ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠪ ᠬᠠᠮᠲᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠬᠤᠷᠢᠮ ᠨᠠᠶᠢᠷ ᠤᠷᠤᠰᠢᠭᠤᠯᠭ᠎ᠠ ᠪᠠᠶᠠᠷ ᠳᠤᠷᠠᠰᠬᠠᠯ ᠤᠨ ᠠᠵᠢᠯᠯᠠᠭ᠎ᠠ ᠬᠢᠬᠦ ᠲᠣᠬᠠᠢ ᠬᠡᠷᠡᠭᠵᠢᠭᠦᠯᠬᠦ ᠠᠷᠭ᠎ᠠ ︾ ᠲᠣᠭᠲᠠᠭᠠᠨ ᠨᠡᠶᠢᠲᠡᠯᠡᠭᠰᠡᠨ ᠲᠣᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2015/3/26
     2015 ᠣᠨ ᠤ 1  ᠳ᠋ᠤᠭᠠᠷ ᠰᠠᠷ᠎ᠠ ᠶᠢᠨ 7 ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ︽ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠪ ᠬᠠᠮᠳᠦ ᠨᠠᠮ ᠤᠨ ᠭᠡᠰᠢᠬᠦᠨ ᠤᠳᠤᠷᠢᠳᠬᠤ ᠺᠠᠳ᠋ᠷ  ᠤᠨ ᠬᠤᠷᠢᠮ ᠨᠠᠶᠢᠷ ᠤᠷᠤᠰᠢᠭᠤᠯᠭ᠎ᠠ ᠪᠠᠶᠠᠷ ᠲᠣᠷᠠᠰᠬᠠᠯ  ᠤᠨ ᠠᠵᠢᠯᠯᠠᠭ᠎ᠠ ᠬᠢᠬᠦ ᠲᠣᠬᠠᠢ ᠭᠡᠷᠡᠭᠵᠢᠭᠦᠯᠬᠦ ᠠᠷᠭ᠎ᠠ︾ ᠲᠠᠷᠤᠮᠠᠯᠯᠠᠨ ᠲᠠᠷᠬᠠᠭᠠᠬᠰᠠᠠ ᠨᠢ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠨᠠᠮ ᠤᠨ ᠭᠡᠰᠢᠬᠦᠨ ᠤᠳᠤᠷᠢᠳᠬᠤ ᠺᠠᠳ᠋ᠷ ᠤᠨ ᠬᠤᠷᠢᠮ ᠨᠠᠶᠢᠷ ᠤᠷᠤᠰᠢᠭᠤᠯᠭ᠎ᠠ ᠪᠠᠶᠠᠷ ᠲᠣᠷᠠᠰᠬᠠᠯ ᠤᠨ ᠠᠵᠢᠯᠯᠠᠭ᠎ᠠ ᠲᠤ ᠴᠢᠩᠭ᠎ᠠ ᠲᠤᠬᠳᠠᠭᠠᠯ ᠭᠠᠷᠭᠠᠨ ᠦᠭᠴᠦ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠤᠢᠢᠷ᠎ᠠ ᠶᠢᠨ ᠡᠳᠦᠷ ᠰᠢᠭᠤᠳ ᠬᠠᠷᠢᠶ᠎ᠠ  ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠳᠠᠨ ︽ᠭᠡᠷᠡᠭᠵᠢᠭᠦᠯᠬᠦ ᠠᠷᠭ᠎ᠠ︾ ᠲᠤᠬᠳᠠᠭᠠᠬᠰᠠᠠ ᠬᠤᠯᠪᠤᠬᠳᠠᠯ ᠪᠦᠬᠦᠢ ᠪᠠᠶᠢᠳᠠᠯ  ᠤᠨ ᠲᠤᠬᠠᠢ ᠲᠤᠰ ᠰᠤᠨᠢᠨ  ᠤ ᠰᠤᠷᠪᠤᠯᠵᠢᠯᠠᠬᠴᠢ ᠶᠢᠨ ᠲᠤᠰᠬᠠᠢ ᠰᠤᠷᠪᠤᠯᠵᠢᠯᠠᠭ᠎ᠠ  ᠶᠢ ᠬᠦᠯᠢᠶᠡᠯ᠎ᠠ᠃      ᠠᠰᠠᠭᠤᠯᠳᠠ᠄ ᠶᠠᠭᠠᠬᠢᠭᠠᠳ ︽ᠭᠡᠷᠡᠭᠵᠢᠭᠦᠯᠬᠦ ᠠᠷᠭ᠎ᠠ︾ ᠲᠤᠬᠳᠠᠭᠠᠬᠰᠠᠠ ᠪᠤᠢ︖      ᠬᠠᠷᠢᠭᠤᠯᠳᠠ᠄ ᠤᠢᠢᠷ᠎ᠠ ᠶᠢᠨ ᠵᠢᠯ ᠠᠴᠠ ᠨᠠᠰᠢ ᠪᠤᠯᠬᠢ ᠰᠣᠷᠳᠠᠯ ᠦᠵᠡᠯᠳᠡ ᠵᠢᠴᠢ ᠬᠤᠴᠤᠷᠤᠩᠭᠤᠢ ᠠᠮᠢᠳᠤᠷᠠᠯ  ᠤᠨ ᠭᠡᠯᠪᠡᠷᠢ ᠶᠢᠨ ᠨᠦᠯᠦᠭᠡᠯᠡᠯ ᠢᠶᠠᠷ ᠬᠤᠷᠢᠮ ᠨᠠᠶᠢᠷ ᠤᠷᠤᠰᠢᠭᠤᠯᠭ᠎ᠠ ᠵᠡᠷᠭᠡ ᠠᠵᠢᠯᠯᠠᠭ᠎ᠠ  ᠶᠢ ᠶᠡᠭᠡᠪᠡᠷ ᠬᠢᠬᠦ ᠭᠠᠵᠢᠭᠤ ᠰᠤᠷᠳᠠᠯ ᠲᠠᠷᠬᠠᠨ ᠲᠡᠯᠭᠡᠷᠡᠵᠦ᠂ ᠪᠠᠶᠠᠷ  ᠤᠨ ᠶᠠᠪᠤᠳᠠᠯ ᠤᠯᠠᠮ  ᠢᠶᠠᠷ ᠤᠯᠠᠰᠢᠷᠠᠨ᠂ ᠭᠡᠪᠴᠢᠶ᠎ᠠ ᠨᠢ ᠤᠯᠠᠮ  ᠢᠶᠠᠷ ᠦᠷᠭᠡᠵᠢᠨ᠂ ᠯᠠᠷᠵᠠ ᠲᠠᠳᠠᠵᠦ ᠰᠤᠷᠳᠤᠭᠠᠯᠠᠬᠤ ᠨᠢ ᠤᠯᠠᠨ ᠲᠦᠮᠡᠨ ᠤ ᠦᠵᠡᠯ ᠰᠠᠨᠠᠭ᠎ᠠ ᠠᠵᠦ ᠠᠬᠤᠢ ᠶᠢᠨ ᠡᠬᠦᠷᠭᠡᠯᠡᠯ ᠲᠠᠷᠤᠭᠠᠰᠦ  ᠶᠢ ᠬᠦᠨᠳᠦᠷᠡᠭᠦᠯᠦᠭᠰᠡᠡ ᠢᠶᠠᠷ ᠪᠠᠷᠠᠬᠤ ᠦᠭᠡᠢ ᠪᠠᠰᠠ ᠪᠦᠷᠢᠯᠭᠡᠨ ᠰᠦᠢᠳᠭᠡᠬᠦ ᠰᠤᠷᠳᠠᠯ  ᠢ ᠦᠷᠭᠡᠵᠢᠭᠦᠯᠵᠦ᠂ ᠨᠡᠶᠢᠭᠡᠮ ᠵᠢᠷᠦᠮ ᠤᠨ ᠶᠤᠰᠦ ᠰᠤᠷᠳᠠᠬᠤᠨ ᠠᠴᠠ ᠲᠡᠷᠰᠯᠡᠭᠰᠡᠡ ᠪᠠᠶᠢᠨ᠎ᠠ᠃ ᠴᠦᠭᠡᠨ ᠲᠤᠭᠠᠨ ᠤ ᠨᠠᠮ  ᠤᠨ ᠭᠡᠰᠢᠬᠦᠨ ᠤᠳᠤᠷᠢᠳᠬᠤ ᠺᠠᠳ᠋ᠷᠴᠤᠳ ᠰᠤᠬᠤᠷ ᠪᠠᠯᠠᠢ ᠪᠠᠷ ᠠᠳᠠᠯᠢᠳᠬᠠᠨ᠂ ᠬᠤᠨᠵᠢᠬᠳᠠᠪᠠᠯ ᠨᠦᠬᠦᠪᠦᠷᠢᠯᠡᠭᠦᠯᠵᠦ᠂ ᠴᠢᠨᠠᠬᠰᠢᠯᠡᠪᠡᠯ ᠵᠠᠪᠰᠢᠶᠠᠨ  ᠢ ᠲᠠᠯᠢᠮᠳᠠᠭᠤᠯᠤᠨ ᠤᠯᠵᠠ ᠤᠯᠬᠤ ᠵᠤᠷᠢᠯᠭ᠎ᠠ  ᠳᠠᠭᠠᠨ ᠬᠦᠷᠬᠦ ᠶᠢᠨ ᠲᠦᠯᠦᠭᠡ ᠠᠷᠭ᠎ᠠ ᠪᠦᠬᠦᠨ  ᠢ ᠰᠦᠪᠡᠭᠴᠢᠯᠡᠨ ᠨᠠᠷ᠎ᠠ ᠬᠠᠯᠳᠠᠭᠠᠬᠤ ᠰᠢᠯᠳᠠᠬ ᠡᠷᠢᠵᠦ ᠪᠠᠶᠢᠭᠠᠳ ᠬᠤᠷᠢᠮ ᠨᠠᠶᠢᠷ ᠤᠷᠤᠰᠢᠭᠤᠯᠭ᠎ᠠ ᠵᠡᠷᠭᠡ ᠶᠢ ᠶᠡᠭᠡᠪᠡᠷ ᠬᠢᠬᠦ ᠪᠤᠯᠤᠬᠰᠠᠠ ᠠᠴᠠ ᠡᠨᠡᠬᠦ ᠭᠠᠵᠢᠭᠤ ᠰᠤᠷᠳᠠᠯ  ᠢ ᠲᠠᠷᠬᠠᠨ ᠲᠡᠯᠭᠡᠷᠡᠭᠦᠯᠦᠨ ᠨᠠᠮ ᠪᠤᠯᠤᠨ ᠵᠠᠰᠠᠬ  ᠤᠨ ᠤᠷᠳᠤᠨ ᠤ ᠲᠦᠷᠢ ᠲᠦᠷᠬᠦ  ᠶᠢ ᠬᠤᠬᠢᠷᠠᠭᠤᠯᠤᠨ ᠨᠡᠶᠢᠭᠡᠮ  ᠤᠨ ᠭᠡᠪ ᠰᠤᠷᠳᠠᠯ  ᠢ ᠡᠪᠳᠡᠭᠰᠡᠡ ᠠᠴᠠ ᠤᠯᠠᠨ ᠲᠦᠮᠡᠨ ᠡᠬᠦᠨ ᠳᠤ ᠮᠠᠰᠢ ᠴᠢᠩᠭ᠎ᠠ ᠲᠤᠰᠬᠠᠯ ᠭᠠᠷᠭᠠᠵᠠᠢ᠃      2013 ᠤᠠ  ᠤ 12 ᠳ᠋ᠤᠭᠠᠷ ᠰᠠᠷ᠎ᠠ ᠶᠢᠨ 20  ᠤ ᠡᠳᠦᠷ ᠦᠪᠡᠷᠳᠡᠬᠡᠡ ᠵᠠᠰᠠᠬᠤ ᠤᠷᠦᠠ  ᠤ ᠨᠠᠮ  ᠤᠨ ᠬᠤᠷᠢᠶ᠎ᠠ ᠶᠢᠨ ᠠᠯᠪᠡᠡ ᠳᠢᠩᠬᠢᠮ᠂ ᠵᠠᠰᠠᠬ ᠤᠨ ᠤᠷᠳᠦᠠ  ᠤ ᠠᠯᠪᠡᠡ ᠳᠢᠩᠬᠢᠮ ︽ᠡᠪ ᠬᠠᠮᠳᠦ ᠨᠠᠮ ᠤᠨ ᠬᠡᠰᠢᠬᠦᠡ᠂ ᠤᠯᠥᠰ  ᠤᠨ ᠠᠯᠪᠠᠳᠠᠠ ᠪᠡ ᠤᠯᠥᠰ ᠤᠨ ᠵᠠᠰᠠᠬ ᠵᠠᠬᠢᠷᠭᠠᠠ  ᠤ  ᠪᠠᠶᠢᠭᠤᠯᠭ᠎ᠠ ᠶᠢᠨ ᠳᠤᠮᠢᠯᠠᠬᠰᠠᠠ ᠪᠤᠰᠦᠳ ᠠᠵᠢᠯᠳᠠᠠ  ᠤ ᠪᠡᠯᠡᠭ  ᠤᠨ ᠵᠤᠭᠤᠰ ᠬᠤᠷᠢᠶᠠᠬᠤ ᠶᠢ ᠴᠢᠩᠭ᠎ᠠ ᠴᠠᠭᠠᠵᠠᠯᠠᠬᠤ᠂ ᠬᠤᠷᠢᠮ ᠨᠠᠶᠢᠷ ᠤᠷᠦᠰᠢᠭᠤᠯᠭ᠎ᠠ ᠪᠠᠶᠠᠷ ᠲᠣᠷᠠᠰᠬᠠᠯ ᠤᠨ ᠠᠵᠢᠯᠯᠠᠭ᠎ᠠ ᠬᠢᠬᠦ ᠶᠢ ᠴᠢᠩᠳᠠᠯᠠᠬᠤ ᠳᠤᠬᠠᠢ ᠳᠤᠬᠳᠠᠭᠠᠯ︾ ᠨᠠᠶᠢᠳᠠᠯᠠᠵᠦ᠂ ᠬᠠᠮᠢᠶ᠎ᠠ ᠪᠦᠬᠦᠢ ᠳᠤᠭᠳᠠᠭᠠᠯ  ᠤᠳ  ᠢ ᠴᠢᠨᠠᠬᠰᠢᠳᠠ ᠨᠠᠷᠢᠯᠢᠬᠵᠢᠭᠤᠯᠵᠦ᠂ ︽ᠳᠤᠮᠳᠠᠳᠦ ᠤᠯᠥᠰ ᠤᠨ ᠡᠪ ᠬᠠᠮᠳᠦ ᠨᠠᠮ ᠤᠨ ᠨᠠᠮ ᠤᠨ ᠬᠡᠰᠢᠬᠦᠡ ᠤᠳᠦᠷᠢᠳᠬᠤ ᠺᠡᠳ᠋ᠷ ᠤᠨ ᠠᠷᠢᠭᠤᠠ ᠴᠢᠭᠡᠴᠢ ᠪᠠᠷ ᠵᠠᠰᠠᠬ ᠤᠨ ᠠᠵᠢᠯ ᠬᠢᠬᠦ ᠳᠦᠷᠢᠮ︾ ᠂ ︽ᠳᠤᠮᠳᠠᠳᠦ ᠤᠯᠥᠰ ᠤᠨ ᠡᠪ ᠬᠠᠮᠳᠦ ᠨᠠᠮ  ᠤᠨ ᠰᠠᠬᠢᠯᠭ᠎ᠠ ᠪᠠᠳᠦ ᠶᠢᠨ ᠰᠢᠳᠬᠡᠯ ᠤᠨ ᠳᠦᠷᠢᠮ︾ ᠵᠡᠷᠬᠡ ᠳᠤᠬᠳᠠᠭᠠᠯ  ᠢ ᠦᠨᠳᠦᠰᠦᠯᠠᠠ ᠦᠪᠡᠷᠳᠡᠬᠡᠡ ᠵᠠᠰᠠᠬᠤ ᠤᠷᠦᠠ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠠ ︽ᠦᠪᠡᠷᠳᠡᠬᠡᠡ ᠵᠠᠰᠠᠬᠤ ᠤᠷᠦᠠ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠡᠪ ᠬᠠᠮᠳᠦ ᠨᠠᠮ ᠤᠨ ᠬᠡᠰᠢᠬᠦᠡ ᠤᠳᠦᠷᠢᠳᠬᠤ ᠺᠡᠳ᠋ᠷ ᠤᠨ ᠬᠤᠷᠢᠮ ᠨᠠᠶᠢᠷ ᠤᠷᠦᠰᠢᠭᠤᠯᠭ᠎ᠠ ᠪᠠᠶᠠᠷ ᠲᠣᠷᠠᠰᠬᠠᠯ  ᠤᠨ ᠠᠵᠢᠯᠯᠠᠭ᠎ᠠ ᠬᠢᠬᠦ ᠲᠣᠬᠠᠢ ᠬᠡᠷᠡᠭᠵᠢᠬᠦᠯᠬᠦ ᠠᠷᠭ᠎ᠠ︾ ᠶᠢ ᠨᠠᠶᠢᠳᠠᠯᠡᠵᠡᠢ᠃      ᠠᠰᠠᠭᠤᠯᠳᠠ᠄ ︽ᠭᠡᠷᠡᠭᠵᠢᠬᠦᠯᠬᠦ ᠠᠷᠭ᠎ᠠ︾ ᠨᠢ ᠶᠠᠮᠠᠷ ᠶᠠᠮᠠᠷ ᠬᠦᠮᠦᠠ  ᠳᠤ ᠳᠤᠬᠢᠷᠠᠬᠤ ᠪᠤᠢ︖      ᠬᠠᠷᠢᠭᠤᠯᠳᠠ᠄ ᠨᠠᠮ ᠤᠨ ᠵᠤᠬᠢᠶᠠᠠ ᠪᠠᠶᠢᠭᠤᠯᠤᠯᠳᠠ ᠶᠢᠨ ᠬᠠᠷᠢᠴᠠᠭ᠎ᠠ ᠨᠢ ᠦᠪᠡᠷᠳᠡᠬᠡᠡ ᠵᠠᠰᠠᠬᠤ ᠤᠷᠦᠠ  ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ  ᠳᠤ ᠬᠠᠷᠢᠶᠠᠯᠠᠬᠳᠠᠬᠤ ᠦᠪᠡᠷᠳᠡᠬᠡᠡ ᠵᠠᠰᠠᠬᠤ ᠤᠷᠦᠠ  ᠤ ᠰᠢᠭᠤᠳ ᠬᠠᠷᠢᠶ᠎ᠠ  ᠪᠠᠶᠢᠭᠤᠯᠭ᠎ᠠ ︵ᠨᠢᠬᠡᠴᠡ︶  ᠳᠤ ᠳᠡᠳ᠋ ᠰᠠᠯᠠᠭᠠᠠ ᠳᠠᠰ ᠠᠴᠠ ᠳᠡᠭᠡᠭᠰᠢᠬᠢ ᠳᠤᠰᠢᠶᠠᠯ ᠡᠬᠦᠷᠬᠡᠯᠡᠵᠦ ᠪᠠᠶᠢᠭ᠎ᠠ ᠨᠠᠮ ᠤᠨ ᠬᠡᠰᠢᠬᠦᠡ ᠤᠳᠦᠷᠢᠳᠬᠤ ᠺᠡᠳ᠋ᠷ ︵ᠳᠠᠳ᠋ ᠭᠠᠵᠠᠷ ᠤᠨ ᠳᠠᠰ ᠠᠴᠠ ᠳᠡᠭᠡᠭᠰᠢᠬᠢ ᠤᠳᠦᠷᠢᠳᠤᠯᠭ᠎ᠠ ᠪᠤᠰᠦ ᠳᠤᠰᠢᠶᠠᠯ ᠪᠠᠭᠳᠠᠨ᠎ᠠ︶᠂ ᠠᠵᠢᠯ ᠦᠢᠯᠠᠰ ᠤᠨ ᠨᠢᠬᠡᠴᠡ᠂ ᠠᠷᠠᠳ ᠤᠨ ᠪᠦᠯᠬᠦᠮ ᠳᠤᠮᠳᠠᠬᠢ ᠳᠡᠳ᠋ ᠰᠠᠯᠠᠭᠠᠠ ᠳᠠᠰ ᠠᠴᠠ ᠳᠡᠭᠡᠭᠰᠢᠬᠢ ᠳᠤᠰᠢᠶᠠᠯ ᠲᠠᠢ ᠳᠠᠩᠴᠠᠬᠦ ᠨᠠᠮ ᠤᠨ ᠤᠳᠦᠷᠢᠳᠬᠤ ᠺᠡᠳ᠋ᠷ ︵ᠳᠠᠳ᠋ ᠭᠠᠵᠠᠷ ᠤᠨ ᠳᠠᠰ ᠠᠴᠠ ᠳᠡᠭᠡᠭᠰᠢᠬᠢ ᠤᠳᠦᠷᠢᠳᠤᠯᠭ᠎ᠠ ᠪᠤᠰᠦ ᠳᠤᠰᠢᠶᠠᠯ ᠪᠠᠭᠳᠠᠨ᠎ᠠ︶᠂ ᠤᠯᠥᠰ ᠤᠨ ᠦᠮᠴᠢᠯᠠᠯ ᠤᠨ ᠠᠵᠦ ᠠᠬᠤᠢᠢᠯᠠᠯ ᠤᠨ ᠳᠤᠮᠳᠠ ᠳᠠᠪᠬᠤᠷᠭ᠎ᠠ ᠠᠴᠠ ᠳᠡᠭᠡᠭᠰᠢᠬᠢ ᠨᠠᠮ ᠤᠨ ᠬᠡᠰᠢᠬᠦᠡ ᠤᠳᠦᠷᠢᠳᠬᠤ ᠺᠡᠳ᠋ᠷ ᠨᠢ ᠭᠡᠷᠡᠭᠵᠢᠬᠦᠯᠬᠦ ᠠᠷᠭ᠎ᠠ ᠶᠤᠰᠤᠭᠠᠷ ᠭᠡᠷᠡᠭᠵᠢᠬᠦᠯᠥᠨ᠎ᠠ᠃ ᠤᠷᠦᠠ  ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠪᠤᠰᠦᠳ ᠨᠠᠮ ᠤᠨ ᠬᠡᠰᠢᠬᠦᠡ᠂ ᠺᠡᠳ᠋ᠷ ᠯᠠᠪᠯᠡᠡ ᠭᠡᠷᠡᠭᠵᠢᠬᠦᠯᠥᠨ᠎ᠠ᠃      ᠠᠰᠠᠭᠤᠯᠳᠠ᠄ ︽ᠭᠡᠷᠡᠭᠵᠢᠬᠦᠯᠬᠦ ᠠᠷᠭ᠎ᠠ︾ ᠶᠢᠨ ᠭᠤᠤᠯ ᠠᠭᠤᠯᠭ᠎ᠠ  ᠳᠤ ᠶᠠᠭᠤ ᠶᠠᠭᠤ ᠪᠠᠶᠢᠬᠤ ᠪᠤᠢ︖      ᠬᠠᠷᠢᠭᠤᠯᠳᠠ᠄ ︽ᠭᠡᠷᠡᠭᠵᠢᠬᠦᠯᠬᠦ ᠠᠷᠭ᠎ᠠ︾  ᠳᠤ ᠭᠤᠤᠯᠳᠠᠭᠤ᠄ ᠨᠢᠬᠡ  ᠳᠤ᠂ ᠬᠤᠷᠢᠮ ᠤᠷᠦᠰᠢᠭᠤᠯᠭ᠎ᠠ ᠪᠠᠶᠠᠷ ᠲᠣᠷᠠᠰᠬᠠᠯ  ᠤᠨ ᠠᠵᠢᠯᠯᠠᠭ᠎ᠠ ᠬᠢᠬᠦ  ᠳᠤ ᠵᠠᠯᠠᠵᠦ ᠪᠤᠯᠬᠤ ᠡᠳᠡᠬᠡᠳ ᠤᠨ ᠬᠦᠷᠢᠶ᠎ᠠ ᠬᠡᠪᠴᠢᠶ᠎ᠠ᠂ ᠡᠷᠬᠢᠯᠡᠬᠦ ᠬᠡᠪᠴᠢᠶ᠎ᠠ ᠵᠡᠷᠬᠡ︔ ᠬᠤᠶᠠᠷ ᠲᠤ᠂ ᠡᠷᠬᠢᠯᠡᠡ ᠬᠢᠬᠦ ᠦᠶᠡᠰ ᠲᠤ ᠴᠢᠩᠭ᠎ᠠ ᠴᠠᠭᠠᠵᠠᠯᠠᠬᠤ ᠠᠵᠢᠯᠯᠠᠭ᠎ᠠ︔ ᠭᠤᠷᠪᠠ   ᠂ ᠳᠤᠬᠳᠠᠭᠠᠯ  ᠳᠤ ᠮᠠᠳᠠᠬᠦᠯᠥᠯᠳᠡ ᠶᠢᠨ ᠳᠦᠷᠢᠮ ᠳᠤᠬᠳᠠᠭᠠᠬᠤ ᠶᠢ ᠳᠤᠳᠤᠷᠬᠠᠢᠢᠯᠠᠬᠤ︔ ᠳᠦᠷᠪᠡ  ᠳᠤ ᠂ ᠳᠤᠬᠳᠠᠭᠠᠯ ᠠᠴᠠ ᠵᠦᠷᠢᠴᠡᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠵᠡᠷᠬᠡ ᠠᠭᠤᠯᠭ᠎ᠠ ᠪᠠᠭᠳᠠᠨ᠎ᠠ᠃      ᠠᠰᠠᠭᠤᠯᠳᠠ᠄ ᠡᠨᠡ ᠤᠲᠠᠭ᠎ᠠ ᠲᠤᠭᠲᠠᠭᠠᠭᠰᠠᠠ ︽ᠭᠡᠷᠡᠭᠵᠢᠭᠦᠯᠬᠦ ᠠᠷᠭ᠎ᠠ︾  ᠶᠢ ᠨᠡᠯᠢᠶᠡᠳ ᠪᠤᠲᠠᠲᠠᠢ ᠪᠦᠭᠡᠳ ᠴᠢᠩᠭ᠎ᠠ ᠲᠤᠭᠲᠠᠭᠠᠭᠰᠠᠠ ᠨᠢ ᠶᠠᠠᠮᠷ ᠶᠠᠮᠠᠷ ᠲᠠᠯ᠎ᠠ ᠠᠴᠠ ᠪᠤᠲᠤᠯᠬᠢᠯᠠᠭᠰᠠᠠ ᠪᠤᠢ︖      ᠬᠠᠷᠢᠭᠤᠯᠳᠠ᠄ ᠶᠡᠷᠦᠩᠭᠡᠢ ᠱᠦᠵᠢ ᠰᠢ ᠶᠢᠨ ᠫᠢᠩ  ᠪᠠᠶᠢᠭᠤᠯᠭ᠎ᠠ  ᠶᠢᠨ ᠰᠤᠷᠲᠠᠯ  ᠤᠨ ᠪᠠᠶᠢᠭᠤᠯᠤᠯᠲᠠ  ᠶᠢ ᠡᠮᠦᠨ᠎ᠠ ᠨᠢ ᠬᠢᠵᠦ᠂ ᠲᠠᠭᠤᠷᠢᠶᠠᠯ ᠪᠤᠯᠬᠤ ᠭᠡᠷᠡᠭᠲᠡᠢ ᠭᠡᠵᠦ ᠱᠠᠭᠠᠷᠲᠠᠵᠠᠢ᠃  ᠪᠠᠶᠢᠭᠤᠯᠭ᠎ᠠ  ᠶᠢᠨ ᠰᠤᠷᠲᠠᠯ  ᠤᠨ ᠪᠠᠶᠢᠭᠤᠯᠤᠯᠲᠠ ᠪᠠᠷᠢᠮᠵᠢᠶᠠᠠ  ᠤ ᠲᠠᠯ᠎ᠠ ᠪᠠᠷ ᠨᠡᠩ ᠦᠨᠲᠦᠷ ᠪᠠᠶᠢᠵᠦ᠂ ᠱᠠᠭᠠᠷᠲᠠᠯᠭ᠎ᠠ  ᠶᠢᠨ ᠲᠠᠯ᠎ᠠ ᠪᠠᠷ ᠨᠡᠩ ᠴᠢᠩᠭ᠎ᠠ ᠪᠠᠶᠢᠵᠦ᠂ ᠠᠷᠭ᠎ᠠ ᠵᠠᠮ  ᠤᠨ ᠲᠠᠯ᠎ᠠ ᠪᠠᠷ ᠤᠲᠤᠷᠢᠳᠬᠤ  ᠪᠠᠶᠢᠭᠤᠯᠭ᠎ᠠ᠂ ᠤᠲᠤᠷᠢᠳᠬᠤ ᠪᠠᠭ᠂ ᠤᠲᠤᠷᠢᠳᠬᠤ ᠺᠠᠳ᠋ᠷ ᠢᠶᠠᠷ ᠭᠤᠤᠯᠲᠠᠭᠤᠯᠵᠠᠢ᠃ ᠰᠤᠷᠲᠠᠯ  ᠢ ᠤᠷᠢᠲᠠᠪᠠᠷ ᠪᠤᠢ ᠪᠤᠯᠭᠠᠵᠤ ᠵᠠᠩᠰᠢᠯ  ᠢ ᠲᠠᠷᠠᠭᠠᠯᠠᠨ ᠰᠠᠶᠢᠵᠢᠷᠠᠭᠤᠯᠵᠦ᠂  ᠪᠠᠶᠢᠭᠤᠯᠭ᠎ᠠ  ᠶᠢᠨ ᠨᠠᠮ  ᠤᠨ ᠭᠡᠰᠢᠭᠦᠨ ᠤᠲᠤᠷᠢᠳᠬᠤ ᠺᠠᠳ᠋ᠷ  ᠤᠨ ᠰᠤᠷᠲᠠᠯ  ᠤᠨ ᠪᠠᠶᠢᠲᠠᠯ ᠨᠢ ᠲᠤᠰ ᠬᠦᠮᠦᠨ  ᠤ ᠵᠠᠩ ᠰᠤᠷᠲᠠᠯ ᠪᠤᠯᠤᠨ ᠲᠦᠷᠢ ᠲᠦᠷᠬᠦ ᠲᠠᠢ ᠬᠤᠯᠪᠤᠭᠲᠠᠬᠤ ᠪᠠᠷ ᠪᠠᠷᠠᠬᠤ ᠦᠭᠡᠢ ᠨᠡᠩ ᠴᠤ ᠨᠢᠭᠡ ᠭᠠᠵᠠᠷ ᠤᠷᠤᠨ᠂ ᠨᠢᠭᠡ ᠨᠢᠭᠡᠴᠡ  ᠶᠢᠨ ᠨᠠᠮ  ᠤᠨ ᠰᠤᠷᠲᠠᠯ ᠵᠠᠰᠠᠭ  ᠤᠨ ᠰᠤᠷᠲᠠᠯ ᠠᠷᠠᠳ  ᠤᠨ ᠵᠠᠩ ᠰᠤᠷᠲᠠᠯ ᠲᠠᠢ ᠬᠤᠯᠪᠤᠭᠲᠠᠵᠦ᠂ ᠨᠠᠮ  ᠤᠨ ᠤᠯᠠᠠ ᠲᠦᠮᠡᠡ  ᠤ ᠲᠤᠮᠲᠠᠬᠢ ᠢᠲᠡᠭᠡᠯ ᠪᠤᠯᠤᠨ ᠲᠦᠷᠢ ᠲᠦᠷᠬᠦ ᠲᠠᠢ ᠬᠤᠯᠪᠤᠭᠲᠠᠨ᠎ᠠ᠃ ᠰᠢᠭᠤᠳ ᠬᠠᠷᠢᠶ᠎ᠠ  ᠪᠠᠶᠢᠭᠤᠯᠭ᠎ᠠ  ᠶᠢᠨ ᠨᠠᠮ  ᠤᠨ ᠭᠡᠰᠢᠭᠦᠨ ᠤᠲᠤᠷᠢᠳᠬᠤ ᠺᠠᠳ᠋ᠷ ᠪᠡᠶ᠎ᠠ ᠪᠠᠨ ᠴᠢᠩᠭ᠎ᠠ ᠱᠠᠭᠠᠷᠲᠠᠵᠦ᠂ ᠪᠡᠶ᠎ᠠ ᠪᠠᠷ ᠢᠶᠠᠨ ᠦᠯᠢᠭᠡᠷ ᠲᠠᠭᠤᠷᠢᠶᠠᠯ ᠪᠤᠯᠵᠦ᠂ ᠪᠤᠰᠤᠳ  ᠢ ᠬᠢᠬᠦ ᠬᠡᠷᠡᠭᠲᠡᠢ ᠭᠡᠵᠦ ᠱᠠᠭᠠᠷᠲᠠᠭᠰᠠᠠ ᠶᠠᠪᠤᠲᠠᠯ  ᠢ ᠦᠪᠡᠷ ᠢᠶᠠᠨ ᠤᠷᠢᠲᠠᠪᠠᠷ ᠬᠢᠬᠦ ᠬᠡᠷᠡᠭᠲᠡᠢ︔ ᠪᠤᠰᠤᠳ ᠤᠨ ᠬᠢᠬᠦ  ᠶᠢ ᠴᠠᠭᠠᠵᠠᠯᠠᠭᠰᠠᠠ ᠶᠠᠪᠤᠲᠠᠯ  ᠢ ᠦᠪᠡᠷ ᠢᠶᠠᠨ ᠤᠭᠲᠤ ᠬᠢᠵᠦ ᠪᠤᠯᠬᠤ ᠦᠭᠡᠢ᠂ ᠪᠠᠶᠢᠭᠤᠯᠭ᠎ᠠ  ᠶᠢᠨ ᠨᠠᠮ ᠤᠨ ᠭᠡᠰᠢᠭᠦᠨ ᠤᠲᠤᠷᠢᠳᠬᠤ ᠺᠠᠳ᠋ᠷ ᠪᠠᠶᠢᠭᠤᠯᠭ᠎ᠠ  ᠶᠢᠨ ᠰᠤᠷᠲᠠᠯ  ᠤᠨ ᠪᠠᠶᠢᠭᠤᠯᠤᠯᠲᠠ ᠲᠤᠮᠲᠠ ᠲᠠᠭᠠᠭᠤᠯᠬᠤ ᠪᠠ ᠭᠤᠤᠯ ᠴᠤᠭᠴᠠ ᠶᠢᠨ ᠦᠢᠯᠡᠲᠦᠯ ᠢᠶᠠᠨ ᠦᠨᠡᠡᠬᠦ ᠪᠠᠲᠠᠷᠠᠭᠤᠯᠵᠦ᠂ ᠨᠡᠶᠢᠭᠡᠮ  ᠤᠨ ᠰᠠᠶᠢᠠ ᠰᠠᠶᠢᠬᠠᠠ ᠬᠡᠪ ᠰᠤᠷᠲᠠᠯ  ᠤᠨ ᠪᠦᠷᠢᠯᠲᠦᠬᠦ  ᠶᠢ ᠠᠬᠢᠭᠤᠯᠬᠤ ᠬᠡᠷᠡᠭᠲᠡᠢ᠃ ᠡᠲᠡᠭᠡᠷ  ᠢ ᠪᠦᠷ ᠴᠢᠩᠭ᠎ᠠ ᠪᠦᠭᠡᠳ ᠦᠨᠡᠡᠬᠦ ᠭᠡᠷᠡᠭᠵᠢᠭᠦᠯᠦᠬᠦᠰᠢᠲᠠᠢ ᠲᠦᠷᠢᠮ ᠳᠤ ᠲᠦᠰᠢᠭᠯᠡᠵᠦ ᠪᠠᠲᠤᠯᠠᠨ᠎ᠠ᠃      ᠠᠰᠠᠭᠤᠯᠳᠠ᠄ ︽ᠭᠡᠷᠡᠭᠵᠢᠭᠦᠯᠬᠦ ᠠᠷᠭ᠎ᠠ︾  ᠶᠢ ᠲᠤᠤᠱᠯᠠᠭᠤᠯᠤᠨ ᠭᠡᠷᠡᠭᠵᠢᠭᠦᠯᠬᠦ  ᠶᠢ ᠭᠡᠷᠬᠢᠨ ᠰᠠᠶᠢᠲᠤᠷ ᠠᠳᠬᠤᠬᠤ ᠪᠤᠢ︖      ᠬᠠᠷᠢᠭᠤᠯᠳᠠ᠄ ︽ᠬᠡᠷᠡᠭᠵᠢᠭᠦᠯᠬᠦ ᠠᠷᠭ᠎ᠠ︾ ᠶᠢ ᠲᠤᠭᠲᠠᠭᠠᠭᠰᠠᠠ  ᠤ ᠲᠠᠷᠠᠭ᠎ᠠ᠂ ᠪᠢᠲᠠ ᠲᠤᠤᠷᠠᠬᠢ ᠠᠷᠭ᠎ᠠ ᠬᠡᠮᠵᠢᠶ᠎ᠠ  ᠶᠢ ᠠᠪᠴᠤ᠂ ᠦᠪᠡᠷᠲᠡᠭᠡᠡ ᠵᠠᠰᠬᠠᠤ ᠤᠷᠤᠨ  ᠤ ᠰᠢᠭᠤᠳ ᠬᠠᠷᠢᠶ᠎ᠠ  ᠪᠠᠶᠢᠭᠤᠯᠭ᠎ᠠ  ᠶᠢᠨ ᠡᠯ᠎ᠠ ᠰᠠᠯᠠᠭ᠎ᠠ ᠮᠦᠴᠢᠷ ᠡᠯ᠎ᠠ ᠨᠢᠭᠡᠴᠡ  ᠶᠢᠨ ᠲᠤᠤᠱᠯᠠᠭᠤᠯᠤᠨ ᠨᠠᠶᠢᠲᠠᠪᠤᠷᠢᠵᠢᠭᠤᠯᠬᠤ  ᠶᠢ ᠰᠠᠶᠢᠲᠤᠷ ᠠᠳᠬᠤᠨ᠎ᠠ᠄ ᠨᠢᠭᠡ ᠳᠤ᠂ ᠰᠤᠷᠤᠯᠴᠠᠯᠭ᠎ᠠ᠂ ᠤᠬᠠᠭᠤᠯᠭ᠎ᠠ ᠪᠠ ᠬᠦᠮᠦᠵᠢᠯ  ᠢ ᠰᠠᠶᠢᠲᠤᠷ ᠠᠳᠬᠤᠵᠦ᠂ ᠤᠲᠤᠷᠢᠳᠬᠤ ᠺᠠᠳ᠋ᠷ  ᠢ ᠬᠦᠮᠦᠵᠢᠭᠦᠯᠵᠦ ᠬᠦᠲᠦᠯᠦᠨ ᠲᠠᠭᠠᠭᠤᠯᠵᠦ ᠪᠠᠶᠢᠭᠠᠳ ᠬᠡᠪ ᠵᠠᠩᠰᠢᠯ  ᠢ ᠲᠠᠭᠠᠭᠤᠯᠤᠨ ᠦᠭᠡᠷᠡᠴᠢᠯᠡᠵᠦ᠂ ᠭᠠᠵᠢᠭᠤ ᠮᠠᠭᠤᠬᠠᠢ ᠰᠤᠷᠲᠠᠯ  ᠢ ᠬᠢᠵᠠᠭᠠᠷᠯᠠᠵᠦ᠂ ᠰᠢᠨ᠎ᠠ ᠬᠡᠪ ᠰᠤᠷᠲᠠᠯ ᠲᠦᠪ ᠶᠤᠰᠤ  ᠶᠢ ᠪᠠᠲᠠᠷᠠᠭᠤᠯᠤᠨ᠎ᠠ᠃ ᠬᠤᠶᠠᠷ ᠲᠤ᠂ ᠡᠲᠦᠷ ᠲᠤᠲᠤᠮ  ᠤᠨ ᠢᠯᠡ ᠪᠠᠷ ᠪᠠᠶᠢᠴᠠᠭᠠᠵᠦ ᠲᠠᠯᠲᠠᠭᠤᠷ ᠰᠤᠷᠪᠤᠯᠵᠢᠯᠠᠬᠤ ᠠᠵᠢᠯ  ᠢ ᠴᠢᠩᠭᠠᠳᠬᠠᠨ᠎ᠠ᠃ ᠲᠤᠭᠲᠠᠮᠠᠯ ᠬᠤᠭᠤᠴᠠᠭ᠎ᠠ ᠲᠠᠢ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ︽ᠭᠡᠷᠡᠭᠵᠢᠭᠦᠯᠬᠦ ᠠᠷᠭ᠎ᠠ︾  ᠶᠢ ᠭᠡᠷᠡᠭᠵᠢᠭᠦᠯᠦᠭᠰᠡᠡ ᠪᠠᠶᠢᠲᠠᠯ  ᠢ ᠢᠯᠡ ᠪᠠᠷ ᠪᠠᠶᠢᠴᠠᠭᠠᠵᠦ ᠲᠠᠯᠲᠠᠭᠤᠷ ᠰᠤᠷᠪᠤᠯᠵᠢᠯᠠᠠ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠲᠠᠯ  ᠢ ᠴᠠᠭ ᠲᠤᠬᠠᠢ ᠳᠤᠨᠢ ᠢᠯᠡᠷᠡᠭᠦᠯᠤᠨ ᠵᠠᠯᠠᠷᠠᠭᠤᠯᠬᠤ ᠪᠦᠭᠡᠳ ᠰᠢᠢᠳᠪᠦᠷᠢᠯᠡᠵᠦ᠂ ︽ᠬᠡᠷᠡᠭᠵᠢᠭᠦᠯᠬᠦ ᠠᠷᠭ᠎ᠠ︾  ᠶᠢ ᠪᠤᠲᠠᠲᠠᠢ ᠭᠡᠷᠡᠭᠵᠢᠭᠦᠯᠬᠦ  ᠶᠢ ᠱᠠᠯᠠᠪᠲᠠᠠ ᠱᠠᠭᠠᠷᠲᠠᠨ᠎ᠠ᠃ ᠭᠤᠷᠪᠠ ᠳᠤ᠂ ᠤᠯᠠᠠ ᠲᠦᠮᠡᠡ  ᠤ ᠬᠢᠨᠠᠯᠲᠠ ᠲᠠᠯᠪᠢᠯᠲᠠ ᠪᠤᠯᠤᠨ ᠰᠠᠬᠢᠯᠭ᠎ᠠ ᠪᠠᠲᠤ  ᠶᠢᠨ ᠬᠠᠷᠢᠭᠤᠴᠠᠯᠭ᠎ᠠ ᠨᠡᠭᠡᠮᠵᠢᠯᠡᠬᠦ  ᠶᠢ ᠴᠢᠩᠭᠠᠳᠬᠠᠵᠦ᠂ ᠢᠯᠡᠴᠢᠯᠡᠡ ᠮᠡᠲᠡᠭᠦᠯᠬᠦ ᠤᠲᠠᠰᠤ ᠪᠠ ᠢᠯᠡᠴᠢᠯᠡᠡ ᠮᠡᠲᠡᠭᠦᠯᠬᠦ ᠰᠢᠤᠲᠠᠠ  ᠤ ᠬᠠᠶᠢᠷᠴᠠᠭ ᠭᠠᠷᠭᠠᠵᠦ᠂ ᠪᠠᠶᠢᠴᠠᠭᠠᠠ ᠨᠤᠲᠠᠯᠠᠭᠰᠠᠠ ᠭᠡᠷᠡᠭ  ᠢ ᠰᠠᠬᠢᠯᠭ᠎ᠠ ᠪᠠᠲᠤ ᠲᠦᠷᠢᠮ ᠲᠤᠭᠲᠠᠭᠠᠯ ᠶᠤᠰᠤᠭᠠᠷ ᠴᠢᠩᠭ᠎ᠠ ᠰᠢᠢᠳᠪᠦᠷᠢᠯᠡᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ