ᠬᠥᠳᠡᠭᠡ ᠲᠣᠰᠬᠤᠨ ᠤ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢᠨ ᠰᠢᠯᠵᠢᠯᠲᠡ ᠶᠢ ᠵᠢᠷᠤᠮᠵᠢᠭᠤᠯᠬᠤ ᠶᠢ ᠬᠡᠷᠬᠢᠨ ᠣᠶᠢᠯᠠᠭᠠᠬᠤ ᠪᠣᠢ︖
ᠨᠡᠶᠢᠲᠡᠯᠡᠭᠰᠡᠨ ᠴᠠᠭ᠄
2015/3/27
ᠬᠥᠳᠡᠭᠡ ᠲᠣᠰᠬᠤᠨ ᠤ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢᠨ ᠰᠢᠯᠵᠢᠯᠲᠡ ᠶᠢ ᠵᠢᠷᠤᠮᠵᠢᠭᠤᠯᠬᠤ ᠶᠢ ᠬᠡᠷᠬᠢᠨ ᠣᠶᠢᠯᠠᠭᠠᠬᠤ ᠪᠣᠢ︖        — — ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾ ᠤᠨ ᠳᠠᠶᠢᠯᠦᠮᠵᠢ ︵ᠭᠤᠷᠪᠡ︶                                  ᠲᠤᠰ ᠰᠣᠨᠢᠨ ᠤ ᠰᠣᠷᠪᠤᠯᠵᠢᠯᠠᠭᠴᠢ ᠰᠠᠷᠠᠭᠤᠯ      ᠤᠢᠢᠷ᠎ᠠ ᠳᠤ ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠬᠦᠳᠡᠭᠡ ᠳᠤᠰᠬᠤᠨ ᠤ ᠭᠠᠵᠠᠷ ᠰᠢᠷᠦᠢ ᠶᠢᠨ ᠡᠵᠡᠩᠨᠡᠯᠳᠡ ᠶᠢᠨ ᠡᠷᠭᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠦᠨ ᠵᠢᠯᠤᠭᠤᠳᠴᠤ ᠲᠠᠷᠢᠶᠠᠯᠠᠩ ᠤᠨ ᠵᠤᠬᠢᠬᠤ ᠭᠡᠪᠴᠢᠶᠡᠳᠦ ᠡᠵᠡᠩᠨᠡᠯᠲᠡ ᠶᠢ ᠬᠦᠭᠵᠢᠬᠦᠯᠬᠦ ᠳᠤᠬᠠᠢ ᠰᠠᠨᠠᠯ︾ ︵ᠲᠤᠤᠷ᠎ᠠ ︽ᠰᠠᠨᠠᠯ︾ ᠬᠡᠵᠤ ᠲᠦᠬᠦᠮᠴᠢᠯᠡᠶ᠎ᠠ︶ ᠢ ᠳᠠᠷᠤᠮᠠᠯᠯᠠᠨ ᠲᠠᠷᠬᠠᠭᠠᠵᠤ᠂ ︽ᠬᠦᠳᠡᠭᠡ ᠲᠤᠰᠬᠤᠨ ᠤ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠡᠮᠬᠢ ᠲᠢᠭᠯᠢᠮ ᠲᠠᠢ ᠰᠢᠯᠵᠢᠬᠦᠯᠬᠦ ᠶᠢ ᠵᠢᠷᠤᠮᠵᠢᠭᠤᠯᠤᠨ᠎ᠠ︾ ᠬᠡᠵᠤ ᠲᠤᠷᠠᠳᠴᠠᠢ᠃ ᠲᠠᠬᠡᠪᠡᠯ ᠮᠠᠨ ᠤ ᠤᠷᠤᠨ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢ ᠰᠢᠯᠵᠢᠭᠦᠯᠭᠦ ᠠᠵᠢᠯᠯᠠᠭ᠎ᠠ ᠶᠢ ᠬᠡᠷᠬᠢᠨ ᠵᠢᠷᠤᠮᠵᠢᠭᠤᠯᠬᠤ᠂ ᠡᠵᠡᠩᠨᠡᠯᠳᠠ ᠶᠢᠨ ᠡᠷᠭᠡ ᠶᠢ ᠰᠢᠯᠵᠢᠭᠦᠯᠭᠦ ᠬᠠᠮᠢᠶᠠᠷᠤᠯᠳᠠ ᠪᠤᠯᠤᠨ ᠦᠢᠯᠡᠴᠢᠯᠡᠭᠡ ᠪᠠᠨ ᠬᠡᠷᠬᠢᠨ ᠴᠢᠩᠭᠠᠳᠬᠠᠬᠤ ᠪᠤᠢ︖ ᠡᠨᠡ ᠲᠤᠬᠠᠢ ᠰᠤᠷᠪᠤᠯᠵᠢᠯᠠᠭᠴᠢ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯᠵᠢᠬᠤ ᠤᠷᠤᠨ ᠤ ᠬᠦᠭᠵᠢᠯᠳᠡ ᠶᠢ ᠰᠤᠳᠤᠯᠬᠤ ᠭᠠᠵᠠᠷ ᠤᠨ ᠳᠡᠳ᠋ ᠰᠤᠳᠤᠯᠤᠭᠴᠢ ᠪᠤᠯᠪᠠᠰᠤᠨ ᠢ ᠰᠤᠷᠪᠤᠯᠵᠢᠯᠠᠭᠰᠠᠨ ᠶᠤᠮ᠃      ᠰᠤᠷᠪᠤᠯᠵᠢᠯᠠᠭᠴᠢ᠄ ᠮᠠᠨ ᠤ ᠤᠷᠤᠨ ᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢ ᠰᠢᠯᠵᠢᠭᠦᠯᠵᠤ ᠪᠠᠶᠢᠭ᠎ᠠ ᠤᠳᠤᠬᠠᠨ ᠤ ᠪᠠᠶᠢᠳᠠᠯ ᠶᠠᠮᠠᠷ ᠪᠠᠶᠢᠭ᠎ᠠ ᠪᠤᠯ︖      ᠪᠤᠯᠪᠠᠰᠤᠨ᠄ ᠮᠠᠨ ᠤ ᠤᠷᠤᠨ ᠤ ᠪᠠᠶᠢᠳᠠᠯ ᠪᠠᠷ ᠦᠵᠡᠪᠡᠯ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠨᠢ ᠲᠠᠷᠢᠶᠠᠯᠠᠬᠤ ᠤᠷᠤᠨ ᠤ ᠲᠠᠷᠢᠶᠠᠨ ᠭᠠᠵᠡᠷ ᠲᠠᠢ ᠬᠤᠯᠪᠤᠭᠳᠠᠵᠤ ᠪᠠᠶᠢᠬᠤ ᠪᠦᠭᠡᠳ ᠮᠠᠯᠵᠢᠬᠤ ᠤᠷᠤᠨ ᠤ ᠨᠤᠳᠤᠭ ᠪᠡᠯᠴᠢᠬᠡᠷ ᠲᠠᠢ ᠨᠢᠬᠳᠠ ᠬᠤᠯᠪᠤᠬᠳᠠᠵᠤ ᠪᠠᠶᠢᠳᠠᠭ᠃ 1999 ᠣᠨ ᠳᠤ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠳᠠ ᠶᠢᠨ ᠠᠷᠭ᠎ᠠ︾ ᠶᠢ ᠨᠡᠶᠢᠳᠡᠯᠡᠵᠦ᠂ ᠲᠤᠬᠠᠢ  ᠶᠢᠨ ᠦᠶ᠎ᠡ ᠶᠢᠨ ᠮᠠᠯᠵᠢᠬᠤ ᠤᠷᠤᠨ ᠤ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠠᠵᠢᠯᠯᠠᠭ᠎ᠠ  ᠶᠢ ᠲᠦᠷᠢᠮᠵᠢᠬᠦᠯᠬᠦ ᠪᠠᠷ ᠵᠤᠷᠢᠬᠰᠠᠨ ᠪᠠᠶᠢᠨ᠎ᠠ᠃ ᠡᠨᠡᠬᠦ ︽ᠠᠷᠭ᠎ᠠ︾ ᠨᠢ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠬᠦ ᠨᠠᠷᠢᠨ ᠲᠦᠰᠦᠯ︾ ᠢᠶᠠᠷ ᠤᠷᠤᠯᠠᠭᠳᠠᠨ ᠬᠦᠴᠦᠨ ᠦᠬᠡᠢ ᠪᠤᠯᠤᠬᠰᠠᠨ ᠪᠤᠯᠪᠠᠴᠤ ᠮᠠᠨ ᠤ ᠤᠯᠤᠰ ᠤᠨ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠠᠵᠢᠯᠯᠠᠭ᠎ᠠ ᠶᠢ ᠲᠦᠷᠢᠮᠵᠢᠬᠦᠯᠬᠦ ᠲᠤᠬᠠᠢ ᠬᠠᠮᠤᠭ ᠠᠩᠬᠠᠨ ᠤ ᠲᠦᠷᠢᠮ ᠲᠤᠬᠳᠠᠭᠠᠯ ᠤᠨ ᠨᠢᠬᠡ ᠪᠤᠯᠤᠬᠰᠠᠨ ᠶᠤᠮ᠃ ᠡᠨᠡ ᠨᠢ ᠮᠠᠨ ᠤ ᠤᠷᠤᠨ ᠤ ᠮᠠᠯᠴᠢᠨ ᠲᠠᠷᠢᠶᠠᠴᠢᠨ ᠤ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠪᠠᠨ ᠰᠢᠯᠵᠢᠬᠦᠯᠬᠦ ᠠᠵᠢᠯᠯᠠᠭ᠎ᠠ ᠶᠢ ᠲᠦᠷᠢᠮᠵᠢᠬᠦᠯᠵᠤ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠵᠠᠬ᠎ᠠ ᠲᠡᠯᠭᠡᠭᠦᠷ ᠤᠨ ᠡᠮᠬᠢ ᠵᠢᠷᠦᠮ ᠲᠠᠢ ᠪᠠᠷ ᠬᠦᠭᠵᠢᠬᠦ ᠳᠤ ᠲᠤᠩ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠰᠢᠨ᠎ᠠ ᠵᠠᠭᠤᠨ ᠳᠤ ᠤᠷᠤᠬᠰᠠᠨ ᠠᠴᠠ ᠨᠠᠰᠢ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠨᠢ ᠮᠠᠨ ᠤ ᠤᠷᠤᠨ ᠤ ᠨᠠᠶᠢᠳᠠᠮ ᠤᠨ ᠦᠵᠡᠭᠳᠡᠯ ᠪᠤᠯᠵᠤ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠵᠠᠬ᠎ᠠ ᠲᠠᠯᠬᠡᠬᠦᠷ ᠲᠦᠷᠬᠡᠨ ᠢᠶᠠᠷ ᠬᠦᠭᠵᠢᠨ᠂ ᠵᠤᠬᠢᠬᠤ ᠬᠡᠪᠴᠢᠶᠡᠵᠢᠯ ᠪᠠ ᠦᠷᠬᠡᠵᠢᠯ ᠢ ᠪᠡᠶᠡᠯᠡᠬᠦᠯᠪᠡ᠃ ᠪᠦᠷᠢᠨ ᠪᠤᠰᠤ ᠪᠦᠷᠢᠳᠬᠡᠯ ᠢᠶᠠᠷ᠂ 2013 ᠣᠨ ᠤ ᠰᠡᠬᠦᠯᠴᠢ ᠪᠤᠯᠳᠠᠯ᠎ᠠ᠂ ᠮᠠᠨ ᠤ ᠤᠷᠤᠨ ᠤ ᠨᠤᠳᠤᠭ ᠪᠠᠯᠴᠢᠬᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠦᠭᠰᠡᠨ ᠲᠠᠯᠠᠪᠠᠢ 6320.89 ᠲᠦᠮᠡᠨ ᠮᠦ ᠳᠤ ᠬᠦᠷᠦᠬᠡᠳ ᠪᠦᠬᠦ ᠤᠷᠤᠨ ᠤ ᠲᠠᠭᠠᠭᠠᠴᠢᠯᠠᠯᠳᠠ ᠬᠢᠭᠰᠡᠨ ᠨᠤᠳᠤᠭ ᠪᠡᠯᠴᠢᠬᠡᠷ ᠤᠨ ᠲᠠᠯᠠᠪᠠᠢ ᠶᠢᠨ 6.1% ᠢ ᠡᠵᠡᠯᠡᠵᠦ᠂ ᠨᠠᠶᠢᠳᠠ 72583 ᠮᠠᠯᠵᠢᠬᠤ ᠡᠷᠦᠬᠡ ᠲᠠᠢ ᠬᠤᠯᠪᠤᠬᠳᠠᠨ᠂ ᠨᠤᠳᠤᠭ ᠪᠡᠯᠴᠢᠬᠡᠷ ᠢ ᠲᠠᠭᠠᠭᠠᠴᠢᠯᠠᠨ ᠡᠵᠡᠩᠨᠡᠵᠦ ᠪᠠᠶᠢᠭ᠎ᠠ ᠪᠦᠬᠦ ᠮᠠᠯᠵᠢᠬᠤ ᠡᠷᠦᠬᠡ ᠶᠢᠨ 4% ᠲᠤ ᠬᠦᠷᠦᠭᠰᠡᠨ ᠶᠤᠮ᠃      ᠰᠤᠷᠪᠤᠯᠵᠢᠯᠠᠭᠴᠢ᠄ ᠮᠠᠨ ᠤ ᠤᠷᠤᠨ ᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢ ᠰᠢᠯᠵᠢᠭᠦᠯᠭᠦ ᠶᠠᠪᠤᠴᠠ ᠳᠤ ᠶᠠᠮᠠᠷ ᠲᠤᠪᠤᠶᠢᠮ᠎ᠠ ᠠᠰᠠᠭᠤᠳᠠᠯ ᠤᠷᠤᠰᠢᠵᠤ ᠪᠠᠶᠢᠬᠤ ᠪᠤᠢ︖      ᠪᠤᠯᠪᠠᠰᠤᠨ᠄ ᠪᠦᠬᠦ ᠤᠯᠤᠰ ᠤᠨ ᠪᠠᠶᠢᠳᠠᠯ ᠲᠠᠢ ᠠᠳᠠᠯᠢᠬᠠᠨ ᠢᠶᠠᠷ ᠮᠠᠨ ᠤ ᠤᠷᠤᠨ ᠤ ᠲᠠᠷᠢᠶᠠᠨ ᠭᠠᠵᠠᠷ ᠪᠠ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠶᠠᠪᠤᠴᠠ ᠳᠤ ᠴᠦ ᠡᠳᠦᠢ ᠲᠡᠳᠦᠢ ᠠᠰᠠᠭᠤᠳᠠᠯ ᠪᠤᠶᠤ ᠬᠦᠴᠢᠷᠳᠡᠯ ᠳᠤ ᠲᠤᠯᠭᠠᠷᠠᠵᠤ ᠪᠤᠢ᠃ ᠮᠠᠯᠴᠢᠨ ᠲᠠᠷᠢᠶᠠᠴᠢᠨ ᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠪᠠᠨ ᠰᠢᠯᠵᠢᠭᠦᠯᠭᠦ ᠨᠢ ᠰᠠᠨᠠᠭᠠᠨ ᠠᠶ᠎ᠠ ᠪᠠᠷ ᠰᠢᠯᠵᠢᠭᠦᠯᠭᠦ ᠬᠡᠯᠪᠡᠷᠢ ᠪᠠᠷ ᠭᠤᠤᠯᠯᠠᠵᠤ᠂ ᠬᠤᠶᠠᠷ ᠲᠠᠯ᠎ᠠ ᠪᠠᠷ ᠢᠶᠠᠨ ᠶᠠᠷᠢᠯᠴᠠᠵᠤ ᠲᠤᠬᠳᠠᠬᠤ ᠪᠤᠶᠤ ᠲᠦᠬᠦᠮ ᠲᠦᠳᠡ ᠬᠡᠷ᠎ᠠ ᠲᠤᠭᠳᠠᠵᠤ᠂ ᠡᠵᠡᠩᠨᠡᠯᠳᠠ ᠶᠢᠨ ᠡᠷᠭᠡ ᠪᠠᠨ ᠰᠢᠯᠵᠢᠬᠦᠯᠵᠤ ᠪᠤᠢ︔ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠪᠠᠨ ᠰᠢᠯᠵᠢᠬᠦᠯᠬᠦ ᠬᠠᠮᠢᠶᠠᠷᠤᠯᠳᠠ ᠶᠢᠨ ᠲᠤᠬᠳᠠᠴᠠ ᠲᠡᠭᠦᠯᠳᠡᠷᠵᠢᠭᠡᠳᠤᠢ ᠪᠤᠯᠬᠤᠷ ᠭᠠᠵᠡᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠠᠤᠯᠢ ᠠᠴᠠ ᠵᠦᠷᠢᠴᠡᠭᠰᠡᠨ ᠠᠵᠢᠯᠯᠠᠭ᠎ᠠ ᠴᠤ ᠡᠭᠦᠰᠴᠤ ᠪᠠᠶᠢᠬᠤ ᠪᠦᠭᠡᠳ ᠮᠠᠯᠴᠢᠨ ᠲᠠᠷᠢᠶᠠᠴᠢᠨ ᠤ ᠭᠠᠵᠡᠷ ᠰᠢᠷᠦᠢ ᠶᠢᠨ ᠡᠵᠡᠩᠨᠡᠬᠦ ᠡᠷᠬᠡ ᠶᠢ ᠤᠮᠳᠤᠭᠠᠶᠢᠯᠠᠬᠤ ᠂ ᠭᠠᠵᠡᠷ ᠰᠢᠷᠦᠢ ᠶᠢ ᠮᠠᠯ ᠠᠵᠤ ᠠᠬᠤᠢ ᠲᠠᠷᠢᠶᠠᠯᠠᠩ ᠤᠨ ᠪᠤᠰᠤ ᠦᠢᠯᠡᠳᠪᠦᠷᠢᠯᠡᠯ ᠳᠤ ᠰᠢᠯᠵᠢᠭᠦᠯᠬᠦ᠂ ᠲᠠᠷᠢᠶᠠᠨ ᠭᠠᠵᠠᠷ ᠨᠤᠳᠤᠭ ᠪᠡᠯᠴᠢᠬᠡᠷ ᠤᠨ ᠠᠮᠢ ᠠᠬᠤᠢ ᠳᠤ ᠬᠤᠬᠢᠷᠠᠯ ᠤᠴᠠᠷᠠᠭᠤᠯᠬᠤ ᠮᠡᠳᠤ ᠶᠢᠨ ᠦᠵᠡᠭᠳᠡᠯ ᠴᠤ ᠢᠯᠡᠷᠡᠵᠤ ᠪᠤᠢ᠃ ᠡᠳᠡᠬᠡᠷ ᠠᠰᠠᠭᠤᠳᠠᠯ ᠪᠤᠶᠤ ᠬᠦᠴᠢᠷᠳᠡᠯ ᠨᠢ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠲᠤᠬᠳᠠᠴᠠ ᠶᠢᠨ ᠡᠷᠡᠬᠦᠯ ᠢᠶᠠᠷ ᠬᠦᠭᠵᠢᠬᠦ ᠵᠢᠴᠢ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠬᠦᠯᠦᠨ ᠡᠵᠡᠩᠨᠡᠬᠦ ᠪᠠ ᠤᠳᠤᠬᠢᠴᠢᠯᠠᠬᠤ ᠶᠠᠪᠤᠴᠠ ᠲᠤᠮᠳᠠ ᠵᠠᠪᠠᠯ ᠰᠢᠢᠳᠪᠦᠷᠢᠯᠡᠬᠦ ᠴᠢᠬᠤᠯᠠᠳᠠᠢ ᠲᠤᠯᠭᠠᠮ᠎ᠠ ᠠᠰᠠᠭᠤᠳᠠᠯ ᠪᠤᠯᠵᠤ ᠪᠤᠢ᠃      ᠰᠤᠷᠪᠤᠯᠵᠢᠯᠠᠭᠴᠢ᠄ ︽ᠰᠠᠨᠠᠯ︾ ᠨᠢ ᠡᠳᠡᠭᠡᠷ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠭᠦ ᠳᠤ ᠶᠠᠮᠠᠷ ᠴᠢᠬᠤᠯᠡ ᠦᠢᠯᠡᠳᠦᠯ ᠦᠵᠡᠭᠦᠯᠬᠦ ᠪᠤᠢ︖      ᠪᠤᠯᠪᠠᠰᠤᠨ᠄ ︽ᠰᠠᠨᠠᠯ︾ ᠨᠢ ᠡᠳᠡᠬᠡᠷ ᠤᠯᠠᠨ ᠠᠰᠠᠭᠤᠳᠠᠯ ᠢ ᠰᠢᠢᠳᠪᠦᠷᠢᠯᠡᠵᠤ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠲᠤᠬᠳᠠᠴᠠ ᠶᠢᠨ ᠡᠷᠡᠬᠦᠯ ᠬᠦᠭᠵᠢᠯᠳᠠ ᠪᠠ ᠮᠠᠯ ᠠᠵᠤ ᠠᠬᠤᠢ ᠲᠠᠷᠢᠶᠠᠯᠠᠩ  ᠤᠨ ᠭᠡᠪᠴᠢᠶᠡᠵᠢᠭᠰᠡᠨ ᠬᠦᠭᠵᠢᠯᠳᠠ ᠶᠢ ᠪᠠᠶᠠᠯᠡᠬᠦᠯᠬᠦ ᠳᠤ ᠵᠠᠩᠬᠢᠯᠠᠭ᠎ᠠ ᠶᠢᠨ ᠴᠢᠨᠠᠷᠳᠡᠢ ᠲᠦᠯᠬᠢᠴᠠ ᠦᠢᠯᠡᠳᠦᠯ ᠦᠵᠡᠭᠦᠯᠬᠦ ᠨᠢ ᠭᠠᠷᠴᠠᠭ᠎ᠠ ᠦᠭᠡᠢ᠃ ᠦᠡᠭᠬᠡᠷᠡᠭᠰᠡᠨ ᠤ ᠲᠦᠷᠢᠮ ᠲᠤᠬᠳᠠᠭᠠᠯ᠂ ᠪᠢᠴᠢᠭ ᠮᠠᠲ᠋ᠧᠷᠢᠶᠠᠯ ᠪᠤᠶᠤ ᠪᠤᠳᠠᠳᠠᠢ ᠦᠢᠯᠡᠳᠦᠯᠬᠡ ᠶᠢᠨ ᠲᠤᠮᠳᠠᠬᠢ ᠵᠠᠷᠢᠮ ᠲᠦᠷᠢᠮᠵᠢᠯ ᠲᠤᠬᠳᠠᠴᠠ ᠲᠠᠢ ᠬᠠᠷᠢᠴᠠᠭᠤᠯᠪᠠᠯ ᠲᠤᠰ ︽ᠰᠠᠨᠠᠯ︾ ᠨᠢ ᠨᠡᠯᠢᠶᠡᠳ ᠤᠯᠠᠨ ᠲᠠᠯ᠎ᠠ ᠪᠠᠷ ᠵᠤᠬᠢᠬᠤ ᠲᠤᠬᠢᠷᠠᠭᠤᠯᠤᠯᠳᠠ ᠬᠢᠭᠰᠡᠨ ᠪᠤᠶᠤ ᠰᠢᠨ᠎ᠠ ᠰᠢᠪᠳᠤᠯᠤᠯᠳᠠ ᠲᠠᠢ ᠪᠤᠯᠵᠤ ᠴᠢᠳᠠᠵᠡᠢ᠃ ᠦᠡᠭᠬᠡᠷᠡᠭᠰᠡᠨ ᠤ ᠤᠷᠤᠨ ᠨᠤᠳᠤᠭ ᠪᠤᠶᠤ ᠮᠠᠯᠴᠢᠨ ᠲᠠᠷᠢᠶᠠᠴᠢᠨ ᠠᠴᠠ ᠤᠬᠤᠷ ᠬᠤᠭᠤᠴᠠᠭ᠎ᠠ ᠪᠤᠶᠤ ᠬᠡᠰᠡᠭ ᠬᠤᠭᠤᠴᠠᠭ᠎ᠠ ᠲᠠᠢ ᠪᠠᠷ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠪᠠᠨ ᠰᠢᠯᠵᠢᠬᠦᠯᠬᠦ ᠶᠢ ᠴᠢᠩᠭᠠᠳᠬᠠᠵᠤ ᠪᠠᠶᠢᠬᠰᠠᠨ ᠲᠦᠷᠢᠮ ᠲᠤᠬᠳᠠᠭᠠᠯ ᠪᠠ ᠦᠢᠯᠡᠳᠦᠯᠬᠡ ᠶᠢ ᠦᠬᠡᠷᠡᠴᠢᠯᠡᠵᠦ᠂ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠤᠷᠳᠤ ᠬᠤᠭᠤᠴᠠᠭᠠᠳᠤ ᠴᠢᠨᠡᠷ ᠢ ᠴᠢᠬᠤᠯᠠᠴᠢᠯᠠᠬᠤ ᠶᠢᠨ ᠬᠠᠮᠳᠤ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠪᠠᠷᠢᠴᠠᠭᠠᠯᠠᠬᠤ᠂ ᠪᠠᠳᠤᠯᠠᠨ ᠲᠠᠭᠠᠭᠠᠬᠤ ᠠᠵᠢᠯ ᠢ ᠤᠨᠤᠯ ᠤᠨ ᠬᠦᠷᠢᠶ᠎ᠡ ᠴᠠᠷᠠᠭ᠎ᠠ ᠠᠴᠠ ᠪᠤᠳᠠᠳᠠᠢ ᠦᠢᠯᠡᠳᠦᠯᠬᠡᠵᠢᠭᠦᠯᠭᠦ ᠱᠠᠳᠤᠨ ᠳᠤ ᠤᠷᠤᠭᠤᠯᠬᠤ ᠪᠠᠷ ᠪᠤᠢ᠃ ᠤᠳᠤᠬᠠᠨ ᠤ ᠦᠨᠳᠦᠰᠦᠨ ᠱᠠᠳᠤᠨ ᠳᠤ ᠤᠷᠤᠰᠢᠵᠤ ᠪᠠᠶᠢᠭ᠎ᠠ ᠠᠷᠠᠯᠵᠢᠶᠠᠴᠢᠨ ᠤᠷᠢᠵᠤ ᠪᠡᠯᠡ ᠮᠥᠩᠬᠦ ᠤᠷᠤᠭᠤᠯᠤᠨ ᠠᠪᠴᠢᠷᠠᠬᠤ᠂ ᠤᠷᠤᠨ ᠨᠤᠳᠤᠭ ᠤᠨ ᠠᠵᠤ ᠠᠬᠤᠢ ᠶᠢ ᠬᠦᠭᠵᠢᠬᠦᠯᠬᠦ᠂ ᠨᠢᠬᠡᠳᠦᠯᠳᠡᠢ ᠲᠦᠯᠦᠪᠵᠢᠬᠦᠯᠵᠦ ᠬᠡᠪᠴᠢᠶᠠᠵᠢᠬᠦᠯᠦᠨ ᠡᠵᠡᠩᠨᠡᠬᠦ ᠮᠡᠳᠤ ᠶᠢᠨ ᠨᠠᠷ᠎ᠡ ᠪᠠᠷ᠂ ᠡᠰᠡᠬᠦᠯ᠎ᠠ ᠬᠤᠰᠢᠭᠤ ᠰᠢᠶᠠᠨ᠂ ᠰᠤᠮᠤ ᠪᠠᠯᠭᠠᠰᠤ ᠪᠤᠶᠤ ᠭᠠᠴᠠᠭ᠎ᠠ ᠲᠤᠰᠬᠤᠨ ᠤ ᠺᠠᠳ᠋ᠷ ᠠᠵᠢᠯᠳᠠᠨ ᠦᠪᠡᠷ ᠤᠨ ᠠᠵᠢᠯ ᠤᠨ ᠪᠦᠳᠦᠮᠵᠢ ᠶᠢᠨ ᠡᠬᠦᠳᠡᠨ ᠠᠴᠠ ᠭᠠᠴᠠᠭ᠎ᠠ ᠲᠤᠰᠬᠤᠨ ᠤ ᠬᠠᠮᠳᠤ ᠶᠢᠨ ᠦᠮᠴᠢᠯᠠᠯᠳᠤ ᠭᠠᠵᠡᠷ ᠰᠢᠷᠦᠢ ᠶᠢᠨ ᠡᠵᠡᠩᠨᠡᠬᠦ ᠡᠷᠬᠡ ᠶᠢ ᠬᠠᠮᠢᠶ᠎ᠡ ᠪᠦᠬᠦᠢ ᠮᠠᠯ ᠠᠵᠤ ᠠᠬᠤᠢ ᠲᠡᠷᠢᠶᠠᠯᠠᠩ ᠤᠨ ᠠᠵᠤ ᠠᠬᠤᠶᠢᠯᠠᠯ᠂ ᠬᠤᠪᠢ ᠬᠦᠮᠦᠨ ᠪᠤᠶᠤ ᠪᠦᠯᠬᠦᠮ ᠨᠢᠬᠡᠴᠡ ᠳᠤ ᠲᠤᠷ᠎ᠠ ᠪᠠᠷ ᠰᠢᠯᠵᠢᠬᠦᠯᠦᠨ ᠦᠭᠬᠦ ᠠᠵᠢᠯᠯᠠᠭ᠎ᠠ ᠶᠢ ᠦᠨᠡᠨᠬᠦ ᠴᠠᠭᠠᠵᠠᠯᠠᠵᠤ᠂ ᠮᠠᠯᠴᠢᠨ ᠲᠡᠷᠢᠶᠠᠴᠢᠨ ᠤ ᠬᠠᠮᠳᠤ ᠶᠢᠨ ᠦᠮᠴᠢᠯᠡᠯᠳᠤ ᠭᠠᠵᠡᠷ ᠰᠢᠷᠦᠢ ᠶᠢᠨ ᠲᠠᠭᠠᠭᠠᠴᠢᠯᠠᠨ ᠡᠵᠡᠩᠨᠡᠬᠦ ᠡᠷᠬᠡ ᠠᠰᠢᠭ ᠶᠢ ᠦᠨᠡᠨᠬᠦ ᠪᠠᠳᠤᠯᠠᠬᠤ ᠶᠢ ᠵᠤᠷᠢᠬᠰᠠᠨ ᠪᠠᠶᠢᠨ᠎ᠠ᠃      ᠰᠤᠷᠪᠤᠯᠵᠢᠯᠠᠭᠴᠢ᠄ ︽ᠰᠠᠨᠠᠯ︾ ᠳᠤ ᠲᠤᠷᠠᠳᠤᠭᠰᠡᠨ ︽ᠡᠵᠡᠩᠨᠡᠯᠳᠠ ᠶᠢᠨ ᠡᠷᠭᠡ ᠪᠠᠨ ᠰᠢᠯᠵᠢᠭᠦᠯᠦᠭᠰᠡᠨ ᠭᠠᠵᠠᠷ ᠰᠢᠷᠤᠢ ᠶᠢᠨ ᠬᠠᠮᠢᠶᠠᠷᠤᠯᠳᠠ ᠶᠢ ᠡᠷᠴᠢᠮᠵᠢᠭᠦᠯᠦᠨ᠎ᠠ︾ ᠭᠡᠳᠡᠭ ᠨᠢ ᠦᠨᠳᠦᠰᠦᠨ ᠲᠠᠷᠢᠶᠠᠨ ᠭᠠᠵᠠᠷ ᠪᠠ ᠨᠤᠳᠤᠭ ᠪᠡᠯᠴᠢᠭᠡᠷ ᠢ ᠬᠠᠮᠠᠭᠠᠯᠠᠬᠤ ᠳᠤ ᠶᠠᠮᠠᠷᠬᠠᠨ ᠢᠳᠡᠪᠬᠢ ᠦᠢᠯᠡᠳᠦᠯ ᠲᠠᠢ ᠪᠤᠢ︖      ᠪᠤᠯᠪᠠᠰᠤᠨ ᠡᠵᠡᠩᠨᠡᠯᠳᠠ ᠶᠢᠨ ᠡᠷᠬᠡ ᠪᠠᠨ ᠰᠢᠯᠵᠢᠬᠦᠯᠦᠭᠰᠡᠨ ᠭᠠᠵᠡᠷ ᠰᠢᠷᠦᠢ ᠶᠢᠨ ᠬᠡᠷᠡᠭᠴᠡᠭᠡ ᠶᠢᠨ ᠬᠠᠮᠢᠶᠠᠷᠤᠯᠳᠠ ᠶᠢ ᠡᠷᠴᠢᠮᠵᠢᠬᠦᠯᠬᠦ ᠲᠠᠯ᠎ᠠ ᠠᠴᠠ᠂ ᠭᠠᠵᠡᠷ ᠰᠢᠷᠦᠢ ᠶᠢ ᠮᠠᠯ ᠠᠵᠤ ᠠᠬᠤᠢ ᠲᠠᠷᠢᠶᠠᠯᠠᠩ ᠤᠨ ᠪᠤᠰᠤ ᠬᠡᠷᠡᠭᠴᠡᠬᠡᠨ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠪᠠᠷ ᠭᠤᠤᠯ ᠪᠤᠯᠭᠠᠵᠤ᠂ ᠡᠯᠳᠡᠪ ᠤᠨ ᠨᠠᠷ᠎ᠡ ᠵᠢᠭᠠᠵᠤ ᠰᠢᠯᠳᠠᠭ ᠡᠷᠢᠨ ᠲᠠᠷᠢᠶᠠᠨ ᠭᠠᠵᠡᠷ ᠨᠤᠳᠤᠭ ᠪᠡᠯᠴᠢᠬᠡᠷ ᠢ ᠮᠠᠯ ᠠᠵᠤ ᠠᠬᠤᠢ ᠲᠠᠷᠢᠶᠠᠯᠠᠩ ᠤᠨ ᠪᠤᠰᠤ ᠭᠠᠵᠡᠷ ᠪᠤᠯᠭᠠᠬᠤ ᠶᠢ ᠡᠷᠡᠰ ᠴᠠᠭᠠᠵᠠᠯᠠᠬᠤ ᠵᠤᠷᠢᠭ ᠰᠠᠨᠠᠭ᠎ᠠ ᠶᠢ ᠲᠠᠮᠵᠢᠭᠤᠯᠤᠬᠰᠠᠨ ᠪᠠᠶᠢᠨ᠎ᠠ᠃ ︽ᠰᠠᠨᠠᠯ︾ ᠨᠢ ᠲᠦᠢᠯ ᠤᠨ ᠴᠢᠩᠭ᠎ᠠ ᠬᠠᠨᠳᠤᠯᠭᠠᠳᠤ ᠴᠢᠨᠡᠷ ᠪᠠ ᠦᠷ᠎ᠠ ᠪᠦᠳᠦᠮᠵᠢᠳᠤ ᠴᠢᠨᠡᠷ ᠲᠠᠢ ᠪᠠᠶᠢᠵᠤ᠂ ᠲᠠᠷᠢᠶᠠᠨ ᠭᠠᠵᠠᠷ ᠪᠤᠯᠤᠨ ᠨᠤᠳᠤᠭ ᠪᠡᠯᠴᠢᠬᠡᠷ  ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠶᠠᠪᠤᠴᠠ ᠲᠤᠮᠳᠠ ᠤᠷᠤᠰᠢᠵᠤ ᠪᠠᠶᠢᠭ᠎ᠠ ᠪᠤᠳᠠᠳᠤ ᠠᠰᠠᠭᠤᠳᠠᠯ ᠢ ᠲᠤᠬᠢᠳᠠᠢ ᠰᠢᠢᠳᠪᠦᠷᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠦᠢ ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠶᠢ ᠲᠦᠷᠢᠮᠵᠢᠬᠦᠯᠬᠦ ᠪᠠᠷ ᠬᠠᠷᠠᠯᠳᠠ ᠪᠠᠨ ᠪᠤᠯᠭᠠᠬᠰᠠᠨ ᠨᠢ ᠢᠯᠡᠬᠡᠨ᠃ ᠡᠬᠦᠨ ᠤ ᠬᠠᠮᠳᠤ ᠭᠠᠵᠡᠷ ᠰᠢᠷᠦᠢ  ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠳᠠ ᠪᠠ ᠦᠢᠯᠡᠴᠢᠯᠡᠭᠡ ᠶᠢ ᠴᠢᠩᠭᠠᠳᠬᠠᠬᠤ᠂ ᠭᠠᠵᠡᠷ ᠰᠢᠷᠦᠢ ᠶᠢᠨ ᠡᠵᠡᠩᠨᠡᠯᠳᠡ ᠶᠢᠨ ᠬᠡᠪᠴᠢᠶ᠎ᠡ ᠶᠢ ᠵᠤᠬᠢᠰᠳᠡᠢ ᠲᠤᠬᠳᠠᠭᠠᠬᠤ᠂ ᠠᠮᠤ ᠪᠤᠳᠠᠭᠠᠨ ᠤ ᠬᠡᠪᠴᠢᠶᠡᠵᠢᠭᠰᠡᠨ ᠦᠢᠯᠡᠳᠪᠦᠷᠢᠯᠡᠯ ᠢ ᠲᠠᠮᠵᠢᠬᠦ ᠵᠡᠷᠬᠡ ᠲᠠᠯ᠎ᠠ ᠪᠠᠷ ᠠᠯᠢ ᠤᠯᠠᠨ ᠪᠤᠳᠠᠳᠠᠢ ᠰᠠᠨᠠᠯ ᠲᠤᠷᠠᠳᠴᠦ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠦᠨ ᠠᠪᠤᠬᠰᠠᠨ ᠡᠳᠡᠬᠡᠳ ᠤᠨ ᠡᠷᠬᠡ ᠠᠰᠢᠭ ᠢ ᠬᠠᠮᠠᠭᠠᠯᠠᠬᠤ ᠶᠢ ᠠᠩᠬᠠᠷᠴᠤ᠂ ᠲᠠᠳᠠᠨᠤᠰ ᠤᠨ ᠰᠢᠯᠵᠢᠬᠦᠯᠦᠨ ᠠᠪᠤᠬᠰᠠᠨ ᠭᠠᠵᠡᠷ ᠰᠢᠷᠦᠢ ᠳᠤ ᠤᠷᠳᠤ ᠬᠤᠭᠤᠴᠠᠭᠠᠨ ᠤ ᠪᠡᠯᠡ ᠤᠷᠤᠭᠤᠯᠤᠯᠳᠠ ᠬᠢᠬᠦ  ᠶᠢ ᠵᠤᠷᠢᠬᠵᠢᠭᠤᠯᠵᠤ ᠪᠤᠢ᠃      ᠰᠤᠷᠪᠤᠯᠵᠢᠯᠠᠭᠴᠢ᠄ ︽ᠰᠠᠨᠠᠯ︾ ᠳᠤ ᠲᠤᠷᠠᠳᠤᠭᠰᠡᠨ ᠭᠠᠵᠠᠷ ᠰᠢᠷᠤᠢ ᠶᠢᠨ ᠡᠵᠡᠩᠨᠡᠯᠳᠠ ᠶᠢᠨ ᠭᠡᠪᠴᠢᠶ᠎ᠠ ᠶᠢ ᠵᠤᠬᠢᠰᠳᠠᠢ ᠲᠤᠭᠳᠠᠭᠠᠬᠤ ᠪᠠ ᠠᠮᠤ ᠪᠤᠳᠠᠭᠠᠨ ᠤ ᠭᠡᠪᠴᠢᠶᠠᠵᠢᠭᠰᠡᠨ ᠦᠢᠯᠡᠳᠪᠦᠷᠢᠯᠡᠯ ᠢ ᠲᠡᠮᠵᠢᠭᠦ ᠲᠤᠭᠳᠠᠭᠠᠯ ᠢ ᠬᠡᠷᠬᠢᠨ ᠵᠦᠪ ᠢᠶᠠᠷ ᠤᠢᠢᠯᠠᠭᠠᠬᠤ ᠪᠤᠢ︖      ᠪᠤᠯᠪᠠᠰᠤᠨ᠄ ᠤᠳᠤᠬᠠᠨ ᠤ ᠤᠨᠤᠯ ᠪᠠ ᠦᠢᠯᠡᠳᠦᠯᠬᠡ ᠳᠤ ᠮᠠᠷᠭᠤᠭᠠᠨ ᠶᠡᠬᠡᠳᠡᠢ ᠪᠠᠶᠢᠬᠤ ᠵᠢᠵᠢᠭ ᠬᠡᠪᠴᠢᠶᠡᠳᠦ ᠪᠠ ᠬᠡᠳᠦ ᠶᠡᠭᠡ ᠬᠡᠪᠴᠢᠶᠡᠳᠦ ᠡᠵᠡᠩᠨᠡᠯᠳᠡ ᠶᠢᠨ ᠲᠤᠷᠠᠳᠤᠯᠭ᠎ᠠ ᠳᠤ ᠬᠠᠷᠢᠭᠤᠯᠳᠠ ᠦᠭᠴᠦ᠂ ᠵᠦᠪᠬᠡᠨ ᠭᠠᠵᠡᠷ ᠤᠷᠤᠨ ᠤ ᠪᠠᠶᠢᠭᠠᠯᠢ ᠪᠠ ᠠᠵᠤ ᠠᠬᠤᠢ ᠶᠢᠨ ᠤᠨᠴᠠᠯᠢᠭ ᠲᠤ ᠲᠤᠬᠢᠷᠠᠭᠰᠠᠨ ᠦᠢᠯᠡᠳᠪᠦᠷᠢᠯᠡᠯ ᠤᠨ ᠬᠡᠪᠴᠢᠶ᠎ᠡ ᠰᠠᠶ᠋ᠢ ᠠᠮᠢᠵᠢᠷᠠᠯ ᠤᠨ ᠬᠦᠴᠦᠨ ᠲᠠᠢ ᠬᠡᠳᠡᠭ ᠢ ᠵᠢᠭᠠᠨ ᠭᠠᠷᠭᠠᠵᠤ᠂ ᠵᠠᠷᠢᠮ ᠭᠠᠵᠡᠷ ᠤᠷᠤᠨ ᠤ ᠬᠡᠳᠤ ᠶᠡᠭᠡ ᠬᠡᠪᠴᠢᠶ᠎ᠡ ᠪᠠᠷ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠲᠦᠪᠯᠡᠷᠡᠬᠦᠯᠤᠨ ᠰᠢᠯᠵᠢᠬᠦᠯᠬᠦ ᠬᠡᠯᠪᠡᠷᠢ ᠳᠤ ᠰᠠᠷᠠᠮᠵᠢ  ᠶᠢᠨ ᠲᠤᠬᠢᠶ᠎ᠡ ᠦᠭᠬᠦᠯ᠎ᠠ᠃ ︽ᠰᠠᠨᠠᠯ︾ ᠳᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠰᠢᠭᠤᠳ ᠬᠤᠯᠪᠤᠬᠳᠠᠭᠰᠡᠨ ᠵᠢᠷᠭᠤᠭᠠᠨ ᠲᠠᠯ᠎ᠠ ᠪᠠᠷ ᠪᠤᠳᠠᠳᠠᠢ ᠰᠠᠨᠠᠯ ᠲᠤᠷᠠᠳᠴᠤ᠂ ᠠᠮᠤ ᠪᠤᠳᠠᠭᠠᠨ ᠤ ᠬᠡᠪᠴᠢᠶᠡᠳᠦ ᠦᠢᠯᠡᠳᠪᠦᠷᠢᠯᠡᠯ ᠢ ᠲᠡᠳᠬᠦᠨ ᠲᠠᠮᠵᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯ᠎ᠠ ᠪᠠᠷ ᠬᠢ ᠭᠡᠪᠴᠢᠶᠡᠵᠢᠭᠰᠡᠨ ᠡᠵᠡᠩᠨᠡᠯᠳᠡ ᠶᠢᠨ ᠭᠤᠤᠯ ᠴᠤᠬᠴᠠ ᠶᠢ ᠲᠠᠮᠵᠢᠬᠦ ᠠᠷᠭ᠎ᠠ ᠵᠠᠮ ᠢ ᠰᠦᠪᠡᠭᠴᠢᠯᠡᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠦᠢ ᠶᠢᠨ ᠠᠰᠠᠭᠤᠳᠠᠯ ᠨᠢ ᠵᠦᠪᠬᠡᠨ ᠮᠠᠯ ᠠᠵᠤ ᠠᠬᠤᠢ ᠲᠠᠷᠢᠶᠠᠯᠠᠩ ᠲᠠᠢ ᠬᠤᠯᠪᠤᠬᠳᠠᠬᠤ ᠪᠢᠰᠢ᠂ ᠪᠦᠬᠦ ᠮᠠᠯᠴᠢᠨ ᠲᠠᠷᠢᠶᠠᠴᠢᠨ ᠤ ᠦᠨᠳᠦᠰᠦᠨ ᠠᠰᠢᠭ ᠲᠤᠰᠠ ᠲᠠᠢ ᠰᠢᠭᠤᠳ ᠬᠤᠯᠪᠤᠬᠳᠠᠵᠤ ᠪᠦᠬᠦᠢ ᠵᠠᠩᠬᠢᠯᠠᠭ᠎ᠠ ᠶᠢᠨ ᠭᠤᠬᠴᠤᠭ᠎ᠠ ᠮᠦᠨ᠃ ᠲᠡᠶᠢᠮᠦ ᠠᠴᠠ ᠭᠠᠵᠡᠷ ᠰᠢᠷᠦᠢ ᠶᠢᠨ ᠠᠰᠠᠭᠤᠳᠠᠯ ᠤᠨ ᠲᠤᠬᠠᠢ ᠲᠤᠩ ᠵᠢᠵᠢᠭᠭᠡᠨ ᠲᠤᠬᠢᠷᠠᠭᠤᠯᠤᠯᠳᠠ ᠨᠢ ᠴᠤ ᠮᠠᠯᠴᠢᠨ ᠲᠠᠷᠢᠶᠠᠴᠢᠨ ᠤ ᠠᠰᠢᠭ ᠲᠤᠰᠠ ᠲᠠᠢ ᠬᠤᠯᠪᠤᠭᠳᠠᠭᠰᠠᠨ ᠲᠤᠮᠤ ᠲᠤᠬᠢᠷᠠᠭᠤᠯᠤᠯᠳᠠ ᠪᠤᠯᠵᠤ ᠮᠡᠳᠡᠨ᠎ᠠ᠃      ᠡᠨᠡᠬᠦ ︽ᠰᠠᠨᠠᠯ︾ ᠨᠢ ᠮᠠᠯ ᠠᠵᠤ ᠠᠬᠤᠢ ᠲᠠᠷᠢᠶᠠᠯᠠᠩ ᠢ ᠵᠤᠬᠢᠬᠤ ᠬᠡᠮᠵᠢᠶ᠎ᠠ ᠲᠠᠢ ᠪᠠᠷ ᠡᠵᠡᠩᠨᠡᠬᠦ ᠡᠬᠦᠳᠠᠨ ᠠᠴᠠ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠲᠠᠯ᠎ᠠ ᠪᠠᠷ ᠨᠠᠷᠢᠨ ᠪᠤᠳᠠᠳᠠᠢ᠂ ᠬᠠᠨᠳᠤᠯᠭᠠᠳᠤ ᠴᠢᠨᠡᠷ ᠢᠶᠠᠷ ᠴᠢᠩᠭ᠎ᠠ᠂ ᠬᠡᠷᠡᠭᠵᠢᠬᠦᠯᠦᠰᠢᠳᠠᠢ ᠤᠯᠠᠨ ᠰᠠᠨᠠᠯ ᠲᠤᠷᠠᠳᠴᠤ᠂ ᠦᠡᠭᠬᠡᠷᠡᠭᠰᠡᠨ ᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢᠨ ᠲᠤᠬᠠᠢ ᠪᠢᠴᠢᠭ ᠮᠠᠲ᠋ᠧᠷᠢᠶᠠᠯ ᠪᠤᠶᠤ ᠲᠦᠷᠦ  ᠶᠢᠨ ᠪᠤᠳᠤᠯᠭ᠎ᠠ ᠶᠢᠨ ᠪᠦᠳᠦᠮᠵᠢᠳᠡᠢ ᠨᠦᠬᠦᠪᠦᠷᠢᠯᠡᠯ ᠪᠤᠯᠵᠤ ᠴᠢᠳᠠᠭᠰᠠᠨ ᠪᠥᠬᠡᠳ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠤ ᠭᠠᠵᠡᠷ ᠰᠢᠷᠦᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠠᠵᠢᠯᠯᠠᠭ᠎ᠠ ᠳᠤ ᠵᠢᠯᠤᠭᠤᠳᠤᠮᠵᠢ  ᠶᠢᠨ ᠴᠢᠨᠠᠷᠳᠡᠢ ᠪᠢᠴᠢᠭ ᠮᠠᠲ᠋ᠧᠷᠢᠶᠠᠯ ᠪᠤᠯᠬᠤ ᠨᠢ ᠭᠠᠷᠴᠠᠭ᠎ᠠ ‍ᠦᠬᠡᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ