︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠤᠭᠴᠠᠶᠢᠨ | ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠦᠷᠢᠳᠭᠡᠬᠦ ᠶᠢᠨ | ᠲᠦᠷ ᠬᠡᠷᠡᠭᠵᠢᠭᠦᠯᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠦᠪᠦᠷ | ᠮᠤᠩᠭᠤᠯ ᠤᠨ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠭᠢᠮ ᠤᠨ ᠮᠡᠳᠡᠭᠳᠡᠯ | | | ᠥᠪᠥᠷ ᠵᠠᠰᠠᠭ ᠠᠯᠪᠠᠨ ᠲᠠᠷᠬᠠᠭᠠᠭᠰᠠᠨ ﹇2014﹈ 59 ᠳ᠋ᠤᠭᠡᠷ ᠲᠤᠭᠠᠳᠤ | 2014 ᠣᠨ ᠤ 6 ᠳ᠋ᠤᠭᠠᠷ ᠰᠠᠷ᠎ᠠ ᠶᠢᠨ 13 ᠤ | ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ | ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠦᠷᠢᠳᠭᠡᠬᠦ ᠶᠢᠨ | ᠲᠦᠷ ᠬᠡᠷᠡᠭᠵᠢᠭᠦᠯᠬᠦ ᠲᠣᠭᠲᠠᠭᠠᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠣᠣᠱᠯᠠᠭᠤᠯᠤᠨ | ᠬᠡᠷᠡᠭᠵᠢᠭᠦᠯᠲᠦᠭᠡᠢ᠃ | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠭᠤᠣᠯ ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ | ᠪᠠᠶᠢᠭ᠎ᠠ ᠭᠠᠵᠠᠷ︶ ᠢ ᠪᠦᠷᠢᠳᠭᠡᠬᠦ ᠶᠢᠨ ᠲᠦᠷ ᠬᠡᠷᠡᠭᠵᠢᠭᠦᠯᠬᠦ ᠲᠣᠭᠲᠠᠭᠠᠯ | | ᠨᠢᠭᠡᠳᠦᠭᠡᠷ ᠵᠦᠢᠯ ﹇ᠵᠣᠷᠢᠯᠭ᠎ᠠ ᠶᠢᠨ ᠦᠨᠳᠦᠰᠦᠯᠡᠯ﹈ ᠵᠠᠬ᠎ᠠ ᠳᠡᠯᠭᠡᠭᠦᠷ ᠤᠨ ᠭᠤᠣᠯ | ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠦᠷᠢᠳᠭᠡᠬᠦ | ᠭᠠᠷᠳᠠᠮ ᠢ ᠳᠦᠭᠦᠮᠴᠢᠯᠡᠨ᠂ ᠪᠦᠷᠢᠳᠭᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠲᠠ᠂ ᠤᠯᠤᠰ ᠤᠨ | ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠳᠠᠩᠰᠠᠯᠠᠭᠤᠯᠤᠭᠰᠠᠨ ᠬᠦᠷᠥᠩᠭᠡ ᠪᠦᠷᠢᠳᠭᠡᠬᠦ ᠳᠦᠷᠢᠮ ᠤᠨ ᠦᠭᠡᠷᠡᠴᠢᠯᠡᠬᠦ | ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ︾ ᠢ ᠦᠨᠳᠦᠰᠦᠯᠡᠨ᠂ ᠵᠥᠪᠰᠢᠶᠡᠷᠡᠨ ᠣᠷᠣᠭᠤᠯᠬᠤ ᠳᠤ | ᠳᠦᠭᠦᠮ ᠪᠣᠯᠭᠠᠬᠤ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ ᠪᠠᠶᠢᠯᠭᠠᠬᠤ ᠵᠠᠷᠴᠢᠮ ᠤᠨ ᠶᠤᠰᠤᠭᠠᠷ᠂ ᠮᠠᠨ ᠤ | ᠣᠷᠣᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ﹇ᠲᠣᠬᠢᠷᠠᠬᠤ ᠬᠡᠪᠴᠢᠶ᠎ᠡ﹈ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠺᠤᠮᠫᠠᠨᠢ ᠶᠢᠨ ᠬᠠᠤᠯᠢ ᠶᠢᠨ ᠡᠷᠬᠡᠲᠡᠨ᠂ ᠺᠤᠮᠫᠠᠨᠢ ᠶᠢᠨ ᠪᠣᠰᠤ | ᠬᠠᠤᠯᠢ ᠶᠢᠨ ᠡᠷᠬᠡᠲᠡᠨ᠂ ᠬᠤᠷᠰᠢᠭᠰᠠᠨ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶᠠᠨ ᠤ | ᠬᠠᠤᠯᠢ ᠶᠢᠨ ᠡᠷᠬᠡᠲᠡᠨ᠂ ᠬᠤᠪᠢ ᠬᠦᠮᠦᠨ ᠤ ᠲᠤᠰᠠᠭᠠᠷ ᠪᠡᠯᠡ ᠣᠷᠤᠭᠤᠯᠤᠭᠰᠠᠨ ᠠᠵᠤ ᠠᠬᠤᠶᠢᠯᠠᠯ ᠬᠢᠭᠡᠳ | ᠲᠡᠭᠦᠨ ᠤ ᠬᠤᠪᠢᠶᠠᠷᠢ ᠰᠠᠯᠪᠤᠷᠢ ᠪᠠᠶᠢᠭᠤᠯᠤᠮᠵᠢ᠂ ᠭᠠᠳᠠᠭᠠᠲᠤ ᠶᠢᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ | ᠲᠦᠯᠦᠭᠡᠯᠡᠬᠦ ᠪᠠᠶᠢᠭᠤᠯᠤᠮᠵᠢ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ | ᠳᠡᠯᠭᠡᠭᠦᠷ ᠤᠨ ᠭᠤᠣᠯ ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ | ᠪᠦᠷᠢᠳᠭᠡᠬᠦ ᠳᠤ ᠲᠤᠰ ᠲᠣᠭᠲᠠᠭᠠᠯ ᠲᠣᠬᠢᠷᠠᠨ᠎ᠠ᠃ | ᠭᠤᠷᠪᠠᠳᠤᠭᠠᠷ ᠵᠦᠢᠯ ﹇ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ | ᠭᠠᠵᠠᠷ︶ ᠤᠨ ᠤᠬᠠᠭᠳᠠᠬᠤᠨ﹈ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠭᠡᠯᠭᠡᠬᠦ ᠰᠠᠭᠤᠭ᠎ᠠ ᠭᠠᠵᠠᠷ ︵ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠨᠢ ᠲᠣᠭᠲᠠᠮᠠᠯ ᠭᠠᠵᠠᠷ ᠪᠠᠶᠢᠬᠤ ᠬᠡᠷᠡᠭᠲᠡᠢ᠃ | ᠰᠠᠭᠤᠭ᠎ᠠ ᠭᠠᠵᠠᠷ ᠪᠣᠯ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠬᠠᠤᠯᠢ ᠪᠠᠷ ᠲᠣᠭᠲᠠᠭᠠᠭᠰᠠᠨ | ᠬᠠᠶ᠋ᠢᠭ ᠪᠣᠯᠬᠤ ᠲᠤᠯᠠ᠂ ᠪᠢᠴᠢᠭ ᠬᠠᠷ᠎ᠠ ᠬᠦᠷᠭᠡᠬᠦ ᠬᠠᠶ᠋ᠢᠭ ᠪᠣᠯᠣᠨ ᠬᠠᠤᠯᠢ ᠴᠠᠭᠠᠵᠠ᠂ ᠵᠠᠰᠠᠭ ᠵᠠᠬᠢᠷᠭᠠᠨ ᠤ | ᠣᠷᠣᠨ ᠤ ᠬᠠᠷᠢᠶᠠᠯᠠᠯ ᠢ ᠲᠣᠭᠲᠠᠭᠠᠬᠤ ᠦᠨᠳᠦᠰᠦᠯᠡᠯ ᠪᠣᠯᠣᠨ᠎ᠠ᠃ | ᠡᠵᠡᠩᠨᠡᠯᠳᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ ᠪᠣᠯ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠡᠵᠡᠩᠨᠡᠯᠳᠡ ᠶᠢᠨ ᠠᠵᠢᠯᠯᠠᠭ᠎ᠠ ᠡᠷᠬᠢᠯᠡᠬᠦ ᠡᠵᠡᠩᠨᠡᠯᠲᠡ ᠶᠢᠨ ᠭᠠᠵᠠᠷ ᠪᠣᠯᠤᠨ᠎ᠠ᠃ | ᠳᠦᠷᠪᠡᠳᠦᠭᠡᠷ ᠵᠦᠢᠯ ﹇ᠮᠠᠲ᠋ᠧᠷᠢᠶᠠᠯ ᠲᠤᠰᠢᠶᠠᠬᠤ ᠱᠠᠭᠠᠷᠳᠠᠯᠭ᠎ᠠ﹈ ᠭᠤᠶᠤᠴᠢᠯᠠᠭᠴᠢ ᠰᠠᠭᠤᠭ᠎ᠠ | ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠤᠨ ᠬᠠᠤᠯᠢ ᠶᠤᠰᠤᠭᠠᠷ ᠬᠡᠷᠡᠭᠯᠡᠬᠦ ᠭᠡᠷᠡᠴᠢ ᠪᠠᠨ | ᠲᠤᠰᠢᠶᠠᠪᠠᠯ ᠳᠠᠷᠤᠢ ᠪᠦᠷᠢᠳᠭᠡᠭᠦᠯᠵᠦ ᠪᠣᠯᠣᠨ᠎ᠠ᠃ ᠭᠤᠶᠤᠴᠢᠯᠠᠭᠴᠢ ᠲᠤᠰᠢᠶᠠᠭᠰᠠᠨ ᠰᠠᠭᠤᠭ᠎ᠠ ᠭᠠᠵᠠᠷ ︵ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠤᠨ ᠮᠠᠲ᠋ᠧᠷᠢᠶᠠᠯ ᠤᠨ ᠦᠨᠡᠨ ᠪᠣᠳᠠᠳᠤ ᠴᠢᠨᠠᠷ᠂ ᠬᠠᠤᠯᠢ | ᠶᠤᠰᠤᠴᠢ ᠴᠢᠨᠠᠷ ᠲᠤ ᠬᠠᠷᠢᠭᠤᠴᠠᠬᠤ ᠬᠡᠷᠡᠭᠲᠡᠢ᠃ | ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ | ᠪᠠᠶᠢᠭ᠎ᠠ ᠭᠠᠵᠠᠷ︶ ᠤᠨ ᠪᠦᠷᠢᠳᠭᠡᠯ ᠬᠢᠯᠭᠡᠬᠦ ᠪᠠᠷ ᠭᠤᠶᠤᠴᠢᠯᠠᠬᠤ ᠳᠤ ᠳᠣᠣᠷᠠᠬᠢ ᠭᠡᠷᠡᠴᠢᠯᠠᠬᠦ ᠮᠠᠲ᠋ᠧᠷᠢᠶᠠᠯ ᠤᠳ ᠢ | ᠲᠤᠰᠢᠶᠠᠬᠤ ᠬᠡᠷᠡᠭᠲᠡᠢ᠄ | ︵ᠨᠢᠭᠡ︶ ᠦᠪᠡᠷ ᠤᠨ ᠭᠡᠷ ᠬᠦᠷᠦᠩᠭᠡ ᠳᠤ ᠬᠠᠷᠢᠶᠠᠯᠠᠭᠳᠠᠪᠠᠯ᠂ ᠭᠡᠷ ᠪᠠᠶᠢᠰᠢᠩ ᠤᠨ ᠦᠮᠴᠢᠯᠡᠬᠦ | ᠡᠷᠬᠡ ᠶᠢᠨ ᠦᠨᠡᠮᠯᠡᠯ ᠢᠶᠠᠨ ᠲᠤᠰᠢᠶᠠᠨ᠎ᠠ᠃ | ︵ᠬᠤᠶᠠᠷ︶ ᠳᠦᠷᠢᠶᠡᠰᠦᠯᠡᠨ ︵ᠵᠢᠭᠡᠯᠡᠭᠰᠡᠨ︶ ᠬᠡᠷᠡᠭᠯᠡᠵᠦ ᠪᠠᠶᠢᠭ᠎ᠠ ᠭᠡᠷ ᠬᠦᠷᠦᠩᠭᠡ ᠳᠤ | ᠬᠠᠷᠢᠶᠠᠯᠠᠭᠳᠠᠪᠠᠯ᠂ ᠳᠦᠷᠢᠶᠡᠰᠦᠯᠡᠬᠦ ︵ᠵᠢᠭᠡᠯᠡᠬᠦ︶ ᠵᠦᠪᠳᠡᠯᠴᠡᠭᠡᠷ ᠢᠶᠠᠨ ᠲᠤᠰᠢᠶᠠᠨ᠎ᠠ᠃ | ᠲᠠᠪᠤᠳᠤᠭᠠᠷ ᠵᠦᠢᠯ ﹇ᠬᠢᠨᠠᠨ ᠪᠠᠶᠢᠴᠠᠭᠠᠬᠤ ᠠᠷᠭ᠎ᠠ ᠮᠠᠶ᠋ᠢᠭ﹈ ᠠᠵᠦ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠪᠣᠯ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠦᠷᠢᠳᠭᠡᠬᠦ | ᠪᠠᠶᠢᠭᠤᠯᠭ᠎ᠠ ᠪᠣᠯᠤᠨ᠎ᠠ᠃ ᠪᠦᠷᠢᠳᠭᠡᠬᠦ ᠪᠠᠶᠢᠭᠤᠯᠭ᠎ᠠ ᠨᠢ ᠭᠤᠶᠤᠴᠢᠯᠠᠭᠴᠢ ᠶᠢᠨ ᠲᠤᠰᠢᠶᠠᠭᠰᠠᠨ ᠰᠠᠭᠤᠭ᠎ᠠ ᠭᠠᠵᠠᠷ ︵ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠦᠷᠢᠳᠭᠡᠬᠦ ᠮᠠᠲ᠋ᠧᠷᠢᠶᠠᠯ ᠳᠤ ᠬᠡᠯᠪᠡᠷᠢ ᠶᠢᠨ ᠬᠢᠨᠠᠨ | ᠪᠠᠶᠢᠴᠠᠭᠠᠯᠲᠠ ᠬᠢᠬᠦ ᠶᠢ ᠬᠡᠷᠡᠭᠵᠢᠭᠦᠯᠥᠨ᠎ᠡ᠂ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ | ᠭᠠᠵᠠᠷ︶ ᠤᠨ ᠬᠠᠤᠯᠢ ᠪᠠᠷ ᠲᠣᠭᠲᠠᠭᠠᠭᠰᠠᠨ ᠬᠡᠷᠡᠭᠴᠡᠭᠡ ᠪᠣᠯᠣᠨ ᠬᠡᠷᠡᠭᠯᠡᠬᠦ ᠴᠢᠳᠠᠮᠵᠢ ᠶᠢ ᠬᠢᠨᠠᠨ ᠪᠠᠶᠢᠴᠠᠭᠠᠬᠤ ᠦᠭᠡᠢ᠃ | | ᠵᠢᠷᠭᠤᠳᠤᠭᠠᠷ ᠵᠦᠢᠯ ﹇ᠨᠢᠭᠡ ᠬᠠᠶ᠋ᠢᠭ ᠣᠯᠠᠨ ᠦᠨᠡᠮᠯᠡᠯ ᠲᠠᠢ ᠪᠠᠶᠢᠬᠤ﹈ ᠠᠳᠠᠯᠢ ᠨᠢᠭᠡᠨ | ᠬᠠᠶ᠋ᠢᠭ ᠢ ᠤᠯᠠᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ | ᠬᠢᠵᠦ ᠪᠠᠶᠢᠭ᠎ᠠ ᠭᠠᠵᠠᠷ︶ ᠢᠶᠠᠷ ᠪᠦᠷᠢᠳᠭᠡᠭᠦᠯᠵᠦ ᠪᠣᠯᠣᠨ᠎ᠠ᠃ | ᠳᠤᠯᠤᠳᠤᠭᠠᠷ ᠵᠦᠢᠯ ﹇ᠪᠦᠷᠢᠳᠭᠡᠬᠦ ᠱᠠᠭᠠᠷᠳᠠᠯᠭ᠎ᠠ﹈ ᠪᠦᠷᠢᠳᠭᠡᠯᠭᠡᠬᠦ ᠪᠠᠷ ᠭᠤᠶᠤᠴᠢᠯᠠᠭᠰᠠᠨ | ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠢ ᠪᠤᠳᠠᠲᠠᠢ ᠵᠡᠭᠡᠯᠢ ᠭᠤᠲᠤᠮᠵᠢ ᠶᠢᠨ | ᠨᠡᠷᠡᠶᠢᠳᠦᠯ᠂ ᠠᠰᠠᠷ ᠤᠨ ᠳ᠋ᠤᠭᠠᠷ᠂ ᠣᠷᠣᠴᠠ ᠶᠢᠨ ᠳ᠋ᠤᠭᠠᠷ ᠬᠢᠭᠡᠳ ᠡᠷᠦᠬᠡ ᠶᠢᠨ ᠳ᠋ᠤᠭᠠᠷ ᠲᠤ ᠬᠦᠷᠥᠭᠦᠯᠥᠨ᠎ᠡ︔ | ᠡᠭᠦᠳᠡᠨ ᠫᠠᠶᠢᠰᠠ ᠶᠢᠨ ᠨᠤᠮᠤᠷ ᠨᠠᠶᠢᠷᠠᠭᠤᠯᠤᠨ ᠵᠣᠬᠢᠶᠠᠭᠰᠠᠨ ᠦᠭᠡᠢ ᠪᠣᠯ ᠡᠷᠢᠵᠦ ᠬᠠᠶᠢᠬᠤ ᠳᠤ ᠳᠦᠭᠦᠮ ᠪᠠᠶᠢᠯᠭᠠᠬᠤ | ᠵᠠᠷᠴᠢᠮ ᠤᠨ ᠶᠤᠰᠤᠭᠠᠷ ᠪᠦᠷᠢᠳᠭᠡᠯ ᠬᠢᠬᠦ ᠬᠡᠷᠡᠭᠲᠡᠢ᠃ | ᠨᠠᠢᠮᠠᠳᠤᠭᠠᠷ ᠵᠦᠢᠯ ﹇ᠣᠷᠣᠨ ᠰᠠᠭᠤᠴᠠ ᠶᠢ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ | ᠭᠠᠵᠠᠷ ᠢᠶᠠᠷ ᠪᠦᠷᠢᠳᠭᠡᠬᠦ﹈ ᠣᠷᠣᠨ ᠰᠠᠭᠤᠴᠠ ᠪᠠᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠰᠠᠭᠤᠭ᠎ᠠ ᠭᠠᠵᠠᠷ | ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠬᠡᠮᠡᠨ ᠪᠦᠷᠢᠳᠭᠡᠯᠭᠡᠬᠦ ᠪᠠᠷ ᠭᠤᠶᠤᠴᠢᠯᠠᠭᠰᠠᠨ ᠪᠣᠯ ᠠᠰᠢᠭ | ᠬᠤᠣᠷ ᠤᠨ ᠬᠠᠷᠢᠴᠠᠭ᠎ᠠ ᠲᠠᠢ ᠦᠮᠴᠢᠲᠡᠨ ᠤ ᠭᠡᠷᠡᠴᠢᠯᠡᠭᠰᠡᠨ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ᠶᠢᠰᠦᠳᠦᠭᠡᠷ ᠵᠦᠢᠯ ﹇ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠬᠠᠷᠢᠭᠤᠴᠠᠯᠭ᠎ᠠ﹈ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠂ | ᠵᠦᠪᠰᠢᠶᠡᠷᠡᠭᠦᠯᠥᠭᠰᠡᠨ ᠪᠣᠯ ᠰᠠᠶ᠋ᠢ ᠣᠷᠣᠨ ᠰᠠᠭᠤᠴᠠ ︵ᠡᠵᠡᠩᠨᠡᠯᠲᠡ ᠶᠢᠨ ᠠᠵᠢᠯᠯᠠᠭ᠎ᠠ ᠬᠢᠬᠦ ᠭᠠᠵᠠᠷ︶ ᠳᠠᠭᠠᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠣᠯᠣᠨ᠎ᠠ ᠭᠡᠵᠦ ᠲᠣᠭᠲᠠᠭᠠᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠭᠤᠣᠯ | ᠴᠣᠭᠴᠠ ᠪᠦᠷᠢᠳᠭᠡᠯᠭᠡᠭᠰᠡᠨ ᠤ ᠳᠠᠷᠠᠭ᠎ᠠ᠂ ᠵᠥᠪᠰᠢᠶᠡᠷᠡᠯ ᠤᠨ ᠦᠨᠡᠮᠯᠡᠯ ᠪᠣᠶᠣ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠣᠯᠣᠭᠠᠳ ᠰᠠᠶ᠋ᠢ ᠬᠠᠮᠢᠶ᠎ᠠ ᠪᠦᠬᠦᠢ ᠡᠵᠡᠩᠨᠡᠯᠲᠡ ᠶᠢᠨ ᠠᠵᠢᠯᠯᠠᠭ᠎ᠠ ᠬᠢᠬᠦ ᠬᠡᠷᠡᠭᠲᠡᠢ᠃ | ᠠᠷᠪᠠᠳᠤᠭᠠᠷ ᠵᠦᠢᠯ ﹇ᠬᠤᠯᠪᠤᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠡᠭᠦᠷᠭᠡ ᠬᠠᠷᠢᠭᠤᠴᠠᠯᠭ᠎ᠠ﹈ ᠣᠨᠴᠣᠭᠤᠢ ᠨᠦᠬᠦᠴᠡᠯ ᠢ ᠪᠦᠷᠢᠳᠥᠭᠦᠯᠬᠦ ᠴᠢᠬᠤᠯᠠᠳᠠᠢ ᠡᠵᠡᠩᠨᠡᠯᠲᠡ ᠶᠢᠨ ᠠᠵᠢᠯᠯᠠᠭ᠎ᠠ ᠬᠢᠬᠦ | ᠭᠠᠵᠠᠷ᠂ ᠡᠰᠡᠭᠦᠯ᠎ᠡ ᠬᠠᠤᠯᠢ ᠪᠤᠰᠤ ᠪᠠᠷᠢᠯᠭ᠎ᠠ ᠶᠢ ᠠᠰᠢᠭᠯᠠᠭᠰᠠᠨ᠂ ᠭᠡᠷ ᠪᠠᠶᠢᠰᠢᠩ ᠤᠨ ᠬᠡᠷᠡᠭᠴᠡᠭᠡ ᠶᠢ | ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠦ ᠪᠠᠶᠢᠪᠠᠯ᠂ ᠲᠦᠯᠦᠪᠵᠢᠭᠦᠯᠭᠡ | ᠂ ᠪᠦᠲᠦᠭᠡᠨ ᠪᠠᠶᠢᠭᠤᠯᠤᠯᠲᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠭᠡᠷ ᠪᠠᠶᠢᠰᠢᠩ ᠤᠨ ᠬᠠᠮᠢᠶᠠᠷᠤᠯᠲᠠ᠂ | ᠳᠤᠲᠤᠭᠠᠲᠤ ᠶᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠥᠷᠢᠯᠡᠯ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠬᠠᠮᠢᠶᠠᠷᠤᠨ᠎ᠠ᠃ ᠵᠦᠪᠰᠢᠶᠡᠷᠡᠯ | ᠣᠯᠭᠤᠬᠤ ᠬᠢᠨᠠᠨ ᠵᠥᠪᠰᠢᠶᠡᠷᠡᠬᠦ ᠵᠦᠢᠯ ᠳᠤ ᠬᠤᠯᠪᠤᠭᠳᠠᠭᠰᠠᠨ ᠢ ᠪᠣᠯ ᠵᠦᠪᠰᠢᠶᠡᠷᠡᠯ ᠣᠯᠭᠤᠬᠤ ᠵᠥᠪᠰᠢᠶᠡᠷᠡᠬᠦ ᠶᠢ | ᠬᠠᠷᠢᠭᠤᠴᠠᠵᠦ ᠪᠠᠶᠢᠭ᠎ᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠣᠭᠠᠷ ᠬᠢᠨᠠᠨ | ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ﹇ᠣᠨᠴᠣᠭᠤᠢ ᠲᠣᠭᠲᠠᠭᠠᠯ﹈ ᠴᠡᠷᠢᠭ ᠠᠩᠭᠢ ᠶᠢᠨ ᠭᠡᠷ | ᠬᠦᠷᠦᠩᠭᠡ ᠳᠤ ᠬᠠᠷᠢᠶᠠᠯᠠᠭᠳᠠᠪᠠᠯ᠂ ᠴᠡᠷᠢᠭ ᠠᠩᠭᠢ ᠶᠢᠨ ᠭᠡᠷ ᠬᠦᠷᠦᠩᠭᠡ ᠶᠢᠨ ᠳᠦᠷᠢᠶᠡᠰᠦᠯᠡᠬᠦ ᠵᠥᠪᠰᠢᠶᠡᠷᠡᠯ ᠤᠨ | ᠦᠨᠡᠮᠯᠡᠯ ᠢ ᠲᠤᠰᠢᠶᠠᠨ᠎ᠠ︔ ᠳᠦᠷᠢᠶᠡᠰᠦᠯᠡᠭᠴᠢ ᠨᠢ ᠴᠡᠷᠢᠭ ᠠᠩᠭᠢ ᠶᠢᠨ ᠭᠡᠷ ᠬᠦᠷᠦᠩᠭᠡ ᠶᠢ ᠳᠠᠮᠵᠢᠭᠤᠯᠤᠨ | ᠳᠦᠷᠢᠶᠡᠰᠦᠯᠡᠬᠦ ᠳᠤ ᠪᠣᠯ᠂ ᠴᠡᠷᠢᠭ ᠠᠩᠭᠢ ᠶᠢᠨ ᠳᠦᠷᠢᠶᠡᠰᠦᠯᠡᠭᠦᠯᠬᠦ ᠨᠢᠭᠡᠴᠡ ᠶᠢᠨ ᠳᠠᠮᠵᠢᠭᠤᠯᠤᠨ | ᠳᠦᠷᠢᠶᠡᠰᠦᠯᠡᠭᠦᠯᠬᠦ ᠶᠢ ᠵᠦᠪᠰᠢᠶᠡᠷᠡᠭᠰᠡᠨ ᠭᠡᠷᠡᠴᠢ ᠶᠢ ᠪᠠᠰᠠ ᠲᠤᠰᠢᠶᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ﹇ᠡᠷᠬᠡ ᠣᠯᠭᠤᠬᠤ ᠵᠦᠢᠯ﹈ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ ᠲᠤᠰ ᠲᠣᠭᠲᠠᠭᠠᠯ ᠢ ᠦᠨᠳᠥᠰᠥᠯᠡᠨ᠂ ᠪᠤᠳᠠᠳᠠᠢ ᠠᠷᠭ᠎ᠠ | ᠲᠣᠭᠲᠠᠭᠠᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ﹇ᠬᠦᠴᠦᠨ ᠲᠠᠢ ᠪᠠᠶᠢᠬᠤ ᠴᠠᠭ ᠬᠤᠭᠤᠴᠠᠭ᠎ᠠ﹈ ᠲᠤᠰ | ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠨᠢ 2 ᠵᠢᠯ ᠪᠣᠯᠣᠨ᠎ᠠ᠃ |