ᠥᠪᠥᠷ ᠵᠠᠰᠠᠭ ᠠᠯᠪᠠᠨ ᠥᠰᠥᠭ ﹇2014﹈ 105 ᠳ᠋ᠤᠭᠠᠷ | ᠲᠤᠭᠠᠳᠤ | 2014 ᠤᠨ ᠤ 4 ᠳ᠋ᠣᠭᠡᠷ ᠰᠠᠷ᠎ᠠ ᠶᠢᠨ 23 ᠤ | ᠡᠳᠦᠷ | | ᠡᠯ᠎ᠡ ᠠᠶᠢᠮᠠᠭ ᠤᠨ ᠵᠡᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠲᠠᠷᠣᠮᠠᠯᠯᠠᠨ ᠶᠠᠪᠤᠭᠤᠯᠤᠯ᠎ᠠ᠂ ᠬᠢᠨᠠᠮᠠᠭᠠᠢ ᠲᠣᠣᠱᠯᠠᠭᠤᠯᠤᠨ | ᠬᠡᠷᠡᠭᠵᠢᠭᠦᠯᠳᠣᠭᠡᠢ᠃ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ | | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠭᠡᠳᠦᠭᠡᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠠᠵᠢᠯ ᠢ | ᠵᠢᠷᠤᠮᠵᠢᠭᠤᠯᠣᠨ ᠲᠦᠷᠢᠮᠵᠢᠭᠦᠯᠬᠦ ᠶᠢ ᠠᠬᠢᠭᠤᠯᠬᠤ ᠶᠢᠨ ᠲᠣᠰᠠᠳᠠ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠦᠨᠳᠦᠰᠦᠯᠡᠨ᠂ ᠲᠤᠰ ᠲᠦᠷᠢᠮ ᠢ | ᠲᠤᠭᠳᠠᠭᠠᠪᠠ᠃ | ᠬᠤᠶᠠᠳᠣᠭᠠᠷ ᠵᠦᠢᠯ ᠰᠢᠮᠳᠠᠭᠤᠯᠤᠨ ᠪᠠᠶᠢᠴᠠᠭᠠᠬᠤ ᠠᠵᠢᠯ ᠪᠤᠯ ᠡᠯ᠎ᠡ ᠱᠠᠳᠣᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠵᠠᠰᠠᠭ ᠤᠨ ᠣᠷᠳᠣᠨ ᠤ | ᠰᠢᠰᠲ᠋ᠧᠮ ᠤᠨ ᠬᠢᠨ ᠤ ᠣᠯᠣᠰ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ | ᠴᠢᠬᠤᠯᠠ ᠠᠵᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠵᠠᠩᠭᠢᠯᠠᠭ᠎ᠠ ᠶᠢᠨ ᠬᠡᠰᠡᠭ | ᠪᠠᠶᠢᠵᠤ᠂ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠠᠬᠢᠭᠤᠯᠬᠤ ᠪᠠ ᠵᠠᠰᠠᠭ ᠤᠨ ᠣᠷᠳᠣᠨ ᠤ ᠬᠡᠷᠡᠭᠵᠢᠭᠦᠯᠬᠦ | ᠬᠦᠴᠦᠨ ᠢ ᠲᠡᠭᠡᠭᠰᠢᠯᠡᠭᠦᠯᠭᠦ ᠬᠦᠴᠦᠨ ᠪᠦᠬᠦᠢ ᠠᠷᠭ᠎ᠠ ᠪᠠᠷᠢᠯ ᠪᠠᠶᠢᠵᠤ᠂ ᠰᠣᠷᠳᠠᠯ ᠤᠨ ᠬᠤᠪᠢᠷᠠᠭᠤᠯᠣᠯ ᠢ ᠲᠦᠯᠬᠢᠨ | ᠠᠬᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠪᠠᠶᠢᠬᠤ ᠶᠢ ᠪᠠᠳᠣᠯᠠᠬᠤ ᠵᠠᠶᠢᠯᠠᠰᠢ ᠦᠭᠡᠢ ᠱᠠᠭᠠᠷᠳᠠᠯᠭ᠎ᠠ | ᠪᠣᠯᠣᠨ᠎ᠠ᠃ | ᠭᠤᠷᠪᠠᠳᠣᠭᠠᠷ ᠵᠦᠢᠯ ᠰᠢᠮᠳᠠᠭᠤᠯᠤᠨ ᠪᠠᠶᠢᠴᠠᠭᠠᠬᠤ ᠠᠵᠢᠯ ᠨᠢ ᠬᠠᠣᠯᠢ ᠶᠣᠰᠣᠭᠠᠷ ᠰᠢᠮᠳᠠᠭᠤᠯᠤᠨ | ᠪᠠᠶᠢᠴᠠᠭᠠᠬᠤ᠂ ᠭᠤᠤᠯᠳᠠᠯᠭ᠎ᠠ ᠶᠢ ᠲᠤᠪᠤᠶᠢᠯᠭᠠᠬᠤ᠂ ᠦᠨᠡᠨ ᠠᠴᠠ ᠵᠦᠪ ᠢ ᠡᠷᠢᠬᠦ᠂ ᠱᠠᠳᠤ ᠬᠤᠪᠢᠶᠠᠨ ᠬᠠᠷᠢᠭᠤᠴᠠᠬᠤ | ᠂ ᠨᠢᠭᠤᠴᠠ ᠶᠢ ᠬᠠᠮᠠᠭᠠᠯᠠᠬᠤ ᠵᠠᠷᠴᠢᠮ ᠢ ᠡᠷᠬᠡᠪᠰᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠰᠢᠮᠳᠠᠭᠤᠯᠤᠨ ᠪᠠᠶᠢᠴᠠᠭᠠᠬᠤ ᠠᠵᠢᠯ ᠳᠤ ᠬᠠᠷᠢᠭᠤᠴᠠᠯᠭ᠎ᠠ ᠶᠢᠨ ᠲᠦᠷᠢᠮ᠂ | ᠬᠠᠷᠢᠭᠤ ᠲᠣᠰᠬᠠᠬᠤ ᠲᠦᠷᠢᠮ᠂ ᠬᠢᠨᠠᠨ ᠰᠢᠯᠭᠠᠬᠤ ᠲᠦᠷᠢᠮ ᠪᠠ ᠵᠠᠷᠯᠠᠬᠤ ᠲᠦᠷᠢᠮ ᠢ ᠬᠡᠷᠡᠭᠵᠢᠭᠦᠯᠬᠦ ᠬᠡᠷᠡᠭᠲᠠᠢ᠃ | | ᠬᠤᠶᠠᠳᠤᠭᠠᠷ ᠪᠦᠯᠦᠭ ᠰᠢᠮᠳᠠᠭᠤᠯᠤᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ | ᠲᠠᠪᠤᠳᠤᠭᠠᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠠᠵᠢᠯ ᠨᠢ ᠱᠠᠳᠤ | ᠬᠤᠪᠢᠶᠠᠨ ᠬᠠᠷᠢᠭᠤᠴᠠᠬᠤ᠂ ᠰᠢᠰᠲ᠋ᠧᠮᠵᠢᠭᠦᠯᠦᠨ ᠬᠠᠮᠢᠶᠠᠷᠬᠤ᠂ ᠪᠦᠬᠦᠯᠢ ᠴᠤᠭᠴᠠ ᠪᠠᠷ ᠬᠠᠮᠵᠢᠯᠴᠠᠬᠤ ᠠᠵᠢᠯ ᠤᠨ | ᠲᠦᠷᠢᠮ ᠢ ᠪᠠᠷᠢᠮᠳᠠᠯᠠᠨ᠂ ᠨᠢᠭᠡ ᠱᠠᠲᠦ ᠨᠢ ᠨᠢᠭᠡ ᠱᠠᠳᠤᠨ ᠳᠠᠭᠠᠨ ᠬᠠᠷᠢᠭᠤᠴᠠᠬᠤ᠂ ᠲᠡᠭᠡᠳᠤ ᠱᠠᠲᠦ ᠨᠢ ᠲᠤᠤᠷ᠎ᠠ | ᠱᠠᠳᠣᠨ ᠤ ᠠᠵᠢᠯ ᠢᠶᠠᠨ ᠨᠠᠶᠢᠳᠠᠪᠦᠷᠢᠵᠢᠭᠤᠯᠤᠭᠰᠠᠨ ᠪᠠᠶᠢᠳᠠᠯ ᠢ ᠰᠢᠮᠳᠠᠭᠤᠯᠣᠨ ᠪᠠᠶᠢᠴᠠᠭᠠᠵᠤ᠂ ᠲᠤᠤᠷ᠎ᠠ ᠱᠠᠳᠦ ᠨᠢ | ᠲᠡᠭᠡᠳᠤ ᠱᠠᠳᠣᠨ ᠤ ᠰᠢᠢᠳᠪᠦᠷᠢᠳᠤ ᠪᠣᠳᠤᠯᠭ᠎ᠠ ᠪᠠ ᠵᠢᠭᠠᠪᠦᠷᠢ ᠶᠢ ᠬᠢᠨᠠᠮᠠᠭᠠᠢ ᠲᠤᠤᠱᠯᠠᠭᠤᠯᠣᠨ ᠨᠠᠶᠢᠳᠠᠪᠦᠷᠢᠵᠢᠭᠤᠯᠬᠤ | ᠬᠡᠷᠡᠭᠲᠠᠢ᠃ | ᠵᠢᠷᠭᠤᠳᠣᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠪᠤᠯ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ | ᠰᠢᠮᠳᠠᠭᠤᠯᠣᠨ ᠪᠠᠶᠢᠴᠠᠭᠠᠬᠤ ᠠᠵᠢᠯ ᠤᠨ ᠭᠤᠤᠯᠴᠢᠯᠠᠨ ᠬᠠᠮᠢᠶᠠᠷᠴᠣ ᠪᠦᠬᠦᠢ ᠰᠠᠯᠠᠭ᠎ᠠ ᠮᠦᠴᠢᠷ ᠪᠠᠶᠢᠵᠤ᠂ | ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠢ ᠬᠠᠮᠵᠢᠨ | ᠰᠢᠮᠳᠠᠭᠤᠯᠣᠨ ᠪᠠᠶᠢᠴᠠᠭᠠᠬᠤ ᠠᠵᠢᠯ ᠢ ᠬᠠᠷᠢᠭᠤᠴᠠᠬᠤ ᠪᠣᠯᠣᠨ᠎ᠠ᠃ | ᠲᠤᠯᠤᠳᠤᠭᠠᠷ ᠵᠦᠢᠯ ᠤᠷᠤᠨ ᠨᠤᠲᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ | ᠵᠢᠴᠢ ᠡᠯ᠎ᠡ ᠬᠠᠷᠢᠶ᠎ᠠ ᠪᠦᠬᠦᠢ ᠰᠠᠯᠠᠭ᠎ᠠ ᠮᠦᠴᠢᠷ ᠪᠤᠯ ᠣᠯᠣᠰ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠳᠠ ᠶᠢ ᠲᠤᠤᠱᠯᠠᠭᠤᠯᠣᠨ | ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠰᠢᠮᠳᠠᠭᠤᠯᠣᠨ ᠪᠠᠶᠢᠴᠠᠭᠠᠯᠲᠠ ᠬᠢᠬᠦ ᠭᠤᠤᠯ ᠴᠣᠭᠴᠠ ᠪᠣᠯᠣᠨ᠎ᠠ᠂ | ᠰᠢᠮᠳᠠᠭᠤᠯᠣᠨ ᠪᠠᠶᠢᠴᠠᠭᠠᠬᠤ ᠠᠵᠢᠯ ᠤᠨ ᠡᠭᠦᠷᠭᠡᠯᠡᠨ ᠡᠷᠬᠢᠯᠡᠬᠦ ᠨᠢᠭᠡᠴᠡ᠂ ᠮᠥᠨ ᠴᠦ ᠰᠢᠮᠳᠠᠭᠤᠯᠣᠨ ᠪᠠᠶᠢᠴᠠᠭᠠᠬᠤ | ᠨᠢᠭᠡᠴᠡ ᠪᠠᠶᠢᠵᠤ᠂ ᠣᠯᠣᠰ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠲᠦ ᠪᠤᠳᠣᠯᠭ᠎ᠠ ᠪᠠ | ᠴᠢᠬᠤᠯᠠ ᠠᠵᠢᠯ ᠤᠨ ᠪᠠᠶᠢᠷᠢᠯᠠᠭᠤᠯᠤᠯᠳᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠴᠠᠭ | ᠲᠤᠬᠠᠢ ᠳᠤᠨᠢ ᠬᠠᠷᠢᠭᠤ ᠲᠤᠰᠬᠠᠵᠤ᠂ ᠭᠤᠤᠯᠴᠢᠯᠠᠨ ᠬᠠᠷᠢᠭᠤᠴᠠᠬᠤ ᠬᠦᠮᠦᠨ ᠨᠢ ᠳᠠᠷᠤᠢ ᠨᠠᠶᠢᠳᠠᠪᠤᠷᠢᠵᠢᠯ ᠢ | ᠠᠳᠬᠤᠬᠤ ᠨᠢᠭᠡᠳᠦᠭᠡᠷ ᠬᠠᠷᠢᠭᠤᠴᠠᠯᠭᠠᠳᠠᠨ ᠪᠣᠯᠣᠨ᠎ᠠ᠃ | ᠨᠠᠢᠮᠠᠳᠣᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠠᠵᠢᠯ ᠤᠨ ᠠᠯᠪᠠᠨ ᠭᠡᠷ ᠪᠤᠯ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠮᠳᠠᠭᠤᠯᠣᠨ ᠪᠠᠶᠢᠴᠠᠭᠠᠬᠤ ᠠᠵᠢᠯ ᠢ ᠬᠠᠷᠢᠭᠤᠴᠠᠬᠤ ᠲᠤᠰᠬᠠᠢ ᠪᠠᠶᠢᠭᠤᠯᠤᠮᠵᠢ ᠪᠣᠯᠣᠨ᠎ᠠ᠂ ᠦᠪᠡᠷᠳᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠢᠭᠤᠳ | ᠣᠳᠣᠷᠢᠳᠣᠯᠭ᠎ᠠ ᠪᠠ ᠡᠷᠬᠡ ᠣᠯᠭᠤᠭᠰᠠᠨ ᠪᠠᠶᠢᠳᠠᠯ ᠲᠤᠤᠷ᠎ᠠ ᠠᠵᠢᠯ ᠢᠶᠠᠨ ᠶᠠᠪᠤᠭᠳᠠᠭᠤᠯᠬᠤ ᠪᠣᠯᠣᠨ᠎ᠠ᠃ ᠲᠡᠭᠦᠨ ᠤ | ᠭᠤᠤᠯ ᠡᠭᠦᠷᠭᠡ ᠬᠠᠷᠢᠭᠤᠴᠠᠯᠭ᠎ᠠ ᠨᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠱᠠᠭᠠᠷᠳᠠᠯᠭ᠎ᠠ ᠶᠤᠰᠤᠭᠠᠷ ᠰᠢᠮᠳᠠᠭᠤᠯᠣᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠦᠷᠨᠢᠭᠦᠯᠬᠦ ᠶᠢᠨ ᠬᠠᠮᠲᠤ | ᠨᠠᠶᠢᠳᠠᠪᠦᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠶᠠᠪᠤᠳᠠᠯ ᠪᠣᠯᠣᠨ᠎ᠠ᠃ | ᠣᠷᠣᠨ ᠨᠤᠲᠤᠭ ᠤᠨ ᠡᠯ᠎ᠡ ᠱᠠᠳᠣᠨ ᠤ ᠠᠷᠠᠳ ᠤᠨ ᠵᠠᠰᠠᠭ ᠣᠷᠳᠣᠨ ᠵᠢᠴᠢ ᠡᠯ᠎ᠡ ᠬᠠᠷᠢᠶ᠎ᠠ ᠪᠦᠬᠦᠢ | ᠰᠠᠯᠠᠭ᠎ᠠ ᠮᠦᠴᠢᠷ ᠤᠨ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ ᠵᠢᠴᠢ ᠠᠵᠢᠯᠳᠠᠨ ᠲᠤᠰ ᠱᠠᠳᠣᠨ ᠤ ᠠᠷᠠᠳ ᠤᠨ | ᠵᠠᠰᠠᠭ ᠤᠨ ᠣᠷᠳᠣᠨ ᠪᠤᠶᠤ ᠲᠤᠰ ᠰᠠᠯᠠᠭ᠎ᠠ ᠮᠦᠴᠢᠷ ᠤᠨ ᠬᠠᠷᠢᠶᠠᠯᠠᠭᠳᠠᠬᠤ ᠬᠡᠪᠴᠢᠶᠡᠨ ᠲᠤᠳᠤᠷ᠎ᠠ ᠰᠢᠮᠳᠠᠭᠤᠯᠣᠨ | ᠪᠠᠶᠢᠴᠠᠭᠠᠬᠤ ᠪᠠ ᠪᠠᠶᠢᠳᠠᠯ ᠤᠨ ᠬᠠᠷᠢᠭᠤ ᠲᠤᠰᠬᠠᠯ ᠢ ᠥᠷᠨᠢᠭᠦᠯᠬᠦ ᠬᠡᠷᠡᠭᠲᠠᠢ᠃ | ᠭᠤᠷᠪᠠᠳᠤᠭᠠᠷ ᠪᠦᠯᠦᠭ ᠰᠢᠮᠳᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ | ᠶᠢᠰᠦᠳᠦᠭᠡᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠠᠵᠢᠯ ᠨᠢ ᠵᠠᠰᠠᠭ ᠤᠨ | ᠣᠷᠳᠣᠨ ᠤ ᠭᠤᠣᠯ ᠠᠵᠢᠯ᠂ ᠣᠳᠣᠷᠢᠳᠣᠯᠭ᠎ᠠ ᠶᠢᠨ ᠠᠩᠬᠠᠷᠴᠤ ᠪᠦᠬᠦᠢ ᠭᠤᠤᠯᠳᠠᠯᠭ᠎ᠠ ᠲᠠᠢ ᠠᠰᠠᠭᠤᠳᠠᠯ ᠪᠠ ᠠᠷᠠᠳ | ᠣᠯᠠᠨ ᠤ ᠠᠩᠬᠠᠷᠴᠤ ᠪᠦᠬᠦᠢ ᠬᠠᠯᠠᠮᠰᠢᠯ᠂ ᠬᠦᠴᠢᠷ ᠠᠰᠠᠭᠤᠳᠠᠯ ᠤᠨ ᠲᠣᠭᠤᠷᠢᠨ ᠳᠤ ᠶᠠᠪᠤᠭᠳᠠᠭᠤᠯᠬᠤ ᠬᠡᠷᠡᠭᠲᠠᠢ᠃ | ᠠᠷᠪᠠᠳᠣᠭᠠᠷ ᠵᠦᠢᠯ ᠭᠤᠤᠯ ᠬᠦᠷᠢᠶ᠎ᠡ ᠬᠡᠪᠴᠢᠶ᠎ᠡ ᠳᠤ᠄ | ︵ᠨᠢᠭᠡ︶ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ | ᠴᠢᠬᠤᠯᠠ ᠠᠵᠢᠯ ᠤᠨ ᠪᠠᠶᠢᠷᠢᠯᠠᠭᠤᠯᠤᠯᠳᠠ︔ | ︵ᠬᠤᠶᠠᠷ︶ ᠲᠦᠷᠦ ᠶᠢᠨ ᠶᠠᠪᠣᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠨᠡᠶᠢᠲᠡᠯᠡᠭᠰᠡᠨ ᠪᠢᠴᠢᠭ ᠮᠠᠲ᠋ᠤᠷᠢᠶᠠᠯ ᠢ ᠲᠤᠤᠱᠯᠠᠭᠤᠯᠤᠨ ᠨᠠᠶᠢᠳᠠᠪᠦᠷᠢᠵᠢᠭᠤᠯᠤᠭᠰᠠᠨ | ᠪᠠᠶᠢᠳᠠᠯ︔ | ︵ᠭᠤᠷᠪᠠ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠢᠶᠠᠷ | ᠲᠤᠭᠲᠠᠭᠠᠭᠰᠠᠨ ᠴᠢᠬᠤᠯᠠ ᠵᠦᠢᠯ︔ | ︵ᠲᠦᠷᠪᠡ︶ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠦᠷᠢ ᠪᠠ ᠲᠤᠰᠢᠶᠠᠨ ᠬᠢᠯᠭᠡᠭᠰᠡᠨ | ᠵᠦᠢᠯ | ᠤᠳ︔ | ︵ᠲᠠᠪᠤ︶ ᠪᠦᠬᠦ ᠣᠯᠣᠰ ᠪᠠ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠦᠪᠯᠡᠯᠭᠡ᠂ ᠲᠥᠯᠥᠭᠡᠯᠡᠭᠴᠢᠳ ᠤᠨ ᠪᠢᠴᠢᠭᠯᠡᠭᠰᠡᠨ ᠰᠠᠨᠠᠯ ᠪᠠ ᠣᠯᠣᠰ ᠲᠦᠷᠦ ᠶᠢᠨ ᠵᠦᠪᠯᠡᠯᠭᠡᠨ ᠤ | ᠲᠤᠷᠠᠳᠣᠯᠭ᠎ᠠ ᠶᠢ ᠰᠢᠢᠳᠪᠦᠷᠢᠯᠡᠭᠰᠡᠨ ᠪᠠᠶᠢᠳᠠᠯ︔ | ︵ᠵᠢᠷᠭᠤᠭ᠎ᠠ︶ ᠣᠯᠠᠨ ᠲᠦᠮᠡᠨ ᠤ ᠨᠡᠶᠢᠳᠡᠮ ᠬᠠᠯᠠᠮᠵᠢᠯᠠᠵᠤ ᠪᠦᠬᠦᠢ᠂ ᠨᠡᠶᠢᠭᠡᠮ ᠠᠴᠠ ᠠᠩᠬᠠᠷᠴᠣ | ᠪᠦᠬᠦᠢ ᠬᠠᠯᠠᠮᠰᠢᠯ᠂ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ︔ | ︵ᠲᠤᠯᠤᠭ᠎ᠠ︶ ᠰᠢᠮᠳᠠᠭᠤᠯᠣᠨ ᠪᠠᠶᠢᠴᠠᠭᠠᠬᠤ ᠴᠢᠬᠤᠯᠠᠲᠠᠢ ᠪᠤᠰᠤᠳ ᠵᠦᠢᠯ ᠤᠳ ᠪᠠᠭᠳᠠᠨ᠎ᠠ᠃ | ᠳᠦᠷᠪᠡᠳᠦᠬᠡᠷ ᠪᠦᠯᠦᠭ ᠰᠢᠮᠳᠠᠭᠤᠯᠣᠨ ᠪᠠᠶᠢᠴᠠᠭᠠᠵᠤ ᠰᠢᠢᠳᠪᠦᠷᠢᠯᠡᠬᠦ | ᠠᠷᠪᠠᠨ ᠨᠢᠭᠡᠳᠦᠭᠡᠷ ᠵᠦᠢᠯ ᠰᠢᠮᠳᠠᠭᠤᠯᠣᠨ ᠪᠠᠶᠢᠴᠠᠭᠠᠬᠤ ᠵᠦᠢᠯ ᠪᠦᠬᠦᠨ ᠳᠤ᠂ ᠵᠠᠰᠠᠭ ᠤᠨ | ᠣᠷᠳᠣᠨ ᠤ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ ᠠᠴᠠ ᠰᠡᠳᠦᠪ ᠲᠤᠭᠳᠠᠭᠠᠨ ᠪᠦᠷᠢᠳᠭᠡᠬᠦ᠂ ᠳᠠᠩᠰᠠᠯᠠᠬᠤ | ᠠᠵᠢᠯ ᠢ ᠰᠠᠶᠢᠳᠣᠷ ᠬᠢᠵᠦ᠂ ᠰᠢᠮᠳᠠᠭᠤᠯᠣᠨ ᠪᠠᠶᠢᠴᠠᠭᠠᠬᠤ ᠲᠦᠰᠦᠯ ᠢᠶᠠᠨ ᠲᠤᠭᠤᠷᠪᠢᠵᠤ᠂ ᠠᠵᠢᠯ ᠤᠨ ᠡᠭᠦᠷᠬᠡ ᠪᠠᠨ | ᠵᠠᠳᠠᠯᠤᠨ ᠬᠤᠪᠢᠶᠠᠵᠤ᠂ ᠪᠡᠶᠡᠯᠡᠭᠦᠯᠬᠦ ᠬᠤᠭᠤᠴᠠᠭ᠎ᠠ ᠬᠢᠵᠠᠭᠠᠷ ᠢ ᠲᠤᠭᠳᠠᠭᠠᠨ᠂ ᠳᠠᠭᠠᠭᠠᠵᠤ ᠭᠦᠢᠴᠡᠳᠭᠡᠬᠦ ᠨᠢᠭᠡᠴᠡ ᠶᠢ | ᠨᠠᠶᠢᠳᠠᠪᠦᠷᠢᠵᠢᠭᠤᠯᠵᠤ᠂ ᠪᠦᠬᠦ ᠶᠠᠪᠤᠴᠠ ᠳᠤ ᠮᠥᠷᠳᠡᠨ ᠰᠢᠮᠳᠠᠭᠤᠯᠤᠨ ᠪᠠᠶᠢᠴᠠᠭᠠᠯᠳᠠ ᠬᠢᠵᠦ᠂ ᠪᠠᠶᠢᠴᠠᠭᠠᠯᠲᠠ ᠪᠠ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠲᠠᠢ ᠴᠠᠭ ᠲᠤ ᠮᠡᠳᠡᠭᠦᠯᠬᠦ ᠬᠡᠷᠡᠭᠲᠡᠢ᠃ ᠰᠢᠢᠳᠪᠦᠷᠢᠯᠡᠭᠰᠡᠨ ᠵᠦᠢᠯ ᠢ | ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ ᠠᠴᠠ ᠴᠠᠭ ᠲᠤᠬᠠᠢ ᠳᠤᠨᠢ ᠳᠠᠩᠰᠠᠯᠠᠵᠤ᠂ | ᠲᠠᠩᠰᠠ ᠡᠪᠭᠡᠮᠡᠯ ᠪᠠᠶᠢᠭᠤᠯᠵᠤ᠂ ᠬᠠᠮᠢᠶ᠎ᠠ ᠪᠦᠬᠦᠢ ᠲᠤᠭᠳᠠᠭᠠᠯ ᠶᠣᠰᠣᠭᠠᠷ ᠲᠠᠩᠰᠠ ᠡᠪᠭᠡᠮᠡᠯ ᠤᠨ ᠰᠠᠯᠠᠭ᠎ᠠ | ᠮᠦᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠠᠢ᠃ | ᠠᠷᠪᠠᠨ ᠬᠤᠶᠠᠳᠣᠭᠠᠷ ᠵᠦᠢᠯ ᠳᠠᠭᠠᠭᠠᠵᠤ ᠬᠦᠢᠴᠡᠳᠭᠡᠬᠦ ᠨᠢᠭᠡᠴᠡ ᠨᠦᠭᠦᠳ ᠰᠢᠮᠳᠠᠭᠤᠯᠣᠨ | ᠪᠠᠶᠢᠴᠠᠭᠠᠬᠤ ᠵᠦᠢᠯ ᠤᠨ ᠪᠤᠳᠠᠲᠠᠢ ᠱᠠᠭᠠᠷᠳᠠᠯᠭ᠎ᠠ ᠶᠢ ᠦᠨᠳᠦᠰᠦᠯᠡᠨ᠂ ᠬᠢᠨᠠᠮᠠᠭᠠᠢ᠂ ᠴᠠᠭ ᠲᠤᠬᠠᠢ ᠳᠤᠨᠢ ᠵᠣᠬᠢᠶᠠᠨ | ᠪᠠᠶᠢᠭᠤᠯᠤᠨ ᠲᠠᠮᠵᠢᠭᠤᠯᠬᠤ ᠪᠤᠶᠤ ᠪᠠᠶᠢᠷᠢᠯᠠᠭᠤᠯᠬᠤ ᠶᠢᠨ ᠬᠠᠮᠲᠤ᠂ ᠪᠤᠳᠠᠲᠠᠢ ᠬᠠᠷᠢᠭᠤᠴᠠᠯᠭᠠᠳᠠᠨ ᠳᠤ | ᠨᠠᠶᠢᠳᠠᠪᠦᠷᠢᠵᠢᠭᠤᠯᠬᠤ ᠬᠡᠷᠡᠭᠲᠠᠢ᠃ ᠣᠯᠠᠨ ᠨᠢᠭᠡᠴᠡ ᠬᠠᠮᠳᠣᠷᠠᠨ ᠰᠢᠢᠳᠪᠦᠷᠢᠯᠡᠬᠦ ᠴᠢᠬᠤᠯᠠᠲᠠᠢ ᠵᠦᠢᠯ ᠢ ᠲᠦᠷᠦᠭᠦᠯᠡᠬᠦ | ᠨᠢᠭᠡᠴᠡ ᠠᠴᠠ᠂ ᠣᠷᠣᠯᠴᠠᠵᠤ ᠪᠠᠶᠢᠭ᠎ᠠ ᠨᠢᠭᠡᠴᠡ ᠯᠦᠭᠡ ᠰᠠᠨᠠᠭᠠᠴᠢᠯᠠᠭ᠎ᠠ ᠠᠴᠠ ᠪᠠᠨ ᠵᠥᠪᠳᠡᠯᠴᠡᠨ ᠣᠷᠣᠯᠴᠠᠵᠤ | ᠪᠠᠶᠢᠭ᠎ᠠ ᠨᠢᠭᠡᠴᠡ ᠲᠦᠷᠦᠭᠦᠯᠡᠬᠦ ᠨᠢᠭᠡᠴᠡ ᠲᠠᠢ ᠢᠳᠡᠪᠬᠢᠲᠡᠢ ᠬᠠᠮᠵᠢᠯᠴᠠᠨ ᠭᠦᠢᠴᠡᠳᠬᠡᠬᠦ ᠬᠡᠷᠡᠭᠲᠡᠢ᠂ ᠬᠠᠷᠢᠯᠴᠠᠨ | ᠰᠢᠯᠳᠠᠭᠯᠠᠵᠤ ᠪᠤᠯᠬᠤ ᠦᠭᠡᠢ᠂ ᠨᠡᠩ ᠴᠦ ᠤᠳᠠᠭᠠᠰᠢᠷᠠᠭᠤᠯᠵᠤ ᠭᠦᠢᠴᠡᠳᠬᠡᠬᠦ ᠦᠭᠡᠢ ᠪᠠᠶᠢᠵᠤ ᠪᠤᠯᠬᠤ ᠦᠭᠡᠢ᠃ | ᠳᠠᠭᠠᠭᠠᠵᠤ ᠭᠦᠢᠴᠡᠳᠭᠡᠬᠦ ᠨᠢᠭᠡᠴᠡ ᠶᠢᠨ ᠬᠤᠭᠤᠷᠤᠨᠲᠦ ᠪᠠᠨ ᠰᠠᠨᠠᠯ ᠣᠨᠳᠣᠣ ᠪᠠᠶᠢᠪᠠᠯ᠂ ᠦᠨᠡᠨ ᠠᠴᠠ ᠵᠦᠪ ᠢ ᠡᠷᠢᠬᠦ | ᠂ ᠶᠡᠭᠡ ᠲᠠᠯ᠎ᠠ ᠶᠢ ᠬᠠᠷᠠᠭᠠᠯᠵᠠᠬᠤ ᠶᠢ ᠪᠠᠷᠢᠮᠳᠠᠯᠠᠨ᠂ ᠵᠣᠬᠢᠴᠠᠭᠤᠯᠬᠤ ᠠᠵᠢᠯ ᠢ ᠰᠠᠶᠢᠳᠣᠷ ᠬᠢᠬᠦ ᠬᠡᠷᠡᠭᠲᠠᠢ᠃ ᠬᠡᠷᠪᠡ | ᠵᠣᠬᠢᠴᠠᠭᠤᠯᠤᠨ ᠰᠢᠢᠳᠪᠦᠷᠢᠯᠡᠬᠦ ᠳᠤ ᠪᠡᠷᠬᠡ ᠲᠠᠢ ᠠᠰᠠᠭᠤᠳᠠᠯ ᠲᠤᠬᠢᠶᠠᠯᠳᠤᠪᠠᠯ᠂ ᠴᠠᠭ ᠲᠤᠬᠠᠢ ᠳᠤᠨᠢ ᠲᠣᠰᠬᠠᠬᠤ | ᠬᠡᠷᠡᠭᠲᠠᠢ᠃ | ᠳᠠᠭᠠᠭᠠᠵᠤ ᠬᠦᠢᠴᠡᠳᠭᠡᠬᠦ ᠨᠢᠭᠡᠴᠡ ᠨᠦᠭᠦᠳ ᠲᠣᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ | ᠪᠣᠳᠠᠲᠦ ᠪᠠᠶᠢᠳᠠᠯ ᠲᠠᠢ ᠣᠶᠠᠯᠳᠣᠭᠤᠯᠣᠨ᠂ ᠡᠭᠦᠳᠦᠯᠳᠡ ᠶᠢᠨ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢᠨ ᠬᠠᠮᠲᠤ᠂ | ᠠᠵᠢᠯ ᠤᠨ ᠠᠭᠤᠯᠭ᠎ᠠ ᠪᠠ ᠵᠠᠩᠭᠢᠯᠠᠭ᠎ᠠ ᠶᠢᠨ ᠬᠠᠷᠠᠯᠳᠠ ᠶᠣᠰᠣᠭᠠᠷ ᠲᠦᠷᠦᠯ ᠬᠤᠪᠢᠶᠠᠨ ᠡᠮᠬᠢ ᠳᠠᠷᠠᠭᠠᠯᠠᠯ ᠲᠠᠢ | ᠲᠦᠯᠬᠢᠨ ᠠᠬᠢᠭᠤᠯᠬᠤ ᠶᠢ ᠴᠢᠩᠳᠠᠯᠠᠬᠤ ᠬᠡᠷᠡᠭᠲᠠᠢ᠃ ᠲᠣᠭᠲᠠᠭᠰᠠᠨ ᠲᠣᠭᠲᠠᠭᠠᠯ ᠢ ᠴᠠᠭ ᠲᠤᠬᠠᠢ ᠳᠤᠨᠢ ᠤᠯᠠᠮᠵᠢᠯᠠᠨ | ᠨᠠᠶᠢᠳᠠᠪᠦᠷᠢᠵᠢᠭᠤᠯᠬᠤ ᠬᠡᠷᠡᠭᠲᠠᠢ᠃ ᠰᠣᠳᠣᠯᠣᠨ ᠰᠢᠢᠳᠪᠦᠷᠢᠯᠡᠬᠦ ᠱᠠᠭᠠᠷᠳᠠᠯᠭ᠎ᠠ ᠲᠠᠢ ᠪᠤᠯ ᠪᠠᠶᠢᠴᠠᠭᠠᠨ ᠬᠢᠨᠠᠨ | ᠬᠠᠷᠭᠤᠭᠤᠯᠤᠭᠰᠠᠨ ᠤ ᠲᠠᠷᠠᠭ᠎ᠠ ᠰᠠᠶ᠋ᠢ ᠳᠣᠬᠢᠲᠠᠢ ᠰᠢᠢᠳᠪᠦᠷᠢᠯᠡᠬᠦ ᠬᠡᠷᠡᠭᠲᠠᠢ︔ ᠲᠦᠷᠢᠮ ᠲᠤᠭᠳᠠᠭᠠᠯ ᠲᠤᠭᠳᠠᠭᠠᠬᠤ | ᠴᠢᠬᠤᠯᠠᠲᠠᠢ ᠪᠤᠯ ᠲᠦᠷᠦ ᠶᠢᠨ ᠪᠤᠳᠣᠯᠭ᠎ᠠ ᠬᠠᠣᠯᠢ ᠲᠣᠭᠲᠠᠭᠠᠯ ᠢ ᠱᠠᠯᠠᠪᠳᠠᠨ ᠲᠤᠭᠳᠠᠭᠠᠬᠤ ᠶᠢᠨ ᠬᠠᠮᠲᠤ ᠳᠡᠰ | ᠳᠠᠷᠠᠭᠠᠯᠠᠯ ᠶᠣᠰᠣᠭᠠᠷ ᠲᠡᠭᠡᠭᠰᠢ ᠮᠡᠳᠡᠭᠦᠯᠬᠦ ᠬᠡᠷᠡᠭᠲᠠᠢ᠃ ᠰᠠᠨᠠᠯ ᠲᠤᠷᠠᠳᠬᠤ ᠱᠠᠭᠠᠷᠳᠠᠯᠭ᠎ᠠ ᠲᠠᠢ ᠪᠣᠯ ᠱᠠᠯᠠᠪᠳᠠᠨ | ᠪᠠᠶᠢᠴᠠᠭᠠᠨ ᠰᠤᠳᠤᠯᠬᠤ ᠶᠢᠨ ᠬᠠᠮᠲᠤ ᠲᠦᠰᠦᠪ ᠲᠤᠭᠤᠷᠪᠢᠨ ᠲᠤᠭᠳᠠᠭᠠᠬᠤ ᠬᠡᠷᠡᠭᠲᠠᠢ᠃ | ᠳᠠᠭᠠᠭᠠᠵᠤ ᠬᠦᠢᠴᠡᠳᠭᠡᠬᠦ ᠨᠢᠭᠡᠴᠡ ᠠᠴᠠ ᠰᠢᠮᠳᠠᠭᠤᠯᠣᠨ ᠪᠠᠶᠢᠴᠠᠭᠠᠬᠤ ᠵᠦᠢᠯ ᠤᠨ ᠲᠣᠭᠲᠠᠭᠰᠠᠨ | ᠬᠤᠭᠤᠴᠠᠭ᠎ᠠ ᠬᠢᠵᠠᠭᠠᠷ ᠤᠨ ᠱᠠᠭᠠᠷᠳᠠᠯᠭ᠎ᠠ ᠶᠤᠰᠤᠭᠠᠷ ᠨᠠᠶᠢᠳᠠᠪᠦᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠠᠢ᠃ | ᠣᠨᠴᠣᠭᠤᠢ ᠱᠠᠭᠠᠷᠳᠠᠯᠭ᠎ᠠ ᠲᠠᠢ ᠵᠦᠢᠯ ᠢ ᠪᠣᠯ ᠰᠢᠢᠳᠪᠦᠷᠢᠯᠡᠬᠦ ᠶᠢᠨ ᠳᠠᠭᠠᠤ ᠮᠡᠳᠡᠭᠦᠯᠬᠦ ᠬᠡᠷᠡᠭᠲᠠᠢ︔ ᠲᠤᠳᠤᠷᠬᠠᠢ | ᠲᠤᠭᠳᠠᠭᠰᠠᠨ ᠬᠤᠭᠤᠴᠠᠭ᠎ᠠ ᠬᠢᠵᠠᠭᠠᠷ ᠦᠭᠡᠢ ᠪᠤᠯ ᠶᠡᠷᠦ ᠶᠢᠨ ᠪᠠᠶᠢᠳᠠᠯ ᠳᠤ᠂ ᠪᠢᠴᠢᠭ ᠮᠠᠲ᠋ᠧᠷᠢᠶᠠᠯ ᠪᠠᠭᠤᠯᠭᠠᠭᠰᠠᠨ᠂ | ᠬᠤᠷᠠᠯ ᠤᠨ ᠲᠤᠪᠴᠢ ᠲᠡᠮᠳᠡᠭᠯᠡᠯ ᠲᠠᠷᠣᠮᠠᠯᠯᠠᠨ ᠶᠠᠪᠤᠭᠤᠯᠤᠭᠰᠠᠨ ᠪᠤᠶᠤ ᠣᠳᠣᠷᠢᠳᠣᠯᠭ᠎ᠠ ᠴᠣᠬᠤᠯᠠᠪᠦᠷᠢᠯᠠᠭᠰᠠᠨ ᠤ | ᠲᠠᠷᠠᠭ᠎ᠠ 15 ᠡᠳᠦᠷ ᠤᠨ ᠲᠣᠳᠣᠷ᠎ᠠ ᠮᠡᠳᠡᠭᠦᠯᠬᠦ ᠬᠡᠷᠡᠭᠲᠠᠢ᠃ ᠣᠨᠴᠣᠭᠤᠢ ᠪᠠᠶᠢᠳᠠᠯ ᠠᠴᠠ ᠪᠤᠯᠵᠣ ᠴᠠᠭ ᠲᠤᠬᠠᠢ ᠳᠤᠨᠢ | ᠨᠠᠶᠢᠳᠠᠪᠦᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠬᠤ ᠳᠤ ᠪᠡᠷᠬᠡ ᠲᠠᠢ ᠪᠤᠯ ᠰᠢᠯᠳᠠᠭᠠᠨ ᠢ ᠨᠢ | ᠲᠣᠳᠣᠷᠬᠠᠶᠢᠯᠠᠬᠤ ᠬᠡᠷᠡᠭᠲᠠᠢ᠃ ᠪᠢᠴᠢᠭ ᠤᠨ ᠬᠡᠯᠪᠡᠷᠢ ᠪᠠᠷ ᠮᠡᠳᠡᠭᠦᠯᠬᠦ ᠶᠢ ᠨᠢ᠂ ᠳᠠᠭᠠᠭᠠᠵᠤ ᠬᠢᠬᠦ ᠨᠢᠭᠡᠴᠡ ᠶᠢᠨ ᠭᠤᠤᠯ | ᠣᠳᠣᠷᠢᠳᠣᠯᠭ᠎ᠠ ᠭᠠᠷ ᠤᠨ ᠦᠰᠦᠭ ᠵᠢᠷᠤᠵᠤ ᠶᠠᠪᠤᠭᠤᠯᠬᠤ ᠪᠤᠶᠤ ᠨᠢᠭᠡᠴᠡ ᠶᠢᠨ ᠲᠠᠮᠠᠭ᠎ᠠ ᠲᠠᠷᠣᠬᠤ ᠬᠡᠷᠡᠭᠲᠠᠢ᠃ | ᠳᠠᠭᠠᠭᠠᠵᠤ ᠬᠦᠢᠴᠡᠳᠭᠡᠬᠦ ᠨᠢᠭᠡᠴᠡ ᠶᠢ ᠬᠢᠨᠠᠨ ᠪᠠᠶᠢᠴᠠᠭᠠᠭᠰᠠᠨ ᠪᠠᠶᠢᠳᠠᠯ᠂ ᠰᠠᠨᠠᠯ ᠲᠣᠷᠠᠳᠬᠤ᠂ ᠰᠢᠢᠳᠪᠦᠷᠢᠯᠡᠭᠰᠡᠨ | ᠦᠷ᠎ᠡ ᠳ᠋ᠦᠩ ᠢ ᠮᠡᠳᠡᠭᠦᠯᠬᠦ ᠪᠠᠷ ᠱᠠᠭᠠᠷᠳᠠᠭᠰᠠᠨ ᠪᠣᠯ᠂ ᠡᠷᠬᠡᠪᠰᠢ ᠪᠢᠴᠢᠭ ᠤᠨ ᠬᠡᠯᠪᠡᠷᠢ ᠪᠠᠷ ᠮᠡᠳᠡᠭᠦᠯᠬᠦ ᠬᠡᠷᠡᠭᠲᠠᠢ᠃ | ᠲᠦᠷᠦᠭᠦᠯᠡᠬᠦ ᠨᠢᠭᠡᠴᠡ ᠨᠢ ᠣᠷᠣᠯᠴᠠᠭᠰᠠᠨ ᠨᠢᠭᠡᠴᠡ ᠲᠠᠢ ᠬᠠᠮᠳᠣᠷᠠᠨ ᠭᠦᠢᠴᠡᠳᠭᠡᠭᠰᠡᠨ ᠪᠤᠯ᠂ ᠲᠦᠷᠦᠭᠦᠯᠡᠬᠦ ᠨᠢᠭᠡᠴᠡ | ᠨᠢᠭᠡᠳᠦᠯᠲᠠᠢ ᠪᠢᠴᠢᠭ ᠤᠨ ᠮᠡᠳᠡᠭᠦᠯᠦᠯᠳᠡ ᠪᠣᠯᠭᠠᠬᠤ ᠬᠡᠷᠡᠭᠲᠠᠢ᠃ ᠬᠤᠶᠠᠷ ᠠᠴᠠ ᠲᠡᠭᠡᠭᠰᠢ ᠨᠢᠭᠡᠴᠡ ᠲᠤᠰ ᠪᠦᠷᠢ | ᠲᠦᠷᠦᠭᠦᠯᠡᠬᠦ ᠨᠢᠭᠡᠴᠡ ᠪᠠᠷ ᠭᠦᠢᠴᠡᠳᠭᠡᠭᠰᠡᠨ ᠪᠤᠯ᠂ ᠲᠦᠷᠦᠭᠦᠯᠡᠬᠦ ᠨᠢᠭᠡᠴᠡ ᠲᠤᠰ ᠲᠤᠰ ᠲᠠᠭᠠᠨ ᠪᠢᠴᠢᠭ ᠤᠨ | ᠮᠡᠳᠡᠭᠦᠯᠦᠯᠳᠡ ᠪᠣᠯᠭᠠᠬᠤ ᠬᠡᠷᠡᠭᠲᠠᠢ᠃ | ᠠᠷᠪᠠᠨ ᠭᠤᠷᠪᠠᠳᠣᠭᠠᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ | ᠪᠠᠶᠢᠭᠤᠯᠤᠮᠵᠢ ᠨᠤᠭᠤᠳ ᠳᠠᠭᠠᠭᠠᠵᠤ ᠬᠦᠢᠴᠡᠳᠭᠡᠬᠦ ᠨᠢᠭᠡᠴᠡ ᠯᠦᠭᠡ ᠶᠢᠨ ᠬᠤᠭᠤᠷᠤᠨᠳᠣᠬᠢ ᠬᠠᠷᠢᠯᠴᠠᠭ᠎ᠠ | ᠬᠤᠯᠪᠣᠭ᠎ᠠ ᠪᠠᠨ ᠴᠢᠩᠭᠠᠳᠬᠠᠨ᠂ ᠳᠠᠭᠠᠭᠠᠵᠤ ᠬᠦᠢᠴᠡᠳᠭᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠱᠠᠭᠠᠷᠳᠠᠯᠭ᠎ᠠ | ᠶᠤᠰᠣᠭᠠᠷ ᠰᠢᠮᠳᠠᠭᠤᠯᠤᠨ ᠪᠠᠶᠢᠴᠠᠭᠠᠬᠤ ᠵᠦᠢᠯ ᠢ ᠨᠠᠶᠢᠳᠠᠪᠤᠷᠢᠵᠢᠭᠤᠯᠬᠤ ᠬᠡᠷᠡᠭᠲᠠᠢ᠃ ᠣᠯᠠᠨ ᠨᠢᠭᠡᠴᠡ ᠲᠠᠢ | ᠬᠤᠯᠪᠣᠭᠳᠠᠬᠤ ᠵᠦᠢᠯ ᠳᠤ᠂ ᠨᠢᠭᠡᠴᠡ ᠶᠢᠨ ᠬᠤᠭᠤᠷᠤᠨᠳᠦ ᠪᠠᠨ ᠰᠠᠨᠠᠯ ᠮᠠᠷᠭᠤᠭᠠᠨ ᠲᠠᠢ ᠰᠢᠢᠳᠪᠦᠷᠢᠯᠡᠵᠤ ᠲᠡᠶᠢᠯᠬᠦ | ᠦᠭᠡᠢ ᠦᠶ᠎ᠡ ᠳᠤ᠂ ᠲᠦᠷᠦ ᠶᠢᠨ ᠪᠤᠳᠣᠯᠭ᠎ᠠ ᠶᠢᠨ ᠲᠤᠭᠳᠠᠭᠠᠯ ᠪᠤᠶᠤ ᠣᠳᠣᠷᠢᠳᠣᠯᠭ᠎ᠠ ᠶᠢᠨ ᠵᠢᠭᠠᠪᠦᠷᠢ ᠪᠠᠷ | ᠵᠤᠬᠢᠴᠠᠭᠤᠯᠬᠤ ᠠᠵᠢᠯ ᠢ ᠰᠠᠶᠢᠳᠣᠷ ᠬᠢᠵᠤ᠂ ᠴᠢᠬᠤᠯᠠᠲᠠᠢ ᠦᠶ᠎ᠡ ᠳᠤ ᠳᠡᠭᠡᠳᠦ ᠱᠠᠳᠣᠨ ᠤ ᠣᠳᠣᠷᠢᠳᠣᠯᠭ᠎ᠠ ᠪᠠᠷ | ᠵᠣᠬᠢᠴᠠᠭᠤᠯᠬᠤ ᠪᠠᠷ ᠳᠡᠪᠰᠢᠭᠦᠯᠬᠦ ᠬᠡᠷᠡᠭᠲᠠᠢ᠃ | ᠠᠷᠪᠠᠨ ᠲᠦᠷᠪᠡᠳᠦᠭᠡᠷ ᠵᠦᠢᠯ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ | ᠪᠠᠶᠢᠭᠤᠯᠤᠮᠵᠢ ᠨᠤᠭᠤᠳ ᠠᠵᠢᠯ ᠢᠶᠠᠨ ᠨᠠᠶᠢᠳᠠᠪᠤᠷᠢᠵᠢᠭᠤᠯᠬᠤ ᠠᠬᠢᠴᠠ ᠶᠢᠨ ᠪᠠᠶᠢᠳᠠᠯ ᠢ ᠦᠨᠳᠣᠰᠦᠯᠡᠨ᠂ ᠪᠦᠬᠦ | ᠲᠠᠯ᠎ᠠ ᠳᠤ ᠬᠤᠯᠪᠣᠭᠳᠠᠬᠤ ᠭᠤᠣᠯᠳᠠᠯᠭ᠎ᠠ ᠲᠠᠢ ᠠᠰᠠᠭᠤᠳᠠᠯ᠂ ᠰᠢᠢᠳᠪᠦᠷᠢᠲᠦ ᠪᠣᠳᠣᠯᠭ᠎ᠠ ᠶᠢᠨ | ᠨᠠᠶᠢᠳᠠᠪᠦᠷᠢᠵᠢᠭᠤᠯᠤᠯᠳᠠ ᠶᠢ ᠨᠦᠯᠦᠭᠡᠯᠡᠬᠦ ᠬᠦᠴᠢᠷ ᠠᠰᠠᠭᠤᠳᠠᠯ ᠪᠤᠶᠤ ᠬᠠᠨᠳᠣᠯᠭᠠᠲᠦ ᠴᠢᠨᠠᠷᠲᠠᠢ ᠢᠯᠡᠷᠡᠬᠦ ᠴᠢᠨᠠᠷᠲᠠᠢ | ᠠᠰᠠᠭᠤᠳᠠᠯ ᠤᠨ ᠲᠤᠭᠤᠷᠢᠨ ᠳᠤ᠂ ᠪᠠᠶᠢᠴᠠᠭᠠᠨ ᠰᠣᠳᠣᠯᠣᠯᠳᠠ ᠥᠷᠨᠢᠭᠦᠯᠵᠤ᠂ ᠣᠯᠵᠤ ᠮᠡᠳᠡᠬᠦ ᠪᠠ | ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠰᠠᠶᠢᠨ ᠲᠤᠷᠰᠢᠯᠭ᠎ᠠ ᠰᠠᠶᠢᠨ ᠬᠢᠳᠡᠯ ᠠᠷᠭ᠎ᠠ ᠪᠠᠨ ᠳ᠋ᠦᠩᠨᠡᠬᠦ ᠶᠢ | ᠴᠢᠬᠤᠯᠠᠴᠢᠯᠠᠬᠤ ᠪᠠᠷ ᠦᠯᠦ ᠪᠠᠷᠠᠨ ᠢᠯᠡᠷᠡᠭᠰᠡᠨ ᠵᠦᠷᠢᠴᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠬᠦ | ᠪᠠ ᠰᠤᠳᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠰᠢᠯᠳᠠᠭᠠᠨ ᠢ ᠨᠢ ᠵᠠᠳᠠᠯᠵᠤ᠂ ᠪᠠᠶᠢᠳᠠᠯ ᠤᠨ ᠲᠣᠰᠬᠠᠯ ᠲᠠᠢ᠂ | ᠵᠠᠳᠠᠯᠣᠯᠳᠠ ᠲᠠᠢ᠂ ᠰᠠᠨᠠᠭᠤᠯᠭ᠎ᠠ ᠲᠠᠢ ᠪᠠᠶᠢᠴᠠᠭᠠᠨ ᠰᠣᠳᠣᠯᠣᠯᠳᠠ ᠶᠢᠨ ᠮᠡᠳᠡᠭᠦᠯᠦᠯᠳᠡ ᠪᠢᠴᠢᠵᠦ᠂ | ᠣᠳᠣᠷᠢᠳᠣᠯᠭ᠎ᠠ ᠳᠤ ᠯᠠᠪᠯᠠᠯᠳᠠ ᠪᠣᠯᠭᠠᠬᠤ ᠬᠡᠷᠡᠭᠲᠠᠢ᠃ ᠣᠳᠣᠷᠢᠳᠣᠯᠭ᠎ᠠ ᠶᠢᠨ ᠴᠤᠬᠤᠯᠠᠪᠦᠷᠢ ᠬᠢᠬᠦ ᠲᠤᠮᠳᠠ ᠣᠯᠵᠤ | ᠮᠡᠳᠡᠭᠰᠡᠨ ᠠᠰᠠᠭᠤᠳᠠᠯ ᠢ ᠭᠦᠢᠴᠡᠳᠬᠡᠬᠦ ᠳᠤ ᠴᠤ ᠰᠢᠮᠳᠠᠭᠤᠯᠣᠨ ᠪᠠᠶᠢᠴᠠᠭᠠᠬᠤ ᠪᠠᠶᠢᠴᠠᠭᠠᠨ ᠰᠣᠳᠣᠯᠣᠯᠳᠠ | ᠥᠷᠨᠢᠭᠦᠯᠦᠨ᠂ ᠨᠢᠭᠡ ᠶᠢ ᠬᠡᠯᠡᠪᠡᠯ ᠭᠤᠷᠪᠠ ᠶᠢ ᠮᠡᠳᠡᠬᠦ᠂ ᠪᠤᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠲᠠᠮᠵᠢᠨ᠂ | ᠪᠦᠬᠦ ᠠᠵᠢᠯ ᠤᠨ ᠦᠷᠨᠢᠯᠲᠡ ᠶᠢ ᠲᠦᠯᠭᠢᠨ ᠠᠬᠢᠭᠤᠯᠬᠤ ᠬᠡᠷᠡᠭᠲᠠᠢ᠃ ᠴᠢᠬᠤᠯᠠ ᠶᠡᠭᠡ ᠠᠰᠠᠭᠤᠳᠠᠯ ᠳᠤ᠂ | ᠰᠢᠮᠳᠠᠭᠤᠯᠣᠨ ᠪᠠᠶᠢᠴᠠᠭᠠᠬᠤ ᠲᠤᠭᠤᠶᠢᠯᠠᠩ ᠢ ᠵᠤᠬᠢᠶᠠᠨ ᠪᠠᠶᠢᠭᠤᠯᠤᠨ ᠲᠤᠰᠬᠠᠢ ᠪᠠᠶᠢᠴᠠᠭᠠᠯᠳᠠ ᠬᠢᠬᠦ ᠬᠡᠷᠡᠭᠲᠠᠢ᠃ | ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠳᠤ ᠮᠥᠷᠳᠡᠬᠦ᠂ ᠵᠠᠳᠠᠯᠣᠯᠳᠠ ᠬᠢᠬᠦ᠂ ᠦᠨᠡᠯᠡᠨ ᠵᠢᠱᠢᠯᠲᠡ ᠬᠢᠬᠦ ᠶᠢᠨ ᠬᠠᠮᠲᠤ ᠰᠠᠨᠠᠭᠤᠯᠭ᠎ᠠ | ᠲᠣᠷᠠᠳᠬᠤ ᠬᠡᠷᠡᠭᠲᠠᠢ᠃ | ᠠᠷᠪᠠᠨ ᠲᠠᠪᠤᠳᠣᠭᠠᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ | ᠨᠤᠭᠤᠳ ᠳᠠᠭᠠᠭᠠᠵᠤ ᠬᠦᠢᠴᠡᠳᠭᠡᠬᠦ ᠨᠢᠭᠡᠴᠡ ᠶᠢᠨ ᠰᠢᠢᠳᠪᠦᠷᠢᠯᠡᠭᠰᠡᠨ ᠮᠡᠳᠡᠭᠦᠯᠦᠯᠳᠡ ᠶᠢ ᠬᠢᠨᠠᠮᠠᠭᠠᠢ ᠬᠢᠨᠠᠨ | ᠬᠠᠷᠭᠤᠭᠤᠯᠵᠤ᠂ ᠰᠢᠢᠳᠪᠦᠷᠢᠯᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠤᠯ ᠳᠠᠭᠠᠭᠠᠵᠤ ᠬᠦᠢᠴᠡᠳᠭᠡᠬᠦ ᠨᠢᠭᠡᠴᠡ ᠶᠢ | ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠬᠡᠷᠡᠭᠲᠠᠢ᠃ ᠡᠯ᠎ᠡ ᠲᠠᠯ᠎ᠠ ᠶᠢᠨ ᠪᠠᠶᠢᠳᠠᠯ ᠠᠴᠠ ᠶᠡᠷᠦᠩᠬᠡᠶᠢᠯᠡᠵᠦ᠂ ᠪᠦᠬᠦ | ᠲᠠᠯ᠎ᠠ ᠪᠠᠷ ᠪᠤᠰᠤᠳᠴᠢ ᠪᠠᠷ᠂ ᠴᠠᠭ ᠲᠤᠬᠠᠢ ᠳᠤᠨᠢ ᠣᠨᠣᠪᠴᠢᠲᠠᠢ ᠪᠠᠷ ᠠᠵᠢᠯ ᠤᠨ ᠠᠬᠢᠴᠠ ᠶᠢᠨ ᠪᠠᠶᠢᠳᠠᠯ ᠢ | ᠲᠤᠰᠬᠠᠨ᠂ ᠠᠵᠢᠯ ᠤᠨ ᠨᠠᠶᠢᠳᠠᠪᠦᠷᠢᠵᠢᠭᠤᠯᠬᠤ ᠲᠣᠮᠳᠠ ᠲᠤᠯᠭᠠᠷᠠᠭᠰᠠᠨ ᠬᠦᠴᠢᠷᠳᠡᠯ᠂ ᠢᠯᠡᠷᠡᠭᠰᠡᠨ ᠵᠦᠷᠢᠴᠡᠯ ᠪᠠ | ᠣᠷᠣᠰᠢᠵᠣ ᠪᠠᠶᠢᠭ᠎ᠠ ᠠᠰᠠᠭᠤᠳᠠᠯ ᠢ ᠬᠢᠨᠠᠮᠠᠭᠠᠢ ᠵᠠᠳᠠᠯᠵᠣ᠂ ᠴᠢᠬᠤᠯᠠ ᠲᠠᠢ ᠦᠶ᠎ᠡ ᠳᠤ ᠰᠠᠨᠠᠭᠤᠯᠭ᠎ᠠ ᠲᠣᠷᠠᠳᠬᠤ | ᠬᠡᠷᠡᠭᠲᠠᠢ᠃ | ᠠᠷᠪᠠᠨ ᠵᠢᠷᠭᠤᠳᠣᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠭᠰᠠᠨ ᠦᠭᠡᠢ | ᠪᠤᠶᠤ ᠨᠠᠶᠢᠳᠠᠪᠦᠷᠢᠵᠢᠭᠤᠯᠤᠯᠳᠠ ᠨᠢ ᠬᠤᠪᠢᠷᠠᠭᠰᠠᠨ ᠵᠡᠷᠭᠡ ᠠᠰᠠᠭᠤᠳᠠᠯ ᠳᠤ ᠬᠤᠯᠪᠤᠭᠳᠠᠭᠰᠠᠨ ᠪᠠᠶᠢᠪᠠᠯ᠂ ᠦᠪᠡᠷᠳᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠠᠯᠪᠠᠨ ᠭᠡᠷ ᠠᠴᠠ | ᠰᠠᠨᠠᠭᠠᠴᠢᠯᠠᠭ᠎ᠠ ᠠᠴᠠ ᠪᠠᠨ᠂ ᠬᠢᠨᠠᠮᠠᠭᠠᠢ ᠪᠠᠶᠢᠴᠠᠭᠠᠨ ᠬᠠᠷᠭᠤᠭᠤᠯᠣᠯᠳᠠ ᠬᠢᠵᠤ᠂ ᠬᠡᠷᠪᠡ ᠪᠠᠶᠢᠳᠠᠯ ᠨᠢ ᠦᠨᠡᠨ ᠪᠤᠳᠠᠲᠠᠢ | ᠪᠤᠯ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠳᠠᠭᠠᠤ ᠬᠤᠯᠪᠤᠭᠳᠠᠯ | ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠦᠴᠢᠷ ᠢ | ᠱᠠᠯᠠᠪᠳᠠᠨ ᠨᠠᠶᠢᠳᠠᠪᠦᠷᠢᠵᠢᠭᠤᠯᠬᠤ ᠪᠠᠷ ᠱᠠᠭᠠᠷᠳᠠᠬᠤ ᠶᠢᠨ ᠬᠠᠮᠲᠤ᠂ ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠬᠢᠨᠠᠯᠳᠠ | ᠲᠠᠯᠪᠢᠨ᠂ ᠪᠠᠶᠢᠴᠠᠭᠠᠬᠤ ᠪᠤᠶᠤ ᠮᠡᠳᠡᠭᠦᠯᠬᠦ ᠬᠡᠷᠡᠭᠲᠠᠢ᠃ ᠣᠷᠣᠨ ᠨᠤᠲᠤᠭ ᠤᠨ ᠡᠯ᠎ᠡ ᠱᠠᠳᠣᠨ ᠤ ᠠᠷᠠᠳ ᠤᠨ | ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠦᠴᠢᠷ ᠤᠳ ᠪᠠᠶᠢᠳᠠᠯ ᠢ ᠬᠢᠨᠠᠮᠠᠭᠠᠢ ᠪᠠᠶᠢᠴᠠᠭᠠᠨ ᠲᠣᠳᠣᠯᠠᠵᠤ᠂ | ᠰᠢᠯᠳᠠᠭᠠᠨ ᠢ ᠨᠢ ᠵᠠᠳᠠᠯᠣᠨ᠂ ᠱᠠᠭᠠᠷᠳᠠᠯᠭ᠎ᠠ ᠶᠤᠰᠣᠭᠠᠷ ᠳᠠᠷᠦ᠋ᠢᠬᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢᠨ | ᠬᠠᠮᠲᠤ ᠨᠠᠶᠢᠳᠠᠪᠦᠷᠢᠵᠢᠭᠤᠯᠤᠭᠰᠠᠨ ᠪᠠᠶᠢᠳᠠᠯ ᠢᠶᠠᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠲᠠᠢ᠃ | ᠳᠠᠪᠤᠳᠤᠭᠠᠷ ᠪᠦᠯᠦᠭ ᠰᠢᠮᠳᠠᠭᠤᠯᠣᠨ ᠪᠠᠶᠢᠴᠠᠭᠠᠬᠤ ᠱᠠᠭᠠᠷᠳᠠᠯᠭ᠎ᠠ | ᠠᠷᠪᠠᠨ ᠲᠣᠯᠣᠳᠣᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠷᠢᠶ᠎ᠠ | ᠪᠦᠬᠦᠢ ᠰᠠᠯᠠᠭ᠎ᠠ ᠮᠦᠴᠢᠷ ᠤᠳ ᠰᠢᠮᠳᠠᠭᠤᠯᠣᠨ ᠪᠠᠶᠢᠴᠠᠭᠠᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ᠂ | ᠰᠢᠮᠳᠠᠭᠤᠯᠣᠨ ᠪᠠᠶᠢᠴᠠᠭᠠᠬᠤ ᠠᠵᠢᠯ ᠤᠨ ᠣᠳᠣᠷᠢᠳᠣᠯᠭ᠎ᠠ ᠶᠢ ᠦᠨᠡᠨᠬᠦ ᠴᠢᠩᠭᠠᠳᠬᠠᠵᠤ᠂ ᠰᠢᠮᠳᠠᠭᠤᠯᠣᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠰᠦᠯᠵᠢᠶ᠎ᠡ ᠶᠢ ᠲᠡᠭᠦᠯᠳᠡᠷᠵᠢᠭᠦᠯᠦᠨ ᠴᠣᠭᠴᠠᠯᠠᠵᠤ᠂ | ᠰᠢᠮᠳᠠᠭᠤᠯᠣᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠢᠮᠳᠠᠭᠤᠯᠣᠨ ᠪᠠᠶᠢᠴᠠᠭᠠᠬᠤ ᠦᠷ᠎ᠡ ᠪᠦᠳᠦᠮᠵᠢ ᠶᠢ | ᠲᠡᠭᠡᠭᠰᠢᠯᠡᠭᠦᠯᠵᠤ᠂ ᠰᠢᠮᠳᠠᠭᠤᠯᠣᠨ ᠪᠠᠶᠢᠴᠠᠭᠠᠬᠤ ᠠᠵᠢᠯ ᠢ ᠰᠢᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠦᠯᠳᠡ ᠶᠢᠨ | ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠰᠢᠮᠳᠠᠭᠤᠯᠣᠨ ᠪᠠᠶᠢᠴᠠᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠨ᠂ ᠰᠢᠮᠳᠠᠭᠤᠯᠣᠨ ᠪᠠᠶᠢᠴᠠᠭᠠᠬᠤ ᠠᠵᠢᠯ ᠢ ᠡᠳᠦᠷ | ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ | ᠴᠢᠬᠤᠯᠠ ᠠᠵᠢᠯ ᠤᠨ ᠪᠠᠶᠢᠷᠢᠯᠠᠭᠤᠯᠤᠯᠳᠠ ᠶᠢᠨ ᠲᠤᠤᠱᠯᠠᠭᠤᠯᠤᠭᠳᠠᠨ ᠨᠠᠶᠢᠳᠠᠪᠦᠷᠢᠵᠢᠭᠤᠯᠤᠭᠰᠠᠨ ᠪᠠᠶᠢᠳᠠᠯ ᠢ | ᠪᠡᠶ᠎ᠡ ᠪᠠᠷ ᠢᠶᠠᠨ ᠯᠠᠪᠯᠠᠨ ᠠᠰᠠᠭᠤᠵᠤ᠂ ᠴᠢᠬᠤᠯᠠᠲᠠᠢ ᠦᠶ᠎ᠡ ᠳᠤ ᠪᠡᠶ᠎ᠡ ᠪᠠᠷ ᠢᠶᠠᠨ ᠳᠠᠶᠢᠴᠢᠯᠠᠨ ᠳᠠᠭᠠᠭᠤᠯᠵᠤ | ᠰᠢᠮᠳᠠᠭᠤᠯᠣᠨ ᠪᠠᠶᠢᠴᠠᠭᠠᠬᠤ ᠭᠡᠷᠡᠭᠲᠠᠢ᠃ | ᠠᠷᠪᠠ ᠶᠢᠰᠦᠳᠦᠭᠡᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠷᠢᠶ᠎ᠠ | ᠪᠦᠬᠦᠢ ᠰᠠᠯᠠᠭ᠎ᠠ ᠮᠦᠴᠢᠷ ᠤᠳ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ ᠪᠠ ᠰᠢᠮᠳᠠᠭᠤᠯᠣᠨ ᠪᠠᠶᠢᠴᠠᠭᠠᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ᠂ ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ ᠰᠢᠮᠳᠠᠭᠤᠯᠣᠨ | ᠪᠠᠶᠢᠴᠠᠭᠠᠬᠤ ᠪᠠᠶᠢᠭᠤᠯᠤᠮᠵᠢ ᠳᠤ ᠴᠢᠬᠤᠯᠠ ᠪᠦᠬᠦᠢ ᠠᠵᠢᠯᠯᠠᠬᠤ ᠨᠦᠭᠦᠴᠡᠯ ᠬᠠᠩᠭᠠᠬᠤ ᠬᠡᠷᠡᠭᠲᠠᠢ᠃ ᠰᠢᠮᠳᠠᠭᠤᠯᠣᠨ | ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠢ ᠬᠠᠮᠢᠶ᠎ᠠ ᠪᠦᠬᠦᠢ ᠬᠤᠷᠠᠯ ᠳᠤ ᠰᠤᠯᠠ ᠣᠷᠣᠯᠴᠠᠭᠤᠯᠬᠤ ᠪᠠᠷ | ᠲᠤᠬᠢᠷᠠᠭᠤᠯᠤᠨ᠂ ᠤᠳᠤᠷᠢᠳᠬᠤ ᠨᠦᠬᠦᠳ ᠤᠨ ᠰᠢᠮᠳᠠᠭᠤᠯᠣᠨ ᠪᠠᠶᠢᠴᠠᠭᠠᠵᠤ ᠰᠣᠳᠣᠯᠬᠤ ᠠᠵᠢᠯᠯᠭ᠎ᠠ ᠳᠤ | ᠤᠷᠤᠯᠴᠠᠭᠤᠯᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠮᠡᠳᠡᠭᠡ ᠵᠠᠩᠭᠢ ᠶᠢ ᠤᠯᠠᠮᠵᠢᠯᠠᠨ ᠦᠵᠡᠭᠦᠯᠬᠦ ᠬᠡᠷᠡᠭᠲᠠᠢ᠃ | ᠰᠢᠮᠳᠠᠭᠤᠯᠣᠨ ᠪᠠᠶᠢᠴᠠᠭᠠᠬᠤ ᠡᠩᠨᠡᠭᠡᠨ ᠤ ᠪᠠᠶᠢᠭᠤᠯᠤᠯᠳᠠ ᠶᠢ ᠴᠢᠬᠤᠯᠠᠴᠢᠯᠠᠵᠤ᠂ ᠲᠤᠰᠬᠠᠢ ᠪᠤᠶᠤ ᠬᠠᠪᠰᠤᠷᠭᠠᠭᠰᠠᠨ | ᠰᠢᠮᠳᠠᠭᠤᠯᠣᠨ ᠪᠠᠶᠢᠴᠠᠭᠠᠭᠴᠢ ᠶᠢ ᠪᠦᠷᠢᠨ ᠲᠤᠬᠢᠷᠠᠭᠤᠯᠤᠨ ᠴᠢᠩᠭᠠᠳᠬᠠᠵᠤ᠂ ᠰᠢᠮᠳᠠᠭᠤᠯᠣᠨ ᠪᠠᠶᠢᠴᠠᠭᠠᠬᠤ ᠬᠦᠴᠦᠨ ᠢ | ᠦᠨᠡᠨᠬᠦ ᠴᠢᠩᠭᠠᠳᠬᠠᠬᠤ ᠬᠡᠷᠡᠭᠲᠠᠢ᠃ ᠰᠢᠮᠳᠠᠭᠤᠯᠣᠨ ᠪᠠᠶᠢᠴᠠᠭᠠᠬᠤ ᠰᠠᠯᠠᠭ᠎ᠠ ᠮᠦᠴᠢᠷ ᠤᠨ ᠠᠵᠢᠯᠯᠠᠬᠤ ᠨᠦᠭᠦᠴᠡᠯ ᠪᠠ | ᠲᠦᠭᠦᠭᠡᠷᠦᠮᠵᠢ ᠶᠢ ᠲᠠᠰᠣᠷᠠᠯᠳᠠ ᠦᠭᠡᠢ ᠰᠠᠶᠢᠵᠢᠷᠠᠭᠤᠯᠵᠣ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠪᠠ | ᠠᠯᠪᠠᠨ ᠵᠠᠷᠣᠳᠠᠯ ᠢ ᠬᠠᠩᠭᠠᠬᠤ ᠬᠡᠷᠡᠭᠲᠠᠢ᠃ | ᠬᠤᠷᠢᠳᠣᠭᠠᠷ ᠵᠦᠢᠯ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠪᠠᠶᠢᠭᠤᠯᠤᠮᠵᠢ ᠵᠢᠴᠢ | ᠠᠵᠢᠯᠲᠠᠳ ᠰᠢᠮᠳᠠᠭᠤᠯᠣᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠨ᠂ ᠠᠵᠢᠯ ᠬᠢᠪᠡᠯ | ᠪᠦᠲᠦᠮᠵᠢᠲᠡᠢ ᠪᠠᠶᠢᠬᠤ ᠠᠵᠢᠯ ᠤᠨ ᠠᠷᠭ᠎ᠠ ᠮᠠᠶ᠋ᠢᠭ ᠢ ᠬᠡᠷᠡᠭᠵᠢᠭᠦᠯᠵᠤ᠂ ᠦᠨᠳᠦᠰᠦᠨ ᠱᠠᠳᠣᠨ ᠳᠤ ᠭᠦᠨᠵᠡᠭᠡᠶᠢᠷᠡᠨ᠂ | ᠪᠣᠳᠠᠲᠠᠢ ᠳᠤ ᠭᠦᠨᠵᠡᠭᠡᠶᠢᠷᠡᠵᠤ᠂ ᠬᠠᠷᠢᠭᠤ ᠮᠡᠳᠡᠭᠦᠯᠬᠦ ᠶᠢ ᠰᠣᠨᠣᠰᠬᠤ᠂ ᠬᠤᠷᠠᠯ ᠳᠤ ᠰᠣᠯᠠ ᠣᠷᠣᠯᠴᠠᠬᠤ᠂ | ᠰᠠᠭᠤᠳᠠᠯ ᠤᠨ ᠬᠤᠷᠠᠯ ᠬᠤᠷᠠᠯᠳᠣᠭᠤᠯᠬᠤ᠂ ᠲᠤᠬᠠᠢ ᠶᠢᠨ ᠲᠠᠯᠠᠪᠦᠷ ᠲᠤ ᠪᠠᠶᠢᠴᠠᠭᠠᠨ ᠰᠤᠷᠪᠤᠯᠵᠢᠯᠠᠬᠤ᠂ ᠳᠠᠯᠳᠠᠭᠤᠷ | ᠰᠢᠮᠳᠠᠭᠤᠯᠣᠨ ᠪᠠᠶᠢᠴᠠᠭᠠᠬᠤ᠂ ᠣᠣᠯ ᠮᠠᠲ᠋ᠧᠷᠢᠶᠠᠯ ᠢ ᠰᠢᠯᠵᠢᠭᠦᠯᠦᠨ ᠣᠩᠰᠢᠬᠤ᠂ ᠠᠰᠠᠭᠤᠯᠳᠠ ᠶᠢᠨ ᠬᠠᠭᠤᠳᠠᠰᠣ ᠪᠠᠷ | ᠪᠠᠶᠢᠴᠠᠭᠠᠬᠤ ᠵᠡᠷᠭᠡ ᠬᠡᠯᠪᠡᠷᠢ ᠶᠢ ᠥᠷᠨᠢᠭᠦᠯᠬᠦ ᠪᠠᠷ ᠳᠠᠮᠵᠢᠨ᠂ ᠰᠢᠮᠳᠠᠭᠤᠯᠣᠨ ᠪᠠᠶᠢᠴᠠᠭᠠᠬᠤ ᠰᠦᠯᠵᠢᠶᠡᠨ ᠤ | ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠣ᠂ ᠬᠠᠮᠢᠶ᠎ᠠ ᠪᠦᠬᠦᠢ ᠠᠰᠠᠭᠤᠳᠠᠯ ᠢ ᠴᠠᠭ | ᠲᠣᠬᠠᠢ ᠳᠤᠨᠢ ᠰᠢᠢᠳᠪᠦᠷᠢᠯᠡᠨ᠂ ᠬᠠᠮᠢᠶ᠎ᠠ ᠪᠦᠬᠦᠢ ᠪᠠᠶᠢᠳᠠᠯ ᠢ ᠪᠦᠬᠦ ᠲᠠᠯ᠎ᠠ ᠪᠠᠷ᠂ ᠣᠨᠣᠪᠴᠢᠲᠠᠢ ᠣᠶᠢᠯᠭᠠᠬᠤ ᠪᠠ | ᠬᠠᠷᠢᠭᠤ ᠲᠤᠰᠬᠠᠬᠤ ᠬᠡᠷᠡᠭᠲᠠᠢ᠃ | ᠵᠢᠷᠭᠤᠳᠤᠭᠠᠷ ᠪᠦᠯᠦᠭ ᠰᠢᠮᠳᠠᠭᠤᠯᠣᠨ ᠪᠠᠶᠢᠴᠠᠭᠠᠬᠤ ᠦᠨᠡᠯᠡᠯᠳᠡ | ᠬᠤᠷᠢᠨ ᠨᠢᠭᠡᠳᠦᠭᠡᠷ ᠵᠦᠢᠯ ᠰᠢᠮᠳᠠᠭᠤᠯᠤᠨ ᠪᠠᠶᠢᠴᠠᠭᠠᠬᠤ ᠦᠨᠡᠯᠡᠯᠳᠡ ᠶᠢᠨ ᠲᠣᠭᠲᠠᠴᠠ ᠶᠢ | ᠰᠦᠪᠡᠭᠴᠢᠯᠡᠬᠦ ᠶᠢᠨ ᠳᠠᠭᠠᠤ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠠᠢ᠃ ᠵᠠᠰᠠᠭ ᠤᠨ ᠣᠷᠳᠣᠨ ᠤ | ᠰᠢᠮᠳᠠᠭᠤᠯᠣᠨ ᠪᠠᠶᠢᠴᠠᠭᠠᠬᠤ ᠰᠠᠯᠠᠭ᠎ᠠ ᠮᠥᠴᠢᠷ ᠪᠣᠰᠣᠳ ᠬᠢᠨᠠᠯᠳᠠ ᠲᠠᠯᠪᠢᠬᠤ ᠰᠠᠯᠠᠭ᠎ᠠ ᠮᠦᠴᠢᠷ ᠲᠠᠢ ᠬᠠᠮᠲᠤ ᠪᠠᠷ᠂ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠠᠣᠯᠢ | ᠶᠣᠰᠣᠭᠠᠷ ᠵᠠᠰᠠᠭ ᠶᠠᠪᠤᠭᠤᠯᠬᠤ᠂ ᠠᠵᠢᠯ ᠤᠨ ᠦᠷ᠎ᠡ ᠪᠦᠳᠦᠮᠵᠢ᠂ ᠦᠢᠯᠡᠴᠢᠯᠡᠭᠡᠨ ᠤ ᠶᠠᠰᠣ ᠴᠢᠨᠠᠷ ᠪᠠ ᠴᠢᠭᠡᠴᠢ | ᠵᠠᠰᠠᠭ ᠵᠡᠷᠭᠡ ᠪᠠᠶᠢᠳᠠᠯ ᠳᠤ ᠲᠤᠭᠲᠠᠮᠠᠯ ᠬᠤᠭᠤᠴᠠᠭ᠎ᠠ ᠲᠠᠢ ᠪᠤᠶᠤ ᠲᠤᠭᠲᠠᠮᠠᠯ ᠪᠣᠰᠤ ᠬᠤᠭᠤᠴᠠᠭ᠎ᠠ ᠲᠠᠢ ᠪᠠᠷ | ᠦᠨᠡᠯᠡᠯᠳᠡ ᠬᠢᠵᠦ᠂ ᠦᠨᠡᠯᠡᠯᠳᠡ ᠶᠢᠨ ᠦᠷ᠎ᠡ ᠪᠦᠳᠦᠮᠵᠢ ᠶᠢ ᠡᠯ᠎ᠡ ᠰᠠᠯᠠᠭ᠎ᠠ ᠮᠦᠴᠢᠷ ᠤᠨ ᠠᠵᠢᠯ ᠤᠨ ᠪᠦᠳᠦᠮᠵᠢ ᠶᠢ | ᠦᠨᠡᠯᠡᠬᠦ ᠨᠢᠭᠡ ᠵᠦᠢᠯ ᠤᠨ ᠴᠢᠬᠤᠯᠠ ᠦᠨᠳᠦᠰᠦᠯᠡᠯ ᠪᠤᠯᠭᠠᠵᠤ᠂ ᠠᠯᠬᠤᠮ ᠠᠯᠬᠤᠮ ᠢᠶᠠᠷ ᠺᠠᠳ᠋ᠷ ᠤᠨ ᠠᠵᠢᠯ ᠤᠨ | ᠠᠮᠵᠢᠯᠲᠠ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠠᠢ᠃ | ᠬᠤᠷᠢᠨ ᠬᠤᠶᠠᠳᠣᠭᠠᠷ ᠵᠦᠢᠯ ᠰᠢᠮᠳᠠᠭᠤᠯᠤᠨ ᠪᠠᠶᠢᠴᠠᠭᠠᠬᠤ ᠠᠵᠢᠯ ᠤᠨ ᠤᠷᠮᠠᠰᠢᠭᠤᠯᠬᠤ | ᠲᠣᠭᠲᠠᠴᠠ ᠶᠢ ᠬᠡᠷᠡᠭᠵᠢᠭᠦᠯᠬᠦ ᠬᠡᠷᠡᠭᠲᠠᠢ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠪᠠᠶᠢᠷᠢᠯᠠᠭᠤᠯᠤᠯᠳᠠ ᠶᠢ ᠲᠤᠤᠱᠯᠠᠭᠤᠯᠣᠨ ᠨᠠᠶᠢᠳᠠᠪᠦᠷᠢᠵᠢᠭᠤᠯᠬᠤ ᠲᠤᠮᠳᠠ | ᠠᠵᠢᠯᠯᠠᠭ᠎ᠠ ᠨᠢ ᠢᠳᠡᠪᠬᠢᠲᠠᠢ᠂ ᠠᠷᠭ᠎ᠠ ᠬᠡᠮᠵᠢᠶ᠎ᠡ ᠨᠢ ᠬᠦᠴᠦᠨ ᠲᠠᠢ᠂ ᠪᠤᠳᠠᠲᠠᠢ ᠲᠠᠢ ᠣᠶᠠᠯᠳᠣᠭᠤᠯᠣᠨ | ᠡᠭᠦᠳᠦᠯᠳᠡ ᠶᠢᠨ ᠴᠢᠨᠠᠷᠲᠠᠢ ᠠᠵᠢᠯ ᠢᠶᠠᠨ ᠦᠷᠨᠢᠭᠦᠯᠦᠭᠰᠡᠨ ᠨᠢᠭᠡᠴᠡ ᠪᠠ ᠬᠤᠪᠢ ᠬᠦᠮᠦᠨ ᠢ ᠬᠥᠬᠢᠭᠦᠯᠦᠨ ᠱᠠᠩᠨᠠᠬᠤ | ᠬᠡᠷᠡᠭᠲᠠᠢ᠃ ᠳᠡᠭᠡᠳᠦ ᠱᠠᠳᠣᠨ ᠤ ᠰᠢᠢᠳᠪᠦᠷᠢᠲᠦ ᠪᠤᠳᠤᠯᠭ᠎ᠠ ᠶᠢ ᠵᠦᠪ ᠣᠶᠢᠯᠠᠭᠠᠭᠰᠠᠨ ᠦᠭᠡᠢ᠂ ᠰᠢᠢᠳᠪᠦᠷᠢᠲᠦ | ᠪᠤᠳᠤᠯᠭ᠎ᠠ ᠶᠢ ᠨᠠᠶᠢᠳᠠᠪᠦᠷᠢᠵᠢᠭᠤᠯᠬᠤ ᠲᠣᠮᠳᠠ ᠵᠦᠷᠢᠶ᠎ᠡ ᠭᠠᠷᠭᠠᠭᠰᠠᠨ ᠪᠤᠶᠤ ᠴᠢᠨᠠᠭᠰᠢᠯᠠᠭᠠᠳ ᠠᠯᠳᠠᠭᠳᠠᠯ | ᠭᠠᠷᠭᠠᠭᠰᠠᠨ ᠪᠣᠯ᠂ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠪᠠᠶᠢᠴᠠᠭᠠᠯᠲᠠ ᠬᠢᠬᠦ ᠪᠠᠷ ᠱᠠᠭᠠᠷᠳᠠᠬᠤ ᠬᠡᠷᠡᠭᠲᠠᠢ︔ | ᠠᠵᠢᠯ ᠢᠶᠠᠨ ᠠᠯᠪᠠ ᠬᠠᠭᠠᠵᠤ ᠬᠠᠷᠢᠯᠴᠠᠨ ᠲᠦᠯᠬᠢᠯᠴᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠰᠢᠮᠳᠠᠭᠤᠯᠣᠨ | ᠪᠠᠶᠢᠴᠠᠭᠠᠬᠤ ᠪᠠᠷ ᠱᠠᠭᠠᠷᠳᠠᠭᠰᠠᠨ ᠴᠦ ᠨᠠᠶᠢᠳᠠᠪᠤᠷᠢᠵᠢᠭᠤᠯᠤᠭᠰᠠᠨ ᠦᠭᠡᠢ ᠪᠤᠯ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠥᠭᠡᠷᠡᠴᠢᠯᠡᠭᠦᠯᠬᠦ ᠠᠴᠠ ᠭᠠᠳᠠᠨ᠎ᠠ᠂ ᠨᠡᠶᠢᠲᠡᠯᠡᠨ ᠰᠢᠭᠦᠮᠵᠢᠯᠡᠬᠦ ᠬᠡᠷᠡᠭᠲᠠᠢ︔ ᠤᠳᠠᠭᠠᠰᠢᠷᠠᠭᠤᠯᠤᠨ | ᠬᠤᠶᠢᠰᠢᠯᠠᠭᠤᠯᠵᠤ ᠰᠢᠢᠳᠪᠦᠷᠢᠯᠡᠬᠦ ᠦᠭᠡᠢ᠂ ᠬᠤᠳᠠᠯ ᠬᠠᠭᠤᠷᠮᠠᠭᠯᠠᠭᠰᠠᠨ ᠢ ᠪᠠᠶᠢᠴᠠᠭᠠᠨ ᠬᠠᠷᠭᠤᠭᠤᠯᠵᠤ᠂ | ᠰᠢᠢᠳᠪᠦᠷᠢᠯᠡᠬᠦ ᠰᠠᠨᠠᠯ ᠲᠣᠷᠠᠳᠬᠤ ᠬᠡᠷᠡᠭᠲᠠᠢ︔ ᠬᠠᠷᠢᠭᠤᠴᠠᠯᠭ᠎ᠠ ᠠᠯᠳᠠᠵᠤ᠂ ᠲᠣᠰᠢᠶᠠᠯ ᠢᠶᠠᠨ ᠭᠤᠳᠤᠭᠠᠭᠰᠠᠨ ᠠᠴᠠ | ᠪᠤᠯᠵᠤ ᠬᠦᠨᠳᠦ ᠶᠡᠭᠡ ᠬᠤᠬᠢᠷᠠᠯ ᠪᠤᠶᠤ ᠮᠠᠭᠤ ᠨᠦᠯᠦᠭᠡ ᠭᠠᠷᠭᠠᠭᠰᠠᠨ ᠪᠣᠯ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ | ᠰᠢᠢᠳᠪᠦᠷᠢᠯᠡᠬᠦ ᠬᠡᠷᠡᠭᠲᠠᠢ᠃ | ᠳᠤᠯᠤᠳᠤᠭᠠᠷ ᠪᠦᠯᠦᠭ ᠲᠠᠭᠠᠯᠳᠣᠭᠤᠯᠣᠯ ᠲᠦᠷᠢᠮ | ᠬᠤᠷᠢᠨ ᠭᠤᠷᠪᠠᠳᠣᠭᠠᠷ ᠵᠦᠢᠯ ᠲᠤᠰ ᠲᠦᠷᠢᠮ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠲᠦᠷᠪᠡᠳᠦᠭᠡᠷ ᠵᠦᠢᠯ ᠲᠤᠰ ᠳᠦᠷᠢᠮ ᠢ ᠲᠠᠷᠣᠮᠠᠯᠯᠠᠨ ᠶᠠᠪᠤᠭᠤᠯᠤᠭᠰᠠᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |