| 3 ᠳ᠋ᠤᠭᠠᠷ ᠰᠠᠷ᠎ᠠ ᠶᠢᠨ 24 ᠤ ᠡᠳᠦᠷ᠂ ᠠᠷᠤ ᠬᠤᠷᠴᠢᠨ ᠬᠤᠰᠢᠭᠤ ᠶᠢᠨ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ | ᠵᠠᠬ᠎ᠠ ᠳᠡᠯᠭᠡᠭᠦᠷ ᠳᠡᠭᠡᠷᠡᠬᠢ ᠲᠠᠷᠢᠶᠠᠯᠠᠩ ᠤᠨ ᠦᠢᠯᠡᠳᠪᠥᠷᠢᠯᠡᠯ ᠤᠨ ᠬᠡᠷᠡᠭᠰᠡᠯ ᠳᠤ ᠲᠤᠰᠬᠠᠢ ᠵᠦᠢᠯ ᠤᠨ ᠪᠠᠶᠢᠴᠠᠭᠠᠯᠲᠠ | ᠬᠢᠪᠡ᠃ ᠲᠣᠰ ᠬᠤᠰᠢᠭᠤ 2015 ᠣᠨ ᠤ ︽ᠤᠯᠠᠭᠠᠨ ᠪᠠᠮᠪᠠᠢ ᠲᠠᠷᠢᠶᠠᠴᠢᠳ ᠢ ᠬᠠᠮᠠᠭᠠᠯᠠᠬᠤ︾ ᠬᠠᠪᠤᠷ ᠤᠨ | ᠤᠯᠠᠷᠢᠯ ᠤᠨ ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠡᠬᠢᠯᠡᠭᠦᠯᠥᠨ᠂ ᠬᠢᠮᠢ ᠶᠢᠨ ᠪᠣᠷᠳᠣᠭᠤᠷ᠂ | ᠲᠠᠷᠢᠶᠠᠨ ᠡᠮ᠂ ᠦᠷ᠎ᠡ᠂ ᠲᠠᠷᠢᠶᠠᠨ ᠤ ᠨᠢᠮᠭᠡᠨ ᠰᠦᠯᠢᠶᠣᠤ ᠪᠦᠷᠬᠦᠪᠴᠢ ᠲᠠᠷᠢᠶᠠᠯᠠᠩ ᠤᠨ ᠪᠠᠭᠠᠵᠢ ᠵᠡᠷᠭᠡ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠠᠬᠢ ᠴᠠᠭᠳᠠᠨ ᠪᠠᠶᠢᠴᠠᠭᠠᠬᠤ ᠡᠷᠴᠢᠮ ᠢᠶᠠᠨ | ᠨᠡᠮᠡᠭᠳᠡᠭᠦᠯᠵᠦ᠂ ᠬᠤᠳᠠᠯ ᠬᠠᠭᠤᠷᠮᠠᠭ ᠨᠡᠷᠡᠲᠦ ᠲᠡᠮᠳᠡᠭ ᠪᠦᠬᠦᠢ ᠲᠠᠷᠢᠶᠠᠯᠠᠩ ᠤᠨ ᠦᠢᠯᠡᠳᠪᠥᠷᠢᠯᠡᠯ ᠤᠨ ᠬᠡᠷᠡᠭᠰᠡᠯ | ᠦᠢᠯᠡᠳᠴᠦ ᠪᠣᠷᠤᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠠᠷᠢᠶᠠᠯᠠᠩ ᠤᠨ ᠦᠢᠯᠡᠳᠪᠥᠷᠢᠯᠡᠯ ᠤᠨ | ᠬᠡᠷᠡᠭᠰᠡᠯ ᠢ ᠨᠡᠬᠡᠮᠵᠢᠯᠡᠵᠦ ᠪᠣᠯᠬᠤ ᠬᠦᠴᠦᠨ ᠢ ᠨᠡᠮᠡᠭᠳᠡᠭᠦᠯᠥᠨ᠂ ᠲᠠᠷᠢᠶᠠᠴᠢᠳ ᠭᠡᠮ ᠦᠭᠡᠢ ᠲᠠᠷᠢᠶᠠᠯᠠᠩ ᠤᠨ | ᠦᠢᠯᠡᠳᠪᠥᠷᠢᠯᠡᠯ ᠤᠨ ᠬᠡᠷᠡᠭᠰᠡᠯ ᠣᠯᠵᠤ ᠬᠡᠷᠡᠭᠯᠡᠬᠦ ᠶᠢ ᠦᠨᠡᠨᠬᠦ ᠪᠠᠲᠤᠯᠠᠵᠦ ᠪᠠᠶᠢᠨ᠎ᠠ᠃ |