ ᠵᠠᠷᠴᠢᠮ ᠢᠶᠠᠷ ᠤᠨᠴᠠ | ᠪᠠᠶᠢᠴᠠᠭᠠᠯᠳᠠ ᠶᠢᠨ ᠪᠦᠯᠦᠭᠯᠡᠯ ᠪᠠ ᠶᠠᠰᠤ ᠴᠢᠨᠠᠷ ᠢ ᠪᠠᠶᠢᠴᠠᠭᠠᠬᠤ ᠪᠦᠯᠦᠭᠯᠡᠯ ᠢ ᠪᠠᠶᠢᠭᠤᠯᠵᠦ᠂ ᠤᠯᠤᠰ ᠤᠨ ᠬᠤᠪᠤᠷ | ᠰᠢᠷᠤᠢ ᠶᠢᠨ ᠲᠦᠪ ᠤᠨ ᠤᠯᠠᠨ ᠠᠷᠭ᠎ᠠ ᠵᠠᠮ ᠢᠶᠠᠷ ᠬᠤᠷᠰᠢᠨ ᠪᠡᠯᠡ ᠲᠤᠬᠢᠷᠠᠭᠤᠯᠬᠤ ᠦᠭᠡᠷᠡᠴᠢᠯᠡᠯᠳᠠ ᠶᠢᠨ | ᠲᠤᠷᠰᠢᠯᠳᠠ ᠶᠢ ᠡᠬᠢᠯᠡᠭᠦᠯᠵᠦ᠂ ᠤᠯᠤᠰ ᠤᠨ ᠨᠤᠤᠰᠤ ᠨᠤᠯᠤᠤᠷ ᠤᠨ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠶᠢᠨ | ᠪᠠᠶᠢᠭᠤᠯᠤᠯ ᠤᠨ ᠦᠭᠡᠷᠡᠴᠢᠯᠡᠯᠳᠠ ᠶᠢᠨ ᠲᠤᠷᠰᠢᠯᠳᠠ ᠶᠢᠨ ᠠᠵᠢᠯ ᠢ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ | ᠨᠤᠤᠰᠤ ᠨᠤᠯᠤᠤᠷ ᠤᠨ ᠶᠠᠰᠤ ᠴᠢᠨᠠᠷ ᠤᠨ ᠪᠠᠶᠢᠴᠠᠭᠠᠯᠳᠠ ᠶᠢᠨ ᠰᠤᠯᠢᠯᠴᠠᠭᠠᠨ ᠤ ᠲᠠᠪᠴᠠᠩ ᠤᠨ ᠪᠠᠶᠢᠭᠤᠯᠤᠯᠳᠠ ᠶᠢ | ᠲᠦᠷᠭᠡᠳᠭᠡᠨ᠎ᠡ᠃ ᠶᠠᠰᠤ ᠴᠢᠨᠠᠷ ᠲᠤ ᠬᠢᠨᠠᠯᠳᠠ ᠳᠠᠯᠪᠢᠬᠤ ᠮᠡᠷᠭᠡᠵᠢᠯ ᠤᠨ ᠪᠠᠶᠢᠭᠤᠯᠤᠮᠵᠢ ᠶᠢ ᠭᠤᠤᠯᠳᠤ ᠪᠠᠷ | ᠨᠡᠶᠢᠯᠡᠭᠦᠯᠬᠦ ᠪᠠ ᠠᠵᠢᠯ ᠲᠦᠷᠦᠯ ᠠᠯᠤᠰᠯᠠᠨ ᠬᠦᠨᠳᠡᠯᠡᠨ ᠨᠡᠶᠢᠯᠡᠭᠦᠯᠬᠦ ᠬᠤᠶᠠᠷ ᠵᠦᠢᠯ ᠤᠨ ᠠᠷᠭ᠎ᠠ ᠵᠠᠮ ᠢᠶᠠᠷ ᠠᠶᠢᠮᠠᠭ | ᠬᠤᠳᠠ᠂ ᠬᠤᠰᠢᠭᠤ ᠰᠢᠶᠠᠨ ᠤ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠯᠡᠭᠦᠯᠬᠦ ᠶᠢ | ᠰᠦᠪᠡᠭᠴᠢᠯᠡᠵᠦ᠂ ᠤᠷᠤᠨ ᠲᠤᠭᠤᠷᠢᠭ ᠤᠨ ᠠᠵᠦ ᠠᠬᠤᠢ ᠶᠢᠨ ᠬᠡᠯᠪᠡᠷᠢ ᠪᠠᠨ ᠦᠬᠡᠷᠡᠴᠢᠯᠡᠨ ᠬᠦᠭᠵᠢᠬᠦᠯᠬᠦ ᠳᠤ | ᠮᠡᠷᠭᠡᠵᠢᠯ ᠤᠨ ᠪᠠᠶᠢᠭᠤᠯᠤᠮᠵᠢ ᠤᠯᠭᠤᠬᠤ ᠪᠠᠶᠢᠷᠢᠰᠢᠭᠤᠯᠤᠯ ᠢ ᠪᠤᠢ ᠪᠤᠯᠭᠠᠨ᠎ᠠ᠃ | ﹇ᠭᠤᠤ ᠢᠩ ᠵᠢᠶᠧ﹈ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠤᠭᠳᠠᠭᠠᠬᠤ᠂ ᠢᠯᠡ ᠭᠤᠤᠯᠴᠢ | ᠪᠠᠶᠢᠯᠭᠠᠬᠤ᠂ ᠠᠷᠢᠭᠤᠨ ᠴᠢᠭᠡᠴᠢ ᠦᠨᠳᠤᠷ ᠦᠷ᠎ᠡ ᠠᠰᠢᠭ ᠲᠠᠢ ᠪᠠᠶᠢᠬᠤ᠂ ᠬᠠᠤᠯᠢ ᠶᠢ ᠰᠠᠬᠢᠬᠤ ᠢᠳᠡᠭᠡᠮᠵᠢ ᠲᠠᠢ | ᠪᠠᠶᠢᠬᠤ ᠬᠠᠤᠯᠢ ᠪᠠᠷ ᠵᠠᠰᠠᠭᠰᠠᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠪᠤᠯ ᠬᠤᠶᠢᠰᠢᠳᠠ ᠶᠢᠨ ᠨᠢᠭᠡᠨ | ᠬᠤᠭᠤᠴᠠᠭᠠᠨ ᠤ ᠭᠤᠤᠯ ᠡᠭᠦᠷᠭᠡ ᠪᠤᠯᠬᠤᠷ ᠡᠷᠬᠡᠪᠰᠢ ᠰᠤᠯᠠᠷᠠᠰᠢ ᠦᠬᠡᠢ ᠬᠦᠨᠵᠡᠭᠡᠢ ᠠᠬᠢᠭᠤᠯᠬᠤ ᠬᠡᠷᠡᠭᠲᠠᠢ᠃ | ᠬᠠᠤᠯᠢ ᠬᠡᠷᠡᠭᠵᠢᠭᠦᠯᠬᠦ ᠲᠤᠭᠳᠠᠴᠠ ᠶᠢ ᠲᠠᠰᠤᠷᠠᠯᠳᠠ ᠦᠬᠡᠢ ᠡᠭᠦᠳᠤᠨ ᠰᠢᠨᠡᠴᠢᠯᠡᠵᠦ᠂ ᠬᠠᠤᠯᠢ ᠬᠡᠷᠡᠭᠵᠢᠬᠦᠯᠬᠦ ᠲᠡᠰ | ᠳᠠᠷᠠᠭᠠᠯᠠᠯ ᠢ ᠳᠡᠭᠦᠯᠳᠡᠷᠵᠢᠭᠦᠯᠵᠦ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠠᠬᠢᠭᠤᠯᠵᠦ᠂ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢ ᠴᠢᠩᠭᠠᠷᠠᠭᠤᠯᠵᠦ᠂ ᠬᠠᠤᠯᠢ ᠪᠠᠷ ᠵᠠᠰᠠᠬᠤ ᠠᠵᠢᠯ ᠢ ᠪᠦᠬᠦ ᠲᠠᠯᠠᠴᠢᠯᠠᠬᠤ᠂ ᠪᠦᠬᠦ ᠲᠠᠯ᠎ᠠ ᠶᠢᠨ | ᠠᠵᠢᠯ ᠢ ᠬᠠᠤᠯᠢ ᠪᠠᠷ ᠵᠠᠰᠠᠴᠢᠯᠠᠬᠤ ᠶᠢ ᠲᠦᠷᠭᠡᠨ ᠪᠡᠶᠡᠯᠡᠭᠦᠯᠬᠦ ᠬᠡᠷᠡᠭᠲᠠᠢ᠃ ᠨᠢᠭᠡ ᠳᠤ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠶᠢ ᠴᠢᠳᠠᠮᠠᠭᠠᠢ ᠪᠠᠷ ᠬᠡᠷᠡᠭᠯᠡᠨ ᠠᠵᠢᠯ ᠢᠶᠠᠨ ᠦᠷᠨᠢᠭᠦᠯᠬᠦ ᠬᠡᠷᠡᠭᠲᠠᠢ᠃ | ᠦᠷᠭᠡᠨ ᠤᠯᠠᠨ ᠺᠠᠳ᠋ᠷ ᠠᠵᠢᠯᠳᠠᠳᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠶᠢ ᠴᠢᠳᠠᠮᠠᠭᠠᠢ | ᠪᠠᠷ ᠬᠡᠷᠡᠭᠯᠡᠨ ᠠᠵᠢᠯ ᠢᠶᠠᠨ ᠰᠦᠪᠡᠭᠴᠢᠯᠡᠵᠦ᠂ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠨ ᠵᠦᠷᠢᠴᠡᠯ ᠢ | ᠰᠢᠢᠳᠪᠤᠷᠢᠯᠡᠵᠦ᠂ ᠦᠬᠡᠷᠡᠴᠢᠯᠡᠯᠳᠡ ᠶᠢ ᠠᠬᠢᠭᠤᠯᠬᠤ ᠬᠡᠷᠡᠭᠲᠠᠢ᠃ ᠡᠯ᠎ᠡ ᠱᠠᠳᠤᠨ ᠤ ᠤᠳᠤᠷᠢᠳᠬᠤ ᠺᠠᠳ᠋ᠷᠴᠤᠳ | ᠬᠠᠤᠯᠢ ᠪᠠᠷ ᠵᠠᠰᠠᠬᠤ ᠶᠢ ᠲᠡᠭᠡᠳᠤᠯᠡᠵᠦ᠂ ᠬᠠᠤᠯᠢ ᠪᠠᠷ ᠵᠠᠰᠠᠬᠤ ᠶᠢ ᠰᠠᠬᠢᠵᠦ᠂ ᠡᠷᠬᠡ ᠲᠠᠢ ᠪᠤᠯ ᠬᠠᠷᠢᠭᠤᠴᠠᠯᠭ᠎ᠠ ᠲᠠᠢ | ᠂ ᠡᠷᠬᠡ ᠶᠢ ᠬᠡᠷᠡᠭᠯᠡᠪᠡᠯ ᠬᠢᠨᠠᠯᠳᠠ ᠶᠢ ᠬᠦᠯᠢᠶᠡᠬᠦ᠂ ᠡᠷᠬᠡ ᠶᠢ ᠲᠤᠷ᠎ᠠ ᠪᠠᠷ ᠢᠶᠠᠨ ᠬᠡᠷᠡᠭᠯᠡᠪᠡᠯ ᠬᠠᠷᠢᠭᠤᠴᠠᠯᠭ᠎ᠠ | ᠨᠡᠬᠡᠮᠵᠢᠯᠡᠬᠦ ᠶᠤᠰᠤ ᠤᠴᠢᠷ ᠢ ᠤᠶᠢᠯᠠᠭᠠᠵᠦ᠂ ᠬᠠᠤᠯᠢ ᠠᠴᠠ ᠤᠯᠭᠤᠭᠰᠠᠨ ᠡᠷᠬᠡ ᠪᠠᠨ ᠴᠢᠩᠭ᠎ᠠ ᠬᠡᠷᠡᠭᠵᠢᠭᠦᠯᠵᠦ᠂ | ᠵᠦᠢ ᠶᠤᠰᠤᠨ ᠤ ᠲᠡᠰ ᠳᠠᠷᠠᠭᠠᠯᠠᠯ ᠢ ᠬᠢᠨᠠᠮᠠᠭᠠᠢ ᠰᠠᠬᠢᠵᠦ᠂ ᠡᠷᠬᠡ ᠶᠢ ᠲᠤᠷ᠎ᠠ ᠪᠠᠷ ᠪᠠᠨ ᠬᠡᠷᠡᠭᠯᠡᠬᠦ ᠶᠢ ᠰᠡᠷᠭᠡᠶᠢᠯᠡᠬᠦ | ᠬᠡᠷᠡᠭᠲᠠᠢ᠃ ᠬᠤᠶᠠᠷ ᠲᠤ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠦᠨᠳᠤᠷ ᠪᠦᠳᠤᠮᠵᠢᠲᠠᠢ ᠰᠢᠰᠲ᠋ᠧᠮ ᠢ | ᠪᠠᠶᠢᠭᠤᠯᠬᠤ ᠬᠡᠷᠡᠭᠲᠠᠢ᠃ ᠬᠦᠨᠳᠤ ᠴᠢᠬᠤᠯᠠ ᠰᠢᠢᠳᠪᠤᠷᠢᠳᠤ ᠪᠤᠳᠤᠯᠭ᠎ᠠ ᠶᠢᠨ ᠬᠠᠤᠯᠢᠳᠤ ᠴᠢᠨᠠᠷ ᠢ ᠬᠢᠨᠠᠨ | ᠪᠠᠶᠢᠴᠠᠭᠠᠬᠤ ᠲᠦᠷᠢᠮ ᠢ ᠰᠤᠳᠤᠯᠤᠨ ᠪᠠᠶᠢᠭᠤᠯᠤᠨ ᠳᠡᠭᠦᠯᠳᠡᠷᠵᠢᠭᠦᠯᠵᠦ᠂ ᠵᠦᠪᠰᠢᠶᠡᠷᠡᠭᠦᠯᠦᠭᠰᠡᠨ ᠦᠬᠡᠢ ᠪᠤᠶᠤ ᠬᠢᠨᠠᠨ | ᠪᠠᠶᠢᠴᠠᠭᠠᠭᠠᠳ ᠬᠠᠤᠯᠢ ᠳᠤ ᠨᠡᠶᠢᠴᠡᠭᠰᠡᠨ ᠦᠬᠡᠢ ᠵᠦᠢᠯ ᠢ ᠶᠠᠷᠢᠯᠴᠠᠭᠤᠯᠬᠤ ᠪᠠᠷ ᠳᠡᠪᠰᠢᠬᠦᠯᠬᠦ ᠪᠤᠶᠤ ᠲᠠᠷᠤᠮᠠᠯᠯᠠᠨ | ᠲᠠᠷᠬᠠᠭᠠᠵᠦ ᠬᠡᠷᠭᠵᠢᠭᠦᠯᠵᠦ ᠪᠤᠯᠬᠤ ᠦᠬᠡᠢ᠃ ᠡᠷᠬᠡ ᠶᠢᠨ ᠨᠠᠷᠢᠨ ᠳᠠᠩᠰᠠ ᠶᠢᠨ ᠲᠦᠷᠢᠮ ᠢ ᠬᠡᠷᠡᠭᠵᠢᠭᠦᠯᠵᠦ᠂ | ᠬᠠᠤᠯᠢ ᠴᠠᠭᠠᠵᠠ ᠬᠠᠤᠯᠢ ᠲᠤᠭᠳᠠᠭᠠᠯ ᠤᠨ ᠲᠤᠭᠳᠠᠭᠠᠯ ᠠᠴᠠ ᠳᠠᠪᠠᠭᠰᠠᠨ ᠡᠷᠬᠡ ᠶᠢ ᠡᠷᠡᠰ ᠬᠠᠰᠤᠵᠦ᠂ ᠡᠷᠬᠡ ᠶᠢᠨ | ᠨᠠᠷᠢᠨ ᠳᠠᠩᠰᠠ ᠠᠴᠠ ᠭᠠᠳᠠᠨᠠᠬᠢ ᠡᠷᠬᠡ ᠶᠢ ᠴᠦᠮ ᠬᠡᠷᠡᠭᠵᠢᠭᠦᠯᠵᠦ ᠪᠤᠯᠬᠤ ᠦᠬᠡᠢ᠃ ᠤᠷᠤᠨ ᠤ ᠲᠤᠪᠴᠢᠶ᠎ᠠ ᠡᠨᠡ | ᠵᠢᠯ ᠠᠴᠠ ᠡᠬᠢᠯᠡᠨ ᠵᠠᠰᠠᠭ ᠵᠠᠬᠢᠷᠭᠠᠨ ᠤ ᠡᠷᠬᠡ ᠶᠢ ᠶᠡᠬᠡᠪᠡᠷ ᠬᠠᠰᠤᠵᠦ᠂ 2017 ᠤᠨ ᠪᠤᠯᠬᠤ ᠳᠤ᠂ ᠵᠠᠰᠠᠭ | ᠵᠠᠬᠢᠷᠭᠠᠨ ᠤ ᠡᠷᠬᠡ ᠶᠢᠨ ᠲᠤᠭ᠎ᠠ ᠶᠢ ᠬᠠᠭᠠᠰ ᠠᠴᠠ ᠳᠡᠭᠡᠭᠰᠢ ᠬᠠᠰᠤᠵᠦ ᠴᠦᠬᠡᠳᠬᠡᠨ᠎ᠡ᠃ ᠭᠤᠷᠪᠠ ᠳᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠢ ᠤᠯᠠᠮ ᠨᠢᠬᠡ ᠠᠯᠬᠤᠮ ᠴᠡᠭᠴᠡᠯᠡᠬᠦ᠂ ᠴᠦᠬᠡᠳᠭᠡᠬᠦ ᠪᠠ ᠵᠢᠷᠤᠮᠵᠢᠭᠤᠯᠬᠤ | ᠬᠡᠷᠡᠭᠲᠠᠢ᠃ ᠤᠷᠤᠨ ᠤ ᠲᠤᠪᠴᠢᠶ᠎ᠠ ᠲᠦᠷᠦᠬᠦᠯᠦᠨ ᠵᠠᠰᠠᠭ ᠢ ᠴᠤᠮᠬᠠᠳᠬᠠᠵᠦ ᠡᠷᠬᠡ ᠶᠢ ᠪᠠᠭᠤᠯᠭᠠᠵᠦ᠂ ᠬᠠᠤᠯᠢ ᠶᠢᠨ | ᠲᠤᠭᠳᠠᠭᠠᠯ ᠢᠶᠠᠷ ᠤᠷᠤᠨ ᠤ ᠲᠤᠪᠴᠢᠶ᠎ᠠ ᠶᠢᠨ ᠡᠭᠦᠷᠬᠡᠯᠡᠬᠦ ᠬᠡᠷᠡᠭ ᠶᠠᠪᠤᠳᠠᠯ ᠢ ᠭᠠᠷᠭᠠᠪᠠᠯ᠂ ᠭᠤᠷᠪᠠᠨ ᠵᠢᠯ ᠤᠨ | ᠳᠤᠳᠤᠷ᠎ᠠ ᠪᠠᠭᠤᠯᠭᠠᠵᠦ ᠪᠤᠯᠬᠤ ᠶᠢ ᠨᠢ ᠪᠦᠬᠦᠨ ᠢ ᠳᠤᠷᠤᠭᠰᠢ ᠪᠠᠭᠤᠯᠭᠠᠨ᠎ᠠ᠃ ᠦᠯᠡᠳᠡᠭᠡᠬᠦ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯ ᠤᠨ ᠲᠦᠷᠦᠯ ᠵᠦᠢᠯ ᠳᠤ ᠬᠤᠯᠪᠤᠭᠳᠠᠬᠤ ᠬᠢᠨᠠᠨ ᠵᠦᠪᠰᠢᠶᠡᠷᠡᠬᠦ ᠵᠠᠩᠬᠢᠯᠠᠭ᠎ᠠ ᠪᠤᠯᠤᠨ ᠤᠷᠢᠳᠠᠴᠢ | ᠨᠦᠬᠦᠴᠡᠯ ᠨᠢ ᠬᠠᠤᠯᠢ ᠶᠢᠨ ᠡᠰᠢ ᠪᠠᠷᠢᠮᠳᠠ ᠦᠬᠡᠢ ᠪᠤᠯ ᠴᠦᠮ ᠬᠦᠴᠤᠨ ᠦᠬᠡᠢ ᠪᠤᠯᠭᠠᠨ᠎ᠠ᠃ ︽ᠬᠢᠨᠠᠨ | ᠵᠦᠪᠰᠢᠶᠡᠷᠡᠯ ᠤᠯᠠᠨ ᠪᠠᠶᠢᠬᠤ︾ ᠶᠢ ᠰᠢᠢᠳᠪᠤᠷᠢᠯᠡᠬᠦ ᠰᠠᠭᠤᠷᠢᠨ ᠳᠡᠭᠡᠷ᠎ᠡ᠂ ︽ᠬᠢᠨᠠᠨ ᠵᠦᠪᠰᠢᠶᠡᠷᠡᠭᠦᠯᠬᠦ ᠳᠤ ᠪᠡᠷᠬᠡᠲᠠᠢ | ᠪᠠᠶᠢᠬᠤ︾ ᠶᠢ ᠭᠠᠷᠳᠠᠨ ᠵᠠᠰᠠᠬᠤ ᠬᠡᠷᠡᠭᠲᠠᠢ᠃ ᠡᠯ᠎ᠡ ᠱᠠᠳᠤᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ | ᠰᠠᠯᠠᠭ᠎ᠠ ᠮᠦᠴᠢᠷ ᠤᠳ ᠵᠠᠰᠠᠭ ᠤᠨ ᠶᠠᠪᠤᠳᠠᠯ ᠢ ᠢᠯᠡ ᠪᠤᠯᠭᠠᠬᠤ ᠡᠯ᠎ᠡ ᠵᠦᠢᠯ ᠤᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ︽ᠨᠢᠭᠡ ᠴᠤᠩᠬᠤ︾ ᠪᠠᠶᠢᠭᠤᠯᠤᠨ᠂ ᠰᠦᠯᠵᠢᠶ᠎ᠡ ᠳᠡᠭᠡᠷ᠎ᠡ ᠬᠢᠨᠠᠨ ᠵᠦᠪᠰᠢᠶᠡᠷᠡᠬᠦ ᠶᠢ | ᠲᠦᠷᠭᠡᠨ ᠠᠬᠢᠭᠤᠯᠵᠦ᠂ ᠢᠯᠡ ᠭᠦᠢᠴᠡᠳᠭᠡᠬᠦ ᠶᠢ ᠬᠡᠷᠡᠭᠵᠢᠬᠦᠯᠵᠦ᠂ ᠪᠦᠬᠦᠶᠢᠯᠡ ᠬᠢᠨᠠᠨ ᠵᠦᠪᠰᠢᠶᠡᠷᠡᠯ ᠤᠨ ᠬᠦᠯᠢᠶᠡᠨ | ᠠᠪᠬᠤ᠂ ᠠᠬᠢᠴᠠ᠂ ᠦᠷ᠎ᠡ ᠳ᠋ᠦᠩ ᠵᠡᠷᠬᠡ ᠶᠢᠨ ᠮᠠᠳᠡᠭᠡ ᠵᠠᠩᠬᠢ ᠶᠢ ᠴᠦᠮ ᠢᠯᠡ ᠪᠤᠯᠭᠠᠬᠤ ᠬᠡᠷᠡᠭᠲᠠᠢ᠃ ᠲᠦᠷᠪᠡ | ᠳᠤ ᠳᠤᠳᠤᠭᠠᠳᠤ ᠳᠠᠭᠠᠨ ᠬᠢᠨᠠᠯᠳᠠ ᠳᠠᠯᠪᠢᠬᠤ ᠲᠤᠭᠳᠠᠴᠠ ᠶᠢ ᠴᠢᠩᠭᠠᠷᠠᠭᠤᠯᠬᠤ ᠬᠡᠷᠡᠭᠲᠠᠢ᠃ ᠭᠤᠶᠤᠴᠢᠯᠠᠭᠴᠢᠳ ᠤᠨ | ᠦᠨᠡᠯᠡᠬᠦ ᠲᠦᠷᠢᠮ ᠢ ᠪᠠᠶᠢᠭᠤᠯᠵᠦ᠂ ᠨᠡᠶᠢᠭᠡᠮ ᠨᠡᠶᠢᠳᠡ ᠶᠢᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠠᠢ᠃ | ᠡᠯ᠎ᠡ ᠱᠠᠳᠤᠨ ᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠨᠤᠭᠤᠳ ᠲᠦᠪ ᠭᠤᠤᠯᠴᠢ ᠪᠤᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ | ᠴᠢᠩᠭ᠎ᠠ ᠲᠦᠷᠢᠮᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠬᠤ ᠬᠡᠷᠡᠭᠲᠠᠢ᠂ ᠨᠠᠷᠢᠨ ᠨᠢᠭᠳᠠ ᠬᠠᠤᠯᠢ ᠪᠠᠷ ᠵᠠᠰᠠᠬᠤ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ | ᠪᠠᠶᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠳᠡᠭᠦᠯᠳᠡᠷᠵᠢᠭᠦᠯᠦᠨ ᠨᠠᠷᠢᠯᠢᠭᠵᠢᠭᠤᠯᠵᠦ᠂ ᠬᠠᠤᠯᠢ ᠠᠴᠠ ᠵᠦᠷᠢᠴᠡᠨ ᠵᠠᠰᠠᠭ ᠶᠠᠪᠤᠭᠤᠯᠤᠭᠰᠠᠨ ᠬᠠᠷᠢᠭᠤᠴᠠᠯᠭ᠎ᠠ ᠶᠢ | ᠴᠢᠩᠭ᠎ᠠ ᠨᠡᠭᠡᠮᠵᠢᠯᠡᠬᠦ ᠬᠡᠷᠡᠭᠲᠠᠢ᠃ | ﹇ᠬᠦᠳᠤᠯᠦᠭᠴᠢ﹈ ᠳᠡᠭᠡᠪᠡᠯ 2015 ᠤᠨ ᠳᠤ ᠶᠠᠭᠠᠬᠢᠬᠤ ᠪᠤᠳᠤᠯ ᠲᠠᠢ ᠪᠠᠶᠢᠨ᠎ᠠ ᠪᠤᠢ︖ | ﹇ᠭᠤᠤ ᠢᠩ ᠵᠢᠶᠧ﹈ ︵ᠨᠢᠭᠡ︶ ᠶᠠᠰᠤ ᠴᠢᠨᠠᠷ ᠤᠨ ᠭᠤᠤᠯ ᠰᠡᠳᠤᠪ ᠢ ᠲᠤᠪᠤᠶᠢᠯᠭᠠᠨ᠎ᠠ᠃ | ᠨᠢᠭᠡ ᠳᠤ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ | ᠢᠳᠡᠪᠬᠢᠲᠠᠢ ᠬᠡᠷᠡᠭᠵᠢᠬᠦᠯᠦᠨ᠎ᠠ᠃ ᠳᠤᠮᠳᠠᠳᠤ ᠤᠯᠤᠰ ᠤᠨ ᠶᠠᠰᠤ ᠴᠢᠨᠠᠷ ᠤᠨ ᠠᠵᠢᠯ ᠤᠨ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠶᠠᠰᠤ ᠴᠢᠨᠠᠷ ᠤᠨ ᠬᠤᠷᠸ᠎ᠠ ᠬᠠᠮᠢᠶᠠᠷᠤᠯᠳᠠ ᠶᠢ ᠪᠦᠬᠦ ᠲᠠᠯ᠎ᠠ | ᠪᠠᠷ ᠴᠢᠩᠭᠠᠳᠬᠠᠨ᠎ᠠ︔ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠶᠠᠰᠤ ᠴᠢᠨᠠᠷ | ᠢᠶᠠᠷ ᠤᠷᠤᠨ ᠢᠶᠠᠨ ᠬᠦᠴᠤᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠰᠠᠨᠠᠯ︾ ᠢ ᠲᠤᠭᠳᠠᠭᠠᠨ | ᠨᠡᠶᠢᠳᠡᠯᠡᠬᠦ ᠶᠢ ᠲᠦᠷᠭᠡᠳᠬᠡᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠬᠠᠷᠠᠯᠳᠠ ᠶᠢ ᠲᠤᠭᠳᠠᠭᠠᠵᠦ᠂ | ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠠᠷᠭ᠎ᠠ ᠶᠢ ᠲᠤᠭᠳᠠᠭᠠᠵᠦ᠂ ᠶᠠᠰᠤ ᠴᠢᠨᠠᠷ ᠢᠶᠠᠷ ᠤᠷᠤᠨ ᠢᠶᠠᠨ | ᠬᠦᠴᠤᠷᠭᠡᠭᠵᠢᠭᠦᠯᠬᠦ ᠭᠤᠤᠯᠳᠠᠭ᠎ᠠ ᠶᠢ ᠲᠤᠳᠤᠷᠬᠠᠶᠢᠯᠠᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ | ᠬᠠᠷᠢᠭᠤᠴᠠᠯᠭ᠎ᠠ ᠶᠢ ᠨᠠᠷᠢᠯᠢᠭᠵᠢᠭᠤᠯᠵᠦ᠂ ᠦᠪᠤᠷ ᠮᠤᠩᠭᠤᠯ ᠤᠨ ᠠᠵᠦ ᠠᠬᠤᠢ ᠶᠢᠨ ᠶᠠᠰᠤ ᠴᠢᠨᠠᠷ ᠢ ᠪᠦᠬᠦᠯᠢ | ᠴᠤᠭᠴᠠ ᠪᠠᠷ ᠨᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ︔ ᠤᠷᠤᠨ ᠤ ᠲᠤᠪᠴᠢᠶ᠎ᠠ ᠶᠢᠨ ᠶᠠᠰᠤ ᠴᠢᠨᠠᠷ | ᠢᠶᠠᠷ ᠤᠷᠤᠨ ᠢᠶᠠᠨ ᠬᠦᠴᠤᠷᠭᠡᠭᠵᠢᠭᠦᠯᠬᠦ ᠠᠵᠢᠯ ᠤᠨ ᠲᠤᠯᠤᠭᠠᠶᠢᠯᠠᠭᠴᠢ ᠨᠢᠭᠡᠴᠡ ᠶᠢᠨ ᠦᠢᠯᠡᠳᠤᠯ ᠢ ᠨᠢ | ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠦ᠂ ᠪᠦᠬᠦ ᠤᠷᠤᠨ ᠤ ᠶᠠᠰᠤ ᠴᠢᠨᠠᠷ ᠤᠨ ᠠᠵᠢᠯ ᠢ ᠨᠢᠭᠡᠳᠤᠯᠲᠡᠢ | ᠲᠤᠬᠢᠷᠠᠭᠤᠯᠬᠤ ᠪᠠ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠴᠢᠩᠭᠠᠳᠬᠠᠵᠦ᠂ ᠶᠠᠰᠤ ᠴᠢᠨᠠᠷ ᠤᠨ ᠬᠤᠯᠪᠤᠭᠠᠳᠤ | ᠬᠤᠷᠠᠯᠳᠤᠭᠠᠨ ᠤ ᠲᠦᠷᠢᠮ ᠢᠶᠠᠷ ᠬᠤᠯᠪᠤᠭᠠᠰᠤ ᠪᠤᠯᠭᠠᠵᠦ᠂ ᠡᠯ᠎ᠡ ᠡᠷᠬᠡ ᠴᠢᠳᠠᠪᠤᠷᠢᠳᠤ ᠰᠠᠯᠠᠭ᠎ᠠ ᠮᠦᠴᠢᠷ ᠤᠨ | ᠦᠢᠯᠡᠳᠤᠯ ᠢ ᠶᠡᠭᠡ ᠪᠠᠷ ᠪᠠᠳᠠᠷᠠᠭᠤᠯᠵᠦ᠂ ᠶᠠᠰᠤ ᠴᠢᠨᠠᠷ ᠢᠶᠠᠷ ᠤᠷᠤᠨ ᠢᠶᠠᠨ ᠬᠦᠴᠤᠷᠭᠡᠭᠵᠢᠭᠦᠯᠬᠦ ᠨᠡᠶᠢᠯᠡᠮᠡᠯ ᠬᠦᠴᠤᠨ | ᠢ ᠪᠦᠷᠢᠯᠳᠤᠭᠦᠯᠦᠨ᠎ᠡ᠃ ᠬᠤᠶᠡᠷ ᠲᠤ ᠨᠡᠷᠡᠳᠤ ᠳᠡᠮᠳᠡᠭ ᠢ ᠪᠤᠶᠢᠵᠢᠭᠤᠯᠬᠤ ᠪᠠ ᠲᠡᠰ ᠦᠰᠭᠡᠬᠦ ᠢᠨᠵᠧᠨᠧᠷᠢᠩ ᠢ | ᠶᠡᠬᠡᠪᠡᠷ ᠬᠡᠷᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ | ᠪᠤᠯᠤᠨ ᠦᠪᠤᠷ ᠮᠤᠩᠭᠤᠯ ᠤᠨ ᠨᠡᠷᠡᠳᠤ ᠲᠡᠮᠳᠡᠭ ᠢ ᠬᠢᠨᠠᠨ ᠲᠤᠭᠳᠠᠭᠠᠬᠤ ᠠᠷᠭ᠎ᠠ ᠶᠢ ᠳᠠᠷᠤᠶᠢᠬᠠᠨ ᠵᠤᠬᠢᠶᠠᠨ | ᠪᠠᠶᠢᠭᠤᠯᠤᠨ ᠵᠠᠰᠠᠨ ᠳᠡᠭᠦᠯᠳᠡᠷᠵᠢᠭᠦᠯᠵᠦ᠂ ᠱᠠᠩᠨᠠᠬᠤ ᠬᠡᠪᠴᠢᠶ᠎ᠡ ᠶᠢ ᠢᠳᠡᠭ ᠢᠳᠡᠭ ᠢᠶᠠᠷ ᠦᠷᠭᠡᠳᠭᠡᠵᠦ᠂ | ᠲᠡᠷᠢᠭᠦᠯᠡᠭᠴᠢ ᠶᠢᠨ ᠱᠠᠩᠨᠠᠯ ᠤᠨ ︽ᠠᠯᠳᠠ ᠶᠢᠨ ᠠᠭᠤᠯᠠᠭᠳᠠᠴᠠ︾ ᠪᠠ ᠦᠪᠤᠷ ᠮᠤᠩᠭᠤᠯ ᠤᠨ ᠨᠡᠷᠡᠳᠤ ᠳᠡᠮᠳᠡᠭᠳᠤ | ᠶᠢᠨ ᠠᠯᠳᠠᠷ ᠢ ᠨᠡᠮᠡᠭᠳᠡᠭᠦᠯᠵᠦ᠂ ᠪᠦᠬᠦ ᠤᠷᠤᠨ ᠤ ᠡᠯ᠎ᠡ ᠲᠦᠷᠦᠯ ᠤᠨ ᠠᠵᠦ ᠠᠬᠤᠶᠢᠯᠠᠯ ᠤᠨ ᠶᠠᠰᠤ ᠴᠢᠨᠠᠷ ᠢ | ᠳᠡᠭᠡᠭᠰᠢᠯᠡᠬᠦᠯᠬᠦ᠂ ᠦᠪᠡᠷ ᠤᠨ ᠨᠡᠷᠡᠳᠤ ᠳᠡᠮᠳᠡᠭ ᠢ ᠡᠭᠦᠳᠬᠦ ᠢᠳᠡᠪᠬᠢᠵᠢᠯ ᠢ ᠨᠢ ᠲᠠᠶᠢᠴᠢᠯᠠᠨ᠎ᠡ︔ ᠪᠦᠬᠦ ᠤᠯᠤᠰ ᠤᠨ | ᠠᠯᠳᠠᠷᠳᠤ ᠳᠡᠮᠳᠡᠭ ᠤᠨ ᠵᠢᠱᠢᠶ᠎ᠡ ᠦᠵᠡᠭᠦᠯᠬᠦ ᠤᠷᠤᠨ᠂ ᠶᠠᠰᠤ ᠴᠢᠨᠠᠷ ᠢᠶᠠᠷ ᠭᠤᠳᠠ ᠪᠠᠨ ᠬᠦᠴᠤᠷᠭᠡᠭᠵᠢᠬᠦᠯᠬᠦ | ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠠᠵᠢᠯᠯᠠᠭ᠎ᠠ ᠶᠢ ᠶᠡᠭᠡ ᠪᠠᠷ ᠦᠷᠨᠢᠬᠦᠯᠵᠦ᠂ ᠠᠯᠳᠠᠷᠳᠤ ᠳᠡᠮᠳᠡᠭ ᠤᠨ | ᠤᠷᠮᠠᠰᠢᠭᠤᠯᠬᠤ ᠦᠢᠯᠡᠳᠤᠯ ᠪᠤᠯᠤᠨ ᠦᠯᠢᠭᠡᠷ ᠳᠠᠭᠤᠷᠢᠶᠠᠯ ᠤᠨ ᠠᠵᠦ ᠠᠬᠤᠶᠢᠯᠠᠯ ᠤᠨ ᠳᠠᠭᠠᠭᠤᠯᠬᠤ ᠦᠢᠯᠡᠳᠤᠯ ᠢ | ᠨᠢ ᠢᠳᠡᠪᠬᠢᠲᠠᠢ ᠪᠠᠳᠠᠷᠠᠭᠤᠯᠵᠦ᠂ ᠠᠵᠦ ᠠᠬᠤᠶᠢᠯᠠᠯ ᠤᠨ ᠦᠷᠢᠰᠤᠯᠳᠤᠭᠡᠨ ᠤ ᠴᠢᠳᠠᠯ ᠪᠠ ᠶᠠᠰᠤ ᠴᠢᠨᠠᠷ ᠤᠨ | ᠶᠡᠷᠦᠩᠬᠡᠢ ᠬᠢᠷᠢ ᠲᠦᠪᠰᠢᠨ ᠤ ᠳᠡᠭᠡᠭᠰᠢᠯᠡᠯᠳᠠ ᠶᠢ ᠠᠬᠢᠭᠤᠯᠤᠨ᠎ᠠ᠃ 2015 ᠤᠨ ᠳᠤ᠂ ᠦᠪᠤᠷ ᠮᠤᠩᠭᠤᠯ ᠤᠨ | ᠨᠡᠷᠡᠳᠤ ᠦᠢᠯᠡᠳᠬᠦᠨ ᠤ ᠶᠡᠷᠦᠩᠬᠡᠢ ᠲᠤᠭ᠎ᠠ ᠶᠢ 360 ᠠᠴᠠ ᠳᠠᠪᠠᠭᠤᠯᠬᠤ ᠪᠠᠷ ᠴᠢᠷᠮᠠᠶᠢᠵᠦ᠂ ᠨᠡᠷᠡᠳᠤ ᠳᠡᠮᠳᠡᠭ ᠤᠨ | ᠵᠢᠱᠢᠶ᠎ᠡ ᠦᠵᠡᠭᠦᠯᠬᠦ ᠭᠠᠵᠠᠷ ᠤᠷᠤᠨ ᠢ 6 ᠶᠢ ᠡᠭᠦᠳᠤᠨ ᠪᠠᠶᠢᠭᠤᠯᠵᠦ᠂ 1-2 ᠨᠡᠷᠡᠳᠤ ᠳᠡᠮᠳᠡᠭ ᠢ ᠭᠤᠤᠯᠳᠠᠯᠭ᠎ᠠ | ᠲᠠᠢ ᠪᠤᠶᠢᠵᠢᠭᠤᠯᠵᠦ ᠪᠦᠬᠦ ᠤᠯᠤᠰ ᠤᠨ ᠠᠯᠳᠠᠷᠳᠤ ᠳᠡᠮᠳᠡᠭᠳᠤ ᠶᠢᠨ ᠡᠩᠨᠡᠭᠡᠨ ᠳᠤ ᠤᠷᠤᠭᠤᠯᠤᠨ᠎ᠠ᠃ ᠭᠤᠷᠪᠠ | ᠳᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠶᠢ ᠯᠠᠪᠳᠠᠭᠤᠨ ᠰᠠᠶᠢᠨ ᠠᠳᠬᠤᠨ᠎ᠠ᠃ | ᠬᠡᠷᠡᠭᠵᠢᠬᠦᠯᠬᠦ ᠲᠦᠰᠦᠯ ᠢ ᠰᠢᠵᠢᠯᠡᠬᠦ ᠤᠬᠠᠭᠠᠨᠴᠢ ᠪᠠᠷ ᠲᠤᠭᠳᠠᠭᠠᠵᠦ᠂ ᠠᠶᠢᠮᠠᠭ ᠬᠤᠳᠠ ᠶᠢᠨ ᠵᠠᠰᠠᠭ ᠤᠨ ᠤᠷᠳᠤᠨ | ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠬᠤ ᠨᠠᠷᠢᠨ ᠲᠦᠷᠢᠮ ᠢ ᠨᠠᠷᠢᠨ ᠨᠢᠮᠪᠠᠢ ᠲᠤᠭᠳᠠᠭᠠᠵᠦ᠂ ᠬᠢᠨᠠᠨ | ᠰᠢᠯᠭᠠᠬᠤ ᠲᠡᠰ ᠳᠠᠷᠠᠭᠠᠯᠠᠯ ᠢ ᠵᠢᠷᠤᠮᠵᠢᠭᠤᠯᠵᠦ᠂ ᠨᠠᠷᠢᠨ ᠨᠢᠭᠳᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠨᠡᠨ | ᠢ ᠪᠠᠷᠢᠮᠳᠠᠯᠠᠬᠤ᠂ ᠲᠦᠪ ᠭᠤᠤᠯᠴᠢ ᠪᠠᠶᠢᠬᠤ ᠵᠠᠷᠴᠢᠮ ᠢᠶᠠᠷ ᠬᠢᠨᠠᠨ ᠰᠢᠯᠭᠠᠭᠰᠠᠨ ᠦᠷ᠎ᠡ ᠳ᠋ᠦᠩ ᠢ ᠴᠠᠭ ᠳᠠᠷᠤᠢ ᠳᠤᠨᠢ | ᠨᠡᠶᠢᠳᠡᠯᠡᠨ᠎ᠡ᠃ ᠠᠶᠢᠮᠠᠭ ᠬᠤᠳᠠ ᠶᠢᠨ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠪᠠᠷ ᠠᠵᠠ ᠲᠤᠬᠢᠶᠠᠯ | ᠪᠤᠯᠭᠠᠵᠦ᠂ ᠬᠤᠰᠢᠭᠤ ᠰᠢᠶᠠᠨ ᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠶᠢ | ᠲᠦᠷᠭᠡᠨ ᠠᠬᠢᠭᠤᠯᠵᠦ᠂ ᠡᠯ᠎ᠡ ᠱᠠᠳᠤᠨ ᠤ ᠵᠠᠰᠠᠭ ᠤᠨ ᠤᠷᠳᠤᠨ ᠤ ᠶᠠᠰᠤ ᠴᠢᠨᠠᠷ ᠤᠨ ᠠᠵᠢᠯ ᠤᠨ ᠡᠷᠴᠢᠮ ᠢᠶᠠᠨ | ᠴᠢᠩᠭᠠᠯᠠᠬᠤ ᠶᠢ ᠨᠢ ᠪᠦᠳᠤᠮᠵᠢᠲᠠᠢ ᠪᠠᠷ ᠠᠬᠢᠭᠤᠯᠵᠦ᠂ ᠶᠠᠰᠤ ᠴᠢᠨᠠᠷ ᠤᠨ ᠬᠦᠭᠵᠢᠯᠳᠡ ᠶᠢ ᠠᠬᠢᠭᠤᠯᠤᠨ᠎ᠠ᠃ | ᠲᠦᠷᠪᠠ ᠳᠤ ᠶᠠᠰᠤ ᠴᠢᠨᠠᠷ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠭᠤᠤᠯ ᠰᠡᠳᠤᠪᠳᠤ ᠤᠬᠠᠭᠤᠯᠭ᠎ᠠ | ᠶᠢᠨ ᠠᠵᠢᠯᠯᠠᠭ᠎ᠠ ᠶᠢ ᠨᠢᠮᠪᠠᠢ ᠵᠤᠬᠢᠶᠠᠨ ᠪᠠᠶᠢᠭᠤᠯᠤᠨ᠂ ᠶᠠᠰᠤ ᠴᠢᠨᠠᠷ ᠢᠶᠠᠷ ᠤᠷᠤᠨ ᠢᠶᠠᠨ ᠬᠦᠴᠦᠷᠬᠡᠭᠵᠢᠭᠦᠯᠬᠦ ᠭᠤᠤᠯ | ᠰᠡᠳᠤᠪ ᠢ ᠲᠤᠪᠤᠶᠢᠯᠭᠠᠵᠦ᠂ ᠵᠠᠰᠠᠭ ᠤᠨ ᠤᠷᠳᠤᠨ ᠶᠠᠰᠤ ᠴᠢᠨᠠᠷ ᠢ ᠬᠦᠨᠳᠤᠳᠭᠡᠨ ᠦᠵᠡᠬᠦ᠂ ᠠᠵᠦ ᠠᠬᠤᠶᠢᠯᠠᠯ ᠶᠠᠰᠤ | ᠴᠢᠨᠠᠷ ᠢ ᠬᠦᠬᠡᠭᠡᠴᠡᠯᠳᠤᠬᠦ᠂ ᠨᠡᠶᠢᠭᠡᠮ ᠨᠡᠶᠢᠳᠡ ᠶᠠᠰᠤ ᠴᠢᠨᠠᠷ ᠢ ᠡᠷᠬᠢᠮᠯᠡᠬᠦ᠂ ᠬᠦᠮᠤᠨ ᠭᠦᠬᠦᠨ ᠶᠠᠰᠤ ᠴᠢᠨᠠᠷ ᠢ | ᠠᠩᠬᠠᠷᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ︔ ᠶᠠᠷᠢᠶ᠎ᠠ ᠬᠡᠯᠡᠯᠴᠡᠭᠡᠨ ᠤ ᠪᠠᠶᠢᠳᠠᠯ ᠢ | ᠵᠠᠳᠠᠯᠤᠨ ᠰᠤᠳᠤᠯᠵᠦ᠂ ᠶᠠᠷᠢᠶ᠎ᠠ ᠬᠡᠯᠡᠯᠴᠡᠭᠡᠨ ᠤ ᠨᠤᠶᠠᠨ ᠤᠷᠬᠢᠯ ᠢ ᠡᠵᠡᠯᠡᠵᠦ᠂ ᠶᠠᠷᠢᠶ᠎ᠡ ᠬᠡᠯᠡᠯᠴᠡᠭᠡᠨ ᠤ ᠳᠠᠭᠤ | ᠴᠢᠮᠡᠭᠡ ᠶᠢ ᠳᠠᠭᠠᠭᠤᠯᠵᠦ᠂ ᠶᠡᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠵᠢᠯᠤᠭᠤᠳᠴᠤ᠂ ᠶᠠᠰᠤ ᠴᠢᠨᠠᠷ ᠤᠨ ᠲᠤᠬᠠᠢ | ᠦᠬᠦᠯᠡᠵᠦ᠂ ᠶᠠᠰᠤ ᠴᠢᠨᠠᠷ ᠤᠨ ᠳᠠᠭᠤᠨ ᠢ ᠬᠠᠩᠬᠢᠨᠠᠭᠤᠯᠤᠨ᠎ᠠ᠃ ᠭᠤᠤᠯ ᠵᠡᠭᠤᠴᠢ᠂ ᠰᠢᠨ᠎ᠡ ᠵᠠᠭᠤᠴᠢ ᠨᠠᠷ ᠲᠠᠢ | ᠬᠠᠮᠳᠤᠷᠠᠨ ᠠᠵᠢᠯᠯᠠᠬᠤ ᠪᠠᠨ ᠴᠢᠩᠭᠠᠳᠬᠠᠵᠦ᠂ ᠲᠡᠷᠢᠭᠦᠨ ᠤ ᠨᠡᠶᠢᠳᠡᠯᠢᠭ ᠵᠢᠱᠢᠶ᠎ᠡ ᠶᠢ ᠶᠡᠬᠡᠪᠡᠷ ᠤᠬᠠᠭᠤᠯᠵᠦ᠂ ᠶᠠᠰᠤ | ᠴᠢᠨᠠᠷ ᠤᠨ ᠠᠰᠠᠭᠤᠳᠠᠯ ᠪᠠ ᠬᠤᠳᠠᠯ ᠬᠠᠭᠤᠷᠮᠠᠭ ᠦᠢᠯᠡᠳᠬᠦᠨ ᠢ ᠬᠠᠶᠢᠷ᠎ᠠ ᠨᠠᠶᠢᠷ ᠦᠬᠡᠢ ᠢᠯᠡᠴᠢᠯᠡᠵᠦ᠂ ᠶᠠᠰᠤ | ᠴᠢᠨᠠᠷ ᠢ ᠡᠷᠬᠢᠮᠯᠡᠬᠦ ᠨᠡᠶᠢᠭᠡᠮ ᠤᠨ ᠬᠡᠪ ᠪᠠᠶᠢᠳᠠᠯ ᠢ ᠪᠤᠢ ᠪᠤᠯᠭᠠᠨ᠎ᠠ᠃ | ﹇ᠭᠤᠤ ᠢᠩ ᠵᠢᠶᠧ﹈ ︵ᠬᠤᠶᠠᠷ︶ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠪᠠᠬᠢᠯᠡᠨ᠎ᠡ | ᠃ ᠨᠢᠬᠡ ᠳᠤ ᠲᠦᠪᠯᠡᠷᠡᠬᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠤᠨᠴᠠᠭᠠᠢ | ᠲᠦᠬᠦᠭᠡᠷᠤᠮᠵᠢ ᠶᠢᠨ ᠠᠮᠤᠷ ᠲᠦᠪᠰᠢᠨ ᠢ ᠪᠠᠳᠤᠯᠠᠨ᠎ᠠ᠃ ᠠᠵᠦ ᠠᠬᠤᠶᠢᠯᠠᠯ ᠢᠶᠠᠷ ᠭᠤᠤᠯ ᠴᠤᠭᠴᠠ ᠪᠤᠯᠭᠠᠵᠦ᠂ | ᠰᠠᠯᠠᠭ᠎ᠠ ᠮᠦᠴᠢᠷ ᠬᠢᠨᠠᠨ ᠬᠠᠮᠢᠶᠠᠷᠴᠤ᠂ ᠨᠡᠶᠢᠭᠡᠮ ᠨᠡᠶᠢᠳᠡ ᠪᠠᠷ ᠢᠶᠠᠨ ᠬᠢᠨᠠᠯᠳᠠ ᠳᠠᠯᠪᠢᠬᠤ ︽ᠭᠤᠷᠪᠠ ᠶᠢ ᠨᠢᠬᠡ | ᠴᠤᠭᠴᠠᠴᠢᠯᠠᠭᠰᠠᠨ︾ ᠤᠨᠴᠠᠭᠠᠢ ᠲᠦᠬᠦᠭᠡᠷᠦᠮᠵᠢ ᠶᠢᠨ ᠠᠮᠤᠷ ᠲᠦᠪᠰᠢᠨ ᠤ ᠲᠤᠭᠳᠠᠴᠠ ᠶᠢ ᠳᠡᠭᠦᠯᠳᠡᠷᠵᠢᠭᠦᠯᠵᠦ᠂ | ᠠᠮᠤᠷ ᠲᠦᠪᠰᠢᠨ ᠢ ᠬᠢᠨᠠᠨ ᠬᠠᠮᠢᠶᠠᠷᠬᠤ ᠶᠢ ᠪᠦᠷᠢᠨ ᠪᠦᠷᠬᠦᠭᠦᠯᠬᠦ ᠶᠢ ᠪᠠᠳᠤᠯᠠᠨ᠎ᠠ︔ ᠦᠪᠡᠷᠳᠡᠭᠡᠨ ᠵᠠᠰᠠᠬᠤ ᠤᠷᠤᠨ | ᠤ ᠵᠠᠰᠠᠭ ᠤᠨ ᠤᠷᠳᠤᠨ ᠤ ᠤᠨᠴᠠᠭᠠᠢ ᠲᠦᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ᠤᠳᠤᠷᠢᠳᠬᠤ ᠲᠤᠭᠤᠶᠢᠯᠠᠩ ᠪᠠᠶᠢᠭᠤᠯᠬᠤ ᠶᠢ ᠨᠢ ᠠᠬᠢᠭᠤᠯᠵᠦ᠂ ᠨᠢᠭᠡᠳᠤᠯᠲᠠᠢ ᠦᠨᠳᠤᠷ ᠦᠷ᠎ᠡ | ᠪᠦᠳᠤᠮᠵᠢ ᠲᠠᠢ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠰᠢᠢᠳᠪᠤᠷᠢᠯᠡᠬᠦ ᠲᠠᠪᠴᠠᠩ ᠢ ᠪᠠᠶᠢᠭᠤᠯᠵᠦ᠂ | ᠲᠦᠷᠭᠡᠨ ᠲᠤᠰᠬᠠᠯ ᠭᠠᠷᠭᠠᠬᠤ ᠪᠠ ᠪᠠᠴᠢᠮ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠤᠨ᠎ᠡ︔ ᠲᠤᠰᠤ ᠬᠡᠢ | ᠳᠠᠮᠵᠢᠭᠤᠯᠬᠤ ᠬᠤᠭᠤᠯᠠᠢ ᠶᠢᠨ ᠬᠡᠮ ᠰᠤᠭᠤᠭ ᠢ ᠴᠡᠭᠴᠡᠯᠡᠨ ᠵᠠᠰᠠᠬᠤ᠂ ᠲᠠᠷᠤᠯᠳᠠ ᠲᠠᠢ ᠰᠢᠯᠵᠢᠮᠡᠯ ᠰᠠᠪᠠ ᠶᠢ | ᠪᠠᠶᠢᠴᠠᠭᠠᠬᠤ ᠪᠠ ᠠᠵᠦ ᠦᠢᠯᠡᠳᠪᠤᠷᠢ ᠶᠢᠨ ᠵᠤᠤᠬ᠎ᠠ ᠶᠢᠨ ᠲᠠᠯᠳᠠ ᠬᠡᠮ ᠢ ᠪᠠᠶᠢᠴᠠᠭᠠᠨ ᠰᠢᠢᠳᠪᠤᠷᠢᠯᠡᠬᠦ ᠵᠡᠷᠭᠡ ᠠᠵᠢᠯ | ᠢ ᠬᠦᠨᠵᠡᠬᠡᠢ ᠦᠷᠨᠢᠬᠦᠯᠵᠦ᠂ ᠡᠷᠳᠡᠬᠡᠨ ᠮᠡᠳᠡᠵᠦ᠂ ᠡᠷᠳᠡᠬᠡᠨ ᠪᠠᠶᠢᠴᠠᠭᠠᠵᠦ᠂ ᠡᠷᠳᠡᠬᠡᠨ ᠵᠠᠰᠠᠬᠤ ᠪᠤᠯᠭᠠᠨ᠎ᠠ ︔ | ᠴᠠᠬᠢᠯᠭᠠᠨ ᠱᠠᠳᠤ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠴᠠᠬᠢᠯᠭᠠᠨ ᠱᠠᠳᠤᠨ ᠤ | ᠰᠠᠭᠠᠳ ᠤᠨ ᠨᠤᠷᠮ᠎ᠠ ᠪᠠ ᠠᠳᠡᠯ ᠤᠨ ᠨᠤᠷᠮ᠎ᠠ ᠶᠢ ᠭᠢᠵᠠᠭᠠᠷᠯᠠᠨ᠎ᠠ᠃ ᠡᠨᠡ ᠵᠢᠯ ᠤᠯᠤᠰ ᠤᠨ ᠶᠠᠰᠤ ᠴᠢᠨᠠᠷ ᠤᠨ | ᠪᠠᠶᠢᠴᠠᠭᠠᠯᠳᠠ ᠶᠢᠨ ᠶᠡᠷᠦᠩᠬᠡᠢ ᠲᠤᠪᠴᠢᠶ᠎ᠠ ᠶᠢᠨ ᠪᠠᠶᠢᠷᠢᠯᠠᠭᠤᠯᠤᠯᠳᠠ ᠪᠠᠷ ᠪᠦᠬᠦ ᠰᠢᠰᠲ᠋ᠧᠮ ᠤᠨ ᠬᠦᠴᠤᠨ ᠢ | ᠲᠦᠪᠯᠡᠷᠡᠬᠦᠯᠦᠨ᠂ ᠴᠠᠬᠢᠯᠭᠠᠨ ᠱᠠᠳᠤᠨ ᠤ ᠠᠮᠤᠷ ᠲᠦᠪᠰᠢᠨ ᠢ ᠬᠢᠨᠠᠠ ᠬᠠᠮᠢᠶᠠᠷᠬᠤ ᠶᠡᠭᠡ ᠲᠠᠶᠢᠯᠠᠯᠳᠤᠭᠠᠨ ᠢ | ᠦᠷᠨᠢᠭᠦᠯᠦᠨ᠎ᠠ᠃ ᠬᠤᠶᠠᠷ ᠲᠤ ᠦᠢᠯᠡᠳᠭᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠡᠷᠴᠢᠮ ᠢ ᠴᠢᠩᠭᠠᠯᠠᠵᠦ᠂ | ᠬᠡᠷᠡᠭᠯᠡᠭᠡᠨ ᠤ ᠪᠤᠳᠠᠰ ᠤᠨ ᠠᠮᠤᠷ ᠲᠦᠪᠰᠢᠨ ᠢ ᠪᠠᠳᠤᠯᠠᠨ᠎ᠠ᠃ ᠡᠨᠡ ᠵᠢᠯ ᠠᠴᠠ ᠡᠬᠢᠯᠡᠨ᠂ ᠪᠢᠳᠡ ᠦᠢᠯᠡᠳᠬᠦᠨ | ᠳᠤ ᠬᠢᠨᠠᠯᠳᠠ ᠳᠠᠯᠪᠢᠬᠤ ᠶᠢ ᠰᠤᠭᠤᠴᠠᠨ ᠪᠠᠶᠢᠴᠠᠭᠠᠬᠤ ᠪᠦᠷᠬᠦᠴᠡ ᠶᠢ ᠠᠯᠬᠤᠮ ᠠᠯᠬᠤᠮ ᠢᠶᠠᠷ ᠶᠡᠬᠡᠰᠭᠡᠵᠦ᠂ | ᠬᠡᠷᠡᠭᠯᠡᠭᠡᠨ ᠤ ᠪᠣᠳᠠᠰ᠂ ᠡᠯᠧᠺᠲᠷᠤᠨ ᠬᠤᠳᠠᠯᠳᠤᠭ᠎ᠠ ᠶᠢᠨ ᠦᠢᠯᠡᠳᠬᠦᠨ ᠵᠡᠷᠭᠡ ᠰᠢᠨ᠎ᠡ ᠬᠦᠷᠢᠶᠡᠨ ᠤ ᠰᠤᠭᠤᠴᠠᠨ | ᠪᠠᠶᠢᠴᠠᠭᠠᠬᠤ ᠬᠡᠪᠴᠢᠶ᠎ᠡ ᠶᠢ ᠦᠷᠭᠡᠳᠬᠡᠵᠦ᠂ ᠰᠤᠭᠤᠴᠠᠨ ᠪᠠᠶᠢᠴᠠᠭᠠᠬᠤ ᠦᠢᠯᠡᠳᠬᠦᠨ ᠤ ᠲᠦᠷᠦᠯ ᠢ 100 ᠲᠦᠷᠦᠯ | ᠪᠤᠯᠭᠠᠨ ᠦᠷᠭᠡᠳᠭᠡᠵᠦ᠂ ᠰᠤᠭᠤᠴᠠᠨ ᠪᠠᠶᠢᠴᠠᠭᠠᠬᠤ ᠶᠢ 3000 ᠪᠦᠯᠦᠭ ᠤᠳᠠᠭ᠎ᠠ ᠳᠤ ᠬᠦᠷᠤᠭᠦᠯᠤᠨᠡ︔ | ᠲᠦᠭᠰᠢᠭᠦᠷᠢ ᠶᠢ ᠬᠢᠨᠠᠨ ᠬᠡᠮᠵᠢᠬᠦ ᠡᠷᠴᠢᠮ ᠢ ᠴᠢᠩᠭᠠᠯᠠᠵᠦ᠂ ᠤᠶᠢᠷ᠎ᠠ ᠶᠢᠨ ᠵᠢᠯ ᠳᠤ ᠬᠢᠷᠢ ᠳᠤ ᠳᠡᠩᠴᠡᠬᠦ ᠨᠤᠷᠮ᠎ᠠ ᠨᠢ | ᠳᠤᠤᠷ᠎ᠠ ᠪᠠᠶᠢᠬᠤ ᠦᠢᠯᠡᠳᠭᠦᠨ ᠢ ᠰᠤᠭᠤᠴᠠᠨ ᠪᠠᠶᠢᠴᠠᠭᠠᠵᠦ ᠬᠢᠨᠠᠨ ᠬᠠᠮᠢᠶᠠᠷᠬᠤ᠂ ᠬᠤᠵᠢᠭᠤ ᠰᠢᠢᠳᠪᠤᠷᠢᠯᠡᠬᠦ ᠪᠠ | ᠪᠤᠯᠵᠤᠨ ᠶᠠᠷᠢᠯᠴᠠᠬᠤ ᠡᠷᠴᠢᠮ ᠢ ᠴᠢᠩᠭᠠᠷᠠᠭᠤᠯᠤᠨ᠎ᠠ︔ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠵᠡᠷᠭᠡ | ᠬᠢᠷᠢ ᠳᠤ ᠳᠡᠩᠴᠡᠬᠦ ᠨᠤᠷᠮ᠎ᠠ ᠨᠢ ᠨᠡᠯᠢᠶᠡᠳ ᠳᠤᠤᠷ᠎ᠠ ᠪᠠᠶᠢᠬᠤ 8 ᠲᠦᠷᠦᠯ ᠤᠨ ᠦᠢᠯᠡᠳᠬᠦᠨ ᠪᠤᠯᠤᠨ ᠶᠡᠷᠤᠩᠬᠡᠢ | ᠲᠤᠪᠴᠢᠶ᠎ᠠ ᠠᠴᠠ ᠲᠤᠭᠳᠠᠭᠠᠭᠰᠠᠨ10 ᠲᠦᠷᠦᠯ ᠤᠨ ᠭᠤᠤᠯᠳᠠᠯᠭ᠎ᠠ ᠲᠠᠢ ᠦᠢᠯᠡᠳᠬᠦᠨ ᠤ ᠲᠤᠭᠤᠷᠢᠨ ᠳᠤ | ᠲᠦᠭᠰᠢᠭᠦᠷᠢ ᠶᠢ ᠬᠢᠨᠠᠨ ᠬᠡᠮᠵᠢᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠦᠨ᠎ᠡ︔ ︽ | ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠬᠦᠯᠬᠦ ᠠᠵᠢᠯᠯᠠᠭᠠᠨ ᠤ ᠲᠦᠰᠤᠯ︾ ᠢ ᠲᠤᠭᠳᠠᠭᠠᠵᠦ᠂ ᠦᠢᠯᠡᠳᠭᠦᠨ ᠤ | ᠲᠡᠰ ᠵᠡᠷᠭᠡ ᠨᠢ ᠨᠡᠯᠢᠶᠡᠳ ᠳᠤᠤᠷ᠎ᠠ ᠪᠠᠶᠢᠬᠤ᠂ ᠪᠠᠷᠢᠮᠵᠢᠶ᠎ᠠ ᠨᠢ ᠨᠠᠶᠢᠳᠠᠪᠤᠷᠢ ᠲᠠᠢ ᠪᠤᠰᠤ ᠪᠠᠶᠢᠭ᠎ᠠ ᠲᠤᠪᠤᠶᠢᠮ᠎ᠠ | ᠠᠰᠠᠭᠤᠳᠠᠯ ᠢ ᠦᠨᠡᠨᠬᠦ ᠰᠢᠢᠳᠪᠤᠷᠢᠯᠡᠨ᠎ᠠ᠃ ᠭᠤᠷᠪᠠ ᠳᠤ ᠬᠠᠤᠯᠢ ᠬᠡᠷᠡᠭᠵᠢᠭᠦᠯᠦᠨ ᠬᠤᠳᠠᠯ ᠬᠠᠭᠤᠷᠮᠠᠭ ᠵᠦᠢᠯ ᠳᠤ | ᠴᠤᠬᠢᠯᠳᠠ ᠦᠭᠬᠦ ᠦᠨᠳᠤᠷ ᠲᠠᠷᠤᠯᠳᠠ ᠶᠢᠨ ᠪᠠᠶᠢᠳᠠᠯ ᠢ ᠢᠮᠠᠭᠳᠠ ᠪᠠᠷᠢᠮᠳᠠᠯᠠᠨ᠎ᠠ᠃ ︽ᠶᠠᠰᠤ ᠴᠢᠨᠠᠷ ᠲᠤ ᠬᠢᠨᠠᠯᠳᠠ | ᠳᠠᠯᠪᠢᠬᠤ ᠶᠢ ᠬᠤᠷᠴᠠ ᠰᠠᠯᠠᠮ᠎ᠡ ᠪᠤᠯᠭᠠᠬᠤ︾ ᠠᠵᠢᠯᠯᠠᠭ᠎ᠠ ᠶᠢ ᠬᠦᠨᠵᠡᠬᠡᠢ ᠦᠷᠨᠢᠭᠦᠯᠵᠦ᠂ ᠵᠠᠬ᠎ᠠ ᠳᠡᠯᠭᠡᠭᠦᠷ ᠤᠨ | ᠡᠮᠬᠢ ᠲᠢᠭᠯᠢᠮ ᠢ ᠡᠪᠳᠡᠭᠰᠡᠨ᠂ ᠭᠤᠤᠯᠴᠢ ᠦᠷᠢᠰᠤᠯᠳᠤᠭᠡᠨ ᠢ ᠨᠦᠯᠦᠭᠡᠯᠡᠭᠰᠡᠨ ᠶᠠᠰᠤ ᠴᠢᠨᠠᠷ ᠤᠨ ᠠᠮᠤᠷ ᠲᠦᠪᠰᠢᠨ | ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠦᠨᠳᠤ ᠴᠤᠬᠢᠯᠳᠠ ᠦᠭᠬᠦᠨ᠎ᠠ︔ ᠲᠠᠷᠢᠶᠠᠯᠠᠩ ᠤᠨ ᠬᠡᠷᠡᠭᠰᠡᠯ᠂ | ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠤᠳᠠᠰᠤ ᠴᠠᠬᠢᠯᠭᠠᠨ ᠳᠡᠭᠡᠰᠤ᠂ ᠮᠠᠰᠢᠨ ᠲᠡᠷᠭᠡᠨ ᠤ ᠰᠡᠯᠪᠢᠭ ᠲᠤᠨᠤᠭ᠂ | ᠠᠯᠪᠠᠳᠠᠯᠭ᠎ᠠ ᠶᠢᠨ ᠴᠢᠨᠠᠷᠲᠠᠢ ᠦᠨᠡᠮᠰᠢᠭᠰᠡᠨ ᠦᠢᠯᠡᠳᠭᠦᠨ᠂ ᠰᠢᠷᠭᠡᠭᠯᠢᠭ ᠦᠢᠯᠡᠳᠭᠦᠨ᠂ ᠮᠠᠰᠢᠨ ᠳᠤ ᠬᠡᠷᠡᠭᠯᠡᠬᠦ | ᠰᠢᠳᠠᠭᠠᠯᠭ᠎ᠠ ᠶᠢᠨ ᠲᠤᠰᠤ ᠵᠡᠷᠭᠡ ᠦᠢᠯᠡᠳᠭᠦᠨ ᠢ ᠭᠤᠤᠯᠳᠠᠯᠭ᠎ᠠ ᠲᠠᠢ ᠦᠢᠯᠡᠳᠭᠦᠨ ᠪᠤᠯᠭᠠᠵᠦ᠂ ᠲᠡᠭᠦᠨ ᠤ | ᠬᠤᠳᠠᠯ ᠬᠠᠭᠤᠷᠮᠠᠭ ᠦᠢᠯᠡᠳᠭᠦᠨ ᠳᠤ ᠭᠤᠤᠯᠳᠠᠯᠭ᠎ᠠ ᠲᠠᠢ ᠴᠤᠬᠢᠯᠳᠠ ᠦᠭᠬᠦᠨ᠎ᠠ︔ ᠤᠯᠠᠨ ᠨᠡᠶᠢᠳᠡ ᠶᠢᠨ | ᠴᠤᠭᠯᠠᠭᠠᠨ ᠤ ᠲᠠᠯᠠᠪᠤᠷ᠂ ᠠᠶᠤᠯᠲᠠᠢ ᠬᠢᠮᠢ ᠪᠤᠳᠢᠰ ᠦᠢᠯᠡᠳᠪᠤᠷᠢᠯᠡᠬᠦ ᠠᠵᠦ ᠠᠬᠤᠶᠢᠯᠠᠯ᠂ ᠰᠢᠪᠳᠤᠷ ᠬᠦᠷᠦᠬᠡᠬᠦ | ᠠᠵᠦ ᠠᠬᠤᠶᠢᠯᠠᠯ ᠤᠨ ᠲᠤᠭᠤᠷᠢᠨ ᠳᠤ ᠤᠨᠴᠠᠭᠠᠢ ᠲᠦᠬᠦᠭᠡᠷᠦᠮᠵᠢ ᠶᠢᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢ | ᠦᠷᠨᠢᠭᠦᠯᠦᠨ᠎ᠡ︔ ᠬᠠᠤᠯᠢ ᠬᠡᠷᠡᠭᠵᠢᠬᠦᠯᠬᠦ ᠪᠠᠷ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠵᠦ᠂ ᠨᠦᠯᠦᠭᠡ ᠪᠠᠷ | ᠳᠤᠩ ᠮᠠᠭᠤ ᠲᠤᠮᠤ ᠬᠡᠷᠡᠭ ᠴᠢᠬᠤᠯᠠ ᠬᠡᠷᠡᠭ ᠢ ᠬᠦᠴᠤ ᠪᠠᠨ ᠬᠠᠮᠳᠤᠳᠬᠠᠨ ᠪᠠᠶᠢᠴᠠᠭᠠᠨ ᠰᠢᠢᠳᠪᠤᠷᠢᠯᠠᠵᠦ᠂ ᠬᠤᠳᠠᠯ | ᠬᠠᠭᠤᠷᠮᠠᠭ ᠦᠢᠯᠡᠳᠭᠦᠨ ᠳᠤ ᠦᠴᠤᠭᠡᠨ ᠴᠤ ᠲᠤᠬᠢᠶᠠᠯ ᠤᠯᠭᠤᠬᠤ ᠦᠬᠡᠢ ᠪᠠᠶᠢᠯᠭᠠᠨ᠎ᠠ᠃ ᠬᠠᠤᠯᠢ | ᠬᠡᠷᠡᠭᠵᠢᠬᠦᠯᠦᠯᠳᠠ ᠪᠠᠷ ᠬᠤᠳᠠᠯ ᠬᠠᠭᠤᠷᠮᠠᠭ ᠲᠤ ᠴᠤᠬᠢᠯᠳᠠ ᠦᠭᠬᠦ ᠬᠠᠷᠢᠭᠤᠴᠠᠯᠭ᠎ᠠ ᠶᠢ ᠴᠢᠩᠭᠠᠷᠠᠭᠤᠯᠵᠦ᠂ ᠬᠡᠷᠡᠭ ᠢ | ᠪᠠᠶᠢᠴᠠᠭᠠᠨ ᠰᠢᠢᠳᠪᠤᠷᠢᠯᠡᠬᠦ ᠲᠤᠭ᠎ᠠ ᠬᠡᠮᠵᠢᠶ᠎ᠡ ᠪᠠᠭᠤᠷᠠᠬᠤ᠂ ᠤᠷᠤᠨ ᠨᠤᠳᠤᠭ ᠤᠨ ᠬᠠᠮᠠᠭᠠᠯᠠᠯᠳᠠ ᠲᠤᠯᠤᠭᠠᠢ | ᠦᠨᠳᠡᠶᠢᠬᠦ ᠠᠰᠠᠭᠤᠳᠠᠯ ᠢ ᠰᠢᠢᠳᠪᠤᠷᠢᠯᠡᠵᠦ᠂ ᠬᠡᠷᠡᠭ ᠢ ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠢ ᠵᠠᠰᠠᠭ ᠤᠨ | ᠤᠷᠳᠤᠨ ᠤ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠳᠠ ᠶᠢᠨ ᠠᠭᠤᠯᠭ᠎ᠠ ᠳᠤ ᠤᠷᠤᠭᠤᠯᠤᠨ᠎ᠠ᠃ | ﹇ᠭᠤᠤ ᠢᠩ ᠵᠢᠶᠧ﹈ ︵ᠭᠤᠷᠪᠠ︶ ᠶᠠᠰᠤ ᠴᠢᠨᠠᠷ ᠤᠨ ᠰᠠᠭᠤᠷᠢ ᠶᠢ ᠪᠠᠳᠤᠳᠬᠠᠨ᠎ᠠ᠃ ᠨᠢᠭᠡ ᠳᠤ | ᠪᠠᠷᠢᠮᠵᠢᠶᠠᠳᠤ ᠵᠢᠷᠤᠮᠵᠢᠭᠤᠯᠤᠯ ᠤᠨ ᠦᠢᠯᠡᠳᠤᠯ ᠢ ᠴᠢᠩᠭᠠᠳᠬᠠᠨ᠎ᠠ᠃ ︽ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠪᠠᠷᠢᠮᠵᠢᠶᠠᠭᠤᠯᠤᠯᠳᠠ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢ᠂ | ᠤᠳᠤᠬᠢᠴᠢᠯᠠᠭᠰᠠᠨ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠬᠠᠮᠢᠶᠠᠷᠤᠯᠳᠠ ᠪᠤᠯᠤᠨ ᠤᠯᠠᠨ | ᠨᠡᠶᠢᠳᠡ ᠶᠢᠨ ᠦᠢᠯᠡᠴᠢᠯᠡᠭᠡᠨ ᠵᠡᠷᠭᠡ 4 ᠲᠤᠮᠤ ᠪᠠᠷᠢᠮᠵᠢᠶᠠᠳᠤ ᠰᠢᠰᠲ᠋ᠧᠮ ᠤᠨ ᠶᠡᠷᠦᠩᠬᠡᠢ ᠲᠦᠯᠦᠪ ᠪᠠᠶᠢᠳᠠᠯ ᠢ | ᠲᠦᠷᠭᠡᠨ ᠪᠤᠢ ᠪᠤᠯᠭᠠᠵᠦ᠂ ᠡᠨᠧᠷᠬᠢ ᠶᠢᠨ ᠠᠵᠦ ᠦᠢᠯᠡᠳᠪᠤᠷᠢ᠂ ᠲᠠᠷᠢᠶᠠᠯᠠᠩ ᠮᠠᠯ ᠠᠵᠦ ᠠᠬᠤᠢ ᠶᠢᠨ | ᠮᠠᠰᠢᠨᠴᠢᠯᠠᠯᠳᠠ᠂ ᠠᠮᠢ ᠠᠬᠤᠢ ᠤᠢ ᠰᠢᠭᠤᠢ ᠵᠡᠷᠭᠡ ᠬᠦᠷᠢᠶᠡᠨ ᠤ ᠮᠡᠷᠭᠡᠵᠢᠯ ᠤᠨ ᠪᠠᠷᠢᠮᠵᠢᠶ᠎ᠠ ᠶᠢ ᠭᠤᠤᠯᠳᠠᠯᠭ᠎ᠠ ᠲᠠᠢ | ᠰᠤᠳᠤᠯᠤᠨ ᠲᠤᠭᠳᠠᠭᠠᠵᠦ᠂ ᠵᠢᠯ ᠤᠨ ᠳᠤᠳᠤᠷ᠎ᠠ180 ᠲᠦᠷᠦᠯ ᠤᠨ ᠤᠷᠤᠨ ᠨᠤᠳᠤᠭ ᠤᠨ ᠪᠠᠷᠢᠮᠵᠢᠶ᠎ᠠ ᠶᠢ ᠵᠠᠰᠠᠨ | ᠲᠤᠭᠳᠠᠭᠠᠬᠤ ᠪᠠᠷ ᠴᠢᠷᠮᠠᠶᠢᠵᠦ᠂ ᠡᠯᠧᠺᠲᠷᠤᠨ ᠮᠡᠳᠡᠭᠡ ᠵᠠᠩᠬᠢ᠂ ᠦᠢᠯᠡᠴᠢᠯᠡᠭᠡᠨ ᠤ ᠦᠢᠯᠡᠰ᠂ ᠴᠠᠭ ᠠᠭᠤᠷ ᠵᠡᠷᠭᠡ | ᠪᠠᠷᠢᠮᠵᠢᠶᠠᠵᠢᠭᠤᠯᠬᠤ ᠲᠤᠰᠬᠠᠢ ᠮᠡᠷᠭᠡᠵᠢᠯ ᠤᠨ ᠺᠤᠮᠢᠰ ᠢ10 ᠶᠢ ᠪᠠᠶᠢᠭᠤᠯᠤᠨ᠎ᠠ᠃ ᠬᠤᠶᠠᠷ ᠲᠤ ᠬᠡᠮᠵᠢᠯᠳᠡ ᠶᠢᠨ | ᠰᠠᠭᠤᠷᠢ ᠦᠢᠯᠡᠳᠤᠯ ᠢ ᠴᠢᠩᠭᠠᠳᠬᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠬᠡᠮᠵᠢᠯᠳᠡ ᠶᠢᠨ ᠬᠦᠭᠵᠢᠯᠳᠠ | ᠶᠢᠨ ᠲᠦᠯᠦᠪᠵᠢᠭᠦᠯᠭᠡ︾ ᠶᠢ ᠲᠤᠤᠱᠯᠠᠭᠤᠯᠤᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠠᠴᠠ ᠬᠡᠮᠵᠢᠯᠳᠡ ᠶᠢᠨ ᠠᠵᠢᠯ ᠢ ︽ᠠᠷᠪᠠᠨ ᠭᠤᠷᠪᠠ ᠲᠠᠪᠤ︾ ᠶᠢᠨ ᠲᠦᠯᠦᠪᠵᠢᠭᠦᠯᠬᠡ ᠳᠤ | ᠤᠷᠤᠭᠤᠯᠤᠭᠰᠠᠨ ᠠᠵᠠ ᠲᠠᠢ ᠲᠤᠬᠢᠶᠠᠯ ᠢ ᠵᠠᠪᠳᠤᠵᠦ᠂ ᠶᠡᠷᠦᠩᠬᠡᠶᠢᠯᠡᠨ ᠲᠦᠯᠦᠪᠵᠢᠭᠦᠯᠵᠦ᠂ ᠰᠢᠨᠵᠢᠯᠠᠬᠦ ᠤᠬᠠᠭᠠᠨᠴᠢ | ᠪᠠᠷ ᠪᠠᠶᠢᠷᠢᠯᠠᠭᠤᠯᠵᠦ᠂ ᠬᠡᠮᠵᠢᠯᠳᠡ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ ᠲᠡᠰ ᠦᠰᠭᠡᠬᠦ ᠶᠢ | ᠠᠬᠢᠭᠤᠯᠤᠨ᠎ᠠ᠃ ︽ᠤᠯᠤᠰ ᠤᠨ ᠡᠨᠧᠷᠬᠢ ᠠᠷᠪᠢᠯᠠᠬᠤ ᠳᠤᠤᠷ᠎ᠠ ᠨᠡᠭᠦᠷᠡᠰᠤᠳᠦ᠋ᠷᠦᠭᠴᠢ ᠠᠵᠢᠯᠯᠠᠭ᠎ᠠ ᠶᠢᠨ ᠲᠦᠮᠡᠨ | ᠠᠵᠦ ᠠᠵᠦ ᠠᠬᠤᠶᠢᠯᠠᠯ ᠤᠨ ᠨᠡᠷᠡᠰ︾ ᠤᠨ ᠳᠤᠳᠤᠷᠠᠬᠢ ᠮᠠᠨ ᠤ ᠤᠷᠤᠨ ᠤ ᠭᠤᠤᠯᠳᠠᠯᠭ᠎ᠠ ᠲᠠᠢ ᠡᠨᠧᠷᠬᠢ | ᠬᠡᠷᠡᠭᠯᠡᠬᠦ 697 ᠨᠢᠭᠡᠴᠡ ᠶᠢᠨ ᠡᠨᠧᠷᠬᠢ ᠶᠢᠨ ᠬᠡᠮᠵᠢᠯᠳᠠ ᠶᠢ ᠬᠢᠨᠠᠨ ᠪᠠᠶᠢᠴᠠᠭᠠᠵᠦ᠂ ᠡᠨᠧᠷᠬᠢ ᠶᠢᠨ ᠬᠡᠮᠵᠢᠯᠳᠡ | ᠶᠢ ᠴᠠᠭ ᠦᠷᠭᠦᠯᠵᠢ ᠬᠢᠨᠠᠨ ᠬᠡᠮᠵᠢᠬᠦ ᠰᠢᠰᠲ᠋ᠧᠮ ᠢ ᠳᠡᠭᠦᠯᠳᠡᠷᠵᠢᠭᠦᠯᠵᠦ᠂ ᠬᠡᠮᠵᠢᠯᠳᠡ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠦ᠂ ᠤᠯᠤᠰ ᠤᠨ ᠬᠤᠳᠠ | ᠶᠢᠨ ᠡᠨᠧᠷᠬᠢ ᠶᠢᠨ ᠬᠡᠮᠵᠢᠯᠳᠠ ᠶᠢᠨ ᠲᠦᠪ ᠤᠨ ᠤᠯᠤᠰ ᠤᠨ ᠰᠢᠯᠭᠠᠨ ᠬᠤᠷᠢᠶᠠᠯᠳᠠ ᠳᠤ ᠬᠢᠷᠢ ᠳᠤ ᠳᠡᠩᠴᠡᠭᠦᠯᠬᠦ | ᠪᠠᠷ ᠴᠢᠷᠮᠠᠶᠢᠨ᠎ᠠ᠃ ᠭᠤᠷᠪᠠ ᠳᠤ᠂ ᠵᠦᠪᠰᠢᠶᠡᠷᠡᠬᠦ ᠬᠡᠷᠡᠴᠢᠯᠡᠬᠦ ᠶᠢᠨ ᠬᠦᠭᠦᠷᠭᠡ ᠶᠢᠨ ᠦᠢᠯᠡᠳᠤᠯ ᠢ ᠴᠢᠩᠭᠠᠳᠬᠠᠨ᠎ᠠ᠃ | ᠮᠠᠨ ᠤ ᠤᠷᠤᠨ ᠤ ᠳᠤᠤᠷ᠎ᠠ ᠨᠡᠭᠦᠷᠡᠰᠤᠳᠦ᠋ᠷᠦᠭᠴᠢ ᠦᠢᠯᠡᠳᠭᠦᠨ ᠢ ᠦᠨᠡᠯᠡᠨ ᠵᠦᠪᠰᠢᠶᠡᠷᠡᠬᠦ ᠪᠠ ᠡᠨᠧᠷᠬᠢ ᠶᠢᠨ | ᠬᠠᠮᠢᠶᠠᠷᠤᠯᠳᠠ ᠶᠢᠨ ᠰᠢᠰᠲ᠋ᠧᠮ ᠢ ᠬᠡᠷᠡᠴᠢᠯᠡᠬᠦ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠳᠤᠮᠳᠠ ᠵᠢᠵᠢᠭ ᠠᠵᠦ | ᠠᠬᠤᠶᠢᠯᠠᠯ ᠤᠨ ᠬᠠᠮᠢᠶᠠᠷᠤᠯᠳᠠ ᠶᠢᠨ ᠰᠢᠰᠲ᠋ᠧᠮ ᠬᠢᠭᠡᠳ ᠦᠢᠯᠡᠳᠭᠦᠨ ᠤ ᠬᠡᠷᠡᠴᠢᠯᠡᠯᠳᠡ ᠲᠠᠬᠢ ᠬᠢᠨᠠᠯᠳᠠ | ᠬᠠᠮᠢᠶᠠᠷᠤᠯᠳᠠ ᠶᠢ ᠴᠢᠩᠭᠠᠳᠬᠠᠵᠦ᠂ ᠤᠯᠤᠰ ᠤᠨ ᠲᠡᠰ ᠤᠨ ᠤᠷᠭᠠᠨᠢᠭ ᠦᠢᠯᠡᠳᠭᠦᠨ ᠢ ᠵᠦᠪᠰᠢᠶᠡᠷᠡᠬᠦ ᠵᠢᠱᠢᠶ᠎ᠡ | ᠦᠵᠡᠭᠦᠯᠬᠦ ᠨᠢᠭᠡ ᠪᠦᠯᠦᠭ ᠲᠦᠷᠦᠯ ᠵᠦᠢᠯ ᠢ ᠪᠤᠶᠢᠵᠢᠭᠤᠯᠤᠨ ᠲᠠᠨᠢᠯᠴᠠᠭᠤᠯᠵᠦ᠂ ᠦᠪᠤᠷ ᠮᠤᠩᠭᠤᠯ ᠤᠨ ᠳᠡᠮᠳᠡᠭᠳᠤ | ᠶᠢᠨ ᠨᠢᠭᠡ ᠪᠦᠯᠦᠭ ᠲᠤᠷᠰᠢᠯᠳᠠ ᠶᠢᠨ ᠭᠡᠷ ᠪᠤᠯᠤᠨ ᠰᠠᠶᠢᠨ ᠰᠠᠶᠢᠬᠠᠨ ᠠᠵᠢᠯᠯᠠᠭ᠎ᠠ ᠪᠦᠬᠦᠢ ᠲᠤᠷᠰᠢᠯᠳᠠ ᠶᠢᠨ ᠭᠡᠷ ᠢ | ᠬᠦᠴᠤ ᠳᠠᠯᠪᠢᠨ ᠪᠤᠶᠢᠵᠢᠭᠤᠯᠤᠨ᠎ᠠ᠃ ᠲᠦᠷᠪᠡ ᠳᠤ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ ᠦᠢᠯᠡᠳᠤᠯ ᠢ | ᠴᠢᠩᠭᠠᠳᠬᠠᠨ᠎ᠠ᠃ ᠤᠷᠤᠨ ᠤ ᠲᠤᠪᠴᠢᠶ᠎ᠠ ᠶᠢᠨ ᠶᠠᠰᠤ ᠴᠢᠨᠠᠷ ᠲᠤ ᠬᠢᠨᠠᠯᠳᠠ ᠳᠠᠯᠪᠢᠬᠤ ᠰᠢᠭᠤᠳ ᠬᠠᠷᠢᠶ᠎ᠠ | ᠪᠠᠶᠢᠭᠤᠯᠤᠮᠵᠢ ᠶᠢ ᠨᠡᠶᠢᠯᠡᠭᠦᠯᠵᠦ᠂ ᠤᠨᠴᠠ ᠪᠠᠶᠢᠴᠠᠭᠠᠯᠳᠠ ᠶᠢᠨ ᠪᠠᠶᠢᠭᠤᠯᠤᠮᠵᠢ ᠶᠢ ᠪᠦᠯᠦᠭᠴᠢᠯᠡᠬᠦ ᠦᠭᠡᠷᠡᠴᠢᠯᠡᠯᠳᠡ | ᠶᠢ ᠲᠦᠯᠦᠪᠯᠡᠭᠡ ᠶᠤᠰᠤᠭᠠᠷ ᠬᠡᠷᠡᠭᠵᠢᠭᠦᠯᠵᠦ᠂ ᠠᠶᠢᠮᠠᠭ ᠬᠤᠳᠠ᠂ ᠬᠤᠰᠢᠭᠤ ᠰᠢᠶᠠᠨ ᠤ ᠶᠠᠰᠤ ᠴᠢᠨᠠᠷ ᠲᠤ ᠬᠢᠨᠠᠯᠳᠠ | ᠳᠠᠯᠪᠢᠬᠤ ᠰᠠᠯᠠᠭ᠎ᠠ ᠮᠦᠴᠢᠷ ᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠯᠡᠭᠦᠯᠬᠦ ᠶᠢ | ᠢᠳᠡᠪᠬᠢᠲᠠᠢ ᠰᠦᠪᠡᠭᠴᠢᠯᠡᠨ᠎ᠠ᠃ ᠡᠯ᠎ᠡ ᠱᠠᠳᠤ ᠡᠯ᠎ᠡ ᠲᠦᠷᠦᠯ ᠤᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠶᠢᠨ ᠮᠡᠷᠭᠡᠵᠢᠯ ᠤᠨ ᠬᠤᠯᠪᠤᠭᠠᠯᠠᠯ ᠪᠠᠶᠢᠭᠤᠯᠬᠤ ᠶᠢ ᠠᠬᠢᠭᠤᠯᠵᠦ᠂ ᠲᠦᠬᠦᠭᠡᠷᠦᠮᠵᠢ᠂ ᠴᠢᠳᠠᠪᠤᠷᠢᠳᠠᠨ᠂ | ᠮᠡᠳᠡᠭᠡ ᠵᠠᠩᠬᠢ ᠶᠢ ᠲᠦᠪᠯᠡᠷᠡᠬᠦᠯᠬᠦ ᠪᠠ ᠬᠠᠮᠳᠤ ᠪᠠᠷ ᠬᠦᠷᠳᠡᠬᠦ ᠪᠤᠯᠭᠠᠵᠦ᠂ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ | ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠬᠦᠴᠤᠲᠠᠢ ᠠᠬᠢᠭᠤᠯᠤᠨ᠎ᠠ᠃ 2-3 ᠵᠢᠯ | ᠤᠨ ᠴᠢᠷᠮᠠᠶᠢᠯᠭ᠎ᠠ ᠪᠠᠷ ᠲᠠᠮᠵᠢᠭᠤᠯᠤᠨ᠂ ᠮᠠᠨ ᠤ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠪᠠᠶᠢᠭᠤᠯᠤᠮᠵᠢ | ᠪᠤᠯᠤᠨ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠰᠢᠨ᠎ᠡ ᠬᠡᠯᠪᠡᠷᠢ ᠶᠢᠨ ᠠᠵᠦ ᠦᠢᠯᠡᠰ ᠢ ᠲᠦᠷᠭᠡᠨ ᠪᠠᠶᠢᠭᠤᠯᠤᠨ | ᠬᠦᠴᠤᠷᠬᠡᠭᠵᠢᠬᠦᠯᠬᠦ ᠪᠠᠷ ᠴᠢᠷᠮᠠᠶᠢᠨ᠎ᠠ᠃ ᠲᠠᠪᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠤᠯᠤᠨ ᠳᠠᠭᠠᠭᠤᠯᠬᠤ | ᠦᠢᠯᠡᠳᠤᠯ ᠢ ᠴᠢᠩᠭᠠᠳᠬᠠᠨ᠎ᠠ᠃ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠪᠤᠶᠢᠵᠢᠭᠤᠯᠬᠤ ᠰᠢᠯᠢᠨ | ᠬᠡᠷᠡᠭᠯᠡᠬᠦ ᠡᠷᠴᠢᠮ ᠢ ᠴᠢᠩᠭᠠᠷᠠᠭᠤᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠢᠨᠵᠢᠯᠡᠭᠡᠨ ᠤ ᠬᠦᠭᠵᠢᠭᠦᠯᠦᠯᠳᠡ | ᠶᠢᠨ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠦᠪᠤᠷ ᠮᠤᠩᠭᠤᠯ ᠤᠨ ᠤᠨᠴᠠᠯᠢᠭ ᠪᠦᠬᠦᠢ | ᠶᠠᠰᠤ ᠴᠢᠨᠠᠷ ᠤᠨ ᠪᠠᠶᠢᠴᠠᠭᠠᠯᠳᠠ ᠶᠢᠨ ᠮᠡᠷᠭᠡᠵᠢᠯ ᠤᠨ ᠰᠢᠰᠲ᠋ᠧᠮ ᠢ ᠪᠠᠶᠢᠭᠤᠯᠤᠨ ᠳᠡᠭᠦᠯᠳᠡᠷᠵᠢᠭᠦᠯᠦᠨ᠎ᠠ᠃ ᠰᠢᠯᠭᠠᠨ | ᠪᠠᠶᠢᠴᠠᠭᠠᠬᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠤᠨ ᠤ ᠬᠢᠨᠠᠨ ᠰᠢᠯᠭᠠᠯᠳᠠ ᠳᠤ ᠰᠢᠨᠵᠢᠯᠡᠬᠦ ᠤᠬᠠᠭᠠᠨ ᠤ | ᠰᠤᠳᠤᠯᠤᠯ ᠤᠨ ᠬᠤᠪᠢ ᠶᠢᠨ ᠵᠢᠩ ᠪᠠ ᠮᠡᠭᠡᠵᠢᠯᠳᠡᠳ ᠤᠨ ᠬᠤᠪᠢ ᠬᠦᠮᠤᠨ ᠤ ᠰᠢᠯᠢᠳᠡᠭ ᠢ ᠰᠢᠯᠭᠠᠷᠠᠭᠤᠯᠬᠤ ᠳᠤ | ᠰᠢᠨᠵᠢᠯᠡᠬᠦ ᠤᠬᠠᠭᠠᠨ ᠤ ᠦᠷ᠎ᠡ ᠪᠦᠳᠤᠭᠡᠯ ᠤᠨ ᠬᠤᠪᠢ ᠶᠢᠨ ᠵᠢᠩ ᠢ ᠲᠡᠭᠡᠭᠰᠢᠯᠡᠭᠦᠯᠵᠦ᠂ ᠱᠠᠩᠨᠠᠯ ᠬᠦᠷᠳᠡᠭᠰᠡᠨ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠤᠨ ᠤᠯᠭᠤᠮᠵᠢ ᠶᠢ ᠦᠰᠭᠡᠵᠦ᠂ ᠤᠯᠤᠰ ᠪᠠ ᠦᠪᠡᠷᠳᠡᠭᠡᠨ | ᠵᠠᠰᠠᠬᠤ ᠤᠷᠤᠨ ᠤ ᠱᠠᠩᠨᠠᠯ ᠬᠦᠷᠳᠡᠭᠰᠠᠨ ᠰᠢᠨᠵᠢᠯᠡᠬᠦ ᠤᠬᠠᠭᠠᠨ ᠤ ᠦᠷ᠎ᠡ ᠪᠦᠳᠤᠭᠡᠯ ᠢ ᠬᠦᠨᠳᠤ ᠪᠠᠷ ᠱᠠᠩᠨᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠦᠴᠢᠷ ᠯᠦᠭᠡ ᠬᠠᠷᠢᠯᠴᠠᠨ ᠨᠡᠪᠳᠡᠷᠡᠯᠴᠡᠬᠦ ᠶᠢ ᠨᠡᠮᠡᠭᠳᠡᠭᠦᠯᠵᠦ᠂ ᠶᠠᠰᠤ | ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠢ | ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠵᠢᠭᠦᠯᠬᠡ ᠳᠤ ᠤᠷᠤᠭᠤᠯᠵᠦ᠂ | ᠤᠷᠤᠨ ᠤ ᠲᠤᠪᠴᠢᠶ᠎ᠠ ᠶᠢᠨ ᠰᠢᠭᠤᠳ ᠬᠠᠷᠢᠶ᠎ᠠ ᠰᠤᠳᠤᠯᠭᠠᠨ ᠤ ᠲᠦᠷᠦᠯ ᠤᠨ ᠰᠢᠯᠭᠠᠨ ᠪᠠᠶᠢᠴᠠᠭᠠᠬᠤ ᠰᠢᠯᠭᠠᠨ | ᠬᠡᠮᠵᠢᠬᠦ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠰᠢᠯᠭᠠᠨ ᠬᠡᠮᠵᠢᠯᠳᠡ ᠶᠢᠨ ︽ᠬᠤᠤᠰ ᠬᠦᠷᠳᠤ︾ | ᠶᠢ ᠬᠦᠳᠡᠯᠭᠡᠵᠦ᠂ ᠰᠢᠨᠵᠢᠯᠡᠬᠦ ᠤᠬᠠᠭᠠᠨ ᠰᠤᠳᠤᠯᠤᠯ ᠤᠨ ᠲᠦᠷᠦᠯ ᠵᠦᠢᠯ ᠢ ᠲᠦᠯᠦᠪᠵᠢᠬᠦᠯᠬᠦ᠂ ᠲᠦᠷᠦᠯ | ᠲᠤᠭᠳᠠᠭᠠᠬᠤ᠂ ᠪᠤᠭᠤᠮᠳᠠ ᠰᠢᠪᠳᠤᠯᠬᠤ᠂ ᠰᠤᠳᠤᠯᠤᠨ ᠬᠦᠭᠵᠢᠭᠦᠯᠬᠦ ᠲᠠᠯ᠎ᠠ ᠪᠠᠷ ᠡᠷᠴᠢᠮ ᠢᠶᠠᠨ ᠴᠢᠩᠭᠠᠯᠠᠵᠦ᠂ | ᠪᠦᠳᠤᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠳᠤᠭᠡᠯ | ᠲᠠᠰᠤᠷᠠᠯᠳᠠ ᠦᠬᠡᠢ ᠴᠤᠯᠭᠤᠷᠠᠨ ᠭᠠᠷᠬᠤ ᠶᠢ ᠵᠤᠷᠢᠭᠵᠢᠭᠤᠯᠤᠨ᠎ᠠ᠃ ᠰᠢᠰᠲ᠋ᠧᠮ ᠤᠨ ᠳᠤᠳᠤᠭᠠᠳᠤ ᠳᠠᠭᠠᠨ ᠪᠢᠳᠡ | ᠪᠡᠯᠡ ᠮᠦᠩᠬᠦᠨ ᠤ ᠪᠠᠳᠤᠯᠠᠭ᠎ᠠ᠂ ᠴᠢᠳᠠᠪᠤᠷᠢᠳᠠᠨ ᠤ ᠦᠰᠤᠯᠳᠠ ᠪᠤᠶᠢᠵᠢᠯᠳᠠ᠂ ᠮᠡᠷᠭᠡᠵᠢᠯ ᠤᠨ ᠴᠤᠯᠠ ᠶᠢᠨ | ᠲᠡᠪᠰᠢᠯᠳᠡ᠂ ᠺᠠᠳ᠋ᠷ ᠰᠢᠯᠢᠨ ᠰᠤᠩᠭᠤᠬᠤ᠂ ᠱᠠᠩᠨᠠᠨ ᠬᠦᠬᠢᠭᠦᠯᠬᠦ ᠵᠡᠷᠭᠡ ᠨᠢᠭᠡᠨ ᠪᠦᠷᠢᠨ ᠲᠦᠬᠦᠷ ᠲᠦᠷᠦ ᠶᠢᠨ | ᠪᠤᠳᠤᠯᠭ᠎ᠠ ᠶᠢᠨ ᠤᠷᠮᠠᠰᠢᠭᠤᠯᠬᠤ ᠲᠤᠭᠳᠠᠴᠠ ᠶᠢ ᠲᠠᠷᠤᠶᠢᠬᠠᠨ ᠪᠠᠶᠢᠭᠤᠯᠤᠨ᠎ᠠ᠃ ᠮᠡᠳᠡᠭᠡ ᠵᠠᠩᠬᠢᠵᠢᠯᠳᠠ ᠶᠢᠨ | ᠤᠷᠤᠭᠤᠯᠤᠯᠳᠠ ᠶᠢ ᠨᠡᠮᠡᠭᠳᠡᠭᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠶᠢ ᠲᠤᠭᠠᠴᠢᠯᠠᠬᠤ᠂ ᠰᠦᠯᠵᠢᠶᠡᠴᠢᠯᠡᠬᠦ᠂ | ᠤᠶᠤᠨᠴᠢᠯᠠᠬᠤ ᠬᠢᠷᠢ ᠲᠦᠪᠰᠢᠨ ᠪᠠ ᠮᠡᠳᠡᠭᠡ ᠵᠠᠩᠬᠢ ᠶᠢᠨ ᠲᠤᠨᠤᠭᠯᠠᠯ ᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠲᠠᠷᠬᠠᠢ ᠪᠤᠳᠠᠷᠬᠠᠢ ᠬᠠᠮᠢᠶᠠᠷᠤᠯᠳᠠ ᠶᠢᠨ ᠰᠢᠰᠲ᠋ᠧᠮ ᠢ | ᠲᠦᠪᠯᠡᠷᠡᠬᠦᠯᠤᠨ ᠨᠡᠶᠢᠯᠡᠭᠦᠯᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠲᠤᠮᠤ ᠲᠠᠪᠴᠠᠩ ᠪᠠ ᠲᠤᠭ᠎ᠠ ᠪᠠᠷᠢᠮᠳᠠ | ᠶᠢᠨ ᠲᠤᠮᠤ ᠬᠦᠮᠤᠷᠭᠡ ᠪᠠᠶᠢᠭᠤᠯᠵᠦ᠂ ᠪᠦᠬᠦ ᠰᠢᠰᠲ᠋ᠧᠮ ᠤᠨ ᠮᠡᠳᠡᠭᠡ ᠵᠠᠩᠬᠢ ᠶᠢᠨ ᠡᠬᠢ ᠪᠠᠶᠠᠯᠢᠭ ᠤᠨ | ᠨᠡᠶᠢᠯᠡᠯᠳᠡ ᠶᠢ ᠠᠬᠢᠭᠤᠯᠤᠨ᠎ᠠ᠃ | ﹇ᠭᠤᠤ ᠢᠩ ᠵᠢᠶᠧ﹈ ︵ᠲᠦᠷᠪᠡ︶ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ | ᠨᠢᠭᠡ ᠳᠤ ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠢ ᠵᠢᠨᠫᠢᠩ ᠶᠡᠷᠦᠩᠬᠡᠢ ᠱᠦᠵᠢ ᠶᠢᠨ | ᠠᠯᠢ ᠤᠯᠠᠨ ᠶᠠᠷᠢᠶ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠢᠳᠡᠭᠡᠯ ᠬᠦᠰᠡᠯ ᠢᠶᠠᠨ ᠪᠠᠳᠤᠳᠬᠠᠵᠦ᠂ ᠨᠠᠮ | ᠤᠨ ᠰᠠᠬᠢᠯᠭ᠎ᠠ ᠪᠤᠯᠤᠨ ᠲᠦᠷᠢᠮ ᠢᠶᠠᠷ ᠴᠢᠩᠭ᠎ᠠ ᠵᠢᠷᠤᠮᠯᠠᠨ ᠠᠵᠢᠯᠯᠠᠵᠦ᠂ ᠨᠠᠮ ᠤᠨ ᠲᠤᠪ ᠬᠤᠷᠢᠶ᠎ᠠ ᠯᠤᠭ᠎ᠠ ᠢᠮᠠᠭᠳᠠ | ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠨ᠎ᠠ︔ ᠬᠦᠮᠤᠨ ᠰᠤᠩᠭᠤᠬᠤ ᠬᠦᠮᠤᠨ ᠬᠡᠷᠡᠭᠯᠡᠬᠦ ᠪᠤᠭᠤᠮᠳᠠ ᠶᠢ ᠴᠢᠩᠭ᠎ᠠ | ᠰᠠᠬᠢᠵᠦ᠂ ᠰᠠᠨᠠᠭᠠᠴᠢᠯᠠᠭ᠎ᠠ ᠲᠠᠢ ᠨᠡᠷ᠎ᠡ ᠲᠤᠷᠠᠳᠬᠤ᠂ ᠬᠢᠨᠠᠨ ᠪᠠᠶᠢᠴᠠᠭᠠᠵᠦ ᠬᠢᠨᠠᠨ ᠰᠢᠯᠭᠠᠬᠤ᠂ ᠲᠡᠰ ᠳᠠᠷᠠᠭ᠎ᠠ | ᠠᠯᠬᠤᠮ ᠳᠠᠷᠠᠭ᠎ᠠ ᠵᠡᠷᠭᠡ ᠭᠤᠷᠪᠠᠨ ᠪᠤᠭᠤᠮᠳᠠ ᠶᠢ ᠭᠤᠤᠯᠳᠠᠯᠭ᠎ᠠ ᠲᠠᠢ ᠰᠠᠶᠢᠨ ᠰᠠᠬᠢᠵᠦ᠂ ᠺᠠᠳ᠋ᠷ ᠤᠨ ᠳᠠᠩᠰᠠ | ᠡᠪᠬᠢᠮᠡᠯ ᠪᠤᠯᠤᠨ ᠬᠤᠪᠢ ᠬᠦᠮᠤᠨ ᠤ ᠬᠠᠮᠢᠶ᠎ᠠ ᠪᠦᠬᠦᠢ ᠶᠠᠪᠤᠳᠠᠯ ᠢ ᠴᠢᠩᠭ᠎ᠠ ᠬᠢᠨᠠᠨ ᠪᠠᠶᠢᠴᠠᠭᠠᠵᠦ᠂ ᠰᠢᠯᠢᠳᠡᠭ ᠪᠤᠰᠤ | ᠬᠦᠮᠤᠰ ᠢ ᠰᠤᠩᠭᠤᠨ ᠬᠡᠷᠡᠭᠯᠡᠬᠦ ᠶᠢ ᠰᠡᠷᠭᠡᠶᠢᠯᠡᠨ᠎ᠡ᠃ ᠬᠤᠶᠠᠷ ᠲᠤ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ | ᠶᠢ ᠰᠠᠶᠢᠳᠤᠷ ᠠᠳᠬᠤᠨ᠎ᠠ᠃ ᠡᠨᠡ ᠵᠢᠯ ᠠᠴᠠ ᠴᠢᠳᠠᠪᠤᠷᠢᠳᠠᠨ ᠢ ᠬᠦᠮᠤᠵᠢᠬᠦᠯᠬᠦ ︽ᠭᠤᠷᠪᠠᠨ ᠵᠢᠯ ᠤᠨ ᠢᠨᠵᠧᠨᠧᠷᠢᠩ︾ | ᠢ ᠡᠬᠢᠯᠡᠨ ᠬᠡᠷᠡᠭᠵᠢᠭᠦᠯᠵᠦ᠂ ᠨᠢᠭᠡ ᠪᠦᠯᠦᠭ ᠨᠡᠶᠢᠯᠡᠮᠡᠯ ᠬᠡᠯᠪᠡᠷᠢ ᠶᠢᠨ ᠴᠢᠳᠠᠪᠤᠷᠢᠳᠠᠨ᠂ ᠮᠡᠷᠭᠡᠵᠢᠯ ᠤᠨ ᠲᠤᠰᠬᠠᠢ | ᠮᠡᠷᠭᠡᠵᠢᠯᠳᠡᠨ ᠪᠤᠯᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠬᠦᠴᠤᠨ ᠢ ᠰᠤᠩᠭᠤᠨ ᠬᠦᠮᠤᠵᠢᠭᠦᠯᠵᠦ᠂ ᠵᠠᠯᠠᠭᠤ | ᠢᠳᠡᠷ ᠨᠠᠰᠤᠨ ᠤ ᠮᠡᠷᠭᠡᠵᠢᠯ ᠤᠨ ᠴᠢᠳᠠᠪᠤᠷᠢᠳᠠᠨ ᠪᠤᠯᠤᠨ ᠡᠷᠳᠡᠮ ᠰᠢᠨᠵᠢᠯᠡᠭᠡᠨ ᠤ ᠮᠡᠷᠭᠡᠵᠢᠯᠳᠡᠨ ᠤ ᠬᠦᠮᠤᠷᠭᠡ ᠶᠢ | ᠪᠠᠶᠢᠭᠤᠯᠤᠨ᠎ᠠ︔ ᠤᠷᠢᠨ ᠵᠠᠯᠠᠭᠰᠠᠨ ᠬᠦᠮᠤᠰ ᠤᠨ ᠬᠠᠮᠢᠶᠠᠷᠤᠯᠳᠠ ᠶᠢ ᠴᠢᠬᠤᠯᠠᠴᠢᠯᠠᠵᠦ᠂ ︽ᠠᠵᠢᠯ ᠦᠢᠯᠡᠰ ᠢᠶᠠᠷ | ᠴᠢᠳᠠᠪᠤᠷᠢᠳᠠᠨ ᠢ ᠦᠯᠡᠳᠡᠭᠡᠬᠦ᠂ ᠬᠠᠶᠢᠷ᠎ᠠ ᠰᠡᠤᠬᠡᠯᠭᠡ ᠪᠠᠷ ᠴᠢᠳᠠᠪᠤᠷᠢᠳᠠᠨ ᠢ ᠦᠯᠡᠳᠡᠭᠡᠬᠦ᠂ ᠬᠦᠯᠤᠰᠤ ᠤᠯᠭᠤᠮᠵᠢ ᠪᠠᠷ | ᠴᠢᠳᠠᠪᠤᠷᠢᠳᠠᠨ ᠢ ᠦᠯᠡᠳᠡᠭᠡᠬᠦ︾ ᠬᠦᠭᠵᠢᠯᠳᠡ ᠶᠢᠨ ᠤᠷᠴᠢᠨ ᠢ ᠪᠤᠢ ᠪᠤᠯᠭᠠᠨ᠎ᠠ᠃ ᠭᠤᠷᠪᠠ ᠳᠤ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠨ᠎ᠠ᠃ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠤᠭᠤᠳ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠲᠠᠪᠤᠳᠤᠭᠠᠷ ᠪᠦᠭᠦᠳᠠ ᠬᠤᠷᠠᠯᠳᠤᠭᠠᠨ ᠪᠤᠯᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠵᠢᠷᠭᠤᠳᠤᠭᠠᠷ ᠪᠦᠭᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ | ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠨᠠᠮ ᠤᠨ ᠲᠦᠪ ᠬᠤᠷᠢᠶ᠎ᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠪᠤᠯᠤᠨ ᠢᠯᠵᠡᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠤᠨ ᠮᠠᠭᠠᠳᠯᠠᠯᠳᠠ ᠶᠢᠨ ᠲᠤᠬᠠᠢ ᠲᠠᠨᠢᠯᠳᠠ | ᠪᠠᠨ ᠲᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠵᠤᠬᠢᠶᠠᠨ | ᠪᠠᠶᠢᠭᠤᠯᠠᠯᠳᠠ ᠶᠢᠨ ᠰᠠᠬᠢᠯᠭ᠎ᠠ ᠪᠠᠳᠤ ᠶᠢᠨ ᠲᠤᠬᠠᠢ ᠲᠠᠨᠢᠯᠳᠠ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ | ᠤᠨ ᠳᠤᠭᠤᠶᠢᠯᠠᠩ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠪᠠᠶᠢᠭᠤᠯᠭ᠎ᠠ ᠶᠢᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠵᠢᠯ ᠤᠨ | ᠰᠤᠷᠳᠠᠯ ᠢᠶᠠᠨ ᠡᠷᠡᠰ ᠭᠤᠶᠢᠪᠠᠰᠢ ᠦᠬᠡᠢ ᠬᠤᠪᠢᠷᠠᠭᠤᠯᠵᠦ᠂ ᠢᠯᠵᠡᠷᠠᠯ ᠢ ᠡᠰᠡᠷᠭᠦᠴᠡᠬᠦ ᠬᠤᠷᠴᠠ ᠰᠡᠯᠡᠮ᠎ᠡ ᠶᠢ | ᠦᠨᠳᠤᠷ ᠳᠠᠯᠠᠶᠢᠵᠦ᠂ ᠲᠦᠷᠢᠮ ᠳᠤᠭᠳᠠᠭᠠᠯ ᠢᠶᠠᠨ ᠪᠠᠳᠤᠳᠬᠠᠬᠤ ᠬᠡᠷᠡᠭᠲᠡᠢ︔ ᠤᠯᠠᠨ ᠲᠦᠮᠡᠨᠴᠢ ᠱᠤᠭᠤᠮ ᠤᠨ | ᠬᠦᠮᠤᠵᠢᠯ ᠦᠢᠯᠡᠳᠤᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠠᠬᠢᠵᠢᠭᠦᠯᠵᠦ᠂ ᠲᠦᠪ ᠤᠨ ᠨᠠᠢᠮᠠᠨ ᠵᠤᠷᠪᠤᠰ | ᠳᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ︽ᠲᠦᠷᠪᠡᠨ ᠰᠤᠷᠳᠠᠯ︾ ᠤᠨ ᠠᠰᠠᠭᠤᠳᠠᠯ ᠤᠨ ᠰᠢᠨ᠎ᠡ ᠬᠦᠳᠤᠯᠤᠯ | ᠪᠠᠶᠢᠳᠠᠯ ᠢ ᠨᠢᠭᠳᠠ ᠠᠵᠢᠭᠯᠡᠵᠦ᠂ ᠵᠠᠷᠯᠢᠭ ᠪᠠᠶᠢᠳᠠᠯ᠎ᠠ ᠬᠡᠷᠡᠭᠵᠢᠭᠦᠯᠬᠦ ᠦᠬᠡᠢ᠂ ᠴᠠᠭᠠᠵᠠᠯᠠᠵᠦ ᠪᠠᠶᠢᠳᠠᠯ᠎ᠠ ᠵᠤᠭᠰᠤᠬᠤ | ᠦᠬᠡᠢ᠂ ᠰᠠᠯᠬᠢ ᠰᠦᠷᠦᠨ ᠰᠦᠷᠭᠡᠤ ᠠᠭᠠᠰᠢᠯᠠᠬᠤ ᠰᠠᠬᠢᠯᠭ᠎ᠠ ᠪᠠᠳᠤ ᠠᠴᠠ ᠵᠦᠷᠢᠴᠡᠭᠰᠡᠨ ᠠᠵᠢᠯᠯᠠᠭ᠎ᠠ ᠶᠢ ᠡᠷᠡᠰ | ᠵᠠᠯᠠᠷᠠᠭᠤᠯᠵᠦ᠂ ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠢ ᠠᠬᠢᠭᠤᠯᠬᠤ ᠬᠡᠷᠡᠭᠲᠠᠢ᠃ ᠲᠦᠷᠪᠡ ᠳᠤ | ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠨ᠎ᠠ᠃ ᠦᠨᠳᠤᠰᠤᠨ ᠱᠠᠳᠤᠨ | ᠤ ᠰᠤᠷᠤᠯᠴᠠᠬᠤ ᠬᠡᠯᠪᠡᠷᠢ᠂ ᠦᠢᠯᠡᠴᠢᠯᠡᠬᠦ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ | ᠴᠢᠩᠭᠠᠳᠬᠠᠵᠦ᠂ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠳᠤ ᠠᠵᠢᠯ ᠬᠢᠵᠦ ᠦᠭᠬᠦ ᠪᠠᠷ ᠭᠤᠤᠯ | ᠡᠭᠦᠷᠭᠡ ᠪᠠᠨ ᠪᠤᠯᠭᠠᠵᠦ᠂ ᠦᠬᠡᠷᠡᠴᠢᠯᠡᠯᠳᠠ ᠬᠢᠵᠦ ᠰᠢᠨ᠎ᠡ ᠶᠢ ᠡᠭᠦᠳᠬᠦ ᠪᠠᠷ ᠬᠦᠳᠡᠯᠭᠡᠬᠦ ᠬᠦᠴᠤᠨ ᠪᠤᠯᠭᠠᠵᠦ᠂ | ᠤᠯᠠᠨ ᠲᠦᠮᠡᠨ ᠳᠤ ᠳᠠᠭᠠᠰᠢᠶᠠᠭᠳᠠᠬᠤ ᠪᠠᠷ ᠪᠠᠷᠢᠮᠵᠢᠶ᠎ᠠ ᠪᠤᠯᠭᠠᠵᠦ᠂ ᠦᠬᠡᠷᠡᠴᠢᠯᠡᠯᠳᠠ ᠳᠤ ᠦᠢᠯᠡᠴᠢᠯᠡᠬᠦ᠂ | ᠬᠦᠭᠵᠢᠯᠳᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠴᠬᠦ᠂ | ᠨᠠᠮ ᠤᠨ ᠬᠡᠰᠢᠭᠦᠳ ᠲᠤ ᠦᠢᠯᠡᠴᠢᠯᠡᠬᠦ ᠶᠢ ᠦᠨᠡᠨᠬᠦ ᠭᠦᠢᠴᠡᠳᠭᠡᠨ᠎ᠡ︔ ᠨᠠᠮ ᠤᠨ ᠪᠠᠶᠢᠭᠤᠯᠤᠯᠳᠠ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠬᠠᠷᠢᠭᠤᠴᠠᠯᠭᠠᠳᠠᠳ ᠨᠠᠮ ᠤᠨ ᠪᠠᠶᠢᠭᠤᠯᠤᠯᠳᠠ ᠶᠢ ᠠᠳᠬᠤᠬᠤ ᠲᠡᠷᠢᠬᠦᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ | ᠲᠤᠰᠢᠶᠠᠯ ᠤᠨ ᠮᠡᠳᠡᠭᠦᠯᠤᠯᠳᠡ ᠶᠢᠨ ᠬᠢᠨᠠᠨ ᠲᠤᠭᠳᠠᠭᠠᠬᠤ ᠲᠤᠭᠳᠠᠴᠠ᠂ ᠨᠠᠮ ᠤᠨ ᠪᠠᠶᠢᠭᠤᠯᠤᠯᠳᠠ ᠶᠢᠨ ᠠᠵᠢᠯ ᠤᠨ | ᠬᠠᠷᠢᠭᠤᠴᠠᠯᠭ᠎ᠠ ᠠᠰᠠᠭᠤᠬᠤ ᠲᠦᠷᠢᠮ ᠢ ᠳᠡᠭᠦᠯᠳᠡᠷᠵᠢᠭᠦᠯᠬᠦ ᠪᠠᠷ ᠲᠠᠮᠵᠢᠭᠤᠯᠤᠨ᠂ ᠨᠠᠮ ᠢ ᠴᠢᠩᠭ᠎ᠠ ᠵᠠᠰᠠᠬᠤ ᠶᠢ | ᠦᠨᠡᠨ ᠪᠤᠳᠠᠲᠠᠢ ᠨᠠᠶᠢᠳᠠᠪᠤᠷᠢᠵᠢᠭᠤᠯᠬᠤ ᠬᠡᠷᠡᠭᠲᠠᠢ᠂ ᠲᠠᠪᠤ ᠳᠤ ᠳᠤᠳᠤᠭᠠᠳᠤ ᠶᠢᠨ ᠬᠢᠨᠠᠨ ᠪᠤᠳᠤᠬᠤ ᠶᠢ | ᠴᠢᠩᠭᠠᠳᠬᠠᠨ᠎ᠠ᠃ ᠲᠤᠰᠢᠶᠠᠯ ᠠᠴᠠ ᠪᠠᠨ ᠰᠠᠯᠬᠤ ᠶᠢᠨ ᠬᠢᠨᠠᠨ ᠪᠤᠳᠤᠯᠳᠠ᠂ ᠲᠤᠰᠢᠶᠠᠯ ᠡᠭᠦᠷᠭᠡᠯᠡᠵᠦ ᠪᠠᠶᠢᠬᠤ ᠶᠢᠨ | ᠬᠢᠨᠠᠨ ᠪᠤᠳᠤᠯᠳᠠ ᠪᠤᠯᠤᠨ ᠲᠤᠰᠬᠠᠢ ᠲᠦᠷᠦᠯ ᠤᠨ ᠬᠢᠨᠠᠨ ᠪᠤᠳᠤᠯᠳᠠ ᠶᠢ ᠴᠢᠩᠭᠠᠳᠬᠠᠵᠦ᠂ ︽ᠨᠢᠭᠡ ᠬᠢᠨᠠᠨ ᠳᠠᠪᠬᠤᠷ | ᠪᠠᠶᠢᠴᠠᠭᠠᠬᠤ︾ ᠶᠢ ᠬᠦᠨᠵᠡᠭᠡᠶᠢᠷᠡᠬᠦᠯᠵᠦ᠂ ᠦᠨᠳᠤᠰᠤᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ᠂ ᠲᠤᠮᠤ | ᠲᠤᠭᠠᠨ ᠤ ᠪᠡᠯᠡ ᠮᠦᠩᠬᠦ ᠶᠢᠨ ᠵᠠᠷᠤᠴᠠᠭᠤᠯᠤᠯᠳᠠ ᠵᠡᠷᠭᠡ ᠠᠵᠦ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠶᠢ ᠴᠢᠩᠭᠠᠳᠬᠠᠨ᠎ᠠ᠃ ᠲᠤᠭᠳᠠᠮᠠᠯ ᠬᠦᠷᠦᠩᠬᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠯᠤᠰ ᠤᠨ ᠦᠮᠴᠢᠯᠡᠯ | ᠤᠨ ᠡᠳ᠋ ᠬᠦᠷᠦᠩᠭᠡ ᠶᠢᠨ ᠦᠷᠳᠡᠭ ᠪᠠᠳᠤᠯᠠᠬᠤ ᠦᠷᠳᠡᠭ ᠨᠡᠮᠡᠭᠳᠡᠭᠦᠯᠬᠦ ᠶᠢ ᠪᠠᠳᠤᠯᠠᠨ᠎ᠠ᠃ ᠵᠢᠷᠭᠤᠭ᠎ᠠ ᠳᠤ | ᠪᠠᠶᠢᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠶᠠᠰᠤ ᠴᠢᠨᠠᠷ ᠤᠨ ᠬᠠᠮᠢᠶᠠᠷᠤᠯᠳᠠ ᠶᠢᠨ ᠰᠢᠰᠲ᠋ᠧᠮ | ᠪᠤᠯᠤᠨ ᠠᠵᠢᠯ ᠤᠨ ᠠᠮᠵᠢᠯᠳᠠ ᠶᠢᠨ ᠬᠢᠨᠠᠨ ᠰᠢᠯᠭᠠᠬᠤ ᠠᠭᠤᠯᠭ᠎ᠠ ᠶᠢ ᠳᠡᠭᠦᠯᠳᠡᠷᠵᠢᠭᠦᠯᠵᠦ᠂ ᠬᠡᠷᠡᠭᠵᠢᠭᠦᠯᠬᠦ ᠬᠦᠴᠤᠨ | ᠪᠠ ᠠᠵᠢᠯ ᠤᠨ ᠦᠷ᠎ᠡ ᠪᠦᠳᠤᠮᠵᠢ ᠶᠢ ᠳᠡᠭᠡᠭᠰᠢᠯᠡᠭᠦᠯᠦᠨ᠎ᠠ᠃ ᠤᠷᠤᠨ ᠤ ᠲᠤᠪᠴᠢᠶ᠎ᠠ ᠶᠢᠨ ᠪᠠᠶᠢᠭᠤᠯᠭ᠎ᠠ ᠶᠢᠨ ᠡᠷᠭᠡ | ᠴᠢᠳᠠᠪᠤᠷᠢ᠂ ᠪᠠᠶᠢᠭᠤᠯᠤᠮᠵᠢ᠂ ᠠᠵᠢᠯᠳᠠᠨ ᠤ ᠰᠢᠯᠢᠳᠡᠭᠵᠢᠭᠦᠯᠬᠦ ᠪᠠᠶᠢᠷᠢᠯᠠᠭᠤᠯᠤᠯᠳᠠ ᠶᠢ ᠱᠠᠯᠠᠪᠬᠠᠨ ᠬᠢᠵᠦ᠂ ᠡᠷᠬᠡ | ᠴᠢᠳᠠᠪᠤᠷᠢ ᠶᠢᠨ ᠨᠡᠶᠢᠯᠡᠬᠦᠯᠦᠯᠳᠠ ᠶᠢᠨ ᠠᠵᠢᠯ ᠢ ᠲᠦᠷᠭᠡᠳᠬᠡᠵᠦ᠂ ᠰᠢᠯᠤᠭᠤᠳᠬᠠᠵᠦ ᠪᠤᠯᠬᠤ ᠶᠢ ᠨᠢ ᠠᠯᠢ | ᠲᠦᠷᠭᠡᠨ ᠢᠶᠠᠷ ᠰᠢᠯᠤᠭᠤᠳᠬᠠᠵᠦ᠂ ᠲᠦᠷ ᠴᠠᠭ ᠰᠢᠯᠤᠭᠤᠳᠬᠠᠵᠦ ᠳᠡᠶᠢᠯᠬᠦ ᠦᠬᠡᠢ ᠳᠤ ᠨᠢ ᠴᠤ ᠵᠤᠬᠢᠴᠠᠭᠤᠯᠬᠤ | ᠲᠤᠭᠳᠠᠴᠠ ᠶᠢ ᠪᠠᠶᠢᠭᠤᠯᠤᠨ᠎ᠠ᠃ | ﹇ᠬᠦᠳᠤᠯᠦᠭᠴᠢ﹈ ᠵᠠ ᠰᠠᠶᠢᠨ ᠪᠤᠯᠤᠯ᠎ᠠ᠂ ᠭᠤᠤ ᠳᠠᠷᠤᠭ᠎ᠠ ᠶᠢᠨ ᠬᠠᠯᠠᠰᠢᠷᠠᠯ ᠦᠬᠡᠢ | ᠲᠠᠶᠢᠯᠪᠤᠷᠢᠯᠠᠭᠰᠠᠨ ᠳᠤ ᠲᠠᠯᠠᠷᠬᠠᠵᠦ ᠪᠠᠶᠢᠨ᠎ᠠ᠂ ᠮᠦᠨᠴᠤ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠲᠠᠯᠠᠷᠬᠠᠯ᠎ᠠ︕ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠬᠡᠳ ᠲᠡᠭᠦᠰᠤᠯᠠ᠂ ᠲᠠᠷᠠᠭᠠᠴᠢ | ᠶᠢᠨ ᠫᠷᠦᠭᠷᠡᠮ ᠢᠶᠠᠷ ᠪᠠᠶᠠᠷᠲᠠᠢ ᠵᠤᠯᠭᠠᠶ᠎ᠠ︕ | | | |