ᠦᠪᠡᠷᠲᠡᠭᠡᠨ ᠵᠠᠰᠠᠬᠤ ᠤᠷᠤᠨ ᠤ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ︵2014 — 2016 ᠤᠨ︶᠎ ᠶᠢᠨ ᠬᠡᠷᠡᠭᠵᠢᠭᠦᠯᠬᠦ ᠰᠠᠨᠠᠯ ᠢ ᠤᠯᠠᠮᠵᠢᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/3/30
                          ᠦᠪᠦᠷ ᠵᠠᠰᠠᠭ ᠠᠯᠪᠠᠨ ᠲᠠᠷᠬᠠᠭᠠᠭᠰᠠᠨ ﹇2014﹈ 68 ᠳ᠋ᠣᠭᠠᠷ ᠲᠣᠭᠠᠲᠦ                                2014 ᠤᠨ ᠤ 6 ᠳ᠋ᠤᠭᠠᠷ ᠰᠠᠷ᠎ᠠ ᠶᠢᠨ 25᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠡ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠵᠤᠬᠢᠶᠠᠨ ᠪᠠᠶᠢᠭᠤᠯᠵᠤ ᠲᠤᠭᠲᠠᠭᠠᠭᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ︵2014 — 2016 ᠤᠨ︶᠎ ᠶᠢᠨ ᠬᠡᠷᠡᠭᠵᠢᠭᠦᠯᠬᠦ ᠰᠠᠨᠠᠯ︾᠎ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠤᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃             ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠣᠨᠴᠣᠭᠤᠢ ᠰᠤᠷᠭᠠᠨ ᠬᠦᠮᠦᠵᠢᠯ ᠢ             ᠳᠡᠭᠡᠭᠰᠢᠯᠡᠭᠦᠯᠬᠦ ᠲᠦᠯᠦᠪᠯᠡᠭᠡ ︵2014 — 2016 ᠤᠨ︶᠎ ᠶᠢᠨ ᠬᠡᠷᠡᠭᠵᠢᠭᠦᠯᠬᠦ ᠰᠠᠨᠠᠯ    ︵ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ   2014 ᠤᠨ ᠤ 6 ᠳ᠋ᠤᠭᠠᠷ ᠰᠠᠷ᠎ᠠ︶      ︽ᠰᠤᠷᠭᠠᠨ ᠬᠦᠮᠦᠵᠢᠯ ᠤᠨ ᠶᠠᠮᠤᠨ ᠵᠡᠷᠭᠡ ᠰᠠᠯᠠᠭ᠎ᠠ ᠮᠦᠴᠢᠷ ᠤᠨ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ︵2014 — 2016 ᠤᠨ︶᠎ ᠶᠢ ᠤᠯᠠᠮᠵᠢᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2014﹈ 1 ᠳ᠋ᠤᠭᠡᠷ ᠲᠤᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠦᠢᠯᠡᠰ ᠤᠨ ᠤᠯᠠᠮ ᠨᠢᠭᠡ ᠠᠯᠬᠤᠮ ᠡᠷᠡᠭᠦᠯ ᠢᠶᠠᠷ ᠲᠦᠷᠭᠡᠨ ᠬᠦᠭᠵᠢᠭᠦ ᠶᠢ ᠠᠬᠢᠭᠤᠯᠵᠤ᠂ ᠵᠡᠮᠳᠡᠭᠴᠤᠳ ᠤᠨ ᠰᠤᠷᠭᠠᠨ ᠬᠦᠮᠦᠵᠢᠯ ᠬᠦᠷᠲᠡᠬᠦ ᠡᠷᠬᠡ ᠶᠢ ᠦᠨᠡᠨᠬᠦ ᠪᠠᠲᠤᠯᠠᠬᠤ ᠶᠢᠨ ᠲᠤᠰᠠᠳᠠ᠂ ᠮᠠᠨ ᠤ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠠᠵᠢᠯ ᠤᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠤᠤᠷᠠᠬᠢ ᠮᠠᠲᠤ ᠬᠡᠷᠡᠭᠵᠢᠭᠦᠯᠬᠦ ᠰᠠᠨᠠᠯ ᠢ ᠲᠤᠷᠠᠳᠪᠠ᠃      ᠨᠢᠭᠡ᠂ ᠴᠢᠬᠤᠯᠠ ᠠᠴᠢ ᠬᠤᠯᠪᠤᠭᠳᠠᠯ      ᠣᠨᠴᠣᠭᠤᠢ ᠰᠤᠷᠭᠠᠨ ᠬᠦᠮᠦᠵᠢᠯ ᠢ ᠬᠦᠭᠵᠢᠭᠦᠯᠬᠦ ᠨᠢ ᠰᠤᠷᠭᠠᠨ ᠬᠦᠮᠦᠵᠢᠯ ᠤᠨ ᠡᠷᠬᠡ ᠲᠡᠭᠰᠢ ᠪᠠᠶᠢᠯᠭᠠᠬᠤ ᠶᠢ ᠲᠦᠯᠬᠢᠨ ᠠᠬᠢᠭᠤᠯᠵᠤ᠂ ᠰᠤᠷᠭᠠᠨ ᠬᠦᠮᠦᠵᠢᠯ ᠤᠨ ᠤᠳᠤᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠂ ᠬᠦᠮᠦᠨ ᠢᠶᠠᠷ ᠦᠨᠳᠦᠰᠦ ᠪᠤᠯᠭᠠᠬᠤ ᠦᠵᠡᠯᠲᠡ ᠶᠢ ᠪᠠᠷᠢᠮᠲᠠᠯᠠᠨ᠂ ᠬᠦᠮᠦᠡᠯᠢᠭ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠦ᠂ ᠠᠷᠠᠳ ᠤᠨ ᠠᠮᠢᠳᠤᠷᠠᠯ ᠢ ᠪᠠᠲᠤᠯᠠᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠴᠢᠬᠤᠯᠠ ᠡᠭᠦᠷᠭᠡ ᠪᠣᠯᠬᠤ ᠪᠦᠭᠡᠳ ᠨᠡᠩ ᠴᠤ ᠵᠡᠮᠳᠡᠭ ᠬᠡᠤᠭᠡᠳ ᠪᠠᠭᠠᠴᠤᠳ ᠤᠨ ᠰᠤᠷᠭᠠᠨ ᠬᠦᠮᠦᠵᠢᠯ ᠬᠦᠷᠲᠡᠬᠦ ᠦᠨᠳᠦᠰᠦᠨ ᠡᠷᠬᠡ ᠶᠢ ᠪᠠᠲᠤᠯᠠᠵᠦ᠂ ᠰᠤᠷᠭᠠᠨ ᠬᠦᠮᠦᠵᠢᠯ ᠤᠨ ᠡᠷᠭᠡ ᠲᠡᠭᠰᠢ ᠪᠠᠶᠢᠯᠭᠠᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃      ᠯᠢ ᠺᠧ ᠴᠢᠶᠠᠩ ᠶᠡᠷᠦᠩᠬᠡᠢ ᠰᠠᠶᠢᠳ ᠠᠴᠠ ᠣᠨᠴᠣᠭᠤᠢ ᠰᠤᠷᠭᠠᠨ ᠬᠦᠮᠦᠵᠢᠯ ᠤᠨ ᠲᠤᠬᠠᠢ ᠲᠤᠰᠬᠠᠶᠢᠯᠠᠨ ᠴᠢᠬᠤᠯᠠ ᠴᠤᠬᠤᠯᠠᠪᠤᠷᠢ ᠬᠢᠵᠦ᠂ ᠵᠢᠭᠠᠵᠦ ᠭᠠᠷᠭᠠᠭᠰᠠᠨ ᠨᠢ᠄ ︽ᠣᠨᠴᠣᠭᠤᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠨᠢ ᠵᠡᠮᠳᠡᠭᠴᠤᠳ ᠤᠨ ᠨᠡᠶᠢᠭᠡᠮ ᠳᠤ ᠡᠷᠬᠡ ᠲᠡᠭᠰᠢ ᠪᠠᠷ ᠤᠷᠤᠯᠴᠠᠬᠤ ᠡᠷᠬᠡ ᠶᠢ ᠪᠠᠲᠤᠯᠠᠬᠤ᠂ ᠵᠡᠮᠳᠡᠭᠴᠤᠳ ᠤᠨ ᠭᠡᠷ ᠪᠦᠯᠢ ᠶᠢᠨ ᠠᠵᠠ ᠵᠢᠷᠭᠠᠯ ᠢ ᠨᠡᠮᠡᠭᠳᠡᠭᠦᠯᠬᠦ ᠪᠠ ᠨᠡᠶᠢᠭᠡᠮ ᠤᠨ ᠡᠷᠭᠡ ᠲᠡᠭᠰᠢ ᠰᠢᠳᠤᠷᠭᠤ ᠶᠣᠰᠦ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠪᠥᠭᠡᠳ ᠮᠦᠨᠴᠦ ᠰᠤᠷᠭᠠᠨ ᠬᠦᠮᠦᠵᠢᠯ ᠤᠨ ᠤᠳᠤᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠱᠠᠲᠤᠨ ᠤ ᠵᠠᠰᠠᠭ ᠤᠨ ᠤᠷᠳᠤᠨ ᠳᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠣᠨᠴᠤᠭᠤᠢ ᠰᠤᠷᠭᠠᠨ ᠬᠦᠮᠦᠵᠢᠯ ᠢ ᠣᠨᠴᠣᠭᠤᠢ ᠡᠷᠬᠢᠯᠡᠵᠦ᠂ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ᠶᠢ ᠬᠢᠨᠠᠮᠠᠭᠠᠢ ᠬᠡᠷᠡᠭᠵᠢᠭᠦᠯᠦᠨ᠂ ᠵᠡᠮᠳᠡᠭ ᠬᠡᠤᠭᠡᠳ ᠢ ᠪᠤᠰᠤᠳ ᠪᠣᠢ ᠪᠦᠬᠦᠢ ᠬᠦᠮᠥᠰ ᠲᠠᠢ ᠠᠳᠠᠯᠢ ᠪᠠᠷ ᠬᠠᠮᠲᠦ ᠳᠤᠨᠢ ᠬᠦᠬᠡ ᠲᠡᠭᠷᠢ ᠶᠢᠨ ᠲᠤᠤᠷ᠎ᠠ᠂ ᠰᠠᠶᠢᠨ ᠰᠠᠶᠢᠬᠠᠨ ᠰᠤᠷᠭᠠᠨ ᠬᠦᠮᠦᠵᠢᠯ ᠢ ᠬᠠᠮᠲᠦ ᠳᠤᠨᠢ ᠬᠦᠷᠲᠡᠭᠦᠯᠬᠦ ᠬᠡᠷᠡᠭᠲᠡᠢ︾ ᠭᠡᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠯᠢᠤ ᠶᠠᠨ ᠳ᠋ᠦᠡᠭ ᠠᠴᠠ ᠪᠦᠬᠦ ᠤᠯᠤᠰ ᠤᠨ ᠣᠨᠴᠣᠭᠤᠢ ᠰᠤᠷᠭᠠᠨ ᠬᠦᠮᠦᠵᠢᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ᠄ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠣᠨᠴᠣᠭᠤᠢ ᠰᠤᠷᠭᠠᠨ ᠬᠦᠮᠦᠵᠢᠯ ᠢ ᠳᠡᠮᠵᠢᠬᠦ ᠬᠡᠷᠡᠭᠲᠡᠢ ᠭᠡᠵᠦ ᠲᠤᠲᠤᠷᠬᠠᠢ ᠳᠤᠷᠠᠳᠴᠤ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠣᠨᠴᠣᠭᠤᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃︾ ︽ᠰᠤᠷᠭᠠᠨ ᠬᠦᠮᠦᠵᠢᠯ ᠪᠣᠯ ᠵᠡᠮᠳᠡᠭᠴᠤᠳ ᠲᠤ ᠵᠤᠯ ᠵᠢᠷᠭᠠᠯ ᠤᠨ ᠡᠭᠦᠳᠡ ᠶᠢ ᠨᠡᠭᠡᠭᠡᠬᠦ ᠰᠠᠭᠤᠷᠢ ᠠᠷᠭ᠎ᠠ ᠵᠠᠮ ᠪᠣᠯᠬᠤ ᠪᠦᠭᠡᠳ ᠣᠨᠴᠣᠭᠤᠢ ᠰᠤᠷᠭᠠᠨ ᠬᠦᠮᠦᠵᠢᠯ ᠪᠣᠯ ᠨᠢᠭᠡ ᠵᠦᠢᠯ ᠤᠨ ᠳᠠᠷᠬᠠᠨ ᠦᠢᠯᠡᠰ ᠪᠤᠯᠤᠨ᠎ᠠ︾ ᠭᠡᠵᠦ ᠴᠢᠬᠤᠯᠠᠴᠢᠯᠠᠭᠰᠠᠨ ᠪᠠᠶᠢᠨ᠎ᠠ᠃      ᠤᠶᠢᠷ᠎ᠠ ᠶᠢᠨ ᠬᠡᠳᠤᠨ ᠵᠢᠯ ᠳᠤ᠂ ᠮᠠᠨ ᠤ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠦᠢᠯᠡᠰ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠡᠭᠡᠲᠤ ᠬᠡᠮᠵᠢᠶᠡᠨ ᠤ ᠴᠢᠬᠤᠯᠠᠴᠢᠯᠠᠭ᠎ᠠ ᠪᠠ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠮᠡᠳᠡᠭᠳᠡᠬᠦ᠋ᠢᠴᠡ ᠠᠮᠵᠢᠯᠲᠠ ᠤᠯᠵᠠᠢ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠲᠤᠭ᠎ᠠ ᠬᠡᠮᠵᠢᠶ᠎ᠡ ᠲᠦᠷᠭᠡᠨ ᠨᠡᠮᠡᠭᠳᠡᠵᠤ᠂ ᠰᠤᠷᠭᠠᠭᠤᠯᠢ ᠡᠷᠬᠢᠯᠡᠬᠦ ᠨᠦᠬᠦᠴᠡᠯ ᠢᠯᠡᠳᠲᠡ ᠰᠠᠶᠢᠵᠢᠷᠠᠨ᠂ ᠪᠠᠭᠰᠢ ᠶᠢᠨ ᠡᠩᠨᠡᠭᠡᠨ ᠤ ᠬᠡᠪ ᠪᠤᠯᠪᠠᠰᠤᠷᠠᠯ ᠳᠡᠭᠡᠭᠰᠢᠯᠡᠵᠤ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠬᠠᠮᠢᠶᠠᠷᠤᠯᠲᠠ ᠪᠠ ᠠᠩᠬᠢ ᠳᠠᠭᠠᠵᠦ ᠰᠤᠷᠤᠯᠴᠠᠬᠤ ᠠᠵᠢᠯ ᠠᠯᠬᠤᠮ ᠠᠯᠬᠤᠮ ᠢᠶᠠᠷ ᠵᠢᠷᠤᠮᠵᠢᠨ᠂ ᠡᠮᠴᠢᠯᠡᠨ ᠵᠠᠰᠠᠬᠤ ᠪᠠ ᠰᠤᠷᠭᠠᠨ ᠬᠦᠮᠦᠵᠢᠭᠦᠯᠬᠦ ᠶᠢ ᠤᠶᠠᠯᠳᠤᠭᠤᠯᠬᠤ ᠲᠤᠷᠰᠢᠯᠲᠠ ᠢᠯᠡᠷᠭᠡᠢ ᠠᠮᠵᠢᠯᠲᠠ ᠣᠯᠵᠦ᠂ ᠣᠨᠴᠣᠭᠤᠢ ᠰᠤᠷᠭᠠᠨ ᠬᠦᠮᠦᠵᠢᠯ ᠤᠨ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠶᠢ ᠨᠢᠭᠡᠨᠲᠡ ᠡᠬᠢᠯᠡᠭᠦᠯᠵᠦ᠂ ᠵᠣᠬᠢᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠰᠤᠷᠭᠠᠭᠤᠯᠢ ᠳᠤ ᠤᠷᠤᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠭᠰᠠᠨ ᠪᠠᠶᠢᠨ᠎ᠠ᠃ ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠶᠡᠷᠦᠩᠭᠡᠢ ᠬᠢᠷᠢ ᠬᠡᠮᠵᠢᠶ᠎ᠡ ᠬᠠᠷᠠᠬᠠᠨ ᠦᠨᠳᠥᠷ ᠪᠣᠰᠦ᠂ ᠬᠦᠭᠵᠢᠯᠲᠡ ᠨᠢ ᠲᠡᠩᠴᠡᠬᠦᠷᠢ ᠦᠭᠡᠢ᠂ ᠢᠯᠠᠩᠭᠤᠶ᠎ᠡ ᠲᠠᠷᠢᠶᠠᠯᠠᠬᠤ ᠮᠠᠯᠵᠢᠬᠤ ᠤᠷᠤᠨ ᠤ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠦᠭᠡᠮᠡᠯᠵᠢᠯᠲᠠ ᠶᠢᠨ ᠬᠢᠷᠢ ᠬᠡᠮᠵᠢᠶ᠎ᠡ ᠦᠨᠳᠥᠷ ᠪᠣᠰᠦ ᠂ ᠵᠠᠷᠤᠳᠠᠯ ᠬᠦᠷᠥᠯᠴᠡᠬᠦ ᠦᠭᠡᠢ᠂ ᠠᠯᠪᠠᠨ ᠵᠢᠷᠤᠮ ᠤᠨ ᠪᠣᠰᠦ ᠰᠤᠷᠭᠠᠨ ᠬᠦᠮᠥᠵᠢᠯ ᠤᠨ ᠱᠠᠲᠦ ᠦᠶ᠎ᠡ ᠶᠢᠨ ᠣᠨᠴᠣᠭᠤᠢ ᠰᠤᠷᠭᠠᠨ ᠬᠦᠮᠥᠵᠢᠯ ᠤᠨ ᠬᠦᠭᠵᠢᠯᠲᠡ ᠶᠢᠨ ᠬᠢᠷᠢ ᠬᠡᠮᠵᠢᠶ᠎ᠡ ᠳᠣᠣᠷ᠎ᠠ ᠪᠠᠶᠢᠭ᠎ᠠ ᠪᠦᠭᠡᠳ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠬᠤ ᠴᠢᠬᠤᠯᠠᠲᠠᠢ ᠪᠠᠶᠢᠵᠦ᠂ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠪᠠᠭᠰᠢ ᠪᠠ ᠡᠷᠡᠭᠦᠯᠵᠢᠭᠦᠯᠬᠦ ᠲᠤᠰᠬᠠᠢ ᠮᠡᠷᠭᠡᠵᠢᠯ ᠤᠨ ᠠᠵᠢᠯᠲᠠᠨ ᠤ ᠲᠤᠭ᠎ᠠ ᠬᠡᠮᠵᠢᠶ᠎ᠡ ᠬᠦᠷᠥᠯᠴᠡᠬᠦ ᠦᠭᠡᠢ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠦ᠂ ᠠᠩᠬᠢ ᠳᠠᠭᠠᠵᠦ ᠰᠤᠷᠤᠯᠴᠠᠬᠤ ᠰᠤᠷᠭᠠᠨ ᠬᠦᠮᠦᠵᠢᠯ ᠤᠨ ᠶᠠᠰᠤ ᠴᠢᠨᠠᠷ ᠢ ᠴᠢᠩᠭᠠᠳᠬᠠᠭᠤᠰᠢᠲᠠᠢ ᠪᠠᠶᠢᠨ᠎ᠠ᠃ ᠡᠶᠢᠮᠦ ᠠᠴᠠ᠂ ᠮᠠᠨ ᠤ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠬᠦᠭᠵᠢᠯᠲᠡ ᠶᠢ ᠡᠷᠬᠡᠪᠰᠢ ᠲᠦᠷᠭᠡᠳᠭᠡᠨ ᠠᠬᠢᠭᠤᠯᠵᠤ᠂ ᠣᠨᠴᠣᠭᠤᠢ ᠰᠤᠷᠭᠠᠨ ᠬᠦᠮᠦᠵᠢᠯ ᠤᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠬᠦᠯᠥᠨ᠂ ᠵᠡᠮᠳᠡᠭᠴᠤᠳ ᠢ ᠬᠠᠪᠰᠤᠷᠤᠨ ᠪᠦᠬᠦ ᠲᠠᠯ᠎ᠠ ᠪᠠᠷ ᠬᠦᠭᠵᠢᠭᠦᠯᠬᠦ ᠪᠠ ᠨᠡᠶᠢᠭᠡᠮ ᠳᠤ ᠨᠡᠩ ᠰᠠᠶᠢᠲᠤᠷ ᠨᠡᠶᠢᠯᠡᠯᠴᠡᠭᠦᠯᠵᠦ᠂ ᠦᠷᠭᠡᠨ ᠣᠯᠠᠨ ᠵᠡᠮᠳᠡᠭᠴᠤᠳ ᠲᠤ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠥᠭᠡᠯ ᠢ ᠬᠠᠮᠲᠦ ᠳᠤᠨᠢ ᠡᠳ᠋ᠯᠡᠭᠦᠯᠥᠨ᠂ ᠮᠠᠨ ᠤ ᠤᠷᠤᠨ ᠤ ︽8337︾ ᠬᠦᠭᠵᠢᠯᠲᠡ ᠶᠢᠨ ᠰᠡᠳᠬᠢᠮᠵᠢ ᠶᠢ ᠪᠦᠬᠦ ᠲᠠᠯ᠎ᠠ ᠪᠠᠷ ᠪᠡᠶᠡᠯᠡᠭᠦᠯᠬᠦ ᠠᠬᠢᠴᠠ ᠳᠤ ᠵᠤᠯ ᠵᠢᠷᠭᠠᠯᠲᠦ ᠠᠮᠢᠳᠤᠷᠠᠯ ᠢ ᠴᠤᠭᠴᠠᠯᠠᠨ᠎ᠠ᠃      ᠬᠤᠶᠠᠷ᠂ ᠭᠤᠤᠯ ᠬᠠᠷᠠᠯᠲᠠ      ︽ᠪᠣᠢ ᠪᠦᠬᠦᠢ ᠰᠤᠷᠤᠭᠴᠢ ᠶᠢ ᠪᠠᠭᠲᠠᠭᠠᠬᠰᠠᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠵᠡᠮᠳᠡᠭ ᠬᠡᠤᠭᠡᠳ ᠨᠢᠭᠡᠪᠥᠷᠢ ᠳᠤ ᠴᠦᠮ ᠲᠤᠬᠢᠷᠠᠭᠰᠠᠨ ᠰᠤᠷᠭᠠᠨ ᠬᠦᠮᠦᠵᠢᠯ ᠬᠦᠷᠲᠡᠭᠡᠬᠦ︾᠎ ᠪᠠᠷ ᠵᠤᠷᠢᠯᠲᠠ ᠪᠤᠯᠭᠠᠨ᠂ 3 ᠵᠢᠯ ᠤᠨ ᠴᠠᠭ ᠬᠤᠭᠤᠴᠠᠭ᠎ᠠ ᠶᠢ ᠠᠰᠢᠭᠯᠠᠨ ᠮᠠᠨ ᠤ ᠤᠷᠤᠨ ᠢᠶᠠᠨ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠪᠠᠷ ᠭᠤᠤᠯᠯᠠᠭᠴᠢ ᠪᠣᠯᠭᠠᠭᠰᠠᠨ᠂ ᠡᠩ ᠤᠨ ᠰᠤᠷᠭᠠᠭᠤᠯᠢ ᠳᠤ ᠣᠨᠴᠣᠭᠤᠢ ᠰᠤᠷᠭᠠᠨ ᠬᠦᠮᠦᠵᠢᠯ ᠤᠨ ᠠᠩᠬᠢ ᠪᠠ ᠵᠡᠮᠳᠡᠭ ᠬᠡᠤᠬᠡᠳ ᠪᠠᠭᠠᠴᠤᠳ ᠤᠨ ᠠᠩᠬᠢ ᠳᠠᠭᠠᠵᠦ ᠰᠤᠷᠤᠯᠴᠠᠬᠤ ᠪᠠᠷ ᠭᠤᠤᠯ ᠴᠤᠭᠴᠠ ᠪᠣᠯᠭᠠᠭᠰᠠᠨ᠂ ᠡᠯ᠎ᠡ ᠵᠦᠢᠯ ᠤᠨ ᠰᠤᠷᠭᠠᠨ ᠬᠦᠮᠦᠵᠢᠯ ᠢ ᠵᠡᠷᠭᠡ ᠳᠤᠨᠢ ᠬᠦᠭᠵᠢᠭᠦᠯᠥᠭᠰᠡᠨ᠂ ᠰᠤᠷᠤᠯᠭ᠎ᠠ ᠶᠢᠨ ᠱᠠᠲᠦ ᠦᠶ᠎ᠡ ᠶᠢ ᠵᠠᠯᠭᠠᠯᠳᠤᠭᠤᠯᠤᠭᠰᠠᠨ᠂ ᠡᠩ ᠤᠨ ᠪᠠ ᠠᠵᠢᠯ ᠮᠡᠷᠭᠡᠵᠢᠯ ᠤᠨ ᠬᠢ ᠶᠢ ᠨᠡᠪᠲᠡᠷᠡᠯᠴᠡᠭᠦᠯᠥᠭᠰᠡᠨ᠂ ᠡᠮᠨᠡᠨ ᠵᠠᠰᠠᠬᠤ ᠪᠠ ᠰᠤᠷᠭᠠᠨ ᠬᠦᠮᠦᠵᠢᠭᠦᠯᠬᠦ ᠶᠢ ᠤᠶᠠᠯᠳᠤᠭᠤᠯᠤᠭᠰᠠᠨ ᠣᠨᠴᠣᠭᠤᠢ ᠰᠤᠷᠭᠠᠨ ᠬᠦᠮᠦᠵᠢᠯ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠦ᠂ ᠰᠤᠷᠭᠠᠭᠤᠯᠢ ᠡᠷᠬᠢᠯᠡᠬᠦ ᠨᠦᠬᠦᠴᠡᠯ ᠪᠣᠯᠣᠨ ᠰᠤᠷᠭᠠᠨ ᠬᠦᠮᠥᠵᠢᠯ ᠤᠨ ᠶᠠᠰᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ ᠡᠳ᠋ ᠤᠨ ᠵᠠᠰᠠᠭ ᠢᠶᠠᠷ ᠭᠤᠣᠯ ᠪᠣᠯᠭᠠᠭᠰᠠᠨ᠂ ᠨᠡᠶᠢᠭᠡᠮ ᠤᠨ ᠬᠢᠨ ᠳᠡᠮᠵᠢᠭᠰᠡᠨ᠂ ᠪᠦᠬᠦ ᠲᠠᠯ᠎ᠠ ᠶᠢ ᠬᠠᠮᠤᠷᠤᠭᠰᠠᠨ᠂ ᠰᠢᠭᠤᠳ ᠰᠢᠯᠤᠭᠤᠨ ᠪᠦᠭᠡᠳ ᠳᠦᠭᠦᠮ ᠦᠵᠡᠭᠦᠯᠥᠭᠰᠡᠨ ᠣᠨᠴᠣᠭᠤᠢ ᠰᠤᠷᠭᠠᠨ ᠬᠦᠮᠦᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠳᠥᠭᠦᠯᠵᠦ᠂ ᠵᠠᠰᠠᠭ ᠤᠨ ᠣᠷᠳᠤᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠦᠴᠢᠷ ᠤᠳ ᠬᠠᠮᠵᠢᠯᠴᠠᠭᠰᠠᠨ᠂ ᠡᠯ᠎ᠡ ᠲᠠᠯ᠎ᠠ ᠶᠢᠨ ᠬᠢᠨ ᠤᠷᠤᠯᠴᠠᠭᠰᠠᠨ ᠣᠨᠴᠣᠭᠤᠢ ᠰᠤᠷᠭᠠᠨ ᠬᠦᠮᠦᠵᠢᠯ ᠤᠨ ᠠᠵᠢᠯ ᠤᠨ ᠪᠠᠶᠢᠷᠢᠰᠢᠯ ᠢ ᠦᠨᠳᠥᠰᠥᠨ ᠳᠡᠭᠡᠨ ᠪᠣᠢ ᠪᠣᠯᠭᠠᠨ᠎ᠠ᠃      ︵ᠨᠢᠭᠡ︶ ᠵᠡᠮᠳᠡᠭ ᠬᠡᠤᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠲᠦᠭᠡᠮᠡᠯᠵᠢᠭᠦᠯᠥᠨ᠎ᠡ      3 ᠵᠢᠯ ᠤᠨ ᠴᠠᠭ ᠬᠤᠭᠤᠴᠠᠭ᠎ᠠ ᠶᠢ ᠬᠡᠷᠡᠭᠯᠡᠨ᠂ ᠪᠦᠬᠦ ᠣᠷᠣᠨ ᠳᠤ ᠵᠡᠮᠳᠡᠭ ᠬᠡᠤᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠲᠦᠭᠡᠮᠡᠯᠵᠢᠭᠦᠯᠵᠦ᠂ ᠬᠠᠷᠠᠭ᠎ᠠ᠂ ᠰᠤᠨᠤᠷ᠂ ᠤᠶᠤᠨ ᠤ ᠲᠠᠯ᠎ᠠ ᠪᠠᠷ ᠵᠡᠮᠳᠡᠭ ᠬᠡᠤᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ ᠶᠢ 2014 ᠤᠨ᠂ 2015 ᠤᠨ᠂ 2016 ᠤᠨ ᠳᠤ ᠲᠤᠰ ᠲᠤᠰ 80%᠂ 85%᠂ 90%᠎ ᠠᠴᠠ ᠳᠡᠭᠡᠭᠰᠢ ᠳᠤ ᠬᠦᠷᠥᠭᠦᠯᠵᠦ᠂ ᠪᠤᠰᠤᠳ ᠵᠡᠮᠳᠡᠭᠴᠤᠳ ᠤᠨ ᠰᠤᠷᠭᠠᠨ ᠬᠦᠮᠦᠵᠢᠯ ᠬᠦᠷᠲᠡᠬᠦ ᠲᠤᠬᠢᠶᠠᠯ ᠢ ᠢᠯᠡᠳᠲᠡ ᠨᠡᠮᠡᠭᠳᠡᠭᠦᠯᠦᠨ᠎ᠡ᠃      ︵ᠬᠤᠶᠠᠷ︶ ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠢ ᠢᠳᠡᠪᠬᠢᠲᠠᠢ ᠬᠦᠭᠵᠢᠭᠦᠯᠦᠨ᠎ᠡ      0᠎ ᠠᠴᠠ ᠪᠦᠬᠦᠯᠢ 3 ᠨᠠᠰᠤᠨ ᠤ ᠵᠡᠮᠳᠡᠭ ᠬᠡᠤᠬᠡᠳ ᠤᠨ ᠠᠩᠬᠠᠨ ᠤ ᠬᠠᠮᠢᠶᠠᠷᠤᠯᠲᠠ᠂ ᠠᠩᠬᠠᠨ ᠤ ᠬᠦᠮᠦᠵᠢᠯ ᠪᠠ ᠡᠷᠡᠭᠦᠯᠵᠢᠭᠦᠯᠬᠦ ᠪᠤᠯᠪᠠᠰᠤᠷᠠᠯ ᠢ ᠶᠡᠬᠡᠪᠡᠷ ᠲᠦᠯᠬᠢᠨ ᠠᠬᠢᠭᠤᠯᠤᠨ᠎ᠠ᠃ ᠬᠤᠲᠠ ᠪᠠᠯᠭᠠᠰᠦ ᠶᠢᠨ 3᠎ ᠠᠴᠠ ᠪᠦᠬᠦᠯᠢ 5 ᠨᠠᠰᠤᠨ ︵ᠪᠤᠶᠤ 4᠎ ᠠᠴᠠ ᠪᠦᠬᠦᠯᠢ 6 ᠨᠠᠰᠤ︶᠎ ᠤ ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠤᠨ ᠲᠦᠭᠡᠮᠡᠯᠵᠢᠯᠲᠡ ᠶᠢᠨ ᠨᠤᠷᠮ᠎ᠠ ᠪᠣᠯᠣᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠤᠷᠤᠨ ᠤ ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠦᠨᠡᠬᠢ ᠨᠢᠭᠡ ᠵᠢᠯ ᠤᠨ ᠰᠤᠷᠭᠠᠨ ᠬᠦᠮᠦᠵᠢᠯ ᠢ ᠢᠳᠡᠪᠬᠢᠲᠠᠢ ᠦᠷᠨᠢᠭᠦᠯᠦᠨ᠎ᠡ᠃ 2016 ᠤᠨ ᠪᠤᠯᠬᠤ ᠳᠤ ᠪᠦᠬᠦ ᠤᠷᠤᠨ ᠤ ᠪᠦᠬᠦᠯᠢ 5 ᠨᠠᠰᠤᠨ ᠤ ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠤᠨ ᠨᠤᠷᠮ᠎ᠠ ᠶᠢ 60%᠎ ᠠᠴᠠ ᠳᠡᠭᠡᠭᠰᠢ ᠳᠤ ᠬᠦᠷᠥᠭᠦᠯᠥᠨ᠎ᠡ᠃      ︵ᠭᠤᠷᠪᠠ︶ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢᠶᠠᠷ ᠭᠤᠣᠯ ᠪᠣᠯᠭᠠᠭᠰᠠᠨ ᠵᠡᠮᠳᠡᠭᠴᠤᠳ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠰᠤᠷᠭᠠᠨ ᠬᠦᠮᠦᠵᠢᠯ ᠢ ᠶᠡᠬᠡᠪᠡᠷ ᠬᠦᠭᠵᠢᠭᠦᠯᠦᠨ᠎ᠡ      ᠬᠡᠪᠴᠢᠶ᠎ᠡ ᠪᠠᠷ ᠵᠣᠬᠢᠰᠲᠠᠢ᠂ ᠲᠤᠰᠬᠠᠢ ᠮᠡᠷᠭᠡᠵᠢᠯ ᠨᠢ ᠵᠦᠢ ᠵᠤᠬᠢᠰᠲᠠᠢ᠂ ᠡᠩ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠪᠣᠯᠣᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠵᠡᠷᠭᠡ ᠳᠤᠨᠢ ᠬᠦᠭᠵᠢᠭᠦᠯᠥᠨ᠂ ᠵᠡᠮᠳᠡᠭᠴᠤᠳ ᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠡᠷᠡᠭᠴᠡᠭᠡ ᠱᠠᠭᠠᠷᠳᠠᠯᠭ᠎ᠠ ᠪᠠ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠪᠠᠷ ᠤᠳᠤᠷᠢᠳᠤᠮᠵᠢ ᠪᠣᠯᠭᠠᠭᠰᠠᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠰᠤᠷᠭᠠᠨ ᠬᠦᠮᠦᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠵᠦ᠂ ᠵᠡᠮᠳᠡᠭᠴᠤᠳ ᠤᠨ ᠠᠵᠢᠯ ᠤᠯᠵᠤ ᠠᠳᠠᠯ ᠦᠢᠯᠡᠰ ᠴᠣᠭᠴᠠᠯᠠᠬᠤ ᠪᠠ ᠦᠷᠭᠦᠯᠵᠢᠯᠡᠨ ᠰᠤᠳᠤᠯᠵᠤ ᠰᠤᠷᠤᠯᠴᠠᠬᠤ ᠳᠤ ᠨᠦᠬᠦᠴᠡᠯ ᠡᠭᠦᠳᠴᠦ ᠦᠭᠬᠦᠨ᠎ᠡ᠃ 2016 ᠤᠨ ᠪᠤᠯᠬᠤ ᠳᠤ ᠪᠦᠬᠦ ᠤᠷᠤᠨ ᠤ ᠠᠩᠬ᠎ᠠ ᠵᠡᠷᠭᠡ ᠶᠢᠨ ᠳᠤᠮᠳᠠᠳᠦ ᠰᠤᠷᠭᠠᠭᠤᠯᠢ ᠠᠴᠠ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠳᠤ ᠳᠡᠪᠰᠢᠬᠦ ᠬᠠᠷᠢᠴᠠᠯ ᠢ 60%᠎ ᠠᠴᠠ ᠳᠡᠭᠡᠭᠰᠢ ᠳᠤ ᠬᠦᠷᠥᠭᠦᠯᠥᠨ᠎ᠡ᠃      ︵ᠳᠦᠷᠪᠡ︶ ᠵᠡᠮᠳᠡᠭᠴᠤᠳ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠢ ᠲᠦᠷᠭᠡᠳᠭᠡᠨ ᠬᠦᠭᠵᠢᠭᠦᠯᠦᠨ᠎ᠡ      ᠢᠳᠡᠪᠬᠢᠲᠠᠢ ᠪᠦᠭᠡᠳ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠮᠠᠨ ᠤ ᠤᠷᠤᠨ ᠤ ᠳᠡᠭᠡᠳᠦ ᠰᠤᠷᠭᠠᠭᠤᠯᠢ ᠨᠤᠭᠤᠳ ᠲᠤ ᠣᠨᠴᠣᠭᠤᠢ ᠰᠤᠷᠭᠠᠨ ᠬᠦᠮᠦᠵᠢᠯ ᠤᠨ ᠬᠠᠮᠢᠶ᠎ᠠ ᠪᠦᠬᠦᠢ ᠲᠤᠰᠬᠠᠢ ᠪᠦᠬᠦᠢ ᠮᠡᠷᠭᠡᠵᠢᠯ ᠪᠠᠶᠢᠭᠤᠯᠬᠤ ᠶᠢ ᠬᠦᠲᠦᠯᠥᠨ ᠵᠢᠯᠤᠭᠤᠳᠬᠤ ᠪᠠ ᠵᠣᠷᠢᠬᠵᠢᠭᠤᠯᠵᠦ᠂ ᠵᠡᠮᠳᠡᠭᠴᠤᠳ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠨ᠎ᠠ᠃ ᠡᠯᠰᠡᠬᠦ ᠪᠠᠷᠢᠮᠵᠢᠶ᠎ᠠ ᠳᠤ ᠨᠡᠶᠢᠴᠡᠭᠰᠡᠨ ᠵᠡᠮᠳᠡᠭ ᠰᠢᠯᠭᠠᠭᠤᠯᠤᠭᠰᠠᠳ ᠤᠨ ᠳᠡᠭᠡᠳᠦ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠲᠤ ᠰᠤᠷᠭᠠᠭᠤᠯᠢ ᠪᠣᠯᠣᠨ ᠦᠪᠡᠷ ᠢᠶᠠᠨ ᠰᠤᠷᠤᠭᠠᠳ ᠰᠢᠯᠭᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠲᠡᠬᠦ ᠶᠢ ᠨᠢ ᠪᠠᠲᠤᠯᠠᠨ᠎ᠠ᠃      ︵ᠲᠠᠪᠤ︶ ᠣᠨᠴᠣᠭᠤᠢ ᠰᠤᠷᠭᠠᠨ ᠬᠦᠮᠦᠵᠢᠯ ᠤᠨ ᠨᠦᠬᠦᠴᠡᠯ ᠤᠨ ᠪᠠᠲᠤᠯᠠᠭ᠎ᠠ ᠶᠢ ᠦᠨᠡᠨᠬᠦ ᠴᠢᠩᠭᠠᠳᠬᠠᠨ᠎ᠠ      ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠵᠦᠢᠯ ᠤᠨ ᠪᠡᠯᠡ ᠮᠦᠡᠭᠭᠦ ᠪᠠᠶᠢᠭᠤᠯᠵᠤ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠠᠯᠪᠠᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠵᠡᠮᠳᠡᠭ ᠰᠤᠷᠤᠭᠴᠢ ᠶᠢ ᠬᠠᠮᠤᠷᠤᠭᠰᠠᠨ ᠡᠳ᠋ ᠮᠦᠡᠭᠭᠦ ᠪᠠᠷ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠵᠡᠮᠳᠡᠭ ᠰᠤᠷᠤᠭᠴᠢᠳ ᠤᠨ ᠰᠤᠷᠤᠯᠭ᠎ᠠ ᠪᠠ ᠠᠮᠢᠳᠤᠷᠠᠯ ᠳᠠᠬᠢ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 2016 ᠤᠨ ᠪᠤᠯᠬᠤ ᠳᠤ ᠪᠣᠢ ᠪᠦᠬᠦᠢ ᠰᠤᠷᠭᠠᠭᠤᠯᠢ ᠶᠢᠨ ᠬᠠᠷᠰᠢ ᠰᠠᠭᠠᠳ ᠦᠭᠡᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠥᠭᠦᠯᠥᠨ᠎ᠡ᠃      ︵ᠵᠢᠷᠭᠤᠭ᠎ᠠ︶ ᠣᠨᠴᠣᠭᠤᠢ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      ᠣᠨᠴᠣᠭᠤᠢ ᠰᠤᠷᠭᠠᠨ ᠬᠦᠮᠦᠵᠢᠯ ᠤᠨ ᠪᠠᠭᠰᠢ ᠬᠦᠮᠥᠵᠢᠭᠦᠯᠬᠦ ᠬᠡᠪᠴᠢᠶ᠎ᠡ ᠶᠢ ᠦᠷᠭᠡᠳᠬᠡᠨ᠂ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠪᠤᠯᠪᠠᠰᠤᠷᠠᠭᠤᠯᠤᠯ ᠤᠨ ᠡᠷᠴᠢᠮ ᠢ ᠨᠡᠮᠡᠭᠳᠡᠭᠦᠯᠵᠦ᠂ ᠣᠨᠴᠤᠭᠤᠢ ᠰᠤᠷᠭᠠᠨ ᠬᠦᠮᠦᠵᠢᠯ ᠤᠨ ᠪᠠᠭᠰᠢ ᠶᠢᠨ ᠲᠤᠰᠬᠠᠶᠢᠵᠢᠬᠤ ᠬᠢᠷᠢ ᠬᠡᠮᠵᠢᠶ᠎ᠡ ᠶᠢ ᠲᠦᠷᠭᠡᠨ ᠳᠡᠭᠡᠭᠰᠢᠯᠡᠭᠦᠯᠦᠨ᠎ᠡ᠃ ᠣᠨᠴᠣᠭᠤᠢ ᠰᠤᠷᠭᠠᠨ ᠬᠦᠮᠦᠵᠢᠯ ᠤᠨ ᠶᠠᠰᠤ ᠴᠢᠨᠠᠷ ᠢ ᠬᠢᠨᠠᠨ ᠬᠡᠮᠵᠢᠵᠦ ᠦᠨᠡᠯᠡᠯᠲᠡ ᠬᠢᠬᠦ ᠰᠢᠰᠲ᠋ᠤᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃      ᠡᠬᠦᠨ ᠤ ᠵᠡᠷᠭᠡᠴᠡᠪᠡᠷ᠂ ᠦᠪᠡᠷᠲᠡᠭᠡᠨ ᠵᠠᠰᠠᠬᠤ ᠤᠷᠤᠨ ᠤ ᠪᠤᠳᠠᠲᠤ ᠪᠠᠶᠢᠳᠠᠯ ᠢ ᠦᠨᠳᠦᠰᠦᠯᠡᠨ᠂ ᠴᠦᠬᠡᠨ ᠲᠤᠭᠠᠲᠤ ᠦᠨᠳᠦᠰᠦᠲᠡᠨ ᠪᠣᠯᠣᠨ ᠴᠦᠭᠡᠨ ᠲᠤᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠵᠡᠮᠳᠡᠭ ᠬᠡᠤᠭᠡᠳ ᠪᠠᠭᠠᠴᠤᠳ ᠲᠤ ᠣᠨᠴᠣᠭᠤᠢ ᠰᠤᠷᠭᠠᠨ ᠬᠦᠮᠦᠵᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠤ᠂ ᠬᠠᠤᠯᠢ ᠳᠤ ᠨᠡᠶᠢᠴᠡᠭᠦ ᠡᠷᠬᠡ ᠠᠰᠢᠭ ᠢ ᠨᠢ ᠪᠠᠲᠤᠯᠠᠨ᠎ᠠ᠃      ᠭᠤᠷᠪᠠ᠂ ᠪᠤᠳᠠᠲᠠᠢ ᠠᠷᠭ᠎ᠠ ᠬᠡᠮᠵᠢᠶ᠎ᠡ      ︵ᠨᠢᠭᠡ︶ ᠰᠤᠷᠭᠠᠨ ᠬᠦᠮᠦᠵᠢᠯ ᠤᠨ ᠡᠬᠢ ᠪᠠᠶᠠᠯᠢᠭ ᠢ ᠦᠷᠭᠡᠳᠭᠡᠨ᠂ ᠵᠡᠮᠳᠡᠭᠴᠤᠳ ᠤᠨ ᠰᠤᠷᠭᠠᠨ ᠬᠦᠮᠦᠵᠢᠯ ᠬᠦᠷᠲᠡᠬᠦ ᠡᠷᠬᠡ ᠶᠢ ᠪᠠᠲᠤᠯᠠᠨ᠎ᠠ      1. 2014 ᠤᠨ ᠤ ᠨᠠᠮᠦᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨ᠎ᠡ᠂ ᠤᠯᠤᠰ ᠠᠴᠠ ᠳᠡᠮᠵᠢᠵᠦ ᠪᠦᠲᠦᠭᠡᠨ ᠪᠠᠶᠢᠭᠤᠯᠬᠤ ᠳᠤ ᠣᠷᠣᠭᠤᠯᠤᠭᠰᠠᠨ ᠤ ᠬᠠᠮᠲᠦ ᠨᠢᠭᠡᠨᠲᠡ ᠲᠤᠰᠢᠶᠠᠨ ᠬᠡᠷᠡᠭᠯᠡᠭᠦᠯᠥᠭᠰᠡᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠤᠷᠤᠨ ᠤ ᠣᠨᠴᠣᠭᠤᠢ ᠰᠤᠷᠭᠠᠨ ᠬᠦᠮᠦᠵᠢᠯ ᠤᠨ ᠲᠦᠷᠦᠯ ᠵᠦᠢᠯ ᠤᠨ ᠰᠤᠷᠭᠠᠭᠤᠯᠢ ᠨᠤᠭᠤᠳ ᠪᠦᠬᠦᠨ ᠪᠠᠷ ᠢᠶᠠᠨ ᠰᠤᠷᠤᠭᠴᠢ ᠡᠯᠰᠡᠬᠦ ᠬᠡᠷᠡᠭᠲᠡᠢ᠃ ᠡᠯ᠎ᠡ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠨᠤᠭᠤᠳ ᠨᠦᠬᠦᠴᠡᠯ ᠡᠭᠦᠳᠴᠦ ᠪᠠᠶᠢᠭᠠᠳ ᠤᠷᠢᠳᠴᠢᠯᠡᠯ ᠬᠦᠮᠦᠵᠢᠯ ᠤᠨ ᠡᠷᠡᠭᠦᠯᠵᠢᠭᠦᠯᠬᠦ ᠬᠡᠯᠲᠡᠰ ᠪᠣᠯᠣᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠬᠡᠯᠲᠡᠰ ᠨᠡᠭᠡᠭᠡᠨ ᠡᠷᠬᠢᠯᠡᠬᠦ ᠬᠡᠷᠡᠭᠲᠡᠢ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠦᠭᠡᠢ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠤᠨ ᠠᠰ ᠢᠶᠠᠷ ᠢᠶᠠᠨ ᠪᠤᠶᠤ ᠡᠰᠡᠭᠦᠯ᠎ᠡ ᠬᠠᠮᠲᠤᠷᠠᠵᠦ ᠪᠠᠶᠢᠭᠠᠳ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ︵ᠰᠠᠯᠠᠭ᠎ᠠ ᠮᠦᠴᠢᠷ︶ ᠪᠦᠲᠦᠭᠡᠨ ᠪᠠᠶᠢᠭᠤᠯᠬᠤ ᠶᠢ ᠵᠣᠷᠢᠬᠵᠢᠭᠤᠯᠤᠨ᠎ᠠ᠃ ᠨᠦᠬᠦᠴᠡᠯ ᠲᠠᠢ ᠭᠠᠵᠠᠷ ᠤᠷᠤᠨ ᠨᠤᠭᠤᠳ ᠤᠨ ᠵᠣᠵᠢᠭ ᠭᠡᠮ ᠲᠠᠢ ᠬᠡᠤᠭᠡᠳ ᠪᠠᠭᠠᠴᠤᠳ ᠤᠨ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ︵ᠬᠡᠯᠲᠡᠰ︶ ᠪᠦᠲᠦᠭᠡᠨ ᠪᠠᠶᠢᠭᠤᠯᠬᠤ ᠶᠢ ᠵᠣᠷᠢᠬᠵᠢᠭᠤᠯᠤᠨ ᠳᠡᠮᠵᠢᠨ᠎ᠡ᠃ ᠨᠡᠶᠢᠬᠡᠮ ᠤᠨ ᠬᠦᠴᠦᠨ ᠠᠴᠠ ᠡᠯ᠎ᠡ ᠲᠡᠰ ᠳᠠᠪᠬᠤᠷᠭ᠎ᠠ ᠪᠦᠬᠦᠢ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠪᠣᠯᠣᠨ ᠪᠠᠶᠢᠭᠤᠯᠤᠮᠵᠢ ᠡᠷᠬᠢᠯᠡᠬᠦ ᠶᠢ ᠵᠣᠷᠢᠬᠵᠢᠭᠤᠯᠤᠨ ᠳᠡᠮᠵᠢᠨ᠎ᠡ᠃      2. ᠣᠨᠴᠣᠭᠤᠢ ᠰᠤᠷᠭᠠᠨ ᠬᠦᠮᠦᠵᠢᠯ ᠤᠨ ᠠᠩᠬᠢ ᠶᠢ ᠢᠳᠡᠪᠬᠢᠲᠠᠢ ᠬᠦᠭᠵᠢᠭᠦᠯᠦᠨ᠎ᠡ᠃ ᠠᠰ ᠢᠶᠠᠷ ᠨᠢ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠪᠠᠶᠢᠭᠤᠯᠤᠭᠠᠳᠥᠢ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠵᠤᠬᠢᠬᠤ ᠨᠠᠰᠤᠨ ᠤ ᠵᠡᠮᠳᠡᠭ ᠰᠤᠷᠤᠭᠴᠢ ᠶᠢᠨ ᠲᠦᠷᠦᠯ ᠢᠯᠭᠠᠯ ᠢ ᠦᠨᠳᠦᠰᠦᠯᠡᠨ᠂ ᠨᠦᠬᠦᠴᠡᠯ ᠪᠦᠷᠢᠳᠥᠭᠦᠯᠥᠭᠰᠡᠨ 1 ᠪᠤᠶᠤ ᠬᠡᠳᠥᠨ ᠡᠩ ᠤᠨ ᠰᠤᠷᠭᠠᠭᠤᠯᠢ ᠶᠢ ᠵᠢᠭᠠᠨ ᠲᠣᠭᠲᠠᠭᠠᠵᠦ ᠣᠨᠴᠣᠭᠤᠢ ᠰᠤᠷᠭᠠᠨ ᠬᠦᠮᠦᠵᠢᠯ ᠤᠨ ᠠᠩᠬᠢ ᠪᠠᠶᠢᠭᠤᠯᠬᠤ ᠬᠡᠷᠡᠭᠲᠡᠢ᠃ ᠣᠨᠴᠣᠭᠤᠢ ᠰᠤᠷᠭᠠᠨ ᠬᠦᠮᠦᠵᠢᠯ ᠤᠨ ᠠᠩᠭᠢ ᠳᠤ ᠬᠦᠨᠳᠥᠪᠲᠥᠷ ᠪᠤᠶᠤ ᠬᠦᠨᠳᠦ ᠵᠡᠮᠳᠡᠭ ᠬᠡᠤᠭᠡᠳ ᠪᠠᠭᠠᠴᠤᠳ ᠢ ᠡᠯᠰᠡᠬᠦ ᠬᠡᠷᠡᠭᠲᠡᠢ᠃      3. ᠡᠩ ᠤᠨ ᠰᠤᠷᠭᠠᠭᠤᠯᠢ ᠶᠢᠨ ᠠᠩᠬᠢ ᠳᠠᠭᠠᠵᠦ ᠰᠤᠷᠤᠯᠴᠠᠬᠤ ᠬᠡᠪᠴᠢᠶ᠎ᠡ ᠶᠢ ᠦᠷᠭᠡᠳᠭᠡᠨ᠂ ᠠᠩᠭᠢ ᠳᠠᠭᠠᠵᠦ ᠰᠤᠷᠤᠯᠴᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠶᠢᠯᠡᠯ ᠰᠤᠷᠭᠠᠨ ᠬᠦᠮᠦᠵᠢᠯ ᠢ ᠢᠳᠡᠪᠬᠢᠲᠠᠢ ᠬᠦᠭᠵᠢᠭᠦᠯᠵᠤ᠂ ᠡᠩ ᠤᠨ ᠰᠤᠷᠭᠠᠭᠤᠯᠢ ᠨᠤᠭᠤᠳ ᠬᠤᠷᠢᠭ᠎ᠠ ᠭᠠᠷᠭᠠᠵᠦ᠂ ᠪᠡᠶ᠎ᠡ ᠮᠠᠬᠠᠪᠤᠳ ᠤᠨ ᠨᠦᠬᠦᠴᠡᠯ ᠨᠢ ᠵᠦᠪᠰᠢᠶᠡᠷᠡᠬᠦ ᠮᠦᠴᠢ ᠵᠡᠮᠳᠡᠭ ᠰᠤᠷᠤᠭᠴᠢ ᠶᠢᠨ ᠰᠤᠷᠭᠠᠭᠤᠯᠢ ᠳᠤ ᠤᠷᠤᠬᠤ ᠶᠢ ᠵᠦᠪᠰᠢᠶᠡᠷᠡᠬᠦ ᠦᠭᠡᠢ ᠪᠠᠶᠢᠵᠤ ᠪᠤᠯᠬᠤ ᠦᠭᠡᠢ ᠪᠦᠭᠡᠳ ᠵᠡᠮᠳᠡᠭ ᠰᠤᠷᠤᠭᠴᠢ ᠣᠷᠣᠵᠦ ᠭᠠᠷᠬᠤ ᠳᠤ ᠳᠦᠭᠦᠮ ᠬᠢᠴᠢᠶᠡᠯ ᠤᠨ ᠭᠡᠷ᠂ ᠠᠰᠠᠷ ᠤᠨ ᠳᠠᠪᠬᠤᠷᠭ᠎ᠠ ᠵᠡᠷᠭᠡ ᠬᠠᠷᠰᠢ ᠰᠠᠭᠠᠳ ᠦᠭᠡᠢ ᠤᠷᠴᠢᠨ ᠲᠤᠭᠤᠷᠢᠨ ᠬᠠᠩᠭᠠᠬᠤ ᠬᠡᠷᠡᠭᠲᠠᠢ᠃ ᠡᠩ ᠤᠨ ᠰᠤᠷᠭᠠᠭᠤᠯᠢ ᠨᠤᠭᠤᠳ ᠰᠤᠨᠤᠷ᠂ ᠦᠭᠡ ᠬᠡᠯᠡ᠂ ᠬᠠᠷᠠᠭ᠎ᠠ ᠵᠡᠷᠭᠡ ᠶᠢᠨ ᠲᠠᠯ᠎ᠠ ᠪᠠᠷ ᠵᠡᠮᠳᠡᠭ ᠰᠤᠷᠤᠭᠴᠢ ᠶᠢ ᠲᠤᠷᠰᠢᠨ ᠬᠦᠯᠢᠶᠡᠨ ᠠᠪᠴᠦ᠂ ᠲᠤᠬᠢᠶᠠᠨ ᠤ ᠬᠡᠯᠡ ᠶᠢᠨ ᠪᠠᠭᠰᠢ᠂ ᠬᠠᠷᠠᠭ᠎ᠠ ᠠᠯᠳᠠᠭᠰᠠᠳ ᠲᠤ ᠵᠢᠭᠠᠬᠤ ᠮᠠᠲ᠋ᠧᠷᠢᠶᠠᠯ ᠬᠢᠭᠡᠳ ᠬᠠᠷᠠᠭ᠎ᠠ ᠠᠯᠳᠠᠭᠰᠠᠳ ᠤᠨ ᠺᠣᠮᠫᠢᠦ᠋ᠲ᠋ᠧᠷ ᠵᠡᠷᠭᠡ ᠬᠠᠷᠰᠢ ᠰᠠᠭᠠᠳ ᠦᠭᠡᠢ ᠰᠤᠷᠤᠯᠴᠠᠬᠤ ᠤᠷᠴᠢᠨ ᠲᠤᠭᠤᠷᠢᠨ ᠲᠣᠬᠢᠷᠠᠭᠤᠯᠵᠦ᠂ ᠲᠡᠳᠡᠨ ᠳᠤ ᠡᠷᠬᠡ ᠲᠡᠭᠰᠢ ᠪᠠᠷ ᠰᠤᠷᠭᠠᠨ ᠬᠦᠮᠦᠵᠢᠯ ᠬᠦᠷᠲᠡᠬᠦ ᠡᠷᠬᠡ ᠡᠳ᠋ᠯᠡᠭᠦᠯᠬᠦ ᠬᠡᠷᠡᠭᠲᠡᠢ᠃ ᠠᠩᠬᠢ ᠲᠠᠭᠠᠨ ᠰᠤᠷᠤᠯᠴᠠᠬᠤ ᠵᠡᠮᠳᠡᠭ ᠰᠤᠷᠤᠭᠴᠢ ᠶᠢ 8 ᠨᠡᠷ᠎ᠡ ᠠᠴᠠ ᠳᠡᠭᠡᠭᠰᠢ ᠡᠭᠦᠷᠭᠡᠯᠡᠵᠦ ᠪᠠᠶᠢᠬᠤ ᠰᠤᠷᠭᠠᠭᠤᠯᠢ ᠨᠤᠭᠤᠳ ᠣᠨᠴᠣᠭᠤᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠢᠴᠢᠶᠡᠯ ᠤᠨ ᠬᠡᠷ ᠭᠠᠷᠭᠠᠵᠦ᠂ ᠵᠡᠮᠳᠡᠭ ᠰᠤᠷᠤᠭᠴᠢᠳ ᠲᠤ ᠣᠨᠴᠣᠭᠤᠶᠢᠵᠢᠯ ᠰᠤᠷᠭᠠᠨ ᠬᠦᠮᠦᠵᠢᠯ ᠪᠣᠯᠣᠨ ᠡᠷᠡᠬᠦᠯᠵᠢᠬᠦᠯᠬᠦ ᠪᠤᠯᠪᠠᠰᠤᠷᠠᠯ ᠬᠠᠨᠭ᠍ᠭᠠᠬᠤ ᠬᠡᠷᠡᠭᠲᠡᠢ᠃ ᠠᠶᠢᠮᠠᠭ ᠬᠤᠲᠠ ᠨᠢᠭᠡᠪᠥᠷᠢ ᠨᠢ ᠡᠩ ᠤᠨ ᠰᠤᠷᠭᠠᠭᠤᠯᠢ ᠳᠤ ᠵᠢᠯ ᠪᠦᠷᠢ ᠠᠳᠠᠭ ᠲᠠᠭᠠᠨ ᠨᠢᠭᠡ ᠡᠬᠢ ᠪᠠᠶᠠᠯᠢᠭ ᠤᠨ ᠬᠢᠴᠢᠶᠡᠯ ᠤᠨ ᠬᠡᠷ ᠪᠠᠶᠢᠭᠤᠯᠵᠤ᠂ ᠡᠬᠢ ᠪᠠᠶᠠᠯᠢᠭ ᠤᠨ ᠬᠢᠴᠢᠶᠡᠯ ᠤᠨ ᠬᠡᠷ ᠢ ᠡᠩ ᠤᠨ ᠬᠢᠴᠢᠶᠡᠯ ᠤᠨ ᠬᠡᠷ ᠠᠴᠠ ᠲᠤᠬᠢᠷᠠᠭᠤᠯᠤᠨ ᠰᠢᠢᠳᠪᠦᠷᠢᠯᠡᠵᠤ᠂ ᠪᠠᠭᠰᠢ ᠬᠢᠭᠡᠳ ᠤᠷᠤᠨ ᠲᠤᠭ᠎ᠠ ᠶᠢ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠲᠤᠬᠢᠷᠠᠭᠤᠯᠵᠦ ᠪᠣᠯᠤᠨ᠎ᠠ᠃      4. ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠶᠢ ᠵᠤᠬᠢᠶᠠᠨ ᠪᠠᠶᠢᠭᠤᠯᠵᠤ ᠦᠷᠨᠢᠭᠦᠯᠦᠨ᠎ᠡ᠃ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠰᠤᠷᠭᠠᠭᠤᠯᠢ ᠳᠤ ᠬᠦᠷᠴᠦ ᠰᠤᠷᠤᠯᠴᠠᠵᠦ ᠦᠨᠡᠨᠬᠦ ᠲᠡᠶᠢᠯᠬᠦ ᠦᠭᠡᠢ ᠵᠡᠮᠳᠡᠭ ᠬᠡᠤᠭᠡᠳ ᠪᠠᠭᠠᠴᠤᠳ ᠲᠤ ᠰᠤᠷᠭᠠᠨ ᠬᠦᠮᠦᠵᠢᠯ ᠢ ᠭᠡᠷ ᠲᠤᠨᠢ ᠬᠦᠷᠬᠡᠭᠦ ᠪᠠ ᠠᠯᠤᠰ ᠠᠴᠠ ᠵᠢᠭᠠᠬᠤ ᠰᠤᠷᠭᠠᠨ ᠬᠦᠮᠥᠵᠢᠯ ᠵᠡᠷᠭᠡ ᠦᠢᠯᠡᠴᠢᠯᠡᠭᠡ ᠬᠠᠨᠭ᠍ᠭᠠᠬᠤ ᠶᠢᠨ ᠬᠠᠮᠲᠤ᠂ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠳᠤ ᠪᠠᠨ ᠤᠷᠤᠭᠤᠯᠬᠤ ᠬᠡᠷᠡᠭᠲᠡᠢ᠃ ᠰᠤᠷᠭᠠᠨ ᠬᠦᠮᠦᠵᠢᠯ ᠢ ᠬᠡᠷ ᠲᠤᠨᠢ ᠬᠦᠷᠭᠡᠬᠦ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠬᠦ᠂ ᠲᠦᠯᠦᠪᠦᠷᠢ ᠦᠭᠡᠢ ᠪᠠᠷ ᠰᠤᠷᠭᠠᠨ ᠬᠦᠮᠦᠵᠢᠭᠦᠯᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃      5. ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠲᠦᠷᠭᠡᠳᠬᠡᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠵᠡᠮᠳᠡᠭ ᠬᠡᠤᠭᠡᠳ ᠤᠨ ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠢ ᠲᠤᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠯᠥᠪᠵᠢᠭᠦᠯᠭᠡ ᠳᠤ ᠤᠷᠤᠭᠤᠯᠤᠨ᠂ ᠤᠯᠤᠰ ᠪᠣᠯᠣᠨ ᠲᠤᠬᠠᠢ ᠶᠢᠨ ᠭᠠᠵᠠᠷ ᠤᠨ ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠤᠨ ᠴᠢᠬᠤᠯᠠ ᠶᠡᠭᠡ ᠲᠦᠷᠦᠯ ᠵᠦᠢᠯ ᠳᠤ ᠵᠢᠭᠰᠠᠭᠠᠨ ᠤᠷᠤᠭᠤᠯᠬᠤ ᠬᠡᠷᠡᠭᠲᠡᠢ᠃ ᠡᠩ ᠤᠨ ᠬᠡᠤᠭᠡᠳ ᠤᠨ ᠴᠡᠴᠡᠷᠯᠢᠭ ᠤᠳ ᠤᠨ ᠨᠦᠭᠦᠴᠡᠯ ᠪᠦᠷᠢᠳᠥᠭᠦᠯᠵᠦ ᠪᠠᠶᠢᠭᠠᠳ ᠵᠡᠮᠳᠡᠭ ᠬᠡᠤᠭᠡᠳ ᠡᠯᠰᠡᠭᠦ ᠶᠢ ᠳᠡᠮᠵᠢᠨ ᠵᠣᠷᠢᠬᠵᠢᠭᠤᠯᠵᠦ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠪᠣᠯᠣᠨ ᠬᠡᠤᠭᠡᠳ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠤᠨ ᠬᠠᠷᠢᠶ᠎ᠠ ᠬᠡᠤᠭᠡᠳ ᠤᠨ ᠴᠡᠴᠡᠷᠯᠢᠭ ︵ᠰᠤᠷᠬᠤ ᠨᠠᠰᠤᠨ ᠠᠴᠠ ᠡᠮᠥᠨᠡᠬᠢ ᠰᠤᠷᠭᠠᠨ ᠬᠦᠮᠦᠵᠢᠯ ᠤᠨ ᠬᠡᠯᠲᠡᠰ︶ ᠨᠠᠮᠠᠵᠦ ᠪᠠᠶᠢᠭᠤᠯᠬᠤ ᠶᠢ ᠳᠡᠮᠵᠢᠨ ᠵᠣᠷᠢᠬᠵᠢᠭᠤᠯᠵᠦ ᠨᠡᠶᠢᠭᠡᠮ ᠤᠨ ᠬᠦᠴᠦᠨ ᠨᠦᠭᠦᠳ ᠤᠨ ᠰᠤᠷᠬᠤ ᠨᠠᠰᠤᠨ ᠠᠴᠠ ᠡᠮᠦᠨᠡᠬᠢ ᠣᠨᠴᠣᠭᠤᠢ ᠰᠤᠷᠭᠠᠨ ᠬᠦᠮᠦᠵᠢᠯ ᠤᠨ ᠪᠠᠶᠢᠭᠤᠯᠤᠮᠵᠢ ᠡᠷᠬᠢᠯᠡᠬᠦ ᠶᠢ ᠳᠡᠮᠵᠢᠨ ᠵᠤᠷᠢᠬᠵᠢᠭᠤᠯᠤᠨ᠎ᠠ᠃      6. ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠰᠤᠷᠭᠠᠨ ᠬᠦᠮᠦᠵᠢᠯ ᠤᠨ ᠬᠡᠪᠴᠢᠶ᠎ᠡ ᠶᠢ ᠦᠷᠭᠡᠳᠭᠡᠨ᠎ᠡ᠃ ᠡᠩ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠪᠣᠯᠣᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠨᠤᠭᠤᠳ ᠵᠡᠮᠳᠡᠭ ᠰᠤᠷᠤᠭᠴᠢ ᠶᠢ ᠢᠳᠡᠪᠬᠢᠲᠠᠢ ᠡᠯᠰᠡᠬᠦ ᠬᠡᠷᠡᠭᠲᠡᠢ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠨᠤᠭᠤᠳ ᠤᠨ ᠬᠡᠷᠡᠭᠴᠡᠭᠡ ᠪᠠᠨ ᠦᠨᠳᠥᠰᠥᠯᠡᠨ ᠵᠡᠮᠳᠡᠭᠴᠤᠳ ᠤᠨ ᠡᠩ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠬᠡᠯᠲᠡᠰ ︵ᠠᠩᠬᠢ︶ ᠪᠣᠯᠣᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠬᠡᠯᠲᠡᠰ ︵ᠠᠩᠬᠢ︶ ᠨᠡᠭᠡᠭᠡᠨ ᠡᠷᠬᠢᠯᠡᠬᠦ ᠶᠢ ᠳᠡᠮᠵᠢᠨ ᠵᠤᠷᠢᠬᠵᠢᠭᠤᠯᠤᠨ᠎ᠠ᠃ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠵᠡᠮᠳᠡᠭ ᠰᠤᠷᠤᠭᠴᠢ ᠪᠦᠬᠦᠨ ᠳᠤ ᠤᠯᠤᠰ ᠤᠨ ᠰᠤᠷᠤᠯᠭ᠎ᠠ ᠶᠢᠨ ᠲᠡᠳᠭᠦᠮᠵᠢ ᠶᠢᠨ ᠮᠦᠡᠭᠭᠦ ᠣᠯᠭᠤᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠃ ᠵᠡᠮᠳᠡᠭᠴᠤᠳ ᠤᠨ ᠳᠤᠮᠳᠠ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶ᠎ᠡ ᠶᠢ ᠦᠷᠭᠡᠳᠬᠡᠨ᠂ ᠠᠵᠤ ᠠᠬᠤᠢ ᠶᠢᠨ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠵᠡᠮᠳᠡᠭᠴᠤᠳ ᠤᠨ ᠤᠨᠴᠠᠯᠢᠭ ᠯᠤᠭ᠎ᠠ ᠨᠢᠭᠲᠠ ᠤᠶᠠᠯᠳᠤᠭᠤᠯᠵᠤ᠂ ᠲᠤᠰᠬᠠᠢ ᠮᠡᠷᠭᠡᠵᠢᠯ ᠤᠨ ᠪᠦᠲᠦᠴᠡ ᠶᠢ ᠨᠢ ᠵᠦᠢ ᠵᠤᠬᠢᠰᠲᠠᠢ ᠲᠤᠬᠢᠷᠠᠭᠤᠯᠤᠨ᠂ ᠵᠡᠮᠳᠡᠭ ᠰᠤᠷᠤᠭᠴᠢᠳ ᠲᠤ ᠨᠡᠩ ᠤᠯᠠᠨ ᠰᠤᠩᠭᠤᠯᠲᠠ ᠬᠠᠨᠭ᠍ᠭᠠᠨ᠎ᠠ᠃      7. ᠣᠨᠴᠣᠭᠤᠢ ᠰᠤᠷᠭᠠᠨ ᠬᠦᠮᠦᠵᠢᠯ ᠤᠨ ᠰᠤᠳᠤᠯᠤᠯ ᠤᠨ ᠵᠢᠭᠠᠨ ᠵᠢᠯᠤᠭᠤᠳᠬᠤ ᠲᠦᠪ ᠢ ᠪᠠᠶᠢᠭᠤᠯᠤᠨ ᠪᠦᠷᠢᠨᠰᠢᠭᠦᠯᠵᠤ᠂ ᠣᠨᠴᠤᠭᠤᠢ ᠰᠤᠷᠭᠠᠨ ᠬᠦᠮᠦᠵᠢᠯ ᠤᠨ ᠰᠤᠳᠤᠯᠤᠯ ᠤᠨ ᠵᠢᠭᠠᠨ ᠵᠢᠯᠤᠭᠤᠳᠬᠤ ᠲᠦᠪ ᠤᠨ ᠦᠢᠯᠡᠳᠥᠯ ᠢ ᠬᠦᠢᠴᠡᠳ ᠪᠠᠳᠠᠷᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠱᠠᠭᠠᠷᠳᠠᠯᠭ᠎ᠠ ᠶᠤᠰᠤᠭᠠᠷ ᠣᠨᠴᠣᠭᠤᠢ ᠰᠤᠷᠭᠠᠨ ᠬᠦᠮᠦᠵᠢᠯ ᠤᠨ ᠰᠤᠳᠤᠯᠤᠯ ᠤᠨ ᠵᠢᠭᠠᠨ ᠵᠢᠯᠤᠭᠤᠳᠬᠤ ᠲᠦᠪ ᠢ ᠰᠠᠶᠢᠲᠤᠷ ᠪᠦᠲᠥᠭᠡᠨ ᠪᠠᠶᠢᠭᠤᠯᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠪᠠᠭᠰᠢ ᠲᠤᠬᠢᠷᠠᠭᠤᠯᠬᠤ ᠬᠡᠷᠡᠭᠲᠡᠢ᠃ ᠲᠤᠰ ᠭᠠᠵᠠᠷ ᠤᠷᠤᠨ ᠤ ᠪᠠᠨ ᠠᠩᠬᠢ ᠲᠠᠭᠠᠨ ᠰᠤᠷᠤᠯᠴᠠᠵᠦ ᠪᠠᠶᠢᠭ᠎ᠠ ᠪᠠ ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠰᠤᠷᠭᠠᠨ ᠬᠦᠮᠦᠵᠢᠯ ᠤᠨ ᠵᠢᠭᠠᠨ ᠰᠤᠷᠭᠠᠵᠦ ᠪᠠᠶᠢᠭ᠎ᠠ ᠪᠠᠶᠢᠳᠠᠯ ᠳᠤ ᠦᠨᠡᠯᠡᠯᠲᠡ ᠬᠢᠬᠦ᠂ ᠲᠤᠭᠤᠷᠢᠨ ᠵᠢᠭᠠᠨ ᠵᠢᠯᠤᠭᠤᠳᠬᠤ᠂ ᠬᠠᠪᠰᠤᠷᠤᠨ ᠵᠢᠯᠤᠭᠤᠳᠬᠤ ᠪᠠᠭᠰᠢ ᠪᠤᠯᠪᠠᠰᠤᠷᠠᠭᠤᠯᠬᠤ᠂ ᠵᠢᠭᠠᠨ ᠰᠤᠷᠭᠠᠬᠤ ᠶᠢ ᠰᠤᠳᠤᠯᠬᠤ᠂ ᠵᠡᠮᠳᠡᠭ ᠬᠡᠤᠭᠡᠳ ᠢ ᠰᠢᠭᠰᠢᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠵᠢᠭᠠᠨ ᠵᠢᠯᠤᠭᠤᠳᠬᠤ ᠲᠦᠪ ᠤᠨ ᠠᠵᠢᠯᠲᠠᠨ ᠤ ᠤᠷᠤᠨ ᠲᠤᠭ᠎ᠠ ᠶᠢ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠤᠷᠤᠨ ᠲᠤᠭ᠎ᠠ ᠶᠢᠨ ᠲᠤᠲᠤᠷ᠎ᠠ ᠪᠠᠨ ᠲᠣᠬᠢᠷᠠᠭᠤᠯᠤᠨ ᠰᠢᠢᠳᠪᠦᠷᠢᠯᠡᠵᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠬᠡᠷᠡᠭᠵᠢᠭᠦᠯᠥᠨ᠎ᠡ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠦᠭᠡᠢ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ᠪᠣᠯ ᠵᠢᠭᠠᠨ ᠵᠢᠯᠤᠭᠤᠳᠬᠤ ᠲᠦᠪ ᠤᠨ ᠠᠵᠢᠯᠲᠠᠨ ᠤ ᠤᠷᠤᠨ ᠲᠤᠭ᠎ᠠ ᠶᠢ ᠬᠤᠰᠢᠭᠤ ᠰᠢᠶᠠᠨ ︵ᠬᠤᠲᠠ᠂ ᠲᠤᠭᠤᠷᠢᠭ︶᠎ ᠤ ᠵᠢᠭᠠᠨ ᠰᠤᠷᠭᠠᠬᠤ ᠶᠢ ᠰᠤᠳᠤᠯᠬᠤ ᠰᠠᠯᠠᠭ᠎ᠠ ᠮᠦᠴᠢᠷ ᠪᠤᠶᠤ ᠣᠨᠴᠣᠭᠤᠢ ᠰᠤᠷᠭᠠᠨ ᠬᠦᠮᠥᠵᠢᠯ ᠤᠨ ᠠᠩᠬᠢ ᠳᠤ ᠲᠦᠰᠢᠭᠦᠯᠥᠨ᠎ᠡ᠃      8. ᠳᠡᠭᠡᠳᠦ ᠰᠤᠷᠭᠠᠭᠤᠯᠢ ᠨᠤᠭᠤᠳ ᠤᠨ ᠵᠡᠮᠳᠡᠭ ᠰᠤᠷᠤᠭᠴᠢ ᠡᠯᠰᠡᠬᠦ ᠬᠡᠪᠴᠢᠶ᠎ᠡ ᠶᠢ ᠦᠷᠭᠡᠳᠭᠡᠨ᠎ᠡ᠃ ᠦᠪᠡᠷᠲᠡᠭᠡᠨ ᠵᠠᠰᠠᠬᠤ ᠤᠷᠤᠨ ᠤ ᠳᠡᠭᠡᠲᠤ ᠰᠤᠷᠭᠠᠭᠤᠯᠢ ᠨᠤᠭᠤᠳ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠪᠣᠯᠣᠨ ᠲᠦᠷᠦ ᠶᠢᠨ ᠪᠤᠳᠤᠯᠭ᠎ᠠ ᠶᠢᠨ ᠲᠤᠭᠲᠠᠭᠠᠯ ᠶᠤᠰᠤᠭᠠᠷ ᠡᠯᠰᠡᠬᠦ ᠪᠠᠷᠢᠮᠵᠢᠶ᠎ᠠ ᠳᠤ ᠨᠡᠶᠢᠴᠡᠬᠦ ᠵᠡᠮᠳᠡᠭ ᠰᠢᠯᠭᠠᠭᠤᠯᠤᠭᠰᠠᠳ ᠢ ᠡᠯᠰᠡᠬᠦ ᠬᠡᠷᠡᠭᠲᠡᠢ᠃ ᠮᠠᠨ ᠤ ᠤᠷᠤᠨ ᠤ ᠡᠷᠦᠬᠡ ᠠᠮᠠ ᠶᠢᠨ ᠬᠠᠷᠢᠶ᠎ᠠ ᠲᠠᠢ ᠵᠡᠮᠳᠡᠭ ᠰᠢᠯᠭᠠᠭᠤᠯᠤᠭᠰᠠᠳ ᠮᠠᠨ ᠤ ᠤᠷᠤᠨ ᠤ ᠳᠡᠭᠡᠳᠦ ᠰᠤᠷᠭᠠᠭᠤᠯᠢ ᠳᠤ ᠰᠢᠯᠭᠠᠭᠰᠠᠨ ᠪᠤᠯ ᠤᠯᠤᠰ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠨᠳᠦᠰᠦᠯᠡᠨ ᠬᠠᠷᠠᠭᠠᠯᠵᠠᠯ ᠦᠵᠡᠭᠦᠯᠦᠨ᠎ᠡ᠃ ᠲᠦᠪ ᠤᠨ ᠷᠡᠳᠢᠤ᠋ ᠲᠤᠯᠸᠢᠰ ᠶᠡᠭᠡ ᠰᠤᠷᠭᠠᠭᠤᠯᠢ ᠶᠢᠨ ᠦᠪᠦᠷ ᠮᠤᠩᠭᠤᠯ ᠤᠨ ᠵᠡᠮᠳᠡᠭᠴᠤᠳ ᠤᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠠᠢ ᠬᠦᠭᠵᠢᠭᠦᠯᠵᠤ᠂ ᠨᠦᠭᠦᠴᠡᠯ ᠪᠦᠷᠢᠳᠥᠭᠦᠯᠵᠦ ᠪᠠᠶᠢᠭᠠᠳ ᠲᠤᠰᠬᠠᠢ ᠮᠡᠷᠭᠡᠵᠢᠯ ᠨᠡᠮᠡᠵᠤ ᠲᠣᠬᠢᠷᠠᠭᠤᠯᠤᠨ᠂ ᠰᠤᠷᠤᠭᠴᠢ ᠡᠯᠰᠡᠬᠦ ᠬᠡᠪᠴᠢᠶ᠎ᠡ ᠶᠢ ᠨᠢ ᠦᠷᠭᠡᠳᠬᠡᠨ᠎ᠡ᠃ ᠡᠩ ᠤᠨ ᠳᠡᠭᠡᠲᠤ ᠰᠤᠷᠭᠠᠭᠤᠯᠢ ᠨᠤᠭᠤᠳ ᠤᠨ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠨᠡᠭᠡᠭᠡᠨ ᠡᠷᠬᠢᠯᠡᠬᠦ ᠶᠢ ᠳᠡᠮᠵᠢᠨ ᠵᠤᠷᠢᠬᠵᠢᠭᠤᠯᠤᠨ᠎ᠠ᠃ ᠵᠡᠮᠳᠡᠭᠴᠤᠳ ᠤᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠢ ᠴᠢᠩᠭᠠᠳᠬᠠᠨ᠂ ᠦᠪᠡᠷᠲᠡᠬᠡᠨ ᠵᠠᠰᠠᠬᠤ ᠤᠷᠤᠨ ᠤ ᠣᠨᠴᠣᠭᠤᠢ ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠳᠡᠭᠡᠲᠤ ᠰᠤᠷᠭᠠᠭᠤᠯᠢ ᠳᠤ ᠲᠦᠰᠢᠭᠦᠯᠬᠦ ᠠᠷᠭ᠎ᠠ ᠮᠠᠶ᠋ᠢᠭ ᠢ ᠠᠪᠴᠤ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠤᠨ᠂ ᠵᠡᠮᠳᠡᠭᠴᠤᠳ ᠤᠨ ᠳᠤᠮᠳᠠ ᠵᠡᠷᠭᠡ ᠶᠢᠨ ᠪᠠ ᠳᠡᠭᠡᠳᠦ ᠵᠡᠷᠭᠡ ᠶᠢᠨ  ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠦᠷᠨᠢᠭᠦᠯᠬᠦ ᠶᠢᠨ ᠬᠠᠮᠲᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠤ ᠤᠷᠤᠭᠤᠯᠤᠨ ᠨᠢᠭᠡᠲᠤᠯᠲᠠᠢ ᠬᠠᠮᠢᠶᠠᠷᠬᠤ ᠪᠠ ᠬᠦᠭᠵᠢᠯᠲᠡ ᠶᠢ ᠨᠢ ᠲᠦᠯᠥᠪᠵᠢᠭᠦᠯᠥᠨ᠎ᠡ᠃      9. ᠳᠡᠭᠡᠲᠤ ᠰᠤᠷᠭᠠᠭᠤᠯᠢ ᠲᠡᠭᠦᠰᠴᠦ ᠰᠤᠷᠭᠠᠭᠤᠯᠢ ᠠᠴᠠ ᠪᠠᠨ ᠰᠠᠯᠤᠭᠠᠳ ᠠᠵᠢᠯ ᠤᠯᠤᠭᠠᠳᠤᠢ ᠵᠡᠮᠳᠡᠭ ᠲᠡᠭᠦᠰᠥᠭᠰᠡᠳ ᠲᠤ ᠠᠵᠢᠯ ᠤᠯᠬᠤ ᠵᠢᠯᠤᠭᠤᠳᠤᠯᠭ᠎ᠠ ᠪᠠ ᠦᠢᠯᠡᠴᠢᠯᠡᠭᠡ ᠶᠢ ᠴᠢᠩᠭᠠᠷᠠᠭᠤᠯᠤᠨ᠎ᠠ᠃ ᠳᠡᠭᠡᠲᠤ ᠰᠤᠷᠭᠠᠭᠤᠯᠢ ᠲᠡᠭᠦᠰᠬᠦ ᠵᠡᠮᠳᠡᠭ ᠰᠤᠷᠤᠭᠴᠢᠳ ᠤᠨ ᠣᠨᠴᠣᠭᠤᠢ ᠴᠢᠨᠠᠷ ᠲᠤ ᠴᠢᠭᠯᠡᠭᠦᠯᠥᠨ᠂ ᠵᠣᠬᠢᠴᠠᠩᠭᠤᠢ ᠡᠷᠬᠢᠯᠡᠵᠦ ᠬᠢᠬᠦ ᠠᠵᠢᠯ ᠠᠮᠢᠳᠤᠷᠠᠯ ᠤᠨ ᠬᠦᠭᠵᠢᠯᠲᠡ ᠪᠣᠯᠣᠨ ᠠᠵᠢᠯ ᠤᠯᠬᠤ ᠵᠢᠯᠤᠭᠤᠳᠤᠯᠭ᠎ᠠ ᠶᠢᠨ ᠬᠢᠴᠢᠶᠡᠯ ᠲᠣᠭᠲᠠᠭᠠᠵᠦ᠂ ᠠᠵᠢᠯ ᠤᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠦᠨᠡᠨᠬᠦ ᠳᠡᠭᠡᠭᠰᠢᠯᠡᠬᠦᠯᠬᠦ ᠬᠡᠷᠡᠭᠲᠡᠢ᠃ ᠳᠡᠭᠡᠲᠤ ᠰᠤᠷᠭᠠᠭᠤᠯᠢ ᠲᠡᠭᠦᠰᠬᠦ ᠵᠡᠮᠳᠡᠭ ᠰᠤᠷᠤᠭᠴᠢᠳ ᠢ ᠠᠵᠢᠯ ᠤᠯᠬᠤ ᠶᠢᠨ ᠲᠤᠰᠠᠯᠠᠮᠵᠢ ᠦᠵᠡᠭᠦᠯᠬᠦ ᠰᠢᠰᠲ᠋ᠤᠮᠵᠢ ᠳᠤ ᠤᠷᠤᠭᠤᠯᠤᠨ᠂ ᠡᠬᠡ ᠲᠠᠩᠰᠠ ᠪᠠᠶᠢᠭᠤᠯᠵᠦ᠂ ᠨᠢᠬᠡ ᠨᠢᠬᠡ ᠪᠠᠷ ᠪᠦᠷᠢᠳᠭᠡᠨ᠂ ︽ᠨᠢᠬᠡ ᠳᠤ ᠨᠢᠭᠡ︾᠎ ᠪᠠᠷ ᠭᠤᠤᠯᠳᠠᠯᠭ᠎ᠠ ᠲᠠᠢ ᠬᠠᠪᠰᠤᠷᠤᠨ ᠲᠡᠳᠭᠦᠬᠦ ᠶᠢ ᠬᠡᠷᠡᠭᠵᠢᠭᠦᠯᠵᠤ᠂ ᠲᠡᠳᠡᠨ ᠳᠤ ᠠᠵᠢᠯ ᠤᠯᠬᠤ ᠵᠢᠯᠤᠭᠤᠳᠤᠯᠭ᠎ᠠ᠂ ᠡᠷᠬᠢᠯᠡᠵᠦ ᠬᠢᠬᠦ ᠠᠵᠢᠯ ᠤᠨ ᠯᠠᠪᠯᠠᠯᠭ᠎ᠠ᠂ ᠮᠡᠷᠭᠡᠵᠢᠯ ᠤᠨ ᠴᠢᠳᠠᠪᠦᠷᠢ ᠶᠢᠨ ᠪᠤᠯᠪᠠᠰᠤᠷᠠᠭᠤᠯᠤᠯ᠂ ᠠᠵᠢᠯ ᠤᠯᠬᠤ ᠳᠤ ᠪᠠᠲᠤᠯᠠᠨ ᠲᠠᠨᠢᠯᠴᠠᠭᠤᠯᠬᠤ ᠪᠠ ᠮᠡᠳᠡᠭᠡ ᠵᠠᠩᠬᠢ ᠶᠢᠨ ᠦᠢᠯᠡᠴᠢᠯᠡᠭᠡ ᠶᠢ ᠡᠩ ᠲᠡᠷᠢᠭᠦᠨ ᠳᠤ ᠦᠨ᠎ᠡ ᠲᠦᠯᠥᠪᠥᠷᠢ ᠦᠭᠡᠢ ᠬᠠᠨᠭ᠍ᠭᠠᠬᠤ ᠶᠢᠨ ᠬᠠᠮᠲᠤ᠂ ᠬᠦᠮᠦᠨ ᠬᠡᠷᠡᠭᠯᠡᠬᠦ ᠨᠢᠭᠡᠴᠡ ᠳᠤ ᠭᠤᠤᠯᠳᠠᠯᠭ᠎ᠠ ᠲᠠᠢ ᠪᠠᠲᠤᠯᠠᠨ ᠲᠠᠨᠢᠯᠴᠠᠭᠤᠯᠬᠤ ᠪᠤᠶᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠭᠤᠯᠤᠨ ᠳᠦᠪᠬᠢᠨᠡᠭᠦᠯᠵᠦ ᠠᠵᠢᠯ ᠤᠯᠭᠤᠬᠤ ᠬᠡᠷᠡᠭᠲᠡᠢ᠃ ᠡᠯ᠎ᠡ ᠳᠡᠭᠡᠲᠤ ᠰᠤᠷᠭᠠᠭᠤᠯᠢ ᠨᠤᠭᠤᠳ ᠪᠤᠳᠠᠲᠤ ᠪᠠᠶᠢᠳᠠᠯ ᠢᠶᠠᠨ ᠦᠨᠳᠦᠰᠦᠯᠡᠨ᠂ ᠠᠵᠢᠯ ᠡᠷᠢᠬᠦ ᠵᠣᠬᠢᠬᠤ ᠨᠦᠭᠦᠪᠦᠷᠢ ᠤᠯᠭᠤᠵᠦ ᠪᠣᠯᠤᠨ᠎ᠠ᠃ ᠳᠡᠭᠡᠲᠤ ᠰᠤᠷᠭᠠᠭᠤᠯᠢ ᠶᠢᠨ ᠰᠤᠷᠭᠠᠭᠤᠯᠢ ᠲᠡᠭᠦᠰᠬᠦ ᠵᠡᠮᠳᠡᠭᠴᠤᠳ ᠤᠨ ᠰᠤᠷᠭᠠᠭᠤᠯᠢ ᠠᠴᠠ ᠰᠠᠯᠵᠦ ᠶᠠᠪᠤᠬᠤ ᠶᠢᠨ ᠡᠮᠥᠨ᠎ᠡ ᠠᠵᠢᠯ ᠤᠯᠬᠤ ᠵᠢᠯᠤᠭᠤᠳᠤᠯᠭ᠎ᠠ ᠪᠣᠯᠣᠨ ᠡᠯᠰᠡᠵᠦ ᠤᠷᠢᠬᠤ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠬᠤ ᠲᠤᠰᠬᠠᠢ ᠵᠦᠢᠯ ᠤᠨ ᠵᠠᠷᠤᠳᠠᠯ ᠪᠠᠶᠢᠭᠤᠯᠤᠨ᠂ ᠳᠡᠭᠡᠲᠤ ᠰᠤᠷᠭᠠᠭᠤᠯᠢ ᠲᠡᠭᠦᠰᠬᠦ ᠵᠡᠮᠳᠡᠭᠴᠤᠳ ᠤᠨ ᠭᠦᠢᠴᠡᠳ ᠠᠵᠢᠯ ᠤᠯᠬᠤ ᠶᠢ ᠪᠠᠲᠤᠯᠠᠬᠤ ᠬᠡᠷᠡᠭᠲᠡᠢ᠃ ᠡᠬᠦᠨ ᠤ ᠵᠡᠷᠭᠡᠴᠡᠪᠡᠷ᠂ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ ᠪᠠ ᠠᠳᠠᠯ ᠦᠢᠯᠡᠰ ᠴᠣᠭᠴᠠᠯᠠᠬᠤ ᠬᠦᠰᠡᠯ ᠲᠠᠢ ᠳᠡᠭᠡᠳᠦ ᠰᠤᠷᠭᠠᠭᠤᠯᠢ ᠲᠡᠭᠦᠰᠬᠦ ᠵᠡᠮᠳᠡᠭᠴᠤᠳ ᠤᠨ ᠪᠡᠶ᠎ᠡ ᠪᠠᠨ ᠳᠠᠭᠠᠭᠠᠨ ᠠᠳᠠᠯ ᠦᠢᠯᠡᠰ ᠴᠣᠭᠴᠠᠯᠠᠬᠤ ᠶᠢ ᠵᠤᠷᠢᠬᠵᠢᠭᠤᠯᠤᠨ᠂ ᠦᠪᠡᠷᠲᠡᠭᠡᠨ ᠵᠠᠰᠠᠬᠤ ᠤᠷᠤᠨ ᠤ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠲᠡᠳᠭᠦᠬᠦ ᠲᠦᠷᠦ ᠶᠢᠨ ᠪᠤᠳᠤᠯᠭ᠎ᠠ ᠶᠢ ᠡᠩ ᠲᠡᠷᠢᠭᠦᠨ ᠳᠤ ᠬᠦᠷᠲᠡᠭᠡᠨ᠎ᠡ᠃      ︵ᠬᠤᠶᠠᠷ︶ ᠪᠠᠭᠰᠢ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ      1. ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠎ ᠨᠦᠭᠦᠳ ︽ᠪᠦᠬᠦᠯᠢ ᠡᠳᠦᠷ ᠤᠨ ᠲᠦᠷᠢᠮᠲᠦ ᠡᠩ ᠤᠨ ᠳᠤᠮᠳᠠᠳᠦ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠭᠡᠷ ᠵᠡᠷᠭᠡ ᠭᠤᠷᠪᠠᠨ ᠰᠠᠯᠠᠭ᠎ᠠ ᠮᠦᠴᠢᠷ ᠤᠨ ᠮᠡᠳᠡᠭᠳᠡᠯ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠤᠴᠢᠷ︾ ︵ᠦᠪᠦᠷ ᠵᠠᠰᠠᠭ ᠠᠯᠪᠠᠨ ᠲᠠᠷᠬᠠᠭᠠᠭᠰᠠᠨ ﹇2002﹈ 24 ᠳ᠋ᠤᠭᠡᠷ ᠲᠤᠭᠠᠲᠤ︶ ᠪᠣᠯᠣᠨ ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠭᠡᠷ᠂ ᠰᠤᠷᠭᠠᠨ ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠠᠮᠲᠤᠷᠠᠨ ᠪᠠᠭᠤᠯᠭᠠᠭᠰᠠᠨ ︽︿ᠪᠦᠬᠦᠯᠢ ᠡᠳᠦᠷ ᠤᠨ ᠲᠦᠷᠢᠮᠲᠦ ᠡᠩ ᠤᠨ ᠳᠤᠮᠳᠠᠳᠦ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ﹀᠎ ᠳᠠᠬᠢ ᠨᠡᠮᠡᠯᠲᠡ ᠤᠷᠤᠨ ᠲᠤᠭ᠎ᠠ ᠶᠢᠨ ᠪᠠᠷᠢᠮᠵᠢᠶ᠎ᠠ ᠶᠢ ᠲᠤᠬᠢᠷᠠᠭᠤᠯᠬᠤ ᠲᠤᠬᠠᠢ ᠮᠡᠳᠡᠭᠳᠡᠯ︾ ︵ᠦᠪᠦᠷ ᠪᠠᠶᠢᠭᠤᠯᠤᠮᠵᠢ ᠣᠷᠣᠨ ᠲᠤᠭ᠎ᠠ ᠠᠯᠪᠠᠨ ᠲᠠᠷᠬᠠᠭᠠᠭᠰᠠᠨ ﹇2003﹈ 69 ᠳ᠋ᠤᠭᠡᠷ ᠲᠤᠭᠠᠲᠤ︶᠎ ᠤᠨ ᠬᠤᠯᠪᠤᠭᠳᠠᠯ ᠪᠦᠬᠦᠢ ᠲᠤᠭᠲᠠᠭᠠᠯ ᠢ ᠴᠢᠩᠭ᠎ᠠ ᠵᠢᠷᠤᠮᠯᠠᠨ ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠭᠰᠠᠢ ᠪᠣᠯᠣᠨ ᠬᠠᠮᠢᠶᠠᠷᠤᠯᠲᠠ ᠶᠢᠨ ᠠᠵᠢᠯᠲᠠᠨ ᠬᠢᠭᠡᠳ ᠣᠨᠴᠣᠭᠤᠢ ᠵᠢᠭᠠᠨ ᠰᠤᠷᠭᠠᠬᠤ ᠠᠩᠬᠢ᠂ ᠡᠬᠢ ᠪᠠᠶᠠᠯᠢᠭ ᠤᠨ ᠬᠢᠴᠢᠶᠡᠯ ᠤᠨ ᠭᠡᠷ ᠤᠨ ᠲᠤᠰᠬᠠᠢ ᠲᠤᠰᠢᠶᠠᠯ ᠤᠨ ᠪᠠᠭᠰᠢ ᠶᠢ ᠪᠦᠷᠢᠨ ᠬᠦᠢᠴᠡᠳ ᠲᠤᠬᠢᠷᠠᠭᠤᠯᠬᠤ ᠬᠡᠷᠡᠭᠲᠡᠢ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠨᠤᠭᠤᠳ ᠠᠩᠬᠢ ᠨᠢᠭᠡᠪᠥᠷᠢ ᠳᠤ 5 ᠨᠡᠷ᠎ᠡ ᠪᠠᠭᠰᠢ ᠠᠵᠢᠯᠲᠠᠨ ᠠᠵᠢᠯᠴᠢᠨ ᠤ ᠤᠷᠤᠨ ᠲᠤᠭ᠎ᠠ ᠲᠤᠬᠢᠷᠠᠭᠤᠯᠤᠨ᠂ ᠣᠨᠴᠣᠭᠤᠢ ᠵᠢᠭᠠᠨ ᠰᠤᠷᠭᠠᠬᠤ ᠠᠩᠬᠢ ᠪᠣᠯᠣᠨ ᠡᠬᠢ ᠪᠠᠶᠠᠯᠢᠭ ᠤᠨ ᠬᠢᠴᠢᠶᠡᠯ ᠤᠨ ᠭᠡᠷ ᠢ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠤᠷᠤᠨ ᠲᠤᠭ᠎ᠠ ᠶᠢᠨ ᠲᠤᠭᠲᠠᠭᠠᠯ ᠢᠶᠠᠷ ᠯᠠᠪᠯᠠᠯᠲᠠ ᠪᠣᠯᠭᠠᠵᠦ ᠠᠩᠬᠢ ᠨᠢᠭᠡᠪᠥᠷᠢ ᠳᠤ 3 ᠨᠡᠷ᠎ᠡ ᠪᠠᠭᠰᠢ ᠲᠤᠭᠢᠷᠠᠭᠤᠯᠬᠤ ᠬᠡᠷᠡᠭᠲᠡᠢ᠃ ᠤᠯᠤᠰ ᠪᠣᠯᠣᠨ ᠦᠪᠡᠷᠲᠡᠭᠡᠨ ᠵᠠᠰᠠᠬᠤ ᠤᠷᠤᠨ ᠤ ᠲᠤᠭᠲᠠᠭᠠᠭᠰᠠᠨ ᠣᠨᠴᠣᠭᠤᠢ ᠰᠤᠷᠭᠠᠨ ᠬᠦᠮᠦᠵᠢᠯ ᠤᠨ 25%᠎ ᠶᠢᠨ ᠠᠵᠢᠯ ᠤᠨ ᠪᠠᠶᠢᠷᠢ ᠶᠢᠨ ᠨᠡᠮᠡᠭᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠤᠷᠤᠨ ᠲᠤᠭ᠎ᠠ ᠳᠤ ᠪᠠᠶᠢᠭ᠎ᠠ ᠪᠠᠭᠰᠢ᠂ ᠠᠩᠬᠢ ᠳᠠᠭᠠᠵᠦ ᠰᠤᠷᠤᠯᠴᠠᠬᠤ ᠶᠢᠨ ᠵᠢᠭᠠᠨ ᠰᠤᠷᠭᠠᠬᠤ ᠶᠢ ᠡᠭᠦᠷᠭᠡᠯᠡᠵᠦ ᠪᠠᠶᠢᠭ᠎ᠠ ᠠᠩᠬᠢ ᠶᠢᠨ ᠡᠷᠬᠢᠯᠡᠭᠴᠢ ᠪᠠᠭᠰᠢ᠂ ᠣᠨᠴᠣᠭᠤᠢ ᠵᠢᠭᠠᠨ ᠰᠤᠷᠭᠠᠬᠤ ᠠᠩᠬᠢ ᠶᠢᠨ ᠪᠠᠭᠰᠢ᠂ ᠡᠬᠢ ᠪᠠᠶᠠᠯᠢᠭ ᠤᠨ ᠬᠢᠴᠢᠶᠡᠯ ᠤᠨ ᠬᠡᠷ ᠤᠨ ᠪᠠᠭᠰᠢ ᠨᠠᠷ ᠨᠢᠬᠡᠯᠡ ᠠᠳᠠᠯᠢ ᠪᠠᠷ ᠣᠨᠴᠣᠭᠤᠢ ᠰᠤᠷᠭᠠᠨ ᠬᠦᠮᠦᠵᠢᠯ ᠤᠨ ᠠᠵᠢᠯ ᠤᠨ ᠪᠠᠶᠢᠷᠢ ᠶᠢᠨ ᠨᠡᠮᠡᠭᠦᠷᠢ ᠶᠢᠨ ᠣᠯᠭᠤᠮᠵᠢ ᠶᠢ ᠬᠦᠷᠲᠡᠨ᠎ᠡ᠃      2. ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠦᠨᠡᠮᠯᠡᠯ ᠤᠨ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠤᠯᠤᠰ ᠤᠨ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠪᠠᠷᠢᠮᠵᠢᠶ᠎ᠡ ᠪᠣᠯᠣᠨ ᠠᠩᠬᠢ ᠳᠠᠭᠠᠵᠦ ᠰᠤᠷᠤᠯᠴᠠᠬᠤ ᠶᠢᠨ ᠪᠠᠭᠰᠢ᠂ ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠶᠢᠨ ᠵᠢᠯᠤᠭᠤᠳᠬᠤ ᠪᠠᠭᠰᠢ᠂ ᠡᠷᠡᠬᠦᠯᠵᠢᠭᠦᠯᠬᠦ ᠪᠤᠯᠪᠠᠰᠤᠷᠠᠯ ᠤᠨ ᠠᠵᠢᠯᠲᠠᠨ ᠵᠡᠷᠭᠡ ᠠᠵᠢᠯ ᠤᠨ ᠪᠠᠶᠢᠷᠢ ᠶᠢᠨ ᠨᠦᠬᠦᠴᠡᠯ ᠢ ᠨᠡᠶᠢᠳᠠᠪᠤᠷᠢᠵᠢᠭᠤᠯᠤᠨ᠎ᠠ᠃ ᠣᠨᠴᠣᠭᠤᠢ ᠰᠤᠷᠭᠠᠨ ᠬᠦᠮᠦᠵᠢᠯ ᠤᠨ ᠪᠠᠭᠰᠢ ᠬᠦᠮᠦᠵᠢᠭᠦᠯᠬᠦ ᠡᠷᠴᠢᠮ ᠢ ᠨᠡᠮᠡᠭᠳᠡᠭᠦᠯᠵᠦ᠂ ᠦᠪᠡᠷᠲᠡᠭᠡᠨ ᠵᠠᠰᠠᠬᠤ ᠤᠷᠤᠨ ᠠᠴᠠ ᠪᠠᠭᠰᠢ ᠶᠢᠨ ᠰᠤᠷᠭᠠᠭᠤᠯᠢ ᠶᠢᠨ ᠲᠦᠷᠥᠯ ᠤᠨ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠡᠷᠬᠢᠯᠡᠨ᠂ ᠢᠳᠡᠪᠬᠢᠲᠠᠢ ᠪᠠᠷ ᠨᠦᠬᠦᠴᠡᠯ ᠪᠦᠷᠢᠳᠥᠭᠦᠯᠵᠦ ᠪᠠᠶᠢᠭᠠᠳ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠨᠡᠭᠡᠭᠡᠨ᠎ᠡ᠃ ᠣᠨᠴᠣᠭᠤᠢ ᠪᠤᠰᠤ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠰᠤᠷᠤᠭᠴᠢ ᠶᠢᠨ ᠳᠤᠮᠳᠠ ᠣᠨᠴᠣᠭᠤᠢ ᠰᠤᠷᠭᠠᠨ ᠬᠦᠮᠥᠵᠢᠯ ᠤᠨ ᠬᠠᠮᠢᠶ᠎ᠠ ᠪᠦᠬᠦᠢ ᠬᠢᠴᠢᠶᠡᠯ ︵ᠵᠠᠪᠠᠯ ᠰᠤᠷᠬᠤ ᠪᠠ ᠰᠤᠩᠭᠤᠨ ᠰᠤᠷᠬᠤ ᠪᠠᠭᠲᠠᠨ᠎ᠠ︶ ᠨᠡᠭᠡᠭᠡᠨ᠎ᠡ᠃ ᠤᠯᠤᠰ ᠤᠨ ᠱᠠᠲᠤᠨ ᠤ ᠪᠠᠭᠰᠢ ᠶᠢᠨ ᠪᠣᠯᠪᠠᠰᠤᠷᠠᠭᠤᠯᠤᠯ ᠤᠨ ᠲᠦᠯᠦᠪᠯᠡᠭᠡ ᠳᠠᠬᠢ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠪᠤᠯᠪᠠᠰᠤᠷᠠᠭᠤᠯᠤᠯ ᠤᠨ ᠬᠤᠪᠢ ᠶᠢᠨ ᠵᠢᠩ ᠢ ᠨᠡᠮᠡᠭᠳᠡᠭᠦᠯᠦᠨ᠎ᠡ᠃ ᠲᠦᠪᠯᠡᠷᠡᠭᠦᠯᠦᠨ ᠪᠤᠯᠪᠠᠰᠤᠷᠠᠭᠤᠯᠬᠤ ᠪᠠ ᠠᠯᠤᠰ ᠠᠴᠠ ᠪᠣᠯᠪᠠᠰᠤᠷᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠨᠴᠣᠭᠤᠢ ᠰᠤᠷᠭᠠᠨ ᠬᠦᠮᠦᠵᠢᠯ ᠤᠨ ᠪᠦᠬᠦ ᠠᠵᠢᠯᠲᠠᠨ ᠤ ᠪᠤᠯᠪᠠᠰᠤᠷᠠᠭᠤᠯᠤᠯ ᠪᠣᠯᠣᠨ ᠰᠤᠷᠭᠠᠭᠤᠯᠢ ᠶᠢᠨ ᠵᠠᠬᠢᠷᠤᠯ᠂ ᠭᠤᠣᠯᠯᠠᠭᠴᠢ ᠪᠠᠭᠰᠢ ᠶᠢᠨ ᠪᠤᠯᠪᠠᠰᠤᠷᠠᠭᠤᠯᠤᠯ ᠢ ᠱᠠᠲᠦ ᠳᠠᠷᠠᠭᠠᠯᠠᠨ ᠦᠷᠨᠢᠭᠦᠯᠥᠨ᠎ᠡ᠃ ᠡᠩ ᠤᠨ ᠰᠤᠷᠭᠠᠭᠤᠯᠢ ᠶᠢᠨ ᠠᠩᠬᠢ ᠳᠠᠭᠠᠵᠦ ᠰᠤᠷᠤᠯᠴᠠᠬᠤ᠂ ᠵᠢᠭᠠᠨ ᠵᠢᠯᠤᠭᠤᠳᠬᠤ ᠲᠦᠪ᠂ ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠵᠡᠷᠭᠡ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠪᠤᠯᠪᠠᠰᠤᠷᠠᠭᠤᠯᠤᠯ ᠢ ᠴᠢᠩᠭᠠᠳᠬᠠᠨ᠎ᠠ᠃      ︵ᠭᠤᠷᠪᠠ︶ ᠣᠨᠴᠣᠭᠤᠢ ᠰᠤᠷᠭᠠᠨ ᠬᠦᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠬᠦᠨᠵᠡᠬᠡᠶᠢᠷᠡᠭᠦᠯᠦᠨ᠂ ᠣᠨᠴᠣᠭᠤᠢ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ      1. ᠤᠯᠤᠰ ᠤᠨ ᠬᠠᠷᠠᠭ᠎ᠠ᠂ ᠰᠤᠨᠤᠷ ᠪᠠ ᠤᠶᠤᠨ ᠤ ᠰᠠᠭᠠᠳ ᠲᠠᠢ ᠵᠡᠷᠭᠡ ᠭᠤᠷᠪᠠᠨ ᠲᠦᠷᠥᠯ ᠤᠨ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠡ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠪᠣᠯᠣᠨ ᠣᠨᠴᠣᠭᠤᠢ ᠰᠤᠷᠭᠠᠨ ᠬᠦᠮᠦᠵᠢᠯ ᠤᠨ ᠰᠤᠳᠤᠯᠤᠯ ᠤᠨ ᠵᠢᠭᠠᠨ ᠵᠢᠯᠤᠭᠤᠳᠬᠤ ᠲᠦᠪ ᠤᠳ ᠲᠤᠬᠠᠢ ᠶᠢᠨ ᠭᠠᠵᠠᠷ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠭᠠᠭᠤᠯᠢ ᠪᠠᠷ ᠢᠶᠠᠨ ᠦᠨᠳᠥᠰᠦ ᠪᠣᠯᠭᠠᠭᠰᠠᠨ ᠵᠢᠭᠠᠬᠤ ᠮᠠᠲ᠋ᠧᠷᠢᠶᠠᠯ ᠰᠤᠳᠤᠯᠤᠨ ᠨᠡᠭᠡᠭᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠬᠢᠴᠢᠶᠡᠯ ᠤᠨ ᠦᠭᠡᠷᠡᠴᠢᠯᠡᠯᠲᠡ ᠪᠠᠨ ᠲᠦᠷᠭᠡᠳᠭᠡᠵᠤ᠂ ᠬᠢᠴᠢᠶᠡᠯ ᠤᠨ ᠦᠭᠡᠷᠡᠴᠢᠯᠡᠯᠲᠡ ᠳᠤ ᠰᠤᠷᠤᠭᠴᠢ ᠶᠢᠨ ᠤᠨᠴᠠᠯᠢᠭ ᠢ ᠬᠦᠢᠴᠡᠳ ᠪᠤᠳᠤᠯᠬᠢᠯᠠᠨ᠂ ᠰᠤᠷᠭᠠᠨ ᠬᠦᠮᠦᠵᠢᠭᠦᠯᠬᠦ ᠪᠠ ᠡᠷᠡᠭᠦᠯᠵᠢᠬᠦᠯᠬᠦ ᠶᠢ ᠬᠠᠷᠢᠯᠴᠠᠨ ᠤᠶᠠᠯᠳᠤᠭᠤᠯᠵᠦ᠂ ᠠᠮᠢᠳᠤᠷᠠᠯ ᠢᠶᠠᠨ ᠦᠪᠡᠷ ᠢᠶᠠᠨ ᠠᠷᠭᠠᠴᠠᠬᠤ᠂ ᠬᠦᠮᠦᠨ ᠲᠠᠢ ᠬᠠᠷᠢᠯᠴᠠᠬᠤ᠂ ᠬᠦᠳᠡᠯᠮᠦᠷᠢᠯᠡᠬᠦ ᠪᠠ ᠠᠵᠢᠯ ᠤᠯᠬᠤ ᠵᠡᠷᠭᠡ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠷ ᠬᠦᠮᠦᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠴᠢᠬᠤᠯᠠ ᠪᠦᠬᠦᠢ ᠠᠵᠢᠯ ᠮᠡᠷᠭᠡᠵᠢᠯ ᠤᠨ ᠵᠢᠭᠠᠨ ᠰᠤᠷᠭᠠᠬᠤ ᠠᠭᠤᠯᠭ᠎ᠠ ᠨᠡᠮᠡᠵᠦ᠂ ᠠᠮᠢᠳᠦᠷᠠᠬᠤ ᠮᠡᠷᠭᠡᠵᠢᠯ ᠤᠨ ᠴᠢᠳᠠᠪᠤᠷᠢ ᠪᠤᠯᠬᠤ ᠨᠡᠶᠢᠭᠡᠮ ᠳᠤ ᠵᠤᠬᠢᠴᠠᠬᠤ ᠴᠢᠳᠠᠪᠤᠷᠢ ᠶᠢᠨ ᠬᠦᠮᠦᠵᠢᠯ ᠢ ᠴᠢᠩᠭᠠᠷᠠᠭᠤᠯᠬᠤ ᠬᠡᠷᠡᠭᠲᠡᠢ᠃ ᠦᠪᠡᠷᠲᠡᠬᠡᠨ ᠵᠠᠰᠠᠬᠤ ᠤᠷᠤᠨ ᠠᠴᠠ ᠵᠤᠬᠢᠬᠤ ᠬᠡᠮᠵᠢᠶᠡᠨ ᠤ ᠲᠤᠰᠬᠠᠢ ᠵᠦᠢᠯ ᠤᠨ ᠪᠡᠯᠡ ᠮᠦᠡᠭᠭᠦ ᠤᠷᠤᠭᠤᠯᠵᠤ᠂ ᠮᠤᠩᠭᠤᠯ ᠬᠡᠯᠡ ᠬᠡᠷᠡᠭᠯᠡᠵᠤ ᠪᠠᠶᠢᠭ᠎ᠠ ᠬᠠᠷᠠᠭ᠎ᠠ ᠠᠯᠳᠠᠭᠰᠠᠨ ᠰᠤᠷᠤᠭᠴᠢᠳ ᠬᠠᠷᠢᠴᠠᠩᠭᠤᠢ ᠲᠦᠪᠯᠡᠷᠡᠭᠰᠡᠨ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠳᠤ ᠮᠤᠩᠭᠤᠯ ᠬᠡᠯᠡ ᠬᠡᠷᠡᠭᠯᠡᠵᠦ ᠪᠠᠶᠢᠭ᠎ᠠ ᠬᠠᠷᠠᠭ᠎ᠠ ᠠᠯᠳᠠᠭᠰᠠᠳ ᠤᠨ ᠦᠰᠥᠭ ᠤᠨ ᠵᠢᠭᠠᠨ ᠰᠤᠷᠭᠠᠯᠲᠠ ᠶᠢ ᠢᠳᠡᠪᠬᠢᠲᠠᠢ ᠳᠡᠯᠭᠡᠷᠡᠭᠦᠯᠦᠨ᠎ᠡ᠃      2. ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠷᠭ᠎ᠠ ᠶᠢ ᠦᠭᠡᠷᠡᠴᠢᠯᠡᠨ᠂ ᠣᠨᠴᠣᠭᠤᠢ ᠰᠤᠷᠭᠠᠨ ᠬᠦᠮᠦᠵᠢᠯ ᠤᠨ ᠦᠪᠡᠷᠮᠢᠴᠡᠵᠢᠭᠦᠯᠥᠯᠲᠡ ᠪᠠ ᠴᠢᠭᠯᠡᠭᠦᠯᠥᠯᠲᠦ ᠴᠢᠨᠠᠷ ᠢ ᠳᠤᠪᠤᠶᠢᠯᠭᠠᠨ᠎ᠠ᠃ ᠰᠤᠷᠤᠭᠴᠢᠳ ᠤᠨ ᠳᠠᠯᠲᠠ ᠴᠢᠳᠠᠪᠤᠷᠢ ᠶᠢ ᠨᠡᠭᠡᠭᠡᠬᠦ ᠪᠠ ᠳᠤᠲᠠᠭᠳᠠᠯ ᠲᠠᠢ ᠲᠠᠯ᠎ᠠ ᠶᠢ ᠨᠦᠬᠦᠪᠦᠷᠢᠯᠡᠬᠦ ᠪᠠᠨ ᠴᠢᠬᠤᠯᠠᠴᠢᠯᠠᠵᠤ᠂ ᠵᠡᠮᠳᠡᠭ ᠰᠤᠷᠤᠭᠴᠢᠳ ᠤᠨ ᠠᠮᠢᠳᠤᠷᠠᠯ ᠳᠠᠭᠠᠨ ᠢᠳᠡᠪᠬᠢᠲᠠᠢ ᠤᠪᠤᠷ ᠢᠶᠠᠷ ᠬᠠᠨᠳᠤᠵᠦ᠂ ᠪᠦᠬᠦ ᠲᠠᠯ᠎ᠠ ᠪᠠᠷ ᠨᠡᠶᠢᠭᠡᠮ ᠯᠦᠭᠡ ᠠᠭᠤᠰᠤᠯᠴᠠᠨ ᠨᠡᠶᠢᠯᠡᠬᠦ ᠦᠵᠡᠯ ᠤᠬᠠᠮᠰᠠᠷ ᠪᠣᠯᠣᠨ ᠦᠪᠡᠷ ᠢ ᠪᠠᠨ ᠬᠦᠨᠳᠦᠳᠬᠡᠬᠦ᠂ ᠦᠪᠡᠷ ᠢ ᠢᠶᠠᠨ ᠢᠲᠡᠬᠡᠭᠦ᠂ ᠦᠪᠡᠷ ᠢ ᠢᠶᠠᠨ ᠬᠦᠴᠦᠷᠭᠡᠭᠵᠢᠭᠦᠯᠬᠦ ᠵᠤᠷᠢᠭ ᠰᠠᠨᠠᠭ᠎ᠠ ᠶᠢ ᠬᠦᠮᠥᠵᠢᠭᠦᠯᠥᠨ᠎ᠡ᠃ ᠦᠪᠡᠷᠮᠢᠴᠡᠵᠢᠭᠦᠯᠥᠭᠰᠡᠨ ᠰᠤᠷᠭᠠᠨ ᠬᠦᠮᠦᠵᠢᠯ ᠢ ᠬᠡᠷᠡᠭᠵᠢᠬᠦᠯᠦᠨ᠂ ᠵᠡᠮᠳᠡᠭ ᠰᠤᠷᠤᠭᠴᠢ ᠨᠢᠭᠡᠪᠥᠷᠢ ᠳᠤ ᠵᠣᠬᠢᠴᠠᠩᠭᠤᠢ ᠱᠠᠲᠦ ᠦᠶ᠎ᠡ ᠶᠢᠨ ᠴᠢᠨᠠᠷᠲᠠᠢ ᠬᠦᠭᠵᠢᠯᠲᠠ ᠶᠢᠨ ᠬᠠᠷᠠᠯᠲᠠ ᠪᠣᠯᠣᠨ ᠪᠦᠬᠦᠯᠢ ᠴᠤᠭᠴᠠ ᠶᠢᠨ ᠴᠢᠨᠠᠷᠲᠠᠢ ᠬᠦᠭᠵᠢᠯᠲᠡ ᠶᠢᠨ ᠬᠠᠷᠠᠯᠲᠠ ᠶᠢ ᠲᠤᠭᠲᠠᠭᠠᠨ᠎ᠠ᠃ ︽ᠡᠮᠨᠡᠨ ᠵᠠᠰᠠᠬᠤ ᠪᠠ ᠰᠤᠷᠭᠠᠨ ᠬᠦᠮᠦᠵᠢᠭᠦᠯᠬᠦ ᠶᠢ ᠤᠶᠠᠯᠳᠤᠭᠤᠯᠬᠤ︾ ᠲᠤᠷᠰᠢᠯᠲᠠ ᠶᠢ ᠦᠷᠨᠢᠬᠦᠯᠦᠨ᠂ ᠵᠡᠮᠳᠡᠭ ᠰᠤᠷᠤᠭᠴᠢᠳ ᠤᠨ ᠡᠷᠡᠬᠦᠯᠵᠢᠯ ᠤᠨ ᠬᠢᠷᠢ ᠬᠡᠮᠵᠢᠶ᠎ᠡ ᠪᠣᠯᠣᠨ ᠮᠡᠳᠡᠯᠭᠡ ᠬᠦᠷᠳᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠬᠢᠭᠡᠳ ᠡᠩ ᠤᠨ ᠰᠤᠷᠭᠠᠭᠤᠯᠢ ᠶᠢᠨ ᠲᠤᠭᠲᠠᠮᠠᠯ ᠬᠤᠭᠤᠴᠠᠭ᠎ᠠ ᠲᠠᠢ ᠪᠠᠷ ᠰᠤᠯᠢᠯᠴᠠᠬᠤ ᠠᠵᠢᠯᠯᠠᠭ᠎ᠠ ᠬᠢᠬᠦ ᠳᠦᠷᠢᠮ ᠢ ᠰᠦᠪᠡᠭᠴᠢᠯᠡᠨ ᠪᠠᠶᠢᠭᠤᠯᠵᠦ᠂ ᠨᠡᠶᠢᠯᠡᠯ ᠰᠤᠷᠭᠠᠨ ᠬᠦᠮᠦᠵᠢᠯ ᠢ ᠲᠦᠯᠬᠢᠨ ᠠᠬᠢᠭᠤᠯᠤᠨ᠎ᠠ᠃ ᠠᠵᠢᠯ ᠤᠯᠬᠤ ᠴᠢᠳᠠᠪᠤᠷᠢ ᠶᠢ ᠬᠦᠮᠦᠵᠢᠭᠦᠯᠬᠦ ᠪᠠᠷ ᠤᠳᠤᠷᠢᠳᠤᠮᠵᠢ ᠪᠤᠯᠭᠠᠨ᠂ ᠵᠡᠮᠳᠡᠭᠴᠤᠳ ᠤᠨ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠤᠨᠴᠠᠯᠢᠭ ᠢ ᠴᠢᠩᠭᠠᠷᠠᠭᠤᠯᠵᠦ᠂ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠵᠤ᠂ ᠵᠡᠮᠳᠡᠭ ᠰᠤᠷᠤᠭᠴᠢᠳ ᠤᠨ ᠠᠵᠢᠯ ᠤᠯᠬᠤ ᠵᠢᠯᠤᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠣᠨᠴᠣᠭᠤᠢ ᠰᠤᠷᠭᠠᠨ ᠬᠦᠮᠦᠵᠢᠯ ᠤᠨ ᠪᠦᠬᠦᠯᠢ ᠴᠤᠭᠴᠠ ᠪᠠᠷ ᠳᠡᠭᠡᠭᠰᠢᠯᠡᠬᠦ ᠪᠠ ᠬᠦᠭᠵᠢᠬᠦ ᠶᠢ ᠲᠦᠯᠬᠢᠨ ᠠᠬᠢᠭᠤᠯᠤᠨ᠎ᠠ᠃      ︵ᠳᠦᠷᠪᠡ︶ ᠣᠨᠴᠣᠭᠤᠢ ᠰᠤᠷᠭᠠᠨ ᠬᠦᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠪᠠᠨ ᠲᠡᠭᠦᠯᠳᠡᠷᠵᠢᠭᠦᠯᠦᠨ᠂ ᠣᠨᠴᠣᠭᠤᠢ ᠰᠤᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠥᠨ᠎ᠡ      1. ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠰᠤᠷᠤᠭᠴᠢ ᠨᠢᠭᠡᠪᠥᠷᠢ ᠶᠢᠨ ᠳᠤᠮᠳᠠᠴᠢ ᠠᠯᠪᠠᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ 3 ᠵᠢᠯ ᠤᠨ ᠳᠤᠲᠤᠷ᠎ᠠ ᠰᠤᠷᠤᠭᠴᠢ ᠨᠢᠭᠡᠪᠥᠷᠢ ᠵᠢᠯ ᠤᠨ 6000 ᠲᠦᠭᠦᠷᠢᠭ ᠪᠠᠶᠢᠬᠤ ᠦᠨᠳᠦᠰᠦᠨ ᠪᠠᠷᠢᠮᠵᠢᠶ᠎ᠡ ᠳᠤ ᠠᠯᠬᠤᠮ ᠠᠯᠬᠤᠮ ᠢᠶᠠᠷ ᠬᠦᠷᠥᠭᠦᠯᠥᠨ᠂ ᠨᠦᠬᠦᠴᠡᠯ ᠲᠠᠢ ᠠᠶᠢᠮᠠᠭ ᠬᠤᠲᠠ ᠨᠤᠭᠤᠳ ᠪᠣᠯ ᠡᠨᠡᠬᠦ ᠰᠠᠭᠤᠷᠢᠨ ᠳᠡᠭᠡᠷ᠎ᠡ ᠬᠡᠷᠡᠭᠴᠡᠭᠡ ᠪᠠᠨ ᠦᠨᠳᠦᠰᠦᠯᠡᠨ ᠵᠣᠬᠢᠰᠲᠠᠢ ᠳᠡᠭᠡᠭᠰᠢᠯᠡᠭᠦᠯᠵᠤ ᠪᠤᠯᠤᠨ᠎ᠠ᠃ ᠠᠩᠬᠢ ᠳᠠᠭᠠᠵᠦ ᠰᠤᠷᠤᠯᠴᠠᠬᠤ᠂ ᠣᠨᠴᠣᠭᠤᠢ ᠵᠢᠭᠠᠨ ᠰᠤᠷᠭᠠᠬᠤ ᠠᠩᠬᠢ ᠪᠣᠯᠣᠨ ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠦ ᠦᠶ᠎ᠡ ᠶᠢᠨ ᠰᠤᠷᠤᠭᠴᠢ ᠨᠢᠭᠡᠪᠥᠷᠢ ᠶᠢᠨ ᠳᠤᠮᠳᠠᠴᠢ ᠠᠯᠪᠠᠨ ᠬᠡᠷᠡᠭᠯᠡᠭᠡᠨ ᠤ ᠵᠠᠷᠤᠳᠠᠯ ᠢ ᠳᠡᠭᠡᠷ᠎ᠡ ᠳᠤᠷᠠᠳᠤᠭᠰᠠᠨ ᠪᠠᠷᠢᠮᠵᠢᠶ᠎ᠡ ᠪᠠᠷ ᠯᠠᠪᠯᠠᠨ ᠬᠡᠷᠡᠭᠵᠢᠭᠦᠯᠦᠨ᠎ᠡ᠃      2. ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠵᠦᠢᠯ ᠤᠨ ᠵᠠᠷᠤᠳᠠᠯ ᠢ ᠪᠠᠶᠢᠭᠤᠯᠤᠨ᠎ᠠ᠃ ︽ᠣᠨᠴᠣᠭᠤᠢ ᠰᠤᠷᠭᠠᠨ ᠬᠦᠮᠦᠵᠢᠯ ᠤᠨ ᠦᠢᠯᠡᠰ ᠤᠨ ᠭᠦᠭᠵᠢᠯᠲᠡ ᠶᠢ ᠤᠯᠠᠮ ᠨᠢᠭᠡ ᠠᠯᠬᠤᠮ ᠲᠦᠷᠭᠡᠳᠭᠡᠬᠦ ᠲᠤᠬᠠᠢ ᠰᠤᠷᠭᠠᠨ ᠬᠦᠮᠦᠵᠢᠯ ᠤᠨ ᠶᠠᠮᠤᠨ ᠵᠡᠷᠭᠡ ᠰᠠᠯᠠᠭ᠎ᠠ ᠮᠦᠴᠢᠷ ᠤᠨ ᠰᠠᠨᠠᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2009﹈ 41 ᠳ᠋ᠤᠬᠡᠷ ᠲᠤᠭᠠᠲᠤ︶᠎ ᠳᠠᠬᠢ ︽ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠵᠦᠢᠯ ᠤᠨ ᠲᠤᠰᠠᠯᠠᠮᠵᠢ ᠶᠢᠨ ᠵᠠᠷᠤᠳᠠᠯ ᠢ ᠦᠷᠭᠦᠯᠵᠢᠯᠡᠨ ᠪᠠᠶᠢᠭᠤᠯᠬᠤ ᠶᠢᠨ ᠬᠠᠮᠲᠤ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ︾ ᠭᠡᠰᠡᠨ ᠲᠤᠭᠲᠠᠭᠠᠯ ᠢ ᠦᠨᠳᠥᠰᠥᠯᠡᠨ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠵᠦᠢᠯ ᠤᠨ ᠵᠠᠷᠤᠳᠠᠯ ᠢ 1000 ᠲᠦᠮᠡᠨ ᠲᠦᠭᠦᠷᠢᠭ ᠢᠶᠠᠷ ᠦᠷᠭᠦᠯᠵᠢᠯᠡᠨ ᠲᠤᠬᠢᠷᠠᠭᠤᠯᠤᠨ᠎ᠠ᠃ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ᠂ ᠣᠨᠴᠣᠭᠤᠢ ᠰᠤᠷᠭᠠᠨ ᠬᠦᠮᠦᠵᠢᠯ ᠤᠨ ᠠᠩᠬᠢ᠂ ᠣᠨᠴᠣᠭᠤᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠪᠦᠲᠥᠭᠡᠨ ᠪᠠᠶᠢᠭᠤᠯᠤᠯᠲᠠ ᠶᠢ ᠳᠡᠮᠵᠢᠨ᠎ᠡ᠃ ᠨᠦᠬᠦᠴᠡᠯ ᠲᠠᠢ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠨᠤᠭᠤᠳ ᠤᠨ ︽ᠡᠮᠨᠡᠨ ᠵᠠᠰᠠᠬᠤ ᠪᠠ ᠰᠤᠷᠭᠠᠨ ᠬᠦᠮᠦᠵᠢᠭᠦᠯᠬᠦ ᠶᠢ ᠤᠶᠠᠯᠳᠤᠭᠤᠯᠬᠤ︾ ᠲᠤᠷᠰᠢᠯᠲᠠ ᠶᠢᠨ ᠠᠵᠢᠯ ᠦᠷᠨᠢᠭᠦᠯᠬᠦ ᠶᠢ ᠳᠡᠮᠵᠢᠨ᠎ᠡ᠃ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠢᠨ ᠣᠨᠴᠣᠭᠤᠢ ᠰᠤᠷᠭᠠᠨ ᠬᠦᠮᠦᠵᠢᠯ ᠤᠨ ᠲᠤᠰᠬᠠᠢ ᠵᠦᠢᠯ ᠤᠨ ᠵᠠᠷᠤᠳᠠᠯ ᠪᠠᠶᠢᠭᠤᠯᠵᠤ᠂ 200 ᠲᠦᠮᠠ ᠠᠴᠠ ᠳᠡᠭᠡᠭᠰᠢᠬᠢ ᠬᠦᠮᠦᠨ ᠠᠮᠠ ᠲᠠᠢ ᠠᠶᠢᠮᠠᠭ ᠬᠤᠲᠠ ᠪᠣᠯ ᠵᠢᠯ ᠪᠦᠷᠢ 200 ᠲᠦᠮᠡᠨ ᠲᠦᠭᠦᠷᠢᠭ ᠠᠴᠠ ᠲᠤᠲᠠᠭᠤ ᠦᠭᠡᠢ ᠲᠤᠰᠬᠠᠢ ᠵᠦᠢᠯ ᠤᠨ ᠵᠠᠷᠤᠳᠠᠯ ᠲᠤᠬᠢᠷᠠᠭᠤᠯᠬᠤ ᠬᠡᠷᠡᠭᠲᠡᠢ︔ 100 ᠲᠦᠮᠡ ᠠᠴᠠ 200 ᠲᠦᠮᠡᠨ ᠬᠦᠮᠦᠨ ᠠᠮᠠ ᠲᠠᠢ ᠠᠶᠢᠮᠠᠭ ᠬᠤᠲᠠ ᠪᠣᠯ ᠵᠢᠯ ᠪᠦᠷᠢ 100 ᠲᠦᠮᠡᠨ ᠲᠦᠭᠦᠷᠢᠭ ᠠᠴᠠ ᠲᠤᠲᠠᠭᠤ ᠦᠭᠡᠢ ᠲᠤᠰᠬᠠᠢ ᠵᠦᠢᠯ ᠤᠨ ᠵᠠᠷᠤᠳᠠᠯ ᠲᠤᠬᠢᠷᠠᠭᠤᠯᠬᠤ ᠬᠡᠷᠡᠭᠲᠡᠢ︔ 100 ᠲᠦᠮᠡ ᠠᠴᠠ ᠳᠣᠷᠣᠭᠰᠢ ᠬᠦᠮᠦᠨ ᠠᠮᠠ ᠲᠠᠢ ᠠᠶᠢᠮᠠᠭ ᠬᠤᠲᠠ ᠪᠣᠯ ᠵᠢᠯ ᠪᠦᠷᠢ 60 ᠲᠦᠮᠡᠨ ᠲᠦᠭᠦᠷᠢᠭ ᠠᠴᠠ ᠲᠤᠲᠠᠭᠤ ᠦᠭᠡᠢ ᠲᠤᠰᠬᠠᠢ ᠵᠦᠢᠯ ᠤᠨ ᠵᠠᠷᠤᠳᠠᠯ ᠲᠤᠬᠢᠷᠠᠭᠤᠯᠬᠤ ᠬᠡᠷᠡᠭᠲᠡᠢ︔ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶᠎ ᠤ ᠡᠳ᠋ ᠤᠨ ᠵᠠᠰᠠᠭ ᠤᠨ ᠬᠢᠨ ᠤᠨᠴᠣᠭᠤᠢ ᠰᠤᠷᠭᠠᠨ ᠬᠦᠮᠥᠵᠢᠯ ᠤᠨ ᠲᠤᠰᠬᠠᠢ ᠵᠦᠢᠯ ᠤᠨ ᠵᠠᠷᠤᠳᠠᠯ ᠢ ᠵᠢᠯ ᠪᠦᠷᠢ ᠠᠳᠠᠭ ᠲᠠᠭᠠᠨ 20 ᠲᠦᠮᠡᠨ ᠲᠦᠭᠦᠷᠢᠭ ᠠᠴᠠ ᠲᠤᠲᠠᠭᠤ ᠦᠭᠡᠢ ᠲᠤᠬᠢᠷᠠᠭᠤᠯᠬᠤ ᠬᠡᠷᠡᠭᠲᠡᠢ᠃ ᠲᠤᠰᠬᠠᠢ ᠵᠦᠢᠯ ᠤᠨ ᠵᠠᠷᠤᠳᠠᠯ ᠢ ᠭᠤᠤᠯᠳᠠᠭᠤ ᠲᠤᠬᠠᠢ ᠶᠢᠨ ᠭᠠᠵᠠᠷ ᠤᠨ ᠣᠨᠴᠣᠭᠤᠢ ᠰᠤᠷᠭᠠᠨ ᠬᠦᠮᠦᠵᠢᠯ ᠤᠨ ᠵᠢᠭᠠᠨ ᠵᠢᠯᠤᠭᠤᠳᠬᠤ ᠲᠦᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠣᠨ ᠪᠡᠯᠡᠳᠬᠡᠮᠵᠢ ᠶᠢᠨ ᠲᠤᠬᠢᠷᠠᠭᠤᠯᠤᠯᠲᠠ᠂ ᠪᠠᠭᠰᠢ ᠬᠦᠮᠦᠵᠢᠭᠦᠯᠥᠨ ᠪᠤᠯᠪᠠᠰᠤᠷᠠᠭᠤᠯᠬᠤ᠂ ᠵᠢᠭᠠᠨ ᠰᠤᠷᠭᠠᠬᠤ ᠶᠢ ᠰᠤᠳᠤᠯᠬᠤ᠂ ᠠᠩᠭᠢ ᠳᠠᠭᠠᠵᠦ ᠰᠤᠷᠤᠯᠴᠠᠬᠤ ᠶᠢᠨ ᠲᠣᠭᠤᠷᠢᠨ ᠵᠢᠭᠠᠨ ᠵᠢᠯᠤᠭᠤᠳᠬᠤ᠂ ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ ᠵᠡᠷᠭᠡ ᠶᠢ ᠳᠡᠮᠵᠢᠬᠦ ᠳᠤ ᠬᠡᠷᠡᠭᠯᠡᠨ᠎ᠡ᠃      3. ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠦ ᠦᠶ᠎ᠡ ᠶᠢᠨ ᠣᠨᠴᠣᠭᠤᠢ ᠰᠤᠷᠭᠠᠨ ᠬᠦᠮᠦᠵᠢᠯ ᠤᠨ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠬᠦᠷᠲᠡᠭᠡᠬᠦ ᠲᠠᠯ᠎ᠠ ᠪᠠᠷ ᠭᠤᠤᠯᠳᠠᠯᠭ᠎ᠠ ᠲᠠᠢ ᠬᠡᠯᠪᠠᠶᠢᠯᠭᠡᠨ᠎ᠡ᠃ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠣᠨᠴᠣᠭᠤᠢ ᠰᠤᠷᠭᠠᠨ ᠬᠦᠮᠦᠵᠢᠯ ᠤᠨ ᠰᠤᠷᠤᠭᠴᠢ᠂ ᠠᠩᠬᠢ ᠳᠠᠭᠠᠵᠦ ᠰᠤᠷᠤᠯᠴᠠᠬᠤ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠬᠦᠷᠲᠡᠭᠡᠬᠦ ᠲᠠᠯ᠎ᠠ ᠪᠠᠷ ᠭᠤᠤᠯᠳᠠᠯᠭ᠎ᠠ ᠲᠠᠢ ᠬᠡᠯᠪᠠᠶᠢᠯᠭᠡᠨ᠎ᠡ᠃      4. ᠡᠯ᠎ᠡ ᠱᠠᠲᠤᠨ ᠤ ᠡᠳ᠋ ᠤᠨ ᠵᠠᠰᠠᠭ ᠤᠨ ᠳᠡᠮᠵᠢᠵᠤ ᠪᠠᠶᠢᠭ᠎ᠠ ᠵᠡᠮᠳᠡᠭᠴᠤᠳ ᠢ ᠡᠷᠡᠬᠦᠯᠵᠢᠬᠦᠯᠬᠦ ᠲᠦᠷᠦᠯ ᠵᠦᠢᠯ ᠤᠨ ᠵᠡᠮᠳᠡᠭ ᠬᠡᠤᠭᠡᠳ ᠢ ᠡᠳ᠋ ᠮᠦᠩᠭᠦ ᠪᠠᠷ ᠲᠤᠰᠠᠯᠠᠬᠤ ᠬᠠᠷᠢᠴᠠᠯ ᠢᠶᠠᠨ ᠨᠡᠮᠡᠭᠳᠡᠭᠦᠯᠥᠨ᠎ᠡ᠃ ᠦᠪᠡᠷᠲᠡᠭᠡᠨ ᠵᠠᠰᠠᠬᠤ ᠤᠷᠤᠨ ᠠᠴᠠ ᠵᠡᠮᠳᠡᠭᠴᠤᠳ ᠤᠨ ᠠᠵᠢᠯ ᠤᠯᠭᠤᠯᠳᠠ ᠳᠤ ᠵᠣᠬᠢᠬᠤ ᠬᠠᠷᠢᠴᠠᠯ ᠤᠨ ᠪᠠᠲᠤᠯᠠᠭ᠎ᠠ ᠶᠢᠨ ᠮᠦᠡᠭᠭᠦ ᠲᠤᠬᠢᠷᠠᠭᠤᠯᠤᠨ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠬᠦᠳᠡᠯᠮᠦᠷᠢᠯᠡᠬᠦ ᠮᠡᠷᠭᠡᠵᠢᠯ ᠤᠨ ᠴᠢᠳᠠᠪᠤᠷᠢ ᠶᠢᠨ ᠰᠤᠷᠭᠠᠨ ᠬᠦᠮᠦᠵᠢᠯ ᠪᠣᠯᠣᠨ ᠵᠡᠮᠳᠡᠭ ᠢ ᠲᠡᠳᠭᠦᠵᠦ ᠰᠤᠷᠤᠯᠭ᠎ᠠ ᠳᠤᠨᠢ ᠲᠤᠰᠠᠯᠠᠬᠤ ᠠᠵᠢᠯ ᠦᠷᠨᠢᠭᠦᠯᠬᠦ ᠶᠢ ᠳᠡᠮᠵᠢᠨ᠎ᠡ᠃ ᠲᠦᠪ ᠤᠨ ᠲᠤᠰᠬᠠᠢ ᠵᠦᠢᠯ ᠤᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠡᠭᠭᠦ ᠪᠠᠷ ᠣᠨᠴᠣᠭᠤᠢ ᠰᠤᠷᠭᠠᠨ ᠬᠦᠮᠦᠵᠢᠯ ᠤᠨ ᠬᠦᠭᠵᠢᠯᠲᠡ ᠶᠢ ᠦᠷᠭᠦᠯᠵᠢᠯᠡᠨ ᠳᠡᠮᠵᠢᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠬᠡᠮ ᠤᠨ ᠪᠦᠯᠬᠦᠮ ᠪᠣᠯᠣᠨ ᠠᠷᠠᠳ ᠢᠷᠭᠡᠨ ᠬᠤᠪᠢ ᠬᠦᠮᠦᠰ ᠠᠴᠠ ᠡᠳ᠋ ᠮᠦᠡᠭᠬᠦ ᠪᠠᠷ ᠰᠤᠷᠤᠯᠭ᠎ᠠ ᠳᠤ ᠲᠤᠰᠠᠯᠠᠬᠤ ᠶᠢ ᠵᠤᠷᠢᠬᠵᠢᠭᠤᠯᠤᠨ᠎ᠠ᠃      ᠳᠦᠷᠪᠡ᠂ ᠵᠤᠬᠢᠶᠠᠨ ᠪᠠᠶᠢᠭᠤᠯᠤᠨ ᠤᠳᠤᠷᠢᠳᠬᠤ      ︵ᠨᠢᠭᠡ︶ ᠨᠢᠭᠡᠳᠦᠯᠲᠠᠢ ᠲᠦᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ      ᠡᠯ᠎ᠡ ᠭᠠᠵᠠᠷ ᠤᠷᠤᠨ ᠤ ᠬᠢᠨ ᠣᠨᠴᠣᠭᠤᠢ ᠰᠤᠷᠭᠠᠨ ᠬᠦᠮᠦᠵᠢᠯ ᠢ ᠬᠦᠭᠵᠢᠭᠦᠯᠬᠦ ᠠᠵᠢᠯ ᠢᠶᠠᠨ ᠮᠠᠨ ᠤ ᠤᠷᠤᠨ ᠤ ᠰᠤᠷᠭᠠᠨ ᠬᠦᠮᠦᠵᠢᠯ ᠤᠨ ᠲᠦᠯᠥᠪᠵᠢᠭᠦᠯᠭᠡ ᠶᠢᠨ ᠲᠣᠪᠴᠢ ᠶᠢ ᠨᠡᠶᠢᠳᠠᠪᠦᠷᠢᠵᠢᠭᠤᠯᠬᠤ ᠪᠠ ᠠᠷᠠᠳ ᠲᠦᠮᠡᠨ ᠤ ᠰᠡᠳᠭᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠶᠢᠨ ᠴᠢᠬᠤᠯᠠ ᠡᠭᠦᠷᠭᠡ ᠪᠤᠯᠭᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠣᠨᠴᠣᠭᠤᠢ ᠰᠤᠷᠭᠠᠨ ᠬᠦᠮᠦᠵᠢᠯ ᠤᠨ ᠶᠠᠪᠤᠳᠠᠯ ᠢ ᠣᠨᠴᠣᠭᠤᠢ ᠰᠢᠢᠳᠪᠥᠷᠢᠯᠡᠬᠦ᠂ ᠭᠤᠤᠯᠳᠠᠯᠭ᠎ᠠ ᠲᠠᠢ ᠲᠡᠳᠭᠦᠬᠦ ᠵᠠᠷᠴᠢᠮ ᠤᠨ ᠶᠤᠰᠤᠭᠠᠷ᠂ ᠬᠠᠮᠢᠶ᠎ᠠ ᠪᠦᠬᠦᠢ ᠪᠡᠯᠡ ᠮᠦᠡᠭᠭᠦ ᠶᠢ ᠨᠢᠭᠡᠳᠦᠯᠲᠠᠢ ᠲᠤᠬᠢᠷᠠᠭᠤᠯᠤᠨ᠂ ᠰᠤᠷᠭᠠᠨ ᠬᠦᠮᠦᠵᠢᠯ᠂ ᠬᠦᠭᠵᠢᠭᠦᠯᠥᠯᠲᠡ ᠦᠭᠡᠷᠡᠴᠢᠯᠡᠯᠲᠡ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠭ᠎ᠠ᠂ ᠡᠷᠡᠬᠦᠯ ᠬᠠᠮᠠᠭᠠᠯᠠᠯ ᠲᠦᠯᠦᠪᠯᠡᠭᠡᠲᠤ ᠦᠷᠡᠵᠢᠯ᠂ ᠵᠡᠮᠳᠡᠭᠴᠤᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠪᠣᠯᠣᠨ ᠨᠡᠶᠢᠭᠡᠮ ᠪᠦᠯᠬᠦᠮ ᠤᠳ ᠤᠨ ᠣᠨᠴᠣᠭᠤᠢ ᠰᠤᠷᠭᠠᠨ ᠬᠦᠮᠦᠵᠢᠯ ᠢ ᠬᠦᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠶᠢᠯᠠᠬᠤ ᠪᠠ ᠨᠡᠶᠢᠳᠠᠪᠤᠷᠢᠵᠢᠭᠤᠯᠬᠤ ᠬᠡᠷᠡᠭᠲᠡᠢ᠃ ᠵᠡᠮᠳᠡᠭ ᠬᠡᠤᠭᠡᠳ ᠤᠨ ᠰᠤᠷᠭᠠᠭᠤᠯᠢ ᠳᠤ ᠤᠷᠤᠬᠤ᠂ ᠦᠨᠦᠴᠢᠨ ᠵᠡᠮᠳᠡᠭ ᠬᠡᠤᠭᠡᠳ ᠢ ᠠᠰᠠᠷᠠᠨ ᠬᠦᠮᠥᠵᠢᠭᠦᠯᠬᠦ᠂ ᠵᠡᠮᠳᠡᠭ ᠬᠡᠤᠭᠡᠳ ᠢ ᠰᠢᠭᠰᠢᠨ ᠪᠠᠶᠢᠴᠠᠭᠠᠬᠤ ᠪᠠ ᠡᠮᠨᠡᠨ ᠵᠠᠰᠠᠬᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠵᠠᠷᠤᠳᠠᠯ ᠤᠨ ᠤᠷᠤᠭᠤᠯᠤᠯᠲᠠ᠂ ᠰᠤᠷᠭᠠᠭᠤᠯᠢ ᠶᠢᠨ ᠡᠷᠬᠢᠨ ᠲᠤᠭᠤᠷᠢᠨ ᠤ ᠤᠷᠴᠢᠨ ᠲᠤᠭᠤᠷᠢᠨ ᠢ ᠵᠠᠰᠠᠬᠤ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠠᠵᠤ ᠠᠬᠤᠶᠢᠯᠠᠯ ᠶᠢᠨ ᠭᠠᠶᠢᠯᠢ ᠲᠠᠲᠠᠪᠤᠷᠢ ᠶᠢ ᠬᠠᠰᠤᠵᠦ ᠬᠡᠯᠲᠦᠷᠢᠭᠦᠯᠬᠦ᠂ ᠵᠡᠮᠳᠡᠭ ᠬᠦᠮᠦᠨ ᠠᠮᠠ ᠶᠢ ᠪᠦᠷᠢᠳᠬᠡᠬᠦ᠂ ᠵᠡᠮᠳᠡᠭᠴᠤᠳ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ᠂ ᠠᠵᠢᠯ ᠤᠯᠭᠤᠵᠦ ᠳᠦᠪᠬᠢᠨᠡᠭᠦᠯᠬᠦ ᠵᠡᠷᠭᠡ ᠲᠠᠯ᠎ᠠ ᠪᠠᠷ ᠬᠦᠴᠤ ᠪᠠᠨ ᠬᠠᠮᠲᠤᠳᠬᠠᠨ ᠬᠤᠷᠰᠢᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠴᠤᠭᠭᠠᠷ ᠠᠳᠬᠤᠨ ᠬᠠᠮᠲᠤᠪᠡᠷ ᠬᠠᠮᠢᠶᠠᠷᠴᠦ᠂ ᠣᠨᠴᠣᠭᠤᠢ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠲᠦᠷᠭᠡᠳᠭᠡᠬᠦ ᠬᠡᠷᠡᠭᠲᠡᠢ᠃      ︵ᠬᠤᠶᠠᠷ︶ ᠠᠵᠢᠯ ᠤᠨ ᠲᠤᠭᠲᠠᠴᠠ ᠪᠠᠶᠢᠭᠤᠯᠬᠤ ᠬᠡᠷᠡᠭᠲᠡᠢ      ᠡᠯ᠎ᠡ ᠭᠠᠵᠠᠷ ᠤᠷᠤᠨ ᠤ ᠬᠢᠨ ᠵᠠᠰᠠᠭ ᠤᠨ ᠤᠷᠳᠤᠨ ᠤᠳᠤᠷᠢᠳᠤᠨ ᠬᠠᠷᠢᠭᠤᠴᠠᠭᠰᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠦ ᠲᠦᠯᠬᠢᠨ ᠠᠬᠢᠭᠤᠯᠤᠭᠰᠠᠨ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠬᠦᠯᠬᠦ ᠲᠦᠯᠦᠪᠯᠡᠭᠡ ᠶᠢᠨ ᠬᠡᠷᠡᠭᠵᠢᠭᠦᠯᠬᠦ ᠠᠵᠢᠯ ᠤᠨ ᠲᠣᠭᠲᠠᠴᠠ ᠪᠠᠶᠢᠭᠤᠯᠵᠤ᠂ ᠬᠠᠷᠠᠯᠲᠠ ᠶᠢᠨ ᠡᠭᠦᠷᠭᠡ ᠪᠣᠯᠣᠨ ᠭᠤᠣᠯ ᠪᠣᠯᠬᠤ ᠠᠷᠭ᠎ᠠ ᠬᠡᠮᠵᠢᠶ᠎ᠡ ᠶᠢ ᠨᠡᠶᠢᠳᠠᠪᠤᠷᠢᠵᠢᠭᠤᠯᠤᠨ᠂ ᠲᠦᠯᠦᠪᠯᠡᠭᠡ ᠪᠠᠨ ᠴᠠᠭ ᠬᠤᠭᠤᠴᠠᠭ᠎ᠠ ᠶᠣᠰᠤᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      1. ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ᠶᠢᠨ ᠬᠡᠷᠡᠭᠵᠢᠭᠦᠯᠬᠦ ᠰᠠᠨᠠᠯ ᠢᠶᠠᠨ ᠨᠢᠭᠡᠳᠤᠯᠲᠠᠢ ᠲᠤᠭᠲᠠᠭᠠᠨ᠂ ᠣᠨᠴᠣᠭᠤᠢ ᠰᠤᠷᠭᠠᠨ ᠬᠦᠮᠦᠵᠢᠯ ᠤᠨ ᠠᠵᠢᠯ ᠡᠭᠦᠷᠭᠡᠯᠡᠵᠤ ᠪᠠᠶᠢᠭ᠎ᠠ ᠰᠤᠷᠭᠠᠭᠤᠯᠢ ᠶᠢ ᠵᠢᠭᠠᠨ ᠵᠢᠯᠤᠭᠤᠳᠬᠤ ᠪᠠᠨ ᠴᠢᠩᠭᠠᠳᠬᠠᠵᠤ᠂ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠬᠦᠮᠦᠵᠢᠭᠦᠯᠦᠯ ᠪᠤᠯᠪᠠᠰᠤᠷᠠᠭᠤᠯᠤᠯ ᠢ ᠦᠷᠨᠢᠭᠦᠯᠦᠨ᠂ ᠵᠡᠮᠳᠡᠭ ᠬᠡᠤᠭᠡᠳ ᠪᠠᠭᠠᠴᠤᠳ ᠤᠨ ᠰᠤᠷᠭᠠᠨ ᠬᠦᠮᠦᠵᠢᠯ ᠤᠨ ᠮᠡᠳᠡᠭᠡ ᠵᠠᠩᠬᠢ ᠶᠢᠨ ᠬᠢᠨᠠᠨ ᠬᠡᠮᠵᠢᠬᠦ ᠦᠢᠯᠡᠴᠢᠯᠡᠭᠡ ᠪᠠ ᠬᠦᠳᠡᠯᠦᠩᠭᠦᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃      2. ᠬᠦᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠳ ᠣᠨᠴᠣᠭᠤᠢ ᠰᠤᠷᠭᠠᠨ ᠬᠦᠮᠦᠵᠢᠯ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠦᠯᠥᠪᠵᠢᠭᠦᠯᠭᠡ ᠳᠡᠭᠡᠨ ᠤᠷᠤᠭᠤᠯᠵᠤ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢ ᠲᠦᠯᠥᠪᠵᠢᠭᠦᠯᠵᠦ ᠪᠦᠲᠦᠭᠡᠨ ᠪᠠᠶᠢᠭᠤᠯᠬᠤ ᠪᠠᠨ ᠴᠢᠩᠭᠠᠳᠬᠠᠬᠤ ᠬᠡᠷᠡᠭᠲᠡᠢ᠃      3. ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠠᠰᠠᠷᠠᠮᠵᠢ ᠶᠢᠨ ᠪᠠᠶᠢᠭᠤᠯᠤᠮᠵᠢ ᠳᠠᠬᠢ ᠦᠨᠦᠴᠢᠨ ᠵᠡᠮᠳᠡᠭ ᠬᠡᠤᠭᠡᠳ ᠢ ᠠᠰᠠᠷᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠠᠢ᠃      4. ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠣᠨᠴᠣᠭᠤᠢ ᠰᠤᠷᠭᠠᠨ ᠬᠦᠮᠦᠵᠢᠯ ᠳᠠᠬᠢ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠣᠨᠴᠣᠭᠤᠢ ᠰᠤᠷᠭᠠᠨ ᠬᠦᠮᠦᠵᠢᠯ ᠤᠨ ᠰᠤᠷᠤᠭᠴᠢᠳ ᠢ ᠡᠳ᠋ ᠮᠦᠩᠭᠦ ᠪᠠᠷ ᠲᠤᠰᠠᠯᠠᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃      5. ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠴᠠᠯᠢᠩ ᠪᠣᠯᠣᠨ ᠠᠰᠠᠷᠠᠮᠵᠢ ᠣᠯᠭᠤᠮᠵᠢ ᠵᠡᠷᠭᠡ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠡᠶᠢᠳᠠᠪᠤᠷᠢᠵᠢᠭᠤᠯᠬᠤ ᠬᠡᠷᠡᠭᠲᠡᠢ᠃      6. ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠰᠠᠯᠠᠭ᠎ᠠ ᠮᠦᠴᠢᠷ  ᠤᠳ  ᠵᠡᠮᠳᠡᠭ  ᠬᠡᠤᠭᠡᠳ  ᠪᠠᠭᠠᠴᠤᠳ  ᠢ  ᠬᠢᠨᠠᠨ  ᠲᠤᠭᠲᠠᠭᠠᠬᠤ  ᠂ ᠡᠮᠴᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡ ᠪᠠᠨ ᠰᠠᠶᠢᠲᠤᠷ ᠬᠢᠬᠦ ᠬᠡᠷᠡᠭᠲᠠᠢ᠃      7. ᠵᠡᠮᠳᠡᠭᠴᠤᠳ ᠤᠨ ᠬᠤᠯᠪᠤᠭ᠎ᠠ ᠨᠤᠭᠤᠳ ᠵᠡᠮᠳᠡᠭ ᠬᠡᠤᠭᠡᠳ ᠪᠠᠭᠠᠴᠤᠳ ᠢ ᠡᠷᠡᠭᠦᠯᠵᠢᠭᠦᠯᠬᠦ᠂ ᠠᠵᠢᠯ ᠤᠯᠭᠤᠬᠤ ᠪᠠᠲᠤᠯᠠᠭ᠎ᠠ᠂ ᠲᠦᠪ ᠤᠨ ᠲᠤᠰᠬᠠᠢ ᠵᠦᠢᠯ ᠤᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠡᠭᠭᠦ ᠵᠡᠷᠭᠡ ᠲᠦᠷᠦᠯ ᠵᠦᠢᠯ ᠢᠶᠠᠷ ᠳᠡᠮᠵᠢᠯᠭᠡ ᠦᠵᠡᠭᠦᠯᠬᠦ ᠠᠵᠢᠯ ᠢᠶᠠᠨ ᠰᠠᠶᠢᠲᠤᠷ ᠬᠢᠵᠤ᠂ ᠰᠤᠷᠭᠠᠭᠤᠯᠢ ᠳᠤ ᠤᠷᠤᠭᠠᠳᠥᠢ ᠲᠣᠬᠢᠷᠠᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠪᠤᠲᠠᠲᠤ ᠨᠡᠷ᠎ᠡ ᠶᠢ ᠪᠠᠶᠢᠴᠠᠭᠠᠨ ᠪᠦᠷᠢᠳᠭᠡᠬᠦ ᠠᠵᠢᠯ ᠪᠣᠯᠣᠨ ᠵᠡᠮᠳᠡᠭ ᠬᠡᠤᠭᠡᠳ ᠪᠠᠭᠠᠴᠤᠳ ᠢ ᠡᠷᠡᠭᠦᠯᠵᠢᠬᠦᠯᠬᠦ ᠪᠤᠯᠪᠠᠰᠤᠷᠠᠯ ᠬᠢᠭᠡᠳ ᠲᠤᠰᠠᠯᠠᠬᠤ ᠪᠠᠭᠠᠵᠢ ᠲᠤᠬᠢᠷᠠᠭᠤᠯᠤᠨ ᠣᠯᠭᠤᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃      ︵ᠭᠤᠷᠪᠠ︶ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ      ᠦᠪᠡᠷᠲᠡᠭᠡᠨ ᠵᠠᠰᠠᠬᠤ ᠤᠷᠤᠨ ᠠᠴᠠ ᠲᠤᠭᠲᠠᠮᠠᠯ ᠬᠤᠭᠤᠴᠠᠭ᠎ᠠ ᠲᠠᠢ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠎ ᠤ ᠣᠨᠴᠣᠭᠤᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ᠶᠢᠨ ᠬᠡᠷᠡᠭᠵᠢᠭᠦᠯᠵᠦ ᠪᠠᠶᠢᠭ᠎ᠠ ᠠᠬᠢᠴᠠ ᠶᠢᠨ ᠪᠠᠶᠢᠳᠠᠯ ᠢ ᠪᠠᠶᠢᠴᠠᠭᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠨᠢ ᠬᠤᠰᠢᠭᠤ ᠰᠢᠶᠠᠨ ︵ᠬᠤᠲᠠ᠂ ᠲᠤᠭᠤᠷᠢᠭ︶᠎ ᠢᠶᠠᠷ ᠨᠢᠭᠡᠴᠢ ᠪᠤᠯᠭᠠᠨ᠂ ᠵᠡᠮᠳᠡᠭ ᠬᠡᠤᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠨᠤᠷᠮ᠎ᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠬᠦᠷᠲᠡᠬᠦ ᠨᠤᠷᠮ᠎ᠠ᠂ ᠠᠩᠬ᠎ᠠ ᠵᠡᠷᠭᠡ ᠶᠢᠨ ᠳᠤᠮᠳᠠᠳᠦ ᠰᠤᠷᠭᠠᠭᠤᠯᠢ ᠠᠴᠠ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠳᠤ ᠳᠡᠪᠰᠢᠬᠦ ᠬᠠᠷᠢᠴᠠᠯ᠂ ᠣᠨᠴᠣᠭᠤᠢ ᠰᠤᠷᠭᠠᠨ ᠬᠦᠮᠦᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠠᠷᠢᠴᠠᠯ᠂ ᠣᠨᠴᠣᠭᠤᠢ ᠰᠤᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠲᠠ ᠵᠡᠷᠭᠡ ᠶᠢ ᠬᠢᠨᠠᠨ ᠵᠢᠯᠤᠭᠤᠳᠴᠤ ᠦᠨᠡᠯᠡᠨ ᠵᠢᠱᠢᠵᠦ ᠰᠢᠯᠭᠠᠨ ᠠᠪᠬᠤ ᠶᠢᠨ ᠴᠢᠬᠤᠯᠠ ᠬᠦᠢᠴᠡᠳᠭᠡᠬᠦ ᠲᠤᠭ᠎ᠠ ᠪᠤᠯᠭᠠᠵᠦ᠂ ᠤᠨ ᠤ ᠬᠢᠨᠠᠨ ᠵᠢᠯᠤᠭᠤᠳᠴᠤ ᠦᠨᠡᠯᠡᠨ ᠵᠢᠱᠢᠯᠲᠡ ᠬᠢᠬᠦ ᠬᠡᠷᠡᠭᠲᠡᠢ᠃      ᠵᠡᠮᠳᠡᠭ ᠬᠡᠤᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ ᠨᠢ ᠪᠠᠷᠢᠮᠵᠢᠶ᠎ᠠ ᠳᠤ ᠬᠦᠷᠥᠭᠡᠳᠥᠢ ᠬᠤᠰᠢᠭᠤ ᠰᠢᠶᠠᠨ ︵ᠬᠤᠲᠠ᠂ ᠲᠤᠭᠤᠷᠢᠭ︶᠎ ᠢ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠦᠨᠳᠦᠰᠦᠨ ᠳᠡᠭᠡᠨ ᠲᠡᠩᠴᠡᠭᠦᠷᠢᠲᠠᠢ ᠰᠢᠶᠠᠨ ᠢᠶᠠᠷ ᠮᠡᠳᠡᠭᠦᠯᠵᠤ ᠪᠤᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号