ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/3/30
       ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢ   ᠦᠨᠡᠨᠬᠦ ᠴᠢᠩᠭᠠᠳᠬᠠᠵᠤ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ      ᠲᠦᠯᠬᠢᠨ ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ             ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ                         ᠥᠪᠥᠷ ᠵᠠᠰᠠᠭ ᠠᠯᠪᠠᠨ ᠲᠠᠷᠬᠠᠭᠠᠭᠰᠠᠨ ﹇2014﹈ 117 ᠳ᠋ᠤᠭᠠᠷ ᠲᠤᠭᠠᠳᠤ                                               11 ᠳ᠋ᠤᠭᠠᠷ ᠰᠠᠷ᠎ᠠ ᠶᠢᠨ 9᠎ ᠤ ᠡᠳᠦᠷᠡᠯ᠎ᠡ ᠠᠶᠢᠮᠠᠭ ᠤᠨ ᠵᠡᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠮᠠᠨᠵᠤᠤᠷ ᠬᠤᠳᠠ᠂ ᠡᠷᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠵᠤ ᠠᠬᠤᠶᠢᠯᠠᠯ ᠤᠨ ᠮᠡᠳᠡᠭᠡ ᠵᠠᠩᠬᠢ ᠶᠢ ᠨᠡᠶᠢᠳᠡᠯᠡᠬᠦ ᠲᠦᠷ ᠬᠡᠷᠡᠭᠵᠢᠬᠦᠯᠬᠦ ᠲᠦᠷᠢᠮ︾ ︵ᠲᠤᠷᠤᠭᠰᠢ ︽ᠲᠦᠷᠢᠮ︾ ᠭᠡᠵᠤ ᠲᠤᠪᠴᠢᠯᠠᠨ᠎ᠠ︶ ᠵᠢᠴᠢ ᠲᠦᠬᠦᠷ ᠲᠦᠷᠢᠮ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠩᠰᠠᠯᠠᠭᠤᠯᠬᠤ ᠬᠦᠷᠦᠩᠭᠡ ᠶᠢ ᠲᠠᠩᠰᠠᠯᠠᠨ ᠲᠡᠮᠳᠡᠭᠯᠡᠬᠦ ᠲᠦᠷᠢᠮ ᠤᠨ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠪᠠᠬᠢᠵᠢᠬᠦᠯᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠶᠢᠨ ᠲᠤᠰᠠᠳᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ᠂ ᠡᠳᠦᠭᠡ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠤ ᠮᠡᠳᠡᠭᠳᠡᠪᠡ᠄      ᠨᠢᠭᠡ᠂ ᠦᠵᠡᠯ ᠰᠠᠨᠠᠭ᠎ᠠ ᠪᠠᠨ ᠨᠢᠭᠡᠳᠭᠡᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠪᠠᠨ ᠲᠡᠭᠡᠭᠰᠢᠯᠡᠬᠦᠯᠬᠦ ᠬᠡᠷᠡᠭᠳᠡᠢ      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠤ᠂ ᠵᠠᠬ᠎ᠠ ᠲᠡᠯᠭᠡᠬᠦᠷ ᠤᠨ ᠡᠬᠢ ᠪᠡᠶᠠᠯᠢᠭ ᠤᠨ ᠲᠤᠬᠢᠷᠠᠭᠤᠯᠤᠯᠳᠠ ᠶᠢᠨ ᠲᠤᠮᠳᠠᠬᠢ ᠰᠢᠢᠳᠪᠦᠷᠢᠯᠡᠬᠦ ᠴᠢᠨᠠᠷᠳᠠᠢ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠢᠳᠡᠭᠡᠮᠵᠢ ᠤᠯᠬᠤ ᠰᠢᠰᠲ᠋ᠧᠮᠵᠢ ᠶᠢ ᠲᠠᠷᠦ᠋ᠢᠬᠠᠨ ᠪᠠᠶᠢᠭᠤᠯᠤᠨ ᠪᠦᠷᠢᠨᠰᠢᠬᠦᠯᠵᠤ᠂ ᠦᠨᠡᠨᠴᠢ ᠢᠳᠡᠭᠡᠮᠵᠢ ᠲᠠᠢ ᠪᠠᠶᠢᠬᠤ ᠶᠢ ᠰᠠᠶᠢᠰᠢᠶᠠᠨ ᠮᠠᠭᠳᠠᠵᠤ᠂ ᠢᠳᠡᠭᠡᠮᠵᠢ ᠪᠠᠨ ᠠᠯᠳᠠᠬᠤ ᠶᠢ ᠵᠠᠯᠬᠠᠭᠠᠨ ᠴᠡᠭᠡᠷᠯᠡᠬᠦᠯᠬᠦ ᠬᠡᠷᠡᠭᠳᠡᠢ ᠭᠡᠵᠤ ᠲᠤᠳᠤᠷᠬᠠᠢ ᠲᠤᠷᠠᠳᠤᠭᠰᠠᠨ ᠪᠠᠶᠢᠨ᠎ᠠ᠃ ᠡᠨᠡ ᠵᠢᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠎ ᠳᠤ ᠴᠤ᠂ ᠲᠠᠯᠪᠢᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠬᠡᠷᠡᠭ ᠤᠨ ᠲᠤᠮᠳᠠ ᠬᠡᠷᠡᠭ ᠤᠨ ᠲᠠᠷᠠᠭᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠵᠠᠬ᠎ᠠ ᠲᠡᠯᠭᠡᠭᠦᠷ ᠤᠨ ᠦᠷᠢᠰᠦᠯᠳᠦᠭᠡᠨ ᠤ ᠵᠠᠷᠴᠢᠮ ᠠᠴᠠ ᠵᠦᠷᠢᠴᠡᠭᠰᠡᠨ ᠪᠠ ᠬᠡᠷᠡᠭᠯᠡᠭᠴᠢᠳ ᠤᠨ ᠡᠷᠭᠡ ᠠᠰᠢᠭ ᠲᠤ ᠬᠠᠯᠳᠠᠭᠰᠠᠨ ᠠᠵᠤ ᠠᠬᠤᠶᠢᠯᠠᠯ ᠳᠤ ᠬᠠᠷ᠎ᠠ ᠲᠠᠩᠰᠠ ᠶᠢᠨ ᠲᠦᠷᠢᠮ ᠲᠤᠭᠳᠠᠭᠠᠵᠤ᠂ ᠢᠳᠡᠭᠡᠯ ᠠᠯᠳᠠᠭᠰᠠᠳ ᠢ ᠶᠠᠪᠤᠬᠤ ᠶᠢᠨ ᠠᠷᠭ᠎ᠠ ᠦᠭᠡᠢ ᠪᠤᠯᠭᠠᠵᠤ᠂ ᠢᠳᠡᠭᠡᠯ ᠤᠯᠤᠭᠰᠠᠳ ᠲᠤ ᠰᠠᠭᠠᠳ ᠦᠭᠡᠢ ᠵᠠᠮ ᠲᠠᠯᠪᠢᠵᠤ ᠂ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠰᠢᠨ᠎ᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠪᠠᠳᠠᠷᠠᠭᠤᠯᠬᠤ ᠬᠡᠷᠡᠭᠳᠡᠢ ᠭᠡᠵᠤ ᠲᠤᠳᠤᠷᠬᠠᠢ ᠲᠤᠷᠠᠳᠤᠭᠰᠠᠨ ᠪᠠᠶᠢᠨ᠎ᠠ᠃ ︽ᠲᠦᠷᠢᠮ︾᠎ ᠢ ᠨᠡᠶᠢᠳᠡᠯᠡᠭᠰᠡᠨ ᠪᠠ ᠬᠡᠷᠡᠭᠵᠢᠬᠦᠯᠦᠭᠰᠡᠨ ᠨᠢ᠂ ᠠᠵᠤ ᠦᠢᠯᠡᠳᠪᠦᠷᠢ ᠬᠤᠳᠠᠯᠳᠤᠭᠠᠨ ᠤ ᠲᠠᠩᠰᠠᠯᠠᠭᠤᠯᠬᠤ ᠲᠦᠷᠢᠮ ᠤᠨ ᠦᠭᠡᠷᠡᠴᠢᠯᠡᠯᠳᠡ ᠶᠢᠨ ᠤᠷᠤᠭᠰᠢᠳᠠᠢ ᠬᠡᠷᠡᠭᠵᠢᠬᠦᠯᠦᠭᠳᠡᠬᠦ ᠶᠢ ᠪᠠᠳᠤᠯᠠᠬᠤ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠎ ᠢ ᠨᠠᠶᠢᠳᠠᠪᠤᠷᠢᠵᠢᠭᠤᠯᠬᠤ ᠳᠤ ᠴᠢᠬᠤᠯᠠ ᠲᠦᠷᠢᠮ ᠤᠨ ᠲᠤᠯᠭᠠᠭᠤᠷᠢᠯ ᠢ ᠬᠠᠩᠭᠠᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠪᠠᠨ ᠨᠡᠶᠢᠳᠡᠯᠡᠬᠦ ᠲᠦᠷᠢᠮ ᠢ ᠲᠤᠭᠳᠠᠭᠠᠬᠤ ᠳᠤ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠭᠰᠠᠨ ᠪᠠᠶᠢᠨ᠎ᠠ᠃ ︽ᠲᠦᠷᠢᠮ︾᠎ ᠳᠤ ᠪᠠᠶᠢᠷᠢᠰᠢᠭᠤᠯᠤᠭᠰᠠᠨ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠪᠤᠯ ︽ᠤᠷᠤᠭᠤᠯᠬᠤ ᠳᠤ ᠰᠤᠯᠠ ᠬᠠᠮᠢᠶᠠᠷᠬᠤ ᠨᠢ ᠴᠢᠩᠭ᠎ᠠ ᠪᠠᠶᠢᠬᠤ︾᠎ ᠶᠢᠨ ᠭᠤᠤᠯ ᠴᠢᠮᠦᠭᠡ ᠪᠠ ᠠᠮᠢᠨ ᠰᠦᠨᠡᠰᠦ ᠪᠠᠶᠢᠵᠤ᠂ ᠲᠠᠩᠰᠠᠯᠠᠭᠤᠯᠬᠤ ᠬᠦᠷᠦᠩᠭᠡ ᠶᠢ ᠳᠠᠩᠰᠠᠯᠠᠨ ᠲᠡᠮᠳᠡᠭᠯᠡᠬᠦ ᠲᠦᠷᠢᠮ ᠤᠨ ᠦᠭᠡᠷᠡᠴᠢᠯᠡᠯᠳᠡ ᠶᠢᠨ ᠲᠤᠰᠬᠤ ᠴᠡᠭ ᠪᠠ ᠴᠢᠬᠤᠯᠠ ᠵᠠᠩᠬᠢᠯᠠᠭ᠎ᠠ ᠪᠠᠶᠢᠵᠤ᠂ ᠮᠦᠨ ᠴᠤ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢᠨ ᠰᠠᠭᠤᠷᠢ ᠪᠠ ᠴᠢᠬᠤᠯᠠ ᠪᠦᠷᠢᠯᠳᠤᠬᠦᠨ ᠬᠡᠰᠡᠭ ᠪᠤᠯᠤᠨ᠎ᠠ᠃ ᠠᠵᠤ ᠠᠬᠤᠶᠢᠯᠠᠯ ᠤᠨ ᠢᠳᠡᠭᠡᠮᠵᠢ ᠶᠢᠨ ᠪᠠᠶᠢᠳᠠᠯ ᠨᠢ ᠠᠵᠤ ᠠᠬᠤᠶᠢᠯᠠᠯ ᠤᠨ ᠲᠤᠰ ᠪᠡᠶ᠎ᠡ ᠶᠢᠨ ᠬᠦᠭᠵᠢᠯᠳᠡ ᠲᠠᠢ ᠬᠤᠯᠪᠤᠭᠳᠠᠬᠤ ᠪᠠᠷ ᠪᠠᠷᠠᠬᠤ ᠦᠬᠡᠢ᠂ ᠪᠠᠰᠠ ᠵᠠᠬ᠎ᠠ ᠲᠡᠯᠭᠡᠬᠦᠷ ᠤᠨ ᠰᠤᠯᠢᠯᠴᠠᠭᠠᠨ ᠤ ᠠᠮᠤᠷ ᠲᠦᠪᠰᠢᠨ ᠪᠠ ᠠᠵᠤ ᠠᠬᠤᠢ ᠶᠢᠨ ᠡᠮᠬᠢ ᠲᠢᠭᠯᠢᠮ ᠤᠨ ᠰᠠᠶᠢᠨ ᠮᠠᠭᠤ ᠲᠠᠢ ᠰᠢᠭᠤᠳ ᠬᠤᠯᠪᠤᠭᠳᠠᠨ᠎ᠠ᠃ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢ ᠪᠠᠶᠢᠭᠤᠯᠬᠤ ᠶᠠᠪᠤᠳᠠᠯ ᠪᠤᠯ ᠵᠠᠬ᠎ᠠ ᠲᠡᠯᠭᠡᠬᠦᠷ ᠤᠨ ᠠᠵᠤ ᠠᠬᠤᠢ ᠶᠢᠨ ᠡᠮᠬᠢ ᠲᠢᠭᠯᠢᠮ ᠢ ᠵᠢᠷᠤᠮᠵᠢᠭᠤᠯᠬᠤ ᠶᠢᠨ ᠦᠨᠳᠦᠰᠦ ᠠᠴᠠ ᠨᠢ ᠵᠠᠰᠠᠬᠤ ᠪᠤᠳᠤᠯᠭ᠎ᠠ ᠪᠠᠶᠢᠵᠤ᠂ ᠨᠠᠶᠢᠭᠡᠮ ᠤᠨ ᠢᠳᠡᠭᠡᠮᠵᠢᠳᠠᠢ ᠪᠠᠶᠢᠬᠤ ᠶᠢᠨ ᠬᠦᠷᠦᠯᠴᠡᠬᠦ ᠦᠭᠡᠢ ᠲᠠᠯ᠎ᠠ ᠶᠢ ᠰᠢᠢᠳᠪᠦᠷᠢᠯᠡᠵᠤ᠂ ᠠᠵᠤ ᠠᠬᠤᠢ ᠨᠡᠶᠢᠭᠡᠮ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠬᠤ ᠨᠢ ᠠᠵᠤ ᠠᠬᠤᠶᠢᠯᠠᠯ ᠤᠨ ᠡᠵᠡᠩᠨᠡᠯᠳᠡ ᠶᠢᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠢᠯᠡ᠂ ᠭᠤᠤᠯᠴᠢ᠂ ᠲᠦᠪ ᠭᠤᠤᠯᠴᠢ ᠪᠠᠶᠢᠬᠤ ᠵᠠᠬ᠎ᠠ ᠲᠡᠯᠭᠡᠬᠦᠷ ᠤᠨ ᠲᠢᠭᠯᠢᠮ ᠢ ᠬᠠᠮᠠᠭᠠᠯᠠᠵᠤ᠂ ᠵᠠᠬ᠎ᠠ ᠲᠡᠯᠭᠡᠬᠦᠷ ᠪᠠ ᠨᠡᠶᠢᠭᠡᠮ ᠤᠨ ᠤᠯᠠᠨ ᠨᠡᠶᠢᠳᠡ ᠶᠢᠨ ᠢᠳᠡᠭᠡᠮᠵᠢ ᠶᠢᠨ ᠦᠨᠡᠯᠡᠯᠳᠡ ᠶᠢᠨ ᠰᠠᠭᠤᠷᠢ ᠦᠢᠯᠡᠳᠦᠯ ᠢ ᠬᠦᠢᠴᠡᠳ ᠪᠠᠳᠠᠷᠠᠭᠤᠯᠵᠤ᠂ ᠴᠢᠨᠠᠭᠰᠢᠳᠠ ︽ᠢᠳᠡᠭᠡᠮᠵᠢᠳᠡᠢ ᠦᠪᠦᠷ ᠮᠤᠩᠭᠤᠯ︾᠎ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠷᠬᠡᠪᠰᠢ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠲᠡᠭᠡᠳᠤ ᠬᠡᠮᠵᠢᠶ᠎ᠡ ᠠᠴᠠ ᠡᠬᠦᠰᠴᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠪᠠᠨ ᠴᠢᠩᠭᠠᠳᠬᠠᠬᠤ ᠶᠢ ᠦᠨᠡᠨᠬᠦ ᠲᠡᠭᠡᠭᠰᠢᠯᠡᠬᠦᠯᠬᠦ ᠶᠢᠨ ᠬᠠᠮᠳᠤ᠂ ᠲᠡᠬᠦᠨ ᠢ ᠵᠠᠰᠠᠭ ᠤᠨ ᠤᠷᠳᠤᠨ ᠤ ᠡᠬᠦᠷᠭᠡ ᠴᠢᠳᠠᠪᠤᠷᠢ ᠪᠠᠨ ᠬᠤᠪᠢᠷᠠᠭᠤᠯᠵᠤ᠂ ᠰᠢᠯᠢᠳᠡᠭ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠬᠤ᠂ ᠨᠡᠶᠢᠭᠡᠮ ᠤᠨ ᠢᠳᠡᠭᠡᠮᠵᠢᠳᠠᠢ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ ᠨᠡᠶᠢᠭᠡᠮ ᠤᠨ ᠲᠦᠪ ᠭᠤᠤᠯᠴᠢ ᠶᠢ ᠬᠠᠮᠠᠭᠠᠯᠠᠵᠤ᠂ ᠰᠠᠶᠢᠨ ᠰᠠᠶᠢᠬᠠᠨ ᠬᠦᠭᠵᠢᠯᠳᠡ ᠶᠢᠨ ᠤᠷᠴᠢᠨ ᠲᠤᠭᠤᠷᠢᠨ ᠢ ᠪᠤᠢ ᠪᠤᠯᠭᠠᠬᠤ ᠴᠢᠬᠤᠯᠠ ᠠᠵᠢᠯ ᠪᠤᠯᠭᠠᠨ ᠠᠳᠬᠤᠵᠤ᠂ ᠪᠤᠳᠠᠳᠤ ᠠᠮᠵᠢᠯᠳᠠ ᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃      ᠬᠤᠶᠠᠷ᠂ ᠭᠤᠤᠯᠳᠠᠯᠭ᠎ᠠ ᠶᠢ ᠠᠳᠬᠤᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠬᠡᠷᠡᠭᠳᠡᠢ      ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠨᠢ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠨᠡᠶᠢᠳᠡᠯᠡᠬᠦ ᠰᠢᠰᠲ᠋ᠧᠮ ᠢᠶᠠᠷ ᠲᠠᠪᠴᠠᠩ ᠪᠤᠯᠭᠠᠵᠤ᠂ ᠤᠯᠤᠰ ᠤᠨ ᠨᠢᠭᠤᠴᠠ᠂ ᠪᠤᠰᠤᠳ ᠤᠨ ᠬᠤᠳᠠᠯᠳᠤᠭᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠶᠢ ᠬᠠᠮᠠᠭᠠᠯᠠᠬᠤ ᠪᠠᠷ ᠤᠷᠢᠳᠠᠯ ᠪᠤᠯᠭᠠᠵᠤ᠂ ᠬᠠᠤᠯᠢ ᠳᠤ ᠨᠡᠶᠢᠴᠡᠭᠰᠡᠨ᠂ ᠦᠨᠡᠨ ᠪᠤᠳᠠᠳᠠᠢ᠂ ᠪᠦᠷᠢᠨ ᠲᠡᠬᠦᠯᠳᠡᠷ ᠪᠠᠶᠢᠬᠤ ᠵᠠᠷᠴᠢᠮ ᠢ ᠵᠢᠷᠤᠮᠯᠠᠨ᠎ᠠ᠃ ᠪᠦᠳᠦᠭᠡᠨ ᠪᠠᠶᠢᠭᠤᠯᠤᠯᠳᠠ ᠨᠢ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠳ᠋ᠡᠶᠢᠲ᠋ᠠ ᠬᠦᠮᠦᠷᠭᠡ ᠪᠠᠷ ᠰᠠᠭᠤᠷᠢ ᠪᠤᠯᠭᠠᠵᠤ᠂ ᠠᠵᠤ ᠠᠬᠤᠶᠢᠯᠠᠯ ᠤᠨ ᠮᠡᠳᠡᠭᠡ ᠵᠠᠩᠬᠢ ᠶᠢ ᠲᠦᠪᠯᠡᠷᠡᠬᠦᠯᠦᠨ ᠨᠡᠶᠢᠳᠡᠯᠡᠵᠤ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠪᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ ᠢᠶᠠᠨ ᠬᠦᠢᠴᠡᠳᠭᠡᠬᠦ ᠶᠠᠪᠤᠴᠠ ᠶᠢᠨ ᠲᠤᠮᠳᠠ ᠪᠤᠢ ᠪᠤᠯᠤᠭᠰᠠᠨ ᠠᠵᠤ ᠠᠬᠤᠶᠢᠯᠠᠯ ᠤᠨ ᠢᠳᠡᠭᠡᠮᠵᠢ ᠶᠢᠨ ᠪᠠᠶᠢᠳᠠᠯ ᠪᠠ ᠬᠠᠤᠯᠢ ᠶᠢ ᠵᠢᠷᠣᠮᠯᠠᠭᠰᠠᠨ ᠪᠠᠶᠢᠳᠠᠯ ᠢ ᠮᠠᠭᠠᠳᠯᠠᠬᠤ ᠳᠤ ᠬᠡᠷᠡᠭᠰᠡᠬᠦ ᠡᠯ᠎ᠡ ᠲᠦᠷᠦᠯ ᠤᠨ ᠮᠡᠳᠡᠭᠡ ᠵᠠᠩᠬᠢ ᠶᠢ ᠨᠡᠶᠢᠳᠡᠯᠡᠵᠤ᠂ ᠠᠵᠤ ᠠᠬᠤᠶᠢᠯᠠᠯ ᠤᠨ ᠲᠡᠮᠳᠡᠭᠯᠡᠨ ᠲᠠᠩᠰᠠᠯᠠᠭᠤᠯᠤᠭᠰᠠᠨ ᠮᠡᠳᠡᠭᠡ ᠵᠠᠩᠬᠢ᠂ ᠵᠠᠰᠠᠭ ᠵᠠᠬᠢᠷᠭᠠᠨ ᠤ ᠵᠦᠪᠰᠢᠶᠠᠷᠡᠯ ᠤᠨ ᠮᠡᠳᠡᠭᠡ ᠵᠠᠩᠬᠢ᠂ ᠵᠠᠰᠠᠭ ᠵᠠᠬᠢᠷᠭᠠᠨ ᠤ ᠲᠤᠷᠭᠠᠭᠤᠯᠢ ᠶᠢᠨ ᠮᠡᠳᠡᠭᠡ ᠵᠠᠩᠬᠢ ᠵᠡᠷᠭᠡ ᠶᠢ ᠪᠠᠭᠳᠠᠭᠠᠵᠤ᠂ ᠨᠡᠶᠢᠭᠡᠮ ᠤᠨ ᠤᠯᠠᠨ ᠨᠡᠶᠢᠳᠡ ᠪᠠ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠴᠠ ᠠᠵᠤ ᠠᠬᠤᠶᠢᠯᠠᠯ ᠤᠨ ᠮᠡᠳᠡᠭᠡ ᠵᠠᠩᠬᠢ ᠶᠢ ᠴᠦᠮ ᠪᠠᠶᠢᠴᠠᠭᠠᠨ ᠯᠠᠪᠯᠠᠬᠤ ᠪᠠ ᠠᠰᠢᠭᠯᠠᠵᠤ ᠪᠤᠯᠤᠨ᠎ᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠲᠠᠮᠵᠢᠨ ᠮᠡᠳᠡᠭᠡ ᠵᠠᠩᠬᠢ᠂ ᠰᠤᠭᠤᠴᠠᠨ ᠪᠠᠶᠢᠴᠠᠭᠠᠭᠰᠠᠨ ᠮᠡᠳᠡᠭᠡ ᠵᠠᠩᠬᠢ᠂ ᠡᠵᠡᠩᠨᠠᠯᠳᠠ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠳᠠ ᠪᠠ ᠬᠠᠤᠯᠢ ᠶᠢ ᠬᠦᠨᠳᠤ ᠨᠤᠴᠢᠳᠠᠢ ᠵᠦᠷᠢᠴᠡᠭᠰᠡᠨ ᠠᠵᠤ ᠠᠬᠤᠶᠢᠯᠠᠯ ᠤᠨ ᠨᠡᠷᠡᠰ ᠢ ᠨᠡᠶᠢᠳᠡᠯᠡᠬᠦ ᠵᠡᠷᠭᠡ ᠠᠷᠭ᠎ᠠ ᠪᠠᠷᠢᠯ ᠢᠶᠠᠷ ᠲᠠᠮᠵᠢᠨ ᠵᠠᠰᠠᠭ ᠤᠨ ᠤᠷᠳᠤᠨ ᠤ ᠬᠢᠨᠠᠯᠳᠠ ᠬᠠᠮᠢᠶᠠᠷᠤᠯᠳᠠ ᠶᠢᠨ ᠡᠬᠦᠷᠭᠡ ᠴᠢᠳᠠᠪᠤᠷᠢ ᠶᠢ ᠪᠡᠶᠡᠯᠡᠬᠦᠯᠦᠨ᠂ ᠵᠠᠰᠠᠭ ᠤᠨ ᠤᠷᠳᠤᠨ ᠤ ᠬᠠᠮᠢᠶᠠᠷᠤᠯᠳᠠ ᠳᠤ ᠨᠡᠩ ᠰᠠᠶᠢᠨ ᠢᠶᠠᠷ ᠦᠢᠯᠡᠴᠢᠯᠡᠬᠦ ᠬᠡᠷᠡᠭᠳᠡᠢ᠃ ︽ᠲᠦᠷᠢᠮ︾᠎ ᠤᠨ ᠲᠤᠭᠳᠠᠭᠠᠯ ᠶᠤᠰᠤᠭᠠᠷ᠂ ᠮᠠᠨ ᠤ ᠤᠷᠤᠨ ᠤ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠰᠢᠰᠲ᠋ᠧᠮ ᠢ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠠᠴᠠ ᠨᠢᠭᠡᠳᠦᠯᠳᠡᠢ ᠲᠦᠯᠦᠪᠵᠢᠬᠦᠯᠵᠤ᠂ ᠨᠢᠭᠡᠳᠦᠯᠳᠡᠢ ᠪᠦᠳᠦᠭᠡᠨ ᠪᠠᠶᠢᠭᠤᠯᠤᠨ᠂ ᠨᠢᠭᠡᠳᠦᠯᠳᠡᠢ ᠬᠡᠷᠡᠭᠯᠡᠬᠦ ᠪᠤᠶᠤ ᠬᠠᠮᠠᠭᠠᠯᠠᠵᠤ᠂ ᠲᠡᠬᠦᠨ ᠢ ᠨᠢᠭᠡᠳᠦᠮᠡᠯ ᠴᠢᠨᠠᠷᠳᠠᠢ᠂ ᠨᠡᠷ᠎ᠡ ᠬᠦᠨᠳᠤᠳᠤ ᠴᠢᠨᠠᠷᠳᠡᠢ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠲᠠᠪᠴᠠᠩ ᠪᠤᠯᠭᠠᠵᠤ᠂ ᠨᠡᠶᠢᠭᠡᠮ ᠤᠯᠠᠨ ᠨᠡᠶᠢᠳᠡ ᠳᠤ ᠨᠢᠭᠡᠳᠦᠯᠳᠡᠢ ᠲᠦᠬᠦᠮ ᠲᠦᠳᠡ ᠢᠳᠡᠭᠡᠮᠵᠢ ᠶᠢᠨ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠵᠤ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠲᠤ ᠬᠠᠮᠵᠢᠯᠴᠠᠨ ᠬᠢᠨᠠᠨ ᠬᠠᠮᠢᠶᠠᠷᠬᠤ᠂ ᠢᠳᠡᠭᠡᠮᠵᠢ ᠶᠢᠨ ᠰᠠᠬᠢᠮᠵᠢ ᠪᠠ ᠬᠠᠮᠢᠶᠠᠷᠤᠯᠳᠠ ᠶᠢᠨ ᠰᠢᠢᠳᠪᠦᠷᠢᠳᠤ ᠪᠤᠳᠤᠯᠭ᠎ᠠ ᠵᠡᠷᠭᠡ ᠳᠤ ᠲᠡᠮᠵᠢᠯᠭᠡ ᠬᠠᠩᠭᠠᠬᠤ ᠬᠡᠷᠡᠭᠳᠡᠢ᠃      ᠡᠯ᠎ᠡ ᠱᠠᠳᠤᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠨᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠢᠭᠡᠳᠦᠯᠳᠡᠢ ᠤᠳᠤᠷᠢᠳᠤᠯᠭ᠎ᠠ ᠲᠤᠤᠷ᠎ᠠ᠂ ︽ᠲᠦᠷᠢᠮ︾᠎ ᠤᠨ ᠲᠤᠭᠳᠠᠭᠠᠯ ᠢᠶᠠᠷ᠂ ᠲᠤᠬᠢᠷᠠᠮᠵᠢᠳᠠᠢ ᠴᠠᠭ ᠲᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠡᠯ᠎ᠡ ᠲᠦᠷᠦᠯ ᠤᠨ ᠠᠵᠤ ᠠᠬᠤᠶᠢᠯᠠᠯ ᠤᠨ ᠲᠠᠩᠰᠠᠯᠠᠨ ᠲᠡᠮᠳᠡᠭᠯᠡᠬᠦᠯᠦᠭᠰᠡᠨ ᠮᠡᠳᠡᠭᠡ ᠵᠠᠩᠬᠢ ᠶᠢ ᠨᠡᠶᠢᠳᠡᠯᠡᠬᠦ ᠶᠢᠨ ᠬᠠᠮᠳᠤ᠂ ᠠᠵᠤ ᠠᠬᠤᠶᠢᠯᠠᠯ ᠤᠨ ᠤᠨ ᠤ ᠮᠡᠳᠡᠬᠦᠯᠦᠯᠳᠡ᠂ ᠨᠡᠶᠢᠳᠡᠯᠡᠭᠰᠡᠨ ᠮᠡᠳᠡᠭᠡ ᠵᠠᠩᠬᠢ ᠶᠢ ᠰᠤᠭᠤᠴᠠᠨ ᠪᠠᠶᠢᠴᠠᠭᠠᠬᠤ᠂ ᠡᠵᠡᠩᠨᠡᠯᠳᠡ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠳᠠ ᠵᠢᠴᠢ ᠬᠠᠤᠯᠢ ᠶᠢ ᠬᠦᠨᠳᠤ ᠨᠤᠴᠢᠳᠠᠢ ᠵᠦᠷᠢᠴᠡᠭᠰᠡᠨ ᠠᠵᠤ ᠠᠬᠤᠶᠢᠯᠠᠯ ᠤᠨ ᠨᠡᠷᠡᠰ ᠤᠨ ᠬᠠᠮᠢᠶᠠᠷᠤᠯᠳᠠ ᠵᠡᠷᠭᠡ ᠵᠦᠢᠯ ᠤᠨ ᠠᠵᠢᠯ ᠢ ᠬᠢᠨᠠᠮᠠᠭᠠᠢ ᠰᠠᠶᠢᠳᠤᠷ ᠬᠢᠬᠦ ᠬᠡᠷᠡᠭᠳᠡᠢ᠃ ᠠᠩᠬᠠᠨ ᠤ ᠮᠠᠲ᠋ᠧᠷᠢᠶᠠᠯ ᠢᠶᠠᠷ ᠦᠨᠳᠦᠰᠦᠯᠡᠯ ᠪᠤᠯᠭᠠᠵᠤ᠂ ᠣᠣᠯ ᠡᠬᠢ ᠠᠴᠠ ᠨᠢ ᠲᠤᠭ᠎ᠠ ᠪᠠᠷᠢᠮᠳᠠ ᠶᠢ ᠵᠢᠷᠤᠮᠵᠢᠭᠤᠯᠤᠨ ᠂ ᠮᠡᠳᠡᠭᠡ ᠵᠠᠩᠬᠢ ᠶᠢᠨ ᠲᠤᠭ᠎ᠠ ᠪᠠᠷᠢᠮᠳᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠲᠡᠭᠡᠭᠰᠢᠯᠡᠬᠦᠯᠵᠤ᠂ ᠮᠡᠳᠡᠭᠡ ᠵᠠᠩᠬᠢ ᠴᠤᠭᠯᠠᠭᠤᠯᠬᠤ᠂ ᠬᠠᠮᠢᠶᠠᠷᠬᠤ ᠪᠠ ᠬᠠᠮᠳᠤ ᠳᠠᠭᠠᠨ ᠡᠳ᠋ᠯᠡᠬᠦ ᠠᠵᠢᠯ ᠢ ᠰᠠᠶᠢᠳᠤᠷ ᠬᠢᠵᠤ᠂ ᠨᠡᠶᠢᠳᠡᠯᠡᠭᠰᠡᠨ ᠮᠡᠳᠡᠭᠡ ᠵᠠᠩᠬᠢ ᠶᠢᠨ ᠪᠦᠷᠢᠨ ᠬᠦᠢᠴᠡᠳ᠂ ᠴᠠᠭ ᠲᠤᠬᠠᠢ ᠳᠠᠭᠠᠨ ᠪᠠ ᠤᠨᠤᠪᠴᠢᠳᠠᠢ ᠪᠠᠶᠢᠬᠤ ᠶᠢ ᠦᠨᠡᠨᠬᠦ ᠪᠠᠳᠤᠯᠠᠵᠤ᠂ ᠠᠵᠤ ᠠᠬᠤᠶᠢᠯᠠᠯ ᠤᠨ ᠬᠤᠯᠪᠤᠭᠳᠠᠯ ᠪᠦᠬᠦᠢ ᠮᠡᠳᠡᠭᠡ ᠵᠠᠩᠬᠢ ᠶᠢ ᠢᠯᠡ ᠪᠠᠶᠢᠯᠭᠠᠵᠤ᠂ ᠪᠦᠬᠦ ᠨᠡᠶᠢᠭᠡᠮ ᠤᠨ ᠠᠵᠤ ᠠᠬᠤᠶᠢᠯᠠᠯ ᠤᠨ ᠢᠳᠡᠭᠡᠮᠵᠢ ᠶᠢᠨ ᠪᠠᠶᠢᠳᠠᠯ ᠢ ᠦᠨᠡᠯᠡᠬᠦ ᠪᠠ ᠬᠢᠨᠠᠯᠳᠠ ᠲᠠᠯᠪᠢᠬᠤ ᠳᠤ ᠲᠤᠭ᠎ᠠ ᠪᠠᠷᠢᠮᠳᠠ ᠪᠠ ᠮᠡᠳᠡᠭᠡ ᠵᠠᠩᠬᠢ ᠶᠢᠨ ᠦᠨᠳᠦᠰᠦᠯᠡᠯ ᠬᠠᠩᠭᠠᠬᠤ ᠬᠡᠷᠡᠭᠳᠡᠢ᠃      ᠭᠤᠷᠪᠠ᠂ ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠬᠠᠮᠳᠤ ᠪᠠᠷ ᠴᠤᠭᠴᠠᠯᠠᠨ ᠬᠠᠮᠳᠤ ᠪᠠᠷ ᠡᠳ᠋ᠯᠡᠵᠤ᠂ ᠵᠤᠬᠢᠴᠠᠩᠭᠤᠢ ᠬᠠᠮᠵᠢᠯᠴᠠᠬᠤ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠪᠠᠶᠢᠳᠠᠯ ᠢ ᠪᠠᠶᠢᠭᠤᠯᠬᠤ ᠬᠡᠷᠡᠭᠳᠡᠢ      ᠢᠳᠡᠭᠡᠮᠵᠢ ᠶᠢᠨ ᠮᠡᠳᠡᠭᠡ ᠵᠠᠩᠬᠢ ᠶᠢᠨ ᠬᠠᠮᠳᠤᠷᠠᠨ ᠬᠦᠳᠡᠯᠦᠯᠴᠡᠬᠦ ᠲᠤᠭᠳᠠᠴᠠ ᠶᠢ ᠪᠤᠢ ᠪᠤᠯᠭᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠴᠢᠯᠠᠯᠳᠠ᠂ ᠬᠦᠭᠵᠢᠬᠦᠯᠦᠯᠳᠡ ᠦᠭᠡᠷᠡᠴᠢᠯᠡᠯᠳᠡ᠂ ᠡᠳ᠋ ᠤᠨ ᠵᠠᠰᠠᠭ᠂ ᠮᠦᠩᠬᠦᠨ ᠬᠦᠢᠯᠭᠡᠭᠡ᠂ ᠲᠤᠳᠤᠭᠠᠳᠤ ᠶᠢ ᠬᠠᠮᠠᠭᠠᠯᠠᠬᠤ᠂ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠤᠳᠠᠯᠳᠤᠭᠠᠨ ᠤ ᠶᠠᠪᠤᠳᠠᠯ᠂ ᠤᠯᠤᠰ ᠤᠨ ᠭᠠᠵᠠᠷ ᠰᠢᠷᠦᠢ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ᠂ ᠤᠷᠴᠢᠨ ᠲᠤᠭᠤᠷᠢᠨ ᠤ ᠬᠠᠮᠠᠭᠠᠯᠠᠯᠳᠠ᠂ ᠰᠤᠶᠤᠯ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠳᠠ᠂ ᠤᠢ ᠰᠢᠭᠤᠢ᠂ ᠬᠢᠨᠠᠨ ᠪᠤᠳᠤᠯᠳᠠ᠂ ᠰᠤᠷᠭᠠᠨ ᠬᠦᠮᠦᠵᠢᠯ᠂ ᠠᠷᠠᠳ ᠤᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ᠂ ᠶᠠᠰᠤ ᠴᠢᠨᠠᠷ ᠤᠨ ᠬᠢᠨᠠᠯᠳᠠ᠂ ᠢᠳᠡᠭᠡᠨ ᠪᠠ ᠡᠮ ᠤᠨ ᠵᠦᠢᠯ᠂ ᠤᠯᠤᠰ ᠤᠨ ᠭᠠᠶᠢᠯᠢ᠂ ᠤᠷᠤᠨ ᠨᠤᠳᠤᠭ ᠤᠨ ᠭᠠᠶᠢᠯᠢ᠂ ᠲᠤᠭ᠎ᠠ ᠪᠦᠷᠢᠳᠭᠡᠯ᠂ ᠪᠤᠭᠤᠮᠳᠠ ᠵᠢᠴᠢ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠦᠴᠢᠷ ᠪᠠ ᠨᠢᠭᠡᠴᠡ ᠨᠢ ᠲᠤᠰ ᠰᠢᠰᠲ᠋ᠧᠮ ᠤᠨ ᠮᠡᠳᠡᠭᠡ ᠵᠠᠩᠬᠢᠵᠢᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠰᠠᠭᠤᠷᠢᠨ ᠲᠡᠭᠡᠷ᠎ᠡ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠰᠢᠰᠲ᠋ᠧᠮ ᠯᠦᠭᠡ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠠᠬᠦ ᠶᠢ ᠪᠡᠶᠡᠯᠡᠬᠦᠯᠬᠦ ᠶᠢᠨ ᠬᠠᠮᠳᠤ᠂ ᠳᠡᠳᠡᠭᠡᠷ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ ᠶᠠᠪᠤᠴᠠ ᠶᠢᠨ ᠲᠤᠮᠳᠠ ᠪᠤᠢ ᠪᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠲᠤᠷᠭᠠᠭᠤᠯᠢ ᠵᠡᠷᠭᠡ ᠮᠡᠳᠡᠭᠡ ᠵᠠᠩᠬᠢ ᠶᠢ ᠪᠦᠬᠦ ᠤᠷᠤᠨ ᠤ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠨᠡᠶᠢᠳᠡᠯᠡᠬᠦ ᠰᠢᠰᠲ᠋ᠧᠮ ᠳᠤ ᠮᠡᠳᠡᠬᠦᠯᠦᠨ ᠬᠦᠷᠭᠡᠵᠤ ᠨᠡᠶᠢᠳᠡᠯᠡᠬᠦᠯᠬᠦ ᠬᠡᠷᠡᠭᠳᠡᠢ᠃ ᠪᠤᠰᠤᠳ ᠰᠢᠰᠲ᠋ᠧᠮ ᠢᠶᠠᠷ ᠲᠠᠮᠵᠢᠨ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠭᠰᠡᠨ ᠪᠤᠯ᠂ ᠮᠦᠨ ᠬᠦ ᠪᠦᠬᠦ ᠤᠷᠤᠨ ᠤ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠰᠢᠰᠲ᠋ᠧᠮ ᠯᠦᠭᠡ ᠲᠤᠭ᠎ᠠ ᠪᠦᠷᠢᠳᠭᠡᠯ ᠤᠨ ᠠᠤᠲ᠋ᠤ᠋ ᠰᠤᠯᠢᠯᠴᠠᠭ᠎ᠠ ᠶᠢ ᠪᠤᠢ ᠪᠤᠯᠭᠠᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠪᠠ ᠨᠢᠭᠡᠴᠡ ᠨᠦᠭᠦᠳ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠳᠤᠷᠠᠨ ᠬᠦᠳᠡᠯᠦᠯᠴᠡᠬᠦ ᠬᠢᠨᠠᠯᠳᠠ ᠬᠠᠮᠢᠶᠠᠷᠤᠯᠳᠠ ᠪᠠᠨ ᠲᠠᠷᠦ᠋ᠢᠬᠠᠨ ᠪᠡᠶᠡᠯᠡᠬᠦᠯᠵᠤ᠂ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠪᠠᠶᠢᠳᠠᠯ ᠢ ᠪᠤᠢ ᠪᠤᠯᠭᠠᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠰᠢᠰᠲ᠋ᠧᠮ ᠤᠨ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠡᠬᠦᠷᠭᠡ ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ ᠢᠳᠡᠭᠡᠯ ᠠᠯᠳᠠᠭᠰᠠᠨ ᠪᠠ ᠬᠠᠤᠯᠢ ᠠᠴᠠ ᠵᠦᠷᠢᠴᠡᠭᠰᠡᠨ ᠠᠵᠤ ᠠᠬᠤᠶᠢᠯᠠᠯ ᠢ ︽ᠨᠢᠭᠡ ᠵᠦᠢᠯ ᠳᠤ ᠬᠠᠤᠯᠢ ᠠᠴᠠ ᠵᠦᠷᠢᠴᠡᠪᠡᠯ᠂ ᠵᠦᠢᠯ ᠪᠤᠯᠭᠠᠨ ᠳᠤ ᠬᠢᠵᠠᠭᠠᠷᠯᠠᠭᠳᠠᠬᠤ ᠪᠤᠯᠭᠠᠨ᠎ᠠ︾᠃      ᠲᠦᠷᠪᠡ᠂ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠪᠤᠳᠠᠳᠤ ᠠᠮᠵᠢᠯᠳᠠ ᠤᠯᠬᠤ ᠶᠢ ᠦᠨᠡᠨᠬᠦ ᠪᠠᠳᠤᠯᠠᠬᠤ ᠬᠡᠷᠡᠭᠳᠡᠢ      ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠨᠢᠯᠳᠠ ᠪᠠᠨ ᠲᠡᠭᠡᠭᠰᠢᠯᠡᠬᠦᠯᠵᠤ᠂ ᠦᠵᠡᠯ ᠰᠠᠨᠠᠭ᠎ᠠ ᠪᠠᠨ ᠨᠢᠭᠡᠳᠭᠡᠭᠰᠡᠨ ᠰᠠᠭᠤᠷᠢᠨ ᠲᠡᠭᠡᠷ᠎ᠡ᠂ ᠠᠵᠤ ᠠᠬᠤᠶᠢᠯᠠᠯ ᠤᠨ ᠮᠡᠳᠡᠭᠡ ᠵᠠᠩᠬᠢ ᠶᠢᠨ ᠬᠢᠨᠠᠯᠳᠠ ᠬᠠᠮᠢᠶᠠᠷᠤᠯᠳᠠ ᠶᠢ ᠨᠢᠭᠡ ᠵᠦᠢᠯ ᠤᠨ ᠴᠢᠬᠤᠯᠠ ᠠᠵᠢᠯ ᠪᠤᠯᠭᠠᠨ ᠠᠳᠬᠤᠵᠤ᠂ ︽ᠲᠦᠬᠦᠮ ᠲᠦᠳᠡ ᠦᠨᠳᠦᠷ ᠪᠦᠳᠦᠮᠵᠢᠳᠠᠢ᠂ ᠡᠬᠢ ᠪᠠᠶᠠᠯᠢᠭ ᠢ ᠨᠡᠶᠢᠯᠡᠬᠦᠯᠦᠨ᠂ ᠬᠠᠮᠳᠤ ᠪᠠᠷ ᠴᠤᠭᠴᠠᠯᠠᠨ ᠬᠠᠮᠳᠤ ᠳᠠᠭᠠᠨ ᠡᠳ᠋ᠯᠡᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠬᠦ︾ ᠵᠠᠷᠴᠢᠮ ᠤᠨ ᠶᠤᠰᠤᠭᠠᠷ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠳᠤ ᠬᠢᠨᠠᠯᠳᠠ ᠳᠠᠯᠪᠢᠵᠦ ᠬᠠᠮᠢᠶᠠᠷᠬᠤ ᠠᠵᠢᠯ ᠳᠠᠬᠢ ᠤᠷᠤᠭᠤᠯᠤᠯᠳᠠ ᠶᠢᠨ ᠡᠷᠴᠢᠮ ᠢᠶᠠᠨ ᠨᠡᠮᠡᠭᠳᠡᠬᠦᠯᠵᠤ᠂ ᠬᠠᠮᠢᠶ᠎ᠠ ᠪᠦᠬᠦᠢ ᠠᠵᠢᠯᠳᠠᠨ ᠢ ᠪᠦᠷᠢᠳᠦᠬᠦᠯᠦᠨ ᠲᠤᠬᠢᠷᠠᠭᠤᠯᠵᠤ᠂ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠨᠡᠶᠢᠳᠡᠯᠡᠬᠦ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢᠨ ᠠᠵᠢᠯᠳᠠᠨ᠂ ᠪᠡᠯᠡ ᠮᠦᠩᠬᠦ ᠪᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠳᠤᠯᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠵᠤᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠲᠤᠰ ᠭᠠᠵᠠᠷ ᠤᠷᠤᠨ ᠤ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠳᠤ ᠬᠢᠨᠠᠯᠳᠠ ᠳᠠᠯᠪᠢᠵᠦ ᠬᠠᠮᠢᠶᠠᠷᠬᠤ ᠠᠵᠢᠯ ᠤᠨ ᠲᠤᠮᠳᠠᠬᠢ ᠴᠢᠬᠤᠯᠠ ᠶᠡᠭᠡ ᠵᠦᠢᠯᠡᠰ ᠢ ᠨᠢᠭᠡᠳᠦᠯᠳᠡᠢ ᠲᠦᠯᠦᠪᠯᠡᠨ ᠰᠢᠢᠳᠪᠦᠷᠢᠯᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠢᠯᠤᠭᠤᠳᠬᠤ ᠪᠠ ᠰᠢᠮᠳᠠᠭᠤᠯᠵᠤ ᠪᠠᠶᠢᠭᠠᠳ ᠠᠵᠢᠯ ᠤᠨ ᠠᠷᠭ᠎ᠠ ᠬᠡᠮᠵᠢᠶ᠎ᠡ ᠪᠠᠨ ᠲᠡᠬᠦᠯᠳᠡᠷᠵᠢᠬᠦᠯᠵᠤ᠂ ᠲᠤᠬᠢᠷᠠᠮᠵᠢᠳᠠᠢ ᠴᠠᠭ ᠲᠤ ᠬᠠᠮᠢᠶ᠎ᠠ ᠪᠦᠬᠦᠢ ᠠᠵᠢᠯ ᠢ ᠰᠤᠳᠤᠯᠬᠤ ᠪᠠ ᠪᠠᠶᠢᠷᠢᠰᠢᠭᠤᠯᠬᠤ ᠬᠡᠷᠡᠭᠳᠡᠢ᠃ ᠡᠯ᠎ᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠡᠯ᠎ᠡ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠵᠠᠩᠬᠢ ᠳᠤ ᠬᠢᠨᠠᠯᠳᠠ ᠳᠠᠯᠪᠢᠵᠦ ᠬᠠᠮᠢᠶᠠᠷᠬᠤ ᠬᠠᠷᠢᠭᠤᠴᠠᠯᠭ᠎ᠠ ᠪᠠᠨ ᠬᠦᠢᠴᠡᠳᠭᠡᠬᠦ᠂ ᠢᠯᠠᠩᠭᠤᠶ᠎ᠠ ᠮᠡᠳᠡᠭᠡ ᠵᠠᠩᠬᠢ ᠮᠡᠳᠡᠬᠦᠯᠦᠨ ᠬᠦᠷᠭᠡᠬᠦ ᠪᠠ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦ ᠡᠬᠦᠷᠭᠡ ᠬᠠᠷᠢᠭᠤᠴᠠᠯᠭ᠎ᠠ ᠳᠠᠬᠢ ᠬᠢᠨᠠᠯᠳᠠ ᠲᠠᠯᠪᠢᠵᠤ ᠪᠠᠶᠢᠴᠠᠭᠠᠬᠤ ᠡᠷᠴᠢᠮ ᠢ ᠨᠡᠮᠡᠭᠳᠡᠬᠦᠯᠵᠤ᠂ ᠪᠦᠬᠦ ᠤᠷᠤᠨ ᠤ ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠳᠤ ᠬᠢᠨᠠᠯᠳᠠ ᠳᠠᠯᠪᠢᠵᠦ ᠬᠠᠮᠢᠶᠠᠷᠬᠤ ᠠᠵᠢᠯ ᠢ ᠤᠷᠤᠭᠰᠢᠳᠠᠢ ᠶᠠᠪᠤᠭᠳᠠᠭᠤᠯᠬᠤ ᠶᠢᠨ ᠬᠠᠮᠳᠤ ᠪᠤᠳᠠᠳᠤ ᠠᠮᠵᠢᠯᠳᠠ ᠤᠯᠬᠤ ᠶᠢ ᠦᠨᠡᠨᠬᠦ ᠪᠠᠳᠤᠯᠠᠬᠤ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号