ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠠᠬᠦᠯᠳᠡᠷᠵᠢᠬᠦᠯᠬᠦ ᠶᠢ ᠬᠡᠷᠬᠢᠨ | ᠤᠢᠢᠯᠠᠭᠠᠬᠤ ᠪᠤᠢ︖ | — — ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ | ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ | ᠬᠦᠭᠵᠢᠬᠦᠯᠬᠦ ᠳᠤᠬᠠᠢ ᠰᠠᠨᠠᠯ︾ ᠤᠨ ᠳᠠᠶᠢᠯᠦᠮᠵᠢ ︵ᠬᠤᠶᠠᠷ︶ | | ᠲᠤᠰ ᠰᠣᠨᠢᠨ ᠤ ᠰᠣᠷᠪᠤᠯᠵᠢᠯᠠᠭᠴᠢ ᠲᠣ · ᠣᠶᠣᠨᠬᠤᠸᠡᠷ | | ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ | ᠤᠢᠢᠷ᠎ᠠ ᠶᠢᠨ ᠡᠳᠤᠷ ᠲᠠᠷᠤᠮᠠᠯᠯᠠᠨ ᠲᠠᠷᠬᠠᠭᠠᠭᠰᠠᠨ ︽ᠬᠦᠳᠡᠭᠡ ᠲᠣᠰᠬᠤᠨ ᠤ ᠭᠠᠵᠠᠷ ᠰᠢᠷᠤᠢ ᠶᠢᠨ ᠡᠵᠡᠩᠨᠡᠯᠲᠡ ᠶᠢᠨ | ᠡᠷᠬᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠦ ᠲᠠᠷᠢᠶᠠᠯᠠᠩ ᠤᠨ ᠵᠣᠬᠢᠬᠤ ᠬᠡᠪᠴᠢᠶᠡᠳᠦ | ᠡᠵᠡᠩᠨᠡᠯᠲᠡ ᠶᠢ ᠬᠦᠭᠵᠢᠭᠦᠯᠬᠦ ᠲᠤᠬᠠᠢ ᠰᠠᠨᠠᠯ︾ ᠨᠢ ᠭᠠᠵᠠᠷ ᠰᠢᠷᠦᠢ ᠶᠢᠨ ᠬᠠᠮᠳᠣ ᠶᠢᠨ ᠡᠵᠡᠩᠨᠡᠯᠳᠡ ᠶᠢᠨ ᠡᠷᠭᠡ᠂ | ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠪᠤᠯᠤᠨ ᠭᠠᠵᠠᠷ ᠰᠢᠷᠦᠢ ᠶᠢᠨ ᠡᠵᠡᠩᠨᠡᠯᠲᠡ ᠶᠢᠨ | ᠡᠷᠬᠡ ᠶᠢ ᠰᠠᠯᠭᠠᠵᠦ᠂ ᠵᠤᠬᠢᠴᠠᠭᠤᠯᠤᠨ ᠲᠤᠬᠢᠷᠠᠭᠤᠯᠬᠤ ᠪᠠᠷ ᠭᠤᠤᠯ ᠠᠭᠤᠯᠭ᠎ᠠ ᠪᠠᠨ ᠪᠤᠯᠭᠠᠭᠰᠠᠨ ᠪᠠᠶᠢᠨ᠎ᠠ᠃ | ᠡᠭᠦᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ | ᠶᠠᠪᠤᠳᠠᠯ ᠨᠢ ᠲᠦᠢᠯ ᠤᠨ ᠴᠢᠬᠤᠯᠠ ᠨᠢᠭᠡᠨ ᠠᠭᠤᠯᠭ᠎ᠠ ᠪᠤᠯᠵᠠᠢ᠃ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠬᠡᠨ | ᠤ ᠰᠢᠰᠲ᠋ᠧᠮ ᠢ ᠴᠤᠬᠤᠮ ᠶᠠᠭᠠᠬᠢᠵᠤ ᠪᠠᠶᠢᠭᠤᠯᠤᠨ᠂ ᠬᠡᠷᠬᠢᠨ ᠲᠠᠬᠦᠯᠳᠡᠷᠵᠢᠬᠦᠯᠬᠦ ᠪᠤᠢ︖ ᠡᠨᠡ ᠲᠤᠬᠠᠢ ᠦᠪᠤᠷ | ᠮᠤᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠠᠶᠢᠨ ᠲᠡᠬᠡᠳᠤ ᠰᠤᠷᠭᠠᠭᠤᠯᠢ ᠶᠢᠨ ᠡᠩᠬᠡ | ᠲᠡᠳ᠋ ᠫᠷᠣᠹᠧᠰᠰᠣᠷ ᠪᠢᠳᠡᠨ ᠳᠤ ᠬᠠᠷᠢᠭᠤᠯᠳᠠ ᠦᠭᠬᠦᠯ᠎ᠠ᠃ | ᠰᠣᠷᠪᠣᠯᠵᠢᠯᠠᠭᠴᠢ᠄ ᠲᠠᠷᠢᠶᠠᠯᠠᠩ ᠤᠨ ᠵᠣᠬᠢᠬᠤ ᠬᠡᠪᠴᠢᠶᠡᠳᠣ ᠡᠵᠡᠩᠨᠡᠯᠳᠡ ᠶᠢ ᠬᠦᠭᠵᠢᠬᠦᠯᠬᠦ ᠳᠤ | ᠶᠠᠭᠤᠨ ᠳᠤ ᠵᠠᠪᠠᠯ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ | ᠲᠡᠬᠦᠯᠳᠡᠷᠵᠢᠬᠦᠯᠬᠦ ᠴᠢᠬᠤᠯᠠᠳᠠᠢ ᠪᠤᠢ︖ | ᠡᠩᠬᠡ᠄ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠶᠢᠨ ᠭᠤᠤᠯ ᠵᠤᠷᠢᠯᠭ᠎ᠠ ᠨᠢ | ᠮᠠᠯᠴᠢᠨ ᠲᠠᠷᠢᠶᠠᠴᠢᠨ ᠢ ᠵᠤᠷᠢᠭᠵᠢᠭᠤᠯᠵᠦ ᠪᠠᠶᠢᠭᠠᠳ ᠲᠠᠷᠠᠬᠠᠢ ᠪᠤᠲᠠᠷᠬᠠᠢ ᠡᠵᠡᠩᠨᠡᠯᠲᠡ ᠪᠠᠨ ᠬᠤᠪᠢᠷᠠᠭᠤᠯᠵᠦ ᠵᠤᠬᠢᠬᠤ | ᠬᠡᠮᠵᠢᠶᠡᠨ ᠤ ᠬᠡᠪᠴᠢᠶᠡᠵᠢᠭᠰᠡᠨ ᠡᠵᠡᠩᠨᠡᠯᠲᠡ ᠶᠢ ᠪᠤᠢ ᠪᠤᠯᠭᠠᠬᠤ ᠶᠢᠨ ᠲᠦᠯᠦᠭᠡ ᠶᠤᠮ᠃ ᠮᠠᠯᠴᠢᠨ ᠲᠠᠷᠢᠶᠠᠴᠢᠨ | ᠦᠪᠡᠷ ᠤᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ ᠤᠨ ᠡᠵᠡᠩᠨᠡᠯᠲᠡ ᠶᠢᠨ ᠡᠷᠬᠡ ᠪᠠᠨ ᠪᠤᠰᠤᠳ ᠲᠤ | ᠰᠢᠯᠵᠢᠭᠦᠯᠤᠨ ᠦᠭᠴᠦ᠂ ᠳᠠᠭᠠᠭᠠᠴᠢᠯᠠᠯᠲᠠ ᠶᠢᠨ ᠡᠷᠬᠡ ᠪᠠᠨ ᠪᠦᠷᠢᠨ ᠭᠦᠢᠴᠡᠳ ᠠᠰᠢᠬᠯᠠᠵᠦ ᠪᠠᠶᠢᠭᠠᠳ ᠭᠠᠵᠠᠷ | ᠨᠤᠲᠤᠭ ᠤᠨ ᠢᠶᠠᠨ ᠠᠰᠢᠭ ᠲᠤᠰᠠ ᠶᠢ ᠬᠦᠷᠲᠡᠵᠦ ᠪᠤᠯᠳᠠᠭ᠃ ᠡᠭᠦᠨ ᠢᠶᠠᠷ ᠲᠠᠮᠵᠢᠭᠠᠳ ᠭᠠᠵᠠᠷ ᠰᠢᠷᠤᠢ ᠶᠢᠨ | ᠡᠵᠡᠩᠨᠡᠯᠲᠡ ᠶᠢᠨ ᠡᠷᠬᠡ ᠨᠢ ᠨᠢᠭᠡ ᠪᠦᠯᠦᠭ ᠠᠵᠦ ᠠᠬᠤᠶᠢᠯᠠᠯ ᠪᠤᠶᠤ ᠲᠤᠰᠬᠠᠢ ᠬᠤᠷᠰᠢᠶ᠎ᠠ᠂ ᠡᠰᠡᠭᠦᠯ᠎ᠡ ᠬᠤᠪᠢ | ᠬᠦᠮᠦᠨ ᠤ ᠭᠠᠷ ᠲᠤ ᠲᠦᠪᠯᠡᠷᠡᠬᠦ ᠪᠤᠯᠤᠨ᠎ᠠ᠃ ᠡᠨᠡ ᠨᠢ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢ | ᠬᠡᠪᠴᠢᠶᠡᠵᠢᠬᠦ ᠲᠡᠰᠢ ᠬᠦᠭᠵᠢᠬᠦᠯᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦ ᠶᠢ ᠨᠡᠮᠡᠭᠳᠡᠬᠦᠯᠵᠤ ᠲᠠᠶᠢᠯᠦᠨ᠎ᠠ᠃ | ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠷᠠᠳᠤᠭᠰᠠᠨ ᠨᠡᠩ ᠤᠯᠠᠨ | ᠠᠵᠦ ᠠᠬᠤᠢ ᠶᠢᠨ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠵᠢᠮ᠎ᠡ ᠶᠤᠰᠤ ᠪᠠᠷ ᠲᠤᠬᠢᠷᠠᠭᠤᠯᠬᠤ ᠲᠦᠷᠦ ᠶᠢᠨ ᠪᠤᠳᠤᠯᠭ᠎ᠠ | ᠶᠢᠨ ᠴᠢᠭᠯᠡᠯᠲᠡ ᠲᠠᠢ ᠨᠡᠶᠢᠴᠡᠵᠦ ᠪᠤᠢ᠃ ᠮᠦᠨᠴᠦ ᠤᠯᠤᠰ ᠤᠨ ᠨᠦᠬᠦᠪᠦᠷᠢ ᠮᠦᠩᠭᠦ ᠶᠢᠨ ᠲᠡᠮᠵᠢᠯᠭᠡ ᠨᠢ ᠭᠡᠷ ᠪᠦᠯᠢ | ᠶᠢᠨ ᠲᠤᠮᠤ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠲᠡᠰᠢ ᠲᠦᠪᠯᠡᠷᠡᠵᠦ᠂ ᠲᠡᠭᠦᠨ ᠤ ᠦᠷ᠎ᠡ ᠠᠰᠢᠭ | ᠢ ᠨᠡᠮᠡᠭᠳᠡᠭᠦᠯᠵᠦ ᠴᠢᠳᠠᠳᠠᠭ᠃ ᠵᠢᠱᠢᠶᠠᠯᠡᠪᠡᠯ᠂ ᠮᠤᠨᠳᠠᠭ ᠶᠡᠭᠡ ᠪᠡᠯᠡ ᠤᠷᠤᠭᠤᠯᠤᠯᠲᠠ ᠨᠢ ᠮᠠᠯᠴᠢᠨ ᠲᠠᠷᠢᠶᠠᠴᠢᠨ | ᠬᠦᠮᠦᠨ ᠨᠢᠬᠡᠪᠦᠷᠢ ᠳᠡᠭᠡᠷ᠎ᠡ ᠲᠡᠭᠰᠢᠳᠭᠡᠪᠡᠯ ᠢᠯᠡ ᠦᠭᠡᠢ ᠴᠦᠬᠡᠨ ᠲᠤᠭ᠎ᠠ ᠪᠠᠶᠢᠵᠤ᠂ ᠬᠠᠷᠢᠨ ᠨᠡᠯᠢᠶᠡᠳ ᠤᠯᠠᠨ | ᠬᠦᠮᠤᠨ ᠬᠠᠮᠲᠤᠷᠠᠨ ᠬᠤᠷᠰᠢᠭᠰᠠᠨ ᠪᠠᠶᠢᠳᠠᠯ ᠲᠤᠤᠷ᠎ᠠ ᠲᠡᠷᠡ ᠨᠢ ᠨᠠᠯᠢᠶᠡᠳ ᠶᠡᠭᠡ ᠲᠤᠭᠠᠨ ᠤ ᠪᠡᠯᠡ ᠤᠷᠤᠭᠤᠯᠤᠯᠲᠠ | ᠪᠤᠯᠵᠦ᠂ ᠲᠤᠮᠤ ᠬᠡᠯᠪᠡᠷᠢ ᠶᠢᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠵᠡᠷᠭᠡ ᠲᠦᠪᠯᠡᠷᠡᠭᠰᠡᠨ ᠪᠡᠯᠡ | ᠤᠷᠤᠭᠤᠯᠤᠯᠲᠠ ᠶᠢᠨ ᠠᠰᠢᠭ ᠲᠠᠢ ᠲᠠᠯ᠎ᠠ ᠶᠢ ᠪᠠᠳᠠᠷᠠᠭᠤᠯᠵᠦ ᠴᠢᠳᠠᠳᠠᠭ᠃ ᠡᠨᠡ ᠨᠢ ᠤᠳᠤᠬᠠᠨ ᠤ ᠮᠠᠯᠵᠢᠬᠤ | ᠤᠷᠤᠨ ᠲᠤ ᠤᠷᠤᠰᠢᠵᠦ ᠪᠠᠶᠢᠭ᠎ᠠ ᠮᠠᠯᠴᠢᠳ ᠶᠠᠮᠠᠷ ᠨᠢᠭᠡᠨ ᠲᠤᠮᠤ ᠬᠡᠯᠪᠡᠷᠢ ᠶᠢᠨ ᠮᠠᠰᠢᠨ ᠬᠤᠳᠠᠯᠳᠤᠨ ᠠᠪᠤᠪᠠᠯ | ᠬᠡᠴᠢᠨᠡᠨ ᠵᠢᠯ ᠦᠷᠢ ᠰᠢᠷᠢ ᠲᠤ ᠤᠨᠠᠬᠤ ᠭᠠᠴᠢᠭᠳᠠᠯᠲᠦ ᠦᠵᠡᠭᠳᠡᠯ ᠠᠴᠠ ᠵᠠᠶᠢᠯᠠᠰᠬᠢᠵᠤ ᠴᠢᠳᠠᠨ᠎ᠠ᠃ ᠨᠦᠭᠦᠭᠡ | ᠲᠠᠯ᠎ᠠ ᠪᠠᠷ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠵᠡᠷᠭᠡ ᠨᠢ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ | ᠤᠨ ᠰᠢᠨ᠎ᠡ ᠨᠢᠭᠡᠨ ᠲᠦᠯᠦᠭᠡᠯᠡᠭᠴᠢ ᠬᠦᠴᠦᠨ ᠪᠤᠯᠵᠦ᠂ ᠵᠠᠬ᠎ᠠ ᠳᠡᠯᠭᠡᠭᠦᠷ ᠲᠤ ᠤᠷᠤᠬᠤ ᠳᠤ ᠡᠷᠬᠡᠪᠰᠢ ᠨᠡᠶᠢᠭᠡᠮ ᠤᠨ | ᠤᠯᠠᠨ ᠲᠠᠯ᠎ᠠ ᠶᠢᠨ ᠰᠢᠰᠲ᠋ᠧᠮᠴᠢᠯᠡᠭᠰᠡᠨ ᠦᠢᠯᠡᠴᠢᠯᠡᠭᠡᠨ ᠤ ᠲᠡᠮᠵᠢᠯᠭᠡ ᠶᠢ ᠱᠠᠭᠠᠷᠳᠠᠳᠠᠭ᠃ ᠡᠭᠦᠨ ᠳᠤ ᠮᠠᠯᠵᠢᠬᠤ | ᠲᠠᠷᠢᠶᠠᠯᠠᠬᠤ ᠤᠷᠤᠨ ᠤ ᠦᠢᠯᠡᠳᠪᠦᠷᠢᠯᠡᠯ ᠳᠤ ᠦᠢᠯᠡᠴᠢᠯᠡᠬᠦ ᠤᠯᠠᠮᠵᠢᠯᠠᠯᠲᠦ ᠨᠡᠶᠢᠲᠡ ᠶᠢᠨ ᠦᠢᠯᠡᠴᠢᠯᠡᠭᠡᠨ ᠤ | ᠨᠦᠭᠦᠴᠡᠯ ᠢᠶᠠᠨ ᠰᠠᠶᠢᠵᠢᠷᠠᠭᠤᠯᠬᠤ ᠶᠢᠨ ᠬᠠᠮᠲᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ | ᠵᠡᠷᠭᠡ ᠪᠤᠯ ᠮᠠᠯᠵᠢᠬᠤ ᠲᠠᠷᠢᠶᠠᠯᠠᠬᠤ ᠤᠷᠤᠨ ᠤ ᠬᠡᠪᠴᠢᠶᠡᠵᠢᠭᠰᠡᠨ ᠠᠵᠦ ᠠᠬᠤᠢ ᠶᠢ ᠬᠦᠭᠵᠢᠭᠦᠯᠬᠦ ᠶᠢᠨ ᠠᠰᠢᠭ ᠲᠠᠢ | ᠨᠦᠭᠦᠴᠡᠯ ᠪᠤᠯᠤᠨ᠎ᠠ᠃ ᠭᠡᠪᠡᠴᠦ ᠤᠳᠤ ᠪᠤᠯᠲᠠᠯ᠎ᠠ ᠨᠡᠶᠢᠲᠡ ᠶᠢᠨ ᠦᠢᠯᠡᠴᠢᠯᠡᠭᠡ ᠶᠢ ᠪᠦᠷ ᠵᠠᠰᠠᠭ ᠤᠨ ᠤᠷᠳᠤᠨ ᠠᠴᠠ | ᠭᠤᠤᠯᠯᠠᠨ ᠬᠢᠵᠤ᠂ ᠨᠡᠶᠢᠭᠡᠮ ᠤᠨ ᠬᠦᠷᠦᠩᠭᠡ ᠶᠢᠨ ᠤᠷᠤᠯᠴᠠᠯᠭ᠎ᠠ ᠶᠢᠨ ᠬᠠᠷᠢᠴᠠᠯ ᠮᠠᠰᠢ ᠳᠤᠤᠷ᠎ᠠ ᠪᠠᠶᠢᠭᠰᠠᠭᠠᠷ᠃ | ᠡᠨᠡ ᠨᠢ ᠵᠠᠬ᠎ᠠ ᠳᠡᠯᠭᠡᠭᠦᠷ ᠤᠨ ᠠᠵᠦ ᠠᠬᠤᠢ ᠶᠢᠨ ᠬᠦᠭᠵᠢᠯᠲᠡ ᠲᠠᠢ ᠵᠤᠬᠢᠴᠠᠬᠤ ᠦᠭᠡᠢ ᠪᠦᠭᠡᠳ ᠵᠠᠰᠠᠭ ᠤᠨ | ᠤᠷᠳᠤᠨ ᠤ ᠠᠵᠦ ᠠᠬᠤᠢ ᠶᠢᠨ ᠳᠠᠷᠤᠭᠠᠰᠤ ᠶᠢ ᠴᠦ ᠬᠦᠨᠳᠦᠷᠡᠭᠦᠯᠳᠡᠭ᠃ ᠴᠢᠨᠠᠭᠰᠢᠯᠠᠪᠠᠯ ᠲᠠᠩ ᠴᠤᠯᠭᠤᠢ ᠲᠦᠷᠦᠯ | ᠵᠦᠢᠯ ᠤᠨ ᠪᠡᠯᠡ ᠤᠷᠤᠭᠤᠯᠤᠯᠲᠠ ᠨᠢ ᠨᠡᠶᠢᠭᠡᠮ ᠤᠨ ᠬᠢᠨᠠᠯᠲᠠ ᠲᠤᠲᠠᠮᠠᠭ ᠠᠴᠠ ᠪᠤᠯᠵᠦ᠂ ᠢᠯᠵᠠᠷᠠᠵᠦ ᠲᠤᠷᠦ᠋ᠢᠲᠠᠬᠤ | ᠶᠠᠪᠤᠳᠠᠯ ᠬᠢᠯᠪᠠᠷᠬᠠᠨ ᠭᠠᠷᠳᠠᠭ ᠪᠠᠶᠢᠨ᠎ᠠ᠃ ᠡᠶᠢᠮᠦ ᠠᠴᠠ ᠨᠢᠭᠡ ᠪᠦᠯᠦᠭ ᠡᠵᠡᠩᠨᠡᠯᠲᠡ ᠶᠢᠨ ᠴᠢᠨᠠᠷᠲᠠᠢ ᠨᠡᠶᠢᠬᠡᠮ ᠤᠨ | ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠳᠡᠮᠵᠢᠨ ᠬᠦᠭᠵᠢᠬᠦᠯᠵᠤ᠂ ᠵᠠᠬ᠎ᠠ ᠳᠡᠯᠭᠡᠭᠦᠷ ᠲᠤ ᠨᠡᠩ | ᠲᠤᠰᠬᠠᠢᠢᠵᠢᠭᠰᠠᠨ᠂ ᠨᠡᠩ ᠲᠡᠭᠦᠯᠳᠡᠷᠵᠢᠭᠰᠡᠨ ᠦᠢᠯᠡᠴᠢᠯᠡᠭᠡ ᠬᠠᠩᠭᠠᠵᠦ ᠳᠡᠶᠢᠯᠬᠦ ᠰᠢᠰᠲ᠋ᠧᠮ ᠢ ᠪᠤᠢ ᠪᠤᠯᠭᠠᠪᠠᠯ | ᠵᠤᠬᠢᠨ᠎ᠠ᠃ ᠡᠭᠦᠨ ᠳᠤ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠰᠢᠯᠢᠳᠡᠭ ᠲᠠᠷᠢᠶᠠᠨ ᠦᠷ᠎ᠡ ᠶᠢ ᠪᠤᠶᠢᠵᠢᠭᠤᠯᠬᠤ᠂ | ᠬᠡᠮ ᠬᠢᠵᠢᠭ ᠢ ᠨᠢᠭᠡᠲᠦᠯᠲᠠᠢ ᠪᠠᠷ ᠰᠡᠷᠭᠡᠶᠢᠯᠡᠨ ᠵᠠᠰᠠᠬᠤ᠂ ᠬᠦᠷᠦᠰᠦ ᠶᠢ ᠰᠢᠨᠵᠢᠵᠤ ᠪᠤᠷᠳᠤᠭᠤᠷ ᠨᠠᠶᠢᠷᠠᠭᠤᠯᠬᠤ᠂ | ᠬᠠᠶᠠᠭᠳᠠᠮᠠᠯ ᠪᠤᠳᠠᠰ ᠢ ᠲᠦᠪᠯᠡᠷᠡᠭᠦᠯᠦᠨ ᠰᠢᠢᠳᠪᠦᠷᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ | ᠪᠠᠭᠲᠠᠵᠦ ᠪᠠᠶᠢᠬᠤ ᠪᠦᠭᠡᠳ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ | ᠬᠤᠳᠠᠯᠳᠤᠭ᠎ᠠ ᠶᠢᠨ ᠦᠢᠯᠡᠰ ᠢ ᠬᠦᠭᠵᠢᠭᠦᠯᠬᠦ ᠵᠡᠷᠭᠡ ᠭᠦᠢᠯᠭᠡᠭᠡᠨ ᠤ ᠦᠢᠯᠡᠴᠢᠯᠡᠭᠡ ᠴᠦ ᠪᠠᠭᠲᠠᠵᠦ ᠪᠠᠶᠢᠳᠠᠭ᠃ | ᠤᠷᠤᠨ ᠨᠤᠲᠤᠭ ᠤᠨ ᠵᠠᠰᠠᠭ ᠤᠨ ᠤᠷᠳᠤᠨ ᠨᠢ ᠨᠡᠶᠢᠲᠡ ᠶᠢᠨ ᠦᠢᠯᠡᠴᠢᠯᠡᠭᠡ ᠪᠠᠨ ᠤᠯᠠᠮ ᠨᠢᠭᠡ ᠠᠯᠬᠤᠮ | ᠰᠠᠶᠢᠵᠢᠷᠠᠭᠤᠯᠬᠤ ᠶᠢᠨ ᠵᠡᠷᠭᠡᠪᠡᠷ ᠮᠠᠯ ᠠᠵᠦ ᠠᠬᠤᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ | ᠦᠨ᠎ᠡ ᠶᠢ ᠲᠤᠬᠢᠷᠠᠭᠤᠯᠬᠤ᠂ ᠵᠢᠱᠢᠶ᠎ᠡ ᠦᠵᠡᠭᠦᠯᠬᠦ ᠴᠢᠬ ᠢ ᠪᠦᠳᠦᠬᠡᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ | ᠨᠡᠶᠢᠭᠡᠮ ᠤᠨ ᠦᠢᠯᠡᠴᠢᠯᠡᠭᠡᠨ ᠳᠤ ᠤᠷᠤᠯᠴᠠᠬᠤ ᠤᠷᠢᠳᠡᠴᠢ ᠨᠦᠭᠦᠴᠡᠯ ᠢ ᠪᠤᠢ ᠪᠤᠯᠭᠠᠬᠤ ᠴᠢᠬᠤᠯᠠᠲᠠᠢ ᠶᠤᠮ᠃ ᠡᠨᠡᠬᠦ | ᠰᠠᠭᠤᠷᠢᠨ ᠳᠡᠭᠡᠷ᠎ᠡ ᠪᠤᠳᠠᠲᠤ ᠪᠠᠶᠢᠳᠠᠯ ᠳᠤ ᠵᠤᠬᠢᠴᠠᠬᠰᠠᠨ᠂ ᠨᠡᠶᠢᠭᠡᠮ ᠤᠨ ᠬᠢᠨᠠᠯᠲᠠ ᠲᠠᠯᠪᠢᠬᠤ ᠳᠤ ᠳᠦᠭᠦᠮ ᠪᠠᠶᠢᠳᠠᠭ | ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠨᠢ ᠵᠠᠰᠠᠭ ᠤᠨ ᠤᠷᠳᠤᠨ ᠠᠴᠠ ᠪᠦᠬᠦ᠋ᠢᠯᠡ ᠦᠢᠯᠡᠴᠢᠯᠡᠭᠡ ᠶᠢ | ᠬᠠᠩᠭᠠᠳᠠᠭ ᠦᠩᠭᠡᠷᠡᠭᠰᠡᠨ ᠤ ᠪᠠᠶᠢᠳᠠᠯ ᠲᠠᠢ ᠬᠠᠷᠢᠴᠠᠭᠤᠯᠪᠠᠯ ᠨᠡᠶᠢᠭᠡᠮ ᠤᠨ ᠦᠷ᠎ᠡ ᠠᠰᠢᠭ ᠢᠶᠠᠷ ᠨᠡᠩ ᠰᠠᠶᠢᠨ | ᠪᠤᠯᠳᠠᠭ᠃ ᠤᠴᠢᠷ ᠨᠢ ᠨᠡᠶᠢᠭᠡᠮ ᠤᠨ ᠦᠢᠯᠡᠴᠢᠯᠡᠭᠡ ᠬᠠᠩᠭᠠᠵᠦ ᠦᠭᠬᠦ ᠡᠯ᠎ᠡ ᠵᠤᠬᠢᠶᠠᠨ ᠪᠠᠶᠢᠭᠤᠯᠤᠯᠲᠠ ᠨᠢ ᠨᠡᠩ | ᠲᠤᠰᠬᠠᠢᠢᠵᠢᠭᠰᠠᠨ ᠪᠠᠶᠢᠳᠠᠭ ᠪᠦᠭᠡᠳ ᠲᠤᠰ ᠪᠡᠶ᠎ᠡ ᠶᠢᠨ ᠠᠰᠢᠭ ᠲᠤᠰᠠ ᠪᠠᠷ ᠢᠶᠠᠨ ᠰᠠᠭᠤᠷᠢᠯᠠᠭᠰᠠᠨ ᠵᠠᠬ᠎ᠠ ᠳᠡᠯᠭᠡᠭᠦᠷ | ᠤᠨ ᠦᠷᠢᠰᠦᠯᠳᠦᠭᠡᠨ ᠤ ᠳᠤᠮᠳᠠ ᠤᠷᠤᠰᠢᠵᠦ᠂ ᠬᠤᠷᠴᠨ ᠰᠢᠷᠦᠬᠦᠨ ᠦᠷᠢᠰᠦᠯᠳᠦᠭᠡᠨ ᠨᠢ ᠡᠳᠡᠭᠡᠷ ᠨᠡᠶᠢᠭᠡᠮ ᠤᠨ | ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠳᠠ ᠦᠬᠡᠢ ᠰᠠᠶᠢᠵᠢᠷᠠᠭᠤᠯᠳᠠᠭ ᠶᠤᠮ᠃ | ᠰᠣᠷᠪᠣᠯᠵᠢᠯᠠᠭᠴᠢ᠄ ᠰᠢᠨ᠎ᠠ ᠮᠠᠶ᠋ᠢᠬ ᠤᠨ ᠲᠣᠰᠬᠠᠢ ᠠᠵᠢᠯ ᠤᠨ ᠲᠠᠷᠢᠶᠠᠴᠢᠨ ᠤ ᠬᠦᠮᠦᠵᠢᠯ | ᠪᠣᠯᠪᠠᠰᠣᠷᠠᠯ ᠢ ᠥᠷᠨᠢᠭᠦᠯᠬᠦ ᠶᠢᠨ ᠴᠢᠬᠤᠯᠠ ᠴᠢᠨᠠᠷ ᠢ ᠬᠡᠷᠬᠢᠨ ᠣᠢᠢᠯᠠᠭᠠᠪᠠᠯ ᠵᠣᠬᠢᠬᠤ ᠪᠣᠢ︖ | ᠡᠩᠬᠡ ᠄ ᠰᠢᠨ᠎ᠡ ᠮᠠᠶ᠋ᠢᠬ ᠤᠨ ᠲᠤᠰᠬᠠᠢ ᠠᠵᠢᠯ ᠤᠨ ᠲᠠᠷᠢᠶᠠᠴᠢᠨ ᠤ ᠬᠦᠮᠦᠵᠢᠯ ᠪᠤᠯᠪᠠᠰᠤᠷᠠᠯ ᠢ | ᠴᠢᠩᠭᠠᠳᠬᠠᠬᠤ ᠨᠢ ᠬᠤᠶᠠᠷ ᠵᠦᠢᠯ ᠤᠨ ᠠᠭᠤᠯᠭ᠎ᠠ ᠲᠠᠢ᠃ ᠨᠢᠭᠡ ᠳᠤ᠂ ᠭᠠᠵᠠᠷ ᠰᠢᠷᠤᠢ ᠶᠢᠨ ᠡᠵᠡᠩᠨᠡᠯᠲᠡ ᠶᠢᠨ | ᠡᠷᠬᠡ ᠪᠠᠨ ᠪᠤᠰᠤᠳ ᠲᠤ ᠰᠢᠯᠵᠢᠭᠦᠯᠦᠨ ᠦᠭᠭᠦᠭᠰᠡᠨ ᠪᠠᠶᠢᠳᠠᠯ ᠳᠤᠤᠷ᠎ᠠ ᠨᠢᠭᠡ ᠪᠦᠯᠦᠭ ᠮᠠᠯᠴᠢᠨ ᠲᠠᠷᠢᠶᠠᠴᠢᠨ | ᠬᠦᠳᠡᠯᠮᠦᠷᠢ ᠬᠦᠴᠦ ᠦᠯᠡᠬᠦᠳᠡᠵᠤ ᠢᠷᠡᠳᠡᠭ᠃ ᠡᠳᠡᠭᠡᠷ ᠬᠦᠳᠡᠯᠮᠦᠷᠢ ᠬᠦᠴᠦ ᠨᠢ ᠳᠠᠬᠢᠵᠦ ᠬᠦᠯᠦᠰᠦᠨ ᠠᠵᠢᠯᠴᠢᠨ ᠤ | ᠬᠡᠯᠪᠡᠷᠢ ᠪᠠᠷ ᠲᠤᠮᠤ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠳᠤ ᠠᠵᠢᠯᠯᠠᠬᠤ ᠳᠤ ᠲᠡᠷᠡ ᠨᠢ ᠨᠢᠭᠡᠨᠲᠡ | ᠲᠤᠷ᠎ᠠ ᠵᠤᠷᠢᠭ ᠢᠶᠠᠷ ᠢᠶᠠᠨ ᠪᠠᠶᠢᠳᠠᠭ ᠲᠠᠷᠬᠠᠢ ᠪᠤᠲᠠᠷᠬᠠᠢ ᠡᠵᠡᠩᠨᠡᠯᠲᠡ ᠪᠢᠰᠢ ᠪᠤᠯᠵᠦ᠂ ᠨᠢᠭᠡᠲᠦᠯᠲᠠᠢ ᠵᠤᠬᠢᠶᠠᠨ | ᠪᠠᠶᠢᠭᠤᠯᠤᠯᠲᠠ ᠳᠤᠤᠷᠠᠬᠢ ᠳᠦᠷᠢᠮᠵᠢᠭᠰᠡᠨ ᠬᠦᠳᠡᠯᠮᠦᠷᠢ ᠪᠤᠯᠳᠠᠭ ᠪᠠᠶᠢᠨ᠎ᠠ᠃ ᠡᠶᠢᠮᠦ ᠠᠴᠠ ᠡᠳᠡᠭᠡᠷ ᠬᠦᠮᠦᠰ ᠨᠢ | ᠵᠠᠪᠠᠯ ᠴᠢᠩᠭ᠎ᠠ ᠨᠢᠮᠪᠠᠢ ᠬᠦᠮᠦᠵᠢᠯ ᠪᠤᠯᠪᠠᠰᠤᠷᠠᠯ ᠬᠦᠷᠲᠡᠭᠰᠡᠨ ᠪᠠᠶᠢᠬᠤ ᠬᠡᠷᠡᠭᠲᠠᠢ ᠪᠦᠭᠡᠳ ᠠᠵᠢᠯ ᠤᠨ ᠮᠡᠷᠭᠡᠵᠢᠯ | ᠴᠢᠳᠠᠪᠤᠷᠢ ᠪᠠᠷ ᠦᠨᠳᠦᠷ ᠪᠠᠶᠢᠬᠤ ᠶᠢ ᠱᠠᠭᠠᠷᠳᠠᠳᠠᠭ ᠶᠤᠮ᠃ ᠬᠤᠶᠠᠷ ᠲᠤ᠂ ᠨᠢᠭᠡ ᠪᠦᠯᠦᠭ ᠲᠤᠰᠬᠠᠶᠢᠵᠢᠭᠰᠠᠨ | ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ ᠶᠢᠨ ᠡᠵᠡᠳ᠂ ᠬᠤᠷᠰᠢᠶ᠎ᠠ | ᠶᠢᠨ ᠳᠠᠭᠠᠭᠤᠯᠤᠭᠴᠢ ᠪᠤᠯᠤᠨ ᠠᠵᠦ ᠠᠬᠤᠶᠢᠯᠠᠯ ᠤᠨ ᠬᠠᠮᠢᠶᠠᠷᠤᠭᠴᠢ ᠵᠡᠷᠭᠡ ᠨᠢ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠶᠢᠨ ᠦᠷᠬᠡᠵᠢᠯ ᠢ ᠳᠠᠭᠠᠯᠳᠤᠨ ᠦᠢᠯᠡᠳᠬᠦᠨ ᠤ ᠪᠤᠷᠤᠯᠠᠭᠤᠯᠭ᠎ᠠ ᠵᠡᠷᠭᠡ ᠵᠠᠬ᠎ᠠ ᠳᠡᠯᠭᠡᠭᠦᠷ ᠤᠨ ᠰᠢᠨ᠎ᠡ | ᠠᠰᠠᠭᠤᠳᠠᠯ ᠳᠤ ᠲᠤᠯᠭᠠᠷᠠᠵᠤ᠂ ᠬᠦᠮᠦᠵᠢᠯ ᠪᠤᠯᠪᠠᠰᠤᠷᠠᠯ ᠨᠢ ᠡᠳᠡᠭᠡᠷ ᠬᠦᠮᠦᠰ ᠲᠤ ᠴᠦ ᠲᠦᠢᠯ ᠤᠨ ᠴᠢᠬᠤᠯᠠ | ᠪᠠᠶᠢᠳᠠᠭ᠃ ᠲᠡᠷᠡ ᠮᠦᠷᠲᠡᠭᠡᠨ ᠬᠦᠮᠦᠵᠢᠯ ᠪᠤᠯᠪᠠᠰᠤᠷᠠᠯ ᠨᠢ ᠤᠷᠲᠤ ᠬᠤᠭᠤᠴᠠᠭᠠᠨ ᠤ ᠦᠷᠬᠦᠯᠵᠢ ᠶᠢᠨ ᠴᠢᠨᠠᠷᠲᠠᠢ | ᠪᠠᠶᠢᠬᠤ ᠶᠢ ᠱᠠᠭᠠᠷᠳᠠᠵᠦ᠂ ᠰᠢᠨ᠎ᠡ ᠬᠡᠯᠪᠡᠷᠢ ᠶᠢᠨ ᠲᠤᠰᠬᠠᠢ ᠠᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ | ᠳᠦᠷᠢᠮᠵᠢᠯ ᠤᠨ ᠪᠤᠢ ᠪᠤᠯᠬᠤ ᠶᠢ ᠱᠠᠭᠠᠷᠳᠠᠵᠤ ᠪᠤᠢ᠃ ᠡᠨᠡ ᠨᠢ ᠮᠦᠨᠴᠦ ᠰᠢᠰᠲ᠋ᠧᠮᠵᠢᠭᠰᠡᠨ ᠨᠡᠶᠢᠭᠡᠮ ᠤᠨ | ᠦᠢᠯᠡᠴᠢᠯᠡᠭᠡᠨ ᠤ ᠴᠢᠬᠤᠯᠠ ᠨᠢᠭᠡᠨ ᠠᠭᠤᠯᠭ᠎ᠠ ᠪᠤᠯᠤᠨ᠎ᠠ᠃ | ᠰᠣᠷᠪᠣᠯᠵᠢᠯᠠᠭᠴᠢ᠄ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠪᠠᠭᠤᠯᠢᠭ ᠪᠠ ᠦᠢᠯᠡᠳᠤᠯ ᠢ ᠬᠡᠷᠬᠢᠨ | ᠪᠠᠳᠠᠷᠠᠭᠤᠯᠵᠤ ᠪᠠᠶᠢᠭᠠᠳ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠳᠤᠦ᠋ᠯᠡᠴᠢᠯᠡᠬᠦᠯᠬᠦ ᠪᠣᠢ︖ | ᠡᠩᠬᠡ᠄ ᠨᠢᠬᠡ ᠲᠠᠯ᠎ᠠ ᠪᠠᠷ᠂ ᠮᠠᠯᠵᠢᠬᠤ ᠲᠠᠷᠢᠶᠠᠯᠠᠬᠤ ᠤᠷᠤᠨ ᠲᠠᠬᠢ ᠬᠠᠩᠭᠠᠨ ᠪᠤᠷᠤᠯᠠᠭᠤᠯᠬᠤ | ᠬᠤᠷᠰᠢᠶ᠎ᠠ ᠨᠢ ᠨᠡᠯᠢᠶᠡᠳ ᠤᠷᠲᠤ ᠬᠤᠭᠤᠴᠠᠭᠠᠨ ᠤ ᠡᠵᠡᠩᠨᠡᠯᠲᠡ ᠪᠠᠷ ᠳᠠᠮᠵᠢᠭᠠᠳ ᠬᠦᠷᠦᠩᠭᠡ ᠶᠢᠨ ᠡᠵᠡᠩᠨᠡᠯᠲᠡ ᠶᠢᠨ | ᠬᠡᠯᠪᠡᠷᠢ ᠪᠠᠷ ᠲᠤᠳᠤᠷᠬᠠᠢ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠠᠷᠭ᠎ᠠ ᠬᠡᠯᠪᠡᠷᠢ ᠪᠠᠷ ᠨᠠᠯᠢᠶᠡᠳ | ᠪᠤᠯᠪᠠᠰᠤᠷᠠᠩᠭᠤᠢ ᠪᠤᠯᠤᠭᠰᠠᠨ ᠪᠠᠶᠢᠳᠠᠭ᠃ ᠡᠨᠡ ᠨᠢ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠬᠦᠯᠤᠨ | ᠡᠵᠡᠩᠨᠡᠬᠦ ᠳᠤ ᠡᠯᠪᠡᠭ ᠪᠠᠶᠠᠯᠢᠭ ᠲᠤᠷᠰᠢᠯᠭ᠎ᠠ ᠬᠠᠩᠭᠠᠭᠰᠠᠨ ᠪᠦᠭᠡᠳ ᠮᠡᠷᠭᠡᠵᠢᠯ ᠤᠨ ᠴᠢᠨᠠᠷᠲᠠᠢ ᠲᠤᠰᠠᠯᠠᠮᠵᠢ ᠤᠯᠭᠤᠵᠦ | ᠴᠢᠳᠠᠳᠠᠭ ᠶᠤᠮ᠃ ᠨᠦᠭᠦᠭᠡ ᠲᠠᠯ᠎ᠠ ᠪᠠᠷ᠂ ᠲᠤᠰᠬᠠᠢ ᠬᠤᠷᠰᠢᠶ᠎ᠠ ᠪᠤᠯ ᠮᠠᠯᠴᠢᠨ ᠲᠠᠷᠢᠶᠠᠴᠢᠨ ᠤ ᠡᠵᠡᠩᠨᠡᠯᠲᠡ ᠶᠢᠨ | ᠡᠷᠭᠡ ᠶᠢ ᠨᠢᠭᠡᠲᠦᠭᠦᠯᠦᠭᠰᠡᠨ ᠬᠠᠮᠤᠭ ᠰᠠᠶᠢᠨ ᠦᠯᠢᠭᠡᠷ ᠵᠢᠱᠢᠶ᠎ᠡ ᠪᠤᠯᠤᠨ᠎ᠠ᠃ ᠲᠤᠰᠬᠠᠢ ᠬᠤᠷᠰᠢᠶ᠎ᠠ ᠨᠢ ᠡᠵᠡᠩᠨᠡᠯᠲᠡ | ᠶᠢᠨ ᠡᠷᠬᠡ ᠶᠢ ᠡᠵᠡᠮᠲᠡᠵᠦ᠂ ᠮᠠᠯᠴᠢᠨ ᠲᠠᠷᠢᠶᠠᠴᠢᠨ ᠳᠠᠭᠠᠭᠠᠴᠢᠯᠠᠯᠲᠠ ᠶᠢᠨ ᠡᠷᠬᠡ ᠪᠠᠨ ᠠᠰᠢᠬᠯᠠᠨ ᠬᠤᠪᠢ ᠤᠷᠤᠬᠤ | ᠵᠡᠷᠭᠡ ᠬᠡᠯᠪᠡᠷᠢ ᠪᠠᠷ ᠠᠰᠢᠭ ᠤᠯᠵᠠᠪᠤᠷᠢ ᠤᠯᠵᠦ ᠪᠤᠯᠬᠤ ᠪᠦᠭᠡᠳ ᠲᠤᠰᠬᠠᠢ ᠬᠤᠷᠰᠢᠶ᠎ᠠ ᠶᠢᠨ ᠬᠦᠳᠡᠯᠮᠦᠷᠢ ᠲᠤ | ᠤᠷᠤᠯᠴᠠᠬᠤ ᠪᠤᠶᠤ ᠪᠤᠰᠤᠳ ᠵᠦᠢᠯ ᠤᠨ ᠬᠦᠳᠡᠯᠮᠦᠷᠢ ᠳᠤ ᠤᠷᠤᠯᠴᠠᠬᠤ ᠬᠡᠯᠪᠡᠷᠢ ᠪᠠᠷ ᠴᠦ ᠤᠷᠤᠯᠭ᠎ᠠ ᠪᠠᠨ | ᠨᠡᠮᠡᠭᠳᠡᠭᠦᠯᠵᠦ ᠪᠤᠯᠳᠠᠭ ᠶᠤᠮ᠃ | ᠶᠡᠷᠦᠩᠬᠡᠢ ᠳᠤᠨᠢ ᠠᠪᠴᠦ ᠬᠡᠯᠡᠪᠡᠯ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ | ᠢ ᠪᠠᠶᠢᠭᠤᠯᠵᠦ ᠲᠡᠭᠦᠯᠳᠡᠷᠵᠢᠭᠦᠯᠬᠦ ᠨᠢ ᠤᠯᠠᠨ ᠡᠰᠢᠴᠢᠯᠡᠭᠰᠡᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ | ᠪᠠᠶᠢᠭᠤᠯᠤᠯᠲᠠ ᠶᠢ ᠪᠠᠶᠢᠭᠤᠯᠬᠤ ᠪᠠᠷ ᠲᠠᠮᠵᠢᠨ ᠮᠠᠯ ᠠᠵᠤ ᠠᠬᠤᠢ ᠲᠠᠷᠢᠶᠠᠯᠠᠩ ᠤᠨ ᠲᠤᠰᠬᠠᠶᠢᠵᠢᠵᠦ ᠬᠡᠪᠵᠢᠶᠡᠵᠢᠬᠦ ᠶᠢ | ᠠᠬᠢᠭᠤᠯᠵᠦ᠂ ᠨᠡᠩ ᠬᠦᠨ ᠭᠦᠨᠵᠡᠭᠡᠢ ᠵᠠᠬ᠎ᠠ ᠳᠡᠯᠭᠡᠭᠦᠷᠵᠢᠬᠦᠯᠦᠨ ᠡᠵᠡᠩᠨᠡᠬᠦ ᠶᠢ ᠵᠤᠷᠢᠵᠤ ᠪᠤᠢ᠃ ᠤᠴᠢᠷ ᠨᠢ᠂ | ᠬᠤᠷᠰᠢᠵᠦ ᠬᠡᠪᠴᠢᠶᠡᠵᠢᠭᠰᠡᠨ ᠡᠵᠡᠩᠨᠡᠯᠳᠡ ᠬᠢᠬᠦ ᠦᠭᠡᠢ ᠪᠤᠯ ᠮᠠᠯᠴᠢᠨ ᠲᠠᠷᠢᠶᠠᠴᠢᠨ ᠶᠡᠷᠤᠨᠢ ᠵᠠᠬ᠎ᠠ ᠳᠡᠯᠭᠡᠭᠦᠷ ᠤᠨ | ᠦᠷᠢᠰᠦᠯᠳᠦᠭᠡᠨ ᠳᠤᠮᠳᠠ ᠲᠤᠷᠤᠢ ᠪᠠᠭᠤᠷᠠᠢ ᠪᠠᠶᠢᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ | ᠦᠨ᠎ᠡ ᠲᠤᠭᠲᠠᠭᠠᠬᠤ ᠡᠷᠬᠡ ᠪᠠᠨ ᠠᠯᠳᠠᠳᠠᠭ ᠶᠤᠮ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠨᠢ ᠮᠠᠯᠴᠢᠨ ᠲᠠᠷᠢᠶᠠᠴᠢᠨ ᠤ ᠰᠠᠶᠢᠨ ᠳᠤᠷ᠎ᠠ ᠠᠴᠠ ᠪᠠᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠪᠠᠨ | ᠰᠢᠯᠵᠢᠬᠦᠯᠬᠦ ᠪᠠᠷ ᠰᠠᠭᠤᠷᠢ ᠪᠤᠯᠭᠠᠭᠰᠠᠨ ᠲᠤᠮᠤ ᠬᠡᠯᠪᠡᠷᠢ ᠶᠢᠨ ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠤᠨ ᠲᠠᠯᠠᠪᠠᠢ | ᠵᠡᠷᠬᠡ ᠲᠤ ᠦᠢᠯᠡᠴᠢᠯᠡᠬᠦ ᠪᠠᠷ ᠤᠷᠢᠳᠡᠴᠢ ᠨᠦᠭᠦᠴᠡᠯ ᠪᠤᠯᠭᠠᠳᠠᠭ ᠤᠴᠢᠷ ᠠᠴᠠ ᠡᠵᠡᠩᠨᠡᠯᠲᠡ ᠶᠢᠨ ᠡᠷᠬᠡ ᠪᠠᠨ | ᠰᠢᠯᠵᠢᠭᠦᠯᠦᠭᠰᠡᠨ ᠬᠦᠮᠦᠰ ᠪᠤᠶᠤ ᠡᠵᠡᠩᠨᠡᠯᠲᠡ ᠶᠢᠨ ᠡᠷᠬᠡ ᠶᠢ ᠬᠦᠯᠢᠶᠡᠵᠦ ᠠᠪᠤᠭᠰᠠᠨ ᠬᠦᠮᠦᠰ ᠪᠦᠷ ᠠᠵᠢᠯ ᠤᠨ | ᠴᠢᠳᠠᠪᠦᠷᠢ ᠪᠠᠨ ᠳᠡᠭᠡᠭᠰᠢᠯᠡᠭᠦᠯᠬᠦ ᠴᠢᠬᠤᠯᠠᠲᠠᠢ᠃ ᠡᠨᠡ ᠨᠢ ᠤᠷᠲᠤ ᠬᠤᠭᠤᠴᠠᠭᠠᠨ ᠤ ᠬᠦᠮᠦᠵᠢᠯ ᠪᠤᠯᠪᠠᠰᠤᠷᠠᠯ ᠢᠶᠠᠷ | ᠳᠠᠮᠵᠢᠨ ᠰᠢᠢᠳᠪᠦᠷᠢᠯᠡᠭᠳᠡᠬᠦ ᠨᠢ ᠵᠠᠶᠢᠯᠠᠰᠢ ᠦᠭᠡᠢ᠃ |