ᠥᠪᠥᠷ ᠵᠠᠰᠠᠭ ᠠᠯᠪᠠᠨ ᠲᠠᠷᠬᠠᠭᠠᠭᠰᠠᠨ ﹇2014﹈ 126 ᠳ᠋ᠤᠭᠠᠷ | ᠲᠤᠭᠠᠳᠤ | 2014 ᠤᠨ ᠤ 12 ᠳ᠋ᠤᠭᠠᠷ | ᠰᠠᠷ᠎ᠠ ᠶᠢᠨ 11 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠴᠢᠨᠠᠷᠲᠠᠢ | ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠣᠳᠤᠯᠠᠬᠤ ᠠᠵᠢᠯ ᠤᠨ ᠬᠡᠷᠡᠭᠵᠢᠭᠦᠯᠬᠦ ᠲᠦᠰᠦᠯ︾ ᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ | ᠬᠢᠨᠠᠨ ᠲᠤᠳᠤᠯᠠᠬᠤ ᠠᠵᠢᠯ ᠤᠨ ᠬᠡᠷᠡᠭᠵᠢᠭᠦᠯᠬᠦ ᠲᠦᠰᠦᠯ | | ᠪᠦᠬᠦ ᠣᠷᠣᠨ ᠤ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ | ᠥᠭᠴᠢᠭᠡ ᠶᠢ ᠲᠦᠰᠦᠪ ᠤᠨ ᠬᠠᠮᠢᠶᠠᠷᠤᠯᠲᠠ ᠳᠤ ᠲᠦᠷᠦᠯ ᠢᠯᠭᠠᠯ ᠲᠠᠢ ᠣᠷᠣᠭᠤᠯᠬᠤ ᠶᠢᠨ ᠲᠤᠰᠠᠳᠠ᠂ ︽ᠣᠷᠣᠨ | ᠨᠤᠲᠤᠭ ᠤᠨ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ ᠬᠠᠮᠢᠶᠠᠷᠤᠯᠲᠠ ᠶᠢ | ᠴᠢᠩᠭᠠᠳᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2014﹈ | 43 ᠳ᠋ᠤᠭᠠᠷ ᠲᠣᠭᠠᠲᠤ︶᠂ ︽︿ᠣᠷᠣᠨ ᠨᠤᠲᠤᠭ ᠤᠨ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ | ᠥᠭᠴᠢᠭᠡ ᠶᠢ ᠲᠦᠰᠦᠪ ᠤᠨ ᠬᠠᠮᠢᠶᠠᠷᠤᠯᠲᠠ ᠳᠤ ᠣᠷᠤᠭᠤᠯᠬᠤ ᠶᠢᠨ ᠢᠯᠭᠠᠷᠠᠭᠤᠯᠵᠤ ᠬᠢᠨᠠᠨ ᠲᠤᠳᠤᠯᠠᠬᠤ ᠠᠷᠭ᠎ᠠ﹀ | ᠶᠢ ᠳᠠᠷᠤᠮᠠᠯᠯᠠᠨ ᠶᠠᠪᠤᠭᠤᠯᠬᠤ ᠲᠣᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠦᠰᠦᠪ ﹇2014﹈ | 351 ᠳ᠋ᠦ᠋ᠭᠡᠷ ᠲᠣᠭᠠᠲᠤ︶ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠲᠤᠰ ᠲᠦᠰᠦᠯ ᠢ | ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ ᠪᠠ ᠦᠨᠳᠦᠰᠦᠨ ᠵᠠᠷᠴᠢᠮ | ︵ᠨᠢᠭᠡ︶ ᠠᠵᠢᠯ ᠤᠨ ᠬᠠᠷᠠᠯᠲᠠ᠃ | ᠵᠠᠰᠠᠭ ᠤᠨ ᠣᠷᠳᠤᠨ ᠤ ᠦᠯᠡᠳᠡᠭᠡᠯ ᠥᠷᠢ ᠥᠭᠴᠢᠭᠡ ᠶᠢ ᠪᠦᠬᠦ ᠲᠠᠯ᠎ᠠ ᠪᠠᠷ ᠢᠯᠭᠠᠷᠠᠭᠤᠯᠵᠤ᠂ | ᠵᠠᠰᠠᠭ ᠤᠨ ᠣᠷᠳᠤᠨ ᠠᠴᠠ ᠲᠦᠯᠦᠬᠦ ᠬᠠᠷᠢᠭᠤᠴᠠᠯᠭ᠎ᠠ ᠲᠠᠢ ᠥᠷᠢ ᠥᠭᠴᠢᠭᠡ ᠶᠢ ᠵᠠᠰᠠᠭ ᠤᠨ ᠣᠷᠳᠤᠨ ᠤ ᠡᠩ ᠤᠨ | ᠥᠷᠢ ᠥᠭᠴᠢᠭᠡ ᠪᠣᠯᠣᠨ ᠵᠠᠰᠠᠭ ᠤᠨ ᠣᠷᠳᠤᠨ ᠤ ᠲᠤᠰᠬᠠᠢ ᠵᠦᠢᠯ ᠤᠨ ᠥᠷᠢ ᠥᠭᠴᠢᠭᠡ ᠪᠠᠷ ᠤᠯᠠᠮ ᠨᠢᠭᠡ | ᠠᠯᠬᠤᠮ ᠬᠢᠨᠠᠨ ᠲᠤᠳᠤᠯᠠᠭᠠᠳ᠂ ᠵᠠᠰᠠᠭ ᠤᠨ ᠣᠷᠳᠤᠨ ᠤ ᠥᠷᠢ ᠥᠭᠴᠢᠭᠡ ᠶᠢ ᠪᠦᠬᠦ ᠲᠦᠷᠦᠯᠵᠢᠯ ᠤᠨ | ᠲᠦᠰᠦᠪ ᠤᠨ ᠬᠠᠮᠢᠶᠠᠷᠤᠯᠲᠠ ᠳᠤ ᠲᠦᠷᠦᠯ ᠢᠯᠭᠠᠯ ᠲᠠᠢ ᠣᠷᠤᠭᠤᠯᠬᠤ ᠳᠤ ᠰᠠᠭᠤᠷᠢ ᠲᠠᠯᠪᠢᠨ᠎ᠠ︔ ᠪᠠᠶᠢᠭᠤᠯᠵᠤ | ᠪᠠᠶᠢᠭ᠎ᠠ ᠲᠦᠷᠦᠯ ᠵᠦᠢᠯ ᠢ ᠪᠦᠷᠢᠳᠭᠡᠵᠦ᠂ ᠰᠢᠯᠵᠢᠯᠲᠡ ᠶᠢᠨ ᠦᠶ᠎ᠡ ᠶᠢᠨ ᠪᠡᠯᠡ ᠲᠣᠬᠢᠷᠠᠭᠤᠯᠭ᠎ᠠ ᠶᠢ ᠴᠢᠩᠭ᠎ᠠ | ᠡᠵᠡᠮᠳᠡᠨ᠎ᠡ︔ ᠥᠷᠢ ᠲᠦᠯᠦᠵᠦ ᠪᠣᠯᠬᠤ ᠡᠳ᠋ ᠤᠨ ᠬᠦᠴᠦᠨ ᠪᠣᠯᠣᠨ ᠪᠡᠯᠡᠨ ᠵᠣᠭᠤᠰ ᠪᠣᠯᠭᠠᠵᠤ ᠪᠣᠯᠬᠤ | ᠬᠦᠷᠦᠩᠭᠡ ᠶᠢ ᠪᠦᠷᠢᠳᠭᠡᠵᠦ᠂ ᠲᠥᠭᠰᠢᠭᠦᠷᠢ ᠶᠢᠨ ᠦᠨᠡᠯᠡᠯᠲᠡ ᠶᠢ ᠰᠠᠶᠢᠲᠤᠷ ᠬᠢᠬᠦ ᠬᠡᠷᠡᠭᠲᠡᠢ︔ ᠪᠡᠯᠡ | ᠲᠣᠬᠢᠷᠠᠭᠤᠯᠭ᠎ᠠ ᠶᠢᠨ ᠲᠠᠪᠴᠠᠩ ᠪᠣᠯᠬᠤ ᠺᠤᠮᠫᠠᠨᠢ ᠶᠢᠨ ᠨᠡᠷᠡᠰ ᠢ ᠪᠦᠷᠢᠳᠭᠡᠵᠦ᠂ ᠬᠡᠯᠪᠡᠷᠢ ᠶᠢ ᠨᠢ ᠲᠣᠬᠢᠷᠠᠮᠵᠢᠲᠠᠢ | ᠬᠤᠪᠢᠷᠠᠭᠤᠯᠬᠤ ᠬᠡᠷᠡᠭᠲᠡᠢ︔ ᠥᠷᠢ ᠥᠭᠴᠢᠭᠡ ᠶᠢᠨ ᠲᠥᠭᠰᠢᠭᠦᠷᠢ ᠶᠡᠭᠡ ᠲᠠᠢ ᠣᠷᠣᠨ ᠤ ᠥᠷᠢ ᠥᠭᠴᠢᠭᠡ ᠶᠢ | ᠰᠢᠢᠳᠪᠦᠷᠢᠯᠡᠵᠦ᠂ ᠦᠯᠡᠳᠡᠭᠡᠯ ᠥᠷᠢ ᠥᠭᠴᠢᠭᠡ ᠶᠢᠨ ᠲᠥᠭᠰᠢᠭᠦᠷᠢ ᠶᠢ ᠨᠠᠮᠳᠠᠭᠤᠯᠬᠤ ᠬᠡᠷᠡᠭᠲᠡᠢ︔ ᠵᠢᠭᠡᠯᠡᠯᠭᠡ ᠶᠢᠨ | ᠲᠡᠮᠲᠡᠭᠲᠦ ᠶᠢ ᠰᠤᠯᠢᠬᠤ ᠬᠡᠷᠡᠭᠴᠡᠭᠡ ᠱᠠᠭᠠᠷᠳᠠᠯᠭ᠎ᠠ ᠶᠢ ᠪᠦᠷᠢᠳᠭᠡᠵᠦ᠂ ᠬᠦᠳᠡᠯᠦᠩᠭᠦᠢ ᠴᠢᠨᠠᠷᠲᠠᠢ ᠲᠥᠭᠰᠢᠭᠦᠷᠢ ᠶᠢ | ᠠᠭᠠᠵᠢᠮ ᠢᠶᠠᠷ ᠨᠠᠮᠳᠠᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | — ᠦᠨᠡᠨ ᠠᠴᠠ ᠵᠥᠪ ᠢ ᠡᠷᠢᠬᠦ ᠵᠠᠷᠴᠢᠮ᠃ ᠦᠨᠡᠨ ᠢᠶᠠᠷ ᠮᠡᠳᠡᠭᠦᠯᠬᠦ᠂ ᠨᠢᠭᠤᠬᠤ ᠦᠭᠡᠢ | ᠮᠡᠳᠡᠭᠦᠯᠬᠦ ᠶᠢ ᠪᠠᠷᠢᠮᠲᠠᠯᠠᠵᠤ᠂ ᠦᠯᠡᠳᠡᠭᠡᠯ ᠥᠷᠢ ᠥᠭᠴᠢᠭᠡ ᠪᠦᠷᠢ ᠶᠢᠨ ᠲᠦᠯᠦᠬᠦ ᠢᠷᠡᠯᠲᠡ ᠶᠢ ᠲᠤᠳᠤᠷᠬᠠᠶᠢᠯᠠᠬᠤ | ᠬᠡᠷᠡᠭᠲᠡᠢ᠃ | — ᠦᠨᠡᠨ ᠪᠤᠳᠠᠳᠠᠢ ᠪᠦᠷᠢᠨ ᠭᠦᠢᠴᠡᠳ ᠵᠠᠷᠴᠢᠮ᠃ ᠢᠯᠭᠠᠷᠠᠭᠤᠯᠵᠤ ᠬᠢᠨᠠᠨ ᠲᠤᠳᠤᠯᠠᠭᠰᠠᠨ | ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠪᠦᠷᠢ ᠶᠢ ᠨᠢᠭᠡᠴᠡ᠂ ᠲᠦᠷᠦᠯ ᠵᠦᠢᠯ ᠪᠣᠯᠣᠨ ᠪᠡᠯᠡ | ᠮᠦᠩᠭᠦ ᠬᠦᠷᠲᠡᠯ᠎ᠡ ᠪᠤᠳᠠᠳᠠᠶᠢᠵᠢᠭᠤᠯᠵᠤ᠂ ᠵᠢᠭᠡᠯᠡᠯᠭᠡ ᠪᠦᠷᠢ ᠶᠢ ᠬᠠᠮᠢᠶᠠᠳᠠᠭᠴᠢ ᠲᠠᠢ᠂ ᠳᠠᠩᠰᠠ ᠲᠠᠢ᠂ ᠪᠣᠳᠠᠲᠠᠢ | ᠶᠠᠭᠤᠮ᠎ᠠ ᠪᠠᠶᠢᠬᠤ ᠶᠢ ᠪᠡᠶᠡᠯᠡᠭᠦᠯᠵᠦ᠂ ᠢᠯᠭᠠᠷᠠᠭᠤᠯᠵᠤ ᠬᠢᠨᠠᠨ ᠲᠣᠳᠤᠯᠠᠭᠰᠠᠨ ᠦᠷ᠎ᠡ ᠳ᠋ᠦᠩ ᠤᠨ ᠦᠨᠡᠨ ᠪᠤᠳᠠᠳᠠᠢ᠂ | ᠤᠨᠤᠪᠴᠢᠲᠠᠢ᠂ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | — ᠮᠡᠳᠡᠭᠡ ᠵᠠᠩᠭᠢ ᠶᠢ ᠢᠯᠡ ᠪᠣᠯᠭᠠᠬᠤ ᠵᠠᠷᠴᠢᠮ᠃ ᠢᠯᠭᠠᠷᠠᠭᠤᠯᠵᠤ ᠬᠢᠨᠠᠨ ᠲᠤᠳᠤᠯᠬᠠᠤ ᠠᠷᠭ᠎ᠠ᠂ | ᠳᠠᠰ ᠳᠠᠷᠠᠭᠠᠯᠠᠯ ᠪᠣᠯᠣᠨ ᠦᠷ᠎ᠡ ᠳ᠋ᠦᠩ ᠢ ᠢᠯᠠ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠢ᠃ | ᠬᠤᠶᠠᠷ᠂ ᠢᠯᠭᠠᠷᠠᠭᠤᠯᠵᠤ ᠬᠢᠨᠠᠨ ᠲᠣᠳᠣᠯᠠᠬᠤ ᠠᠭᠤᠯᠭ᠎ᠠ ᠪᠠ ᠲᠦᠷᠦᠯᠵᠢᠯ | ︵ᠨᠢᠭᠡ︶ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠤᠨ ᠠᠭᠤᠯᠭ᠎ᠠ | 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠦᠷᠲᠡᠯᠡᠬᠢ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠤᠨ ᠵᠢᠴᠢ ᠲᠡᠭᠦᠨ ᠤ ᠰᠠᠯᠠᠭ᠎ᠠ ᠮᠦᠴᠢᠷ ᠤᠳ ᠪᠠ ᠪᠠᠶᠢᠭᠤᠯᠤᠮᠵᠢ᠂ ᠬᠠᠷᠢᠶ᠎ᠠ | ᠠᠵᠢᠯ ᠦᠢᠯᠡᠰ ᠤᠨ ᠨᠢᠭᠡᠴᠡ᠂ ᠵᠠᠰᠠᠭ ᠤᠨ ᠣᠷᠳᠤᠨ ᠤ ᠪᠡᠯᠡ ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ | ᠪᠣᠯᠣᠨ ᠪᠤᠰᠤᠳ ᠨᠢᠭᠡᠴᠡ ᠨᠦᠭᠦᠳ ᠰᠢᠭᠤᠳ ᠵᠢᠭᠡᠯᠡᠨ ᠤᠷᠤᠭᠤᠯᠬᠤ᠂ ᠦᠷᠢᠳᠦᠭᠰᠡᠨ ᠪᠣᠶᠣ ᠪᠣᠴᠠᠭᠠᠨ | ᠬᠤᠳᠠᠯᠳᠤᠵᠤ ᠠᠪᠬᠤ᠂ ᠳᠠᠭᠠᠭᠠᠬᠤ ᠪᠠ ᠵᠣᠬᠢᠬᠤ ᠠᠪᠤᠷᠠᠨ ᠲᠤᠰᠠᠯᠠᠬᠤ ᠬᠠᠷᠢᠭᠤᠴᠠᠯᠭ᠎ᠠ ᠶᠢ ᠡᠭᠦᠷᠭᠡᠯᠡᠬᠦ | ᠪᠤᠯᠤᠮᠵᠢ ᠲᠠᠢ ᠵᠡᠷᠭᠡ ᠢᠲᠡᠭᠡᠮᠵᠢ ᠶᠢᠨ ᠳᠡᠮᠵᠢᠯᠭᠡ ᠪᠠᠷ ᠪᠦᠷᠢᠯᠳᠦᠭᠰᠡᠨ ᠬᠠᠷᠠᠬᠠᠨ ᠲᠦᠯᠦᠵᠦ ᠳᠠᠭᠤᠰᠤᠭ᠎ᠠ ᠦᠭᠡᠢ | ᠥᠷᠢ ᠥᠭᠴᠢᠭᠡ᠂ ᠵᠢᠴᠢ ᠪᠡᠯᠡ ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ᠂ ᠪᠠᠶᠢᠭᠤᠯᠵᠤ ᠪᠠᠶᠢᠭ᠎ᠠ ᠲᠦᠷᠦᠯ | ᠵᠦᠢᠯ ᠪᠣᠯᠣᠨ ᠥᠷᠢ ᠲᠦᠯᠦᠵᠦ ᠪᠣᠯᠬᠤ ᠡᠳ᠋ ᠬᠦᠷᠦᠩᠭᠡ ᠶᠢ ᠬᠢᠨᠠᠨ ᠬᠠᠷᠭᠤᠭᠤᠯᠬᠤ ᠵᠡᠷᠭᠡ ᠬᠠᠮᠢᠶ᠎ᠠ ᠪᠦᠬᠦᠢ | ᠠᠭᠤᠯᠭ᠎ᠠ ᠪᠤᠯᠤᠨ᠎ᠠ᠃ | ︵ᠬᠤᠶᠠᠷ︶ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠤᠨ ᠲᠦᠷᠦᠯᠵᠢᠯ | ᠡᠯ᠎ᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠠᠰᠠᠭ ᠤᠨ ᠣᠷᠳᠤᠨ ᠤ | ᠴᠢᠨᠠᠷᠲᠠᠢ ᠥᠷᠢ ᠥᠭᠴᠢᠭᠡ ᠶᠢᠨ 2013 ᠣᠨ ᠤ ᠬᠢᠨᠠᠨ ᠪᠤᠳᠤᠭᠰᠠᠨ ᠦᠷ᠎ᠡ ᠳ᠋ᠦᠩ ᠳᠤ ᠰᠠᠭᠤᠷᠢᠯᠠᠵᠤ᠂ | ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ 2013 ᠣᠨ ᠤ ᠬᠢᠨᠠᠨ ᠪᠤᠳᠤᠬᠤ | ᠲᠦᠷᠦᠯᠵᠢᠯ ᠤᠨ ᠶᠤᠰᠤᠭᠠᠷ᠂ ᠬᠢᠨᠠᠨ ᠪᠤᠳᠤᠭᠰᠠᠨ ᠤ ᠳᠠᠷᠠᠭᠠᠬᠢ ᠥᠷᠢ ᠥᠭᠴᠢᠭᠡ ᠶᠢᠨ ᠨᠡᠮᠡᠭᠳᠡᠵᠦ ᠬᠠᠰᠤᠭᠳᠠᠭᠰᠠᠨ | ᠬᠤᠪᠢᠷᠠᠯᠲᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ | ᠥᠭᠴᠢᠭᠡ ᠶᠢ ᠵᠠᠰᠠᠭ ᠤᠨ ᠣᠷᠳᠤᠨ ᠠᠴᠠ ᠲᠦᠯᠦᠬᠦ ᠬᠠᠷᠢᠭᠤᠴᠠᠯᠭ᠎ᠠ ᠲᠠᠢ ᠥᠷᠢ ᠥᠭᠴᠢᠭᠡ᠂ ᠵᠠᠰᠠᠭ ᠤᠨ | ᠣᠷᠳᠤᠨ ᠠᠴᠠ ᠳᠠᠭᠠᠭᠠᠯᠲᠠ ᠬᠢᠬᠦ ᠬᠠᠷᠢᠭᠤᠴᠠᠯᠭ᠎ᠠ ᠲᠠᠢ ᠥᠷᠢ ᠥᠭᠴᠢᠭᠡ᠂ ᠵᠠᠰᠠᠭ ᠤᠨ ᠣᠷᠳᠤᠨ ᠠᠴᠠ ᠵᠣᠬᠢᠬᠤ | ᠲᠤᠰᠠᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠮᠵᠢ ᠲᠠᠢ ᠥᠷᠢ ᠥᠭᠴᠢᠭᠡ ᠭᠡᠵᠦ ᠢᠯᠭᠠᠷᠠᠭᠤᠯᠬᠤ ᠬᠡᠷᠡᠭᠲᠡᠢ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠡᠯ᠎ᠡ ᠰᠠᠯᠠᠭ᠎ᠠ ᠮᠦᠴᠢᠷ ᠤᠨ ᠬᠢᠨᠠᠨ ᠬᠠᠷᠭᠤᠭᠤᠯᠵᠤ | ᠮᠡᠳᠡᠭᠦᠯᠦᠭᠰᠡᠨ ᠵᠠᠰᠠᠭ ᠤᠨ ᠣᠷᠳᠤᠨ ᠠᠴᠠ ᠲᠦᠯᠦᠬᠦ ᠬᠠᠷᠢᠭᠤᠴᠠᠯᠭ᠎ᠠ ᠲᠠᠢ ᠥᠷᠢ ᠥᠭᠴᠢᠭᠡ ᠶᠢ᠂ ᠲᠦᠷᠦᠯ | ᠵᠦᠢᠯ ᠤᠨ ᠠᠰᠢᠭ ᠣᠷᠣᠯᠭ᠎ᠠ ᠬᠢᠭᠡᠳ ᠥᠷᠢ ᠲᠦᠯᠦᠬᠦ ᠪᠡᠯᠡ ᠮᠦᠩᠭᠦ ᠶᠢᠨ ᠢᠷᠡᠯᠲᠡ ᠶᠢᠨ ᠶᠤᠰᠤᠭᠠᠷ᠂ ᠵᠠᠰᠠᠭ ᠤᠨ | ᠣᠷᠳᠤᠨ ᠤ ᠡᠩ ᠤᠨ ᠦᠷᠢ ᠦᠭᠴᠡᠭᠡ ᠪᠣᠯᠣᠨ ᠵᠠᠰᠠᠭ ᠤᠨ ᠣᠷᠳᠤᠨ ᠤ ᠲᠤᠰᠬᠠᠢ ᠵᠦᠢᠯ ᠤᠨ ᠦᠷᠢ ᠦᠭᠴᠡᠭᠡ | ᠭᠡᠵᠦ ᠤᠯᠠᠮ ᠨᠢᠭᠡ ᠠᠯᠬᠤᠮ ᠬᠢᠨᠠᠨ ᠲᠤᠳᠤᠯᠠᠬᠤ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠦᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢ | ᠦᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠬᠤ ᠳᠡᠳ᠋ ᠲᠡᠷᠢᠭᠦᠯᠡᠭᠴᠢ ᠠᠴᠠ ᠡᠭᠦᠷᠭᠡᠯᠡᠵᠦ᠂ ᠪᠦᠷᠢᠯᠳᠦᠭᠦᠨ | ᠨᠢᠭᠡᠴᠡ ᠳᠤ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠤᠳᠤᠬᠤ ᠲᠢᠩᠬᠢᠮ᠂ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ | ᠵᠠᠰᠠᠭ ᠤᠨ ᠶᠠᠮᠤᠨ ᠤ ᠦᠪᠦᠷ ᠮᠤᠩᠭᠤᠯ ᠳᠤ ᠰᠠᠭᠤᠭ᠎ᠠ ᠲᠤᠰᠬᠠᠢ ᠲᠤᠰᠢᠶᠠᠯᠲᠠᠨ ᠤ ᠠᠯᠪᠠᠨ ᠭᠡᠷ ᠵᠡᠷᠭᠡ ᠰᠠᠯᠠᠭ᠎ᠠ | ᠮᠦᠴᠢᠷ ᠤᠳ ᠪᠠᠭᠲᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠳᠤ ᠪᠠᠶᠢᠷᠢᠯᠠᠭᠤᠯᠵᠤ᠂ ᠪᠦᠬᠦ ᠣᠷᠣᠨ ᠤ ᠵᠠᠰᠠᠭ ᠤᠨ ᠣᠷᠳᠣᠨ ᠤ ᠴᠢᠨᠠᠷᠲᠠᠢ | ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | ᠡᠯ᠎ᠡ ᠭᠠᠵᠠᠷ ᠣᠷᠣᠨ ᠨᠤᠭᠤᠳ ᠪᠣᠳᠠᠳᠠᠢ ᠲᠠᠢ ᠪᠠᠨ ᠤᠶᠠᠯᠳᠤᠭᠤᠯᠤᠨ᠂ ᠵᠤᠬᠢᠴᠠᠯᠳᠤᠬᠤ ᠠᠵᠢᠯ ᠤᠨ | ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠤᠨ ᠤ ᠴᠢᠨᠠᠷᠲᠠᠢ ᠥᠷᠢ | ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠢ ᠬᠠᠷᠢᠭᠤᠴᠠᠬᠤ ᠬᠡᠷᠡᠭᠲᠡᠢ᠃ | ︵ᠨᠢᠭᠡ︶ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦᠭᠦᠯᠡᠵᠦ ᠲᠤᠰ | ᠭᠠᠵᠠᠷ ᠣᠷᠣᠨ ᠤ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ ᠬᠢᠨᠠᠨ ᠬᠠᠷᠭᠤᠭᠤᠯᠬᠤ᠂ | ᠬᠢᠨᠠᠨ ᠲᠤᠳᠤᠯᠠᠬᠤ᠂ ᠶᠡᠷᠦᠩᠬᠡᠶᠢᠯᠡᠬᠦ ᠪᠠ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ ᠡᠭᠦᠨ ᠳᠤ᠄ | 1. ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢᠨ 2013 ᠣᠨ ᠤ ᠬᠢᠨᠠᠨ ᠪᠤᠳᠤᠭᠰᠠᠨ | ᠦᠷ᠎ᠡ ᠳ᠋ᠦᠩ ᠢᠶᠠᠷ ᠰᠠᠭᠤᠷᠢ ᠪᠣᠯᠭᠠᠵᠤ᠂ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ | 2013 ᠣᠨ ᠤ ᠬᠢᠨᠠᠨ ᠪᠤᠳᠤᠬᠤ ᠠᠷᠭ᠎ᠠ ᠶᠢᠨ ᠶᠤᠰᠤᠭᠠᠷ᠂ ᠬᠢᠨᠠᠨ ᠪᠤᠳᠤᠭᠰᠠᠨ ᠤ ᠳᠠᠷᠠᠭᠠᠬᠢ ᠵᠢᠭᠡᠯᠡᠯᠭᠡ ᠶᠢᠨ | ᠨᠡᠮᠡᠭᠳᠡᠵᠦ ᠬᠠᠰᠤᠭᠳᠠᠭᠰᠠᠨ ᠬᠤᠪᠢᠷᠠᠯᠲᠠ ᠶᠢᠨ ᠪᠠᠶᠢᠳᠠᠯ ᠲᠠᠢ ᠤᠶᠠᠯᠳᠤᠭᠤᠯᠵᠤ᠂ ᠡᠯ᠎ᠡ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠨ ᠮᠡᠳᠡᠭᠦᠯᠦᠭᠰᠡᠨ ᠥᠷᠢ ᠥᠭᠴᠢᠭᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠬᠡᠷᠡᠭᠲᠡᠢ᠃ | ᠬᠢᠨᠠᠨ ᠪᠤᠳᠤᠬᠤ ᠦᠷ᠎ᠡ ᠳ᠋ᠦᠩ ᠪᠣᠶᠣ ᠬᠢᠨᠠᠨ ᠪᠤᠳᠤᠬᠤ ᠲᠦᠷᠦᠯᠵᠢᠯ ᠯᠦᠭᠡ ᠨᠢᠭᠡᠳᠬᠦ ᠦᠭᠡᠢ ᠪᠠᠶᠢᠪᠠᠯ᠂ ᠦᠷᠢ | ᠦᠭᠴᠡᠭᠡ ᠶᠢᠨ ᠨᠢᠭᠡᠴᠡ ᠶᠢ ᠳᠠᠬᠢᠨ ᠬᠠᠷᠭᠤᠭᠤᠯᠵᠤ ᠮᠡᠳᠡᠭᠦᠯᠬᠦ ᠪᠠᠷ ᠱᠠᠭᠠᠷᠳᠠᠬᠤ ᠬᠡᠷᠡᠭᠲᠡᠢ᠃ | 2. 2013 ᠣᠨ ᠤ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢ ᠬᠢᠨᠠᠨ ᠪᠤᠳᠤᠵᠤ | ᠲᠣᠭᠲᠠᠭᠠᠭᠰᠠᠨ 2013 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠭᠠᠷᠭᠠᠭᠰᠠᠨ ᠪᠡᠯᠡ | ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ ᠶᠢᠨ ᠨᠠᠷᠡᠰ ᠢᠶᠠᠷ ᠰᠠᠭᠤᠷᠢ ᠪᠣᠯᠭᠠᠵᠤ᠂ 2013 ᠣᠨ ᠤ 7 | ᠳ᠋ᠤᠭᠠᠷ ᠰᠠᠷ᠎ᠠ ᠶᠢᠨ 1 ᠤ ᠡᠳᠦᠷ ᠠᠴᠠ 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠲᠤᠰ | ᠱᠠᠲᠤᠨ ᠤ ᠪᠡᠯᠡ ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ ᠶᠢᠨ ᠨᠡᠮᠡᠭᠳᠡᠵᠦ ᠬᠠᠰᠤᠭᠳᠠᠭᠰᠠᠨ ᠪᠠᠶᠢᠳᠠᠯ ᠲᠠᠢ | ᠤᠶᠠᠯᠳᠤᠭᠤᠯᠵᠤ᠂ ᠲᠤᠰ ᠱᠠᠲᠤᠨ ᠤ ᠪᠡᠯᠡ ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ ᠶᠢᠨ ᠨᠡᠷᠡᠰ ᠢ | ᠪᠦᠷᠢᠳᠭᠡᠬᠦ ᠬᠡᠷᠡᠭᠲᠡᠢ᠃ | 3. ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠢᠳᠡᠪᠬᠢᠯᠡᠨ ᠣᠶᠢᠯᠠᠭᠠᠯᠴᠠᠵᠤ᠂ ᠵᠠᠰᠠᠭ ᠤᠨ | ᠣᠷᠳᠤᠨ ᠬᠢᠭᠡᠳ ᠨᠡᠶᠢᠭᠡᠮ ᠤᠨ ᠬᠦᠷᠦᠩᠭᠡ ᠬᠤᠷᠰᠢᠯᠴᠠᠬᠤ ᠵᠠᠭᠪᠣᠷ ︵PPP︶ ᠢ ᠦᠷᠨᠢᠭᠦᠯᠬᠦ ᠳᠤ ᠲᠣᠬᠢᠷᠠᠬᠤ | ᠲᠦᠷᠦᠯ ᠵᠦᠢᠯ ᠢ PPP ᠵᠠᠭᠪᠤᠷ ᠢᠶᠠᠷ ᠳᠠᠮᠵᠢᠨ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢ ᠠᠵᠤ | ᠠᠬᠤᠶᠢᠯᠠᠯ ᠤᠨ ᠥᠷᠢ ᠥᠭᠴᠢᠭᠡ ᠪᠣᠯᠭᠠᠨ ᠬᠤᠪᠢᠷᠠᠭᠤᠯᠤᠨ᠂ ᠵᠠᠰᠠᠭ ᠤᠨ ᠣᠷᠳᠤᠨ ᠤ ᠥᠷᠢ ᠥᠭᠴᠢᠭᠡ ᠳᠤ ᠳᠠᠬᠢᠨ | ᠣᠷᠣᠭᠤᠯᠬᠤ ᠦᠭᠡᠢ᠃ | 4. ᠢᠯᠭᠠᠷᠠᠭᠤᠯᠤᠭᠰᠠᠨ ᠦᠷ᠎ᠡ ᠳ᠋ᠦᠩ ᠨᠢ ᠣᠨᠣᠪᠴᠢᠲᠠᠢ ᠪᠣᠯᠣᠭᠰᠠᠨ ᠤ ᠳᠠᠷᠠᠭ᠎ᠠ᠂ ᠲᠦᠷᠦᠯ | ᠵᠦᠢᠯ ᠤᠨ ᠠᠰᠢᠭ ᠣᠷᠤᠯᠭ᠎ᠠ ᠪᠣᠯᠣᠨ ᠲᠦᠯᠦᠬᠦ ᠪᠡᠯᠡ ᠮᠦᠩᠭᠦ ᠶᠢᠨ ᠢᠷᠡᠯᠲᠡ ᠵᠡᠷᠭᠡ ᠪᠠᠶᠢᠳᠠᠯ ᠢ ᠦᠨᠳᠦᠰᠦᠯᠡᠨ᠂ | ᠵᠠᠰᠠᠭ ᠤᠨ ᠣᠷᠳᠤᠨ ᠠᠴᠠ ᠲᠦᠯᠦᠬᠦ ᠬᠠᠷᠢᠭᠤᠴᠠᠯᠭ᠎ᠠ ᠲᠠᠢ ᠦᠯᠡᠳᠡᠭᠡᠯ ᠥᠷᠢ ᠥᠭᠴᠢᠭᠡ ᠶᠢ ᠨᠢᠭᠡ ᠨᠢᠭᠡ ᠪᠠᠷ | ᠡᠩ ᠤᠨ ᠥᠷᠢ ᠥᠭᠴᠢᠭᠡ ᠪᠣᠯᠣᠨ ᠲᠤᠰᠬᠠᠢ ᠵᠦᠢᠯ ᠤᠨ ᠥᠭᠴᠢᠭᠡ ᠭᠡᠵᠦ ᠬᠢᠨᠠᠨ ᠲᠤᠳᠤᠯᠠᠬᠤ ᠬᠡᠷᠡᠭᠲᠡᠢ᠃ | 5. ᠬᠢᠨᠠᠨ ᠲᠤᠳᠤᠯᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠰᠠᠯᠠᠭ᠎ᠠ ᠮᠦᠴᠢᠷ ᠬᠢᠭᠡᠳ ᠥᠷᠢ | ᠥᠭᠴᠢᠭᠡ ᠶᠢᠨ ᠨᠢᠭᠡᠴᠡ ᠳᠤ ᠴᠠᠭ ᠲᠣᠬᠠᠢ ᠳᠤᠨᠢ ᠮᠡᠳᠡᠭᠳᠡᠵᠦ᠂ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠬᠢᠭᠡᠳ ᠥᠷᠢ ᠥᠭᠴᠢᠭᠡ ᠶᠢᠨ ᠨᠢᠭᠡᠴᠡ ᠠᠴᠠ ᠬᠢᠨᠠᠨ ᠲᠤᠳᠤᠯᠠᠭᠰᠠᠨ ᠦᠷ᠎ᠡ ᠳ᠋ᠦᠩ ᠳᠤ ᠲᠠᠮᠠᠭ᠎ᠠ | ᠲᠠᠷᠤᠵᠤ ᠲᠤᠳᠤᠯᠠᠬᠤ ᠬᠡᠷᠡᠭᠲᠡᠢ᠃ | 6. ᠢᠯᠭᠠᠷᠠᠭᠤᠯᠵᠤ ᠬᠢᠨᠠᠨ ᠲᠤᠳᠤᠯᠠᠭᠰᠠᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ ᠳᠠᠷᠠᠭ᠎ᠠ᠂ | ᠠᠳᠠᠯᠢ ᠱᠠᠲᠤᠨ ᠤ ᠬᠢᠨᠠᠨ ᠪᠤᠳᠤᠬᠤ ᠰᠠᠯᠠᠭ᠎ᠠ ᠮᠦᠴᠢᠷ ᠲᠤ ᠰᠢᠯᠵᠢᠭᠦᠯᠦᠨ ᠬᠢᠨᠠᠨ ᠪᠤᠳᠤᠬᠤ ᠰᠠᠨᠠᠯ | ᠳᠤᠷᠠᠳᠤᠭᠤᠯᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ | ᠳᠡᠭᠡᠷ᠎ᠠ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠡᠢ᠃ | ︵ᠬᠤᠶᠠᠷ︶ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠦᠴᠢᠷ ᠤᠳ ᠠᠳᠠᠯᠢ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠤᠨ ᠬᠠᠩᠭᠠᠭᠰᠠᠨ ᠥᠷᠢ ᠥᠭᠴᠢᠭᠡ ᠶᠢᠨ ᠢᠯᠭᠠᠷᠠᠭᠤᠯᠵᠤ ᠬᠢᠨᠠᠨ ᠲᠣᠳᠤᠯᠠᠭᠰᠠᠨ | ᠦᠷ᠎ᠡ ᠳ᠋ᠦᠩ ᠳᠤ ᠬᠢᠨᠠᠨ ᠪᠤᠳᠤᠬᠤ ᠰᠠᠨᠠᠯ ᠳᠤᠷᠠᠳᠬᠤ ᠶᠢ ᠬᠠᠷᠢᠭᠤᠴᠠᠵᠤ᠂ ᠮᠠᠷᠭᠤᠭᠠᠨ ᠲᠠᠢ ᠥᠷᠢ ᠥᠭᠴᠢᠭᠡ ᠶᠢᠨ | ᠲᠤᠭ᠎ᠠ ᠪᠠᠷᠢᠮᠲᠠ ᠶᠢ ᠬᠢᠨᠠᠨ ᠪᠤᠳᠤᠵᠤ ᠬᠢᠨᠠᠨ ᠬᠠᠷᠭᠤᠭᠤᠯᠬᠤ ᠬᠡᠷᠡᠭᠲᠡᠢ᠃ | ︵ᠭᠤᠷᠪᠠ︶ ᠡᠯ᠎ᠡ ᠱᠠᠲᠤᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠳ ᠡᠯ᠎ᠡ | ᠥᠷᠢ ᠥᠭᠴᠢᠭᠡ ᠶᠢᠨ ᠨᠢᠭᠡᠴᠡ ᠶᠢᠨ ᠪᠠᠶᠢᠭᠤᠯᠵᠤ ᠪᠠᠶᠢᠭ᠎ᠠ ᠥᠷᠢ ᠥᠭᠴᠢᠭᠡ ᠶᠢᠨ ᠲᠦᠷᠦᠯ ᠵᠦᠢᠯ ᠢ ᠬᠢᠨᠠᠨ | ᠬᠠᠷᠭᠤᠭᠤᠯᠵᠤ ᠲᠤᠳᠤᠯᠠᠬᠤ ᠶᠢ ᠬᠠᠷᠢᠭᠤᠴᠠᠬᠤ ᠶᠢᠨ ᠬᠠᠮᠲᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠡᠯᠡ | ᠮᠦᠩᠭᠦ ᠶᠢᠨ ᠲᠣᠬᠢᠷᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠡᠢ᠃ | ︵ᠳᠥᠷᠪᠡ︶ ᠡᠯ᠎ᠡ ᠥᠷᠢ ᠥᠭᠴᠢᠭᠡ ᠶᠢᠨ ᠨᠢᠭᠡᠴᠡ ᠨᠦᠭᠦᠳ ᠵᠠᠰᠠᠭ ᠤᠨ ᠣᠷᠳᠤᠨ ᠤ ᠴᠢᠨᠠᠷᠲᠠᠢ | ᠥᠷᠢ ᠥᠭᠴᠢᠭᠡ ᠶᠢᠨ 2013 ᠣᠨ ᠤ ᠬᠢᠨᠠᠨ ᠪᠤᠳᠤᠭᠰᠠᠨ ᠦᠷ᠎ᠡ ᠳ᠋ᠦᠩ ᠤᠨ ᠰᠠᠭᠤᠷᠢᠨ ᠳᠡᠭᠡᠷ᠎ᠡ᠂ 2013 | ᠣᠨ ᠤ 7 ᠳ᠋ᠤᠭᠠᠷ ᠰᠠᠷ᠎ᠠ ᠠᠴᠠ 2014 ᠣᠨ ᠤ 12 ᠳ᠋ᠤᠭᠠᠷ ᠰᠠᠷ᠎ᠠ ᠬᠦᠷᠲᠡᠯᠡᠬᠢ ᠥᠷᠢ ᠥᠭᠴᠢᠭᠡ ᠶᠢᠨ | ᠬᠤᠪᠢᠷᠠᠯᠲᠠ ᠶᠢᠨ ᠪᠠᠶᠢᠳᠠᠯ ᠢ ᠠᠪᠴᠠᠭᠠᠨ ᠤ ᠬᠦᠮᠦᠨ ᠲᠠᠢ ᠬᠠᠮᠲᠤ ᠪᠠᠷ ᠵᠥᠪᠯᠡᠨ ᠲᠤᠳᠤᠯᠠᠵᠤ᠂ ᠭᠡᠷ᠎ᠡ ᠪᠠᠨ | ᠦᠨᠳᠦᠰᠦᠯᠡᠨ ᠥᠷᠢ ᠥᠭᠴᠢᠭᠡ ᠶᠢᠨ ᠲᠤᠭ᠎ᠠ ᠪᠠᠷᠢᠮᠲᠠ ᠶᠢ ᠨᠢᠭᠡ ᠨᠢᠭᠡ ᠪᠠᠷ ᠬᠠᠷᠭᠤᠭᠤᠯᠬᠤ ᠬᠡᠷᠡᠭᠲᠡᠢ᠃ | ᠬᠠᠷᠭᠤᠭᠤᠯᠤᠭᠠᠳ ᠪᠤᠷᠤᠭᠤ ᠦᠭᠡᠢ ᠥᠷᠢ ᠥᠭᠴᠢᠭᠡ ᠶᠢᠨ ᠲᠤᠭ᠎ᠠ ᠪᠠᠷᠢᠮᠲᠠ ᠳᠤ᠂ ᠥᠷᠢ ᠥᠭᠴᠢᠭᠡ ᠶᠢᠨ | ᠨᠢᠭᠡᠴᠡ ᠠᠴᠠ ᠬᠢᠨᠠᠨ ᠪᠤᠳᠤᠬᠤ ᠲᠦᠷᠦᠯᠵᠢᠯ ᠢ ᠦᠨᠳᠦᠰᠦᠯᠡᠵᠦ᠂ ᠣᠷᠣᠨ ᠨᠤᠲᠤᠭ ᠤᠨ ᠵᠠᠰᠠᠭ ᠤᠨ ᠣᠷᠳᠤᠨ ᠤ | ᠴᠢᠨᠠᠷᠲᠠᠢ ᠥᠷᠢ ᠥᠭᠴᠢᠭᠡ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠨ᠂ ᠵᠠᠰᠠᠭ ᠤᠨ ᠣᠷᠳᠤᠨ ᠠᠴᠠ | ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ ᠥᠷᠢ ᠥᠭᠴᠢᠭᠡ᠂ ᠵᠠᠰᠠᠭ ᠤᠨ ᠣᠷᠳᠤᠨ ᠠᠴᠠ ᠳᠠᠭᠠᠭᠠᠯᠲᠠ ᠬᠢᠬᠦ | ᠬᠠᠷᠢᠭᠤᠴᠠᠯᠭ᠎ᠠ ᠶᠢ ᠡᠭᠦᠷᠭᠡᠯᠡᠬᠦ ᠥᠷᠢ ᠥᠭᠴᠢᠭᠡ ᠬᠢᠭᠡᠳ ᠵᠠᠰᠠᠭ ᠤᠨ ᠣᠷᠳᠤᠨ ᠠᠴᠠ ᠵᠣᠬᠢᠬᠤ ᠠᠪᠤᠷᠠᠬᠤ | ᠬᠠᠷᠢᠭᠤᠴᠠᠯᠭ᠎ᠠ ᠶᠢ ᠡᠭᠦᠷᠭᠡᠯᠡᠬᠦ ᠪᠤᠯᠤᠮᠵᠢ ᠲᠠᠢ ᠥᠷᠢ ᠥᠭᠴᠢᠭᠡ ᠶᠢᠨ ᠵᠣᠬᠢᠬᠤ ᠪᠠᠶᠢᠳᠠᠯ ᠤᠨ ᠶᠤᠰᠤᠭᠠᠷ ᠲᠠᠭᠯᠠᠨ | ᠮᠡᠳᠡᠭᠦᠯᠬᠦ ᠶᠢᠨ ᠬᠠᠮᠲᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠶᠢᠳᠠᠯ᠂ ᠪᠡᠯᠡ ᠲᠣᠬᠢᠷᠠᠭᠤᠯᠭ᠎ᠠ ᠶᠢᠨ ᠲᠡᠪᠴᠡᠩ | ᠪᠣᠯᠬᠤ ᠺᠤᠮᠫᠠᠨᠢ ᠶᠢᠨ ᠨᠡᠷᠡᠰ ᠪᠠ ᠥᠷᠢ ᠲᠦᠯᠦᠵᠦ ᠪᠣᠯᠬᠤ ᠬᠦᠷᠦᠩᠭᠡ ᠶᠢ ᠬᠠᠮᠲᠤ ᠳᠤᠨᠢ ᠳᠡᠭᠡᠭᠰᠢ ᠮᠡᠳᠡᠭᠦᠯᠬᠦ | ᠬᠡᠷᠡᠭᠲᠡᠢ᠃ ᠤᠤᠯ ᠤᠨ ᠥᠭᠴᠢᠭᠡ ᠠᠪᠴᠠᠭᠠᠨ ᠤ ᠬᠠᠷᠢᠴᠠᠭ᠎ᠠ ᠶᠢ ᠭᠠᠭᠴᠠ ᠲᠠᠯ᠎ᠠ ᠠᠴᠠ ᠬᠤᠪᠢᠷᠠᠭᠤᠯᠵᠤ ᠪᠣᠯᠬᠤ | ᠦᠭᠡᠢ᠂ ᠥᠷᠢ ᠲᠦᠯᠦᠬᠦ ᠬᠠᠷᠢᠭᠤᠴᠠᠯᠭ᠎ᠠ ᠶᠢ ᠪᠣᠰᠣᠳ ᠲᠤ ᠰᠢᠯᠵᠢᠭᠦᠯᠵᠦ ᠥᠭᠬᠦ ᠪᠠ ᠥᠷᠢ ᠥᠭᠴᠢᠭᠡ ᠠᠴᠠ | ᠵᠠᠶᠢᠯᠠᠵᠤ ᠬᠦᠴᠦᠨ ᠦᠭᠡᠢ ᠪᠤᠯᠭᠠᠵᠤ ᠪᠣᠯᠬᠤ ᠦᠭᠡᠢ᠂ ᠡᠯ᠎ᠡ ᠥᠷᠢ ᠥᠭᠴᠢᠭᠡ ᠶᠢᠨ ᠨᠢᠭᠡᠴᠡ ᠢᠯᠭᠠᠷᠠᠭᠤᠯᠵᠤ ᠬᠢᠨᠠᠨ | ᠬᠠᠷᠭᠤᠭᠤᠯᠤᠭᠰᠠᠨ ᠦᠷ᠎ᠡ ᠳ᠋ᠦᠩ ᠤᠨ ᠪᠦᠷᠢᠨ ᠭᠦᠢᠴᠡᠳ ᠴᠢᠨᠠᠷ᠂ ᠦᠨᠡᠨ ᠪᠤᠳᠠᠳᠤ ᠴᠢᠨᠠᠷ᠂ ᠣᠨᠣᠪᠴᠢᠲᠦ | ᠴᠢᠨᠠᠷ ᠲᠤ ᠬᠠᠷᠢᠭᠤᠴᠠᠬᠤ ᠬᠡᠷᠡᠭᠲᠡᠢ᠃ | ︵ᠲᠠᠪᠤ︶ ᠦᠷᠢᠲᠦᠭᠰᠡᠨ ᠨᠢᠭᠡᠴᠡ ᠶᠢᠨ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ | ᠥᠭᠴᠢᠭᠡ ᠶᠢ ᠢᠯᠭᠠᠷᠠᠭᠤᠯᠬᠤ᠂ ᠬᠢᠨᠠᠨ ᠬᠠᠷᠭᠤᠭᠤᠯᠬᠤ ᠪᠠ ᠬᠠᠷᠢᠭᠤᠴᠠᠬᠤ ᠠᠵᠢᠯ ᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ︔ ᠪᠠᠶᠢᠭᠤᠯᠵᠤ ᠪᠠᠶᠢᠭ᠎ᠠ ᠲᠦᠷᠦᠯ ᠵᠦᠢᠯ᠂ ᠪᠡᠯᠡ ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ | ᠪᠣᠯᠣᠨ ᠥᠷᠢ ᠲᠦᠯᠦᠵᠦ ᠪᠣᠯᠬᠤ ᠬᠦᠷᠦᠩᠭᠡ ᠶᠢ ᠪᠦᠷᠢᠳᠭᠡᠵᠦ᠂ ᠵᠠᠰᠠᠭ ᠤᠨ ᠣᠷᠳᠤᠨ ᠬᠢᠭᠡᠳ ᠨᠡᠶᠢᠭᠡᠮ ᠤᠨ ᠪᠡᠯᠡ | ᠮᠦᠩᠭᠦ ᠶᠢᠨ ᠬᠤᠷᠰᠢᠯᠴᠠᠬᠤ ᠵᠠᠭᠪᠤᠷ ︵PPP︶ ᠢ ᠦᠷᠨᠢᠭᠦᠯᠬᠦ ᠳᠤ ᠲᠣᠬᠢᠷᠠᠬᠤ ᠲᠦᠷᠦᠯ ᠵᠦᠢᠯ ᠳᠤ᠂ ᠡᠳ᠋ ᠤᠨ | ᠵᠠᠰᠠᠭ ᠤᠨ ᠰᠠᠯᠠᠭ᠎ᠠ ᠮᠦᠴᠢᠷ ᠯᠦᠭᠡ ᠵᠥᠪᠳᠡᠯᠴᠡᠭᠡᠳ᠂ PPP ᠵᠠᠭᠪᠣᠷ ᠢᠶᠠᠷ ᠳᠠᠮᠵᠢᠨ ᠵᠠᠰᠠᠭ ᠤᠨ ᠣᠷᠳᠤᠨ ᠤ | ᠴᠢᠨᠠᠷᠲᠠᠢ ᠥᠷᠢ ᠥᠭᠴᠢᠭᠡ ᠶᠢ ᠨᠢ ᠠᠵᠤ ᠠᠬᠤᠶᠢᠯᠠᠯ ᠤᠨ ᠥᠷᠢ ᠥᠭᠴᠢᠭᠡ ᠪᠣᠯᠭᠠᠨ ᠬᠤᠪᠢᠷᠠᠭᠤᠯᠵᠤ᠂ ᠳᠠᠬᠢᠵᠤ | ᠵᠠᠰᠠᠭ ᠤᠨ ᠣᠷᠳᠤᠨ ᠤ ᠥᠷᠢ ᠥᠭᠴᠢᠭᠡ ᠳᠤ ᠣᠷᠤᠭᠤᠯᠬᠤ ᠦᠭᠡᠢ︔ ᠲᠣᠭᠲᠠᠭᠰᠠᠨ ᠬᠤᠭᠤᠴᠠᠭᠠᠨ ᠳᠤᠲᠤᠷ᠎ᠠ | ᠬᠤᠯᠪᠣᠭᠳᠠᠯ ᠪᠦᠬᠦᠢ ᠪᠠᠶᠢᠳᠠᠯ ᠢ ᠪᠢᠴᠢᠭᠯᠡᠭᠰᠡᠨ ᠬᠡᠯᠪᠡᠷᠢ ᠪᠠᠷ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠲᠤ ᠮᠡᠳᠡᠭᠦᠯᠬᠦ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠤᠨ ᠤ ᠴᠢᠨᠠᠷᠲᠠᠢ ᠥᠷᠢ | ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠬᠠᠷᠢᠭᠤᠴᠠᠨ᠎ᠠ᠃ ᠦᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢ ᠪᠦᠬᠦ ᠲᠠᠯ᠎ᠠ ᠪᠠᠷ | ᠢᠯᠭᠠᠷᠠᠭᠤᠯᠬᠤ ᠶᠢ ᠬᠠᠷᠢᠭᠤᠴᠠᠵᠤ᠂ ᠨᠢᠭᠡ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ ᠬᠠᠷᠢᠶ᠎ᠠ ᠪᠡᠯᠡ | ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ᠂ ᠪᠠᠶᠢᠭᠤᠯᠵᠤ ᠪᠠᠶᠢᠭ᠎ᠠ ᠲᠦᠷᠦᠯ ᠵᠦᠢᠯ ᠵᠢᠴᠢ ᠥᠷᠢ ᠲᠦᠯᠦᠵᠦ | ᠪᠣᠯᠬᠤ ᠡᠳ᠋ ᠬᠦᠷᠦᠩᠭᠡ ᠵᠡᠷᠭᠡ ᠪᠠᠶᠢᠳᠠᠯ ᠢ ᠪᠦᠷᠢᠳᠭᠡᠵᠦ᠂ ᠬᠡᠷᠪᠡ ᠪᠠᠶᠢᠭᠤᠯᠵᠤ ᠪᠠᠶᠢᠭ᠎ᠠ ᠲᠦᠷᠦᠯ ᠵᠦᠢᠯ ᠪᠠ | ᠮᠠᠷᠭᠤᠭᠠᠨ ᠲᠠᠢ ᠥᠷᠢ ᠥᠭᠴᠢᠭᠡ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠪᠣᠯᠣᠨ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠶᠠᠷ ᠲᠤᠰ | ᠲᠤᠰ ᠲᠤᠨᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠭᠲᠠᠭᠰᠠᠨ ᠬᠤᠭᠤᠴᠠᠭᠠᠨ ᠳᠣᠲᠤᠷ᠎ᠠ ᠪᠢᠴᠢᠭᠯᠡᠭᠰᠡᠨ | ᠮᠠᠲ᠋ᠧᠷᠢᠶᠠᠯ ᠤᠨ ᠬᠡᠯᠪᠡᠷᠢ ᠪᠠᠷ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ | ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠨᠠᠨ ᠪᠠᠶᠢᠴᠠᠭᠠᠭᠰᠠᠨ ᠤ ᠳᠠᠷᠠᠭ᠎ᠠ᠂ | ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠤᠨ ᠠᠴᠠ ᠲᠦᠯᠦᠬᠦ ᠬᠠᠷᠢᠭᠤᠴᠠᠯᠭ᠎ᠠ ᠲᠠᠢ | ᠥᠷᠢ ᠥᠭᠴᠢᠭᠡ ᠶᠢ ᠵᠠᠰᠠᠭ ᠤᠨ ᠣᠷᠳᠤᠨ ᠤ ᠴᠢᠨᠠᠷᠲᠠᠢ ᠡᠩ ᠤᠨ ᠥᠷᠢ ᠥᠭᠴᠢᠭᠡ ᠪᠣᠯᠣᠨ ᠵᠠᠰᠠᠭ ᠤᠨ ᠣᠷᠳᠤᠨ ᠤ | ᠲᠤᠰᠬᠠᠢ ᠵᠦᠢᠯ ᠤᠨ ᠥᠷᠢ ᠥᠭᠴᠢᠭᠡ ᠭᠡᠵᠦ ᠬᠢᠨᠠᠨ ᠲᠤᠳᠤᠯᠠᠵᠤ᠂ ᠪᠦᠬᠦ ᠣᠷᠣᠨ ᠤ ᠵᠠᠰᠠᠭ ᠤᠨ ᠣᠷᠳᠤᠨ ᠤ | ᠴᠢᠨᠠᠷᠲᠠᠢ ᠦᠯᠡᠳᠡᠭᠡᠯ ᠥᠷᠢ ᠥᠭᠴᠢᠭᠡ ᠶᠢᠨ ᠢᠯᠭᠠᠷᠠᠭᠤᠯᠵᠤ ᠬᠢᠨᠠᠨ ᠲᠤᠳᠤᠯᠠᠭᠰᠠᠨ ᠦᠷ᠎ᠡ ᠳ᠋ᠦᠩ ᠳᠤ | ᠬᠤᠷᠢᠶᠠᠩᠭᠤᠶᠢᠯᠠᠨ ᠣᠷᠣᠭᠤᠯᠬᠤ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠲᠤᠰ ᠵᠠᠰᠠᠭ ᠵᠠᠬᠢᠷᠭᠠᠨ ᠤ ᠣᠷᠣᠨ ᠤ | ᠲᠤᠳᠤᠷᠠᠬᠢ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ | ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠠᠴᠠ ᠲᠤᠰ ᠱᠠᠲᠤᠨ ᠤ | ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠢ | ᠬᠠᠷᠢᠭᠤᠴᠠᠬᠤ ᠶᠢᠨ ᠬᠠᠮᠲᠤ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠤᠨ ᠤ | ᠴᠢᠨᠠᠷᠲᠠᠢ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠣᠳᠣᠯᠠᠬᠤ ᠠᠵᠢᠯ ᠤᠨ ᠵᠣᠬᠢᠶᠠᠨ ᠪᠠᠶᠢᠭᠤᠯᠬᠤ᠂ | ᠵᠢᠯᠤᠭᠤᠳᠬᠤ ᠪᠠ ᠬᠢᠨᠠᠨ ᠬᠠᠷᠭᠤᠭᠤᠯᠬᠤ ᠬᠤᠷᠢᠶᠠᠩᠭᠤᠶᠢᠯᠠᠬᠤ ᠠᠵᠢᠯ ᠢ ᠴᠢᠩᠭᠠᠳᠬᠠᠬᠤ ᠬᠡᠷᠡᠭᠲᠡᠢ︔ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠲᠤᠰ ᠱᠠᠲᠤᠨ ᠤ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ | ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠣᠳᠣᠯᠠᠬᠤ ᠠᠵᠢᠯ ᠢ ᠬᠠᠷᠢᠭᠤᠴᠠᠬᠤ ᠶᠢᠨ ᠬᠠᠮᠲᠤ᠂ ᠬᠠᠷᠢᠶ᠎ᠠ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ | ᠲᠣᠳᠤᠯᠠᠬᠤ ᠠᠵᠢᠯ ᠤᠨ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ | ᠠᠵᠢᠯ ᠢ ᠴᠢᠩᠭᠠᠳᠬᠠᠬᠤ ᠬᠡᠷᠡᠭᠲᠡᠢ᠃ | ᠳᠥᠷᠪᠠ᠂ ᠠᠵᠢᠯ ᠤᠨ ᠠᠯᠬᠤᠮ ᠳᠠᠷᠠᠭ᠎ᠠ | ︵ᠨᠢᠭᠡ︶ ᠤᠬᠠᠭᠤᠯᠤᠨ ᠳᠠᠶᠢᠴᠢᠯᠠᠬᠤ ᠱᠠᠲᠤ ᠦᠶ᠎ᠡ᠃ ᠵᠠᠰᠠᠭ ᠤᠨ ᠣᠷᠳᠤᠨ ᠤ ᠴᠢᠨᠠᠷᠲᠠᠢ | ᠦᠯᠡᠳᠡᠭᠡᠯ ᠥᠷᠢ ᠥᠭᠴᠢᠭᠡ ᠶᠢ ᠢᠯᠭᠠᠷᠠᠭᠤᠯᠤᠨ ᠬᠢᠨᠠᠨ ᠲᠣᠳᠤᠯᠠᠵᠤ ᠤᠬᠠᠭᠤᠯᠬᠤ ᠵᠡᠷᠭᠡ ᠠᠵᠢᠯ ᠢ ᠰᠠᠶᠢᠲᠤᠷ ᠬᠢᠵᠦ | ᠂ ᠵᠠᠭᠤᠴᠢᠯᠠᠭᠤᠷ ᠢᠶᠠᠷ ᠤᠬᠠᠭᠤᠯᠬᠤ᠂ ᠪᠣᠯᠪᠠᠰᠤᠷᠠᠭᠤᠯᠤᠯ ᠤᠨ ᠠᠩᠭᠢ ᠡᠷᠬᠢᠯᠡᠬᠦ ᠵᠡᠷᠭᠡ ᠬᠡᠯᠪᠡᠷᠢ ᠪᠠᠷ ᠳᠠᠮᠵᠢᠨ᠂ | ᠤᠬᠠᠭᠤᠯᠤᠨ ᠳᠠᠶᠢᠴᠢᠯᠠᠬᠤ ᠪᠠ ᠲᠣᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠡᠷᠬᠢᠯᠡᠬᠦ ᠵᠡᠷᠭᠡ ᠠᠵᠢᠯ ᠢ ᠰᠠᠶᠢᠲᠤᠷ | ᠬᠢᠬᠦ ᠬᠡᠷᠡᠭᠲᠡᠢ᠃ | ︵ᠬᠤᠶᠠᠷ︶ ᠢᠯᠭᠠᠷᠠᠭᠤᠯᠵᠤ ᠬᠢᠨᠠᠨ ᠲᠤᠳᠤᠯᠠᠬᠤ ᠱᠠᠲᠤ ᠦᠶ᠎ᠡ᠃ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠪᠠ ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ | ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠢᠶᠠᠨ 2014 ᠣᠨ ᠤ 10 ᠳ᠋ᠤᠭᠠᠷ ᠰᠠᠷ᠎ᠠ ᠶᠢᠨ 31 ᠤ | ᠡᠳᠦᠷ ᠪᠣᠯᠳᠠᠯᠠᠬᠢ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠬᠦᠳᠡᠯᠭᠡᠬᠦ ᠦᠭᠡᠢ | ᠪᠣᠯᠣᠭᠰᠠᠨ ᠤ ᠳᠠᠷᠠᠭ᠎ᠠ ᠬᠢᠨᠠᠨ ᠬᠠᠷᠭᠤᠭᠤᠯᠵᠤ᠂ ᠢᠯᠭᠠᠷᠠᠭᠤᠯᠤᠨ ᠬᠢᠨᠠᠨ ᠲᠤᠳᠤᠯᠠᠵᠤ᠂ ᠪᠡᠯᠡ ᠲᠣᠬᠢᠷᠠᠭᠤᠯᠭ᠎ᠠ ᠶᠢᠨ | ᠲᠡᠪᠴᠡᠩ ᠪᠣᠯᠬᠤ ᠺᠤᠮᠫᠠᠨᠢ᠂ ᠪᠠᠶᠢᠭᠤᠯᠵᠤ ᠪᠠᠶᠢᠭ᠎ᠠ ᠲᠦᠷᠦᠯ ᠵᠦᠢᠯ ᠪᠣᠯᠣᠨ ᠥᠷᠢ ᠲᠦᠯᠦᠵᠦ ᠪᠣᠯᠬᠤ ᠡᠳ᠋ | ᠬᠦᠷᠦᠩᠭᠡ ᠶᠢ ᠪᠦᠷᠢᠳᠭᠡᠬᠦ ᠬᠡᠷᠡᠭᠲᠡᠢ︔ 2014 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ | ᠰᠠᠷ᠎ᠠ ᠶᠢᠨ 31 ᠤ ᠡᠳᠦᠷ ᠪᠣᠯᠲᠠᠯᠠᠬᠢ ᠲᠣᠭᠲᠠᠭᠠᠯ ᠳᠤ ᠨᠡᠶᠢᠴᠡᠬᠦ ᠰᠢᠨ᠎ᠡ ᠪᠠᠷ ᠪᠣᠢ ᠪᠣᠯᠣᠭᠰᠠᠨ ᠵᠠᠰᠠᠭ ᠤᠨ | ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠬᠢᠨᠠᠨ ᠪᠤᠳᠤᠬᠤ ᠲᠦᠷᠦᠯᠵᠢᠯ᠂ ᠡᠩ ᠤᠨ ᠥᠷᠢ ᠥᠭᠴᠢᠭᠡ | ᠪᠣᠯᠣᠨ ᠲᠤᠰᠬᠠᠢ ᠵᠦᠢᠯ ᠤᠨ ᠥᠷᠢ ᠥᠭᠴᠢᠭᠡ ᠶᠢᠨ ᠲᠦᠷᠦᠯ ᠢᠯᠭᠠᠯ ᠤᠨ ᠶᠤᠰᠤᠭᠠᠷ ᠢᠯᠭᠠᠷᠠᠭᠤᠯᠤᠨ ᠬᠢᠨᠠᠨ | ᠲᠤᠳᠤᠯᠠᠭᠰᠠᠨ ᠤ ᠳᠠᠷᠠᠭ᠎ᠠ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠢᠶᠠᠨ ᠦᠯᠡᠳᠡᠭᠡᠯ ᠥᠷᠢ | ᠥᠭᠴᠢᠭᠡ ᠶᠢᠨ ᠢᠯᠭᠠᠷᠠᠭᠤᠯᠵᠤ ᠬᠢᠨᠠᠨ ᠲᠤᠳᠤᠯᠠᠭᠰᠠᠨ ᠦᠷ᠎ᠡ ᠳ᠋ᠦᠩ ᠳᠤ ᠰᠢᠭᠤᠳ ᠬᠤᠷᠢᠶᠠᠩᠭᠤᠶᠢᠯᠠᠨ | ᠣᠷᠤᠭᠤᠯᠤᠨ᠎ᠠ᠃ | ︵ᠭᠤᠷᠪᠠ︶ ᠳᠠᠬᠢᠨ ᠬᠢᠨᠠᠭᠤᠯᠵᠤ ᠳᠡᠭᠡᠭᠰᠢ ᠮᠡᠳᠡᠭᠦᠯᠬᠦ ᠱᠠᠲᠤ ᠦᠶ᠎ᠡ᠃ ᠡᠯ᠎ᠡ ᠬᠤᠰᠢᠭᠤ ᠰᠢᠶᠠᠨ ︵ | ᠬᠤᠲᠠ᠂ ᠲᠤᠭᠤᠷᠢᠭ︶ ᠡᠷᠬᠡᠪᠰᠢ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠣᠷᠣᠨ | ᠨᠤᠲᠤᠭ ᠤᠨ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ ᠲᠣᠳᠤᠯᠠᠭᠰᠠᠨ ᠦᠷ᠎ᠡ ᠳ᠋ᠦᠩ ᠢ ᠬᠠᠷᠢᠶ᠎ᠠ | ᠠᠶᠢᠮᠠᠭ ᠬᠤᠲᠠ ᠳᠠᠭᠠᠨ ᠮᠡᠳᠡᠭᠦᠯᠬᠦ ᠬᠡᠷᠡᠭᠲᠡᠢ︔ ᠡᠯ᠎ᠡ ᠠᠶᠢᠮᠠᠭ ᠬᠤᠲᠠ ᠡᠷᠬᠡᠪᠰᠢ 12 ᠳ᠋ᠤᠭᠠᠷ ᠰᠠᠷ᠎ᠠ ᠶᠢᠨ 24 ᠤ | ᠡᠳᠦᠷ ᠠᠴᠠ ᠡᠮᠦᠨ᠎ᠡ ᠢᠯᠭᠠᠷᠠᠭᠤᠯᠵᠤ ᠬᠢᠨᠠᠨ ᠲᠤᠳᠤᠯᠠᠭᠰᠠᠨ ᠦᠷ᠎ᠡ ᠳ᠋ᠦᠩ ᠳᠤ ︵ᠨᠢᠭᠡ ᠶᠠᠩᠵᠤ ᠶᠢᠨ ᠳᠥᠷᠪᠡᠨ | ᠬᠤᠪᠢ︶ ᠳᠠᠬᠢᠨ ᠬᠢᠨᠠᠯᠲᠠ ᠬᠢᠵᠦ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ | ᠬᠡᠷᠡᠭᠲᠡᠢ︔ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠦᠴᠢᠷ ᠤᠳ 12 ᠳ᠋ᠤᠭᠠᠷ ᠰᠠᠷ᠎ᠠ ᠶᠢᠨ | 18 ᠤ ᠡᠳᠦᠷ ᠠᠴᠠ ᠡᠮᠦᠨ᠎ᠡ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢᠨ ᠢᠯᠭᠠᠷᠠᠭᠤᠯᠵᠤ ᠬᠢᠨᠠᠨ | ᠲᠤᠳᠤᠯᠠᠭᠰᠠᠨ ᠦᠷ᠎ᠡ ᠳ᠋ᠦᠩ ︵ᠨᠢᠭᠡ ᠶᠠᠩᠵᠤ ᠶᠢᠨ ᠳᠥᠷᠪᠡᠨ ᠬᠤᠪᠢ︶ ᠢ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠢ︔ 2014 ᠣᠨ ᠤ 12 ᠳ᠋ᠤᠭᠠᠷ ᠰᠠᠷ᠎ᠠ ᠶᠢᠨ 18 ᠤ | ᠡᠳᠦᠷ ᠠᠴᠠ 2015 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ᠂ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠵᠠᠰᠠᠭ ᠤᠨ | ᠣᠷᠳᠤᠨ ᠤ ᠴᠢᠨᠠᠷᠲᠠᠢ ᠥᠷᠢ ᠥᠭᠴᠢᠭᠡ ᠶᠢᠨ ᠢᠯᠭᠠᠷᠠᠭᠤᠯᠵᠤ ᠬᠢᠨᠠᠨ ᠲᠤᠳᠤᠯᠠᠭᠰᠠᠨ ᠦᠷ᠎ᠡ ᠳ᠋ᠦᠩ ᠳᠤ ᠳᠠᠬᠢᠨ | ᠬᠢᠨᠠᠯᠲᠠ ᠬᠢᠵᠦ᠂ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠶᠠᠷ ᠬᠢᠨᠠᠨ ᠪᠣᠳᠣᠭᠤᠯᠵᠤ | ᠳᠤᠳᠤᠯᠠᠭᠤᠯᠤᠬᠰᠠᠨ ᠤ ᠳᠠᠷᠠᠭ᠎ᠠ᠂ 2015 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠠᠴᠠ ᠡᠮᠦᠨ᠎ᠡ ᠡᠳ᠋ ᠤᠨ | ᠵᠠᠰᠠᠭ ᠤᠨ ᠶᠠᠮᠤᠨ ᠳᠤ ᠮᠡᠳᠡᠭᠦᠯᠬᠦ ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠪᠠᠨ ᠨᠢᠭᠡᠳᠭᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠪᠦᠬᠦ ᠲᠠᠯ᠎ᠠ ᠪᠠᠷ ᠢᠯᠭᠠᠷᠠᠭᠤᠯᠤᠨ ᠬᠢᠨᠠᠨ | ᠲᠤᠳᠤᠯᠠᠵᠤ᠂ ᠥᠷᠢ ᠥᠭᠴᠢᠭᠡ ᠶᠢᠨ ᠬᠡᠪᠴᠢᠶ᠎ᠠ᠂ ᠪᠦᠲᠦᠴᠡ ᠶᠢ ᠲᠤᠳᠤᠷᠬᠠᠢ ᠣᠶᠢᠯᠠᠭᠠᠨ᠂ ᠪᠡᠯᠡ | ᠲᠣᠬᠢᠷᠠᠭᠤᠯᠭ᠎ᠠ ᠶᠢᠨ ᠲᠡᠪᠴᠡᠩ ᠪᠣᠯᠬᠤ ᠺᠤᠮᠫᠠᠨᠢ ᠪᠣᠯᠣᠨ ᠪᠠᠶᠢᠭᠤᠯᠵᠤ ᠪᠠᠶᠢᠭ᠎ᠠ ᠲᠦᠷᠦᠯ ᠵᠦᠢᠯ ᠢ ᠪᠦᠷᠢᠳᠭᠡᠬᠦ ᠨᠢ᠂ | ᠵᠠᠰᠠᠭ ᠤᠨ ᠣᠷᠳᠤᠨ ᠤ ᠥᠷᠢ ᠥᠭᠴᠢᠭᠡ ᠶᠢ ᠪᠦᠬᠦ ᠲᠦᠷᠦᠯᠵᠢᠯ ᠤᠨ ᠲᠦᠰᠦᠪ ᠤᠨ ᠬᠠᠮᠢᠶᠠᠷᠤᠯᠲᠠ ᠳᠤ ᠲᠦᠷᠦᠯ | ᠢᠯᠭᠠᠯ ᠲᠠᠢ ᠣᠷᠣᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠳᠤ ᠲᠤᠰᠠᠲᠠᠢ ᠪᠠᠶᠢᠵᠤ᠂ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠨᠤᠭᠤᠳ ᠪᠠᠶᠢᠳᠠᠯ ᠢ ᠣᠨᠣᠪᠴᠢᠲᠠᠢ ᠡᠵᠡᠮᠰᠢᠵᠦ᠂ ᠲᠥᠭᠰᠢᠭᠦᠷᠢ ᠶᠢ ᠰᠤᠳᠤᠯᠤᠨ | ᠮᠠᠭᠠᠳᠯᠠᠬᠤ ᠳᠤ ᠲᠤᠰᠠᠲᠠᠢ ᠪᠠᠶᠢᠵᠤ᠂ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠲᠤᠰᠠᠲᠠᠢ ᠪᠠᠶᠢᠵᠤ᠂ ᠯᠠᠪᠳᠠᠭᠤᠨ ᠢᠶᠠᠷ ᠨᠡᠮᠡᠭᠳᠡᠭᠦᠯᠦᠨ | ᠂ ᠲᠥᠭᠰᠢᠭᠦᠷᠢ ᠶᠢ ᠬᠢᠵᠠᠭᠠᠷᠯᠠᠬᠤ᠂ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠬᠤ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠤᠰ | ᠵᠦᠢᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠦᠬᠦ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ | ᠪᠣᠢ ᠪᠣᠯᠭᠠᠨ᠂ ᠳᠡᠭᠡᠳᠦ ᠬᠡᠮᠵᠢᠶᠠᠨ ᠤ ᠤᠯᠤᠰ ᠲᠦᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠬᠦᠴᠢᠷ ᠢ ᠳᠠᠪᠠᠨ | ᠪᠡᠷᠬᠡ ᠶᠢ ᠢᠯᠠᠵᠤ᠂ ᠡᠭᠦᠷᠭᠡ ᠪᠠᠨ ᠱᠠᠭᠠᠷᠳᠠᠯᠭ᠎ᠠ ᠶᠤᠰᠤᠭᠠᠷ ᠴᠢᠨᠠᠷᠯᠢᠭ ᠦᠨᠳᠦᠷ ᠪᠦᠲᠦᠮᠵᠢᠲᠡᠢ ᠪᠠᠷ ᠪᠡᠶᠡᠯᠡᠭᠦᠯᠬᠦ | ᠬᠡᠷᠡᠭᠲᠡᠢ᠃ | ︵ᠬᠤᠶᠠᠷ︶ ᠨᠢᠮᠪᠠᠢ ᠵᠣᠬᠢᠶᠠᠨ ᠪᠠᠶᠢᠭᠤᠯᠵᠤ᠂ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ᠲᠤᠰ ᠤᠳᠠᠭᠠᠨ ᠤ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠵᠤ ᠬᠢᠨᠠᠨ | ᠲᠤᠳᠤᠯᠠᠬᠤ ᠠᠵᠢᠯ ᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠨᠢᠭᠡᠲᠦᠯᠲᠡᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠯ᠎ᠡ ᠠᠶᠢᠮᠠᠬ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠡᠳ᠋ ᠲᠦᠰᠦᠪ ﹇2014﹈ 351 ᠳ᠋ᠦ᠋ᠭᠡᠷ ᠲᠣᠭᠠᠲᠤ ᠶᠢᠨ ᠬᠠᠮᠢᠶ᠎ᠠ | ᠪᠦᠬᠦᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ | ᠥᠷᠢ ᠥᠭᠴᠢᠭᠡ ᠶᠢᠨ ᠢᠯᠭᠠᠷᠠᠭᠤᠯᠤᠨ ᠬᠢᠨᠠᠨ ᠲᠤᠳᠤᠯᠠᠭᠰᠠᠨ ᠪᠠᠶᠢᠳᠠᠯ ᠢ ᠦᠨᠡᠨ ᠪᠤᠳᠠᠳᠠᠢ᠂ ᠪᠦᠬᠦ ᠲᠠᠯ᠎ᠠ ᠪᠠᠷ | ᠮᠡᠳᠡᠭᠦᠯᠦᠨ᠂ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠬᠠᠮᠵᠢᠯᠴᠠᠭ᠎ᠠ ᠶᠢ ᠴᠢᠩᠭᠠᠳᠬᠠᠵᠤ᠂ ᠴᠠᠭ ᠲᠣᠬᠠᠢ ᠳᠤᠨᠢ ᠬᠠᠷᠢᠯᠴᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠳ᠋ ᠤᠨ ᠵᠠᠰᠠᠭ ᠤᠨ ᠰᠠᠯᠠᠭ᠎ᠠ ᠮᠦᠴᠢᠷ ᠢ ᠢᠳᠡᠪᠬᠢᠯᠡᠨ | ᠳᠡᠮᠵᠢᠵᠦ᠂ ᠬᠠᠮᠵᠢᠯᠴᠠᠵᠤ ᠪᠠᠶᠢᠭᠠᠳ ᠢᠯᠭᠠᠷᠠᠭᠤᠯᠵᠤ ᠬᠢᠨᠠᠨ ᠲᠤᠳᠤᠯᠠᠬᠤ ᠠᠵᠢᠯ ᠢ ᠰᠠᠶᠢᠲᠤᠷ ᠬᠢᠵᠦ᠂ ᠦᠨᠡᠨ | ᠪᠤᠳᠠᠳᠠᠢ᠂ ᠪᠦᠷᠢᠨ ᠭᠦᠢᠴᠡᠳ ᠮᠠᠲ᠋ᠧᠷᠢᠶᠠᠯ᠂ ᠲᠤᠭ᠎ᠠ ᠪᠠᠷᠢᠮᠲᠠ ᠪᠠ ᠪᠠᠶᠢᠳᠠᠯ ᠢ ᠬᠠᠩᠭᠠᠬᠤ ᠬᠡᠷᠡᠭᠲᠡᠢ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ︵ᠬᠤᠰᠢᠭᠤ ᠰᠢᠶᠠᠨ ᠤ ᠱᠠᠲᠤ ᠶᠢ ᠪᠠᠭᠲᠠᠭᠠᠨ᠎ᠠ︶ ᠡᠯ᠎ᠡ ᠰᠠᠯᠠᠭ᠎ᠠ | ᠮᠦᠴᠢᠷ ᠤᠳ ᠲᠤᠰ ᠰᠠᠯᠠᠭ᠎ᠠ ᠮᠦᠴᠢᠷ ᠬᠢᠭᠡᠳ ᠲᠡᠭᠦᠨ ᠤ ᠬᠠᠷᠢᠶ᠎ᠠ ᠨᠢᠭᠡᠴᠡ ᠶᠢ ᠨᠢᠭᠡᠲᠦᠯᠲᠡᠢ ᠵᠣᠬᠢᠶᠠᠨ ᠪᠠᠶᠢᠭᠤᠯᠤᠨ | ᠵᠠᠰᠠᠭ ᠤᠨ ᠣᠷᠳᠤᠨ ᠤ ᠴᠢᠨᠠᠷᠲᠠᠢ ᠦᠯᠡᠳᠡᠭᠡᠯ ᠥᠷᠢ ᠥᠭᠴᠢᠭᠡ ᠶᠢ ᠢᠯᠭᠠᠷᠠᠭᠤᠯᠤᠨ ᠪᠠᠶᠢᠴᠠᠭᠠᠬᠤ ᠶᠢ ᠬᠠᠷᠢᠭᠤᠴᠠᠬᠤ | ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠬᠢᠭᠡᠳ ᠲᠡᠭᠦᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠬᠤ | ᠬᠡᠷᠡᠭᠲᠡᠢ᠃ | ︵ᠳᠥᠷᠪᠠ︶ ᠪᠣᠳᠠᠳᠠᠢ ᠨᠠᠷᠢᠯᠢᠬ ᠠᠳᠬᠤᠵᠤ᠂ ᠦᠴᠦᠬᠡᠨ ᠴᠦ ᠣᠷᠬᠢᠭᠳᠠᠭᠤᠯᠵᠤ ᠪᠣᠯᠬᠤ ᠦᠭᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠢᠭᠡ ᠶᠢᠨ | 2013 ᠣᠨ ᠤ ᠬᠢᠨᠠᠨ ᠪᠤᠳᠤᠭᠰᠠᠨ ᠦᠷ᠎ᠡ ᠳ᠋ᠦᠩ ᠤᠨ ᠰᠠᠭᠤᠷᠢᠨ ᠳᠡᠭᠡᠷ᠎ᠡ᠂ ᠲᠤᠰ ᠭᠠᠵᠠᠷ ᠣᠷᠣᠨ᠂ ᠲᠤᠰ | ᠰᠠᠯᠠᠭ᠎ᠠ ᠮᠦᠴᠢᠷ ᠤᠨ ᠢᠶᠠᠨ 2013 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠬᠤᠶᠢᠰᠢ ᠰᠢᠨ᠎ᠡ ᠪᠠᠷ | ᠪᠣᠢ ᠪᠣᠯᠣᠭᠰᠠᠨ ᠥᠷᠢ ᠥᠭᠴᠢᠭᠡ ᠶᠢ᠂ ᠨᠢᠭᠡ ᠨᠢᠭᠡ ᠪᠠᠷ ᠢᠯᠭᠠᠯ ᠲᠠᠢ ᠬᠢᠨᠠᠨ ᠬᠠᠷᠭᠤᠭᠤᠯᠵᠤ᠂ ᠣᠷᠬᠢᠭᠳᠠᠭᠤᠯᠵᠤ | ᠪᠣᠯᠬᠤ ᠦᠭᠡᠢ᠃ ᠵᠠᠰᠠᠭ ᠤᠨ ᠣᠷᠳᠤᠨ ᠬᠢᠭᠡᠳ ᠨᠡᠶᠢᠭᠡᠮ ᠤᠨ ᠡᠳ᠋ ᠬᠦᠷᠦᠩᠭᠡ ᠬᠤᠷᠰᠢᠯᠴᠠᠬᠤ ᠵᠠᠭᠪᠣᠷ ᠢᠶᠠᠷ | ᠳᠠᠮᠵᠢᠨ ᠠᠵᠤ ᠠᠬᠤᠶᠢᠯᠠᠯ ᠤᠨ ᠥᠷᠢ ᠥᠭᠴᠢᠭᠡ ᠪᠣᠯᠭᠠᠨ ᠬᠤᠪᠢᠷᠠᠭᠤᠯᠵᠤ ᠳᠡᠶᠢᠯᠬᠦ ᠶᠢ ᠨᠢ᠂ ᠵᠠᠰᠠᠭ ᠤᠨ | ᠣᠷᠳᠤᠨ ᠤ ᠥᠷᠢ ᠥᠭᠴᠢᠭᠡ ᠶᠢᠨ ᠬᠡᠪᠴᠢᠶᠠᠨ ᠳᠤ ᠳᠠᠬᠢᠵᠤ ᠣᠷᠤᠭᠤᠯᠬᠤ ᠦᠭᠡᠢ᠃ ᠮᠠᠷᠭᠤᠭᠠᠨ ᠲᠠᠢ ᠦᠯᠡᠳᠡᠭᠡᠯ | ᠥᠷᠢ ᠥᠭᠴᠢᠭᠡ ᠶᠢᠨ ᠲᠤᠭ᠎ᠠ ᠪᠠᠷᠢᠮᠲᠠ ᠶᠢ ᠪᠣᠯ᠂ ᠠᠳᠠᠯᠢ ᠱᠠᠲᠤᠨ ᠤ ᠬᠢᠨᠠᠨ ᠪᠤᠳᠤᠬᠤ ᠰᠠᠯᠠᠭ᠎ᠠ ᠮᠦᠴᠢᠷ ᠢᠶᠠᠷ | ᠬᠢᠨᠠᠨ ᠪᠤᠳᠤᠬᠤ ᠰᠠᠨᠠᠯ ᠳᠤᠷᠠᠳᠤᠭᠤᠯᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠦᠨ | ᠲᠣᠭᠲᠠᠭᠠᠯᠭᠠᠬᠤ ᠬᠡᠷᠡᠭᠲᠡᠢ᠃ ᠪᠠᠶᠢᠵᠤ ᠮᠡᠳᠡᠬᠦ ᠥᠷᠢ ᠥᠭᠴᠢᠭᠡ ᠶᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠯᠲᠠ ᠶᠢᠨ ᠬᠠᠤᠯᠢ︾ ᠪᠠ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠰᠦᠪ ᠤᠨ ᠬᠠᠤᠯᠢ︾ ᠶᠢᠨ ᠬᠤᠯᠪᠤᠭᠳᠠᠯ ᠪᠦᠬᠦᠢ | ᠲᠣᠭᠲᠠᠭᠠᠯ ᠶᠤᠰᠤᠭᠠᠷ᠂ ᠪᠦᠲᠦᠮᠵᠢᠲᠡᠢ ᠳᠠᠭᠠᠭᠠᠯᠲᠠ ᠪᠣᠯᠣᠨ ᠬᠦᠴᠦᠨ ᠦᠭᠡᠢ ᠳᠠᠭᠠᠭᠠᠯᠲᠠ ᠭᠡᠵᠦ ᠲᠣᠳᠤᠷᠬᠠᠢ | ᠢᠯᠭᠠᠵᠤ᠂ ᠬᠠᠤᠯᠢ ᠲᠣᠭᠲᠠᠭᠠᠯ ᠳᠤ ᠨᠡᠶᠢᠴᠡᠭᠰᠡᠨ ᠳᠠᠭᠠᠭᠠᠯᠲᠠᠳᠤ ᠥᠷᠢ ᠥᠭᠴᠢᠭᠡ ᠶᠢ᠂ ᠪᠠᠶᠢᠵᠤ ᠮᠡᠳᠡᠬᠦ ᠥᠷᠢ | ᠥᠭᠴᠢᠭᠡ ᠶᠢᠨ ᠬᠡᠪᠴᠢᠶᠡᠨ ᠳᠤ ᠬᠢᠨᠠᠨ ᠪᠤᠳᠤᠬᠤ ᠲᠦᠷᠦᠯᠵᠢᠯ ᠤᠨ ᠶᠣᠰᠤᠭᠠᠷ ᠣᠷᠣᠭᠤᠯᠬᠤ ᠬᠡᠷᠡᠭᠲᠡᠢ︔ | ᠬᠤᠭᠤᠴᠠᠭ᠎ᠠ ᠠᠴᠠ ᠪᠠᠨ ᠬᠡᠲᠦᠷᠡᠭᠰᠡᠨ ᠳᠠᠭᠠᠭᠠᠯᠲᠠ ᠪᠠ ᠬᠦᠴᠦᠨ ᠦᠭᠡᠢ ᠳᠠᠭᠠᠭᠠᠯᠲᠠ ᠶᠢ ᠴᠠᠭ ᠲᠤᠬᠠᠢ ᠳᠤᠨᠢ | ᠢᠯᠭᠠᠷᠠᠭᠤᠯᠵᠤ᠂ ᠲᠣᠬᠢᠲᠠᠢ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠤᠨ ᠬᠢᠭᠡᠳ ᠠᠵᠤ ᠠᠬᠤᠶᠢᠯᠠᠯ ᠤᠨ ᠥᠷᠢ | ᠥᠭᠴᠢᠭᠡ ᠲᠦᠯᠦᠬᠦ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠠᠵᠤ ᠠᠬᠤᠶᠢᠯᠠᠯ ᠤᠨ ᠥᠷᠢ ᠥᠭᠴᠢᠭᠡ ᠶᠢ | ᠵᠠᠰᠠᠭ ᠤᠨ ᠣᠷᠳᠤᠨ ᠳᠤ ᠲᠦᠯᠬᠢᠨ ᠥᠭᠴᠦ ᠲᠦᠯᠦᠭᠦᠯᠵᠦ ᠪᠣᠯᠬᠤ ᠦᠭᠡᠢ︔ ᠵᠠᠰᠠᠭ ᠤᠨ ᠣᠷᠳᠤᠨ ᠠᠴᠠ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠦᠨᠡᠨᠬᠦ ᠴᠢᠬᠤᠯᠠᠲᠠᠢ ᠪᠣᠯ᠂ ᠠᠳᠠᠯᠢ ᠱᠠᠲᠤᠨ ᠤ ᠬᠢᠨᠠᠨ ᠪᠤᠳᠤᠬᠤ ᠰᠠᠯᠠᠭ᠎ᠠ | ᠮᠦᠴᠢᠷ ᠠᠴᠠ ᠬᠢᠨᠠᠨ ᠪᠤᠳᠤᠬᠤ ᠰᠠᠨᠠᠯ ᠳᠤᠷᠠᠳᠬᠤ ᠶᠢᠨ ᠬᠠᠮᠲᠤ ᠵᠣᠬᠢᠬᠤ ᠡᠳ᠋ ᠬᠦᠷᠦᠩᠭᠡ ᠪᠣᠶᠣ ᠲᠦᠷᠦᠯ ᠵᠦᠢᠯ ᠢ | ᠬᠠᠮᠲᠤ ᠳᠤᠨᠢ ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ |