ᠦᠪᠦᠷ ᠵᠠᠰᠠᠭ ᠠᠯᠪᠠᠨ ᠲᠠᠷᠬᠠᠭᠠᠭᠰᠠᠨ ﹇2014﹈ 118 ᠳ᠋ᠣᠭᠠᠷ | ᠲᠣᠭᠠᠲᠦ | 2014 ᠣᠨ ᠤ 11 ᠳ᠋ᠤᠭᠡᠷ ᠰᠠᠷ᠎ᠠ ᠶᠢᠨ | 14 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠮᠠᠨᠵᠣᠣᠷ ᠬᠤᠲᠠ᠂ ᠡᠷᠢᠶᠡᠨ | ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠵᠡᠷᠭᠡ ᠰᠠᠯᠠᠭ᠎ᠠ ᠮᠦᠴᠢᠷ ᠤᠨ | ᠲᠣᠭᠲᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠢ ᠪᠠᠲᠤᠯᠠᠬᠤ ᠤᠷᠲᠤ | ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠬᠤ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠰᠠᠨᠠᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠣᠯᠠ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | | ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠢ | ᠪᠠᠲᠤᠯᠠᠬᠤ | ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠬᠤ ᠲᠣᠬᠠᠢ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ | | | ︵ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ | ᠬᠠᠮᠠᠭᠠᠯᠠᠬᠤ ᠲᠢᠩᠬᠢᠮ ᠦᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠢᠩᠬᠢᠮ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠦᠪᠡᠷᠲᠡᠭᠡᠨ ᠵᠠᠰᠠᠬᠤ ᠣᠷᠣᠨ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠦᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠦᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ | ᠦᠪᠡᠷᠲᠡᠭᠡᠨ ᠵᠠᠰᠠᠬᠤ ᠣᠷᠣᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠦᠷ | ᠮᠤᠩᠭᠤᠯ ᠤᠨ ᠭᠠᠵᠠᠷ ᠬᠦᠳᠡᠯᠦᠯᠲᠡ ᠶᠢᠨ ᠲᠣᠪᠴᠢᠶ᠎ᠠ ᠦᠪᠣᠷ ᠮᠣᠩᠭᠤᠯ ᠤᠨ ᠴᠠᠭ ᠠᠭᠤᠷ ᠤᠨ ᠲᠣᠪᠴᠢᠶ᠎ᠠ | 2014 ᠣᠨ ᠤ 11 ᠳ᠋ᠤᠭᠡᠷ ᠰᠠᠷ᠎ᠠ︶ | | ︽ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠤᠷᠲᠤ | ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠬᠤ ᠲᠣᠬᠠᠢ ᠰᠤᠷᠭᠠᠨ ᠬᠦᠮᠦᠵᠢᠯ ᠤᠨ ᠶᠠᠮᠤᠨ ᠵᠡᠷᠭᠡ | ᠰᠠᠯᠠᠭ᠎ᠠ ᠮᠦᠴᠢᠷ ᠤᠨ ᠰᠠᠨᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ | ᠶᠠᠪᠤᠭᠤᠯᠬᠤ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2013﹈ 103 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠦᠳᠡᠯᠦᠯᠲᠡ ᠶᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾ ᠪᠣᠯᠣᠨ ᠤᠯᠤᠰ᠂ ᠦᠪᠡᠷᠲᠡᠭᠡᠨ ᠵᠠᠰᠠᠬᠤ ᠣᠷᠣᠨ ᠤ ᠤᠷᠲᠤᠪᠲᠤᠷ | ᠪᠠ ᠤᠷᠲᠤ ᠬᠤᠭᠤᠴᠠᠭᠠᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠳᠡ ᠶᠢᠨ ᠲᠦᠯᠦᠪᠵᠢᠭᠦᠯᠭᠡ ᠶᠢᠨ | ᠬᠦᠲᠦᠯᠪᠦᠷᠢ ︵2010 - 2020︶ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠭᠠᠵᠠᠷ ᠬᠦᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ | ᠪᠠᠲᠤᠯᠠᠬᠤ ᠶᠢᠨ ᠲᠤᠰᠠᠳᠠ᠂ ᠡᠳᠦᠭᠡ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ | ᠲᠥᠪᠰᠢᠨ ᠢ ᠪᠠᠲᠤᠯᠠᠬᠤ ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ︵ᠲᠣᠷᠤᠭᠰᠢ ᠰᠤᠷᠭᠠᠭᠤᠯᠢ ᠶᠢᠨ | ᠪᠠᠶᠢᠷᠢ ᠶᠢᠨ ᠠᠮᠤᠷ ᠲᠦᠪᠰᠢᠨ ᠢ ᠪᠠᠳᠤᠯᠠᠬᠤ ᠤᠷᠳᠣ ᠬᠤᠭᠤᠴᠠᠭᠠᠨ ᠤ ᠪᠦᠳᠦᠮᠵᠢᠳᠤ ᠲᠣᠭᠳᠠᠴᠠ ᠭᠡᠵᠤ | ᠲᠣᠪᠴᠢᠯᠠᠨ᠎ᠠ︶ ᠪᠠᠶᠢᠭᠤᠯᠬᠤ ᠪᠠᠷ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠠᠵᠢᠯ ᠳᠤ | ᠲᠤᠯᠭᠠᠷᠠᠵᠤ ᠪᠠᠶᠢᠭ᠎ᠠ ᠪᠠᠶᠢᠳᠠᠯ ᠬᠢᠭᠡᠳ ᠡᠭᠦᠷᠭᠡ | ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠪᠣᠯ ᠥᠷᠭᠡᠨ ᠤᠯᠠᠨ ᠪᠠᠭᠰᠢ ᠰᠤᠷᠤᠭᠴᠢ ᠶᠢᠨ ᠠᠮᠢ | ᠨᠠᠰᠤᠨ ᠤ ᠠᠮᠦᠷ ᠲᠥᠪᠰᠢᠨ ᠲᠠᠢ ᠰᠢᠭᠤᠳ ᠬᠤᠯᠪᠤᠭᠳᠠᠵᠤ ᠪᠠᠶᠢᠬᠤ ᠪᠦᠭᠡᠳ ᠨᠡᠶᠢᠭᠡᠮ ᠳᠤ ᠠᠩᠬᠠᠷᠤᠯ ᠶᠡᠬᠡᠲᠡᠢ᠂ | ᠨᠦᠯᠦᠭᠡᠯᠡᠬᠦ ᠬᠡᠪᠴᠢᠶ᠎ᠠ ᠪᠠᠷ ᠥᠷᠭᠡᠨ ᠪᠠᠶᠢᠳᠠᠭ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠬᠢᠭᠡᠳ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠠᠴᠠ ᠰᠤᠷᠭᠠᠭᠤᠯᠢ ᠶᠢᠨ | ᠪᠠᠶᠢᠷᠢ ᠶᠢᠨ ᠠᠮᠦᠷ ᠲᠥᠪᠰᠢᠨ ᠤ ᠠᠵᠢᠯ ᠢ ᠶᠡᠷᠦ ᠠᠴᠠ ᠴᠢᠬᠤᠯᠠᠴᠢᠯᠠᠭᠰᠠᠭᠠᠷ ᠢᠷᠡᠵᠤ᠂ ᠰᠢᠨ᠎ᠡ ᠡᠷᠡᠨ ᠵᠠᠭᠤᠨ ᠠᠴᠠ | ᠨᠠᠰᠢ᠂ ᠠᠯᠢ ᠣᠯᠠᠨ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠤᠷᠢᠳ | ᠬᠤᠵᠢᠳ ᠪᠠᠶᠢᠷᠢᠯᠠᠭᠤᠯᠤᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠦᠭᠡᠷᠡᠴᠢᠯᠡᠬᠦ ᠤᠷᠲᠤ | ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠪᠠ᠃ ᠢᠯᠠᠩᠭᠤᠶ᠎ᠠ 2009 ᠣᠨ ᠠᠴᠠ ᠡᠬᠢᠯᠡᠨ᠂ ᠪᠦᠬᠦ | ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠢᠨᠵᠧᠨᠧᠷᠢᠩ ᠢ ︵ᠲᠣᠷᠤᠭᠰᠢ | ᠰᠤᠷᠭᠠᠭᠤᠯᠢ ᠶᠢᠨ ᠠᠮᠥᠷ ᠲᠥᠪᠰᠢᠨ ᠤ ᠢᠨᠵᠧᠨᠧᠷᠢᠩ ᠭᠡᠵᠦ ᠲᠣᠪᠴᠢᠯᠠᠨ᠎ᠠ︶ ᠪᠠᠶᠢᠷᠢᠯᠠᠭᠤᠯᠤᠨ ᠬᠡᠷᠡᠭᠵᠢᠭᠦᠯᠵᠦ᠂ | ᠡᠯ᠎ᠡ ᠱᠠᠳᠣᠨ ᠤ ᠡᠯ᠎ᠡ ᠲᠦᠷᠦᠯ ᠤᠨ ᠬᠤᠲᠠ ᠬᠦᠳᠡᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ | ᠳᠣᠷᠬᠢᠯᠲᠠ ᠶᠢ ᠳᠠᠭᠠᠭᠠᠬᠤ ᠪᠠᠬᠢᠵᠢᠭᠦᠯᠤᠯ ᠪᠠ ᠭᠠᠮᠰᠢᠭ ᠢ ᠰᠡᠷᠭᠡᠶᠢᠯᠡᠬᠦ ᠶᠡᠷᠦᠩᠬᠡᠢ ᠴᠢᠳᠠᠪᠤᠷᠢ ᠶᠢ ᠳᠡᠭᠡᠭᠰᠢᠯᠡᠭᠦᠯᠬᠦ | ᠪᠦᠲᠦᠭᠡᠨ ᠪᠠᠶᠢᠭᠤᠯᠤᠯᠲᠠ ᠪᠠᠷ ᠭᠤᠣᠯ ᠠᠭᠤᠯᠭ᠎ᠠ ᠪᠣᠯᠭᠠᠭᠰᠠᠨ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ | ᠦᠭᠡᠷᠡᠴᠢᠯᠡᠯᠲᠡ ᠪᠣᠯᠣᠨ ᠪᠦᠲᠦᠭᠡᠨ ᠪᠠᠶᠢᠭᠤᠯᠤᠯᠲᠠ ᠶᠢ ᠦᠷᠨᠢᠭᠦᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠤᠨ ᠤ ᠰᠢᠭᠤᠳ ᠣᠳᠤᠷᠢᠳᠤᠯᠭ᠎ᠠ ᠶᠢᠨ ᠳᠣᠣᠷ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ | ᠬᠦᠴᠦᠲᠠᠢ ᠬᠠᠮᠵᠢᠯᠴᠠᠵᠤ᠂ ᠥᠷᠭᠡᠨ ᠣᠯᠠᠨ ᠰᠤᠷᠭᠠᠨ ᠬᠦᠮᠦᠵᠢᠯ ᠤᠨ ᠠᠵᠢᠯᠲᠠᠳ ᠢᠳᠡᠪᠬᠢᠲᠡᠢ ᠴᠢᠷᠮᠠᠶᠢᠨ᠂ ᠪᠦᠬᠦ | ᠣᠷᠣᠨ ᠤ ᠰᠤᠷᠭᠠᠭᠤᠯᠢ ᠶᠢᠨ ᠪᠠᠶᠢᠷᠢ ᠶᠢᠨ ᠦᠩᠭᠡ ᠲᠦᠷᠰᠦ ᠳᠤ ᠦᠨᠳᠦᠰᠦᠨ ᠬᠤᠪᠢᠷᠠᠯᠲᠠ ᠭᠠᠷᠴᠤ᠂ ᠢᠯᠠᠩᠭᠤᠶ᠎ᠠ | ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠳᠠᠯᠳᠠ ᠠᠶᠤᠯ ᠶᠡᠭᠡ | ᠬᠡᠮᠵᠢᠶ᠎ᠠ ᠪᠠᠷ ᠪᠠᠭᠠᠰᠴᠤ᠂ ᠠᠮᠥᠷ ᠲᠥᠪᠰᠢᠨ ᠤ ᠪᠠᠶᠢᠳᠠᠯ ᠤᠯᠠᠮ ᠨᠢᠭᠡ ᠠᠯᠬᠤᠮ ᠰᠠᠶᠢᠵᠢᠷᠠᠵᠤ᠂ ᠤᠷᠲᠤ | ᠬᠤᠭᠤᠴᠠᠭ᠎ᠠ ᠣᠷᠣᠭᠤᠯᠤᠯᠲᠠ ᠭᠦᠢᠴᠡᠳ ᠦᠭᠡᠢ ᠠᠴᠠ ᠪᠤᠯᠤᠭᠰᠠᠨ ᠰᠤᠷᠭᠠᠭᠤᠯᠢ ᠶᠢᠨ ᠪᠠᠶᠢᠷᠢ ᠡᠪᠳᠡᠷᠡᠵᠦ | ᠬᠠᠭᠤᠴᠢᠷᠠᠭᠰᠠᠨ᠂ ᠠᠮᠥᠷ ᠲᠥᠪᠰᠢᠨ ᠤ ᠵᠣᠪᠠᠭᠤᠷᠢ ᠲᠠᠢ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ | ᠳᠠᠷᠠᠭ᠎ᠠ ᠠᠯᠬᠤᠮ ᠳᠠᠬᠢ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ | ᠦᠭᠡᠷᠡᠴᠢᠯᠡᠯᠲᠡ ᠪᠣᠯᠣᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠪᠡ᠃ | ᠭᠡᠪᠡᠴᠦ᠂ ᠮᠠᠨ ᠤ ᠣᠷᠣᠨ ᠤ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠠᠵᠢᠯ ᠳᠤ ᠮᠦᠨ ᠬᠦ ᠮᠠᠰᠢ | ᠣᠯᠠᠨ ᠬᠦᠴᠢᠷᠳᠡᠯ ᠪᠣᠯᠣᠨ ᠠᠰᠠᠭᠤᠳᠠᠯ ᠲᠤᠯᠭᠠᠷᠠᠵᠤ ᠪᠠᠶᠢᠨ᠎ᠠ᠃ ᠮᠠᠨ ᠤ ᠣᠷᠣᠨ ᠤᠮᠠᠷᠠᠳᠤ ᠶᠢᠨ ᠬᠢᠯᠢ ᠬᠢᠵᠠᠭᠠᠷ | ᠣᠷᠣᠨ ᠢᠶᠠᠷ ᠪᠠᠶᠢᠷᠢᠯᠠᠵᠤ᠂ ᠠᠭᠤᠷ ᠠᠮᠢᠰᠬᠤᠯ ᠤᠨ ᠨᠦᠬᠦᠴᠡᠯ ᠬᠠᠷᠢᠴᠠᠩᠭᠤᠢ ᠮᠠᠭᠤ ᠪᠠᠶᠢᠵᠤ᠂ ᠪᠠᠶᠢᠭᠠᠯᠢ ᠶᠢᠨ ᠭᠠᠢ | ᠭᠠᠮᠰᠢᠭ ᠪᠠᠶᠢᠩᠭᠤ ᠡᠭᠦᠰᠳᠡᠭ ᠮᠦᠷᠳᠡᠭᠡᠨ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠨᠢ ᠤᠯᠠᠨ᠂ | ᠰᠤᠷᠭᠠᠭᠤᠯᠢ ᠶᠢᠨ ᠪᠠᠶᠢᠷᠢ ᠶᠢᠨ ᠰᠠᠭᠤᠷᠢ ᠨᠦᠬᠦᠴᠡᠯ ᠠᠨᠠᠢ ᠠᠴᠠ ᠪᠣᠯᠣᠭᠠᠳ᠂ ᠰᠤᠷᠭᠠᠭᠤᠯᠢ ᠶᠢᠨ ᠪᠠᠶᠢᠷᠢ ᠶᠢᠨ ᠠᠮᠥᠷ | ᠲᠥᠪᠰᠢᠨ ᠢ ᠪᠠᠲᠤᠯᠠᠬᠤ ᠬᠦᠴᠢᠷᠳᠡᠯ ᠢ ᠶᠡᠭᠡ ᠪᠣᠯᠭᠠᠪᠠ᠃ ᠰᠤᠷᠭᠠᠭᠤᠯᠢ ᠶᠢᠨ ᠠᠮᠥᠷ ᠲᠥᠪᠰᠢᠨ ᠤ ᠢᠨᠵᠧᠨᠧᠷᠢᠩ ᠢ | ᠬᠡᠷᠡᠭᠵᠢᠭᠦᠯᠦᠭᠰᠡᠨ ᠠᠴᠠ ᠨᠠᠰᠢ᠂ ᠮᠠᠨ ᠤ ᠣᠷᠣᠨ ᠣᠶᠣᠨ ᠴᠢᠳᠠᠯ ᠢᠶᠠᠨ ᠲᠦᠪᠯᠡᠷᠡᠭᠦᠯᠵᠦ ᠭᠤᠣᠯᠳᠠᠯᠭ᠎ᠠ ᠲᠠᠢ ᠭᠠᠵᠠᠷ | ᠣᠷᠣᠨ ᠤ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠠᠰᠠᠭᠤᠳᠠᠯ ᠢ ᠭᠤᠤᠯᠳᠠᠯᠠᠨ ᠰᠢᠢᠳᠪᠦᠷᠢᠯᠡᠭᠰᠡᠨ | ᠪᠣᠯᠪᠠᠴᠤ ᠪᠠᠰᠠ ᠴᠦᠬᠡᠨ ᠪᠣᠰᠤ ᠲᠣᠭᠠᠨ ᠤ ᠠᠮᠦᠷ ᠲᠥᠪᠰᠢᠨ ᠤ ᠳᠠᠯᠳᠠ ᠭᠡᠮ ᠣᠷᠣᠰᠢᠵᠤ ᠪᠠᠶᠢᠭ᠎ᠠ | ᠰᠤᠷᠭᠠᠭᠤᠯᠢ ᠶᠢᠨ ᠪᠠᠶᠢᠷᠢ ᠶᠢ ᠦᠷᠭᠦᠯᠵᠢᠯᠡᠨ ᠪᠠᠬᠢᠵᠢᠭᠦᠯᠵᠦ ᠦᠭᠡᠷᠡᠴᠢᠯᠡᠬᠦ ᠴᠢᠬᠤᠯᠠᠲᠠᠢ ᠪᠠᠶᠢᠭᠰᠠᠭᠠᠷ᠃ ᠨᠢᠭᠡ ᠳᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠡᠴᠡᠷᠯᠢᠭ ᠤᠨ ᠪᠠᠶᠢᠷᠢ ᠶᠢ ᠰᠤᠷᠭᠠᠭᠤᠯᠢ ᠶᠢᠨ ᠠᠮᠥᠷ | ᠲᠥᠪᠰᠢᠨ ᠤ ᠢᠨᠵᠧᠨᠧᠷᠢᠩ ᠤᠨ ᠲᠦᠯᠦᠪᠵᠢᠭᠦᠯᠭᠡ ᠳᠤ ᠣᠷᠣᠭᠤᠯᠤᠭ᠎ᠠ ᠦᠭᠡᠢ ᠠᠴᠠ ᠪᠣᠰᠢᠭᠤᠬᠠᠨ ᠪᠠᠬᠢᠵᠢᠭᠦᠯᠦᠨ | ᠦᠭᠡᠷᠡᠴᠢᠯᠡᠬᠦ ᠴᠢᠬᠤᠯᠠ ᠲᠠᠢ ᠪᠠᠶᠢᠨ᠎ᠠ︔ ᠬᠤᠶᠠᠷ ᠲᠤ 2002 ᠣᠨ ᠠᠴᠠ ᠬᠤᠶᠢᠰᠢ ᠰᠢᠨ᠎ᠡ ᠪᠠᠷ ᠪᠠᠶᠢᠭᠤᠯᠤᠭᠰᠠᠨ | ᠰᠤᠷᠭᠠᠭᠤᠯᠢ ᠶᠢᠨ ᠪᠠᠶᠢᠷᠢ ᠶᠢᠨ ᠪᠠᠬᠢᠵᠢᠭᠦᠯᠦᠨ ᠦᠭᠡᠷᠡᠴᠢᠯᠡᠬᠦ ᠡᠭᠦᠷᠭᠡ ᠶᠢ ᠰᠤᠷᠭᠠᠭᠤᠯᠢ ᠶᠢᠨ ᠠᠮᠥᠷ ᠲᠥᠪᠰᠢᠨ ᠤ | ᠢᠨᠵᠧᠨᠧᠷᠢᠩ ᠤᠨ ᠭᠤᠷᠪᠠᠨ ᠵᠢᠯ ᠤᠨ ᠦᠭᠡᠷᠡᠴᠢᠯᠡᠬᠦ ᠲᠦᠯᠦᠪᠵᠢᠭᠦᠯᠭᠡ ᠳᠤ ᠬᠠᠷᠠᠬᠠᠨ ᠣᠷᠤᠭᠤᠯᠤᠭᠠ ᠦᠭᠡᠢ᠂ | ᠣᠳᠣ ᠶᠢᠨ ᠬᠡᠷᠡᠭᠵᠢᠭᠦᠯᠵᠤ ᠪᠦᠬᠦᠢ ᠪᠠᠷᠢᠮᠵᠢᠶ᠎ᠠ ᠳᠤ ᠨᠡᠶᠢᠴᠡᠬᠦ ᠦᠭᠡᠢ ᠬᠡᠰᠡᠭ ᠰᠤᠷᠭᠠᠭᠤᠯᠢ ᠶᠢᠨ ᠪᠠᠶᠢᠷᠢ ᠶᠢ ᠮᠦᠨ ᠬᠦ | ᠬᠡᠷᠡᠭᠯᠡᠭᠰᠡᠭᠡᠷ ᠪᠠᠶᠢᠭ᠎ᠠ ᠰᠤᠷᠭᠠᠭᠤᠯᠢ ᠶᠢᠨ ᠪᠠᠶᠢᠷᠢ ᠶᠢ ᠲᠦᠯᠦᠪᠯᠡᠭᠡ ᠲᠠᠢ ᠪᠠᠬᠢᠵᠢᠭᠦᠯᠵᠦ ᠦᠭᠡᠷᠡᠴᠢᠯᠡᠬᠦ ᠴᠢᠬᠤᠯᠠᠲᠠᠢ | ᠪᠠᠶᠢᠨ᠎ᠠ︔ ᠭᠤᠷᠪᠠ ᠳᠤ ᠣᠶᠢᠷ᠎ᠠ ᠶᠢᠨ ᠵᠢᠯ ᠤᠨ ᠲᠣᠷᠰᠢ᠂ ᠮᠠᠨ ᠤ ᠣᠷᠣᠨ ᠤ ᠭᠠᠵᠠᠷ ᠬᠦᠷᠦᠰᠦ ᠪᠣᠯᠣᠨ | ᠪᠠᠶᠢᠭᠠᠯᠢ ᠶᠢᠨ ᠭᠠᠢ ᠭᠠᠮᠰᠢᠭ ᠣᠯᠠᠨ ᠡᠭᠦᠰᠴᠦ᠂ ᠲᠠᠰᠤᠷᠠᠯᠳᠠ ᠦᠭᠡᠢ ᠬᠤᠬᠢᠷᠠᠯ ᠭᠠᠷᠤᠭᠰᠠᠭᠠᠷ᠂ ᠵᠢᠯ ᠪᠦᠷᠢ ᠬᠡᠰᠡᠭ | ᠰᠤᠷᠭᠠᠭᠤᠯᠢ ᠶᠢᠨ ᠪᠠᠶᠢᠷᠢ ᠭᠠᠮᠰᠢᠭ ᠠᠴᠠ ᠪᠣᠯᠵᠤ ᠬᠤᠬᠢᠷᠠᠯ ᠳᠤ ᠤᠴᠠᠷᠠᠬᠤ ᠪᠣᠶᠣ ᠬᠡᠷᠡᠭᠯᠡᠬᠦ ᠣᠨ ᠵᠢᠯ ᠤᠨ | ᠬᠤᠭᠤᠴᠠᠭ᠎ᠠ ᠨᠢ ᠲᠤᠯᠤᠭᠰᠠᠨ ᠪᠣᠯᠬᠤᠷ᠂ ᠴᠠᠭ ᠲᠤᠬᠠᠢ ᠳᠤᠨᠢ ᠪᠠᠬᠢᠵᠢᠭᠦᠯᠵᠦ ᠦᠭᠡᠷᠡᠴᠢᠯᠡᠬᠦ ᠴᠢᠬᠤᠯᠠᠲᠠᠢ ᠪᠠᠶᠢᠨ᠎ᠠ︔ | ᠳᠥᠷᠪᠠ ᠳᠤ ᠰᠢᠨ᠎ᠡ ᠪᠠᠷ ᠪᠠᠶᠢᠭᠤᠯᠤᠭᠰᠠᠨ ᠪᠠ ᠪᠠᠬᠢᠵᠢᠭᠦᠯᠵᠦ ᠦᠭᠡᠷᠡᠴᠢᠯᠡᠭᠰᠡᠨ ᠤ ᠳᠠᠷᠠᠭᠠᠬᠢ ᠰᠤᠷᠭᠠᠭᠤᠯᠢ ᠶᠢᠨ | ᠪᠠᠶᠢᠷᠢ ᠳᠤ ᠠᠶᠤᠯ ᠦᠭᠡᠢ ᠶᠢᠨ ᠬᠠᠮᠠᠭᠠᠯᠠᠯᠲᠠ ᠪᠣᠯᠣᠨ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ | ᠠᠮᠦᠷ ᠲᠥᠪᠰᠢᠨ ᠤ ᠳᠠᠯᠳᠠ ᠭᠡᠮ ᠢ ᠴᠠᠭ ᠲᠣᠬᠠᠢ ᠳᠤᠨᠢ ᠠᠷᠢᠯᠭᠠᠬᠤ ᠴᠢᠬᠤᠯᠠᠲᠠᠢ ᠪᠠᠶᠢᠨ᠎ᠠ᠃ ᠡᠶᠢᠮᠦ ᠠᠴᠠ᠂ | ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠣᠷᠳᠤ ᠬᠤᠭᠤᠴᠠᠭᠠᠨ ᠤ ᠪᠦᠳᠦᠮᠵᠢᠳᠤ | ᠲᠣᠭᠲᠠᠴᠠ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠠ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢ ᠥᠨᠢ ᠤᠳᠠᠭᠠᠨ ᠠᠮᠦᠷ ᠲᠥᠪᠰᠢᠨ | ᠪᠠᠶᠢᠯᠭᠠᠬᠤ ᠶᠢ ᠪᠡᠶᠡᠯᠡᠭᠦᠯᠬᠦ ᠳᠤ ᠳᠦᠷᠢᠮ ᠤᠨ ᠪᠠᠲᠤᠯᠠᠭ᠎ᠠ ᠶᠢ ᠬᠠᠩᠭᠠᠬᠤ ᠨᠢ᠂ ᠬᠦᠮᠦᠨ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠᠶᠢᠵᠤ᠂ ᠰᠤᠷᠭᠠᠨ ᠬᠦᠮᠦᠵᠢᠯ ᠢ | ᠤᠷᠢᠳᠠᠪᠠᠷ ᠬᠥᠭᠵᠢᠭᠦᠯᠬᠦ ᠶᠢ ᠪᠠᠷᠢᠮᠳᠠᠯᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ | ᠰᠠᠶᠢᠳᠣᠷ ᠡᠷᠬᠢᠯᠡᠬᠦ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠᠨ ᠨᠢᠭᠡᠳᠭᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠤᠯᠤᠰ ᠪᠣᠯᠣᠨ | ᠦᠪᠡᠷᠲᠡᠭᠡᠨ ᠵᠠᠰᠠᠬᠤ ᠣᠷᠣᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠶᠤᠰᠤᠭᠠᠷ᠂ | ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠡᠯ᠎ᠡ ᠵᠦᠢᠯ ᠤᠨ ᠡᠭᠦᠷᠭᠡ ᠶᠢ ᠦᠨᠡᠨᠬᠦ | ᠪᠣᠳᠠᠳᠠᠶᠢᠵᠢᠭᠤᠯᠵᠤ᠂ ᠡᠨᠡ ᠬᠦ ᠠᠷᠠᠳ ᠲᠦᠮᠡᠨ ᠳᠤ ᠪᠣᠶᠠᠨ ᠦᠢᠯᠡᠳᠬᠦ᠂ ᠬᠤᠶᠢᠴᠢ ᠦᠶ᠎ᠡ ᠳᠡᠭᠡᠨ ᠪᠣᠶᠠᠨ ᠬᠢᠬᠦ | ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠶᠠᠷ᠂ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠣᠷᠳᠤ ᠬᠤᠭᠤᠴᠠᠭᠠᠨ ᠤ | ᠪᠦᠳᠦᠮᠵᠢᠳᠤ ᠲᠣᠭᠲᠠᠴᠠ ᠶᠢᠨ ᠬᠠᠮᠤᠷᠬᠤ ᠬᠡᠪᠴᠢᠶ᠎ᠠ ᠪᠣᠯᠣᠨ ᠶᠡᠷᠦᠩᠬᠡᠢ ᠱᠠᠭᠠᠷᠳᠠᠯᠭ᠎ᠠ | ︵ᠨᠢᠭᠡ︶ ᠬᠠᠮᠤᠷᠬᠤ ᠬᠡᠪᠴᠢᠶ᠎ᠠ᠃ ᠪᠦᠬᠦ ᠣᠷᠣᠨ ᠤ ᠬᠤᠲᠠ ᠪᠠᠯᠭᠠᠰᠤ ᠪᠣᠯᠣᠨ ᠲᠠᠷᠢᠶᠠᠯᠠᠬᠤ | ᠮᠠᠯᠵᠢᠬᠤ ᠣᠷᠣᠨ ᠤ᠂ ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠷᠬᠢᠯᠡᠭᠰᠡᠨ᠂ ᠰᠤᠷᠭᠠᠨ ᠬᠦᠮᠦᠵᠢᠯ ᠤᠨ | ᠰᠢᠰᠲ᠋ᠧᠮ ᠤᠨ ᠪᠠ ᠰᠤᠷᠭᠠᠨ ᠬᠦᠮᠦᠵᠢᠯ ᠤᠨ ᠪᠣᠰᠤ ᠰᠢᠰᠲ᠋ᠧᠮ ᠤᠨ ᠪᠦᠬᠦ᠋ᠢᠯᠡ ᠳᠤᠮᠳᠠᠳᠤ ᠪᠠᠭ᠎ᠠ ᠰᠤᠷᠭᠠᠭᠤᠯᠢ ︵ | ᠬᠡᠤᠬᠡᠳ ᠤᠨ ᠴᠡᠴᠡᠷᠯᠢᠭ ᠢ ᠪᠠᠭᠲᠠᠭᠠᠨ᠎ᠠ︶᠃ | ︵ᠬᠤᠶᠠᠷ︶ ᠶᠡᠷᠦᠩᠬᠡᠢ ᠱᠠᠭᠠᠷᠳᠠᠯᠭ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠵᠢᠴᠢ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠲᠣᠳᠤᠷᠬᠠᠶᠢᠯᠠᠨ ᠨᠠᠶᠢᠳᠠᠪᠤᠷᠢᠵᠢᠭᠤᠯᠵᠤ᠂ ᠬᠤᠲᠠ | ᠪᠠᠯᠭᠠᠰᠤᠴᠢᠯᠠᠬᠤ ᠬᠥᠭᠵᠢᠯᠲᠡ᠂ ᠬᠦᠮᠦᠨ ᠠᠮᠠ ᠶᠢᠨ ᠬᠤᠪᠢᠷᠠᠯᠲᠠ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠤᠳᠤᠯᠬᠢᠯᠠᠵᠤ᠂ ᠰᠤᠷᠭᠠᠨ ᠬᠦᠮᠦᠵᠢᠯ ᠤᠨ ᠦᠢᠯᠡᠰ ᠤᠨ ᠬᠥᠭᠵᠢᠯᠲᠡ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠰᠤᠷᠭᠠᠭᠤᠯᠢ ᠶᠢᠨ ᠬᠦᠷᠢᠶᠠᠨ ᠤ ᠪᠦᠲᠦᠭᠡᠨ ᠪᠠᠶᠢᠭᠤᠯᠤᠯᠲᠠ ᠵᠡᠷᠭᠡ ᠲᠦᠯᠦᠪᠵᠢᠭᠦᠯᠭᠡ ᠪᠣᠯᠣᠨ | ᠰᠤᠷᠭᠠᠨ ᠬᠦᠮᠦᠵᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠲᠦᠷᠦᠯ ᠤᠨ ᠲᠤᠰᠬᠠᠢ ᠵᠦᠢᠯ ᠤᠨ | ᠢᠨᠵᠧᠨᠧᠷᠢᠩ ᠲᠠᠢ ᠨᠢᠭᠲᠠ ᠤᠶᠠᠯᠳᠤᠭᠤᠯᠤᠨ᠂ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ | ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠨᠢᠭᠡᠲᠦᠯᠲᠡᠢ ᠲᠦᠯᠦᠪᠯᠡᠨ ᠪᠠᠶᠢᠭᠤᠯᠬᠤ ᠬᠡᠷᠡᠭᠲᠡᠢ᠃ | ᠪᠠᠶᠢᠭᠤᠯᠵᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠡᠯᠪᠢᠨ ᠵᠠᠰᠠᠬᠤ᠂ ᠪᠠᠬᠢᠵᠢᠭᠦᠯᠬᠦ᠂ | ᠳᠠᠬᠢᠨ ᠪᠠᠶᠢᠭᠤᠯᠬᠤ᠂ ᠦᠭᠡᠷᠡᠴᠢᠯᠡᠨ ᠦᠷᠭᠡᠳᠭᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠵᠤ᠂ ᠪᠦᠭᠦᠳᠡ | ᠰᠤᠷᠭᠠᠭᠤᠯᠢ ᠶᠢᠨ ᠪᠠᠶᠢᠷᠢ ᠶᠢ ᠴᠦᠮ ᠤᠯᠤᠰ ᠤᠨ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ | ᠭᠤᠣᠯᠳᠠᠯᠭ᠎ᠠ ᠲᠠᠢ ᠰᠡᠷᠭᠡᠶᠢᠯᠡᠯᠳᠡ ᠪᠠᠶᠢᠷᠢᠯᠠᠭᠤᠯᠬᠤ ᠲᠦᠷᠦᠯ ᠤᠨ ᠲᠣᠷᠭᠢᠯᠳᠡ ᠶᠢ ᠳᠠᠭᠠᠭᠠᠬᠤ ᠰᠡᠷᠭᠡᠶᠢᠯᠡᠯᠳᠡ | ᠪᠠᠶᠢᠷᠢᠯᠠᠭᠤᠯᠬᠤ ᠪᠠᠷᠢᠮᠵᠢᠶ᠎ᠡ ᠪᠣᠯᠣᠨ ᠤᠯᠤᠰ ᠤᠨ ᠭᠠᠮᠰᠢᠭ ᠢ ᠰᠡᠷᠭᠡᠶᠢᠯᠡᠬᠦ ᠶᠡᠷᠦᠩᠬᠡᠢ ᠱᠠᠭᠠᠷᠳᠠᠯᠭ᠎ᠠ ᠳᠤ ᠠᠯᠬᠤᠮ | ᠠᠯᠬᠤᠮ ᠢᠶᠠᠷ ᠬᠦᠷᠦᠭᠦᠯᠬᠦ ᠶᠢᠨ ᠬᠠᠮᠲᠤ ᠰᠤᠷᠭᠠᠭᠤᠯᠢ ᠶᠢᠨ ᠪᠠᠶᠢᠷᠢ ᠶᠢᠨ ᠡᠳᠦᠷ ᠲᠣᠳᠤᠮ ᠤᠨ ᠬᠠᠮᠢᠶᠠᠷᠤᠯᠳᠠ ᠪᠣᠯᠣᠨ | ᠲᠣᠭᠳᠠᠮᠠᠯ ᠬᠤᠭᠤᠴᠠᠭ᠎ᠠ ᠲᠠᠢ ᠰᠡᠯᠪᠢᠨ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠲᠦᠯᠦᠪᠵᠢᠭᠦᠯᠭᠡ ᠪᠠᠶᠢᠷᠢᠰᠢᠯᠠᠭᠤᠯᠤᠯᠲᠠ᠂ ᠠᠶᠤᠯ ᠢ ᠪᠠᠶᠢᠴᠠᠭᠠᠵᠤ ᠭᠠᠷᠭᠠᠬᠤ᠂ | ᠪᠠᠷᠢᠯᠭ᠎ᠠ ᠶᠢᠨ ᠪᠦᠲᠦᠭᠡᠨ ᠪᠠᠶᠢᠭᠤᠯᠣᠯᠳᠠ᠂ ᠬᠡᠷᠡᠭᠯᠡᠭᠡᠨ ᠤ ᠬᠠᠮᠠᠭᠠᠯᠠᠯᠲᠠ᠂ ᠮᠡᠳᠡᠭᠡ ᠵᠠᠩᠭᠢ ᠵᠠᠷᠯᠠᠬᠤ᠂ | ᠬᠠᠷᠢᠭᠤᠴᠠᠯᠭ᠎ᠠ ᠨᠡᠭᠡᠮᠵᠢᠯᠡᠬᠦ ᠵᠡᠷᠭᠡ ᠡᠯ᠎ᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠪᠠᠶᠢᠳᠠᠯ ᠳᠤ | ᠨᠡᠶᠢᠴᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠳᠦᠷᠢᠮ ᠤᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠭᠤᠷᠪᠠ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠪᠠᠲᠤᠯᠠᠬᠤ ᠣᠷᠳᠤ ᠬᠤᠭᠤᠴᠠᠭᠠᠨ ᠤ | ᠪᠦᠳᠦᠮᠵᠢᠳᠤ ᠲᠣᠭᠲᠠᠴᠠ ᠶᠢᠨ ᠭᠤᠣᠯ ᠠᠭᠤᠯᠭ᠎ᠠ | ︵ᠨᠢᠭᠡ︶ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠣᠨ ᠤ ᠪᠠᠶᠢᠴᠠᠭᠠᠯᠲᠠ ᠶᠢᠨ | ᠳᠦᠷᠢᠮ ᠢ ᠪᠠᠶᠢᠭᠤᠯᠬᠤ ᠬᠡᠷᠡᠭᠲᠡᠢ᠃ ᠰᠤᠷᠭᠠᠭᠤᠯᠢ ᠪᠣᠯ ᠰᠤᠷᠭᠠᠭᠤᠯᠢ ᠶᠢᠨ ᠪᠠᠶᠢᠷᠢ ᠶᠢ ᠡᠳᠦᠷ ᠲᠣᠳᠣᠮ ᠬᠡᠷᠡᠭᠯᠡᠬᠦ᠂ | ᠬᠠᠮᠠᠭᠠᠯᠠᠬᠤ ᠪᠠ ᠬᠠᠮᠢᠶᠠᠷᠬᠤ ᠶᠢᠨ ᠬᠠᠷᠢᠭᠤᠴᠠᠯᠭᠠᠲᠤ ᠨᠢᠭᠡᠴᠡ᠂ ᠠᠮᠥᠷ ᠲᠥᠪᠰᠢᠨ ᠤ ᠳᠠᠯᠳᠠ ᠭᠡᠮ ᠢ ᠡᠳᠦᠷ | ᠲᠤᠳᠤᠮ ᠪᠠᠶᠢᠴᠠᠭᠠᠵᠤ ᠭᠠᠷᠭᠠᠬᠤ ᠪᠣᠯ ᠰᠤᠷᠭᠠᠭᠤᠯᠢ ᠶᠢᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠣᠨ᠎ᠠ᠃ | ᠰᠤᠷᠭᠠᠭᠤᠯᠢ ᠨᠢ ᠪᠠᠶᠢᠴᠠᠭᠠᠬᠤ ᠳᠤᠮᠳᠠ ᠢᠯᠡᠷᠡᠭᠰᠡᠨ ᠠᠰᠠᠭᠤᠳᠠᠯ ᠢ ᠲᠤᠬᠠᠢ ᠶᠢᠨ ᠭᠠᠵᠠᠷ ᠤᠨ ᠢᠶᠠᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠠᠷᠢᠭᠤᠴᠠᠯᠭ᠎ᠠ ᠪᠣᠯᠣᠨ ᠡᠭᠦᠷᠭᠡ ᠲᠠᠢ᠃ ᠰᠤᠷᠭᠠᠨ ᠬᠦᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠤᠲᠠ ᠬᠦᠳᠡᠭᠡ ᠶᠢᠨ | ᠡᠯ᠎ᠡ ᠱᠠᠲᠤᠨ ᠤ ᠡᠯ᠎ᠡ ᠲᠦᠷᠦᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠳᠣ ᠪᠠᠶᠢᠭ᠎ᠠ ᠰᠤᠷᠭᠠᠭᠤᠯᠢ ᠶᠢᠨ | ᠪᠠᠶᠢᠷᠢ ᠳᠤ ᠬᠠᠭᠠᠰ ᠵᠢᠯ ᠪᠣᠯᠬᠤ ᠪᠦᠷᠢ ᠨᠢᠭᠡ ᠤᠳᠠᠭᠠᠨ ᠤ ᠠᠮᠦᠷ ᠲᠥᠪᠰᠢᠨ ᠤ ᠳᠠᠯᠳᠠ ᠭᠡᠮ ᠢ ᠪᠠᠶᠢᠴᠠᠭᠠᠵᠤ | ᠭᠠᠷᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠪᠠᠶᠢᠴᠠᠭᠠᠨ ᠭᠠᠷᠭᠠᠭᠰᠠᠨ ᠤ ᠳᠠᠷᠠᠭ᠎ᠠ ᠬᠢᠨᠠᠨ ᠲᠣᠭᠲᠠᠭᠠᠬᠤ | ᠴᠢᠬᠤᠯᠠᠲᠠᠢ ᠪᠣᠯ᠂ ᠲᠣᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠲᠣᠬᠠᠢ ᠶᠢᠨ ᠭᠠᠵᠠᠷ ᠤᠨ ᠢᠶᠠᠨ ᠵᠠᠰᠠᠭ ᠤᠨ ᠣᠷᠳᠤᠨ ᠪᠣᠶᠣ ᠲᠤᠰᠬᠠᠢ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ᠂ | ᠬᠢᠷᠢ ᠭᠡᠮ ᠲᠠᠢ ᠲᠤᠰᠬᠠᠢ ᠪᠠᠶᠢᠭᠤᠯᠤᠮᠵᠢ ᠳᠤ ᠨᠠᠶᠢᠳᠠᠵᠤ ᠬᠠᠮᠢᠶ᠎ᠠ ᠪᠦᠬᠦᠢ ᠬᠢᠨᠠᠨ ᠲᠣᠭᠲᠠᠭᠠᠯ ᠢ ᠴᠠᠭ ᠲᠣᠬᠠᠢ ᠳᠤᠨᠢ | ᠬᠢᠯᠭᠡᠬᠦ ᠬᠡᠷᠡᠭᠲᠡᠢ᠃ ᠭᠤᠣᠯᠳᠠᠯᠭ᠎ᠠ ᠲᠠᠢ ᠰᠡᠷᠭᠡᠶᠢᠯᠡᠯᠲᠡ ᠪᠠᠶᠢᠷᠢᠯᠠᠭᠤᠯᠬᠤ ᠲᠦᠷᠦᠯ ᠤᠨ ᠲᠣᠷᠭᠢᠯᠳᠡ ᠶᠢ ᠳᠠᠭᠠᠭᠠᠬᠤ | ᠰᠡᠷᠭᠡᠶᠢᠯᠡᠯᠲᠡ ᠪᠠᠶᠢᠷᠢᠯᠠᠭᠤᠯᠬᠤ ᠪᠠᠷᠢᠮᠵᠢᠶ᠎ᠠ ᠳᠤ ᠬᠦᠷᠦᠭᠰᠡᠨ ᠦᠭᠡᠢ ᠪᠣᠶᠣ ᠲᠦᠯᠦᠪᠯᠡᠨ ᠬᠡᠷᠡᠭᠯᠡᠬᠦ ᠬᠤᠭᠤᠴᠠᠭ᠎ᠠ ᠨᠢ | ᠲᠤᠯᠤᠭᠰᠠᠨ ᠪᠣᠯᠪᠠᠴᠤ ᠦᠷᠭᠦᠯᠵᠢᠯᠡᠨ ᠬᠡᠷᠡᠭᠯᠡᠬᠦ ᠴᠢᠬᠤᠯᠠᠲᠠᠢ ᠰᠤᠷᠭᠠᠭᠤᠯᠢ ᠶᠢᠨ ᠪᠠᠶᠢᠷᠢ ᠶᠢ᠂ ᠳᠡᠭᠡᠷ᠎ᠡ ᠶᠠᠷᠢᠭᠰᠠᠨ | ᠳᠡᠰ ᠳᠠᠷᠠᠭ᠎ᠠ ᠪᠠᠷ ᠵᠢᠯ ᠪᠦᠷᠢ ᠨᠢᠭᠡ ᠤᠳᠠᠭᠠᠨ ᠤ ᠬᠢᠨᠠᠨ ᠲᠣᠭᠲᠠᠭᠠᠯ ᠬᠢᠨ᠎ᠡ︔ ᠭᠤᠣᠯᠳᠠᠯᠭ᠎ᠠ ᠲᠠᠢ ᠰᠡᠷᠭᠡᠶᠢᠯᠡᠯᠲᠡ | ᠪᠠᠶᠢᠷᠢᠯᠠᠭᠤᠯᠬᠤ ᠲᠦᠷᠦᠯ ᠤᠨ ᠲᠣᠷᠭᠢᠯᠳᠡ ᠶᠢ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠪᠠᠷᠢᠮᠵᠢᠶ᠎ᠠ ᠳᠤ | ᠬᠦᠷᠦᠭᠰᠡᠨ ᠢ 5 ᠵᠢᠯ ᠪᠦᠷᠢ ᠨᠢᠭᠡ ᠤᠳᠠᠭᠠᠨ ᠤ ᠬᠢᠨᠠᠨ ᠲᠣᠭᠲᠠᠭᠠᠯ ᠬᠢᠨ᠎ᠡ᠃ ᠰᠤᠷᠭᠠᠭᠤᠯᠢ ᠶᠢᠨ ᠪᠠᠶᠢᠷᠢ ᠶᠢᠨ | ᠪᠠᠶᠢᠴᠠᠭᠠᠵᠤ ᠭᠠᠷᠭᠠᠭᠰᠠᠨ ᠦᠷ᠎ᠡ ᠳ᠋ᠦᠩ ᠢ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠳᠤ ᠴᠠᠭ ᠲᠤᠬᠠᠢ ᠳᠤᠨᠢ ᠲᠡᠮᠲᠡᠭᠯᠡᠨ ᠣᠷᠣᠭᠤᠯᠵᠤ ᠬᠢᠨᠠᠨ ᠪᠠᠶᠢᠴᠠᠭᠠᠬᠤ ᠳᠤ | ᠪᠡᠯᠡᠳᠭᠡᠬᠦ ᠬᠡᠷᠡᠭᠲᠡᠢ᠃ | ︵ᠬᠤᠶᠠᠷ︶ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠲᠣᠬᠠᠢ ᠶᠢᠨ ᠭᠠᠵᠠᠷ ᠤᠨ ᠢᠶᠠᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠪᠦᠬᠦ ᠲᠠᠯ᠎ᠠ ᠶᠢᠨ ᠲᠦᠯᠦᠪᠵᠢᠭᠦᠯᠭᠡ ᠳᠤ ᠣᠷᠣᠭᠤᠯᠵᠤ᠂ ᠲᠣᠰ ᠵᠠᠰᠠᠭ ᠵᠠᠬᠢᠷᠭᠠᠨ ᠤ | ᠣᠷᠣᠨ ᠤ ᠲᠤᠳᠤᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠭᠠᠮᠰᠢᠭ ᠠᠶᠤᠯ ᠲᠥᠭᠰᠢᠭᠦᠷᠢ ᠶᠢ | ᠶᠡᠷᠦᠩᠬᠡᠶᠢᠯᠡᠨ ᠵᠢᠱᠢᠵᠦ᠂ ᠰᠤᠷᠭᠠᠭᠤᠯᠢ ᠶᠢ ᠵᠢᠯᠤᠭᠤᠳᠴᠤ ᠪᠠᠶᠢᠭᠠᠳ ᠵᠣᠬᠢᠬᠤ ᠪᠠᠴᠢᠮ ᠪᠠᠶᠢᠳᠠᠯ ᠢ ᠠᠷᠭᠠᠴᠠᠬᠤ | ᠲᠦᠰᠦᠯ ᠢ ᠨᠠᠶᠢᠷᠠᠭᠤᠯᠬᠤ ᠶᠢᠨ ᠬᠠᠮᠲᠤ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠪᠠᠴᠢᠮ ᠪᠠᠶᠢᠳᠠᠯ ᠢ | ᠠᠷᠭᠠᠴᠠᠬᠤ ᠰᠤᠷᠢᠯᠲᠠ ᠶᠢ ᠦᠷᠨᠢᠭᠦᠯᠬᠦ ᠬᠡᠷᠡᠭᠲᠡᠢ᠃ ᠣᠷᠣᠨ ᠨᠣᠲᠤᠭ ᠤᠨ ᠡᠯ᠎ᠡ ᠱᠠᠲᠤᠨ ᠤ ᠰᠤᠷᠭᠠᠨ ᠬᠦᠮᠦᠵᠢᠯ᠂ | ᠲᠣᠳᠤᠭᠠᠲᠤ ᠶᠢ ᠬᠠᠮᠠᠭᠠᠯᠠᠬᠤ᠂ ᠣᠯᠣᠰ ᠤᠨ ᠭᠠᠵᠠᠷ ᠰᠢᠷᠤᠢ ᠡᠬᠢ ᠪᠠᠶᠠᠯᠢᠭ᠂ ᠤᠰᠤᠨ ᠠᠰᠢᠭᠯᠠᠯᠲᠠ᠂ ᠭᠠᠵᠠᠷ | ᠬᠦᠳᠡᠯᠦᠯᠲᠡ᠂ ᠴᠠᠭ ᠠᠭᠤᠷ ᠵᠡᠷᠭᠡ ᠰᠠᠯᠠᠭ᠎ᠠ ᠮᠦᠴᠢᠷ ᠤᠳ ᠬᠠᠮᠲᠤᠷᠠᠨ ᠬᠦᠲᠦᠯᠦᠯᠴᠡᠬᠦ ᠲᠣᠭᠲᠠᠴᠠ ᠶᠢ ᠪᠠᠶᠢᠭᠤᠯᠵᠤ | ᠂ ᠰᠤᠷᠭᠠᠭᠤᠯᠢ ᠳᠤ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠳᠡᠨ᠂ ᠪᠠᠭᠰᠢ | ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠵᠠᠶᠢᠯᠠᠬᠤ ᠪᠠ ᠰᠢᠯᠵᠢᠭᠦᠯᠦᠨ ᠲᠥᠪᠬᠢᠨᠡᠭᠦᠯᠬᠦ ᠶᠢ | ᠲᠣᠬᠢᠲᠠᠢ ᠰᠠᠶᠢᠲᠤᠷ ᠬᠢᠬᠦ ᠬᠡᠷᠡᠭᠲᠡᠢ᠃ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠲᠤᠰ ᠭᠠᠵᠠᠷ ᠣᠷᠣᠨ ᠤ ᠪᠠᠨ | ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠬᠦᠳᠡᠯᠦᠩᠭᠦᠢ | ᠪᠠᠶᠢᠳᠠᠯ ᠵᠡᠷᠭᠡ ᠪᠠᠶᠢᠳᠠᠯ ᠢ ᠴᠠᠭ ᠲᠣᠬᠠᠢ ᠳᠤᠨᠢ ᠣᠶᠢᠯᠠᠭᠠᠵᠤ᠂ ᠦᠶᠡᠷ ᠰᠡᠷᠭᠡᠶᠢᠯᠡᠬᠦ ᠪᠠᠶᠢᠳᠠᠯ ᠢ ᠵᠠᠳᠠᠯᠤᠨ᠂ | ᠠᠵᠢᠯ ᠤᠨ ᠪᠠᠶᠢᠷᠢᠯᠠᠭᠤᠯᠤᠯᠲᠠ ᠶᠢᠨ ᠰᠠᠨᠠᠯ ᠢ ᠳᠤᠷᠠᠳᠬᠤ ᠬᠡᠷᠡᠭᠲᠡᠢ᠃ ᠳᠤᠲᠤᠭᠠᠲᠤ ᠶᠢ ᠬᠠᠮᠠᠭᠠᠯᠠᠬᠤ ᠭᠠᠯ | ᠣᠨᠲᠠᠷᠠᠭᠠᠬᠤ ᠰᠠᠯᠠᠭ᠎ᠠ ᠮᠦᠴᠢᠷ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠡᠬᠢᠨ ᠳᠤ ᠰᠤᠷᠭᠠᠭᠤᠯᠢ ᠳᠤ ᠭᠠᠯ | ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠵᠦ᠂ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ | ᠣᠷᠣᠰᠢᠵᠤ ᠪᠠᠶᠢᠪᠠᠯ ᠵᠠᠰᠠᠭ ᠤᠨ ᠣᠷᠳᠤᠨ ᠳᠤ ᠳᠣᠷᠠᠳᠤᠨ ᠲᠡᠪᠰᠢᠭᠦᠯᠵᠦ ᠢᠯᠡ ᠪᠠᠷ ᠰᠢᠮᠳᠠᠭᠤᠯᠤᠨ ᠬᠢᠯᠭᠡᠬᠦ ᠶᠢᠨ | ᠬᠠᠮᠲᠤ ᠰᠤᠷᠭᠠᠨ ᠬᠦᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠳᠡᠬᠦ ᠬᠡᠷᠡᠭᠲᠡᠢ︔ | ᠰᠤᠷᠭᠠᠭᠤᠯᠢ ᠶᠢ ᠰᠢᠮᠳᠠᠭᠤᠯᠵᠤ ᠪᠠᠶᠢᠭᠠᠳ ᠭᠠᠯ ᠤᠨ ᠠᠶᠤᠯ ᠤᠨ ᠳᠠᠯᠳᠠ ᠭᠡᠮ ᠢ ᠴᠠᠭ ᠲᠣᠬᠠᠢ ᠳᠤᠨᠢ ᠴᠡᠭᠴᠡᠯᠡᠨ | ᠦᠭᠡᠷᠡᠴᠢᠯᠡᠭᠦᠯᠵᠦ᠂ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠭᠠᠯ ᠤᠨᠲᠠᠷᠠᠭᠠᠬᠤ ᠠᠮᠥᠷ ᠲᠥᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠤᠬᠠᠭᠤᠯᠭ᠎ᠠ ᠬᠦᠮᠦᠵᠢᠯ ᠪᠣᠯᠣᠨ ᠭᠠᠯ | ᠤᠨᠲᠠᠷᠠᠭᠠᠬᠤ ᠠᠮᠥᠷ ᠲᠥᠪᠰᠢᠨ ᠤ ᠪᠤᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠵᠦ᠂ ᠭᠠᠯ | ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠬᠤ ᠰᠣᠷᠢᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠰᠤᠷᠭᠠᠭᠤᠯᠢ ᠶᠢᠨ ᠡᠷᠬᠢᠨ ᠲᠣᠭᠤᠷᠢᠨ ᠤ | ᠠᠭᠤᠯᠠᠨ ᠴᠢᠯᠠᠭᠤ ᠨᠤᠷᠠᠵᠤ ᠶᠡᠬᠦᠷᠡᠬᠦ᠂ ᠪᠡᠯ ᠶᠡᠬᠦᠷᠡᠬᠦ᠂ ᠰᠢᠪᠠᠷ ᠴᠢᠯᠠᠭᠤᠨ ᠤ ᠣᠷᠤᠰᠬᠠᠯ᠂ ᠭᠠᠵᠠᠷ ᠤᠨ ᠭᠠᠳᠠᠷᠭᠤ | ᠨᠤᠷᠠᠬᠤ ᠵᠡᠷᠭᠡ ᠭᠠᠵᠠᠷ ᠬᠦᠷᠦᠰᠦᠨ ᠤ ᠦᠢᠯᠡᠳᠦᠯ ᠯᠦᠭᠡ ᠬᠤᠯᠪᠤᠭᠳᠠᠬᠤ ᠭᠠᠵᠠᠷ ᠬᠦᠷᠦᠰᠦᠨ ᠤ ᠭᠠᠢ ᠭᠠᠮᠰᠢᠭ ᠤᠨ | ᠳᠠᠯᠳᠠ ᠭᠡᠮ ᠤᠨ ᠴᠢᠬ ᠢᠶᠠᠷ ᠭᠤᠣᠯᠳᠠᠯᠭ᠎ᠠ ᠲᠠᠢ ᠪᠠᠶᠢᠴᠠᠭᠠᠯᠲᠠ ᠪᠣᠯᠭᠠᠵᠤ᠂ ᠠᠶᠤᠯ ᠲᠥᠭᠰᠢᠭᠦᠷᠢᠲᠦ ᠪᠠᠶᠢᠳᠠᠯ ᠢ | ᠮᠡᠳᠡᠭᠰᠡᠭᠡᠷ ᠰᠡᠷᠭᠡᠶᠢᠯᠡᠬᠦ ᠠᠷᠭ᠎ᠠ ᠬᠡᠮᠵᠢᠶ᠎ᠠ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠭᠠᠵᠠᠷ ᠬᠦᠳᠡᠯᠦᠯᠲᠡ ᠶᠢᠨ | ᠰᠠᠯᠠᠭ᠎ᠠ ᠮᠦᠴᠢᠷ ᠭᠠᠵᠠᠷ ᠬᠦᠳᠡᠯᠦᠯᠲᠡ ᠶᠢᠨ ᠭᠤᠣᠯᠳᠠᠯᠭ᠎ᠠ ᠲᠠᠢ ᠠᠵᠢᠭᠯᠠᠵᠤ ᠰᠡᠷᠭᠡᠶᠢᠯᠡᠬᠦ ᠣᠷᠣᠨ ᠤ | ᠬᠦᠳᠡᠯᠦᠯᠲᠡ ᠶᠢᠨ ᠪᠠᠶᠢᠳᠠᠯ ᠢ ᠮᠦᠷᠳᠡᠭᠰᠡᠨ ᠪᠠᠶᠢᠳᠠᠯ ᠢᠶᠠᠨ ᠦᠨᠳᠦᠰᠦᠯᠡᠵᠦ᠂ ᠭᠠᠵᠠᠷ ᠬᠦᠳᠡᠯᠦᠯᠲᠡ ᠶᠢᠨ ᠭᠠᠮᠰᠢᠭ ᠢ | ᠰᠡᠷᠭᠡᠶᠢᠯᠡᠬᠦ ᠠᠵᠢᠯ ᠤᠨ ᠰᠠᠨᠠᠯ ᠢ ᠳᠤᠷᠠᠳᠬᠠᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠦᠴᠢᠷ ᠬᠦᠨᠳᠦ ᠬᠡᠴᠡᠭᠦᠦ | ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰ ᠣᠷᠣᠨ | ᠪᠦᠰᠡ ᠶᠢᠨ ᠢᠶᠠᠨ ᠭᠠᠮᠰᠢᠭ ᠢ ᠰᠡᠷᠡᠮᠵᠢᠯᠡᠭᠦᠯᠬᠦ ᠳᠣᠬᠢᠶ᠎ᠠ ᠶᠢ ᠴᠠᠭ ᠲᠣᠬᠠᠢ ᠳᠤᠨᠢ ᠨᠡᠶᠢᠲᠡᠯᠡᠬᠦ ᠬᠡᠷᠡᠭᠲᠡᠢ᠃ ᠬᠦᠨᠳᠦ | ᠬᠡᠴᠡᠭᠦᠦ ᠠᠮᠦᠷ ᠲᠥᠪᠰᠢᠨ ᠤ ᠳᠠᠯᠳᠠ ᠭᠡᠮ ᠲᠠᠢ᠂ ᠠᠮᠥᠷ ᠲᠥᠪᠰᠢᠨ ᠳᠤ ᠨᠦᠯᠦᠭᠡ ᠪᠣᠯᠬᠤ ᠰᠤᠷᠭᠠᠭᠤᠯᠢ ᠶᠢᠨ | ᠪᠠᠶᠢᠷᠢ ᠳᠤ ᠪᠣᠯ᠂ ᠠᠮᠦᠷ ᠲᠥᠪᠰᠢᠨ ᠤ ᠰᠡᠷᠡᠮᠵᠢ ᠶᠢ ᠴᠠᠭ ᠲᠣᠬᠠᠢ ᠳᠤᠨᠢ ᠨᠡᠶᠢᠲᠡᠯᠡᠬᠦ ᠬᠡᠷᠡᠭᠲᠡᠢ᠃ | ︵ᠭᠤᠷᠪᠠ︶ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠮᠡᠳᠡᠭᠡ ᠵᠠᠩᠭᠢ ᠶᠢ ᠮᠡᠳᠡᠭᠳᠡᠵᠦ | ᠵᠠᠷᠯᠠᠬᠤ ᠳᠦᠷᠢᠮ ᠢ ᠪᠠᠶᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠤᠯᠤᠰ ᠤᠨ | ᠭᠠᠵᠠᠷ ᠰᠢᠷᠤᠢ ᠡᠬᠢ ᠪᠠᠶᠠᠯᠢᠭ᠂ ᠲᠣᠳᠤᠭᠠᠲᠤ ᠶᠢ ᠬᠠᠮᠠᠭᠠᠯᠠᠬᠤ ᠵᠡᠷᠭᠡ ᠰᠠᠯᠭ᠎ᠠ ᠮᠦᠴᠢᠷ ᠲᠠᠢ ᠬᠠᠮᠲᠤᠷᠠᠨ ᠪᠦᠬᠦ | ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠦᠷᠢᠳᠭᠡᠨ | ᠵᠠᠳᠠᠯᠵᠤ᠂ ᠡᠯ᠎ᠡ ᠠᠶᠢᠮᠠᠭ ᠬᠤᠲᠠ ᠳᠤ ᠠᠮᠥᠷ ᠲᠥᠪᠰᠢᠨ ᠤ ᠳᠠᠯᠳᠠ ᠭᠡᠮ ᠪᠠᠶᠢᠬᠤ ᠪᠣᠯᠣᠮᠵᠢ ᠲᠠᠢ ᠰᠤᠷᠭᠠᠭᠤᠯᠢ ᠶᠢᠨ | ᠪᠠᠶᠢᠷᠢ ᠶᠢᠨ ᠮᠡᠳᠡᠭᠡ ᠵᠠᠩᠭᠢ ᠶᠢ ᠮᠡᠳᠡᠭᠳᠡᠬᠦ ᠶᠢᠨ ᠬᠠᠮᠲᠤ ᠵᠢᠯ ᠪᠦᠷᠢ ᠪᠦᠬᠦ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢᠨ ᠮᠡᠳᠡᠭᠡ ᠵᠠᠩᠭᠢ ᠶᠢᠨ ᠵᠠᠷᠯᠠᠯ ᠢ ᠲᠣᠭᠲᠠᠮᠠᠯ ᠬᠤᠭᠤᠴᠠᠭ᠎ᠠ ᠲᠠᠢ | ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠣᠬᠢᠬᠤ | ᠮᠡᠳᠡᠭᠡ ᠵᠠᠩᠭᠢ ᠶᠢ ᠮᠡᠳᠡᠭᠳᠡᠬᠦ ᠪᠠ ᠵᠠᠷᠯᠠᠬᠤ ᠳᠦᠷᠢᠮ ᠢ ᠪᠠᠶᠢᠭᠤᠯᠬᠤ ᠬᠡᠷᠡᠭᠲᠡᠢ᠃ | ︵ᠳᠥᠷᠪᠡ︶ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠳᠠᠯᠳᠠ ᠭᠡᠮ ᠢ ᠠᠷᠢᠯᠭᠠᠬᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠲᠣᠭᠲᠠᠭᠠᠬᠤ ᠪᠠᠷ ᠳᠠᠮᠵᠢᠨ ᠠᠮᠦᠷ ᠲᠥᠪᠰᠢᠨ ᠤ ᠳᠠᠯᠳᠠ ᠭᠡᠮ | ᠣᠷᠣᠰᠢᠵᠤ᠂ ᠠᠮᠦᠷ ᠲᠥᠪᠰᠢᠨ ᠬᠡᠷᠡᠭᠯᠡᠬᠦ ᠳᠤ ᠨᠦᠯᠦᠭᠡ ᠪᠣᠯᠬᠤ ᠰᠤᠷᠭᠠᠭᠤᠯᠢ ᠶᠢᠨ ᠪᠠᠶᠢᠷᠢ ᠶᠢᠨ ᠳᠠᠯᠳᠠ ᠭᠡᠮ ᠢ | ᠴᠠᠭ ᠲᠣᠬᠠᠢ ᠳᠤᠨᠢ ᠠᠷᠢᠯᠭᠠᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠵᠠᠰᠠᠭ | ᠵᠠᠬᠢᠷᠭᠠᠨ ᠤ ᠣᠷᠣᠨ ᠤ ᠳᠣᠲᠤᠷᠠᠬᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠲᠤᠯᠭᠠᠷᠠᠵᠤ ᠪᠠᠶᠢᠭ᠎ᠠ ᠪᠠᠶᠢᠭᠠᠯᠢ ᠶᠢᠨ ᠭᠠᠢ ᠭᠠᠮᠰᠢᠭ ᠤᠨ ᠠᠶᠤᠯ ᠲᠥᠭᠰᠢᠭᠦᠷᠢ ᠶᠢᠨ ᠬᠡᠮᠵᠢᠶ᠎ᠠ ᠵᠢᠴᠢ | ᠰᠤᠷᠭᠠᠭᠤᠯᠢ ᠶᠢᠨ ᠪᠠᠶᠢᠷᠢ ᠶᠢᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠦᠨᠳᠦ | ᠬᠦᠩᠭᠡᠨ ᠠᠯᠭᠤᠷ ᠪᠠᠴᠢᠮ ᠢ ᠢᠯᠭᠠᠭᠰᠠᠨ ᠲᠣᠬᠢᠷᠠᠮᠵᠢᠲᠠᠢ ᠣᠨ ᠤ ᠬᠡᠷᠡᠭᠵᠢᠭᠦᠯᠬᠦ ᠲᠦᠯᠦᠪᠯᠡᠭᠡ ᠶᠢ ᠲᠣᠭᠲᠠᠭᠠᠬᠤ | ᠬᠡᠷᠡᠭᠲᠡᠢ︔ ᠡᠯ᠎ᠡ ᠠᠶᠢᠮᠠᠭ ᠬᠤᠲᠠ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠦᠯᠦᠪᠯᠡᠭᠡ ᠶᠢᠨ ᠶᠤᠰᠤᠭᠠᠷ᠂ | ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠷᠡᠭᠵᠢᠭᠦᠯᠬᠦ ᠠᠵᠢᠯ ᠳᠤ ᠵᠢᠯᠤᠭᠤᠳᠤᠯᠭ᠎ᠠ ᠪᠣᠯᠣᠨ | ᠦᠢᠯᠡᠴᠢᠯᠡᠭᠡ ᠶᠢ ᠬᠠᠩᠭᠠᠬᠤ ᠬᠡᠷᠡᠭᠲᠡᠢ︔ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠦᠪᠡᠷ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠲᠦᠷᠦᠯ ᠠᠯᠬᠤᠮ ᠬᠤᠪᠢᠶᠠᠨ ᠪᠣᠳᠠᠳᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠡᠷᠡᠭᠲᠡᠢ᠃ ᠨᠦᠬᠦᠴᠡᠯ ᠲᠠᠢ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠬᠤ | ᠠᠶᠤᠯ ᠠᠴᠠ ᠵᠠᠶᠢᠯᠠᠬᠤ ᠲᠠᠯᠠᠪᠤᠷ ᠪᠠᠶᠢᠭᠤᠯᠬᠤ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ | ︵ᠲᠠᠪᠤ︶ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠲᠦᠷᠦᠯ ᠵᠦᠢᠯ ᠤᠨ | ᠬᠠᠮᠢᠶᠠᠷᠤᠯᠲᠠ ᠶᠢᠨ ᠳᠦᠷᠢᠮ ᠢ ᠴᠢᠩᠳᠠᠯᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢ ᠰᠡᠯᠪᠢᠨ | ᠵᠠᠰᠠᠬᠤ᠂ ᠪᠠᠬᠢᠵᠢᠭᠦᠯᠬᠦ᠂ ᠳᠠᠬᠢᠨ ᠪᠠᠶᠢᠭᠤᠯᠬᠤ᠂ ᠦᠭᠡᠷᠡᠴᠢᠯᠡᠵᠦ ᠦᠷᠭᠡᠳᠭᠡᠨ ᠪᠠᠶᠢᠭᠤᠯᠬᠤ ᠲᠦᠷᠦᠯ ᠵᠦᠢᠯ ᠳᠤ᠂ | ᠲᠦᠷᠦᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠳᠦᠷᠢᠮ᠂ ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢᠨ | ᠬᠠᠮᠢᠶᠠᠷᠤᠯᠲᠠ ᠶᠢᠨ ᠳᠦᠷᠢᠮ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠦᠷᠦᠯ ᠵᠦᠢᠯ ᠤᠨ ᠬᠠᠶᠢᠨ | ᠪᠠᠶᠢᠴᠠᠭᠠᠬᠤ᠂ ᠵᠢᠷᠤᠭᠯᠠᠨ ᠲᠦᠯᠦᠪᠯᠡᠬᠦ᠂ ᠪᠠᠷᠢᠯᠭ᠎ᠠ ᠪᠠᠷᠢᠬᠤ ᠪᠠ ᠢᠨᠵᠧᠨᠧᠷᠢᠩ ᠢ ᠬᠢᠨᠠᠨ ᠬᠠᠮᠢᠶᠠᠷᠬᠤ ᠨᠢᠭᠡᠴᠡ | ᠡᠷᠬᠡᠪᠰᠢ ᠵᠣᠬᠢᠬᠤ ᠬᠢᠷᠢ ᠭᠡᠮ ᠲᠠᠢ ᠪᠠᠶᠢᠵᠤ᠂ ᠤᠯᠤᠰ ᠤᠨ ᠶᠠᠰᠤ ᠴᠢᠨᠠᠷ ᠠᠮᠥᠷ ᠲᠥᠪᠰᠢᠨ ᠤ ᠬᠤᠯᠪᠤᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠢᠨᠵᠧᠨᠧᠷᠢᠩ ᠢ ᠪᠦᠲᠦᠭᠡᠨ ᠪᠠᠶᠢᠭᠤᠯᠬᠤ ᠠᠯᠪᠠᠳᠠᠯᠭ᠎ᠠ ᠶᠢᠨ ᠴᠢᠨᠠᠷᠲᠠᠢ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ | ᠪᠦᠲᠦᠭᠡᠨ ᠪᠠᠶᠢᠭᠤᠯᠬᠤ ᠨᠢᠭᠡᠴᠡ ᠠᠴᠠ ᠬᠠᠶᠢᠨ ᠪᠠᠶᠢᠴᠠᠭᠠᠬᠤ᠂ ᠵᠢᠷᠤᠭᠯᠠᠨ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ ᠵᠡᠷᠭᠡ ᠨᠢᠭᠡᠴᠡ ᠵᠢᠴᠢ ᠲᠦᠷᠦᠯ ᠵᠦᠢᠯ ᠤᠨ ᠰᠤᠷᠭᠠᠭᠤᠯᠢ ᠶᠢ ᠲᠣᠭᠲᠠᠭᠠᠯ ᠶᠤᠰᠤᠭᠠᠷ ᠵᠣᠬᠢᠶᠠᠨ | ᠪᠠᠶᠢᠭᠤᠯᠵᠤ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠪᠠ ᠳᠠᠩᠰᠠᠯᠠᠭᠤᠯᠬᠤ ᠶᠢᠨ ᠬᠠᠮᠲᠤ ᠪᠦᠬᠦ ᠣᠷᠣᠨ ᠤ | ᠰᠤᠷᠭᠠᠭᠤᠯᠢ ᠶᠢᠨ ᠠᠮᠥᠷ ᠲᠥᠪᠰᠢᠨ ᠤ ᠢᠨᠵᠧᠨᠧᠷᠢᠩ ᠢ ᠯᠠᠪᠯᠠᠵᠤ ᠬᠡᠷᠡᠮ ᠳᠡᠭᠡᠷ᠎ᠡ ᠦᠪᠡᠷᠲᠡᠭᠡᠨ ᠵᠠᠰᠠᠬᠤ ᠣᠷᠣᠨ ᠤ | ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠡᠭᠦᠷᠢᠳᠡ ᠶᠢᠨ ᠴᠢᠨᠠᠷᠲᠠᠢ ᠫᠠᠶᠢᠰᠠ ᠭᠠᠷᠭᠠᠵᠤ ᠨᠡᠶᠢᠲᠡᠯᠡᠬᠦ | ᠬᠡᠷᠡᠭᠲᠡᠢ᠃ ᠦᠶᠡᠷᠯᠡᠭᠰᠡᠨ ᠣᠷᠣᠨ᠂ ᠦᠶᠡᠷ ᠬᠤᠷᠠᠭᠤᠯᠵᠤ ᠦᠶᠡᠷ ᠲᠣᠭᠲᠠᠭᠠᠬᠤ ᠣᠷᠣᠨ᠂ ᠠᠭᠤᠯᠠᠷᠬᠠᠭ ᠣᠷᠣᠨ᠂ | ᠦᠨᠳᠦᠷᠯᠢᠭ ᠵᠡᠷᠭᠡ ᠭᠠᠵᠠᠷ ᠬᠦᠷᠦᠰᠦᠨ ᠤ ᠭᠠᠮᠰᠢᠭ ᠠᠮᠠᠷᠬᠠᠨ ᠡᠭᠦᠰᠳᠡᠭ ᠣᠷᠣᠨ ᠳᠤ ᠪᠠᠶᠢᠷᠢᠯᠠᠵᠤ ᠪᠠᠶᠢᠭ᠎ᠠ | ᠰᠤᠷᠭᠠᠭᠤᠯᠢ ᠶᠢᠨ ᠠᠶᠤᠯ ᠢ ᠰᠡᠷᠭᠡᠶᠢᠯᠡᠵᠦ ᠦᠪᠡᠷ ᠢ ᠪᠠᠨ ᠬᠠᠮᠠᠭᠠᠯᠠᠬᠤ ᠪᠡᠯᠡᠳᠭᠡᠮᠵᠢ ᠨᠢ ᠤᠰᠤᠨ ᠠᠰᠢᠭᠯᠠᠯᠲᠠ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠰᠢᠯᠭᠠᠨ | ᠬᠤᠷᠢᠶᠠᠬᠤ ᠳᠤ ᠬᠢᠷᠢ ᠲᠡᠩᠴᠡᠪᠡᠯ ᠰᠠᠶ᠋ᠢ ᠲᠤᠰᠢᠶᠠᠨ ᠥᠭᠴᠦ ᠬᠡᠷᠡᠭᠯᠡᠭᠦᠯᠬᠦ ᠬᠡᠷᠡᠭᠲᠡᠢ᠃ | ︵ᠵᠢᠷᠭᠤᠭ᠎ᠠ︶ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢᠨ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠪᠦᠷᠢᠨᠰᠢᠭᠦᠯᠬᠦ ᠬᠡᠷᠡᠭᠲᠡᠢ᠃ ᠰᠤᠷᠭᠠᠭᠤᠯᠢ ᠶᠢᠨ ᠪᠠᠶᠢᠷᠢ ᠨᠤᠷᠠᠭᠰᠠᠨ ᠪᠣᠶᠣ ᠪᠤᠰᠤᠳ ᠰᠡᠷᠭᠡᠶᠢᠯᠡᠯ ᠬᠦᠴᠦᠨ | ᠦᠭᠡᠢ ᠠᠴᠠ ᠪᠣᠯᠵᠤ ᠠᠮᠥᠷ ᠲᠥᠪᠰᠢᠨ ᠤ ᠠᠳᠡᠯ ᠭᠠᠷᠴᠤ ᠪᠠᠭᠰᠢ ᠰᠤᠷᠤᠭᠴᠢᠳ ᠠᠳᠡᠵᠦ ᠰᠢᠷᠠᠭᠲᠠᠭᠰᠠᠨ ᠭᠠᠵᠠᠷ | ᠣᠷᠣᠨ ᠳᠤ᠂ ᠲᠣᠬᠠᠢ ᠶᠢᠨ ᠭᠠᠵᠠᠷ ᠤᠨ ᠵᠠᠰᠠᠭ ᠤᠨ ᠣᠷᠳᠤᠨ ᠤ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠬᠠᠤᠯᠢ ᠶᠣᠰᠤᠭᠠᠷ ᠨᠡᠬᠡᠮᠵᠢᠯᠡᠬᠦ ᠬᠡᠷᠡᠭᠲᠡᠢ᠃ ᠰᠤᠷᠭᠠᠭᠤᠯᠢ ᠶᠢᠨ ᠪᠠᠶᠢᠷᠢ ᠶᠢᠨ ᠰᠤᠩᠭᠤᠭᠰᠠᠨ ᠭᠠᠵᠠᠷ ᠨᠢ ᠲᠣᠬᠢᠷᠠᠮᠵᠢ | ᠦᠭᠡᠢ ᠪᠣᠶᠣ ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠠᠴᠠ ᠪᠣᠯᠵᠤ ᠨᠤᠷᠠᠭᠰᠠᠨ ᠪᠣᠯ᠂ ᠦᠨᠡᠯᠡᠨ ᠵᠢᠱᠢᠵᠦ | ᠬᠢᠨᠠᠨ ᠲᠣᠭᠲᠠᠭᠠᠬᠤ᠂ ᠪᠠᠶᠢᠴᠠᠭᠠᠵᠤ ᠲᠦᠯᠦᠪᠯᠡᠬᠦ᠂ ᠪᠠᠷᠢᠯᠭ᠎ᠠ ᠬᠢᠨᠠᠬᠤ ᠵᠡᠷᠭᠡ ᠨᠢᠭᠡᠴᠡ ᠶᠢᠨ ᠬᠠᠷᠢᠭᠤᠴᠠᠯᠭᠠᠲᠠᠨ | ᠬᠠᠤᠯᠢ ᠶᠣᠰᠤᠭᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠣᠷᠳᠤ ᠬᠤᠭᠤᠴᠠᠭᠠᠨ ᠤ ᠪᠦᠳᠦᠮᠵᠢᠳᠤ | ᠲᠣᠭᠲᠠᠴᠠ ᠶᠢᠨ ᠲᠤᠰᠬᠠᠢ ᠲᠦᠷᠦᠯ ᠤᠨ ᠮᠦᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠰᠠᠭᠤᠳᠭᠠᠬᠤ᠂ | ᠦᠯᠡᠳᠡᠭᠡᠵᠦ ᠠᠪᠬᠤ᠂ ᠮᠡᠬᠡᠯᠡᠨ ᠠᠪᠬᠤ᠂ ᠲᠣᠭᠲᠠᠭᠠᠯ ᠠᠴᠠ ᠵᠦᠷᠢᠴᠡᠵᠦ ᠳᠤᠷ᠎ᠠ ᠪᠠᠷ ᠰᠦᠢᠳᠭᠡᠯ ᠬᠤᠷᠢᠶᠠᠬᠤ ᠪᠣᠶᠣ | ᠠᠯᠪᠠᠨ ᠲᠤᠰᠢᠶᠠᠯ ᠳᠤ ᠠᠯᠮᠠᠶᠢᠷᠠᠨ ᠣᠰᠣᠯᠳᠣᠭᠰᠠᠨ ᠠᠴᠠ ᠪᠤᠯᠵᠤ ᠰᠤᠷᠭᠠᠭᠤᠯᠢ ᠶᠢᠨ ᠪᠠᠶᠢᠷᠢ ᠶᠢᠨ ᠠᠮᠥᠷ | ᠲᠥᠪᠰᠢᠨ ᠢ ᠨᠦᠯᠦᠭᠡᠯᠡᠭᠰᠡᠨ ᠪᠣᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ | ᠨᠡᠬᠡᠮᠵᠢᠯᠡᠬᠦ ᠬᠡᠷᠡᠭᠲᠡᠢ᠃ | ᠳᠥᠷᠪᠠ᠂ ᠠᠵᠢᠯ ᠤᠨ ᠱᠠᠭᠠᠷᠳᠠᠯᠭ᠎ᠠ ᠪᠣᠯᠣᠨ ᠪᠠᠲᠤᠯᠠᠭ᠎ᠠ ᠶᠢᠨ ᠠᠷᠭ᠎ᠠ ᠬᠡᠮᠵᠢᠶ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ | ᠲᠥᠪᠰᠢᠨ ᠢ ᠪᠠᠲᠤᠯᠠᠬᠤ ᠬᠠᠷᠢᠭᠤᠴᠠᠯᠭᠠᠲᠤ ᠭᠤᠣᠯ ᠴᠤᠭᠴᠠ ᠪᠠᠶᠢᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ | ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠴᠠ | ᠪᠤᠳᠠᠳᠠᠢ ᠬᠠᠷᠢᠭᠤᠴᠠᠬᠤ ᠪᠣᠯᠣᠨ᠎ᠠ᠃ ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠬᠤ ᠠᠵᠢᠯ ᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠨᠢᠭᠡᠲᠦᠯᠲᠡᠢ ᠲᠦᠯᠦᠪᠯᠡᠨ ᠵᠣᠬᠢᠶᠠᠨ | ᠪᠠᠶᠢᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ᠵᠣᠬᠢᠴᠠᠭᠤᠯᠤᠨ | ᠵᠢᠯᠤᠭᠤᠳᠴᠤ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ | ᠦᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠴᠦ ᠵᠣᠬᠢᠬᠤ ᠪᠠᠶᠢᠭᠤᠯᠤᠮᠵᠢ ᠶᠢ ᠪᠠᠶᠢᠭᠤᠯᠤᠨ᠂ ᠲᠣᠬᠠᠢ ᠶᠢᠨ ᠭᠠᠵᠠᠷ ᠤᠨ ᠢᠶᠠᠨ ᠰᠤᠷᠭᠠᠭᠤᠯᠢ ᠶᠢᠨ ᠪᠠᠶᠢᠷᠢ ᠶᠢᠨ | ᠠᠮᠥᠷ ᠲᠥᠪᠰᠢᠨ ᠢ ᠪᠠᠲᠤᠯᠠᠬᠤ ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢᠨ ᠬᠡᠷᠡᠭᠵᠢᠭᠦᠯᠬᠦ ᠠᠵᠢᠯ ᠢ | ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ᠃ ᠰᠤᠷᠭᠠᠨ ᠬᠦᠮᠦᠵᠢᠯ᠂ ᠬᠥᠭᠵᠢᠭᠦᠯᠦᠯᠲᠡ ᠦᠭᠡᠷᠡᠴᠢᠯᠡᠯᠲᠡ᠂ | ᠲᠣᠳᠤᠭᠠᠲᠤ ᠶᠢ ᠬᠠᠮᠠᠭᠠᠯᠠᠬᠤ᠂ ᠬᠢᠨᠠᠨ ᠪᠠᠶᠢᠴᠠᠭᠠᠬᠤ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ | ᠪᠠᠶᠠᠯᠢᠭ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠬᠢᠨᠠᠨ | ᠪᠤᠳᠤᠬᠤ᠂ ᠠᠮᠥᠷ ᠲᠥᠪᠰᠢᠨ ᠤ ᠬᠢᠨᠠᠯᠲᠠ ᠬᠠᠮᠢᠶᠠᠷᠤᠯᠲᠠ᠂ ᠭᠠᠵᠠᠷ ᠬᠦᠳᠡᠯᠦᠯᠲᠡ᠂ ᠴᠠᠭ ᠠᠭᠤᠷ ᠵᠡᠷᠭᠡ ᠰᠠᠯᠠᠭ᠎ᠠ | ᠮᠦᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠵᠣᠬᠢᠴᠠᠭᠤᠯᠬᠤ ᠪᠠᠨ ᠴᠢᠩᠭᠠᠳᠬᠠᠨ᠂ | ᠨᠢᠭᠲᠠ ᠬᠠᠮᠵᠢᠯᠴᠠᠬᠤ ᠬᠡᠷᠡᠭᠲᠡᠢ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠰᠤᠷᠭᠠᠭᠤᠯᠢ ᠶᠢᠨ ᠪᠠᠶᠢᠷᠢ ᠶᠢᠨ | ᠠᠮᠥᠷ ᠲᠥᠪᠰᠢᠨ ᠤ ᠠᠵᠢᠯ ᠢ ᠦᠨᠡᠨᠬᠦ ᠰᠤᠷᠭᠠᠨ ᠬᠦᠮᠦᠵᠢᠯ ᠤᠨ ᠠᠵᠢᠯ ᠤᠨ ᠭᠤᠣᠯᠳᠠᠯᠭ᠎ᠠ ᠶᠢᠨ ᠲᠣᠳᠤᠷᠠᠬᠢ | ᠭᠤᠣᠯᠳᠠᠯᠭ᠎ᠠ ᠪᠣᠯᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠬᠠᠮᠢᠶᠠᠷᠬᠤ ᠪᠠ ᠰᠢᠮᠳᠠᠭᠤᠯᠤᠨ | ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠣᠯᠣᠰ ᠤᠨ ᠭᠠᠵᠠᠷ | ᠰᠢᠷᠤᠢ ᠡᠬᠢ ᠪᠠᠶᠠᠯᠢᠭ᠂ ᠤᠰᠤᠨ ᠠᠰᠢᠭᠯᠠᠯᠲᠠ᠂ ᠭᠠᠵᠠᠷ ᠬᠦᠳᠡᠯᠦᠯᠲᠡ᠂ ᠴᠠᠭ ᠠᠭᠤᠷ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠨ ᠲᠦᠯᠦᠪᠵᠢᠭᠦᠯᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ︔ ᠬᠥᠭᠵᠢᠭᠦᠯᠦᠯᠲᠡ | ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠳ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ | ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢᠨ ᠬᠡᠷᠡᠭᠵᠢᠭᠦᠯᠦᠯᠲᠡ ᠶᠢ ᠤᠯᠤᠰ ᠠᠷᠠᠳ ᠤᠨ ᠠᠵᠤ ᠠᠬᠤᠢ | ᠪᠣᠯᠣᠨ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠳᠤ ᠣᠷᠣᠭᠤᠯᠵᠤ᠂ ᠲᠦᠷᠦᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠬᠦ | ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ | ᠢᠳᠡᠪᠬᠢᠲᠡᠢ ᠪᠠᠷ ᠴᠢᠷᠮᠠᠶᠢᠨ ᠣᠯᠵᠣ᠂ ᠰᠤᠷᠭᠠᠭᠠᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠣᠷᠳᠤ | ᠬᠤᠭᠤᠴᠠᠭᠠᠨ ᠤ ᠪᠦᠳᠦᠮᠵᠢᠳᠤ ᠲᠣᠭᠲᠠᠴᠠ ᠶᠢᠨ ᠪᠡᠯᠡ ᠮᠦᠩᠭᠦ ᠶᠢ ᠨᠠᠶᠢᠳᠠᠪᠤᠷᠢᠵᠢᠭᠤᠯᠤᠨ᠂ ᠪᠡᠯᠡ ᠮᠦᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠳ ᠪᠠᠷᠢᠮᠵᠢᠶ᠎ᠠ ᠲᠣᠭᠲᠠᠭᠠᠬᠤ᠂ | ᠢᠨᠵᠧᠨᠧᠷᠢᠩ ᠢ ᠳᠠᠬᠢᠨ ᠪᠠᠶᠢᠴᠠᠭᠠᠵᠤ ᠵᠢᠷᠤᠭᠯᠠᠨ ᠲᠦᠯᠦᠪᠯᠡᠬᠦ᠂ ᠰᠤᠷᠭᠠᠭᠤᠯᠢ ᠶᠢᠨ ᠪᠠᠶᠢᠷᠢ ᠶᠢ ᠬᠢᠨᠠᠨ ᠲᠣᠭᠲᠠᠭᠠᠬᠤ | ᠂ ᠦᠭᠡᠷᠡᠴᠢᠯᠡᠨ ᠵᠠᠰᠬᠠᠤ ᠲᠦᠰᠦᠯ ᠢ ᠲᠣᠭᠲᠠᠭᠠᠬᠤ ᠪᠠ ᠢᠨᠵᠧᠨᠧᠷᠢᠩ ᠤᠨ ᠶᠠᠰᠤ ᠴᠢᠨᠠᠷ ᠵᠡᠷᠭᠡ ᠲᠠᠯ᠎ᠠ ᠶᠢᠨ | ᠵᠢᠯᠤᠭᠤᠳᠤᠯᠭ᠎ᠠ ᠪᠣᠯᠣᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭᠠᠲᠤ ᠭᠤᠣᠯ | ᠴᠣᠭᠴᠠ ᠶᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ︔ ᠳᠣᠲᠤᠭᠠᠲᠤ ᠶᠢ | ᠬᠠᠮᠠᠭᠠᠯᠠᠬᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠰᠤᠨ ᠠᠰᠢᠭᠯᠠᠯᠲᠠ᠂ ᠭᠠᠵᠠᠷ ᠬᠦᠳᠡᠯᠦᠯᠲᠡ᠂ ᠴᠠᠭ | ᠠᠭᠤᠷ ᠵᠡᠷᠭᠡ ᠰᠠᠯᠠᠭ᠎ᠠ ᠮᠦᠴᠢᠷ ᠤᠳ ᠲᠤᠰᠬᠠᠢ ᠵᠢᠯᠤᠭᠤᠳᠬᠤ᠂ ᠬᠢᠨᠠᠯᠲᠠ ᠲᠠᠯᠪᠢᠬᠤ ᠦᠢᠯᠡᠳᠦᠯ ᠢᠶᠠᠨ | ᠪᠠᠳᠠᠷᠠᠭᠤᠯᠵᠤ᠂ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠳᠤ ᠵᠣᠬᠢᠬᠤ ᠮᠡᠷᠭᠡᠵᠢᠯ ᠤᠨ | ᠳᠡᠮᠵᠢᠯᠭᠡ ᠶᠢ ᠬᠠᠩᠭᠠᠬᠤ ᠬᠡᠷᠡᠭᠲᠡᠢ︔ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠠᠮᠥᠷ ᠲᠥᠪᠰᠢᠨ ᠤ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ | ᠂ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠢ ᠪᠠᠲᠤᠯᠠᠬᠤ ᠠᠵᠢᠯ ᠳᠤ ᠬᠠᠤᠯᠢ ᠶᠣᠰᠤᠭᠠᠷ ᠬᠢᠨᠠᠯᠲᠠ ᠲᠠᠯᠪᠢᠬᠤ | ᠬᠡᠷᠡᠭᠲᠡᠢ᠃ | ︵ᠬᠤᠶᠠᠷ︶ ᠪᠡᠯᠡ ᠮᠦᠩᠭᠦ ᠶᠢᠨ ᠣᠷᠤᠭᠤᠯᠤᠯᠲᠠ ᠶᠢ ᠵᠣᠬᠢᠰᠲᠠᠢ ᠬᠤᠪᠢᠳᠠᠨ ᠡᠭᠦᠷᠭᠡᠯᠡᠬᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ | ᠠᠮᠦᠷ ᠲᠥᠪᠰᠢᠨ ᠢ ᠪᠠᠲᠤᠯᠠᠬᠤ ᠪᠡᠯᠡ ᠮᠦᠩᠭᠦ ᠶᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ | ᠰᠤᠷᠭᠠᠭᠤᠯᠢ ᠶᠢᠨ ᠪᠠᠶᠢᠷᠢ ᠶᠢ ᠪᠦᠲᠦᠭᠡᠨ ᠪᠠᠶᠢᠭᠤᠯᠬᠤ ᠡᠯ᠎ᠡ ᠲᠦᠷᠦᠯ ᠤᠨ ᠲᠦᠷᠦᠯ ᠵᠦᠢᠯ ᠢ ᠨᠢᠭᠡᠲᠦᠯᠲᠡᠢ | ᠲᠦᠯᠦᠪᠯᠡᠨ᠂ ᠰᠤᠷᠭᠠᠭᠤᠯᠢ ᠶᠢᠨ ᠪᠠᠶᠢᠷᠢ ᠶᠢ ᠤᠷᠢᠳᠠᠪᠠᠷ ᠠᠶᠤᠯ ᠦᠭᠡᠢ ᠪᠠᠶᠢᠯᠭᠠᠵᠤ ᠳᠠᠷᠠᠭ᠎ᠠ ᠨᠢ | ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠣᠨᠴᠤᠭᠤᠢ ᠬᠦᠴᠢᠷᠳᠡᠯ ᠲᠠᠢ | ᠵᠠᠯᠭᠠᠯᠳᠤᠭᠰᠠᠨ ᠭᠠᠵᠠᠷ ᠣᠷᠣᠨ ᠪᠠ ᠤᠯᠤᠰ ᠬᠢᠭᠡᠳ ᠦᠪᠡᠷᠲᠡᠭᠡᠨ ᠵᠠᠰᠬᠠᠤ ᠣᠷᠣᠨ ᠤ ᠶᠠᠳᠠᠭᠤ ᠬᠦᠴᠢᠷᠳᠡᠯᠲᠡᠢ | ᠬᠤᠰᠢᠭᠤ ᠰᠢᠶᠠᠨ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ | ᠠᠮᠦᠷ ᠲᠥᠪᠰᠢᠨ ᠢ ᠪᠠᠲᠤᠯᠠᠬᠤ ᠪᠡᠯᠡ ᠮᠦᠩᠭᠦ ᠶᠢ ᠲᠥᠪ ᠪᠣᠯᠣᠨ ᠦᠪᠡᠷᠲᠡᠭᠡᠨ ᠵᠠᠰᠬᠠᠤ ᠣᠷᠣᠨ ᠤ ᠡᠯ᠎ᠡ ᠱᠠᠲᠤᠨ ᠤ | ᠵᠠᠰᠠᠭ ᠤᠨ ᠣᠷᠳᠤᠨ ᠠᠴᠠ ᠬᠠᠮᠲᠤᠪᠠᠷ ᠡᠭᠦᠷᠭᠡᠯᠡᠵᠦ᠂ ᠪᠤᠰᠤᠳ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ | ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠢ ᠪᠠᠲᠤᠯᠠᠬᠤ ᠪᠡᠯᠡ ᠮᠦᠩᠭᠦ ᠶᠢ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠠᠴᠠ ᠲᠣᠬᠢᠷᠠᠭᠤᠯᠤᠨ᠎ᠠ᠃ ᠠᠷᠠᠳ ᠠᠴᠠ ᠡᠷᠬᠢᠯᠡᠭᠰᠡᠨ᠂ ᠭᠠᠳᠠᠭᠠᠲᠤ ᠪᠡᠯᠡ᠂ | ᠠᠵᠤ ︵ᠠᠵᠢᠯ ᠦᠢᠯᠡᠰ︶ ᠠᠬᠤᠶᠢᠯᠠᠯ ᠤᠨ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠬᠡᠷᠡᠭᠴᠡᠭᠡ ᠪᠦᠬᠦᠢ | ᠪᠡᠯᠡ ᠮᠦᠩᠭᠦ ᠶᠢ ᠪᠡᠯᠡ ᠣᠷᠣᠭᠤᠯᠤᠭᠰᠠᠨ ᠡᠲᠡᠭᠡᠳ ᠪᠣᠯᠣᠨ ᠲᠤᠰ ᠨᠢᠭᠡᠴᠡ ᠠᠴᠠ ᠬᠠᠷᠢᠭᠤᠴᠠᠵᠤ᠂ ᠲᠣᠬᠠᠢ ᠶᠢᠨ | ᠭᠠᠵᠠᠷ ᠤᠨ ᠵᠠᠰᠠᠭ ᠤᠨ ᠣᠷᠳᠤᠨ ᠠᠴᠠ ᠳᠡᠮᠵᠢᠵᠦ᠂ ᠵᠢᠯᠤᠭᠤᠳᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ ᠣᠷᠳᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠬᠤ ᠪᠡᠯᠡ ᠮᠦᠩᠭᠦ ᠳᠤ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ | ᠲᠥᠪᠰᠢᠨ ᠤ ᠢᠨᠵᠧᠨᠧᠷᠢᠩ ᠤᠨ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠦᠩᠭᠦ ᠶᠢᠨ ᠬᠠᠮᠢᠶᠠᠷᠤᠯᠲᠠ ᠶᠢᠨ | ᠠᠷᠭ᠎ᠠ︾ ︵ᠦᠪᠦᠷ ᠡᠳ᠋ ᠬᠦᠮᠦᠵᠢᠯ ﹇2009﹈ 1055 ᠳ᠋ᠤᠭᠠᠷ ᠲᠣᠭᠠᠲᠤ︶ ᠶᠢᠨ ᠲᠣᠭᠲᠠᠭᠠᠯ ᠢ | ᠦᠷᠭᠦᠯᠵᠢᠯᠡᠨ ᠬᠡᠷᠡᠭᠵᠢᠭᠦᠯᠵᠦ᠂ ᠳᠠᠩᠰᠠ ᠬᠤᠪᠢᠶᠠᠨ ᠲᠣᠭᠠᠴᠠᠭ᠎ᠠ ᠬᠢᠬᠦ᠂ ᠲᠤᠰᠬᠠᠢ ᠵᠣᠭᠤᠰ ᠢ ᠲᠤᠰᠬᠠᠢ | ᠬᠡᠷᠡᠭᠯᠡᠬᠦ ᠶᠢ ᠬᠡᠷᠡᠭᠵᠢᠭᠦᠯᠦᠨ᠂ ᠪᠡᠯᠡ ᠮᠦᠩᠭᠦ ᠶᠢᠨ ᠵᠠᠷᠣᠴᠠᠯᠭᠠ ᠳᠤ ᠡᠳ᠋ ᠤᠨ ᠵᠠᠰᠠᠭ ᠤᠨ ᠤᠯᠤᠰ ᠤᠨ | ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ | ᠬᠡᠷᠡᠭᠲᠡᠢ᠃ | ︵ᠭᠤᠷᠪᠠ︶ ᠲᠡᠳᠭᠦᠨ ᠵᠣᠷᠢᠬᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ | ᠃ ᠰᠤᠷᠭᠠᠭᠤᠯᠢ ᠶᠢᠨ ᠪᠠᠶᠢᠷᠢ ᠶᠢ ᠪᠦᠲᠦᠭᠡᠨ ᠪᠠᠶᠢᠭᠤᠯᠬᠤ ᠲᠦᠷᠦᠯ ᠵᠦᠢᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ | ᠠᠵᠢᠯ ᠦᠢᠯᠡᠰ ᠤᠨ ᠴᠢᠨᠠᠷᠲᠠᠢ ᠵᠠᠷᠤᠳᠠᠯ ᠪᠣᠯᠣᠨ ᠵᠠᠰᠠᠭ ᠤᠨ ᠣᠷᠳᠤᠨ ᠤ ᠴᠢᠨᠠᠷᠲᠠᠢ ᠰᠠᠭᠤᠷᠢ ᠮᠦᠩᠭᠦ᠂ | ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠢ ᠵᠠᠷᠤᠳᠠᠯ ᠬᠤᠷᠢᠶᠠᠬᠤ ᠵᠡᠷᠭᠡ ᠳᠤ᠂ ︽ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠢᠨᠵᠧᠨᠧᠷᠢᠩ ᠤᠨ ᠬᠤᠯᠪᠣᠭᠳᠠᠯ ᠪᠦᠬᠦᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ᠴᠠᠬᠢᠯᠭᠠᠨ ﹇2009﹈ 4 | ᠳ᠋ᠤᠭᠡᠷ ᠲᠣᠭᠠᠲᠤ︶ ᠤᠨ ᠶᠤᠰᠤᠭᠠᠷ ᠬᠡᠷᠡᠭᠵᠢᠭᠦᠯᠬᠦ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠷᠦᠩᠭᠡ | ᠪᠤᠳᠠᠰ ᠬᠠᠨᠳᠢᠪᠯᠠᠬᠤ ᠪᠠᠷ ᠳᠤᠮᠳᠠᠳᠤ ᠪᠠᠭ᠎ᠠ ᠰᠤᠷᠭᠠᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠬᠦ ᠶᠢ ᠵᠣᠷᠢᠬᠵᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠦᠯᠬᠦᠮ | ᠪᠣᠶᠣ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠲᠡᠭᠦᠨ ᠤ ᠰᠠᠯᠠᠭ᠎ᠠ | ᠮᠦᠴᠢᠷ ᠢᠶᠠᠷ ᠳᠠᠮᠵᠢᠵᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠳᠠᠬᠢ | ᠬᠠᠨᠳᠢᠪᠯᠠᠵᠤ ᠪᠡᠯᠡᠭᠯᠡᠬᠦ ᠵᠠᠷᠤᠯᠭ᠎ᠠ ᠶᠢ ᠬᠠᠮᠢᠶ᠎ᠠ ᠪᠦᠬᠦᠢ ᠭᠠᠶᠢᠯᠢ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠤᠰᠤᠭᠠᠷ ᠭᠠᠶᠢᠯᠢ ᠲᠤᠰᠢᠶᠠᠬᠤ ᠠᠴᠠ ᠡᠮᠦᠨ᠎ᠡ ᠬᠠᠰᠤᠬᠤ ᠬᠡᠷᠡᠭᠲᠡᠢ᠃ ᠡᠭᠦᠨ ᠤ ᠬᠠᠮᠲᠤ ᠰᠣᠨᠢᠨ | ᠮᠡᠳᠡᠭᠡᠯᠡᠯ ᠤᠨ ᠵᠠᠭᠤᠴᠢ ᠶᠢᠨ ᠤᠬᠠᠭᠤᠯᠬᠤ ᠡᠷᠴᠢᠮ ᠢ ᠨᠡᠮᠡᠭᠳᠡᠭᠦᠯᠵᠦ᠂ ᠬᠦᠷᠦᠩᠭᠡ ᠪᠤᠳᠠᠰ ᠬᠠᠨᠳᠢᠪᠯᠠᠭᠰᠠᠨ ᠬᠤᠪᠢ | ᠬᠦᠮᠦᠨ ᠪᠣᠯᠣᠨ ᠠᠵᠤ ᠠᠬᠤᠶᠢᠯᠠᠯ ᠳᠤ ᠵᠣᠬᠢᠬᠤ ᠱᠠᠩᠨᠠᠯ ᠣᠯᠭᠤᠵᠣ᠂ ᠨᠡᠶᠢᠭᠡᠮ ᠤᠨ ᠵᠥᠪ ᠡᠨᠧᠷᠬᠢ ᠶᠢ ᠤᠯᠠᠮᠵᠢᠯᠠᠬᠤ | ᠬᠡᠷᠡᠭᠲᠡᠢ᠃ | ︵ᠳᠥᠷᠪᠠ︶ ᠬᠠᠮᠢᠶᠠᠷᠤᠯᠲᠠ ᠶᠢᠨ ᠮᠡᠳᠡᠭᠡ ᠵᠠᠩᠬᠢᠵᠢᠯ ᠤᠨ ᠬᠢᠷᠢ ᠬᠡᠮᠵᠢᠶ᠎ᠠ ᠶᠢ ᠳᠡᠭᠡᠭᠰᠢᠯᠡᠭᠦᠯᠬᠦ | ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ | ᠪᠣᠯ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠬᠦ | ᠴᠢᠬᠤᠯᠠ ᠪᠠᠲᠤᠯᠠᠭ᠎ᠠ ᠪᠣᠯᠣᠨ ᠮᠡᠷᠭᠡᠵᠢᠯ ᠤᠨ ᠲᠤᠯᠭᠠᠭᠤᠷᠢᠯᠠᠯ ᠪᠣᠯᠣᠨ᠎ᠠ᠂ ᠡᠳᠦᠷ ᠲᠤᠳᠤᠮ ᠤᠨ ᠠᠷᠠᠴᠢᠯᠠᠨ | ᠬᠠᠮᠠᠭᠠᠯᠠᠬᠤ ᠪᠠ ᠴᠠᠭ ᠲᠣᠬᠠᠢ ᠳᠤᠨᠢ ᠰᠢᠨᠡᠴᠢᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠲᠣᠬᠠᠢ ᠶᠢᠨ | ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠲᠥᠭᠦᠭᠡᠷᠦᠮᠵᠢ ᠰᠢᠨᠡᠴᠢᠯᠡᠯ ᠪᠠ ᠠᠵᠢᠯᠲᠠᠳ ᠤᠨ | ᠪᠤᠯᠪᠠᠰᠤᠷᠠᠭᠤᠯᠤᠯ ᠳᠤ ᠬᠡᠷᠡᠭᠯᠡᠬᠦ ᠲᠤᠰᠬᠠᠢ ᠵᠦᠢᠯ ᠢ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ ᠤᠨ ᠠᠵᠢᠯᠯᠠᠬᠤ ᠭᠠᠷ ᠲᠡᠪᠲᠡᠷ ᠢ ᠨᠢᠭᠡᠲᠦᠯᠲᠡᠢ ᠨᠠᠶᠢᠷᠠᠭᠤᠯᠵᠤ᠂ ᠠᠵᠢᠯᠯᠠᠬᠤ ᠶᠠᠪᠤᠴᠠ ᠶᠢ | ᠵᠢᠷᠤᠮᠵᠢᠭᠤᠯᠬᠤ ᠶᠢᠨ ᠬᠠᠮᠲᠤ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠤᠨ᠂ ︽ᠪᠦᠬᠦ ᠤᠯᠤᠰ ᠤᠨ ᠳᠤᠮᠳᠠᠳᠤ | ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠢᠨᠵᠧᠨᠧᠷᠢᠩ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠷᠭ᠎ᠠ ︵ᠲᠣᠷᠰᠢᠨ ᠬᠡᠷᠡᠭᠵᠢᠭᠦᠯᠬᠦ︶︾ ︵ᠪᠦᠬᠦ ᠤᠯᠤᠰ ᠤᠨ ᠰᠤᠷᠭᠠᠭᠤᠯᠢ ᠶᠢᠨ ᠠᠮᠥᠷ | ᠲᠥᠪᠰᠢᠨ ᠤ ᠠᠯᠪᠠᠨ ᠭᠡᠷ ᠤᠨ ᠵᠠᠬᠢᠳᠠᠯ ﹇2009﹈ 48 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠶᠢᠨ | ᠶᠤᠰᠤᠭᠠᠷ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠢ ᠴᠤᠭᠯᠠᠭᠤᠯᠵᠤ ᠳᠠᠩᠰᠠᠯᠠᠬᠤ | ᠬᠡᠷᠡᠭᠲᠡᠢ᠃ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠨ ᠲᠦᠪᠯᠡᠷᠡᠭᠦᠯᠦᠨ ᠰᠢᠨᠡᠴᠢᠯᠡᠵᠦ᠂ ᠬᠢᠨᠠᠨ | ᠪᠤᠳᠤᠬᠤ ᠶᠢᠨ ᠬᠠᠮᠲᠤ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠡᠳᠦᠷ ᠲᠣᠳᠣᠮ ᠤᠨ ᠪᠠᠶᠢᠳᠠᠯ ᠤᠨ | ᠬᠠᠮᠠᠭᠠᠯᠠᠯᠲᠠ ᠶᠢ ᠰᠠᠶᠢᠲᠤᠷ ᠬᠢᠵᠦ᠂ ᠢᠯᠠᠩᠭᠤᠶ᠎ᠠ ᠬᠦᠨᠳᠦ ᠬᠡᠴᠡᠭᠦᠦ ᠠᠮᠦᠷ ᠲᠥᠪᠰᠢᠨ ᠤ ᠠᠳᠡᠯ ᠭᠠᠷᠤᠭᠰᠠᠨ | ᠰᠤᠷᠭᠠᠭᠤᠯᠢ ᠶᠢᠨ ᠪᠠᠶᠢᠷᠢ ᠳᠤ ᠲᠤᠭ᠎ᠠ ᠪᠠᠷᠢᠮᠲᠠ ᠶᠢ ᠴᠠᠭ ᠲᠣᠬᠠᠢ ᠳᠤᠨᠢ ᠰᠢᠨᠡᠳᠭᠡᠨ ᠬᠢᠨᠠᠨ ᠬᠠᠷᠭᠤᠭᠤᠯᠬᠤ ᠬᠡᠷᠡᠭᠲᠡᠢ | ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠣᠨ ᠤ ᠪᠠᠶᠢᠴᠠᠭᠠᠯᠲᠠ᠂ ᠰᠡᠷᠡᠮᠵᠢᠯᠡᠭᠦᠯᠬᠦ᠂ ᠮᠡᠳᠡᠭᠡ | ᠵᠠᠩᠭᠢ ᠨᠡᠶᠢᠲᠡᠯᠡᠬᠦ᠂ ᠳᠠᠯᠳᠠ ᠭᠡᠮ ᠢ ᠠᠷᠢᠯᠭᠠᠬᠤ᠂ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠲᠠᠯ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠪᠠᠶᠢᠷᠢ ᠶᠢᠨ ᠠᠮᠥᠷ ᠲᠥᠪᠰᠢᠨ ᠤ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢᠯᠠᠬᠤ᠂ ᠨᠠᠷᠢᠯᠢᠬᠵᠢᠭᠤᠯᠬᠤ ᠬᠢᠷᠢ ᠬᠡᠮᠵᠢᠶ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠮᠠᠲ᠋ᠧᠷᠢᠶᠠᠯ᠂ | ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠲ᠋ᠧᠷᠢᠶᠠᠯ᠂ ᠮᠡᠳᠡᠭᠡ ᠵᠠᠩᠭᠢ ᠶᠢᠨ | ᠦᠨᠡᠨ ᠪᠣᠳᠠᠳᠠᠢ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠤ ᠠᠵᠢᠯ ᠳᠤ ᠦᠪᠡᠷᠲᠡᠭᠡᠨ ᠵᠠᠰᠠᠬᠤ ᠣᠷᠣᠨ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠦᠷᠭᠦᠯᠵᠢ ᠦᠪᠡᠷᠲᠡᠭᠡᠨ ᠪᠠᠶᠢᠴᠠᠭᠠᠬᠤ ᠬᠢᠨᠠᠯᠲᠠ ᠲᠠᠯᠪᠢᠨ ᠪᠠᠶᠢᠴᠠᠭᠠᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤᠮᠳᠠᠳᠤ ᠪᠠᠭ᠎ᠠ ᠰᠤᠷᠭᠠᠭᠤᠯᠢ ᠶᠢᠨ | ᠪᠠᠶᠢᠷᠢ ᠶᠢᠨ ᠠᠮᠦᠷ ᠲᠥᠪᠰᠢᠨ ᠤ ᠠᠵᠢᠯ ᠢ ᠰᠤᠷᠭᠠᠨ ᠬᠦᠮᠦᠵᠢᠭᠦᠯᠵᠦ ᠬᠢᠨᠠᠨ ᠵᠢᠯᠤᠭᠤᠳᠬᠤ ᠶᠢᠨ ᠴᠢᠬᠤᠯᠠ | ᠠᠭᠤᠯᠭ᠎ᠠ ᠪᠣᠯᠭᠠᠵᠤ᠂ ᠠᠵᠢᠯ ᠤᠨ ᠪᠠᠶᠢᠳᠠᠯ ᠢᠶᠠᠨ ᠵᠢᠯ ᠪᠦᠷᠢ ᠠᠳᠠᠯᠢ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠦᠪᠯᠡᠯᠭᠡᠨ ᠳᠤ ᠮᠡᠳᠡᠭᠦᠯᠬᠦ ᠪᠠ ᠮᠡᠳᠡᠭᠳᠡᠵᠦ᠂ ᠬᠠᠤᠯᠢ ᠴᠠᠭᠠᠵᠠ ᠶᠢᠨ ᠬᠢᠨᠠᠯᠲᠠ | ᠪᠣᠯᠣᠨ ᠠᠷᠠᠳᠴᠢᠯᠠᠯ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ | ᠳ᠋ᠢᠶᠠᠩᠬᠤᠸᠠ ᠪᠣᠯᠣᠨ ᠣᠯᠠᠨ ᠲᠦᠮᠡᠨ ᠤ ᠰᠠᠨᠠᠯ ᠤᠨ ᠬᠠᠶᠢᠷᠴᠠᠭ ᠭᠠᠷᠭᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ | ᠥᠷᠭᠡᠨ ᠢᠶᠠᠷ ᠬᠦᠯᠢᠶᠡᠨ ᠠᠪᠬᠤ ᠬᠡᠷᠡᠭᠲᠡᠢ᠃ | ︵ᠵᠢᠷᠭᠤᠭ᠎ᠠ︶ ᠠᠮᠦᠷ ᠲᠥᠪᠰᠢᠨ ᠤ ᠰᠤᠷᠭᠠᠨ ᠬᠦᠮᠦᠵᠢᠯ ᠪᠣᠯᠣᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠤᠯᠤᠰ ᠤᠨ ᠵᠢᠭᠠᠨ | ᠰᠤᠷᠭᠠᠬᠤ ᠲᠦᠯᠦᠪᠯᠡᠭᠡ ᠳᠤ ᠲᠣᠭᠲᠠᠭᠠᠭᠰᠠᠨ ᠠᠮᠦᠷ ᠲᠥᠪᠰᠢᠨ ᠤ ᠰᠤᠷᠭᠠᠨ ᠬᠦᠮᠦᠵᠢᠯ ᠤᠨ ᠴᠠᠭ ᠪᠣᠯᠣᠨ ᠬᠢᠴᠢᠶᠠᠯ | ᠬᠦᠮᠦᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠲᠤ ᠭᠠᠮᠰᠢᠭ ᠢ ᠰᠡᠷᠭᠡᠶᠢᠯᠡᠬᠦ ᠪᠠ ᠠᠮᠦᠷ ᠲᠥᠪᠰᠢᠨ ᠤ | ᠬᠦᠮᠦᠵᠢᠯ ᠢ ᠦᠷᠨᠢᠭᠦᠯᠦᠨ᠂ ᠪᠠᠭᠰᠢ ᠰᠤᠷᠤᠭᠴᠢᠳ ᠲᠤ ᠠᠮᠦᠷ ᠲᠥᠪᠰᠢᠨ ᠤ ᠮᠡᠳᠡᠯᠭᠡ ᠶᠢ ᠲᠦᠭᠡᠮᠡᠯᠵᠢᠭᠦᠯᠬᠦ | ᠬᠡᠷᠡᠭᠲᠡᠢ᠃ ᠪᠠᠭᠰᠢ ᠰᠤᠷᠤᠭᠴᠢᠳ ᠢ ᠰᠠᠶᠢᠨ ᠰᠠᠶᠢᠬᠠᠨ ᠠᠮᠦᠷ ᠲᠥᠪᠰᠢᠨ ᠤ ᠦᠢᠯᠡ ᠠᠵᠢᠯᠯᠠᠭ᠎ᠠ ᠶᠢᠨ ᠳᠠᠳᠬᠠᠯ ᠲᠠᠢ | ᠪᠣᠯᠭᠠᠨ ᠬᠦᠮᠦᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠮᠡᠷᠭᠡᠵᠢᠯ ᠴᠢᠳᠠᠪᠤᠷᠢ ᠶᠢ | ᠡᠵᠡᠮᠰᠢᠭᠦᠯᠵᠦ᠂ ᠪᠠᠭᠰᠢ ᠰᠣᠷᠤᠭᠴᠢᠳ ᠤᠨ ᠭᠠᠮᠰᠢᠭ ᠢ ᠰᠡᠷᠭᠡᠶᠢᠯᠡᠬᠦ ᠠᠮᠥᠷ ᠲᠥᠪᠰᠢᠨ ᠤ ᠤᠬᠠᠮᠰᠠᠷ ᠪᠣᠯᠣᠨ | ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠤᠯᠠᠨ ᠵᠦᠢᠯ ᠤᠨ | ᠬᠡᠯᠪᠡᠷᠢ ᠮᠠᠶ᠋ᠢᠭ ᠢ ᠠᠪᠴᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠢ ᠪᠠᠲᠤᠯᠠᠬᠤ | ᠲᠥᠷᠥ ᠶᠢᠨ ᠪᠣᠳᠣᠯᠭ᠎ᠠ ᠪᠠᠨ ᠪᠦᠬᠦ ᠨᠡᠶᠢᠭᠡᠮ ᠳᠤ ᠤᠬᠠᠭᠤᠯᠤᠨ᠂ ᠨᠠᠷᠢᠨ ᠬᠢᠨᠠᠮᠠᠭᠠᠢ ᠳ᠋ᠦᠩᠨᠡᠵᠦ᠂ ᠨᠡᠶᠢᠲᠡᠯᠢᠭ | ᠲᠣᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ | ᠲᠥᠪᠰᠢᠨ ᠤ ᠠᠵᠢᠯ ᠢ ᠪᠦᠬᠦ ᠨᠡᠶᠢᠭᠡᠮ ᠢᠶᠠᠷ ᠳᠡᠮᠵᠢᠬᠦ᠂ ᠬᠢᠨᠠᠯᠲᠠ ᠲᠠᠯᠪᠢᠬᠤ ᠪᠠ ᠲᠦᠯᠬᠢᠨ ᠠᠬᠢᠭᠤᠯᠬᠤ ᠰᠠᠶᠢᠨ | ᠰᠠᠶᠢᠬᠠᠨ ᠣᠷᠴᠢᠨ ᠨᠦᠬᠦᠴᠡᠯ ᠢ ᠴᠢᠷᠮᠠᠶᠢᠨ ᠡᠭᠦᠳᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | |