ᠬᠥᠳᠡᠭᠡ ᠲᠣᠰᠬᠤᠨ ᠤ ᠭᠠᠵᠠᠷ ᠰᠢᠷᠤᠢ ᠳᠠᠭᠠᠭᠠᠴᠢᠯᠠᠬᠤ ᠬᠠᠷᠢᠴᠠᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠬᠦ ᠶᠢ ᠬᠡᠷᠬᠢᠨ ᠣᠶᠢᠯᠠᠭᠠᠬᠤ ᠪᠤᠢ︖
ᠨᠡᠶᠢᠲᠡᠯᠡᠭᠰᠡᠨ ᠴᠠᠭ᠄
2015/3/27
ᠬᠥᠳᠡᠭᠡ ᠲᠣᠰᠬᠤᠨ ᠤ ᠭᠠᠵᠠᠷ ᠰᠢᠷᠤᠢ ᠳᠠᠭᠠᠭᠠᠴᠢᠯᠠᠬᠤ ᠬᠠᠷᠢᠴᠠᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠬᠦ ᠶᠢ ᠬᠡᠷᠬᠢᠨ ᠣᠶᠢᠯᠠᠭᠠᠬᠤ ᠪᠤᠢ︖      — — ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾᠎ ᠤᠨ ᠳᠠᠶᠢᠯᠦᠮᠵᠢ ︵ᠳᠥᠷᠪᠡ︶                       ᠲᠤᠰ ᠰᠣᠨᠢᠨ ᠤ ᠰᠣᠷᠪᠤᠯᠵᠢᠯᠠᠭᠴᠢ  ᠬᠡᠰᠢᠭᠪᠡᠶᠠᠷ      ᠨᠠᠮ  ᠤᠨ ᠲᠦᠪ ᠬᠤᠷᠢᠶ᠎ᠠ ᠪᠤᠯᠤᠨ ᠲᠦᠷᠦ ᠢᠶᠠᠨ ᠶᠠᠪᠤᠳᠠᠯ  ᠤᠨ ᠬᠤᠷᠢᠶ᠎ᠠ ᠶᠢᠨ ᠠᠯᠪᠠᠨ ᠲᠢᠩᠭᠢᠮ ᠠᠴᠠ ᠤᠢᠢᠷ᠎ᠠ ᠎ ᠳᠤ ᠲᠠᠷᠤᠮᠠᠯᠯᠠᠨ ᠲᠡᠷᠬᠠᠭᠠᠭᠰᠠᠨ ︽ᠬᠦᠳᠡᠭᠡ ᠲᠤᠰᠬᠤᠨ  ᠤ ᠭᠠᠵᠠᠷ ᠰᠢᠷᠤᠢ  ᠶᠢᠨ ᠡᠵᠡᠩᠨᠡᠯᠳᠡ ᠢᠶᠠᠨ ᠡᠷᠭᠡ  ᠶᠢ ᠡᠮᠬᠢ ᠵᠢᠷᠤᠮ ᠲᠠᠢ ᠰᠢᠯᠵᠢᠬᠦᠯᠬᠦ ᠶᠢ ᠬᠦᠳᠦᠯᠤᠨ ᠵᠢᠯᠤᠭᠤᠳᠴᠤ ᠲᠠᠷᠢᠶᠠᠯᠠᠩ  ᠤᠨ ᠵᠤᠬᠢᠬᠤ ᠬᠡᠪᠴᠢᠶᠠᠳᠤ ᠡᠵᠡᠩᠨᠡᠯᠳᠡ  ᠶᠢ ᠭᠦᠭᠵᠢᠬᠦᠯᠬᠦ ᠲᠤᠬᠠᠢ ᠰᠠᠨᠠᠯ︾ ︵ᠲᠤᠷᠤᠭᠰᠢ ︽ᠰᠠᠨᠠᠯ︾ ᠬᠡᠵᠦ ᠲᠦᠭᠦᠮᠴᠢᠯᠠᠨ᠎ᠠ︶᠎ ᠳᠤ ︽ᠬᠦᠳᠡᠭᠡ ᠲᠤᠰᠬᠤᠨ  ᠤ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ  ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠤᠨ᠎ᠠ︾ ᠬᠡᠵᠦ ᠲᠤᠷᠠᠳᠤᠭᠰᠠᠨ ᠪᠠᠶᠢᠨ᠎ᠠ᠃ ᠴᠤᠬᠤᠮ ᠶᠠᠭᠤᠨ ᠤ ᠤᠴᠢᠷ ᠎ ᠠᠴᠠ ᠬᠦᠳᠡᠭᠡ ᠲᠤᠰᠬᠤᠨ  ᠤ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ  ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ ᠴᠢᠬᠤᠯᠠᠳᠠᠢ ᠪᠤᠢ︖ ᠬᠦᠳᠡᠭᠡ ᠲᠤᠰᠬᠤᠨ  ᠤ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ ᠲᠤᠮᠳᠠ ᠶᠠᠭᠤ ᠶᠢ ᠠᠩᠬᠠᠷᠬᠤ ᠴᠢᠬᠤᠯᠠᠳᠠᠢ ᠪᠤᠢ︖ ᠰᠤᠷᠪᠤᠯᠵᠢᠯᠠᠭᠴᠢ ᠡᠳᠡᠭᠡᠷ ᠠᠰᠠᠭᠤᠳᠠᠯ ᠤᠨ ᠲᠤᠭᠤᠷᠢᠨ ᠲᠤ ᠦᠪᠠᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ  ᠤᠨ ᠲᠠᠷᠢᠶᠠᠯᠠᠩ ᠮᠠᠯ ᠠᠵᠤ ᠠᠬᠤᠢ ᠢᠶᠠᠨ ᠡᠵᠡᠩᠨᠡᠨ ᠬᠠᠮᠢᠶᠠᠷᠤᠯᠳᠠ ᠶᠢᠨ ᠦᠷᠲᠡᠭᠡ ᠶᠢᠨ ᠲᠠᠳ᠋ ᠲᠠᠷᠤᠭ᠎ᠠ ᠵᠢᠷᠭᠠᠯ ᠭᠤᠸᠠᠢ  ᠶᠢ ᠰᠤᠷᠪᠤᠯᠵᠢᠯᠠᠪᠠ᠃      ᠰᠤᠷᠪᠤᠯᠵᠢᠯᠠᠭᠴᠢ᠄ ᠶᠠᠭᠤᠨ ᠳᠤ ᠬᠦᠳᠡᠭᠡ ᠲᠤᠰᠬᠤᠨ ᠤ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ ᠎ ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ  ᠶᠢ ᠴᠢᠬᠤᠯᠠᠴᠢᠯᠠᠵᠦ ᠪᠠᠶᠢᠬᠤ ᠪᠤᠢ︖      ᠵᠢᠷᠭᠠᠯ᠄ ︽ᠰᠠᠨᠠᠯ︾ ᠎ ᠢ ᠲᠠᠷᠤᠮᠠᠯᠯᠠᠨ ᠲᠠᠷᠬᠠᠭᠠᠭᠰᠠᠨ ᠭᠤᠤᠯ ᠵᠤᠷᠢᠯᠭ᠎ᠠ ᠪᠤᠯ ᠮᠠᠯᠴᠢᠨ ᠲᠠᠷᠢᠶᠠᠴᠢᠨ ᠎ ᠤ ᠲᠠᠷᠠᠬᠠᠢ ᠪᠤᠳᠠᠷᠬᠠᠢ ᠬᠡᠷ ᠪᠦᠯᠢ ᠡᠷᠦᠭᠡ ᠎ ᠶᠢᠨ ᠵᠢᠵᠢᠭ ᠬᠡᠪᠴᠢᠶᠠᠨ ᠤ ᠡᠵᠡᠩᠨᠡᠯᠳᠡ ᠶᠢᠨ ᠡᠷᠭᠡ ᠶᠢ ᠲᠦᠷᠢᠶᠠᠰᠦᠯᠡᠬᠦᠯᠬᠦ᠂ ᠰᠢᠯᠵᠢᠬᠦᠯᠦᠨ ᠲᠠᠭᠠᠭᠠᠴᠢᠯᠠᠭᠤᠯᠬᠤ᠂ ᠰᠤᠯᠢᠯᠴᠠᠭᠤᠯᠬᠤ ᠪᠠ ᠬᠤᠪᠢ ᠤᠷᠤᠭᠤᠯᠬᠤ ᠵᠡᠷᠭᠡ ᠪᠤᠳᠠᠳᠤ ᠪᠠᠶᠢᠳᠠᠯ ᠲᠠᠢ ᠨᠠᠶᠢᠴᠡᠭᠰᠡᠨ ᠤᠯᠠᠨ ᠵᠦᠢᠯ  ᠤᠨ ᠠᠷᠭ᠎ᠠ ᠬᠡᠯᠪᠡᠷᠢ ᠪᠠᠷ ᠬᠠᠤᠯᠢ ᠶᠤᠰᠤᠭᠠᠷ᠂ ᠡᠮᠬᠢ ᠲᠢᠭᠯᠢᠮ ᠲᠠᠢ ᠰᠢᠯᠵᠢᠬᠦᠯᠬᠦ  ᠶᠢ ᠬᠦᠳᠦᠯᠤᠨ ᠵᠢᠯᠤᠭᠤᠳᠴᠤ ᠪᠠᠶᠢᠭᠠᠳ ᠭᠠᠵᠠᠷ ᠰᠢᠷᠤᠢ  ᠶᠢ ᠵᠤᠬᠢᠬᠤ ᠬᠡᠪᠴᠢᠶ᠎ᠠ ᠪᠠᠷ ᠲᠦᠪᠯᠡᠷᠡᠭᠦᠯᠵᠤ᠂ ᠡᠷᠴᠢᠮᠵᠢᠬᠦᠯᠤᠨ ᠡᠵᠡᠩᠨᠡᠬᠦ ᠶᠢᠨ ᠲᠦᠯᠦᠬᠡ ᠶᠤᠮ᠃ ᠡᠶᠢᠨᠬᠦ ᠮᠠᠯᠴᠢᠨ ᠲᠠᠷᠢᠶᠠᠴᠢᠨ  ᠤ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ  ᠤᠨ ᠡᠵᠡᠩᠨᠡᠯᠳᠡ ᠎ ᠶᠢᠨ ᠡᠷᠭᠡ  ᠶᠢ ᠰᠢᠯᠵᠢᠬᠦᠯᠬᠦ ᠲᠤ ᠶᠠᠭᠤᠨ ᠤ ᠤᠷᠢᠳ ᠲᠠᠳᠠᠨ ᠤ ᠨᠤᠳᠤᠭ ᠪᠠᠯᠴᠢᠭᠡᠷ ᠪᠤᠯᠤᠨ ᠲᠠᠷᠢᠶᠠᠨ ᠭᠠᠵᠠᠷ  ᠤᠨ ᠲᠠᠭᠠᠭᠠᠴᠢᠯᠠᠯᠳᠠ ᠶᠢᠨ ᠡᠷᠭᠡ ᠨᠢ ᠲᠤᠳᠤᠷᠬᠠᠢ᠂ ᠲᠠᠭᠠᠭᠠᠴᠢᠯᠠᠭᠰᠠᠨ ᠭᠠᠵᠠᠷ ᠰᠢᠷᠤᠢ ᠎ ᠶᠢᠨ ᠲᠠᠯᠠᠪᠠᠢ ᠨᠢ ᠤᠨᠤᠪᠴᠢᠲᠠᠢ᠂ ᠵᠠᠭᠠᠭ ᠱᠤᠭᠤᠮ ᠨᠢ ᠲᠤᠳᠤᠷᠬᠠᠢ ᠪᠠᠶᠢᠬᠤ ᠶᠢ ᠱᠠᠭᠠᠷᠳᠠᠬᠤ ᠶᠤᠮ᠃ ᠲᠠᠶᠢᠮᠤ ᠪᠢᠰᠢ ᠪᠤᠯ ᠨᠤᠳᠤᠭ ᠪᠠᠯᠴᠢᠭᠡᠷ᠂ ᠲᠠᠷᠢᠶᠠᠨ ᠭᠠᠵᠠᠷ  ᠤᠨ ᠡᠵᠡᠩᠨᠡᠯᠳᠡ ᠶᠢᠨ ᠡᠷᠭᠡ  ᠶᠢ ᠢᠯᠭᠤᠮ ᠤᠷᠤᠭᠰᠢᠳᠠᠢ ᠰᠢᠯᠵᠢᠬᠦᠯᠬᠦ ᠎ ᠶᠢᠨ ᠠᠷᠭ᠎ᠠ ᠦᠭᠡᠢ ᠪᠤᠶᠤ ᠰᠢᠯᠵᠢᠬᠦᠯᠦᠭᠰᠡᠨ ᠴᠤ ᠮᠠᠰᠢ ᠤᠯᠠᠨ ᠬᠦᠴᠢᠷ ᠲᠦᠪᠡᠭᠳᠠᠢ ᠠᠰᠠᠭᠤᠳᠠᠯ ᠳᠤ ᠤᠴᠠᠷᠠᠵᠤ ᠮᠡᠳᠡᠨ᠎ᠠ᠃      ᠤᠳᠤᠬᠠᠨ ᠳᠤ ᠮᠠᠨ ᠤ ᠤᠷᠤᠨ ᠤ ᠮᠠᠯᠴᠢᠨ ᠲᠠᠷᠢᠶᠠᠴᠢᠨ ᠤ ᠲᠠᠭᠠᠭᠠᠴᠢᠯᠠᠭᠰᠠᠨ ᠨᠤᠳᠤᠭ ᠪᠠᠯᠴᠢᠭᠡᠷ ᠪᠤᠯᠤᠨ ᠭᠠᠵᠠᠷ ᠰᠢᠷᠤᠢ ᠪᠤᠯ 1996 ᠣᠨ ᠳᠤ ᠶᠠᠪᠤᠭᠳᠠᠭᠰᠠᠨ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠎ ᠶᠢᠨ ᠲᠠᠭᠠᠭᠠᠴᠢᠯᠠᠯᠳᠠ ᠪᠠᠷ ᠲᠤᠭᠳᠠᠭᠠᠭᠳᠠᠭᠰᠠᠨ ᠠᠵᠢ᠃ ᠬᠡᠪᠡᠴᠦ ᠵᠠᠷᠢᠮ ᠮᠠᠯᠵᠢᠬᠤ ᠲᠠᠷᠢᠶᠠᠯᠠᠬᠤ ᠡᠷᠦᠭᠡ ᠶᠢᠨ ᠲᠠᠭᠠᠭᠠᠴᠢᠯᠠᠭᠰᠠᠨ ᠭᠠᠵᠠᠷ ᠰᠢᠷᠤᠢ ᠎ ᠶᠢᠨ ᠲᠠᠯᠠᠪᠠᠢ ᠤᠨᠤᠪᠴᠢ ᠦᠭᠡᠢ᠂ ᠵᠠᠭᠠᠭ ᠱᠤᠭᠤᠮ ᠨᠢ ᠲᠤᠳᠤᠷᠬᠠᠢ ᠪᠤᠰᠤ ᠵᠡᠷᠭᠡ ᠠᠰᠠᠭᠤᠳᠠᠯ ᠤᠷᠤᠰᠢᠵᠦ᠂ ᠭᠠᠵᠠᠷ ᠰᠢᠷᠤᠢ  ᠶᠢᠨ ᠡᠵᠡᠩᠨᠡᠯᠳᠡ ᠢᠶᠠᠨ ᠡᠷᠭᠡ  ᠶᠢ ᠰᠢᠯᠵᠢᠬᠦᠯᠬᠦ  ᠶᠢ ᠰᠠᠨᠠᠭᠠᠴᠢᠯᠠᠨ ᠬᠦᠳᠦᠯᠬᠦ ᠎ ᠳᠤ ᠪᠠᠭ᠎ᠠ ᠪᠤᠰᠤ ᠬᠠᠷᠰᠢ ᠰᠠᠭᠠᠳ ᠤᠴᠠᠷᠠᠭᠤᠯᠵᠤ ᠪᠤᠢ᠃ ᠲᠡᠷᠡ ᠮᠦᠷᠳᠡᠬᠡᠨ ᠤᠤᠯ ᠳᠠᠭᠠᠨ ᠮᠠᠨ  ᠤ ᠮᠠᠯᠴᠢᠨ ᠲᠠᠷᠢᠶᠠᠴᠢᠨ ᠭᠠᠵᠠᠷ ᠰᠢᠷᠤᠢ  ᠶᠢᠨ ᠲᠠᠭᠠᠭᠠᠴᠢᠯᠠᠯᠳᠠ ᠶᠢᠨ ᠡᠷᠭᠡ ᠪᠠᠨ ᠪᠠᠷᠢᠴᠠᠭᠠᠯᠠᠵᠦ ᠪᠤᠯᠳᠠᠭ ᠦᠭᠡᠢ ᠪᠠᠶᠢᠭᠰᠠᠨ᠃ ᠤᠳᠤ ᠮᠠᠯᠴᠢᠨ ᠲᠠᠷᠢᠶᠠᠴᠢᠨ ᠤ ᠬᠦᠷᠦᠩᠭᠡ ᠎ ᠶᠢᠨ ᠴᠢᠨᠠᠷᠳᠠᠢ ᠤᠷᠤᠯᠭ᠎ᠠ ᠎ ᠶᠢ ᠨᠡᠮᠡᠭᠳᠡᠬᠦᠯᠬᠦ ᠵᠤᠷᠢᠯᠭ᠎ᠠ ᠪᠠᠷ ᠮᠠᠯᠴᠢᠨ ᠲᠠᠷᠢᠶᠠᠴᠢᠨ ᠤ ᠭᠠᠵᠠᠷ ᠰᠢᠷᠤᠢ  ᠶᠢᠨ ᠲᠠᠭᠠᠭᠠᠴᠢᠯᠠᠯᠳᠠ ᠶᠢᠨ ᠡᠷᠭᠡ  ᠶᠢ ᠪᠠᠷᠢᠴᠠᠭᠠᠯᠠᠵᠤ᠂ ᠬᠦᠢᠯᠭᠡᠭᠡᠨ ᠲᠤ ᠤᠷᠤᠭᠤᠯᠬᠤ  ᠶᠢ ᠵᠦᠪᠰᠢᠶᠡᠷᠡᠬᠦ ᠪᠤᠯᠵᠠᠢ᠃ ᠡᠶᠢᠮᠦ ᠪᠤᠯᠬᠤᠷ ᠤᠳᠤ ᠵᠠᠰᠠᠭ  ᠤᠨ ᠲᠠᠯ᠎ᠠ ᠠᠴᠠ ᠮᠠᠯᠴᠢᠨ ᠲᠠᠷᠢᠶᠠᠴᠢᠨ  ᠤ ᠲᠠᠭᠠᠭᠠᠴᠢᠯᠠᠭᠰᠠᠨ ᠭᠠᠵᠠᠷ ᠰᠢᠷᠤᠢ  ᠶᠢᠨ ᠬᠢᠨᠢ ᠵᠠᠭᠠᠭ ᠱᠤᠭᠤᠮ  ᠢ ᠨᠢ ᠲᠤᠳᠤᠷᠬᠠᠢ᠂ ᠲᠠᠯᠠᠪᠠᠢ  ᠶᠢ ᠨᠢ ᠤᠨᠤᠪᠴᠢᠳᠠᠢ ᠪᠤᠯᠭᠠᠵᠦ᠂ ᠮᠠᠯᠵᠢᠬᠤ ᠲᠠᠷᠢᠶᠠᠯᠠᠬᠤ ᠡᠷᠦᠭᠡ ᠎ ᠶᠢᠨ ᠲᠠᠭᠠᠭᠠᠴᠢᠯᠠᠯᠳᠠ ᠎ ᠶᠢᠨ ᠡᠷᠭᠡ  ᠶᠢ ᠨᠠᠩ ᠲᠤᠳᠤ ᠲᠤᠪᠤᠭᠤᠷ ᠪᠤᠯᠭᠠᠨ ᠲᠤᠭᠳᠠᠪᠤᠷᠢᠵᠢᠭᠤᠯᠵᠤ ᠲᠡᠭᠦᠯᠳᠡᠷᠵᠢᠬᠦᠯᠬᠦ  ᠶᠢ ᠱᠠᠭᠠᠷᠳᠠᠬᠤ ᠪᠤᠢ᠃ ︽ᠰᠠᠨᠠᠯ︾᠎ ᠎ ᠳᠤ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ  ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ  ᠶᠢ ᠴᠢᠬᠤᠯᠠᠴᠢᠯᠠᠨ ᠲᠤᠷᠠᠳᠤᠭᠰᠠᠨ  ᠤ ᠤᠴᠢᠷ ᠰᠢᠯᠳᠠᠭᠠᠨ ᠨᠢ ᠴᠦ ᠡᠭᠦᠨ ᠲᠤ ᠪᠤᠢ᠃ ᠮᠠᠯᠴᠢᠨ ᠲᠠᠷᠢᠶᠠᠴᠢᠨ  ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠡᠷᠭᠡ  ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ ᠪᠤᠯ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ  ᠶᠢ ᠨᠢ ᠰᠢᠯᠵᠢᠬᠦᠯᠵᠤ᠂ ᠭᠠᠵᠠᠷ ᠰᠢᠷᠤᠢ ᠶᠢᠨ ᠡᠵᠡᠩᠨᠡᠯᠳᠡ ᠶᠢ ᠬᠡᠪᠴᠢᠶᠠᠵᠢᠬᠦᠯᠬᠦ ᠶᠢᠨ ᠤᠷᠢᠳᠠᠯ ᠨᠦᠬᠦᠴᠠᠯ᠂ ᠦᠨᠳᠤᠰᠤᠨ ᠰᠠᠭᠤᠷᠢ ᠨᠢ ᠪᠤᠯᠤᠨ᠎ᠠ᠃      ᠰᠤᠷᠪᠤᠯᠵᠢᠯᠠᠭᠴᠢ᠄ ᠭᠠᠵᠠᠷ ᠰᠢᠷᠤᠢ ᠲᠠᠭᠠᠭᠠᠴᠢᠯᠠᠬᠤ ᠬᠠᠷᠢᠴᠠᠭ᠎ᠠ  ᠶᠢ ᠲᠤᠭᠳᠠᠪᠤᠷᠢᠵᠢᠭᠤᠯᠤᠨ ᠲᠡᠭᠦᠯᠳᠡᠷᠵᠢᠬᠦᠯᠬᠦ ᠲᠤᠮᠳᠠ ᠪᠤᠳᠠᠳᠠᠢ ᠠᠩᠬᠠᠷᠬᠤ ᠴᠢᠬᠤᠯᠠᠳᠠᠢ ᠵᠦᠢᠯ ᠶᠠᠭᠤ ᠪᠠᠶᠢᠬᠤ ᠪᠤᠢ︖      ᠵᠢᠷᠭᠠᠯ᠄ ᠬᠦᠳᠡᠭᠡ ᠲᠤᠰᠬᠤᠨ  ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠡᠷᠭᠡ  ᠶᠢ ᠲᠤᠳᠤᠷᠬᠠᠢ ᠪᠤᠯᠭᠠᠨ ᠲᠤᠭᠳᠠᠭᠠᠵᠦ ᠲᠠᠩᠰᠠᠯᠠᠬᠤ ᠲᠤ ᠬᠤᠶᠠᠳᠤᠭᠠᠷ ᠤᠳᠠᠭ᠎ᠠ ᠢᠶᠠᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠡᠭᠡ ᠲᠠᠩᠰᠠ᠂ ᠬᠡᠷ᠎ᠠ ᠪᠠ ᠦᠨᠠᠮᠯᠠᠯ ᠢᠶᠠᠷ ᠦᠨᠳᠦᠰᠦᠯᠠᠯ ᠪᠤᠯᠭᠠᠨ᠎ᠠ᠃ ᠭᠠᠵᠠᠷ ᠰᠢᠷᠤᠢ ᠶᠢᠨ ᠲᠠᠯᠠᠪᠠᠢ ᠶᠢᠨ ᠲᠤᠭ᠎ᠠ ᠮᠠᠳᠠᠭ ᠲᠠᠢ ᠪᠤᠯ ᠲᠠᠭᠠᠭᠠᠴᠢᠯᠠᠯᠳᠠ ᠶᠢᠨ ᠬᠡᠷ᠎ᠠ ᠲᠤ ᠵᠢᠷᠤᠭᠰᠠᠨ ᠭᠠᠵᠠᠷ ᠰᠢᠷᠤᠢ ᠎ ᠶᠢᠨ ᠲᠦᠷᠪᠠᠨ ᠵᠠᠬ᠎ᠠ  ᠶᠢ ᠦᠨᠳᠦᠰᠦᠯᠠᠨ ᠪᠤᠳᠠᠳᠠᠢ ᠲᠠᠯᠠᠪᠠᠢ ᠶᠢ ᠤᠨᠤᠪᠴᠢᠳᠠᠢ ᠪᠠᠷ ᠪᠠᠷᠢᠮᠵᠢᠶ᠎ᠠ ᠵᠢᠷᠤᠮᠵᠢᠯ ᠳᠤ ᠨᠠᠶᠢᠴᠠᠬᠦᠯᠵᠤ᠂ ᠮᠠᠯᠴᠢᠨ ᠲᠠᠷᠢᠶᠠᠴᠢᠨ  ᠤ ᠮᠡᠳᠡᠷᠡᠬᠦ ᠮᠡᠷᠭᠡᠵᠢᠯ  ᠤᠨ ᠠᠷᠭ᠎ᠠ ᠪᠠᠷ ᠬᠡᠮᠵᠢᠨ ᠭᠠᠷᠭᠠᠵᠦ ᠲᠠᠬᠢᠵᠦ ᠲᠠᠩᠰᠠᠯᠠᠵᠤ ᠲᠠᠮᠳᠡᠭᠯᠡᠨ᠎ᠠ᠃ ᠵᠦᠷᠢᠴᠠᠯ ᠵᠢᠭᠤᠷᠠᠭᠠᠨ ᠲᠠᠢ ᠪᠤᠯ ᠲᠤᠰᠬᠤᠨ  ᠤ ᠠᠷᠠᠳ ᠠᠷᠠᠳᠴᠢᠯᠠᠯ ᠢᠶᠠᠷ ᠵᠦᠪᠯᠠᠵᠤ ᠵᠦᠪᠳᠠᠨ ᠰᠢᠢᠳᠪᠤᠷᠢᠯᠠᠨ᠎ᠠ᠃ ᠡᠨᠡᠬᠦ ᠰᠠᠭᠤᠷᠢᠨ ᠲᠠᠬᠡᠷ᠎ᠠ ᠲᠠᠭᠠᠭᠠᠴᠢᠯᠠᠯᠳᠠ ᠶᠢᠨ ᠬᠡᠷ᠎ᠠ  ᠶᠢ ᠲᠡᠭᠦᠯᠳᠡᠷᠵᠢᠬᠦᠯᠵᠦ᠂ ᠲᠡᠩᠰᠠᠯᠠᠯ ᠲᠠᠮᠳᠡᠭᠯᠡᠯ  ᠢ ᠪᠦᠷᠢᠨᠰᠢᠬᠦᠯᠵᠦ᠂ ᠡᠷᠭᠡ ᠶᠢᠨ ᠬᠠᠷᠢᠶᠠᠯᠠᠯ  ᠤᠨ ᠦᠨᠠᠮᠯᠠᠯ ᠤᠯᠭᠤᠨ᠎ᠠ᠃ ᠡᠳᠡᠭᠡᠷ ᠨᠢ ᠮᠠᠯᠴᠢᠨ ᠲᠠᠷᠢᠶᠠᠴᠢᠨ  ᠤ ᠲᠠᠭᠠᠭᠠᠴᠢᠯᠠᠭᠰᠠᠨ ᠭᠠᠵᠠᠷ ᠰᠢᠷᠤᠢ  ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ᠂ ᠭᠠᠵᠠᠷ ᠰᠢᠷᠤᠢ ᠶᠢᠨ ᠵᠢᠭᠤᠷᠠᠭᠠᠨ  ᠢ ᠪᠠᠶᠢᠴᠠᠭᠠᠨ ᠰᠢᠢᠳᠪᠤᠷᠢᠯᠡᠬᠦ᠂ ᠭᠠᠵᠠᠷ ᠰᠢᠷᠤᠢ ᠲᠠᠳᠠᠪᠤᠷᠢᠯᠠᠭᠰᠠᠨ ᠨᠦᠬᠦᠪᠤᠷᠢ ᠦᠭᠭᠦ ᠪᠠ ᠪᠠᠷᠢᠴᠠᠭ᠎ᠠ ᠪᠠᠳᠤᠯᠠᠪᠤᠷᠢ ᠤᠯᠭᠤᠬᠤ ᠵᠡᠷᠭᠡ ᠳᠤ ᠴᠦᠮ ᠴᠢᠬᠤᠯᠠ ᠦᠨᠳᠦᠰᠦᠯᠠᠯ ᠪᠤᠯᠳᠠᠭ᠃ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ  ᠶᠢ ᠲᠤᠭᠳᠠᠭᠠᠵᠦ ᠲᠠᠩᠰᠠᠯᠠᠬᠤ  ᠶᠢ ᠵᠠᠷᠴᠢᠮ ᠲᠡᠭᠡᠷ᠎ᠠ ᠪᠠᠨ ᠡᠷᠭᠡ  ᠶᠢ ᠡᠷᠦᠭᠡ ᠪᠠ ᠭᠠᠵᠠᠷ ᠲᠤ ᠬᠦᠷᠳᠡᠯ᠎ᠠ ᠲᠤᠭᠳᠠᠭᠠᠨ᠎ᠠ᠃ ᠬᠡᠪᠡᠴᠦ ᠲᠠᠯᠠᠪᠠᠢ ᠨᠢ ᠬᠡᠳᠦᠷᠭᠡᠢ ᠪᠠᠭ᠎ᠠ᠂ ᠬᠤᠯᠪᠤᠭᠳᠠᠬᠤ ᠡᠷᠦᠭᠡ ᠨᠢ ᠠᠷᠪᠢᠨ᠂ ᠭᠠᠵᠠᠷ ᠰᠢᠷᠤᠢ  ᠶᠢ ᠡᠷᠦᠭᠡ ᠳᠤ ᠨᠠᠶᠢᠳᠠᠪᠤᠷᠢᠵᠢᠭᠤᠯᠤᠭᠰᠠᠨ  ᠤ ᠲᠠᠷᠠᠭ᠎ᠠ ᠠᠰᠢᠬᠯᠠᠬᠤ ᠳᠤ ᠲᠦᠭᠦᠮ ᠦᠭᠡᠢ ᠵᠡᠷᠭᠡ ᠪᠠᠶᠢᠳᠠᠯ ᠤᠷᠤᠰᠢᠵᠦ ᠪᠠᠶᠢᠪᠠᠯ ᠮᠠᠯᠴᠢᠨ ᠲᠠᠷᠢᠶᠠᠴᠢᠨ  ᠤ ᠰᠠᠨᠠᠯ  ᠢ ᠬᠦᠨᠳᠦᠳᠭᠡᠭᠰᠡᠨ ᠤᠷᠢᠳᠠᠯ ᠲᠤᠤᠷ᠎ᠠ ᠡᠷᠭᠡ ᠪᠠ ᠬᠤᠪᠢ  ᠶᠢ ᠲᠤᠭᠳᠠᠭᠠᠵᠦ᠂ ᠭᠠᠵᠠᠷ  ᠢ ᠲᠤᠭᠳᠠᠭᠠᠬᠤ ᠦᠭᠡᠢ ᠪᠠᠶᠢᠵᠦ ᠪᠤᠯᠬᠤ  ᠶᠢ ᠪᠠᠰᠠ ︽ᠰᠠᠨᠠᠯ︾᠎ ᠳᠤ ᠵᠦᠪᠰᠢᠶᠠᠷᠡᠭᠰᠡᠨ ᠶᠤᠮ᠃     ᠰᠤᠷᠪᠤᠯᠵᠢᠯᠠᠭᠴᠢ᠄ ︽ᠰᠠᠨᠠᠯ︾᠎ ᠎ ᠳᠤ ︽ᠡᠮᠡᠭᠳᠡᠶᠢᠴᠤᠳ ᠤᠨ ᠭᠠᠵᠠᠷ ᠰᠢᠷᠤᠢ ᠲᠠᠭᠠᠭᠠᠴᠢᠯᠠᠬᠤ ᠡᠷᠭᠡ ᠎ ᠶᠢ ᠦᠨᠡᠨᠬᠦ ᠬᠠᠮᠠᠭᠠᠯᠠᠨ᠎ᠠ︾ ᠬᠡᠵᠠᠢ᠃ ᠡᠭᠦᠨ  ᠢ ᠬᠡᠷᠬᠢᠨ ᠤᠢᠢᠯᠠᠭᠠᠬᠤ ᠪᠤᠢ︖      ᠵᠢᠷᠭᠠᠯ᠄ ᠤᠳᠤᠬᠠᠨ  ᠤ ᠮᠠᠯᠵᠢᠬᠤ ᠲᠠᠷᠢᠶᠠᠯᠠᠬᠤ ᠤᠷᠤᠨ ᠳᠤ ᠤᠷᠤᠰᠢᠵᠦ ᠪᠠᠶᠢᠭ᠎ᠠ ᠨᠢᠭᠡᠨ ᠠᠰᠠᠭᠤᠳᠠᠯ ᠪᠤᠯ ᠬᠠᠷᠢ ᠲᠤ ᠮᠤᠷᠳᠠᠭᠰᠠᠨ ᠡᠮᠡᠭᠳᠡᠶᠢᠴᠤᠳ ᠤᠨ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ  ᠤᠨ ᠲᠠᠭᠠᠭᠠᠴᠢᠯᠠᠯᠳᠠ ᠢᠶᠠᠨ ᠡᠷᠭᠡ ᠨᠢ ᠪᠠᠳᠤᠯᠠᠭ᠎ᠠ ᠦᠭᠡᠢ ᠪᠤᠯᠵᠤ ᠪᠤᠢ᠃ ᠵᠢᠱᠢᠶᠠᠯᠠᠪᠠᠯ ᠬᠠᠷᠢ ᠳᠤ ᠮᠤᠷᠳᠠᠬᠰᠠᠭᠠᠷ ᠭᠠᠴᠠᠭ᠎ᠠ ᠲᠤᠰᠬᠤᠨ ᠠᠴᠠ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ  ᠢ ᠨᠢ ᠬᠤᠷᠢᠶᠠᠵᠦ ᠠᠪᠤᠭᠠᠳ ᠦᠭᠡᠷ᠎ᠠ ᠬᠦᠮᠦᠨ ᠳᠤ ᠬᠤᠪᠢᠶᠠᠴᠢᠬᠠᠳᠠᠭ᠃ ᠬᠡᠳᠡᠯ᠎ᠠ ᠡᠨᠡᠬᠦ ᠬᠠᠷᠢ ᠳᠤ ᠮᠤᠷᠳᠠᠭᠰᠠᠨ ᠡᠮᠡᠭᠳᠡᠢ ᠬᠦᠷᠬᠡᠨ  ᠤ ᠭᠠᠴᠠᠭ᠎ᠠ ᠲᠤᠰᠬᠤᠨ ᠠᠴᠠ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ ᠬᠤᠪᠢᠳᠠᠵᠤ ᠤᠯᠬᠤ ᠦᠭᠡᠢ ᠦᠵᠡᠭᠳᠡᠯ ᠭᠠᠷᠴᠦ ᠪᠤᠢ᠃ ᠤᠴᠢᠷ ᠨᠢ ᠤᠯᠠᠩᠬᠢ ᠭᠠᠴᠠᠭ᠎ᠠ ᠲᠤᠰᠬᠤᠨ ᠨᠢᠬᠡᠨᠳᠡ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ ᠢᠶᠠᠨ ᠬᠤᠪᠢᠶᠠᠭᠠᠳ ᠪᠠᠷᠠᠴᠢᠬᠠᠭᠰᠠᠨ ᠪᠠᠶᠢᠵᠦ᠂ ᠦᠯᠡᠬᠦᠦ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ ᠪᠠᠶᠢᠬᠤ ᠦᠭᠡᠢ ᠪᠤᠯᠬᠤᠷ ᠬᠤᠵᠢᠮ ᠲᠠᠬᠢᠵᠦ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ  ᠤᠨ ᠲᠠᠭᠠᠭᠠᠴᠢᠯᠠᠯᠳᠠ ᠶᠠᠪᠤᠭᠤᠯᠬᠤ  ᠶᠢ ᠬᠦᠯᠢᠶᠡᠬᠦ ᠬᠡᠷᠡᠭᠳᠡᠢ ᠶᠤᠮ᠃ ᠦᠨᠡᠨᠳᠡᠬᠡᠨ ᠬᠠᠷᠢ ᠳᠤ ᠮᠤᠷᠳᠠᠭᠰᠠᠨ ᠡᠮᠡᠭᠳᠡᠢ ᠬᠦᠷᠬᠡᠨ  ᠤ ᠪᠠᠨ ᠭᠠᠵᠠᠷ ᠠᠴᠠ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ ᠬᠤᠪᠢᠶᠠᠵᠦ ᠤᠯᠤᠭᠠᠳᠤᠢ ᠪᠤᠯ ᠲᠦᠷᠬᠦᠮ ᠲᠠᠬᠢ ᠨᠤᠳᠤᠭ ᠪᠠᠯᠴᠢᠭᠡᠷ ᠪᠤᠶᠤ ᠲᠠᠷᠢᠶᠠᠨ ᠭᠠᠵᠠᠷ  ᠤᠨ ᠲᠠᠭᠠᠭᠠᠴᠢᠯᠠᠯᠳᠠ ᠢᠶᠠᠨ ᠡᠷᠭᠡ ᠶᠢ ᠨᠢ ᠬᠠᠰᠤᠵᠤ ᠬᠤᠪᠢᠷᠠᠭᠤᠯᠵᠤ ᠪᠤᠯᠬᠤ ᠦᠭᠡᠢ ᠬᠡᠰᠡᠨ ᠲᠤᠰᠬᠠᠢ ᠬᠠᠤᠯᠢ ᠲᠤᠭᠳᠠᠭᠠᠯ  ᠤᠨ ᠵᠤᠷᠪᠤᠰ ᠤᠤᠯ ᠠᠴᠠ ᠪᠠᠨ ᠪᠠᠶᠢᠳᠠᠭ᠃ ᠵᠠᠷᠢᠮ ᠭᠠᠵᠠᠷ  ᠤᠨ ᠬᠢᠨ ᠡᠨᠡᠬᠦ ᠵᠤᠷᠪᠤᠰ ᠬᠠᠤᠯᠢ ᠲᠤᠭᠳᠠᠭᠠᠯ  ᠢ ᠨᠠᠷᠢᠨ ᠬᠢᠨᠠᠮᠠᠭᠠᠢ ᠬᠡᠷᠡᠭᠵᠢᠬᠦᠯᠦᠭᠰᠡᠨ ᠦᠭᠡᠢ ᠲᠡᠳᠤᠢ᠃ ︽ᠰᠠᠨᠠᠯ︾᠎ ᠳᠤ ᠢᠡᠭᠭᠢᠵᠦ ᠲᠤᠰᠬᠠᠢᠢᠯᠠᠨ ᠲᠤᠷᠠᠳᠤᠭᠰᠠᠨ ᠨᠢ ᠡᠯ᠎ᠠ ᠭᠠᠵᠠᠷ  ᠤᠨ ᠬᠢᠨ ᠤᠤᠯ ᠤᠨ ᠬᠠᠤᠯᠢ ᠲᠤᠭᠳᠠᠭᠠᠯ ᠶᠤᠰᠤᠭᠠᠷ ᠶᠠᠪᠤᠭᠳᠠᠭᠤᠯᠬᠤ ᠶᠢ ᠲᠠᠬᠢᠨᠳᠠ ᠴᠢᠬᠤᠯᠠᠴᠢᠯᠠᠭᠰᠠᠨ ᠶᠠᠪᠤᠳᠠᠯ ᠮᠦᠨ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ