ᠥᠪᠥᠷ ᠵᠠᠰᠠᠭ ᠠᠯᠪᠠᠨ ᠲᠠᠷᠬᠠᠭᠠᠭᠰᠠᠨ ﹇2014﹈ 132 ᠳ᠋ᠤᠭᠠᠷ | ᠲᠤᠭᠠᠳᠤ | 2014 ᠣᠨ ᠤ 12 ᠳ᠋ᠤᠭᠠᠷ | ᠰᠠᠷ᠎ᠠ ᠶᠢᠨ 29 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠤᠭᠳᠠᠯ ᠪᠥᠬᠦᠢ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠥᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠬᠢᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠬᠢᠬᠦ | ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | | ᠢᠳᠡᠭᠡᠨ ᠤ ᠠᠮᠤᠷ ᠲᠥᠪᠰᠢᠨ ᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ | ᠰᠦᠪᠡᠭᠴᠢᠯᠡᠨ ᠪᠠᠶᠢᠭᠤᠯᠬᠤ ᠶᠢᠨ ᠲᠤᠰᠠᠳᠠ᠂ ︽ᠢᠳᠡᠭᠡᠨ ᠤ ᠠᠮᠤᠷ ᠲᠥᠪᠰᠢᠨ ᠤ ᠠᠵᠢᠯ ᠢ ᠴᠢᠩᠭᠠᠳᠬᠠᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ ﹇2012﹈ 20 ᠳ᠋ᠤᠭᠠᠷ | ᠲᠣᠭᠠᠲᠤ︶᠂ ︽ᠣᠳᠣ ᠦᠶ᠎ᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠰ ᠢ ᠲᠥᠷᠭᠡᠳᠬᠡᠨ ᠬᠥᠭᠵᠢᠭᠦᠯᠬᠦ | ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 29 | ᠳ᠋ᠣᠭᠡᠷ ᠲᠣᠭᠠᠲᠤ︶᠂ ︽2014 ᠣᠨ ᠤ ᠢᠳᠡᠭᠡᠨ ᠤ ᠠᠮᠤᠷ ᠲᠥᠪᠰᠢᠨ ᠤ ᠭᠤᠣᠯᠳᠠᠯᠭ᠎ᠠ ᠲᠠᠢ ᠠᠵᠢᠯ ᠤᠨ | ᠲᠣᠬᠢᠷᠠᠭᠤᠯᠤᠯᠲᠠ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2014﹈ 20 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠪᠠ ︽ᠣᠳᠣ ᠦᠶ᠎ᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠰ ᠢ ᠲᠥᠷᠭᠡᠳᠬᠡᠨ ᠬᠥᠭᠵᠢᠭᠦᠯᠬᠦ | ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2014﹈ 122 ᠳ᠋ᠤᠭᠠᠷ ᠲᠣᠭᠠᠳᠤ︶ ᠤᠨ ᠱᠠᠭᠠᠷᠳᠠᠯᠭ᠎ᠠ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2015 ᠣᠨ ᠤ 1 ᠳ᠋ᠣᠭᠡᠷ | ᠰᠠᠷ᠎ᠠ ᠠᠴᠠ ᠡᠬᠢᠯᠡᠵᠦ᠂ ᠪᠥᠬᠦ ᠣᠷᠣᠨ ᠤ ᠬᠡᠪᠴᠢᠶᠡᠨ ᠳᠤ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠬᠢᠬᠦ ᠲᠤᠷᠰᠢᠯᠲᠠ ᠶᠢᠨ ᠠᠵᠢᠯ ᠢ ᠥᠷᠨᠢᠭᠦᠯᠬᠦ ᠪᠠᠷ ᠣᠨᠴᠤᠭᠤᠶᠢᠯᠠᠨ ᠲᠤᠰ ᠬᠡᠷᠡᠭᠵᠢᠭᠦᠯᠬᠦ ᠲᠥᠰᠥᠯ ᠢ | ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠳ᠋ᠤᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠦᠭᠡᠯᠡᠬᠦ︾ ᠴᠢᠬᠤᠯᠡ ᠦᠵᠡᠯ ᠰᠠᠨᠠᠭ᠎ᠠ ᠪᠠ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ | ᠳᠥᠷᠪᠡᠳᠦᠭᠡᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠲᠥᠷᠥ ᠶᠢᠨ ᠪᠣᠳᠤᠯᠭ᠎ᠠ ᠪᠠᠷ ᠬᠥᠲᠥᠯᠦᠨ ᠵᠢᠯᠤᠭᠤᠳᠬᠤ᠂ ᠵᠠᠰᠠᠭ ᠤᠨ ᠣᠷᠳᠣᠨ ᠲᠦᠯᠬᠢᠨ ᠠᠬᠢᠭᠤᠯᠬᠤ᠂ ᠲᠤᠰᠬᠠᠢ | ᠮᠡᠷᠭᠡᠵᠢᠯ ᠢᠶᠠᠷ ᠠᠵᠢᠯᠯᠠᠭᠤᠯᠬᠤ᠂ ᠣᠯᠠᠨ ᠲᠠᠯ᠎ᠠ ᠪᠠᠷ ᠬᠠᠮᠳᠤ ᠳᠠᠭᠠᠨ ᠢᠯᠠᠬᠤ︾ ᠵᠠᠷᠴᠢᠮ ᠢ ᠪᠠᠷᠢᠮᠲᠠᠯᠠᠨ᠂ | ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠬᠢᠬᠦ ᠲᠤᠷᠰᠢᠯᠲᠠ ᠶᠢᠨ ᠠᠵᠢᠯ ᠢ ᠢᠳᠡᠪᠬᠢᠲᠡᠢ | ᠯᠠᠪᠳᠠᠭᠤᠨ ᠢᠶᠠᠷ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠤᠭᠴᠠ ᠶᠢᠨ ᠠᠩᠬᠠᠨ ᠤ | ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠷᠠᠭᠤᠯᠵᠤ᠂ ᠢᠳᠡᠭᠡᠨ ᠤ ᠠᠮᠤᠷ ᠲᠥᠪᠰᠢᠨ ᠤ ᠠᠶᠤᠯ ᠲᠥᠭᠰᠢᠭᠦᠷᠢ ᠶᠢ | ᠪᠥᠲᠦᠮᠵᠢᠲᠡᠢ ᠰᠡᠷᠭᠡᠶᠢᠯᠡᠨ ᠬᠢᠵᠠᠭᠠᠷᠯᠠᠵᠤ᠂ ᠢᠳᠡᠭᠡᠨ ᠤ ᠴᠢᠨᠠᠷ ᠴᠢᠨᠰᠠᠭ᠎ᠠ ᠶᠢ ᠪᠠᠲᠤᠯᠠᠬᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠷᠠᠳ ᠲᠦᠮᠡᠨ ᠤ | ᠢᠳᠡᠭᠡᠨ ᠤ ᠠᠮᠤᠷ ᠲᠥᠪᠰᠢᠨ ᠢ ᠪᠠᠲᠤᠯᠠᠬᠤ ᠬᠡᠷᠡᠭᠲᠡᠢ᠃ | ᠬᠤᠶᠠᠷ᠂ ᠬᠠᠷᠠᠯᠲᠠ ᠡᠭᠦᠷᠭᠡ | ᠢᠳᠡᠭᠡᠨ ᠤ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ | ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠢᠬ ᠢ ᠥᠷᠨᠢᠭᠦᠯᠬᠦ ᠪᠠᠷ | ᠳᠠᠮᠵᠢᠨ᠂ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠮᠵᠢ ᠶᠢ ᠰᠢᠨ᠎ᠡ ᠪᠠᠷ | ᠡᠭᠦᠳᠦᠨ ᠨᠡᠬᠡᠬᠡᠨ ᠬᠥᠭᠵᠢᠭᠦᠯᠵᠦ᠂ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ | ᠳᠡᠯᠭᠡᠷᠡᠭᠦᠯᠬᠦ ᠵᠠᠭᠪᠤᠷ ᠢ ᠰᠦᠪᠡᠭᠴᠢᠯᠡᠨ᠂ ᠠᠩᠬᠠᠨ ᠤ ᠬᠡᠪᠴᠢᠶᠡᠵᠢᠯ ᠤᠨ ᠢᠳᠡᠭᠡᠨ ᠤ ᠠᠮᠤᠷ ᠲᠥᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷ ᠢ ᠪᠣᠢ ᠪᠣᠯᠭᠠᠵᠤ᠂ ᠳᠠᠭᠠᠳᠬᠠᠯ ᠤᠨ ᠠᠶᠤᠯ ᠲᠥᠭᠰᠢᠭᠦᠷᠢ ᠶᠢ | ᠬᠢᠵᠠᠭᠠᠷᠯᠠᠬᠤ ᠪᠠ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠬᠢ ᠶᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ | ᠂ ᠳᠠᠭᠠᠳᠬᠠᠯ ᠤᠨ ᠪᠠᠶᠢᠭᠤᠯᠤᠮᠵᠢ᠂ ᠠᠵᠤ ᠠᠬᠤᠶᠢᠯᠠᠯ᠂ ᠬᠡᠷᠡᠭᠯᠡᠭᠴᠢᠳ ᠣᠯᠠᠨ ᠲᠠᠯ᠎ᠠ ᠶᠢᠨ ᠬᠢᠨ ᠣᠷᠣᠯᠴᠠᠭᠰᠠᠨ᠂ | ᠬᠠᠷᠢᠯᠴᠠᠨ ᠬᠥᠳᠡᠯᠦᠯᠴᠡᠨ ᠬᠠᠮᠳᠤ ᠳᠠᠭᠠᠨ ᠠᠮᠵᠢᠯᠲᠠ ᠣᠯᠬᠤ ᠤᠷᠮᠠᠰᠢᠭᠤᠯᠤᠨ ᠡᠷᠬᠡᠰᠢᠶᠡᠬᠦ ᠲᠣᠭᠲᠠᠴᠠ ᠪᠣᠯᠣᠨ | ᠠᠶᠤᠯ ᠲᠥᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠢᠳᠡᠭᠡᠨ ᠤ ᠦᠢᠯᠡᠳᠪᠦᠷᠢᠯᠡᠨ | ᠡᠵᠡᠩᠨᠡᠭᠴᠢ ᠶᠢᠨ ᠢᠲᠡᠬᠡᠮᠵᠢᠲᠡᠢ ᠥᠪᠡᠷ ᠢ ᠪᠠᠨ ᠡᠵᠡᠮᠳᠡᠬᠦ ᠶᠢ ᠠᠬᠢᠭᠤᠯᠵᠤ᠂ ᠬᠡᠷᠡᠭᠯᠡᠭᠴᠢᠳ ᠤᠨ ᠠᠮᠤᠷ ᠲᠥᠪᠰᠢᠨ ᠤ | ᠦᠵᠡᠯ ᠲᠠᠨᠢᠯᠲᠠ ᠪᠣᠯᠣᠨ ᠡᠷᠬᠡ ᠪᠠᠨ ᠬᠠᠮᠠᠭᠠᠯᠠᠬᠤ ᠦᠵᠡᠯ ᠲᠠᠨᠢᠯᠲᠠ ᠶᠢ ᠨᠢ ᠳᠡᠭᠡᠭᠰᠢᠯᠡᠭᠦᠯᠦᠨ᠂ ᠢᠳᠡᠭᠡᠨ ᠤ ᠠᠮᠤᠷ | ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠰᠣᠳᠤᠯᠤᠨ ᠪᠠᠶᠢᠭᠤᠯᠬᠤ᠂ ᠢᠳᠡᠭᠡᠨ ᠤ ᠠᠮᠤᠷ | ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠪᠥᠬᠦ ᠲᠠᠯ᠎ᠠ ᠪᠠᠷ ᠳᠡᠯᠭᠡᠷᠡᠭᠦᠯᠬᠦ ᠳᠤ ᠲᠤᠷᠰᠢᠯᠭ᠎ᠠ ᠬᠤᠷᠠᠮᠳᠤᠭᠤᠯᠬᠤ | ᠬᠡᠷᠡᠭᠲᠡᠢ᠃ | ᠭᠤᠷᠪᠠ᠂ ᠲᠤᠷᠰᠢᠯᠲᠠ ᠶᠢᠨ ᠬᠡᠪᠴᠢᠶ᠎ᠡ | ︵ᠨᠢᠭᠡ︶ ᠲᠤᠷᠰᠢᠯᠲᠠ ᠶᠢᠨ ᠣᠷᠣᠨ ᠪᠦᠰᠡ ᠨᠢ ᠪᠥᠬᠦ ᠣᠷᠣᠨ ᠤ 12 ᠠᠶᠢᠮᠠᠭ ᠬᠤᠲᠠ ᠪᠣᠯᠣᠨ᠎ᠠ᠃ | | ︵ᠬᠤᠶᠠᠷ︶ ᠲᠤᠷᠰᠢᠯᠲᠠ ᠶᠢᠨ ᠭᠤᠣᠯᠳᠠᠯᠭ᠎ᠠ ᠲᠠᠢ ᠳᠠᠭᠠᠳᠬᠠᠯ ᠳᠤ ᠣᠷᠣᠯᠴᠠᠬᠤ ᠡᠲᠡᠬᠡᠳ ᠨᠢ | ᠬᠡᠪᠴᠢᠶᠡᠵᠢᠯ ᠠᠴᠠ ᠳᠡᠭᠡᠭᠰᠢᠬᠢ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠬᠡᠯᠬᠢᠶ᠎ᠡ ᠠᠵᠤ ᠠᠬᠤᠶᠢᠯᠠᠯ᠂ ᠰᠤᠷᠭᠠᠭᠤᠯᠢ ᠶᠢᠨ ᠬᠤᠭᠤᠯᠠᠨ ᠭᠡᠷ᠂ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠬᠤᠭᠤᠯᠨ ᠢᠳᠡᠭᠡᠨ ᠬᠠᠩᠭᠠᠭᠴᠢ᠂ ᠬᠠᠮᠲᠤ ᠶᠢᠨ ᠬᠤᠭᠤᠯᠡ ᠲᠣᠬᠢᠷᠠᠭᠤᠯᠤᠨ ᠭᠦᠷᠭᠡᠬᠦ | ᠨᠢᠭᠡᠴᠡ ᠪᠣᠯᠣᠨ ᠭᠤᠣᠯ ᠪᠤᠯᠠᠬᠤ ᠲᠣᠭᠤᠭᠠᠨ ᠭᠡᠷ᠂ ᠲᠣᠮᠣ ᠬᠡᠯᠪᠡᠷᠢ ᠶᠢᠨ ᠪᠠᠷᠢᠯᠭ᠎ᠠ ᠶᠢᠨ ᠭᠠᠵᠠᠷ ᠦᠢᠯᠡᠳᠪᠦᠷᠢ ᠶᠢᠨ | ᠬᠤᠭᠤᠯᠠᠨ ᠭᠡᠷ᠂ ᠲᠣᠮᠣ ᠬᠡᠯᠪᠡᠷᠢ ᠶᠢᠨ ᠬᠡᠯᠬᠢᠶ᠎ᠡ ᠬᠡᠲᠦ ᠳᠡᠯᠭᠡᠭᠦᠷ ᠤᠳ ᠪᠣᠯᠣᠨ᠎ᠠ᠃ | ᠳᠥᠷᠪᠡ᠂ ᠳᠠᠭᠠᠭᠠᠴᠢᠯᠠᠬᠤ ᠪᠠᠶᠢᠭᠤᠯᠤᠮᠵᠢ | ︵ᠨᠢᠭᠡ︶ ᠲᠤᠷᠰᠢᠯᠲᠠ ᠶᠢᠨ ᠠᠵᠢᠯ ᠢ ᠡᠭᠦᠷᠭᠡᠯᠡᠬᠦ ᠳᠠᠭᠠᠳᠬᠠᠯ ᠤᠨ ᠺᠣᠮᠫᠠᠨᠢ᠃ | ᠲᠤᠷᠰᠢᠯᠲᠠ ᠶᠢᠨ ᠬᠤᠭᠤᠴᠠᠭᠠᠨ ᠳᠤ ᠢᠲᠡᠬᠡᠯ ᠰᠠᠶᠢᠲᠠᠢ᠂ ᠬᠦᠴᠦᠨ ᠲᠡᠭᠦᠯᠳᠡᠷ᠂ ᠦᠢᠯᠡᠴᠢᠯᠡᠭᠡᠨ ᠤ | ᠶᠠᠰᠤ ᠴᠢᠨᠠᠷ ᠢᠶᠠᠷ ᠰᠠᠶᠢᠨ᠂ ᠰᠦᠯᠵᠢᠶ᠎ᠡ ᠲᠥᠬᠦᠷ ᠳᠤᠮᠳᠠᠳᠤ ᠶᠢᠨ ᠬᠠᠮᠳᠤᠷᠠᠭᠰᠠᠨ ᠡᠳ᠋ ᠬᠥᠷᠥᠩᠭᠡ ᠶᠢᠨ | ᠳᠠᠭᠠᠳᠬᠠᠯ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ | ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠲᠤ | ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠪᠠᠷ ᠲᠤᠷᠰᠢᠯᠲᠠ ᠶᠢᠨ ᠳᠠᠭᠠᠭᠠᠴᠢᠯᠠᠬᠤ ᠪᠠᠶᠢᠭᠤᠯᠤᠮᠵᠢ | ᠪᠣᠯᠭᠠᠨ᠎ᠠ᠃ ᠲᠤᠷᠰᠢᠯᠲᠠ ᠶᠢᠨ ᠠᠵᠢᠯ ᠨᠢ ᠵᠣᠬᠢᠬᠤ ᠲᠤᠷᠰᠢᠯᠭ᠎ᠠ ᠲᠠᠢ ᠪᠣᠯᠣᠭᠰᠠᠨ ᠤ ᠳᠠᠷᠠᠭ᠎ᠠ ᠪᠤᠰᠤᠳ | ᠳᠠᠭᠠᠳᠬᠠᠯ ᠤᠨ ᠪᠠᠶᠢᠭᠤᠯᠤᠮᠵᠢ ᠶᠢ ᠣᠷᠤᠭᠤᠯᠤᠨ ᠬᠠᠮᠲᠤ ᠪᠠᠷ ᠳᠠᠭᠠᠭᠠᠴᠢᠯᠠᠵᠤ᠂ ᠢᠳᠡᠭᠡᠨ ᠤ ᠠᠮᠤᠷ ᠲᠥᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷᠴᠢᠯᠡᠬᠦ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | ︵ᠬᠤᠶᠠᠷ︶ ᠳᠠᠭᠠᠳᠬᠠᠯ ᠤᠨ ᠺᠤᠮᠫᠠᠨᠢ ᠶᠢᠨ ᠲᠤᠷᠰᠢᠯᠲᠠ ᠶᠢᠨ ᠤᠷᠤᠨ ᠪᠦᠰᠡ ᠶᠢᠨ ᠬᠤᠪᠢᠶᠠᠷᠢᠯᠠᠯ᠃ | | ᠳᠤᠮᠳᠠᠲᠤ ᠶᠢᠨ ᠬᠠᠮᠲᠤᠷᠠᠭᠰᠠᠨ ᠡᠳ᠋ ᠬᠦᠷᠦᠩᠭᠡ ᠶᠢᠨ ᠳᠠᠭᠠᠳᠬᠠᠯ ᠤᠨ ᠬᠤᠪᠢ ᠤᠷᠤᠭᠤᠯᠤᠭᠰᠠᠨ | ᠬᠢᠵᠠᠭᠠᠷᠲᠤ ᠺᠤᠮᠫᠠᠨᠢ ᠶᠢᠨ ᠦᠪᠦᠷ ᠮᠤᠩᠭᠤᠯ ᠳᠠᠬᠢ ᠬᠤᠪᠢᠶᠠᠷᠢ ᠺᠤᠮᠫᠠᠨᠢ ᠶᠢᠨ ᠲᠤᠷᠰᠢᠯᠲᠠ ᠶᠢᠨ ᠤᠷᠤᠨ ᠪᠦᠰᠡ ᠨᠢ᠄ | ᠬᠦᠬᠡᠬᠤᠲᠠ᠂ ᠪᠤᠭᠤᠲᠤ ᠬᠤᠲᠠ᠂ ᠬᠦᠯᠦᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠤᠤ ᠬᠤᠲᠠ᠂ | ᠤᠯᠠᠭᠠᠠᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠤᠷᠳᠤᠰ ᠬᠤᠲᠠ ᠪᠤᠯᠤᠨ᠎ᠠ᠃ | ᠳᠤᠮᠳᠠᠲᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠬᠤᠪᠢ ᠤᠷᠤᠭᠤᠯᠤᠭᠰᠠᠨ | ᠬᠢᠵᠠᠭᠠᠷᠲᠤ ᠺᠤᠮᠫᠠᠨᠢ ᠶᠢᠨ ᠦᠪᠦᠷ ᠮᠤᠩᠭᠤᠯ ᠳᠠᠬᠢ ᠬᠤᠪᠢᠶᠠᠷᠢ ᠺᠤᠮᠫᠠᠨᠢ ᠶᠢᠨ ᠲᠤᠷᠰᠢᠯᠲᠠ ᠶᠢᠨ ᠴᠢᠬ ᠤᠨ ᠤᠷᠤᠨ | ᠪᠦᠰᠡ ᠨᠢ᠄ ᠪᠠᠶᠠᠨᠨᠠᠭᠤᠷ ᠬᠤᠲᠠ᠂ ᠦᠬᠠᠢ ᠬᠤᠲᠠ᠂ ᠠᠯᠠᠱᠠ ᠠᠶᠢᠮᠠᠭ ᠪᠤᠯᠤᠨ᠎ᠠ᠃ | ᠲᠠᠪᠤ᠂ ᠲᠤᠷᠰᠢᠯᠲᠠ ᠶᠢᠨ ᠴᠢᠬ ᠤᠨ ᠠᠭᠤᠯᠭ᠎ᠠ | ︵ᠨᠢᠭᠡ︶ ᠳᠠᠭᠠᠳᠬᠠᠯ ᠤᠨ ᠨᠡᠷᠡᠮᠵᠢ ᠶᠢ ᠰᠤᠳᠤᠯᠤᠨ ᠨᠡᠭᠡᠭᠡᠬᠦ᠃ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢᠶᠠᠷ ᠰᠠᠭᠤᠷᠢ ᠪᠤᠯᠭᠠᠵᠤ᠂ ᠲᠤᠷᠰᠢᠯᠲᠠ ᠶᠢᠨ ᠬᠡᠪᠴᠢᠶᠡᠨ ᠳᠤ ᠠᠳᠠᠯᠢ | ᠪᠤᠰᠤ ᠠᠵᠤ ᠠᠬᠤᠶᠢᠯᠠᠯ ᠤᠨ ᠰᠢᠨᠵᠢ ᠴᠢᠨᠠᠷ ᠲᠤ ᠲᠤᠬᠢᠷᠠᠬᠤ ᠳᠦᠷᠢᠮ ᠢ ᠦᠨᠳᠦᠰᠦᠯᠡᠬᠦ ᠶᠢᠨ ᠳᠠᠭᠠᠤ ᠵᠠᠬ᠎ᠠ | ᠳᠡᠯᠭᠡᠬᠦᠷ ᠤᠨ ᠬᠠᠮᠤᠭ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠤᠨ᠂ ᠬᠦᠢᠴᠡᠳ ᠨᠤᠲᠠᠯᠠᠯ ᠪᠠ | ᠬᠡᠷᠡᠭᠵᠢᠭᠦᠯᠵᠤ ᠪᠤᠯᠬᠤᠶᠢᠴᠠ ᠵᠠᠳᠠᠯᠤᠯᠲᠠ ᠬᠢᠵᠤ᠂ ᠳᠦᠭᠦᠮ ᠲᠦᠳᠡ ᠬᠢᠳᠡᠯ ᠠᠪᠳᠠᠯ ᠢᠶᠠᠷ ᠵᠠᠷᠴᠢᠮ ᠪᠤᠯᠭᠠᠵᠤ᠂ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠰᠢᠨ᠎ᠡ ᠶᠢ ᠡᠭᠦᠳᠬᠦ ᠨᠡᠷᠡᠮᠵᠢ ᠶᠢ ᠵᠠᠯᠭᠠᠪᠠᠷ | ᠨᠡᠭᠡᠭᠡᠨ ᠬᠦᠭᠵᠢᠭᠦᠯᠵᠤ᠂ ᠲᠦᠪ ᠭᠤᠤᠯᠴᠢ ᠵᠦᠢ ᠵᠤᠬᠢᠰᠲᠠᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠳᠦᠷᠢᠮ ᠪᠤᠯᠤᠨ ᠰᠦᠢᠳᠭᠡᠯ ᠤᠨ ᠨᠤᠷᠮ᠎ᠠ ᠶᠢ ᠲᠤᠭᠲᠠᠭᠠᠬᠤ ᠬᠡᠷᠡᠭᠲᠠᠢ᠃ | ︵ᠬᠤᠶᠠᠷ︶ ᠠᠵᠢᠯᠯᠠᠭᠠᠨ ᠤ ᠲᠤᠭᠲᠠᠴᠠ ᠶᠢ ᠲᠡᠭᠦᠯᠳᠡᠷᠵᠢᠭᠦᠯᠬᠦ᠃ ᠦᠪᠡᠷᠲᠡᠭᠡᠨ ᠵᠠᠰᠠᠬᠤ ᠤᠷᠤᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠲᠦᠷᠦᠭᠦᠯᠡᠨ᠂ ᠦᠪᠦᠷ ᠮᠤᠩᠭᠤᠯ ᠤᠨ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠦᠪᠡᠷᠲᠡᠭᠡᠨ ᠵᠠᠰᠠᠬᠤ ᠤᠷᠤᠨ ᠤ ᠮᠦᠩᠭᠦᠨ | ᠬᠦᠢᠯᠭᠡᠭᠡᠨ ᠤ ᠠᠯᠪᠠᠨ ᠭᠡᠷ ᠢᠳᠡᠪᠬᠢᠯᠠᠨ ᠤᠷᠤᠯᠴᠠᠭᠰᠠᠨ᠂ ᠳᠠᠭᠠᠭᠠᠴᠢᠯᠠᠭᠰᠠᠨ ᠪᠠᠶᠢᠭᠤᠯᠤᠮᠵᠢ ᠠᠴᠠ ᠪᠦᠬᠦ | ᠬᠦᠴᠦᠨ ᠢᠶᠠᠷ ᠢᠶᠠᠨ ᠬᠡᠷᠡᠭᠵᠢᠭᠦᠯᠦᠭᠰᠡᠨ ᠠᠵᠢᠯᠯᠠᠭᠠᠨ ᠤ ᠲᠤᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠵᠠᠰᠠᠭ ᠵᠠᠬᠢᠷᠭᠠᠨ ᠤ | ᠵᠢᠯᠤᠭᠤᠳᠤᠯᠭ᠎ᠠ᠂ ᠠᠶᠤᠯ ᠲᠦᠭᠰᠢᠭᠦᠷᠢ ᠶᠢᠨ ᠵᠠᠳᠠᠯᠤᠯᠲᠠ᠂ ᠢᠲᠡᠭᠡᠮᠵᠢᠲᠠᠢ ᠪᠠᠶᠢᠭᠤᠯᠤᠯᠲᠠ᠂ ᠵᠢᠱᠢᠶ᠎ᠡ ᠦᠵᠡᠭᠦᠯᠦᠨ | ᠰᠢᠨ᠎ᠡ ᠶᠢ ᠡᠭᠦᠳᠬᠦ᠂ ᠤᠬᠠᠭᠤᠯᠤᠨ ᠳᠡᠯᠭᠡᠷᠡᠭᠦᠯᠬᠦ ᠵᠡᠷᠭᠡ ᠤᠯᠠᠨ ᠵᠦᠢᠯ ᠤᠨ ᠲᠦᠷᠤ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠢᠳᠡᠪᠬᠢᠲᠠᠢ ᠠᠪᠴᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠤᠭᠴᠠ ᠶᠢᠨ | ᠳᠠᠭᠠᠳᠬᠠᠯ ᠳᠤ ᠤᠷᠤᠯᠴᠠᠬᠤ ᠶᠢ ᠬᠦᠲᠦᠯᠦᠨ ᠵᠢᠯᠤᠭᠤᠳᠬᠤ ᠬᠡᠷᠡᠭᠲᠠᠢ᠃ ᠦᠪᠡᠷᠲᠡᠭᠡᠨ ᠵᠠᠰᠠᠬᠤ ᠤᠷᠤᠨ ᠤ ᠮᠦᠡᠭᠭᠦᠨ | ᠬᠦᠢᠯᠭᠡᠭᠡᠨ ᠤ ᠠᠯᠪᠠᠨ ᠬᠡᠷ ᠠᠴᠠ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠠᠬᠢᠭᠤᠯᠤᠨ ᠳᠠᠭᠠᠳᠬᠠᠯ ᠤᠨ ᠠᠵᠤ | ᠠᠬᠤᠶᠢᠯᠠᠯ ᠳᠤ ᠢᠲᠡᠭᠡᠮᠵᠢᠲᠤ ᠵᠢᠭᠡᠯᠡᠯᠭᠡ ᠶᠢᠨ ᠳᠡᠮᠵᠢᠯᠭᠡ ᠶᠢ ᠡᠩ ᠲᠡᠷᠢᠭᠦᠨ ᠳᠤ ᠦᠵᠡᠭᠦᠯᠬᠦ ᠬᠡᠷᠡᠭᠲᠠᠢ︔ ᠦᠪᠦᠷ | ᠮᠤᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠳᠠᠭᠠᠭᠠᠴᠢᠯᠠᠭᠰᠠᠨ | ᠪᠠᠶᠢᠭᠤᠯᠤᠮᠵᠢ ᠳᠠᠬᠢ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠤᠯᠤᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠠᠢ︔ ᠳᠠᠭᠠᠭᠠᠴᠢᠯᠠᠭᠰᠠᠨ ᠪᠠᠶᠢᠭᠤᠯᠤᠮᠵᠢ ᠨᠢ ᠲᠤᠷᠰᠢᠯᠲᠠ ᠶᠢᠨ ᠬᠡᠪᠴᠢᠶᠡᠨ ᠳᠠᠬᠢ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠤᠭᠴᠠ ᠶᠢᠨ ᠳᠠᠭᠠᠭᠠᠴᠢᠯᠠᠬᠤ᠂ ᠲᠦᠯᠦᠬᠦ ᠵᠡᠷᠭᠡ ᠦᠢᠯᠡᠴᠢᠯᠡᠭᠡᠨ ᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠠᠢ᠃ ᠤᠯᠠᠷᠢᠯ ᠢᠶᠠᠷ ᠳ᠋ᠦᠡᠭᠨᠡᠨ ᠵᠠᠳᠠᠯᠬᠤ ᠶᠢ | ᠬᠡᠷᠡᠭᠵᠢᠭᠦᠯᠵᠤ᠂ ᠠᠵᠢᠯ ᠤᠨ ᠠᠬᠢᠴᠠ ᠪᠠᠷ ᠤᠳᠠᠭᠠᠨ ᠠᠶᠢᠮᠠᠭ ᠬᠤᠲᠠ ᠳᠤ ᠭᠤᠤᠯᠳᠠᠯᠭ᠎ᠠ ᠲᠠᠢ ᠬᠢᠨᠠᠨ | ᠵᠢᠯᠤᠭᠤᠳᠤᠯᠭ᠎ᠠ ᠬᠢᠬᠦ ᠬᠡᠷᠡᠭᠲᠠᠢ᠃ | ︵ᠭᠤᠷᠪᠠ︶ ᠦᠢᠯᠡᠴᠢᠯᠡᠭᠡᠨ ᠤ ᠰᠢᠨ᠎ᠡ ᠡᠭᠦᠳᠦᠯᠲᠡ ᠶᠢ ᠠᠬᠢᠭᠤᠯᠬᠤ᠃ ᠲᠤᠷᠰᠢᠯᠲᠠ ᠶᠢᠨ | ᠳᠠᠭᠠᠭᠠᠴᠢᠯᠠᠭᠰᠠᠨ ᠪᠠᠶᠢᠭᠤᠯᠤᠮᠵᠢ ᠨᠤᠭᠤᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠤᠷᠪᠠᠳᠤᠭᠠᠷ ᠡᠲᠡᠭᠡᠳ ᠪᠤᠶᠤ ᠡᠷᠭᠡ ᠰᠦᠷᠲᠤ | ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠮᠰᠢᠨ ᠲᠤᠭᠲᠠᠭᠠᠬᠤ ᠠᠷᠭ᠎ᠠ ᠮᠠᠶ᠋ᠢᠭ ᠢ | ᠰᠦᠪᠡᠭᠴᠢᠯᠡᠨ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠠᠳᠡᠯ ᠢ | ᠪᠠᠶᠢᠴᠠᠭᠠᠨ ᠬᠠᠶᠢᠬᠤ ᠪᠠ ᠰᠡᠷᠡᠮᠵᠢᠯᠡᠬᠦ᠂ ᠬᠠᠷᠢᠭᠤᠴᠠᠯᠭ᠎ᠠ ᠶᠢ ᠦᠨᠡᠮᠰᠢᠨ ᠲᠤᠭᠲᠠᠭᠠᠬᠤ᠂ ᠬᠤᠬᠢᠷᠠᠯ ᠬᠦᠨᠦᠭᠡᠯ ᠢ | ᠬᠢᠨᠠᠨ ᠲᠤᠭᠲᠠᠭᠠᠵᠤ ᠦᠨᠡᠯᠡᠨ ᠵᠢᠱᠢᠬᠦ᠂ ᠳᠠᠭᠠᠭᠠᠴᠢᠯᠠᠨ ᠲᠦᠯᠦᠪᠦᠷᠢᠯᠡᠬᠦ ᠵᠡᠷᠭᠡ ᠡᠯ᠎ᠡ ᠵᠦᠢᠯ ᠤᠨ ᠳᠦᠷᠢᠮ ᠢ | ᠲᠠᠰᠤᠷᠠᠯᠲᠠ ᠦᠭᠡᠢ ᠰᠢᠨ᠎ᠡ ᠪᠠᠷ ᠡᠭᠦᠳᠬᠦ ᠬᠡᠷᠡᠭᠲᠠᠢ᠃ ᠲᠤᠰᠬᠠᠢ ᠰᠡᠳᠦᠪᠲᠤ ᠮᠡᠳᠡᠯᠭᠡ ᠶᠢᠨ ᠲᠠᠶᠢᠯᠤᠮᠵᠢ ᠶᠢ | ᠢᠳᠡᠪᠬᠢᠲᠠᠢ ᠦᠷᠨᠢᠭᠦᠯᠦᠨ᠂ ᠦᠢᠯᠡᠳᠭᠦᠨ ᠢ ᠳᠡᠯᠭᠡᠷᠡᠬᠦᠯᠬᠦ ᠠᠵᠢᠯᠯᠠᠭ᠎ᠠ ᠶᠢ ᠡᠷᠬᠢᠯᠡᠵᠤ᠂ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠲᠦᠮᠵᠢᠲᠠᠢ ᠠᠬᠢᠭᠤᠯᠬᠤ ᠬᠡᠷᠡᠭᠲᠠᠢ᠃ | ︵ᠳᠦᠷᠪᠡ︶ ᠲᠦᠭᠰᠢᠭᠦᠷᠢ ᠶᠢᠨ ᠰᠢᠢᠳᠪᠦᠷᠢᠯᠡᠯᠲᠡ ᠶᠢ ᠴᠢᠩᠭᠠᠳᠬᠠᠬᠤ᠃ ᠲᠤᠷᠰᠢᠯᠲᠠ ᠶᠢᠨ | ᠳᠠᠭᠠᠭᠠᠴᠢᠯᠠᠭᠰᠠᠨ ᠪᠠᠶᠢᠭᠤᠯᠤᠮᠵᠢ ᠨᠤᠭᠤᠳ ︽ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠲᠦᠯᠦᠪᠦᠷᠢ ᠶᠢ ᠦᠭᠬᠦ ᠳᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠦᠯ ᠤᠨ ᠬᠡᠷᠡᠭ ᠲᠤ ᠳᠡᠭᠡᠲᠤ ᠪᠦᠲᠦᠮᠵᠢᠲᠤ ᠤᠷᠢᠳᠡᠪᠠᠷ | ᠲᠦᠯᠦᠪᠦᠷᠢ ᠦᠭᠬᠦ ᠶᠢ ᠬᠡᠷᠡᠭᠵᠢᠭᠦᠯᠬᠦ ᠬᠡᠷᠡᠭᠲᠠᠢ᠃ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠦᠨᠳᠦ | ᠬᠡᠴᠡᠭᠦᠦ ᠬᠤᠬᠢᠷᠠᠯ ᠤᠨ ᠠᠳᠡᠯ ᠭᠠᠷᠪᠠᠯ᠂ ᠲᠤᠷᠰᠢᠯᠲᠠ ᠶᠢᠨ ᠳᠠᠭᠠᠭᠠᠴᠢᠯᠠᠭᠰᠠᠨ ᠪᠠᠶᠢᠭᠤᠯᠤᠮᠵᠢ ᠠᠴᠠ ᠬᠠᠮᠤᠭ ᠤᠨ | ᠲᠦᠷᠦᠬᠦᠨ ᠳᠤ ᠲᠦᠯᠦᠪᠦᠷᠢ ᠶᠢᠨ ᠮᠦᠡᠭᠭᠦ ᠶᠢ ᠦᠭᠬᠦ ᠪᠤᠶᠤ ᠤᠷᠢᠳᠴᠢᠯᠠᠨ ᠦᠭᠴᠦ᠂ ᠳᠠᠭᠠᠳᠬᠠᠯ ᠤᠨ ︽ᠨᠡᠶᠢᠭᠡᠮ ᠢ | ᠲᠤᠭᠲᠠᠭᠤᠨ ᠪᠠᠶᠢᠯᠭᠠᠬᠤ︾ ᠳᠤ ᠦᠵᠡᠭᠦᠯᠬᠦ ᠦᠢᠯᠡᠳᠦᠯ ᠢᠶᠠᠨ ᠬᠠᠮᠤᠭ ᠶᠡᠭᠡ ᠬᠡᠮᠵᠢᠶᠡᠨ ᠳᠤ ᠪᠠᠳᠠᠷᠠᠭᠤᠯᠬᠤ ᠬᠡᠷᠡᠭᠲᠠᠢ | ᠃ | ᠵᠢᠷᠭᠤᠭ᠎ᠠ᠂ ᠬᠡᠷᠡᠭᠵᠢᠬᠦᠯᠬᠦ ᠠᠯᠬᠤᠮ ᠳᠠᠷᠠᠭ᠎ᠠ | ᠲᠤᠷᠰᠢᠯᠲᠠ ᠶᠢᠨ ᠴᠠᠭ ᠬᠤᠭᠤᠴᠠᠭ᠎ᠠ ᠨᠢ 2015 ᠤᠨ ᠤ 1 ᠳ᠋ᠤᠭᠡᠷ ᠰᠠᠷ᠎ᠠ ᠠᠴᠠ ᠡᠬᠢᠯᠡᠵᠤ | 2016 ᠤᠨ ᠤ 1 ᠳ᠋ᠤᠭᠡᠷ ᠰᠠᠷ᠎ᠠ ᠳᠤ ᠳᠠᠭᠤᠰᠬᠠᠨ᠎ᠠ᠃ | ︵ᠨᠢᠭᠡ︶ ᠡᠬᠢᠯᠡᠬᠦᠯᠬᠦ ᠱᠠᠲᠤ ᠦᠶ᠎ᠡ ︵2015 ᠤᠨ ᠤ 1 ᠳ᠋ᠤᠬᠡᠷ ᠰᠠᠷ᠎ᠠ︶᠃ ᠡᠯ᠎ᠡ ᠠᠶᠢᠮᠠᠭ | ᠬᠤᠲᠠ ᠨᠢ ᠢᠳᠡᠭᠡᠨ ᠤ ᠠᠵᠤ ᠦᠢᠯᠡᠰ ᠤᠨ ᠪᠠᠶᠢᠳᠠᠯ ᠵᠢᠴᠢ ᠠᠶᠤᠯ ᠲᠦᠭᠰᠢᠭᠦᠷᠢ ᠶᠢᠨ ᠬᠡᠮᠵᠢᠶ᠎ᠡ ᠲᠠᠢ | ᠤᠶᠠᠯᠳᠤᠭᠤᠯᠵᠤ᠂ ᠰᠤᠷᠭᠠᠭᠤᠯᠢ ᠶᠢᠨ ᠬᠤᠭᠤᠯᠠᠨ ᠬᠡᠷ ᠵᠡᠷᠭᠡ 1 ᠠᠴᠠ 2 ᠭᠤᠤᠯᠳᠠᠯᠭ᠎ᠠ ᠲᠠᠢ ᠵᠠᠩᠬᠢᠯᠠᠭ᠎ᠠ ᠶᠢᠨ | ᠭᠠᠵᠠᠷ ᠲᠤ ᠲᠤᠷᠰᠢᠯᠲᠠ ᠶᠢᠨ ᠠᠵᠢᠯ ᠢ ᠦᠷᠨᠢᠭᠦᠯᠬᠦ ᠬᠡᠷᠡᠭᠲᠠᠢ᠃ ᠡᠯ᠎ᠡ ᠠᠶᠢᠮᠠᠭ ᠬᠤᠲᠠ ᠶᠢᠨ ᠲᠤᠷᠰᠢᠯᠲᠠ ᠶᠢᠨ | ᠠᠵᠤ ᠠᠬᠤᠶᠢᠯᠠᠯ ᠤᠨ ᠲᠤᠭ᠎ᠠ ᠬᠡᠮᠵᠢᠶ᠎ᠡ 10 ᠡᠷᠦᠬᠡ ᠠᠴᠠ ᠴᠦᠬᠡᠨ ᠪᠠᠶᠢᠵᠤ ᠪᠤᠯᠬᠤ ᠦᠭᠡᠢ ᠮᠦᠷᠲᠡᠭᠡᠨ 2015 | ᠤᠨ ᠤ 1 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠲᠤᠷᠰᠢᠯᠲᠠ ᠶᠢᠨ ᠠᠵᠤ ᠠᠬᠤᠶᠢᠯᠠᠯ ᠤᠨ ᠨᠡᠷᠡᠰ ᠢ | ᠦᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠳᠤ | ᠮᠡᠳᠡᠭᠦᠯᠬᠦ ᠬᠡᠷᠡᠭᠲᠠᠢ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2015 ᠤᠨ ᠤ 2 ᠳ᠋ᠤᠭᠠᠷ ᠰᠠᠷ᠎ᠠ - 2015 ᠤᠨ ᠤ | 12 ᠳ᠋ᠤᠭᠠᠷ ᠰᠠᠷ᠎ᠠ︶᠃ ᠦᠪᠡᠷᠲᠡᠭᠡᠨ ᠵᠠᠰᠠᠬᠤ ᠤᠷᠤᠨ ᠵᠢᠴᠢ ᠡᠯ᠎ᠡ ᠠᠶᠢᠮᠠᠭ ᠬᠤᠲᠠ ᠨᠢ ᠲᠤᠰ ᠲᠤᠰ ᠢᠳᠡᠭᠡᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠳᠠᠭᠠᠭᠠᠴᠢᠯᠠᠭᠰᠠᠨ ᠪᠠᠶᠢᠭᠤᠯᠤᠮᠵᠢ ᠨᠢ ᠲᠤᠷᠰᠢᠯᠲᠠ ᠶᠢᠨ ᠠᠵᠤ ᠠᠬᠤᠶᠢᠯᠠᠯ ᠤᠨ ᠨᠡᠷᠡᠰ ᠤᠨ | ᠶᠤᠰᠤᠭᠠᠷ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠦᠢᠯᠡᠳᠭᠦᠨ ᠤ ᠤᠬᠠᠭᠤᠯᠭ᠎ᠠ᠂ ᠳᠠᠭᠠᠭᠠᠴᠢᠯᠠᠬᠤ ᠲᠦᠰᠦᠯ ᠢ | ᠲᠠᠨᠢᠯᠴᠠᠭᠯᠬᠤ ᠶᠢ ᠰᠠᠶᠢᠲᠤᠷ ᠬᠢᠵᠤ᠂ ᠳᠠᠭᠠᠳᠬᠠᠯ ᠤᠨ ᠬᠡᠷ᠎ᠡ ᠲᠤᠭᠲᠠᠬᠤ ᠵᠢᠴᠢ ᠦᠢᠯᠡᠴᠢᠯᠡᠭᠡᠨ ᠤ ᠠᠵᠢᠯ ᠢ | ᠦᠷᠨᠢᠭᠦᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ | ᠲᠡᠭᠦᠯᠳᠡᠷᠵᠢᠬᠦᠯᠬᠦ ᠶᠢᠨ ᠬᠠᠮᠲᠤ 2015 ᠤᠨ ᠤ 2 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠠᠩᠬᠠᠨ ᠤ | ᠪᠦᠯᠦᠭ ᠲᠤᠷᠰᠢᠯᠲᠠ ᠶᠢᠨ ᠳᠠᠭᠠᠭᠠᠴᠢᠯᠠᠯᠲᠠ ᠶᠢᠨ ᠠᠵᠢᠯ ᠢ ᠪᠡᠶᠡᠯᠡᠬᠦᠯᠬᠦ ᠬᠡᠷᠡᠭᠲᠠᠢ᠃ ᠲᠤᠷᠰᠢᠯᠲᠠ ᠶᠢ ᠬᠡᠷᠡᠭᠵᠢᠬᠦᠯᠬᠦ | ᠶᠠᠪᠤᠴᠠ ᠳᠤ᠂ ᠡᠯ᠎ᠡ ᠭᠠᠵᠠᠷ ᠤᠷᠤᠨ ᠨᠤᠭᠤᠳ ᠲᠠᠰᠣᠷᠠᠯᠳᠠ ᠦᠭᠡᠢ ᠲᠤᠷᠰᠢᠯᠭ᠎ᠠ ᠪᠠᠨ ᠳ᠋ᠦᠡᠭᠨᠡᠨ᠂ ᠲᠦᠰᠦᠯ ᠢᠶᠠᠨ | ᠲᠡᠭᠦᠯᠳᠡᠷᠵᠢᠬᠦᠯᠵᠤ᠂ ᠲᠤᠷᠰᠢᠯᠲᠠ ᠶᠢᠨ ᠣᠷᠣᠨ ᠪᠦᠰᠡ ᠪᠤᠯᠤᠨ ᠲᠤᠷᠰᠢᠯᠲᠠ ᠶᠢᠨ ᠬᠡᠪᠴᠢᠶ᠎ᠡ ᠪᠠᠨ ᠢᠳᠡᠭ | ᠢᠳᠡᠭ ᠢᠶᠠᠷ ᠥᠷᠭᠡᠳᠬᠡᠨ᠂ ᠲᠤᠷᠰᠢᠯᠲᠠ ᠶᠢᠨ ᠠᠵᠢᠯ ᠢ ᠳ᠋ᠦᠩᠨᠡᠨ ᠳᠡᠯᠭᠡᠷᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃ | ︵ᠭᠤᠷᠪᠠ︶ ᠳ᠋ᠦᠩᠨᠡᠯᠲᠡ ᠶᠢᠨ ᠱᠠᠲᠤ ᠦᠶ᠎ᠡ ︵2016 ᠣᠨ ᠤ 1 ᠳ᠋ᠤᠭᠡᠷ ᠰᠠᠷ᠎ᠠ︶᠃ | ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠮᠥᠩᠭᠦᠨ ᠭᠦᠢᠯᠭᠡᠭᠡᠨ ᠤ ᠠᠯᠪᠠᠨ ᠭᠡᠷ ᠨᠢ ᠳᠠᠭᠠᠭᠠᠴᠢᠯᠠᠭᠰᠠᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠨ | ᠠᠵᠤ ᠠᠬᠤᠶᠢᠯᠠᠯ ︵ᠨᠢᠭᠡᠴᠡ︶ ᠯᠤᠭ᠎ᠠ ᠲᠤᠷᠰᠢᠯᠲᠠ ᠶᠢᠨ ᠠᠵᠢᠯ ᠤᠨ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ᠂ | ᠳᠡᠯᠭᠡᠷᠡᠭᠦᠯᠬᠦ ᠠᠷᠭ᠎ᠠ ᠬᠡᠮᠵᠢᠶ᠎ᠡ ᠪᠠᠨ ᠰᠤᠳᠤᠯᠬᠤ ᠬᠡᠷᠡᠭᠲᠡᠢ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠠᠴᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢᠭᠡᠴᠡ ᠳᠤ | ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠪᠠᠭᠲᠠᠨ᠎ᠠ᠃ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠪᠠᠶᠢᠭᠤᠯᠵᠤ᠂ ᠲᠤᠷᠰᠢᠯᠲᠠ ᠶᠢᠨ ᠠᠵᠢᠯ ᠤᠨ ᠬᠤᠷᠸ᠎ᠠ ᠲᠠᠯ᠎ᠠ ᠶᠢᠨ ᠵᠢᠯᠣᠭᠤᠳᠤᠯᠭ᠎ᠠ᠂ ᠵᠣᠬᠢᠶᠠᠨ | ᠪᠠᠶᠢᠭᠤᠯᠵᠤ ᠵᠣᠬᠢᠴᠠᠭᠤᠯᠬᠤ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ ᠤᠬᠠᠭᠤᠯᠤᠨ ᠳᠡᠯᠭᠡᠷᠡᠭᠦᠯᠬᠦ ᠪᠠ | ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠨᠤᠭᠤᠳ ᠲᠤᠷᠰᠢᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠣᠬᠢᠬᠤ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠪᠣᠳᠠᠲᠠᠢ | ᠬᠡᠷᠡᠭᠵᠢᠭᠦᠯᠬᠦ ᠲᠦᠰᠦᠯ ᠢ ᠲᠣᠭᠲᠠᠭᠠᠨ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠰᠢᠮᠳᠠᠭᠤᠯᠤᠨ | ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠲᠤᠷᠰᠢᠯᠲᠠ ᠶᠢᠨ ᠠᠵᠢᠯ ᠤᠨ ᠪᠣᠳᠠᠲᠤ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠬᠠᠮᠢᠶᠠᠷᠤᠯᠲᠠ ᠶᠢᠨ ᠦᠢᠯᠡᠴᠢᠯᠡᠭᠡᠨ ᠢ ᠴᠢᠩᠭᠠᠳᠬᠠᠬᠤ᠃ ᠲᠤᠷᠰᠢᠯᠲᠠ ᠶᠢᠨ ᠳᠠᠭᠠᠳᠬᠠᠯ | ᠳᠠᠭᠠᠭᠠᠴᠢᠯᠠᠭᠰᠠᠨ ᠪᠠᠶᠢᠭᠤᠯᠤᠮᠵᠢ ᠨᠤᠭᠤᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠲᠤᠰᠬᠠᠢ ᠡᠷᠦᠭᠡ ᠶᠢᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ | ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠨ᠂ ᠳᠠᠭᠠᠳᠬᠠᠯ ᠤᠨ ᠠᠵᠢᠯᠯᠠᠭᠠᠨ ᠤ ᠳᠡᠰ ᠳᠠᠷᠠᠭᠠᠯᠠᠯ ᠢ ᠵᠢᠷᠤᠮᠵᠢᠭᠤᠯᠵᠤ | ᠂ ᠳᠠᠭᠠᠭᠠᠴᠢᠯᠠᠭᠤᠯᠬᠤ ᠪᠠ ᠲᠥᠯᠥᠪᠦᠷᠢᠯᠡᠬᠦ ᠭᠠᠷᠳᠠᠮ ᠢ ᠲᠣᠪᠴᠢᠯᠠᠵᠤ᠂ ᠠᠵᠤ ᠠᠬᠤᠶᠢᠯᠠᠯ ᠪᠣᠯᠣᠨ ᠬᠡᠷᠡᠭᠯᠡᠭᠴᠢᠳ ᠲᠤ | ᠳᠥᠭᠦᠮ ᠦᠵᠡᠭᠦᠯᠬᠦ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠠᠵᠢᠯ ᠤᠨ ᠲᠤᠰᠬᠠᠢ ᠪᠦᠯᠬᠦᠮ ᠡᠩᠨᠡᠭᠡ ᠶᠢ ᠪᠠᠶᠢᠭᠤᠯᠤᠨ᠂ ᠲᠤᠷᠰᠢᠯᠲᠠ ᠶᠢᠨ ᠠᠵᠢᠯ ᠳᠤ | ᠲᠤᠰᠬᠠᠶᠢᠵᠢᠭᠰᠠᠨ ᠠᠵᠢᠯᠯᠠᠭᠠᠨ ᠢ ᠬᠡᠷᠡᠭᠵᠢᠭᠦᠯᠵᠦ᠂ ᠳᠠᠭᠠᠳᠬᠠᠯ ᠤᠨ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ᠃ | ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠢ ᠲᠣᠬᠢᠷᠠᠮᠵᠢᠲᠠᠢ ᠴᠠᠭ ᠲᠤ ᠬᠠᠷᠢᠭᠤ ᠰᠤᠷᠪᠤᠯᠵᠢᠯᠠᠭ᠎ᠠ ᠬᠢᠵᠦ᠂ | ᠳᠠᠭᠠᠭᠠᠴᠢᠯᠠᠯᠲᠠ ᠳᠤ ᠣᠷᠣᠯᠴᠠᠭᠰᠠᠨ ᠠᠵᠤ ᠠᠬᠤᠶᠢᠯᠠᠯ ᠢ ᠬᠠᠪᠰᠤᠷᠤᠨ ᠠᠶᠤᠯ ᠲᠦᠭᠰᠢᠭᠦᠷᠢ ᠶᠢ ᠰᠤᠳᠤᠯᠤᠨ | ᠵᠠᠳᠠᠯᠵᠤ᠂ ᠠᠶᠤᠯ ᠲᠦᠭᠰᠢᠭᠦᠷᠢ ᠶᠢ ᠬᠢᠵᠠᠭᠠᠷᠯᠠᠬᠤ ᠪᠠ ᠭᠠᠮᠰᠢᠭ ᠬᠤᠬᠢᠷᠠᠯ ᠢ ᠰᠡᠷᠭᠡᠶᠢᠯᠡᠬᠦ ᠪᠠᠨ ᠴᠢᠩᠭᠠᠳᠬᠠᠬᠤ | ᠬᠡᠷᠡᠭᠲᠡᠢ᠃ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠪᠠᠶᠢᠭᠤᠯᠤᠨ | ᠪᠦᠷᠢᠨᠰᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ᠂ ᠪᠤᠰᠢᠭᠤ ᠲᠦᠷᠭᠡᠨ ᠲᠥᠯᠥᠪᠦᠷᠢ ᠥᠭᠬᠦ᠂ ᠪᠠᠴᠢᠮ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠶᠠᠷᠢᠶ᠎ᠠ ᠬᠡᠯᠡᠯᠴᠡᠭᠡ ᠤᠬᠠᠭᠤᠯᠭ᠎ᠠ ᠶᠢ ᠰᠠᠶᠢᠲᠤᠷ ᠬᠢᠬᠦ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ | ᠵᠢᠯᠣᠭᠤᠳᠤᠮᠵᠢ ᠶᠢ ᠪᠠᠷᠢᠮᠲᠠᠯᠠᠨ᠂ ᠲᠤᠷᠰᠢᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ᠂ ᠳᠠᠭᠠᠳᠬᠠᠯ ᠤᠨ | ᠨᠡᠷᠡᠮᠵᠢ ᠪᠣᠯᠣᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠤᠯ ᠢ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠬᠥᠮᠥᠰ ᠤᠨ ᠰᠡᠳᠬᠢᠯ ᠳᠤ ᠬᠤᠨᠣᠭᠰᠢᠭᠤᠯᠬᠤ ᠬᠡᠷᠡᠭᠲᠡᠢ᠃ | ᠲᠠᠶᠢᠯᠤᠮᠵᠢ ᠡᠷᠬᠢᠯᠡᠬᠦ᠂ ᠭᠡᠷ᠎ᠡ ᠲᠣᠭᠲᠠᠬᠤ ᠶᠣᠰᠣᠯᠠᠯ᠂ ᠢᠲᠡᠭᠡᠮᠵᠢᠲᠠᠢ ᠰᠠᠨᠠᠭᠠᠴᠢᠯᠠᠭ᠎ᠠ᠂ ᠠᠵᠢᠯ ᠲᠥᠷᠥᠯ ᠤᠨ | ᠢᠯᠡᠷᠬᠡᠶᠢᠯᠡᠯ᠂ ᠫᠠᠶᠢᠰᠠ ᠦᠨᠡᠮᠯᠡᠯ ᠣᠯᠭᠤᠬᠤ ᠵᠡᠷᠭᠡ ᠤᠯᠠᠨ ᠲᠥᠷᠥᠯ ᠤᠨ ᠬᠡᠯᠪᠡᠷᠢ ᠮᠠᠶ᠋ᠢᠭ ᠢᠶᠠᠷ ᠳᠠᠮᠵᠢᠨ᠂ | ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ | ᠢᠲᠡᠭᠡᠯ ᠬᠦᠨᠳᠦᠲᠠᠢ ᠨᠡᠷᠡᠲᠦ ᠲᠡᠮᠳᠡᠭᠲᠦ ᠶᠢ ᠡᠭᠦᠳᠴᠦ᠂ ᠢᠲᠡᠭᠡᠮᠵᠢᠲᠠᠢ ᠰᠣᠶᠣᠯ ᠤᠨ ᠣᠷᠴᠢᠨ ᠢ ᠪᠤᠶᠢᠵᠢᠭᠤᠯᠬᠤ | ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠠᠢ ᠥᠷᠨᠢᠭᠦᠯᠦᠨ᠂ ᠬᠡᠷᠡᠭᠯᠡᠭᠴᠢᠳ ᠢ ᠬᠥᠮᠥᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ | ᠬᠠᠷᠢᠭᠤᠴᠠᠯᠭ᠎ᠠ ᠶᠢᠨ ᠳᠠᠭᠠᠳᠬᠠᠯ ᠢ ᠠᠰᠢᠭᠯᠠᠨ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ | ᠬᠠᠮᠠᠭᠠᠯᠠᠭᠤᠯᠬᠤ ᠬᠡᠷᠡᠭᠲᠡᠢ︔ ᠲᠤᠷᠰᠢᠯᠲᠠ ᠶᠢᠨ ᠴᠢᠬ ᠤᠨ ᠠᠬᠢᠴᠠ ᠶᠢᠨ ᠪᠠᠶᠢᠳᠠᠯ ᠪᠣᠯᠣᠨ ᠨᠡᠶᠢᠲᠡᠯᠢᠭ | ᠲᠤᠷᠰᠢᠯᠭ᠎ᠠ ᠶᠢ ᠴᠠᠭ ᠲᠤᠬᠠᠢ ᠳᠤᠨᠢ ᠤᠬᠠᠭᠤᠯᠵᠤ᠂ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ | ᠨᠥᠯᠥᠭᠡ ᠶᠢ ᠦᠷᠭᠡᠳᠬᠡᠵᠦ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠨᠦᠬᠦᠴᠡᠯ ᠢ ᠪᠤᠢ | ᠪᠣᠯᠭᠠᠬᠤ ᠬᠡᠷᠡᠭᠲᠡᠢ᠃ | ︵ᠳᠥᠷᠪᠡ︶ ᠬᠢᠨᠠᠮᠠᠭᠠᠢ ᠳ᠋ᠦᠩᠨᠡᠨ ᠳᠡᠯᠭᠡᠷᠡᠭᠦᠯᠬᠦ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠪᠤᠯᠤᠨ ᠨᠢᠭᠡᠴᠡ ᠨᠦᠭᠦᠳ ᠲᠤᠷᠰᠢᠯᠲᠠ ᠶᠢᠨ ᠠᠵᠢᠯ ᠤᠨ ᠲᠤᠮᠳᠠ ᠢᠯᠡᠷᠡᠭᠰᠡᠨ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠢ ᠠᠩᠬᠠᠷᠤᠨ ᠰᠡᠷᠡᠵᠤ ᠮᠡᠳᠡᠬᠦ ᠪᠠ ᠰᠤᠳᠤᠯᠤᠨ ᠰᠢᠢᠳᠪᠦᠷᠢᠯᠡᠵᠦ᠂ ᠲᠤᠷᠰᠢᠯᠲᠠ ᠶᠢᠨ | ᠠᠵᠢᠯ ᠤᠨ ᠲᠤᠮᠳᠠᠬᠢ ᠰᠠᠶᠢᠨ ᠲᠤᠷᠰᠢᠯᠭ᠎ᠠ᠂ ᠰᠠᠶᠢᠨ ᠬᠢᠳᠡᠯ ᠢ ᠴᠠᠭ ᠲᠤᠬᠠᠢ ᠳᠤᠨᠢ ᠳ᠋ᠦᠩᠨᠡᠨ ᠲᠡᠯᠭᠡᠷᠡᠬᠦᠯᠬᠦ ᠬᠡᠷᠡᠭᠲᠡᠢ | ᠃ ᠬᠠᠮᠢᠶ᠎ᠠ ᠪᠦᠬᠦᠢ ᠲᠤᠭ᠎ᠠ ᠪᠠᠷᠢᠮᠲᠠ᠂ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠮᠡᠳᠡᠬᠦᠯᠦᠨ ᠬᠦᠷᠭᠡᠬᠦ ᠪᠠ | ᠬᠤᠷᠢᠶᠠᠩᠭᠤᠶᠢᠯᠠᠨ ᠵᠠᠳᠠᠯᠵᠤ᠂ ᠳᠠᠭᠠᠳᠬᠠᠯ ᠤᠨ ᠲᠤᠭ᠎ᠠ ᠪᠠᠷᠢᠮᠲᠠ ᠳᠤ ᠲᠦᠰᠦᠭᠡᠯᠡᠨ ᠪᠤᠳᠤᠯᠲᠠ ᠬᠢᠵᠤ᠂ ᠡᠯ᠎ᠡ | ᠲᠠᠯ᠎ᠠ ᠶᠢᠨ ᠬᠢᠨ ᠤ ᠰᠠᠨᠠᠯ ᠢ ᠦᠨᠳᠦᠰᠦᠯᠡᠨ ᠳᠠᠭᠠᠳᠬᠠᠯ ᠤᠨ ᠨᠡᠷᠡᠮᠵᠢ ᠪᠤᠯᠤᠨ ᠬᠠᠮᠢᠶ᠎ᠠ ᠪᠦᠬᠦᠢ ᠲᠦᠷᠢᠮ ᠳᠤ | ᠵᠠᠰᠠᠪᠤᠷᠢ ᠤᠷᠤᠭᠤᠯᠤᠨ ᠲᠡᠬᠦᠯᠳᠡᠷᠵᠢᠬᠦᠯᠵᠦ᠂ ᠲᠤᠷᠰᠢᠯᠲᠠ ᠶᠢᠨ ᠠᠵᠢᠯ ᠢ ᠠᠯᠬᠤᠮ ᠠᠯᠬᠤᠮ ᠢᠶᠠᠷ | ᠲᠡᠬᠦᠯᠳᠡᠷᠵᠢᠬᠦᠯᠦᠨ᠂ ᠲᠤᠷᠰᠢᠯᠲᠠ ᠶᠢᠨ ᠬᠡᠪᠴᠢᠶ᠎ᠡ ᠶᠢ ᠦᠷᠭᠡᠳᠭᠡᠬᠦ ᠬᠡᠷᠡᠭᠲᠡᠢ᠃ ᠤᠯᠠᠷᠢᠯ ᠪᠦᠷᠢ ᠶᠢᠨ ᠠᠵᠢᠯ | ᠲᠠᠭᠤᠰᠤᠭᠰᠠᠨ ᠤ ᠲᠠᠷᠠᠭ᠎ᠠ 10 ᠠᠵᠢᠯᠯᠠᠬᠤ ᠡᠳᠦᠷ ᠤᠨ ᠲᠤᠳᠤᠷ᠎ᠠ᠂ ᠡᠯ᠎ᠡ ᠠᠶᠢᠮᠠᠭ ᠬᠤᠳᠠ ᠶᠢᠨ ᠢᠳᠡᠭᠡᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠤᠨ ᠤᠳᠤᠷᠢᠳᠬᠤ | ᠲᠤᠭᠤᠶᠢᠯᠠᠩ ᠨᠤᠭᠤᠳ ᠦᠪᠡᠷᠳᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠦ᠋ᠪᠰᠢᠨ ᠤ ᠬᠠᠷᠢᠭᠤᠴᠠᠯᠭ᠎ᠠ ᠶᠢᠨ | ᠲᠠᠭᠠᠳᠬᠠᠯ ᠤᠨ ᠲᠤᠷᠰᠢᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠲᠤᠷᠰᠢᠯᠲᠠ ᠶᠢᠨ | ᠠᠵᠢᠯ ᠤᠨ ᠪᠠᠶᠢᠳᠠᠯ ᠢᠶᠠᠨ ᠮᠡᠳᠡᠬᠦᠯᠦᠨ ᠬᠦᠷᠭᠡᠵᠦ᠂ ᠴᠢᠬᠤᠯᠠ ᠪᠠᠶᠢᠳᠠᠯ ᠢ ᠪᠤᠯ ᠴᠠᠭ ᠲᠤᠬᠠᠢ ᠳᠤᠨᠢ ᠮᠡᠳᠡᠬᠦᠯᠬᠦ | ᠬᠡᠷᠡᠭᠲᠡᠢ᠃ | |