ᠣᠶᠢᠷ᠎ᠡ ᠳᠤ᠂ ᠥᠪᠥᠷ ᠮᠣᠩᠭᠤᠯ ᠶᠢᠨ ᠥᠪᠡᠷᠲᠡᠭᠡᠨ ᠵᠠᠰᠠᠬᠤ ᠣᠷᠣᠨ ︽ᠤᠳᠤᠷᠢᠳᠬᠤ ᠺᠠᠳ᠋ᠷᠴᠤᠳ | ᠰᠤᠷᠳᠠᠯ ᠤᠨ ᠪᠠᠶᠢᠭᠤᠯᠤᠯᠳᠠ ᠶᠢᠨ ᠬᠠᠮᠢᠶ᠎ᠠ ᠪᠦᠬᠦᠢ ᠲᠤᠭᠳᠠᠭᠠᠯ ᠢ ᠵᠦᠷᠢᠴᠡᠪᠠᠯ ᠬᠠᠷᠢᠭᠤᠴᠠᠯᠭ᠎ᠠ ᠨᠡᠭᠡᠮᠵᠢᠯᠡᠬᠦ ᠲᠦᠷ | ᠭᠡᠷᠡᠭᠵᠢᠬᠦᠯᠬᠦ ᠠᠷᠭ᠎ᠠ︾ ᠶᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ ︵ᠳᠤᠷᠤᠭᠰᠢ ︽ᠲᠦᠷ ᠬᠡᠷᠡᠭᠵᠢᠭᠦᠯᠬᠦ ᠠᠷᠭ᠎ᠠ︾ | ᠭᠡᠵᠦ ᠲᠣᠪᠴᠢᠯᠠᠨ᠎ᠠ︶᠃ | ︽ᠲᠦᠷ ᠬᠡᠷᠡᠭᠵᠢᠭᠦᠯᠬᠦ ᠠᠷᠭ᠎ᠠ︾ ᠨᠢ ᠨᠡᠶᠢᠲᠡ ᠲᠠᠪᠣᠨ ᠪᠦᠯᠦᠭ ᠬᠤᠷᠢᠨ ᠵᠤᠷᠪᠤᠰ ᠪᠠᠶᠢᠵᠤ᠂ | ᠤᠳᠤᠷᠢᠳᠬᠤ ᠺᠠᠳ᠋ᠷᠴᠤᠳ ᠰᠤᠷᠲᠠᠯ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠦᠷᠢᠴᠡᠪᠡᠯ | ᠬᠠᠷᠢᠭᠤᠴᠠᠯᠭ᠎ᠠ ᠨᠡᠬᠡᠮᠵᠢᠯᠡᠬᠦ ᠦᠢᠯᠡ ᠪᠠᠶᠢᠳᠠᠯ᠂ ᠬᠠᠷᠢᠭᠤᠴᠠᠯᠭ᠎ᠠ ᠨᠡᠬᠡᠮᠵᠢᠯᠡᠬᠦ ᠬᠡᠯᠪᠡᠷᠢ᠂ ᠬᠠᠷᠢᠭᠤᠴᠠᠯᠭ᠎ᠠ ᠨᠡᠬᠡᠮᠵᠢᠯᠡᠬᠦ | ᠳᠡᠰ ᠳᠠᠷᠠᠭᠠᠯᠠᠯ ᠵᠡᠷᠭᠡ ᠳᠤ ᠪᠤᠳᠠᠲᠠᠢ ᠲᠣᠭᠲᠠᠭᠠᠯ ᠭᠠᠷᠭᠠᠪᠠ᠃ ᠬᠠᠷᠢᠭᠤᠴᠠᠯᠭ᠎ᠠ ᠨᠡᠬᠡᠮᠵᠢᠯᠡᠭᠳᠡᠭᠰᠡᠨ | ᠤᠳᠤᠷᠢᠳᠬᠤ ᠺᠠᠳ᠋ᠷ ᠤᠨ ᠳᠤᠬᠠᠢ ᠶᠢᠨ ᠵᠢᠯ ᠤᠨ ᠤᠨ ᠤ ᠬᠢᠨᠡᠨ ᠰᠢᠯᠭᠠᠯᠳᠠ ᠳᠤ ᠰᠢᠯᠢᠳᠡᠭ ᠢᠶᠠᠷ ᠦᠨᠡᠯᠡᠬᠦ ᠪᠠ ᠡᠯ᠎ᠠ | ᠵᠦᠢᠯ ᠤᠨ ᠳᠡᠷᠢᠬᠦᠨ ᠢ ᠰᠢᠯᠭᠠᠷᠠᠭᠤᠯᠬᠤ ᠳᠤ ᠣᠷᠣᠯᠴᠠᠬᠤ ᠬᠢᠷᠢ ᠭᠡᠮ ᠢ ᠨᠢ ᠬᠦᠴᠦᠨ ᠦᠭᠡᠢ ᠪᠣᠯᠭᠠᠨ᠎ᠠ᠃ | ᠪᠤᠷᠤᠭᠤ ᠪᠠᠨ ᠬᠦᠯᠢᠶᠡᠵᠦ ᠳᠤᠰᠢᠶᠠᠯ ᠠᠴᠠ ᠪᠠᠨ ᠪᠠᠭᠤᠭᠰᠠᠨ᠂ ᠵᠠᠷᠯᠢᠭᠳᠠᠨ ᠳᠤᠰᠢᠶᠠᠯ ᠠᠴᠠ ᠨᠢ ᠪᠠᠭᠤᠯᠭᠠᠭᠰᠠᠨ᠂ | ᠳᠤᠰᠢᠶᠠᠯ ᠢ ᠨᠢ ᠬᠠᠰᠤᠭᠰᠠᠨ ᠤᠳᠤᠷᠢᠳᠬᠤ ᠺᠠᠳ᠋ᠷ᠂ ᠨᠢᠭᠡ ᠵᠢᠯ ᠤᠨ ᠳᠤᠳᠤᠷ᠎ᠠ ᠳᠠᠬᠢᠨ ᠤᠤᠯ ᠤᠨ | ᠳᠤᠰᠢᠶᠠᠯ ᠲᠠᠢ ᠪᠠᠨ ᠲᠡᠩᠴᠡᠭᠦᠦ ᠤᠳᠤᠷᠢᠳᠬᠤ ᠳᠤᠰᠢᠶᠠᠯ ᠢ ᠡᠬᠦᠷᠭᠡᠯᠡᠵᠦ ᠪᠣᠯᠬᠤ ᠦᠭᠡᠢ᠃ | ︽ᠲᠦᠷ ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ ᠪᠠᠷ᠂ ᠤᠳᠤᠷᠢᠳᠬᠤ ᠺᠠᠳ᠋ᠷᠴᠤᠳ ᠰᠤᠷᠳᠠᠯ | ᠤᠨ ᠪᠠᠶᠢᠭᠤᠯᠤᠯᠳᠠ ᠶᠢᠨ ᠬᠠᠮᠢᠶ᠎ᠠ ᠪᠦᠬᠦᠢ ᠲᠤᠭᠳᠠᠭᠠᠯ ᠢ ᠵᠦᠷᠢᠴᠡᠵᠦ᠂ ᠳᠣᠣᠷᠠᠬᠢ ᠦᠢᠯᠡ ᠪᠠᠶᠢᠳᠠᠯ ᠤᠨ | ᠨᠢᠭᠡ ᠨᠢ ᠪᠠᠶᠢᠪᠠᠯ᠂ ᠡᠷᠭᠡᠪᠰᠢ ᠬᠠᠷᠢᠭᠤᠴᠠᠯᠭ᠎ᠠ ᠨᠡᠭᠡᠮᠵᠢᠯᠡᠨ᠎ᠡ᠄ | ︵ᠨᠢᠭᠡ︶ ᠪᠠᠶᠢᠴᠠᠭᠠᠨ ᠰᠤᠳᠤᠯᠤᠯᠳᠠ ᠬᠢᠬᠦ ᠶᠢ ᠰᠠᠶᠢᠵᠢᠷᠠᠭᠤᠯᠬᠤ ᠲᠤᠭᠳᠠᠭᠠᠯ ᠠᠴᠠ ᠵᠦᠷᠢᠴᠡᠵᠦ᠂ | ᠪᠠᠶᠢᠴᠠᠭᠠᠨ ᠰᠤᠳᠤᠯᠤᠯᠳᠠ ᠬᠢᠬᠦ ᠨᠠᠷᠠ ᠪᠠᠷ ᠨᠡᠷᠡᠳᠦ ᠬᠠᠭᠤᠴᠢ ᠯᠡᠳᠡᠭᠳᠡᠯ ᠤᠨ ᠤᠷᠤᠨ ᠪᠤᠶᠤ ᠦᠵᠡᠮᠵᠢ ᠶᠢᠨ | ᠤᠷᠤᠨ ᠢᠶᠠᠷ ᠲᠤᠭᠤᠷᠢᠨ ᠵᠣᠭᠠᠴᠠᠭᠰᠠᠨ︔ ᠪᠠᠶᠢᠴᠠᠭᠠᠨ ᠰᠤᠳᠤᠯᠤᠯᠳᠠ ᠬᠢᠬᠦ ᠪᠠ ᠠᠵᠢᠯ ᠰᠢᠨᠵᠢᠯᠡᠨ ᠪᠠᠶᠢᠴᠠᠭᠠᠬᠤ | ᠶᠠᠪᠤᠴᠠ ᠲᠤ ᠬᠤᠳᠠᠯ ᠭᠡᠯᠡᠵᠤ ᠬᠠᠭᠤᠷᠮᠠᠭᠯᠠᠨ ᠵᠣᠬᠢᠶᠠᠭᠰᠠᠨ︔ ᠲᠤᠭᠳᠠᠭᠠᠯ ᠠᠴᠠ ᠵᠦᠷᠢᠴᠡᠨ ᠴᠠᠭᠳᠠᠭᠠᠨ ᠤ | ᠲᠡᠷᠭᠡ ᠪᠠᠷ ᠵᠠᠮ ᠲᠠᠭᠠᠭᠤᠯᠤᠭᠤᠯᠵᠣ᠂ ᠲᠤᠭᠳᠠᠭᠠᠯ ᠠᠴᠠ ᠵᠦᠷᠢᠴᠡᠨ ᠵᠠᠮ ᠢ ᠪᠢᠳᠡᠬᠦᠮᠵᠢᠯᠡᠭᠰᠡᠨ᠂ ᠲᠤᠬᠠᠢ ᠶᠢᠨ | ᠲᠠᠯᠠᠪᠠᠢ ᠶᠢ ᠴᠡᠪᠡᠷᠯᠡᠭᠰᠡᠨ᠂ ᠭᠡᠪ ᠤᠨ ᠵᠠᠮ ᠬᠠᠷᠢᠯᠴᠠᠭᠠᠨ ᠤ ᠡᠮᠬᠢ ᠵᠢᠷᠤᠮ ᠢ ᠬᠢᠵᠠᠭᠠᠷᠯᠠᠭᠰᠠᠨ︔ | ︵ᠬᠤᠶᠠᠷ︶ ᠬᠤᠷᠠᠯ ᠠᠵᠢᠯᠯᠠᠭ᠎ᠠ ᠶᠢ ᠴᠤᠮᠬᠠᠳᠬᠠᠬᠤ ᠲᠤᠭᠲᠠᠭᠠᠯ ᠠᠴᠠ ᠵᠦᠷᠢᠴᠡᠵᠦ᠂ ᠵᠦᠪᠰᠢᠶᠡᠷᠡᠯ | ᠦᠭᠡᠢ ᠪᠠᠷ ᠡᠯ᠎ᠠ ᠵᠦᠢᠯ ᠤᠨ ᠪᠠᠶᠠᠷ ᠲᠤᠷᠠᠰᠬᠠᠯ᠂ ᠶᠠᠷᠢᠶᠠᠨ ᠤ ᠲᠠᠪᠴᠠᠩ᠂ ᠬᠤᠷᠠᠯ ᠦᠵᠡᠰᠬᠦᠯᠡᠩ ᠤᠨ | ᠠᠵᠢᠯᠯᠠᠭ᠎ᠠ ᠡᠷᠬᠢᠯᠡᠭᠰᠡᠨ ᠪᠤᠶᠤ ᠣᠷᠣᠯᠴᠠᠭᠰᠠᠨ︔ ᠳᠣᠭᠳᠠᠭᠠᠯ ᠶᠣᠰᠣᠭᠠᠷ ᠬᠤᠷᠠᠯ ᠤᠨ ᠬᠡᠪᠴᠢᠶ᠎ᠠ᠂ ᠲᠤᠭ᠎ᠠ | ᠬᠡᠮᠵᠢᠶ᠎ᠠ ᠪᠠ ᠵᠠᠷᠤᠲᠠᠯ᠂ ᠬᠦᠮᠤᠨ ᠤ ᠲᠤᠭ᠎ᠠ᠂ ᠬᠤᠷᠠᠯ ᠤᠨ ᠬᠤᠭᠤᠴᠠᠭ᠎ᠠ ᠶᠢ ᠴᠢᠩᠭ᠎ᠠ ᠦᠯᠦ ᠬᠢᠵᠠᠭᠠᠷᠯᠠᠭᠰᠠᠨ︔ | ᠲᠦᠰᠤᠪ ᠠᠴᠠ ᠳᠠᠪᠠᠭᠤᠯᠣᠨ ᠬᠤᠷᠠᠯ ᠠᠵᠢᠯᠯᠠᠭ᠎ᠠ ᠶᠢᠨ ᠵᠠᠷᠤᠲᠠᠯ ᠳᠣᠬᠢᠷᠠᠭᠤᠯᠵᠣ᠂ ᠬᠤᠷᠠᠯ ᠲᠠᠢ ᠬᠤᠯᠪᠤᠭ᠎ᠠ ᠦᠬᠡᠢ | ᠵᠠᠷᠤᠲᠠᠯ ᠤᠨ ᠵᠠᠷᠤᠯᠭ᠎ᠠ ᠶᠢ ᠬᠤᠷᠠᠯ ᠤᠨ ᠵᠠᠷᠤᠲᠠᠯ ᠳᠤ ᠣᠷᠣᠭᠤᠯᠣᠨ ᠲᠠᠩᠰᠠᠨ ᠠᠴᠠ ᠬᠠᠰᠣᠭᠤᠯᠵᠣ᠂ ᠲᠤᠤᠷ᠎ᠠ | ᠱᠠᠲᠤ ᠪᠠ ᠬᠠᠷᠢᠶ᠎ᠠ ᠪᠠᠶᠢᠭᠤᠯᠤᠯᠭ᠎ᠠ ᠠᠴᠠ ᠪᠠᠨ ᠬᠤᠷᠠᠯ ᠤᠨ ᠵᠠᠷᠤᠲᠠᠯ ᠢ ᠳᠡᠰᠭᠡᠨ ᠨᠤᠭᠲᠠᠭᠤᠯᠣᠭᠰᠠᠨ︔ ᠬᠤᠷᠠᠯ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠢ ᠲᠤᠭᠲᠠᠭᠠᠯ ᠠᠴᠠ ᠵᠦᠷᠢᠴᠠᠨ ᠪᠠᠷᠢᠮᠵᠢᠶ᠎ᠠ ᠠᠴᠠ ᠬᠡᠲᠤᠷᠠᠲᠠᠯᠠ ᠵᠠᠰᠠᠵᠤ | ᠴᠢᠮᠡᠵᠦ᠂ ᠬᠤᠸᠠᠷ ᠴᠡᠴᠡᠭ ᠦᠷᠦᠵᠦ ᠳᠠᠯᠪᠢᠨ᠂ ᠲᠤᠭᠲᠠᠭᠰᠠᠨ ᠴᠢᠭ ᠠᠴᠠ ᠪᠣᠰᠣᠳ ᠳᠡᠭᠡᠳᠦ ᠲᠠᠰ ᠤᠨ ᠵᠤᠴᠢᠳ | ᠤᠨ ᠪᠠᠭᠤᠲᠠᠯ ᠪᠤᠶᠤ ᠦᠵᠡᠮᠵᠢ ᠶᠢᠨ ᠨᠠᠷᠠᠲᠤ ᠤᠷᠤᠨ ᠳᠤ ᠬᠤᠷᠠᠯ ᠬᠢᠭᠰᠡᠨ︔ ᠵᠦᠪᠰᠢᠶᠠᠷᠠᠯ ᠦᠬᠡᠢ ᠪᠠᠷ | ᠲᠤᠷ᠎ᠠ ᠪᠠᠷ ᠢᠶᠠᠨ ᠪᠠᠷᠢᠮᠵᠢᠶ᠎ᠠ ᠳᠤ ᠬᠦᠷᠭᠡᠬᠦ ᠰᠢᠯᠭᠠᠷᠠᠭᠤᠯᠵᠣ ᠬᠦᠬᠢᠭᠦᠯᠦᠨ ᠰᠠᠶᠢᠰᠢᠶᠠᠬᠤ ᠠᠵᠢᠯᠯᠠᠭ᠎ᠠ | ᠦᠷᠨᠢᠭᠦᠯᠦᠭᠰᠡᠨ︔ | ︵ᠭᠤᠷᠪᠠ︶ ᠪᠢᠴᠢᠭ ᠮᠠᠲ᠋ᠧᠷᠢᠶᠠᠯ᠂ ᠲᠤᠪᠴᠢ ᠮᠡᠳᠡᠭᠡ ᠶᠢ ᠴᠤᠮᠬᠠᠳᠬᠠᠬᠤ ᠲᠤᠭᠲᠠᠭᠠᠯ ᠢ ᠵᠤᠷᠢᠴᠡᠵᠦ | ᠂ ᠪᠢᠴᠢᠭ ᠮᠠᠲ᠋ᠧᠷᠢᠶᠠᠯ ᠲᠠᠪᠬᠤᠷᠲᠠᠭᠤᠯᠤᠨ ᠲᠠᠷᠬᠠᠭᠠᠬᠤ᠂ ᠲᠠᠰ ᠲᠠᠪᠰᠢᠬᠦᠯᠤᠨ ᠪᠢᠴᠢᠭ ᠮᠠᠲ᠋ᠧᠷᠢᠶᠠᠯ ᠲᠠᠷᠬᠠᠭᠠᠬᠤ | ᠠᠰᠠᠭᠤᠲᠠᠯ ᠬᠦᠨᠲᠤ ᠨᠤᠴᠢᠲᠠᠢ᠂ ᠪᠢᠴᠢᠭ ᠮᠠᠲ᠋ᠧᠷᠢᠶᠠᠯ ᠲᠤᠪᠴᠢ ᠮᠡᠳᠡᠭᠡ ᠶᠢ ᠴᠤᠮᠬᠠᠳᠬᠠᠬᠤ ᠠᠵᠢᠯ ᠢ ᠠᠳᠬᠤᠬᠤ | ᠳᠠᠯ᠎ᠠ ᠪᠠᠷ ᠦᠯᠦ ᠬᠦᠷᠦᠯᠴᠡᠭᠰᠡᠨ︔ | ︵ᠲᠦᠷᠪᠠ︶ ᠠᠯᠪᠠᠨ ᠶᠠᠪᠤᠲᠠᠯ ᠢᠶᠠᠷ ᠭᠠᠲᠠᠭᠠᠲᠤ ︵ᠬᠢᠯᠢ ᠠᠴᠠ︶ ᠳᠤ ᠭᠠᠷᠬᠤ ᠬᠠᠮᠢᠶᠠᠷᠤᠯᠲᠠ ᠶᠢᠨ | ᠲᠤᠭᠲᠠᠭᠠᠯ ᠢ ᠵᠦᠷᠢᠴᠡᠵᠦ᠂ ᠮᠠᠲᠠᠬᠦᠯᠤᠨ ᠵᠦᠪᠰᠢᠶᠠᠷᠡᠬᠦᠯᠬᠦ ᠪᠠ ᠠᠯᠪᠠᠨ ᠶᠠᠪᠤᠲᠠᠯ ᠢᠶᠠᠷ ᠭᠠᠲᠠᠭᠠᠲᠤ ︵ᠬᠢᠯᠢ ᠠᠴᠠ︶ | ᠳᠤ ᠭᠠᠷᠬᠤ ᠮᠠᠲᠡᠭᠡ ᠵᠠᠩᠬᠢ ᠶᠢ ᠢᠯᠡ ᠨᠠᠶᠢᠲᠠᠯᠠᠬᠦ ᠠᠵᠢᠯ ᠲᠤᠮᠲᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ︔ | ᠠᠯᠪᠠᠨ ᠶᠠᠪᠤᠲᠠᠯ ᠤᠨ ᠨᠠᠷᠠ ᠪᠠᠷ ᠬᠡᠯᠪᠠᠷᠢ ᠶᠢ ᠨᠢ ᠦᠬᠡᠷᠠᠲᠤᠬᠦᠯᠤᠨ ᠭᠠᠲᠠᠭᠠᠲᠤ ︵ᠬᠢᠯᠢ ᠠᠴᠠ︶ ᠳᠤ ᠭᠠᠷᠴᠤ | ᠵᠤᠭᠠᠴᠠᠭᠰᠠᠨ︔ ᠲᠤᠭᠲᠠᠭᠠᠯ ᠢ ᠵᠦᠷᠢᠴᠡᠨᠠᠯᠪᠠᠨ ᠶᠠᠪᠤᠲᠠᠯ ᠢᠶᠠᠷ ᠭᠠᠲᠠᠭᠠᠲᠤ ︵ᠬᠢᠯᠢ ᠠᠴᠠ︶ ᠳᠤ ᠭᠠᠷᠬᠤ | ᠤᠲᠠᠭ᠎ᠠ᠂ ᠲᠠᠭᠠᠭᠠᠭᠰᠠᠳ ᠤᠨ ᠲᠤᠭ᠎ᠠ ᠬᠡᠮᠵᠢᠶ᠎ᠠ ᠪᠠᠨ ᠨᠡᠮᠡᠭᠲᠠᠬᠦᠯᠵᠦ᠂ ᠲᠤᠷ᠎ᠠ ᠪᠠᠷ ᠠᠶᠠᠯᠠᠯ ᠤᠨ ᠵᠠᠮ ᠢᠶᠠᠨ | ᠬᠤᠪᠢᠷᠠᠭᠤᠯᠵᠤ᠂ ᠭᠠᠲᠠᠭᠠᠲᠤ ︵ᠬᠢᠯᠢ︶ ᠳᠤ ᠪᠠᠶᠢᠬᠤ ᠬᠤᠭᠤᠴᠠᠭ᠎ᠠ ᠪᠠᠨ ᠤᠷᠲᠤᠳᠬᠠᠭᠰᠠᠨ︔ ᠭᠠᠲᠠᠭᠠᠲᠤ ᠳᠤ | ᠲᠤᠭᠲᠠᠭᠠᠭᠰᠠᠨ ᠦᠷᠳᠡᠭ ᠠᠴᠠ ᠳᠠᠪᠠᠭᠰᠠᠨ ᠪᠠᠯᠡᠭ ᠬᠦᠷᠬᠡᠭᠰᠡᠨ ᠪᠤᠶᠤ ᠲᠤᠭᠲᠠᠭᠠᠯ ᠠᠴᠠ ᠵᠦᠷᠢᠴᠠᠨ ᠪᠠᠯᠡᠭ ᠢ | ᠬᠦᠯᠢᠶᠠᠨ ᠠᠪᠬᠤ ᠪᠣᠶᠣ ᠰᠢᠢᠳᠪᠦᠷᠢᠯᠡᠭᠰᠡᠨ︔ | ︵ᠲᠠᠪᠤ︶ ᠰᠤᠨᠢᠨ ᠮᠡᠲᠠᠬᠡᠨ ᠤ ᠮᠠᠲᠠᠬᠡᠯᠡᠬᠦ ᠶᠢ ᠬᠠᠯᠠᠨ ᠰᠠᠶᠢᠵᠢᠷᠠᠭᠤᠯᠬᠤ ᠲᠤᠭᠲᠠᠭᠠᠯ ᠠᠴᠠ | ᠵᠦᠷᠢᠴᠡᠵᠦ᠂ ᠲᠤᠭᠲᠠᠭᠠᠯ ᠠᠴᠠ ᠵᠦᠷᠢᠴᠠᠨ ᠰᠤᠨᠢᠨ ᠮᠡᠲᠠᠬᠡᠨ ᠤ ᠨᠢᠬᠡᠴᠠ ᠳᠤ ᠮᠠᠲᠠᠬᠡᠯᠡᠬᠦ ᠦᠰᠦᠭ ᠤᠨ ᠲᠤᠭ᠎ᠠ᠂ | ᠴᠠᠭ ᠤᠨ ᠤᠷᠲᠤ᠂ ᠨᠢᠭᠤᠷ᠂ ᠵᠢᠷᠤᠭ ᠵᠡᠷᠬᠡ ᠳᠠᠯ᠎ᠠ ᠶᠢᠨ ᠱᠠᠭᠠᠷᠲᠠᠯᠭ᠎ᠠ ᠳᠣᠷᠠᠳᠣᠭᠰᠠᠨ︔ ᠲᠤᠭᠲᠠᠭᠠᠯ ᠠᠴᠠ | ᠵᠦᠷᠢᠴᠠᠨ ᠮᠠᠲᠠᠬᠡᠯᠡᠬᠦ ᠲᠤᠭᠲᠠᠭᠠᠯ ᠳᠤ ᠨᠠᠶᠢᠴᠡᠬᠦ ᠦᠬᠡᠢ ᠬᠤᠷᠠᠯ ᠠᠵᠢᠯᠯᠠᠭ᠎ᠠ ᠵᠡᠷᠬᠡ ᠶᠢ ᠮᠡᠲᠠᠬᠡᠯᠡᠬᠦᠯᠦᠭᠦᠯᠬᠦ ᠪᠠᠷ | ᠱᠠᠭᠠᠷᠳᠠᠭᠰᠠᠨ︔ | ︵ᠵᠢᠷᠭᠤᠭ᠎ᠠ︶ ᠤᠲᠤᠷᠢᠳᠬᠤ ᠺᠠᠳ᠋ᠷᠴᠣᠳ ᠤᠨ ᠬᠤᠯᠪᠤᠭᠲᠠᠯ ᠪᠦᠬᠦᠢ ᠠᠰᠠᠷᠠᠮᠵᠢ ᠣᠯᠭᠤᠮᠵᠢ ᠶᠢᠨ | ᠲᠤᠭᠲᠠᠭᠠᠯ ᠢ ᠵᠦᠷᠢᠴᠡᠵᠦ᠂ ᠲᠤᠭᠲᠠᠭᠠᠯ ᠠᠴᠠ ᠵᠦᠷᠢᠴᠡᠨ ᠨᠠᠷᠢᠨ ᠪᠢᠴᠢᠬᠡᠴᠢ ᠳᠣᠬᠢᠷᠠᠭᠤᠯᠣᠭᠰᠠᠨ︔ | ᠲᠤᠭᠲᠠᠭᠠᠯ ᠠᠴᠠ ᠵᠦᠷᠢᠴᠠᠨ ᠤᠷᠤᠨ ᠰᠠᠭᠤᠴᠠ ᠶᠢ ᠢᠯᠡᠬᠦᠤ ᠡᠵᠡᠯᠡᠭᠰᠡᠨ ᠪᠤᠶᠤ ᠬᠢᠮᠲᠠ ᠳᠣᠬᠢᠯᠢᠭ ᠣᠷᠣᠨ | ᠰᠠᠭᠤᠴᠠ᠂ ᠬᠢᠮᠲᠠ ᠲᠦᠷᠢᠶᠠᠰᠤᠨ ᠭᠡᠷ ᠵᠡᠷᠬᠡ ᠪᠠᠲᠤᠯᠠᠪᠤᠷᠢ ᠶᠢᠨ ᠴᠢᠨᠠᠷᠲᠠᠢ ᠤᠷᠤᠨ ᠰᠠᠭᠤᠴᠠ ᠶᠢ ᠠᠷᠠᠯᠵᠢᠶᠠᠯᠠᠭᠰᠠᠨ | ︔ ᠪᠠᠷᠢᠮᠵᠢᠶ᠎ᠠ ᠠᠴᠠ ᠬᠡᠲᠤᠷᠡᠭᠦᠯᠦᠨ ᠬᠡᠬᠡᠨᠴᠢᠷ ᠴᠢᠮᠡᠭᠯᠡᠯ ᠲᠠᠢ ᠠᠯᠪᠠᠨ ᠳᠤ ᠬᠡᠷᠡᠭᠯᠡᠬᠦ ᠲᠠᠷᠬᠡ ᠬᠤᠲᠠᠯᠲᠤᠨ ᠠᠪᠣᠭᠰᠠᠨ᠂ | ᠲᠤᠭᠲᠠᠭᠠᠯ ᠠᠴᠠ ᠵᠦᠷᠢᠴᠠᠨ ᠬᠠᠷᠢᠶ᠎ᠠ ᠪᠠᠶᠢᠭᠤᠯᠣᠯᠭ᠎ᠠ ᠶᠢᠨ ᠢᠶᠠᠨ ᠮᠠᠰᠢᠨ ᠳᠡᠷᠭᠡ ᠶᠢ ᠵᠢᠬᠡᠯᠡᠨ ᠬᠡᠷᠡᠭᠯᠡᠭᠰᠡᠨ᠂ | ᠡᠵᠡᠯᠡᠨ ᠬᠡᠷᠡᠭᠯᠡᠭᠰᠡᠨ︔ | ︵ᠲᠤᠯᠤᠭ᠎ᠠ︶ ᠠᠯᠪᠠᠯᠠᠬᠤ ᠳᠤ ᠬᠡᠷᠡᠭᠯᠡᠬᠦ ᠬᠡᠷ ᠤᠨ ᠬᠠᠮᠢᠶᠠᠷᠤᠯᠲᠠ ᠶᠢᠨ ᠲᠤᠭᠲᠠᠭᠠᠯ ᠢ ᠵᠦᠷᠢᠴᠡᠵᠦ᠂ | ᠲᠤᠭᠲᠠᠭᠠᠯ ᠠᠴᠠ ᠵᠦᠷᠢᠴᠠᠨ ᠠᠯᠪᠠᠯᠠᠬᠤ ᠬᠡᠷ ᠪᠠᠶᠢᠭᠤᠯᠣᠭᠰᠠᠨ᠂ ᠬᠤᠲᠠᠯᠲᠤᠨ ᠠᠪᠣᠭᠰᠠᠨ ᠪᠤᠶᠤ | ᠲᠦᠷᠢᠶᠠᠰᠤᠯᠡᠭᠰᠡᠨ᠂ ᠲᠤᠷ᠎ᠠ ᠪᠠᠷ ᠠᠯᠪᠠᠨ ᠬᠡᠷ ᠤᠨ ᠪᠦᠲᠦᠬᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠠᠬᠡᠭᠰᠢᠯᠡᠬᠦᠯᠦᠭᠰᠡᠨ᠂ ᠪᠠᠷᠢᠯᠭ᠎ᠠ ᠶᠢᠨ ᠲᠠᠯᠠᠪᠠᠢ ᠶᠢ ᠦᠷᠬᠡᠳᠬᠡᠭᠰᠡᠨ︔ ᠲᠤᠭᠲᠠᠭᠠᠯ ᠠᠴᠠ ᠵᠦᠷᠢᠴᠠᠨ ᠣᠯᠠᠨ ᠭᠠᠵᠠᠷ | ᠠᠯᠪᠠᠯᠠᠬᠤ ᠬᠡᠷ ᠡᠵᠡᠯᠡᠭᠰᠡᠨ ᠪᠤᠶᠤ ᠪᠠᠷᠢᠮᠵᠢᠶ᠎ᠠ ᠳᠠᠯᠠᠪᠠᠢ ᠠᠴᠠ ᠬᠡᠲᠦᠷᠡᠭᠦᠯᠦᠨ ᠠᠯᠪᠠᠨ ᠭᠡᠷ ᠡᠵᠡᠯᠡᠭᠰᠡᠨ᠂ ᠬᠡᠬᠡᠨᠴᠢᠷ | ᠵᠠᠰᠠᠵᠤ ᠴᠢᠮᠡᠭᠯᠡᠭᠰᠡᠨ︔ | ︵ᠨᠠᠢᠮᠠ︶ ᠠᠯᠪᠠᠨ ᠶᠠᠪᠤᠲᠠᠯ ᠢᠶᠠᠷ ᠵᠤᠴᠢᠯᠠᠬᠤ ᠬᠠᠮᠢᠶᠠᠷᠤᠯᠲᠠ ᠶᠢᠨ ᠳᠣᠭᠳᠠᠭᠠᠯ ᠠᠴᠠ ᠵᠦᠷᠢᠴᠡᠵᠦ᠂ | ᠠᠯᠪᠠᠨ ᠶᠠᠪᠣᠳᠠᠯ ᠲᠠᠢ ᠬᠠᠮᠢᠶ᠎ᠠ ᠦᠭᠡᠢ ᠬᠤᠪᠢ ᠬᠦᠮᠤᠨ ᠤ ᠠᠭᠤᠯᠵᠠᠯᠳᠠ ᠶᠢᠨ ᠭᠠᠵᠠᠷ᠂ ᠦᠨᠲᠤᠷ ᠬᠡᠷᠡᠭᠯᠡᠭᠡ ᠲᠠᠢ | ᠢᠲᠠᠬᠡᠨ ᠤᠮᠲᠠᠭᠠᠨ ᠤ ᠲᠠᠯᠠᠪᠠᠢ ᠳᠤ ᠵᠤᠴᠢᠯᠠᠬᠤ ᠪᠤᠶᠤ ᠦᠨᠲᠤᠷ ᠬᠡᠷᠡᠭᠯᠡᠭᠡ ᠲᠠᠢ ᠵᠤᠭ᠎ᠠ ᠴᠡᠩᠭᠡᠯ ᠤᠨ ᠠᠵᠢᠯᠯᠠᠭ᠎ᠠ | ᠳᠣᠬᠢᠷᠠᠭᠤᠯᠣᠭᠰᠠᠠ︔ ᠬᠤᠪᠢ ᠬᠦᠮᠤᠨ ᠤ ᠠᠵᠢᠯᠯᠠᠭ᠎ᠠ ᠶᠢ ᠠᠯᠪᠠᠨ ᠶᠠᠪᠤᠲᠠᠯ ᠢᠶᠠᠷ ᠵᠤᠴᠢᠯᠠᠬᠤ ᠠᠵᠢᠯᠯᠠᠭ᠎ᠠ ᠶᠢᠨ | ᠬᠦᠷᠢᠶ᠎ᠠ ᠬᠡᠪᠴᠢᠶᠠᠨ ᠳᠤ ᠣᠷᠣᠭᠤᠯᠣᠭᠰᠠᠨ︔ ᠳᠣᠭᠳᠠᠭᠠᠯ ᠠᠴᠠ ᠵᠦᠷᠢᠴᠡᠨ ᠠᠯᠪᠠᠨ ᠶᠠᠪᠤᠲᠠᠯ ᠢᠶᠠᠷ ᠵᠤᠴᠢᠯᠠᠬᠤ | ᠵᠠᠷᠤᠲᠠᠯ ᠢ ᠵᠠᠷᠣᠭᠰᠠᠨ︔ ᠠᠯᠪᠠᠨ ᠶᠠᠪᠤᠲᠠᠯ ᠤᠨ ᠠᠵᠢᠯᠯᠠᠭ᠎ᠠ ᠲᠤᠮᠲᠠ ᠪᠠᠯᠡᠭ ᠰᠠᠯᠲᠠ᠂ ᠲᠤᠷᠠᠰᠬᠠᠯ ᠤᠨ ᠪᠤᠲᠠᠰ᠂ | ᠨᠤᠲᠤᠭ ᠤᠨ ᠭᠠᠷᠤᠯᠲᠠ ᠵᠡᠷᠬᠡ ᠶᠢ ᠬᠦᠷᠬᠡᠭᠰᠡᠨ ᠪᠤᠶᠤ ᠬᠤᠷᠢᠶᠠᠭᠰᠠᠨ᠃ | ︵ᠶᠢᠰᠦ︶ ᠤᠯᠠᠨ ᠲᠦᠮᠡᠨ ᠤ ᠦᠵᠡᠯᠲᠡ ᠰᠣᠯᠠ᠂ ᠤᠯᠠᠨ ᠲᠦᠮᠡᠨ ᠤ ᠬᠦᠰᠡᠯ ᠱᠠᠭᠠᠷᠲᠠᠯᠭ᠎ᠠ ᠪᠠ | ᠬᠠᠤᠯᠢ ᠶᠤᠰᠤᠨ ᠤ ᠡᠷᠬᠡ ᠠᠰᠢᠬ ᠢ ᠬᠠᠶᠢᠬᠤᠷᠬᠤ ᠦᠭᠡᠢ᠂ ᠠᠷᠠᠳ ᠤᠯᠠᠨ ᠲᠦᠮᠡᠨ ᠤ ᠬᠠᠤᠯᠢ ᠶᠤᠰᠤᠨ ᠤ | ᠡᠷᠬᠡ ᠠᠰᠢᠬ ᠲᠠᠢ ᠬᠤᠯᠪᠤᠬᠲᠠᠬᠰᠠᠨ ᠭᠤᠤᠯᠳᠠᠯᠭ᠎ᠠ ᠲᠠᠢ ᠠᠰᠠᠭᠤᠲᠠᠯ ᠪᠠ ᠠᠷᠠᠳ ᠤᠯᠠᠨ ᠲᠦᠮᠡᠨ ᠤ ᠵᠦᠢ | ᠵᠣᠬᠢᠰᠳᠠᠢ ᠬᠦᠰᠡᠯ ᠱᠠᠭᠠᠷᠲᠠᠯᠭ᠎ᠠ ᠶᠢ ᠬᠠᠶᠠᠨ ᠳᠤᠨᠢ ᠬᠠᠶᠠᠭᠰᠠᠨ︔ ᠠᠵᠢᠯ ᠤᠨ ᠠᠷᠭ᠎ᠠ ᠲᠦᠭᠦᠮ ᠪᠦᠲᠦᠭᠦᠯᠢᠭ᠂ | ᠤᠯᠠᠨ ᠲᠦᠮᠡᠨ ᠲᠤ ᠬᠡᠷᠴᠡᠭᠡᠢ ᠬᠠᠨᠳᠣᠵᠣ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ | ᠬᠦᠨᠲᠦ ᠨᠤᠴᠢᠲᠠᠢ ᠬᠤᠬᠢᠷᠠᠭᠤᠯᠤᠬᠰᠠᠨ︔ | ︵ᠠᠷᠪᠠ︶ ᠲᠤᠰ ᠰᠠᠯᠠᠭ᠎ᠠ ᠮᠦᠴᠢᠷ᠂ ᠲᠤᠰ ᠪᠠᠶᠢᠭᠤᠯᠤᠯᠭ᠎ᠠ ᠶᠢᠨ ᠠᠵᠢᠯᠲᠠᠨ ᠨᠢ ᠲᠤᠷ᠎ᠠ ᠪᠠᠷ ᠢᠶᠠᠨ | ᠦᠢᠯᠡᠳᠴᠦ᠂ ᠠᠵᠢᠯ ᠦᠯᠦ ᠬᠢᠵᠦ᠂ ᠠᠵᠢᠯ ᠢ ᠠᠯᠭᠤᠷᠯᠠᠭᠤᠯᠵᠣ᠂ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠲᠠᠬᠢ ᠬᠦᠢᠴᠡᠳᠬᠡᠬᠦ ᠴᠢᠬᠤᠯᠠ ᠲᠠᠢ ᠵᠦᠢᠯᠡᠰ ᠢ ᠲᠦᠯᠬᠢᠯᠴᠡᠨ ᠳᠠᠳᠠᠯᠴᠠᠵᠣ᠂ ᠤᠯᠠᠨ ᠲᠦᠮᠡᠨ ᠢ | ᠲᠤᠰᠬᠠᠯ ᠴᠢᠩᠭ᠎ᠠ ᠪᠣᠯᠭᠠᠭᠰᠠᠨ︔ | ︵ᠠᠷᠪᠠᠨ ᠨᠢᠭᠡ︶ ᠲᠡᠭᠡᠲᠦ ᠱᠠᠲᠤᠨ ᠤ ᠱᠠᠯᠠᠪᠳᠠᠭᠤᠯᠣᠨ ᠪᠠᠶᠢᠴᠠᠭᠠᠬᠤ ᠳᠣᠮᠳᠠ ᠢᠯᠡᠷᠡᠭᠦᠯᠦᠭᠰᠡᠨ᠂ | ᠤᠯᠠᠨ ᠲᠦᠮᠡᠨ ᠤ ᠲᠤᠰᠬᠠᠬᠰᠠᠨ ᠪᠤᠶᠤ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ᠂ ᠲᠤᠰ ᠪᠠᠶᠢᠭᠤᠯᠤᠯᠭ᠎ᠠ | ᠦᠪᠡᠷ ᠢᠢᠡᠨ ᠪᠠᠶᠢᠴᠠᠭᠠᠵᠣ ᠢᠯᠡᠷᠡᠭᠦᠯᠦᠭᠰᠡᠨ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠲᠤᠪᠤᠶᠢᠮ᠎ᠠ | ᠠᠰᠠᠭᠤᠲᠠᠯ ᠢᠶᠠᠨ ᠴᠠᠬ ᠲᠤᠬᠠᠢ ᠳᠤᠨᠢ ᠴᠡᠭᠴᠡᠯᠡᠨ ᠰᠠᠶᠢᠵᠢᠷᠠᠭᠤᠯᠣᠭᠰᠠᠨ ᠦᠭᠡᠢ ᠪᠤᠶᠤ ᠬᠦᠴᠦᠲᠡᠢ ᠠᠷᠭ᠎ᠠ ᠬᠡᠮᠵᠢᠶ᠎ᠡ | ᠠᠪᠤᠬᠰᠠᠨ ᠦᠭᠡᠢ ᠠᠴᠠ ᠪᠤᠯᠵᠦ ᠠᠰᠠᠭᠤᠲᠠᠯ ᠲᠠᠬᠢᠨ ᠲᠠᠪᠲᠠᠨ ᠢᠯᠡᠷᠡᠵᠦ᠂ ᠪᠠᠶᠢᠲᠠᠯ ᠢᠯᠡᠷᠬᠡᠢ ᠬᠤᠪᠢᠷᠠᠯᠲᠠ | ᠦᠯᠦ ᠭᠠᠷᠤᠬᠰᠠᠨ︔ | ︵ᠠᠷᠪᠠᠨ ᠬᠤᠶᠠᠷ︶ ᠪᠤᠰᠤᠳ ᠰᠤᠷᠲᠠᠯ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠲᠤᠬᠲᠠᠭᠠᠯ ᠠᠴᠠ ᠬᠠᠷᠢᠭᠤᠴᠠᠯᠭ᠎ᠠ ᠨᠡᠭᠡᠮᠵᠢᠯᠡᠬᠦ ᠴᠢᠬᠤᠯᠠ ᠲᠠᠢ ᠪᠣᠰᠣᠳ ᠠᠵᠢᠯᠯᠠᠭ᠎ᠠ᠃ | ᠤᠳᠤᠷᠢᠳᠬᠤ ᠺᠠᠳ᠋ᠷᠴᠣᠳ ︽ᠲᠦᠷ ᠬᠡᠷᠡᠭᠵᠢᠭᠦᠯᠬᠦ ᠠᠷᠭ᠎ᠠ︾ ᠳᠤ ᠵᠢᠬᠰᠠᠭᠠᠬᠰᠠᠨ ᠦᠢᠯᠡ | ᠪᠠᠶᠢᠲᠠᠯ ᠲᠠᠢ ᠪᠠᠶᠢᠵᠣ᠂ ᠦᠢᠯᠡ ᠪᠠᠶᠢᠲᠠᠯ ᠨᠢ ᠬᠦᠩᠭᠡᠨ ᠪᠣᠯ᠂ ᠳᠡᠭᠦᠨ ᠢ ᠵᠠᠷᠯᠢᠭᠳᠠᠨ ᠪᠢᠴᠢᠭ ᠤᠨ ᠬᠡᠯᠪᠡᠷᠢ ᠶᠢᠨ | ᠪᠠᠶᠢᠴᠠᠭᠠᠯᠲᠠ ᠬᠢᠯᠬᠡᠬᠦ ᠪᠤᠶᠤ ᠰᠡᠷᠡᠮᠵᠢᠯᠡᠭᠦᠯᠬᠦ ᠶᠠᠷᠢᠯᠴᠠᠭ᠎ᠠ ᠬᠢᠬᠦ ᠪᠠᠷ ᠰᠢᠢᠳᠪᠦᠷᠢᠯᠡᠨ᠎ᠡ︔ ᠦᠢᠯᠡ ᠪᠠᠶᠢᠲᠠᠯ ᠨᠢ | ᠨᠡᠯᠢᠶᠡᠳ ᠬᠦᠨᠲᠦ ᠪᠣᠯ ᠵᠠᠷᠯᠠᠨ ᠰᠢᠭᠦᠮᠵᠢᠯᠡᠵᠦ ᠰᠢᠢᠳᠪᠦᠷᠢᠯᠡᠨ᠎ᠡ︔ ᠦᠢᠯᠡ ᠪᠠᠶᠢᠲᠠᠯ ᠬᠦᠨᠲᠦ ᠨᠤᠴᠢᠲᠠᠢ ᠪᠣᠯ᠂ ︽ | ᠨᠠᠮ ᠵᠠᠰᠠᠬ ᠤᠨ ᠤᠳᠤᠷᠢᠳᠬᠤ ᠺᠠᠳ᠋ᠷᠴᠣᠳ ᠲᠤ ᠬᠠᠷᠢᠭᠤᠴᠠᠯᠭ᠎ᠠ ᠳᠣᠯᠭᠠᠬᠤ ᠶᠢ ᠬᠡᠷᠡᠭᠵᠢᠭᠦᠯᠬᠦ ᠲᠤᠬᠠᠢ ᠲᠦᠷ | ᠬᠡᠷᠡᠭᠵᠢᠭᠦᠯᠬᠦ ᠲᠤᠬᠲᠠᠭᠠᠯ︾ ᠶᠤᠰᠤᠭᠠᠷ᠂ ᠳᠡᠭᠦᠨ ᠢ ᠵᠠᠷᠯᠢᠭᠳᠠᠨ ᠢᠯᠡ ᠪᠠᠷ ᠪᠤᠷᠤᠭᠤ ᠬᠦᠯᠢᠶᠡᠯᠭᠡᠬᠦ᠂ ᠠᠵᠢᠯ ᠢ ᠨᠢ | ᠵᠤᠬᠰᠤᠭᠠᠨ ᠪᠠᠶᠢᠴᠠᠭᠠᠯᠭᠠᠬᠤ᠂ ᠪᠤᠷᠤᠭᠤ ᠪᠠᠨ ᠮᠡᠲᠡᠷᠡᠵᠦ ᠲᠤᠰᠢᠶᠠᠯ ᠠᠴᠠ ᠪᠠᠨ ᠪᠠᠭᠤᠬᠤ᠂ ᠵᠠᠷᠯᠢᠭᠳᠠᠨ | ᠲᠤᠰᠢᠶᠠᠯ ᠠᠴᠠ ᠨᠢ ᠪᠠᠭᠤᠯᠭᠠᠬᠤ᠂ ᠲᠤᠰᠢᠶᠠᠯ ᠠᠴᠠ ᠨᠢ ᠪᠠᠭᠤᠯᠭᠠᠬᠤ ᠪᠠᠷ ᠰᠢᠢᠳᠪᠦᠷᠢᠯᠡᠨ᠎ᠡ᠃ ᠡᠭᠦᠨ ᠤ ᠬᠠᠮᠲᠤ | ᠰᠠᠬᠢᠯᠭ᠎ᠠ ᠪᠠᠲᠦ ᠶᠢᠨ ᠬᠠᠷᠢᠭᠤᠴᠠᠯᠭ᠎ᠠ ᠨᠡᠭᠡᠮᠵᠢᠯᠡᠬᠦ ᠴᠢᠬᠤᠯᠠ ᠲᠠᠢ ᠪᠣᠯ᠂ ᠬᠠᠮᠢᠶ᠎ᠠ ᠪᠦᠬᠦᠢ ᠲᠤᠬᠲᠠᠭᠠᠯ ᠶᠤᠰᠤᠭᠠᠷ | ᠨᠠᠮ ᠤᠨ ᠰᠠᠬᠢᠯᠭ᠎ᠠ ᠪᠠᠲᠦ ᠵᠠᠰᠠᠭ ᠤᠨ ᠰᠠᠬᠢᠯᠭ᠎ᠠ ᠪᠠᠳᠣ ᠶᠢᠨ ᠰᠢᠳᠬᠡᠯ ᠦᠭᠭᠦᠨ᠎ᠡ︔ ᠬᠠᠤᠯᠢ ᠶᠢ ᠵᠦᠷᠢᠴᠡᠭᠰᠡᠨ | ᠶᠠᠯᠠᠲᠦ ᠠᠵᠢᠯᠯᠠᠭ᠎ᠠ ᠲᠠᠢ ᠬᠤᠯᠪᠤᠬᠲᠠᠬᠰᠠᠨ ᠪᠣᠯ᠂ ᠬᠠᠤᠯᠢ ᠶᠠᠪᠤᠭᠤᠯᠬᠤ ᠪᠠᠶᠢᠭᠤᠯᠤᠯᠭ᠎ᠠ ᠲᠤ ᠰᠢᠯᠵᠢᠭᠦᠯᠦᠨ ᠦᠭᠴᠦ | ᠬᠠᠤᠯᠢ ᠶᠤᠰᠤᠭᠠᠷ ᠰᠢᠢᠳᠪᠦᠷᠢᠯᠡᠭᠦᠯᠦᠨ᠎ᠡ᠃ | ᠤᠳᠤᠷᠢᠳᠬᠤ ᠺᠠᠳ᠋ᠷᠴᠣᠳ︽ᠲᠦᠷ ᠬᠡᠷᠡᠭᠵᠢᠭᠦᠯᠬᠦ ᠠᠷᠭ᠎ᠠ︾ ᠳᠤ ᠵᠢᠬᠰᠠᠭᠠᠬᠰᠠᠨ ᠦᠢᠯᠡ ᠪᠠᠶᠢᠲᠠᠯ | ᠤᠷᠤᠰᠢᠵᠦ ᠪᠠᠶᠢᠬᠤ ᠮᠦᠷᠲᠡᠭᠡᠨ ᠲᠤᠤᠷᠠᠬᠢ ᠦᠢᠯᠡ ᠪᠠᠶᠢᠲᠠᠯ ᠤᠨ ᠨᠢᠭᠡ ᠨᠢ ᠪᠠᠶᠢᠪᠠᠯ᠂ ᠬᠦᠨᠲᠦ ᠪᠠᠷ | ᠬᠠᠷᠢᠭᠤᠴᠠᠯᠭ᠎ᠠ ᠨᠡᠭᠡᠮᠵᠢᠯᠡᠨ᠎ᠡ᠄ ᠬᠠᠷᠢᠭᠤᠴᠠᠯᠭ᠎ᠠ ᠨᠡᠭᠡᠮᠵᠢᠯᠡᠬᠦ ᠪᠠᠶᠢᠴᠠᠭᠠᠯᠲᠠ ᠶᠢ ᠨᠦᠯᠦᠭᠡᠯᠡᠭᠰᠡᠨ᠂ ᠬᠠᠷᠰᠢᠯᠠᠭᠰᠠᠨ᠂ | ᠦᠯᠦ ᠬᠠᠮᠵᠢᠯᠴᠠᠭᠰᠠᠨ ᠪᠤᠶᠤ ᠪᠠᠶᠢᠴᠠᠭᠠᠬᠤ ᠠᠵᠢᠯᠲᠠᠨ ᠢ ᠲᠠᠲᠠᠭᠰᠠᠨ᠂ ᠬᠤᠲᠠᠯᠲᠤᠨ ᠠᠪᠣᠭᠰᠠᠨ ᠪᠠᠶᠢᠪᠠᠯ︔ | ᠪᠣᠳᠠᠳᠣ ᠣᠴᠢᠷ ᠤᠨ ᠦᠨᠡᠨ ᠪᠠᠶᠢᠳᠠᠯ ᠢ ᠬᠤᠲᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠨᠢᠭᠤᠨ ᠳᠠᠷᠣᠭᠰᠠᠨ | ᠪᠠᠶᠢᠪᠠᠯ︔ ᠢᠯᠡᠴᠢᠯᠡᠭᠴᠢ᠂ ᠵᠠᠭᠠᠯᠳᠤᠬᠴᠢ᠂ ᠪᠠᠶᠢᠴᠠᠭᠠᠬᠴᠢ ᠲᠤ ᠴᠤᠬᠢᠯᠲᠠ ᠦᠭᠬᠦᠭᠰᠡᠨ᠂ ᠦᠰᠢᠶ᠎ᠡ ᠠᠪᠣᠭᠰᠠᠨ᠂ | ᠬᠤᠣᠷᠯᠠᠭᠰᠠᠨ ᠪᠠᠶᠢᠪᠠᠯ︔ ᠨᠠᠮ ᠤᠨ ᠲᠤᠳᠤᠭᠠᠲᠤᠬᠢ ᠬᠠᠤᠯᠢ ᠲᠤᠬᠲᠠᠭᠠᠯ ᠪᠤᠯᠤᠨ ᠤᠯᠤᠰ ᠤᠨ ᠬᠠᠤᠯᠢ ᠴᠠᠭᠠᠵᠠ | ᠬᠠᠤᠯᠢ ᠲᠤᠬᠲᠠᠭᠠᠯ ᠲᠤ ᠲᠤᠬᠲᠠᠭᠠᠬᠰᠠᠨ ᠪᠤᠰᠤᠳ ᠬᠦᠨᠲᠦ ᠪᠠᠷ ᠰᠢᠳᠭᠡᠬᠦ ᠦᠢᠯᠡ ᠪᠠᠶᠢᠲᠠᠯ᠃ ᠳᠤᠤᠷᠡᠬᠢ | ᠦᠢᠯᠡ ᠪᠠᠶᠢᠳᠠᠯ ᠤᠨ ᠨᠢᠭᠡ ᠨᠢ ᠪᠠᠶᠢᠪᠠᠯ᠂ ᠬᠦᠩᠭᠡᠷᠡᠭᠦᠯᠦᠨ ᠬᠠᠷᠢᠭᠤᠴᠠᠯᠭ᠎ᠠ ᠨᠡᠭᠡᠮᠵᠢᠯᠡᠵᠦ ᠪᠤᠯᠤᠨ᠎ᠠ᠄ ᠦᠨᠡᠨ | ᠮᠦᠨ ᠢᠶᠠᠷ ᠨᠢ ᠮᠡᠳᠡᠬᠦᠯᠵᠦ᠂ ᠰᠠᠨᠠᠭᠠᠴᠢᠯᠠᠭ᠎ᠠ ᠲᠠᠢ ᠪᠠᠷ ᠵᠠᠯᠠᠷᠠᠭᠤᠯᠵᠣ᠂ ᠬᠤᠬᠢᠷᠠᠯ ᠠᠴᠠ ᠪᠦᠳᠦᠮᠵᠢᠳᠡᠢ | ᠵᠠᠶᠢᠯᠠᠰᠬᠢᠭᠰᠠᠨ ᠪᠤᠶᠤ ᠨᠦᠯᠦᠭᠡ ᠶᠢ ᠡᠬᠡᠬᠦᠯᠦᠭᠰᠡᠨ ᠪᠠᠶᠢᠪᠠᠯ︔ ᠬᠠᠷᠢᠭᠤᠴᠠᠯᠭ᠎ᠠ ᠨᠡᠭᠡᠮᠵᠢᠯᠡᠬᠦ ᠪᠠᠶᠢᠴᠠᠭᠠᠯᠳᠠ ᠲᠠᠢ | ᠢᠳᠡᠪᠬᠢᠳᠡᠢ ᠬᠠᠮᠵᠢᠯᠴᠠᠭᠰᠠᠨ ᠮᠦᠷᠳᠡᠭᠡᠨ ᠰᠠᠨᠠᠭᠠᠴᠢᠯᠠᠭ᠎ᠠ ᠲᠠᠢ ᠪᠠᠷ ᠬᠠᠷᠢᠭᠤᠴᠠᠯᠭ᠎ᠠ ᠡᠬᠦᠷᠭᠡᠯᠡᠭᠰᠡᠨ ᠪᠠᠶᠢᠪᠠᠯ᠃ | ︽ᠲᠦᠷ ᠬᠡᠷᠡᠭᠵᠢᠭᠦᠯᠬᠦ ᠠᠷᠭ᠎ᠠ︾ ᠶᠢ 2015 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |