ᠦᠪᠦᠷ ᠵᠠᠰᠠᠭ ᠠᠯᠪᠠᠨ ᠲᠠᠷᠬᠠᠭᠠᠭᠰᠠᠨ ﹇2014﹈ 119 ᠳ᠋ᠣᠭᠡᠷ ᠲᠣᠭᠠᠲᠦ | 2014 ᠤᠨ ᠤ 11 ᠳ᠋ᠤᠭᠡᠷ ᠰᠠᠷ᠎ᠠ ᠶᠢᠨ 15 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠵᠦᠪᠯᠡᠯ᠂ ᠠᠯᠪᠠᠨ | ᠭᠡᠷ᠂ ᠲᠢᠩᠬᠢᠮ᠂ ᠲᠤᠪᠴᠢᠶ᠎ᠠ ᠳᠤ᠄ | | ︽ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠤᠭᠳᠠᠯ ᠪᠦᠬᠦᠢ ᠤᠴᠢᠷ ᠤᠨ ᠲᠤᠬᠠᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ᠢᠯᠡ ᠴᠠᠬᠢᠯᠭᠠᠨ ﹇2014﹈ 17 | ᠳ᠋ᠤᠭᠠᠷ ᠲᠤᠭᠠᠳᠤ︶ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠳᠤ ᠦᠪᠡᠷᠳᠡᠭᠡᠨ ᠵᠠᠰᠠᠬᠤ ᠤᠷᠤᠨ ᠤ | ᠪᠤᠳᠠᠳᠠᠢ ᠲᠠᠢ ᠤᠶᠠᠯᠳᠤᠭᠤᠯᠵᠤ ᠲᠤᠤᠷᠠᠬᠢ ᠰᠠᠨᠠᠯ ᠢ ᠲᠤᠷᠠᠳᠪᠠ᠂ ᠬᠠᠮᠳᠤ ᠳᠤᠨᠢ ᠲᠤᠤᠱᠯᠠᠭᠤᠯᠤᠨ | ᠨᠠᠶᠢᠳᠠᠪᠤᠷᠢᠵᠢᠭᠤᠯᠳᠤᠭᠠᠢ᠃ | ᠨᠢᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ | ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ︽ᠤᠷᠤᠨ | ᠨᠤᠳᠤᠭ ᠤᠨ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠬᠢᠭᠡᠳ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠪ ᠲᠠᠷᠬᠠᠭᠠᠭᠰᠠᠨ ﹇2013﹈ 9 ᠳ᠋ᠤᠭᠡᠷ ᠲᠤᠭᠠᠳᠤ︶᠂ ︽ᠤᠷᠤᠨ | ᠨᠤᠳᠤᠭ ᠤᠨ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠯ ᠢ ᠦᠭᠡᠷᠡᠴᠢᠯᠡᠨ | ᠲᠡᠭᠦᠯᠳᠡᠷᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠦᠷᠦ | ᠲᠠᠷᠬᠠᠭᠠᠭᠰᠠᠨ ﹇2013﹈ 18 ᠳ᠋ᠤᠭᠠᠷ ᠲᠤᠭᠠᠳᠤ︶᠂ ᠲᠦᠷᠦ ᠠᠯᠪᠠᠨ ᠲᠠᠷᠬᠠᠭᠠᠭᠰᠠᠨ ᠢᠯᠡ ᠴᠠᠭᠢᠯᠭᠠᠨ ﹇ | 2014﹈ 17 ᠳ᠋ᠤᠭᠠᠷ ᠲᠤᠭᠠᠳᠤ᠂ ︽ᠠᠶᠢᠮᠠᠭ ᠬᠤᠳᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠪᠠᠶᠢᠭᠤᠯᠤᠯ ᠢ ᠦᠭᠡᠷᠡᠴᠢᠯᠡᠨ ᠲᠡᠭᠦᠯᠳᠡᠷᠵᠢᠭᠦᠯᠬᠦ ᠲᠤᠬᠠᠢ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠲᠠᠷᠬᠠᠭᠠᠭᠰᠠᠨ ﹇ | 2014﹈ 11 ᠳ᠋ᠤᠭᠡᠷ ᠲᠤᠭᠠᠳᠤ︶ ᠤᠨ ᠵᠤᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ | ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠠᠵᠠ ᠲᠤᠬᠢᠶᠠᠯ ᠢᠶᠠᠨ ᠪᠤᠯᠭᠠᠵᠤ᠂ ᠢᠳᠡᠭᠡᠨ ᠪᠠ | ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠠᠵᠢᠯ ᠢ ᠦᠨᠡᠨᠬᠦ | ᠰᠠᠶᠢᠳᠤᠷ ᠬᠢᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠨᠢ 2014 ᠤᠨ ᠤ ᠵᠢᠯ ᠤᠨ | ᠰᠡᠭᠦᠯᠴᠢ ᠠᠴᠠ ᠡᠮᠦᠨ᠎ᠡ ᠡᠷᠬᠡᠪᠰᠢ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠯ ᠤᠨ | ᠦᠭᠡᠷᠡᠴᠢᠯᠡᠯᠳᠡ ᠶᠢᠨ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃ | ᠬᠤᠶᠠᠷ᠂ ᠡᠯ᠎ᠡ ᠱᠠᠳᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ | ᠪᠠᠶᠢᠭᠤᠯᠤᠮᠵᠢ ᠶᠢ ᠴᠤᠭᠴᠠᠯᠠᠨ ᠪᠠᠶᠢᠭᠤᠯᠬᠤ ᠠᠵᠢᠯ ᠢ ᠱᠠᠯᠠᠪᠳᠠᠨ ᠪᠡᠶᠡᠯᠡᠭᠦᠯᠬᠦ ᠬᠡᠷᠡᠭᠳᠡᠢ᠃ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠤᠰᠠᠭᠠᠷ ᠪᠠᠶᠢᠷᠢᠯᠠᠭᠤᠯᠤᠭᠰᠠᠨ ᠠᠶᠢᠮᠠᠭ | ᠬᠤᠳᠠ ᠨᠤᠭᠤᠳ ᠰᠠᠯᠠᠭ᠎ᠠ ᠮᠦᠴᠢᠷ ᠤᠨ ︽ᠭᠤᠷᠪᠠ ᠶᠢ ᠲᠤᠭᠳᠠᠭᠠᠬᠤ︾ ᠲᠤᠭᠳᠠᠭᠠᠯ ᠢ ᠲᠠᠷᠦ᠋ᠢᠬᠠᠨ ᠲᠠᠬᠢᠨ | ᠰᠢᠨ᠎ᠡ ᠪᠠᠷ ᠲᠤᠭᠳᠠᠭᠠᠵᠤ᠂ ᠡᠭᠦᠷᠭᠡ ᠴᠢᠳᠠᠪᠤᠷᠢ᠂ ᠪᠠᠶᠢᠭᠤᠯᠤᠮᠵᠢ᠂ ᠤᠷᠤᠨ ᠲᠤᠭ᠎ᠠ᠂ ᠠᠵᠢᠯᠳᠠᠳ ᠢ ᠰᠢᠯᠵᠢᠭᠦᠯᠦᠨ | ᠲᠤᠬᠢᠷᠠᠭᠤᠯᠬᠤ ᠬᠡᠷᠡᠭᠳᠡᠢ︔ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ | ᠪᠤᠰᠤᠳ ᠪᠠᠶᠢᠭᠤᠯᠤᠮᠵᠢ ᠯᠤᠭ᠎ᠠ ᠨᠡᠶᠢᠯᠡᠭᠦᠯᠵᠦ ᠪᠠᠶᠢᠷᠢᠯᠠᠭᠤᠯᠤᠭᠰᠠᠨ ᠠᠶᠢᠮᠠᠭ ᠬᠤᠳᠠ ᠨᠤᠭᠤᠳ ᠡᠬᠢ ᠪᠠᠶᠠᠯᠢᠭ ᠢ | ᠨᠡᠶᠢᠯᠡᠭᠦᠯᠬᠦ ᠪᠠ ᠠᠵᠢᠯᠳᠠᠳ ᠢ ᠲᠤᠬᠢᠷᠠᠭᠤᠯᠬᠤ ᠠᠵᠢᠯ ᠢ ᠱᠠᠯᠠᠪᠳᠠᠨ ᠰᠠᠶᠢᠳᠤᠷ ᠬᠢᠵᠤ᠂ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠨᠢ ᠡᠬᠢ ᠪᠠᠶᠠᠯᠢᠭ ᠢ ᠨᠡᠶᠢᠯᠡᠭᠦᠯᠬᠦ ᠶᠢᠨ ᠬᠢᠨᠠᠵᠤ ᠬᠠᠮᠢᠶᠠᠷᠬᠤ | ᠶᠠᠪᠤᠴᠠ ᠳᠤ ᠴᠢᠩᠭᠠᠳᠬᠠᠭᠳᠠᠬᠤ ᠶᠢ ᠦᠨᠡᠨᠬᠦ ᠪᠠᠳᠤᠯᠠᠬᠤ ᠬᠡᠷᠡᠭᠳᠡᠢ᠃ ᠬᠤᠰᠢᠭᠤ ᠰᠢᠶᠠᠨ ︵ᠬᠤᠳᠠ᠂ ᠲᠤᠭᠤᠷᠢᠭ︶ | ᠤ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠶᠢ | ᠬᠤᠰᠢᠭᠤ ᠰᠢᠶᠠᠨ ︵ᠬᠤᠳᠠ᠂ ᠲᠤᠭᠤᠷᠢᠭ︶ ᠠᠴᠠ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠢᠶᠠᠨ | ᠦᠨᠳᠤᠰᠦᠯᠡᠵᠦ ᠰᠤᠳᠤᠯᠤᠨ ᠲᠣᠭᠲᠠᠭᠠᠨ᠎ᠠ᠃ ᠦᠨᠳᠤᠰᠦᠨ ᠱᠠᠳᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠬᠦ ᠪᠠ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠬᠦᠷᠦᠯᠴᠡᠬᠦ᠋ᠢᠴᠡ | ᠬᠦᠴᠦᠨ ᠪᠤᠯᠤᠨ ᠡᠬᠢ ᠪᠠᠶᠠᠯᠢᠭ ᠢᠶᠠᠷ ᠢᠶᠠᠨ ᠪᠦᠳᠦᠮᠵᠢᠳᠡᠢ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠦᠨᠡᠨᠬᠦ ᠪᠠᠳᠤᠯᠠᠬᠤ ᠬᠡᠷᠡᠭᠳᠡᠢ᠃ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ | ᠪᠤᠰᠤᠳ ᠪᠠᠶᠢᠭᠤᠯᠤᠮᠵᠢ ᠯᠤᠭ᠎ᠠ ᠶᠡᠷᠦᠩᠬᠡᠶᠢᠯᠡᠨ ᠪᠠᠶᠢᠷᠢᠯᠠᠭᠤᠯᠤᠭᠰᠠᠨ ᠪᠤᠯ ᠢᠳᠡᠭᠡᠨ ᠪᠠ ᠡᠮ ᠤᠨ ᠵᠦᠢᠯ ᠤᠨ | ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠫᠠᠶᠢᠰᠠ ᠶᠢ ᠨᠡᠮᠡᠨ ᠡᠯᠭᠦᠵᠦ ᠪᠤᠯᠤᠨ᠎ᠠ᠃ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠨᠢ ᠴᠦᠮ ᠢᠳᠡᠭᠡᠨ ᠤ ᠠᠮᠤᠷ ᠲᠦᠪᠰᠢᠨ ᠤ ᠵᠦᠪᠯᠡᠯ ᠢ ᠪᠠᠶᠢᠭᠤᠯᠵᠤ᠂ | ᠪᠤᠳᠠᠳᠠᠢ ᠠᠵᠢᠯ ᠢ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠠᠴᠠ | ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠤᠨ ᠫᠠᠶᠢᠰᠠ ᠶᠢ ᠨᠡᠮᠡᠨ ᠡᠯᠭᠦᠵᠦ | ᠪᠤᠯᠤᠨ᠎ᠠ᠃ | ᠭᠤᠷᠪᠠ᠂ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ | ᠲᠤᠪᠴᠢᠶ᠎ᠠ ᠠᠴᠠ ᠲᠤᠭᠳᠠᠭᠠᠭᠰᠠᠨ ᠢᠳᠡᠭᠡᠨ ᠤ ᠵᠦᠢᠯ᠂ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠵᠠᠰᠠᠯ | ᠴᠢᠮᠡᠭ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠳᠠ ᠲᠠᠯᠪᠢᠬᠤ ᠠᠵᠢᠯᠳᠠᠳ ᠤᠨ ᠪᠤᠯᠪᠠᠰᠤᠷᠠᠭᠤᠯᠤᠯ ᠤᠨ | ᠬᠦᠳᠦᠯᠪᠦᠷᠢ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠲᠡᠭᠡᠷ᠎ᠡ ᠠᠴᠠ ᠲᠤᠷᠤᠭᠰᠢ᠂ ᠨᠢᠭᠡᠳᠦᠯᠳᠡᠢ ᠲᠦᠯᠦᠪᠵᠢᠭᠦᠯᠬᠦ | ᠂ ᠲᠦᠷᠦᠯ ᠬᠤᠪᠢᠶᠠᠨ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠳᠠᠳ ᠤᠨ | ᠪᠤᠯᠪᠠᠰᠤᠷᠠᠭᠤᠯᠤᠯ ᠤᠨ ᠲᠤᠭᠳᠠᠴᠠ ᠶᠢ ᠪᠠᠶᠢᠭᠤᠯᠵᠤ᠂ ᠪᠤᠯᠪᠠᠰᠤᠷᠠᠭᠤᠯᠤᠯ ᠢ ᠴᠢᠩᠭᠠᠳᠬᠠᠵᠤ᠂ ᠲᠡᠭᠡᠳᠤ ᠬᠡᠪ | ᠪᠤᠯᠪᠠᠰᠤᠷᠠᠯ ᠲᠠᠢ ᠬᠢᠨᠠᠨ ᠬᠠᠮᠢᠶᠠᠷᠬᠤ ᠡᠩᠨᠡᠭᠡ ᠶᠢ ᠴᠢᠷᠮᠠᠶᠢᠨ ᠡᠬᠦᠳᠬᠦ ᠬᠡᠷᠡᠭᠳᠡᠢ᠃ ᠤᠨᠤᠯ ᠤᠨ ᠴᠢᠨᠠᠷ᠂ ᠲᠡᠰ | ᠲᠠᠪᠬᠤᠷᠭᠠᠳᠤ ᠴᠢᠨᠠᠷ ᠪᠤᠯᠤᠨ ᠬᠡᠷᠡᠭᠴᠡᠭᠡᠳᠦ ᠴᠢᠨᠠᠷ ᠢ ᠲᠤᠪᠤᠶᠢᠯᠭᠠᠵᠤ᠂ ᠪᠦᠬᠦ ᠠᠵᠢᠯᠳᠠᠳ ᠤᠨ ᠮᠡᠳᠡᠯᠭᠡ ᠶᠢᠨ | ᠰᠢᠨᠡᠴᠢᠯᠠᠯ ᠤᠨ ᠪᠤᠯᠪᠠᠰᠤᠷᠠᠭᠤᠯᠤᠯ᠂ ᠺᠠᠳ᠋ᠷ ᠤᠳᠤᠷᠢᠳᠤᠯᠭ᠎ᠠ ᠶᠢᠨ ᠴᠢᠳᠠᠪᠤᠷᠢ ᠶᠢᠨ ᠪᠤᠯᠪᠠᠰᠤᠷᠠᠭᠤᠯᠤᠯ᠂ ᠤᠳᠤ | ᠦᠶ᠎ᠡ ᠶᠢᠨ ᠬᠢᠨᠠᠯᠳᠠ ᠬᠠᠮᠢᠶᠠᠷᠤᠯᠳᠠ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ ᠴᠢᠩᠭᠠᠳᠬᠠᠵᠤ᠂ | ᠪᠤᠯᠪᠠᠰᠤᠷᠠᠭᠤᠯᠤᠯ ᠤᠨ ᠶᠠᠰᠤ ᠴᠢᠨᠠᠷ ᠢ ᠲᠡᠭᠡᠭᠰᠢᠯᠡᠭᠦᠯᠵᠦ᠂ ᠪᠤᠯᠪᠠᠰᠤᠷᠠᠭᠤᠯᠤᠯ ᠤᠨ ᠦᠷ᠎ᠡ ᠪᠦᠳᠦᠮᠵᠢ ᠶᠢ | ᠲᠡᠭᠡᠭᠰᠢᠯᠡᠭᠦᠯᠬᠦ ᠬᠡᠷᠡᠭᠳᠡᠢ᠃ ᠠᠶᠢᠮᠠᠭ ᠬᠤᠳᠠ ᠪᠠ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ | ᠮᠦᠴᠢᠷ ᠪᠠᠶᠢᠭᠤᠯᠭ᠎ᠠ ᠶᠢᠨ ᠠᠵᠢᠯᠳᠠᠨ᠂ ᠬᠢᠨᠠᠨ ᠬᠠᠮᠢᠶᠠᠷᠬᠤ ᠠᠵᠢᠯᠳᠠᠨ ᠪᠠ ᠠᠵᠤ ᠠᠬᠤᠶᠢᠯᠠᠯ ᠤᠨ ᠬᠠᠮᠢᠶ᠎ᠠ ᠪᠦᠬᠦᠢ | ᠠᠵᠢᠯᠳᠠᠨ ᠤ ᠪᠤᠯᠪᠠᠰᠤᠷᠠᠭᠤᠯᠤᠯ ᠢ ᠬᠦᠴᠦᠯᠡᠨ ᠰᠠᠶᠢᠳᠤᠷ ᠠᠳᠬᠤᠬᠤ ᠬᠡᠷᠡᠭᠳᠡᠢ᠃ | ᠲᠦᠷᠪᠡ᠂ ᠤᠳᠤᠬᠠᠨ ᠳᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ | ᠤᠯᠠᠨ ᠡᠭᠦᠰᠴᠦ ᠲᠠᠷᠠᠭᠠᠯᠠᠨ ᠡᠭᠦᠰᠴᠦ ᠪᠠᠶᠢᠬᠤ ᠱᠠᠳᠤᠨ ᠳᠤ ᠤᠷᠤᠰᠢᠵᠤ᠂ ᠤᠷᠤᠨ ᠨᠤᠳᠤᠭ ᠤᠨ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠵᠢᠴᠢ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠡᠷᠭᠡ ᠰᠠᠯᠠᠭ᠎ᠠ | ᠮᠦᠴᠢᠷ ᠤᠳ ᠲᠤᠯᠭᠠᠮ᠎ᠠ ᠰᠡᠳᠬᠢᠯᠭᠡ ᠪᠠ ᠠᠶᠤᠯ ᠲᠦᠭᠰᠢᠭᠦᠷᠢ ᠶᠢᠨ ᠲᠣᠬᠠᠢ ᠦᠵᠡᠯ ᠲᠠᠨᠢᠯᠳᠠ ᠪᠠᠨ | ᠲᠡᠭᠡᠭᠰᠢᠯᠡᠭᠦᠯᠵᠦ᠂ ᠢᠳᠡᠪᠬᠢᠳᠡᠢ ᠪᠠᠷ ᠠᠰᠠᠭᠤᠳᠠᠯ ᠢ ᠪᠠᠶᠢᠴᠠᠭᠠᠨ ᠡᠷᠢᠵᠦ᠂ ᠠᠰᠠᠭᠤᠳᠠᠯ ᠢ ᠬᠠᠮᠢᠶᠠᠷᠤᠨ ᠡᠵᠡᠮᠳᠡᠵᠦ᠂ | ᠠᠰᠠᠭᠤᠳᠠᠯ ᠢ ᠤᠰᠠᠳᠬᠠᠵᠤ᠂ ᠦᠭᠡᠷᠡᠴᠢᠯᠡᠯᠳᠡ ᠶᠢᠨ ᠰᠢᠯᠵᠢᠯᠳᠡ ᠶᠢᠨ ᠬᠤᠭᠤᠴᠠᠭᠠᠨ ᠳᠠᠬᠢ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ ᠠᠰᠠᠭᠤᠳᠠᠯ ᠢᠶᠠᠷ | ᠤᠳᠤᠷᠢᠳᠤᠮᠵᠢ ᠪᠤᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠪᠤᠢ ᠪᠤᠯᠭᠠᠬᠤ | ᠬᠡᠷᠡᠭᠳᠡᠢ᠃ ︽ᠲᠦᠷᠪᠡᠨ ᠡᠳ᠋ ᠨᠢᠭᠡ ᠬᠡᠷᠡᠭᠰᠡᠯ︾ ᠤᠨ ᠦᠢᠯᠡᠳᠪᠦᠷᠢᠯᠡᠯ ᠤᠨ ᠭᠦᠢᠯᠭᠡᠭᠡᠨ ᠤ ᠬᠡᠪᠴᠢᠶᠡᠨ ᠤ ᠲᠤᠰᠬᠠᠢ | ᠲᠦᠷᠦᠯ ᠢᠶᠠᠷ ᠴᠡᠭᠴᠡᠯᠡᠨ ᠵᠠᠰᠠᠵᠤ᠂ ᠶᠡᠷᠦᠩᠬᠡᠶᠢᠯᠡᠨ ᠵᠠᠰᠠᠬᠤ ᠪᠠ ᠡᠮ ᠤᠨ ᠵᠦᠢᠯ ᠤᠨ GMP᠂ GSP ᠶᠢᠨ | ᠭᠡᠷᠡᠴᠢᠯᠡᠯ ᠤᠨ ᠠᠵᠢᠯ ᠢ ᠦᠷᠬᠦᠯᠵᠢᠯᠡᠨ ᠦᠷᠨᠢᠭᠦᠯᠵᠦ᠂ ᠬᠢᠨᠠᠯᠳᠠ ᠲᠠᠯᠪᠢᠵᠤ ᠰᠤᠭᠤᠴᠠᠨ ᠪᠠᠶᠢᠴᠠᠭᠠᠬᠤ ᠪᠠ ᠠᠶᠤᠯ | ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠰᠠᠶᠢᠳᠤᠷ ᠬᠢᠬᠦ ᠬᠡᠷᠡᠭᠳᠡᠢ᠃ | ᠬᠠᠤᠯᠢ ᠶᠢ ᠬᠡᠷᠡᠭᠵᠢᠭᠦᠯᠬᠦ ᠳᠤ ᠬᠢᠨᠠᠯᠳᠠ ᠲᠠᠯᠪᠢᠬᠤ ᠡᠷᠴᠢᠮ ᠢ ᠴᠢᠩᠭᠠᠷᠠᠭᠤᠯᠵᠤ᠂ ᠬᠡᠷᠡᠭ ᠵᠠᠷᠭᠤ ᠰᠢᠢᠳᠪᠦᠷᠢᠯᠡᠬᠦ | ᠴᠢᠳᠠᠪᠤᠷᠢ ᠪᠠ ᠬᠢᠷᠢ ᠬᠡᠮᠵᠢᠶ᠎ᠡ ᠪᠠᠨ ᠲᠡᠭᠡᠭᠰᠢᠯᠡᠭᠦᠯᠬᠦ ᠬᠡᠷᠡᠭᠳᠡᠢ᠃ ᠢᠯᠠᠩᠭᠤᠶ᠎ᠠ ᠤᠯᠤᠰ ᠤᠨ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ᠱᠠᠭᠠᠷᠳᠠᠯᠭ᠎ᠠ ᠶᠤᠰᠤᠭᠠᠷ᠂ ᠲᠣᠰᠬᠠᠶᠢᠯᠠᠨ | ᠬᠠᠤᠯᠢ ᠬᠡᠷᠡᠭᠵᠢᠭᠦᠯᠬᠦ ᠪᠠᠶᠢᠴᠠᠭᠠᠯᠳᠠ ᠶᠢ ᠰᠠᠶᠢᠳᠤᠷ ᠦᠷᠨᠢᠭᠦᠯᠵᠦ᠂ ᠬᠠᠤᠯᠢ ᠬᠡᠷᠡᠭᠵᠢᠭᠦᠯᠬᠦ ᠲᠡᠰ ᠲᠠᠷᠠᠭᠠᠯᠠᠯ ᠢ | ᠵᠢᠷᠤᠮᠵᠢᠭᠤᠯᠵᠤ᠂ ᠬᠠᠤᠯᠢ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ | ᠂ ᠴᠢᠩᠭ᠎ᠠ ᠪᠠᠷ ᠰᠢᠳᠭᠡᠵᠤ ᠬᠦᠨᠳᠤ ᠪᠠᠷ ᠲᠤᠷᠭᠤᠭᠠᠬᠤ ᠵᠠᠷᠴᠢᠮ ᠢ ᠲᠤᠰᠬᠠᠭᠰᠠᠨ ᠪᠠᠶᠢᠬᠤ ᠬᠡᠷᠡᠭᠳᠡᠢ᠃ ᠠᠵᠤ | ᠠᠬᠤᠶᠢᠯᠠᠯ ᠤᠨ ᠢᠳᠡᠭᠡᠮᠵᠢ ᠶᠢᠨ ᠢᠳᠡᠭᠡᠯ ᠤᠯᠬᠤ ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠢᠳᠡᠭᠡᠮᠵᠢᠳᠡᠢ ᠡᠵᠡᠩᠨᠡᠯᠳᠡ ᠶᠢᠨ ᠠᠵᠢᠯᠯᠭ᠎ᠠ ᠶᠢ ᠵᠢᠷᠤᠮᠵᠢᠭᠤᠯᠬᠤ ᠭᠡᠷᠡᠭᠳᠡᠢ᠃ ᠠᠵᠤ ᠠᠬᠤᠶᠢᠯᠠᠯ ᠪᠤᠯᠤᠨ ᠭᠤᠤᠯ | ᠠᠵᠢᠯ ᠡᠷᠬᠢᠯᠡᠭᠰᠡᠳ ᠤᠨ ᠢᠳᠡᠭᠡᠮᠵᠢᠳᠡᠢ ᠶᠢᠨ ᠲᠠᠩᠰᠠ ᠡᠪᠬᠡᠮᠡᠯ ᠢ ᠪᠦᠷᠢᠨᠰᠢᠭᠦᠯᠵᠦ᠂ ᠢᠳᠡᠭᠡᠮᠵᠢ ᠶᠢᠨ ᠵᠡᠷᠭᠡ ᠲᠡᠰ ᠢ | ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ | ᠬᠠᠷ᠎ᠠ ᠤᠯᠠᠭᠠᠨ ᠨᠡᠷᠡᠰ ᠤᠨ ᠲᠠᠩᠰᠠ︾ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠦᠨᠳᠦ ᠨᠤᠴᠢᠳᠠᠢ ᠪᠠᠷ | ᠲᠤᠭᠳᠠᠭᠠᠯ ᠠᠴᠠ ᠵᠦᠷᠢᠴᠡᠭᠰᠡᠨ᠂ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠪᠤᠯᠤᠨ ᠠᠵᠢᠯ ᠡᠷᠬᠢᠯᠡᠭᠰᠡᠳ ᠢ | ᠲᠤᠰ ᠠᠵᠢᠯ ᠲᠦᠷᠦᠯ ᠳᠤ ᠤᠷᠤᠬᠤ ᠶᠢ ᠴᠠᠭᠠᠵᠠᠯᠠᠬᠤ ᠶᠢ ᠬᠡᠷᠡᠭᠵᠢᠭᠦᠯᠵᠦ᠂ ᠤᠷᠤᠨ ᠪᠦᠰᠡ ᠶᠢᠨ ᠴᠢᠨᠠᠷᠳᠠᠢ᠂ | ᠰᠢᠰᠲ᠋ᠧᠮ ᠤᠨ ᠴᠢᠨᠠᠷᠳᠠᠢ ᠪᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠡᠯ ᠦᠭᠡᠢ ᠪᠠᠶᠢᠬᠤ ᠶᠢ | ᠦᠨᠡᠨᠬᠦ ᠪᠠᠳᠤᠯᠠᠬᠤ ᠭᠡᠷᠡᠭᠳᠡᠢ᠃ | | ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠬᠠᠮᠢᠶ᠎ᠠ ᠪᠦᠬᠦᠢ | ᠤᠴᠢᠷ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ | | ᠲᠦᠷᠦ ᠠᠯᠪᠠᠨ ᠲᠠᠷᠬᠠᠭᠠᠭᠰᠠᠨ ᠢᠯᠡ ᠴᠠᠬᠢᠯᠭᠠᠨ ﹇2014﹈ 17 ᠳ᠋ᠤᠭᠠᠷ | ᠲᠤᠭᠠᠳᠤ | 9 ᠳ᠋ᠤᠭᠡᠷ ᠰᠠᠷ᠎ᠠ ᠶᠢᠨ 28 ᠤ ᠡᠳᠦᠷ | | ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠳᠤ᠄ | 2013 ᠤᠨ ᠤ 3 ᠳ᠋ᠤᠭᠠᠷ ᠰᠠᠷ᠎ᠠ ᠠᠴᠠ ᠨᠠᠰᠢ᠂ ᠡᠯ᠎ᠡ ᠭᠠᠵᠠᠷ ᠤᠷᠤᠨ ᠨᠤᠭᠤᠳ ᠤᠨ ᠢᠳᠡᠭᠡᠨ | ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢ ᠦᠭᠡᠷᠡᠴᠢᠯᠡᠡ ᠲᠡᠬᠦᠯᠳᠡᠷᠵᠢᠬᠦᠯᠬᠦ ᠲᠤᠬᠠᠢ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠤᠰᠤᠭᠠᠷ᠂ ᠪᠠᠶᠢᠭᠤᠯᠤᠮᠵᠢ ᠶᠢᠨ ᠦᠭᠡᠷᠡᠴᠢᠯᠡᠯᠳᠡ ᠪᠤᠯᠤᠨ ᠬᠢᠨᠠᠯᠳᠠ ᠬᠠᠮᠢᠶᠠᠷᠤᠯᠳᠠ ᠶᠢ | ᠴᠢᠩᠭᠠᠳᠬᠠᠬᠤ ᠶᠢ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠳᠠᠯᠠᠵᠤ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠪᠠᠶᠢᠳᠠᠯ ᠲᠤᠭᠳᠠᠭᠤᠨ ᠢᠶᠠᠷ ᠰᠠᠶᠢᠵᠢᠷᠠᠬᠤ ᠶᠢ ᠠᠬᠢᠭᠤᠯᠪᠠ᠃ ᠭᠡᠳᠡᠯ᠎ᠡ ᠵᠠᠷᠢᠮ ᠤᠷᠤᠨ | ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠬᠢᠴᠠ ᠤᠳᠠᠭᠠᠨ ᠪᠠᠶᠢᠵᠤ᠂ ᠲᠤᠬᠢᠷᠠᠭᠤᠯᠤᠭᠰᠠᠨ | ᠬᠦᠴᠦᠨ ᠢᠶᠠᠷ ᠲᠤᠳᠠᠮᠠᠭ ᠪᠠᠶᠢᠵᠤ᠂ ᠤᠨᠴᠠ ᠵᠠᠷᠢᠮ ᠤᠷᠤᠨ ᠨᠤᠳᠤᠭ ᠤᠨ ᠬᠢᠨᠠᠨ ᠬᠠᠮᠢᠶᠠᠷᠬᠤ ᠠᠵᠢᠯ ᠨᠢ ᠲᠠᠰᠤᠷᠠᠵᠤ | ᠰᠠᠯᠤᠩᠬᠢᠷᠠᠭᠰᠠᠨ ᠪᠠᠶᠢᠳᠠᠯ ᠢᠯᠡᠷᠡᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ | ᠶᠡᠭᠡᠳᠴᠦ᠂ ᠠᠰᠠᠭᠤᠳᠠᠯ ᠤᠳ ᠪᠠᠶᠢᠨ ᠲᠠᠬᠢᠨ ᠡᠭᠦᠰᠴᠦ ᠪᠤᠢ᠃ ᠤᠷᠴᠢᠮ ᠳᠤ ᠪᠤᠯᠤᠭᠰᠠᠨ᠂ ︽ᠱᠠᠩᠬᠠᠢ ᠶᠢᠨ ᠹᠦ᠋ | ᠰᠢ ᠶᠢᠨ ᠬᠡᠷᠡᠭ︾ ᠨᠢ ᠨᠡᠶᠢᠭᠡᠮ ᠤᠨ ᠬᠢᠨ ᠤ ᠠᠩᠬᠠᠷᠤᠯ ᠢ ᠶᠡᠭᠡᠪᠡᠷ ᠲᠠᠳᠠᠵᠤ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠤᠳᠤᠷᠢᠳᠤᠯᠭ᠎ᠠ ᠨᠠᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠵᠦᠢᠯ ᠤᠨ ᠠᠮᠤᠷ | ᠲᠦᠪᠰᠢᠨ ᠤ ᠠᠰᠠᠭᠤᠳᠠᠯ ᠤᠨ ᠪᠤᠳᠤᠯᠢᠶᠠᠨᠳᠦ ᠴᠢᠨᠠᠷ᠂ ᠤᠷᠳᠤ ᠬᠤᠭᠤᠴᠠᠭᠠᠳᠤ ᠴᠢᠨᠠᠷ᠂ ᠪᠡᠷᠭᠡᠰᠢᠶᠡᠯᠳᠦ ᠴᠢᠨᠠᠷ ᠢ | ᠭᠦᠢᠴᠡᠳ ᠲᠠᠨᠢᠬᠤ ᠶᠢ ᠱᠠᠭᠠᠷᠳᠠᠵᠤ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠬᠦ᠂ ᠬᠢᠨᠠᠯᠳᠠ | ᠬᠠᠮᠢᠶᠠᠷᠤᠯᠳᠠ ᠶᠢᠨ ᠲᠤᠭᠳᠠᠴᠠ ᠶᠢ ᠲᠡᠭᠦᠯᠳᠡᠷᠵᠢᠭᠦᠯᠵᠦ᠂ ᠦᠨᠡᠨᠬᠦ ᠬᠠᠮᠢᠶᠠᠷᠴᠤ ᠲᠡᠶᠢᠯᠬᠦ ᠪᠠᠷ ᠪᠠᠷᠠᠬᠤ ᠦᠭᠡᠢ | ᠰᠠᠶᠢᠳᠤᠷ ᠬᠠᠮᠢᠶᠠᠷᠬᠤ ᠬᠡᠷᠡᠭᠳᠡᠢ᠃ ᠠᠷᠠᠳ ᠤᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠶᠢᠨ ᠠᠮᠤᠷ ᠲᠦᠪᠰᠢᠨ ᠢ | ᠪᠠᠳᠤᠯᠠᠵᠤ᠂ ᠨᠡᠶᠢᠭᠡᠮ ᠤᠨ ᠡᠶ᠎ᠡ ᠵᠤᠬᠢᠴᠠᠯ ᠲᠠᠢ ᠲᠤᠭᠳᠠᠭᠤᠨ ᠪᠦᠬᠦ ᠲᠠᠯ᠎ᠠ ᠶᠢᠨ ᠪᠠᠶᠢᠳᠠᠯ ᠢ ᠬᠠᠮᠠᠭᠠᠯᠠᠬᠤ ᠶᠢᠨ | ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠭᠡᠳ᠂ ᠢᠳᠡᠭᠡᠨ ᠪᠠ ᠡᠮ ᠤᠨ ᠵᠦᠢᠯ ᠤᠨ | ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ | ᠬᠤᠯᠪᠤᠭᠳᠠᠯ ᠪᠦᠬᠦᠢ ᠤᠴᠢᠷ ᠢ ᠡᠳᠦᠭᠡ ᠲᠤᠤᠷᠠᠬᠢ ᠮᠡᠳᠤ ᠮᠡᠳᠡᠭᠳᠡᠶ᠎ᠡ᠄ | ᠨᠢᠭᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠪᠠᠨ | ᠬᠤᠪᠢᠷᠠᠭᠤᠯᠬᠤ ᠪᠠ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠬᠠᠢ ᠨᠠᠮ ᠤᠨ ᠲᠦᠪ ᠬᠤᠷᠢᠶ᠎ᠠ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠬᠤᠯᠪᠤᠭᠳᠠᠯ ᠪᠦᠬᠦᠢ ᠪᠢᠴᠢᠭ ᠮᠠᠲ᠋ᠤᠷᠢᠶᠠᠯ᠂ ︽ᠤᠷᠤᠨ ᠨᠤᠳᠤᠭ ᠤᠨ ᠢᠳᠡᠭᠡᠨ ᠪᠠ | ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠯ ᠢ ᠦᠭᠡᠷᠡᠴᠢᠯᠡᠡ ᠲᠡᠬᠦᠯᠳᠡᠷᠵᠢᠬᠦᠯᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠦᠷᠦ ᠲᠠᠷᠬᠠᠭᠠᠭᠰᠠᠨ ﹇2013﹈ 18 | ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ 2014 ᠤᠨ ᠤ | ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠵᠡᠷᠭᠡ ᠬᠤᠯᠪᠤᠭᠳᠠᠯ ᠪᠦᠬᠦᠢ ᠱᠠᠭᠠᠷᠳᠠᠯᠭ᠎ᠠ ᠪᠠᠷ᠂ ᠲᠦᠪ | ᠬᠤᠷᠢᠶ᠎ᠠ ᠠᠴᠠ ᠤᠷᠤᠨ ᠨᠤᠳᠤᠭ ᠲᠡᠷᠡᠴᠢᠯᠡᠨ ᠦᠨᠳᠦᠰᠦᠨ ᠱᠠᠳᠤ ᠬᠦᠷᠳᠡᠯᠡᠬᠢ ᠢᠳᠡᠭᠡᠨ ᠪᠠ ᠡᠮ ᠤᠨ ᠵᠦᠢᠯ ᠤᠨ | ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢ ᠪᠦᠷᠢᠨᠰᠢᠭᠦᠯᠵᠦ᠂ ᠦᠢᠯᠡᠳᠪᠦᠷᠢᠯᠡᠯ ᠡᠳ᠋ᠰᠢᠭᠦᠯᠭᠡ ᠠᠴᠠ ᠪᠠᠷᠠᠭᠠᠨ ᠤ | ᠬᠦᠢᠯᠭᠡᠭᠡᠨ᠂ ᠬᠡᠷᠡᠭᠯᠡᠭᠡ ᠶᠢᠨ ᠪᠦᠬᠦ ᠶᠠᠪᠤᠴᠠ ᠳᠠᠬᠢ ᠬᠠᠮᠤᠭ ᠴᠢᠩᠭ᠎ᠠ ᠬᠢᠨᠠᠨ ᠬᠠᠮᠢᠶᠠᠷᠬᠤ ᠲᠦᠷᠢᠮ ᠢ ᠪᠠᠶᠢᠭᠤᠯᠵᠤ᠂ | ᠲᠦᠪ ᠵᠠᠰᠠᠭ ᠤᠨ ᠵᠠᠷᠯᠢᠭ ᠵᠢᠭᠠᠪᠤᠷᠢ ᠶᠢᠨ ᠰᠠᠭᠠᠳ ᠦᠭᠡᠢ ᠪᠠᠶᠢᠬᠤ ᠶᠢ ᠪᠠᠳᠤᠯᠠᠵᠤ᠂ ᠬᠡᠷᠡᠭᠵᠢᠭᠦᠯᠬᠦ ᠶᠠᠪᠤᠴᠠ ᠳᠠᠭᠠᠨ | ᠬᠤᠪᠢᠷᠠᠭᠤᠯᠬᠤ ᠦᠭᠡᠢ᠂ ᠪᠦᠷᠢᠨ ᠬᠦᠢᠴᠡᠳ ᠬᠡᠷᠡᠭᠵᠢᠭᠦᠯᠬᠦ ᠬᠡᠷᠡᠭᠳᠡᠢ᠃ | ᠬᠤᠶᠠᠷ᠂ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢᠨ | ᠦᠭᠡᠷᠡᠴᠢᠯᠡᠯᠳᠡ ᠶᠢᠨ ᠠᠬᠢᠴᠠ ᠪᠠᠷ ᠤᠳᠠᠭᠠᠪᠲᠤᠷ ᠪᠠᠶᠢᠭ᠎ᠠ ᠤᠷᠤᠨ ᠨᠤᠳᠤᠭ ᠤᠳ ᠴᠠᠭ ᠤᠨ ᠬᠦᠰᠦᠨᠦᠭᠳᠦ | ᠵᠤᠬᠢᠶᠠᠵᠤ᠂ ᠬᠦᠴᠦᠳᠡᠢ ᠠᠷᠭ᠎ᠠ ᠬᠡᠮᠵᠢᠶ᠎ᠡ ᠠᠪᠴᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠬᠤᠯᠪᠤᠭᠳᠠᠯ ᠪᠦᠬᠦᠢ ᠪᠢᠴᠢᠭ ᠮᠠᠲ᠋ᠤᠷᠢᠶᠠᠯ ᠤᠨ ᠱᠠᠭᠠᠷᠳᠠᠯᠭ᠎ᠠ ᠶᠤᠰᠤᠭᠠᠷ᠂ ᠤᠷᠤᠨ ᠨᠤᠳᠤᠭ ᠤᠨ ᠡᠯ᠎ᠡ | ᠱᠠᠳᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ ᠴᠤᠭᠴᠠᠯᠠᠨ | ᠪᠠᠶᠢᠭᠤᠯᠬᠤ ᠠᠵᠢᠯ ᠢ ᠱᠠᠯᠠᠪᠳᠠᠨ ᠪᠡᠶᠡᠯᠡᠭᠦᠯᠵᠦ᠂ ᠦᠨᠳᠤᠰᠦᠨ ᠱᠠᠳᠤᠨ ᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠪᠠ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠶᠤᠯ ᠲᠦᠭᠰᠢᠭᠦᠷᠢ ᠶᠢ | ᠤᠷᠢᠳᠴᠢᠯᠡᠨ ᠰᠡᠷᠡᠮᠵᠢᠯᠡᠭᠦ᠂ ᠬᠢᠨᠠᠨ ᠪᠠᠶᠢᠴᠠᠭᠠᠵᠤ ᠬᠢᠨᠠᠨ ᠰᠢᠯᠭᠠᠬᠤ᠂ ᠦᠢᠯᠡᠳᠬᠦᠨ ᠢ ᠮᠦᠷᠳᠡᠬᠦ ᠵᠡᠷᠭᠡ | ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠡᠯ᠎ᠡ ᠱᠠᠳᠤᠨ ᠤ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠬᠦᠷᠦᠯᠴᠡᠬᠦ᠋ᠢᠴᠡ ᠬᠦᠴᠦᠨ ᠪᠠ ᠡᠬᠢ ᠪᠠᠶᠠᠯᠢᠭ ᠲᠠᠢ | ᠪᠠᠶᠢᠵᠤ᠂ ᠪᠦᠳᠦᠮᠵᠢᠳᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠳᠤᠯᠠᠬᠤ ᠭᠡᠷᠡᠭᠳᠡᠢ᠃ ᠬᠢᠨᠠᠨ | ᠬᠠᠮᠢᠶᠠᠷᠬᠤ ᠶᠢ ᠦᠨᠳᠤᠰᠤᠨ ᠱᠠᠳᠤ ᠪᠠ ᠰᠢᠶᠠᠩ ᠪᠠᠯᠭᠠᠰᠤ ︵ᠨᠡᠶᠢᠭᠡᠮ ᠲᠤᠭᠤᠷᠢᠭ︶ ᠬᠦᠷᠳᠡᠯ᠎ᠡ ᠭᠡᠷᠡᠭᠵᠢᠬᠦᠯᠵᠤ᠂ | ᠦᠭᠡᠷᠡᠴᠢᠯᠡᠯᠳᠡ ᠶᠢᠨ ᠰᠢᠯᠵᠢᠯᠳᠡ ᠶᠢᠨ ᠬᠤᠭᠤᠴᠠᠭ᠎ᠠ ᠶᠢ ᠠᠯᠢ ᠪᠤᠯᠬᠤ ᠪᠠᠷ ᠪᠤᠭᠤᠨᠢᠰᠬᠠᠵᠤ᠂ ᠬᠢᠨᠠᠨ ᠬᠠᠮᠢᠶᠠᠷᠬᠤ | ᠬᠠᠤᠯᠢ ᠬᠡᠷᠡᠭᠵᠢᠭᠦᠯᠬᠦ ᠶᠢᠨ ︽ᠬᠠᠮᠤᠭ ᠰᠡᠭᠦᠯᠴᠢ ᠶᠢᠨ ᠨᠢᠭᠡ ᠺᠢᠯᠤᠮᠤᠲᠷ︾ ᠤᠨ ᠵᠠᠮ ᠢ ᠨᠡᠪᠳᠡᠷᠡᠭᠦᠯᠵᠦ᠂ ᠬᠢᠨᠠᠯᠳᠠ | ᠬᠠᠮᠢᠶᠠᠷᠤᠯᠳᠠ ᠦᠭᠡᠢ ᠭᠠᠵᠠᠷ ᠤᠳ ᠢ ᠤᠷᠬᠢᠭᠳᠠᠭᠤᠯᠤᠯ ᠦᠭᠡᠢ ᠠᠷᠢᠯᠭᠠᠵᠤ᠂ ᠤᠷᠤᠨ ᠪᠦᠰᠡ ᠶᠢᠨ ᠴᠢᠨᠠᠷᠳᠠᠢ | ᠰᠢᠰᠲ᠋ᠧᠮ ᠤᠨ ᠴᠢᠨᠠᠷᠳᠠᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠬᠡᠷᠡᠭᠳᠡᠢ᠃ | ᠭᠤᠷᠪᠠ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠨᠢᠭᠡᠳᠦᠯᠲᠡᠢ ᠨᠡᠷ᠎ᠡ | ᠬᠦᠨᠳᠦᠲᠡᠢ ᠪᠠᠶᠢᠭᠤᠯᠤᠮᠵᠢ ᠶᠢ ᠲᠡᠭᠦᠯᠳᠡᠷᠵᠢᠭᠦᠯᠬᠦ ᠲᠤᠬᠠᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠠ ᠮᠤᠵᠢ᠂ ᠬᠤᠳᠠ᠂ ᠰᠢᠶᠠᠨ ᠤ ᠭᠤᠷᠪᠠᠨ ᠱᠠᠳᠤᠨ ᠤ ᠢᠳᠡᠭᠡᠨ ᠪᠠ | ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ ᠴᠤᠭᠴᠠᠯᠠᠨ ᠪᠠᠶᠢᠭᠤᠯᠬᠤ᠂ ᠢᠳᠡᠭᠡᠨ ᠪᠠ | ᠡᠮ ᠤᠨ ᠵᠦᠢᠯ ᠢ ᠲᠦᠪᠯᠡᠷᠡᠭᠦᠯᠵᠦ ᠪᠠᠶᠢᠭᠠᠳ ᠨᠢᠭᠡᠳᠦᠯᠳᠡᠢ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠲᠤᠬᠠᠢ ᠲᠦᠷᠦ | ᠠᠯᠪᠠᠨ ᠲᠠᠷᠬᠠᠭᠠᠭᠰᠠᠨ ﹇2013﹈ 18 ᠳ᠋ᠤᠭᠠᠷ ᠲᠤᠭᠠᠳᠤ ᠪᠢᠴᠢᠭ ᠮᠠᠲ᠋ᠤᠷᠢᠶᠠᠯ ᠤᠨ ᠱᠠᠭᠠᠷᠳᠠᠯᠭ᠎ᠠ ᠶᠤᠰᠤᠭᠠᠷ᠂ | ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠰᠬᠠᠶᠢᠵᠢᠭᠰᠠᠨ ᠴᠢᠨᠠᠷ᠂ ᠮᠡᠷᠭᠡᠵᠢᠯ ᠤᠨ ᠴᠢᠨᠠᠷ | ᠪᠠ ᠤᠨᠴᠠᠭᠠᠢ ᠴᠢᠬᠤᠯᠠ ᠴᠢᠨᠠᠷ ᠢ ᠭᠦᠢᠴᠡᠳ ᠪᠤᠳᠤᠯᠬᠢᠯᠠᠵᠤ᠂ ᠢᠳᠡᠭᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠰᠢᠰᠲ᠋ᠧᠮᠵᠢ ᠶᠢᠨ ᠰᠢᠰᠲ᠋ᠧᠮᠲᠦ ᠴᠢᠨᠠᠷ ᠢ ᠪᠠᠳᠤᠯᠠᠬᠤ ᠭᠡᠷᠡᠭᠳᠡᠢ᠃ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢ ᠨᠢᠭᠡᠨᠳᠡ ᠴᠤᠭᠴᠠᠯᠠᠨ ᠪᠠᠶᠢᠭᠤᠯᠤᠭᠰᠠᠨ ᠬᠤᠳᠠ ︵ᠭᠠᠵᠠᠷ᠂ | ᠵᠸᠦ︶᠂ ᠰᠢᠶᠠᠨ ︵ᠬᠤᠳᠠ᠂ ᠲᠤᠭᠤᠷᠢᠭ︶ ᠳᠤ᠂ ᠬᠢᠨᠠᠨ ᠬᠠᠮᠢᠶᠠᠷᠬᠤ ᠠᠵᠢᠯᠳᠠᠳ ᠤᠨ ᠲᠤᠬᠠᠶᠢᠯᠠᠭᠰᠠᠨ ᠠᠵᠢᠯ ᠤᠨ | ᠪᠤᠯᠪᠠᠰᠤᠷᠠᠭᠤᠯᠤᠯ ᠢ ᠴᠢᠩᠭᠠᠳᠬᠠᠵᠤ᠂ ᠠᠵᠢᠯᠳᠠᠳ ᠤᠨ ᠭᠡᠪ ᠪᠤᠯᠪᠠᠰᠤᠷᠠᠯ ᠢ ᠲᠡᠭᠡᠭᠰᠢᠯᠡᠭᠦᠯᠵᠦ᠂ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠨᠢ ᠵᠢᠷᠤᠮᠵᠢᠭᠤᠯᠤᠨ᠂ ᠬᠢᠨᠠᠨ ᠬᠠᠮᠢᠶᠠᠷᠬᠤ ᠬᠢᠷᠢ ᠭᠡᠮᠵᠢᠶ᠎ᠡ ᠶᠢ ᠨᠢ ᠲᠡᠭᠡᠭᠰᠢᠯᠡᠭᠦᠯᠵᠦ᠂ | ᠪᠠᠶᠢᠭᠤᠯᠤᠮᠵᠢ ᠶᠢᠨ ᠠᠵᠢᠯᠯᠠᠭᠠᠨ ᠢ ᠠᠯᠢ ᠲᠦᠷᠭᠡᠨ ᠢᠶᠠᠷ ᠬᠡᠪ ᠤᠨ ᠡᠷᠭᠢᠯᠳᠡ ᠲᠠᠢ ᠪᠤᠯᠭᠠᠬᠤ ᠬᠡᠷᠡᠭᠳᠡᠢ︔ ᠵᠠᠬ᠎ᠠ | ᠲᠡᠯᠭᠡᠬᠦᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠶᠡᠷᠦᠩᠬᠡᠶᠢᠯᠡᠨ ᠪᠠᠶᠢᠷᠢᠯᠠᠭᠤᠯᠤᠭᠰᠠᠨ | ᠰᠢᠶᠠᠨ ︵ᠬᠤᠳᠠ᠂ ᠲᠤᠭᠤᠷᠢᠭ︶ ᠨᠢ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠴᠢᠳᠠᠪᠤᠷᠢ ᠶᠢᠨ ᠬᠢᠨᠠᠠ | ᠬᠠᠮᠢᠶᠠᠷᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠠᠪᠤᠴᠠ ᠳᠤ ᠦᠨᠡᠨᠬᠦ ᠴᠢᠩᠭᠠᠳᠬᠠᠭᠳᠠᠬᠤ ᠶᠢ ᠪᠠᠳᠤᠯᠠᠵᠤ᠂ | ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠵᠦ ᠪᠠᠶᠢᠭᠠᠳ ᠢᠳᠡᠭᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠪᠠᠶᠢᠭᠤᠯᠤᠮᠵᠢ ᠶᠢᠨ ᠫᠠᠶᠢᠰᠠ ᠶᠢ ᠨᠡᠮᠡᠨ ᠡᠯᠬᠦᠵᠤ᠂ ᠤᠯᠠᠨ ᠲᠦᠮᠡᠨ ᠤ ᠠᠵᠢᠯ ᠶᠠᠪᠤᠳᠠᠯ ᠳᠤ | ᠲᠦᠭᠦᠮ ᠦᠵᠡᠭᠦᠯᠵᠦ᠂ ᠤᠯᠠᠨ ᠲᠦᠮᠡᠨ ᠤ ᠬᠢᠨᠠᠯᠳᠠ ᠲᠠᠯᠪᠢᠬᠤ ᠶᠢ ᠬᠦᠯᠢᠶᠡᠬᠦ ᠬᠡᠷᠡᠭᠳᠡᠢ᠃ | ᠲᠦᠷᠪᠡ᠂ ᠦᠭᠡᠷᠡᠴᠢᠯᠡᠯᠳᠡ ᠶᠢᠨ ᠰᠢᠯᠵᠢᠯᠳᠡ ᠶᠢᠨ ᠦᠶ᠎ᠡ ᠳᠠᠬᠢ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠠᠵᠢᠯ ᠢ ᠦᠨᠡᠨᠬᠦ ᠰᠠᠶᠢᠳᠤᠷ ᠠᠳᠬᠤᠬᠤ ᠬᠡᠷᠡᠭᠳᠡᠢ᠃ ︽2014 ᠤᠨ ᠤ ᠢᠳᠡᠭᠡᠨ ᠤ ᠠᠮᠤᠷ | ᠲᠦᠪᠰᠢᠨ ᠤ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2013﹈ 20 ᠳ᠋ᠤᠭᠠᠷ ᠲᠤᠭᠠᠳᠤ︶ | ᠢ ᠬᠢᠨᠠᠮᠠᠭᠠᠢ ᠪᠠᠷ ᠨᠠᠶᠢᠳᠠᠪᠤᠷᠢᠵᠢᠭᠤᠯᠵᠤ᠂ ︽ᠱᠠᠩᠬᠠᠢ ᠶᠢᠨ ᠹᠦ᠋ ᠰᠢ ᠶᠢᠨ ᠬᠡᠷᠡᠭ︾ ᠠᠴᠠ ᠬᠦᠨ ᠰᠤᠷᠭᠠᠮᠵᠢ ᠠᠪᠴᠤ | ᠂ ᠦᠢᠯᠡᠳᠪᠤᠷᠢᠯᠡᠨ ᠡᠵᠡᠩᠨᠡᠭᠴᠢᠳ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ | ᠨᠠᠶᠢᠳᠠᠪᠤᠷᠢᠵᠢᠭᠤᠯᠬᠤ ᠬᠡᠷᠡᠭᠳᠡᠢ᠃ ᠪᠠᠶᠢᠭᠤᠯᠤᠮᠵᠢ ᠶᠢᠨ ᠦᠭᠡᠷᠡᠴᠢᠯᠡᠯᠳᠡ ᠬᠠᠷᠠᠬᠠᠨ ᠪᠤᠳᠠᠳᠠᠶᠢᠵᠢᠭᠠᠳᠣᠢ ᠭᠠᠵᠠᠷ | ᠤᠷᠤᠨ ᠳᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠵᠤᠬᠢᠴᠠᠭᠤᠯᠤᠨ ᠬᠠᠮᠵᠢᠯᠴᠠᠬᠤ ᠂ ᠲᠡᠭᠡᠷ᠎ᠡ ᠠᠴᠠ | ᠲᠤᠷᠤᠭᠰᠢ ᠪᠠᠨ ᠨᠡᠪᠳᠡᠷᠡᠯᠴᠡᠬᠦ ᠶᠢ ᠪᠠᠳᠤᠯᠠᠵᠤ᠂ ᠬᠠᠮᠢᠶ᠎ᠠ ᠪᠦᠬᠦᠢ ᠠᠵᠢᠯ ᠢᠶᠠᠨ ᠤᠤᠯ ᠤᠨ ᠠᠷᠭ᠎ᠠ ᠵᠠᠮ ᠢᠶᠠᠷ ᠢᠶᠠᠨ | ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠵᠤ᠂ ᠠᠵᠢᠯ ᠲᠠᠰᠤᠷᠠᠭ᠎ᠠ ᠦᠭᠡᠢ᠂ ᠡᠷᠬᠢᠯᠳᠡ ᠤᠷᠤᠭᠰᠢᠳᠠᠢ ᠪᠠᠶᠢᠬᠤ ᠶᠢ | ᠪᠠᠳᠤᠯᠠᠬᠤ ᠬᠡᠷᠡᠭᠳᠡᠢ᠃ ᠡᠯ᠎ᠡ ᠱᠠᠳᠤᠨ ᠤ ᠢᠳᠡᠭᠡᠨ ᠤ ᠠᠮᠤᠷ ᠲᠦᠪᠰᠢᠨ ᠤ ᠵᠦᠪᠯᠡᠯ ᠠᠴᠠ ᠨᠢᠭᠡᠳᠦᠯᠳᠡᠢ | ᠲᠦᠯᠦᠪᠵᠢᠭᠦᠯᠦᠨ ᠵᠤᠬᠢᠴᠠᠭᠤᠯᠵᠤ᠂ ᠰᠢᠮᠳᠠᠭᠤᠯᠤᠨ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠠᠷᠢᠶ᠎ᠠ ᠭᠠᠵᠠᠷ ᠠᠴᠠ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ | ᠲᠤᠳᠤᠷᠬᠠᠶᠢᠯᠠᠵᠤ᠂ ᠡᠯ᠎ᠡ ᠲᠠᠯ᠎ᠠ ᠶᠢᠨ ᠬᠦᠴᠦ ᠪᠠᠨ ᠨᠢᠭᠡᠳᠭᠡᠨ ᠬᠠᠮᠳᠤ ᠪᠠᠷ ᠬᠠᠮᠢᠶᠠᠷᠬᠤ᠂ ᠨᠡᠶᠢᠭᠡᠮ ᠤᠨ ᠨᠡᠶᠢᠯᠡᠯ | ᠬᠦᠴᠦᠨ ᠠᠴᠠ ᠬᠠᠮᠳᠤ ᠪᠠᠷ ᠵᠠᠰᠠᠬᠤ ᠶᠢ ᠲᠦᠯᠬᠢᠨ ᠠᠬᠢᠭᠤᠯᠬᠤ ᠭᠡᠷᠡᠭᠳᠡᠢ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠤᠯ ᠠᠷᠠᠳ ᠤᠨ ᠦᠨᠳᠤᠰᠦᠨ ᠠᠮᠢᠳᠤᠷᠠᠯ ᠤᠨ | ᠴᠢᠬᠤᠯᠠ ᠶᠡᠭᠡ ᠠᠰᠠᠭᠤᠳᠠᠯ ᠪᠤᠯᠤᠨ᠎ᠠ᠃ ᠡᠯ᠎ᠡ ᠭᠠᠵᠠᠷ ᠤᠷᠤᠨ ᠨᠤᠭᠤᠳ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠲᠦᠪ ᠬᠤᠷᠢᠶ᠎ᠠ ᠶᠢᠨ | ᠪᠠᠶᠢᠷᠢᠯᠠᠭᠤᠯᠤᠯᠳᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠲᠤᠭᠳᠠᠭᠤᠨ ᠢᠶᠠᠷ | ᠨᠡᠮᠡᠭᠳᠡᠬᠦ᠂ ᠪᠦᠳᠦᠴᠡ ᠶᠢ ᠲᠤᠬᠢᠷᠠᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠳᠡᠭᠡᠬᠦ ᠶᠢᠨ ᠴᠢᠬᠤᠯᠠ ᠡᠭᠦᠷᠭᠡ ᠪᠤᠯᠭᠠᠨ ᠠᠳᠬᠤᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠬᠦᠴᠦᠳᠡᠢ ᠠᠳᠬᠤᠬᠤ ᠬᠡᠷᠡᠭᠳᠡᠢ᠃ | ᠬᠤᠯᠪᠤᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠢᠶᠠᠨ 2014 ᠤᠨ ᠤ 10 ᠳ᠋ᠤᠭᠠᠷ ᠰᠠᠷ᠎ᠠ ᠶᠢᠨ 15 ᠤ | ᠡᠳᠦᠷ ᠠᠴᠠ ᠡᠮᠦᠨ᠎ᠡ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ︵ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ︶ ᠳᠤ | ᠮᠡᠳᠡᠬᠦᠯᠦᠨ ᠬᠦᠷᠭᠡᠬᠦ ᠬᠡᠷᠡᠭᠳᠡᠢ᠃ | |