ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠨᠠᠷ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠡᠷᠢᠬᠤ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2015/4/15
     4 ᠳ᠋ᠤᠬᠡᠷ ᠰᠠᠷ᠎ᠠ ᠶᠢᠨ 13᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠸᠠᠩ ᠵᠢᠶᠦ᠋ᠨ᠂ ᠪᠠᠭᠠᠲᠤᠷ᠂ ᠷᠧᠨ ᠶᠠ ᠫᠢᠡᠭ᠂ ᠴᠧ ᠬᠤᠸᠠ ᠰᠦᠡᠭ᠂ ᠯᠢ ᠵᠢᠶᠠ᠂ ᠯᠢ ᠫᠧᠩ ᠰᠢᠨ᠂ ᠹᠦ᠋ ᠲᠠᠢ ᠽᠧᠩ᠂ ᠪᠦ᠋ ᠰᠢᠶᠤᠤ ᠯᠢᠨ᠂  ᠨᠠᠰᠤᠨᠮᠦ᠋ᠡᠭᠬᠡ ᠨᠠᠷ ᠠᠯᠪᠠᠨ ᠵᠢᠷᠤᠮ ᠤᠨ  ᠮᠤᠳᠤ ᠲᠠᠷᠢᠬᠤ ᠠᠵᠢᠯᠯᠠᠭ᠎ᠠ ᠳᠤ ᠤᠷᠤᠯᠴᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠳᠠ ᠤᠷᠤᠨ ᠤ ᠪᠦᠬᠦ ᠠᠷᠠᠳ ᠤᠨ ᠠᠯᠪᠠᠨ ᠵᠢᠷᠦᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ᠂ ᠪᠦᠬᠦ ᠠᠷᠠᠳ ᠢᠶᠠᠷ ᠢᠶᠠᠨ ᠬᠦᠳᠡᠯᠦᠯᠴᠡᠨ ᠦᠷᠭᠡᠨ ᠳᠡᠯᠭᠡᠷ ᠤᠷᠤᠯᠴᠠᠵᠤ᠂ ᠮᠤᠳᠤ ᠲᠠᠷᠢᠵᠤ ᠤᠢᠢᠵᠢᠭᠤᠯᠵᠤ ᠨᠤᠭᠤᠭᠠᠷᠠᠭᠤᠯᠬᠤ ᠢᠨᠵᠧᠨᠧᠷᠢᠩ ᠤᠨ ᠠᠵᠢᠯ ᠢ ᠰᠢᠨᠳᠠᠷᠠᠰᠢ ᠦᠭᠡᠢ ᠰᠠᠶᠢᠳᠦᠷ ᠠᠳᠬᠤᠵᠤ᠂ ᠡᠬᠡ ᠤᠯᠤᠰ ᠤᠨ ᠤᠮᠠᠷᠠᠳᠦ ᠬᠢᠯᠢ ᠶᠢᠨ ᠠᠮᠢ ᠠᠬᠤᠢ ᠶᠢᠨ ᠪᠤᠯᠪᠠᠰᠤᠨ ᠤ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠤᠶ᠎ᠠ ᠭᠡᠪᠡ᠃  ᠲᠡᠷᠡ ᠵᠢᠭᠠᠵᠤ ᠭᠠᠷᠭᠠᠭᠰᠠᠨ ᠨᠢ᠂ ᠶᠡᠷᠤᠩᠭᠡᠢ ᠱᠦᠵᠢ ᠰᠢ ᠶᠢᠨ ᠫᠢᠡᠭ ᠠᠴᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠪᠤᠯ ᠠᠵᠢᠯ ᠡᠭᠦᠷᠭᠡ ᠨᠢ ᠤᠳᠤᠬᠠᠨ ᠤ ᠬᠢ᠂ ᠠᠴᠢ ᠲᠤᠰᠠ ᠨᠢ ᠦᠨᠢ ᠡᠬᠦᠷᠢᠳᠡ ᠶᠢᠨ ᠦᠢᠯᠡᠰ ᠮᠦᠨ᠂ ᠪᠢᠳᠡ ᠪᠦᠬᠦᠳᠡᠭᠡᠷ ᠨᠢᠳᠤᠨ ᠴᠡᠴᠡᠭᠡᠢ ᠪᠠᠨ ᠬᠠᠶᠢᠷᠠᠯᠠᠵᠤ ᠬᠠᠮᠠᠭᠠᠯᠠᠬᠤ ᠰᠢᠭ᠋ ᠢᠶᠠᠷ ᠠᠮᠢ ᠠᠬᠤᠢ ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠠᠮᠢ ᠨᠠᠰᠤᠨ ᠳᠠᠭᠠᠨ ᠬᠠᠨᠳᠤᠬᠤ ᠤᠪᠤᠷ ᠢᠶᠠᠷ ᠤᠷᠴᠢᠨ ᠲᠤᠭᠤᠷᠢᠨ ᠳᠤ ᠬᠠᠨᠳᠤᠬᠤ ᠬᠡᠷᠡᠭᠳᠠᠢ ᠭᠡᠵᠦ ᠴᠢᠬᠤᠯᠠᠴᠢᠯᠠᠭᠰᠠᠨ ᠪᠠᠶᠢᠳᠠᠭ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠤᠳᠤ ᠲᠠᠷᠢᠵᠤ ᠤᠢᠢᠵᠢᠭᠤᠯᠵᠤ ᠨᠤᠭᠤᠭᠠᠷᠠᠭᠤᠯᠬᠤ ᠠᠵᠢᠯ ᠢ ᠰᠢᠨᠳᠠᠷᠠᠰᠢ ᠦᠭᠡᠢ ᠰᠠᠶᠢᠲᠤᠷ ᠠᠳᠬᠤᠵᠤ᠂ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢ ᠠᠬᠤᠢ ᠶᠢᠨ ᠪᠤᠯᠪᠠᠰᠤᠨ ᠤ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠪᠠᠷ ᠪᠦᠬᠦ ᠬᠦᠴᠦᠨ ᠢᠶᠠᠷ ᠴᠢᠷᠮᠠᠶᠢᠬᠤ ᠬᠡᠷᠡᠭᠳᠠᠢ᠃ ᠵᠠᠰᠠᠭ ᠤᠨ ᠤᠷᠳᠤᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠵᠤ᠂ ᠪᠠᠶᠢᠭᠤᠯᠤᠮᠵᠢ ᠳᠤᠭᠳᠠᠴᠠ ᠶᠢᠨ ᠰᠢᠨ᠎ᠠ ᠶᠢ ᠡᠭᠦᠳᠴᠤ᠂ ᠪᠦᠬᠦ ᠨᠡᠶᠢᠭᠡᠮ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠪᠦᠬᠦ ᠠᠷᠠᠳ ᠢᠶᠠᠷ ᠢᠶᠠᠨ ᠬᠦᠳᠡᠯᠦᠯᠴᠡᠨ ᠮᠤᠳᠤ ᠲᠠᠷᠢᠵᠤ ᠤᠢᠢᠵᠢᠭᠤᠯᠵᠤ ᠨᠤᠭᠤᠭᠠᠷᠠᠭᠤᠯᠬᠤ ᠢᠨᠵᠧᠨᠧᠷᠢᠩ ᠢ ᠶᠡᠭᠡ ᠪᠠᠷ ᠠᠳᠬᠤᠵᠤ᠂ ᠡᠬᠡ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠪᠠᠳᠤ ᠪᠠᠬᠢ ᠪᠦᠲᠦᠭᠡᠨ ᠪᠠᠶᠢᠭᠤᠯᠬᠤ ᠬᠡᠷᠡᠭᠲᠠᠢ ᠬᠡᠪᠡ᠃  ᠲᠡᠷᠠ ᠪᠠᠰᠠ ᠤᠢ ᠰᠢᠭᠤᠢ ᠶᠢᠨ ᠰᠠᠯᠠᠭ᠎ᠠ ᠮᠦᠴᠢᠷ ᠤᠨ ᠠᠵᠢᠯᠳᠠᠨ ᠳᠤ᠂ ᠲᠤᠰᠬᠠᠢ ᠮᠡᠷᠭᠡᠵᠢᠭᠰᠡᠨ ᠠᠵᠢᠯᠳᠠᠨ ᠤ ᠡᠩᠨᠡᠭᠡ ᠪᠠᠨ ᠪᠤᠵᠠᠭᠠᠢᠢᠷᠠᠭᠤᠯᠬᠤ ᠬᠡᠷᠡᠭᠳᠠᠢ ᠪᠦᠭᠡᠳ ᠤᠢᠢᠵᠢᠭᠤᠯᠵᠤ ᠨᠤᠭᠤᠭᠠᠷᠠᠭᠤᠯᠬᠤ ᠶᠠᠰᠤ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠬᠦᠯᠬᠦ ᠶᠢᠨ ᠬᠠᠮᠲᠤ ᠤᠢ ᠮᠤᠳᠤ ᠪᠠᠨ ᠬᠠᠮᠠᠭᠠᠯᠠᠵᠤ ᠬᠠᠮᠢᠶᠠᠷᠬᠤ ᠪᠠᠨ ᠴᠢᠩᠭᠠᠳᠬᠠᠵᠤ᠂ ᠤᠢ ᠰᠢᠭᠤᠢ ᠳᠤ ᠭᠠᠯ ᠲᠦᠢᠮᠠᠷ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠦᠷ᠎ᠠ ᠪᠦᠲᠦᠭᠡᠯ ᠢᠶᠠᠨ ᠰᠠᠶᠢᠳᠦᠷ ᠬᠠᠮᠠᠭᠠᠯᠠᠬᠤ ᠬᠡᠷᠡᠭᠲᠠᠢ ᠬᠡᠵᠤ ᠵᠠᠬᠢᠪᠠ᠃      ᠤᠢᠢᠯᠠᠭᠠᠭᠰᠠᠨ ᠢᠶᠠᠷ᠂ ᠡᠨᠡ ᠵᠢᠯ ᠦᠪᠡᠷᠳᠡᠭᠡᠨ ᠵᠠᠰᠠᠬᠤ ᠤᠷᠤᠨ ᠠᠴᠠ ᠰᠢᠨ᠎ᠡ ᠪᠠᠷ 2000 ᠮᠤ᠋ ᠶᠢᠨ ᠨᠠᠮ ᠵᠠᠰᠠᠭ ᠴᠡᠷᠢᠭ ᠤᠨ ᠠᠯᠪᠠᠨ ᠵᠢᠷᠦᠮ ᠤᠨ ᠮᠤᠳᠤ ᠲᠠᠷᠢᠬᠤ ᠰᠠᠭᠤᠷᠢᠨ ᠭᠠᠷᠭᠠᠪᠠ᠃ ᠲᠦᠯᠦᠪᠯᠡᠭᠡ ᠪᠠᠷ᠂ ᠡᠨᠡ ᠵᠢᠯ ᠠᠴᠠ ᠡᠬᠢᠯᠡᠨ 5 ᠵᠢᠯ ᠤᠨ ᠲᠤᠳᠤᠷ᠎ᠠ ᠲᠤᠰ ᠰᠠᠭᠤᠷᠢᠨ ᠤ ᠤᠶᠢᠵᠢᠭᠤᠯᠬᠤ ᠡᠬᠦᠷᠭᠡ ᠪᠠᠨ ᠪᠡᠶᠡᠯᠡᠬᠦᠯᠬᠦ ᠪᠤᠯᠤᠨ᠎ᠠ᠃ ᠡᠨᠡ ᠠᠵᠢᠯ 320 ᠮᠦ ᠶᠢ ᠨᠢ ᠤᠢᠢᠵᠢᠭᠤᠯᠵᠤ᠂ 1.6 ᠲᠦᠮᠡᠨ ᠰᠠᠭᠤᠷᠢ ᠮᠤᠳᠤ ᠲᠠᠷᠢᠬᠤ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号