ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ ᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2015/4/2
                    ᠥᠪᠥᠷ ᠵᠠᠰᠠᠭ ᠲᠠᠷᠬᠠᠭᠠᠭᠰᠠᠨ ﹇2014﹈ 127 ᠳ᠋ᠤᠭᠠᠷ ᠲᠤᠭᠠᠳᠤ                            2014 ᠤᠨ ᠤ 12 ᠳ᠋ᠤᠭᠠᠷ ᠰᠠᠷ᠎ᠠ ᠶᠢᠨ 18᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ︾᠎ ᠢ ᠡᠳᠦᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃            ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠪᠠᠶᠠᠯᠢᠭ ᠤᠨ               ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ      ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠴᠢ ᠪᠠᠷ᠂ ᠬᠠᠮᠠᠭᠠᠯᠠᠯᠳᠠ ᠲᠠᠢ ᠪᠦᠭᠡᠳ ᠵᠦᠢ ᠵᠤᠬᠢᠰᠳᠠᠢ ᠠᠰᠢᠭᠯᠠᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠨ ᠬᠦᠭᠵᠢᠬᠦ ᠶᠢ ᠪᠠᠳᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠠᠪᠬᠤ ᠶᠢ ᠵᠦᠪᠰᠢᠶᠡᠷᠡᠬᠦ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠬᠠᠮᠢᠶᠠᠷᠤᠯᠳᠠ ᠶᠢᠨ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 460 ᠳ᠋ᠤᠭᠠᠷ ᠲᠤᠭᠠᠳᠤ︶᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠪᠬᠤ ᠶᠢ ᠵᠦᠪᠰᠢᠶᠡᠷᠡᠬᠦ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠬᠠᠮᠢᠶᠠᠷᠤᠯᠳᠠ ᠶᠢᠨ ᠬᠡᠷᠡᠭᠵᠢᠭᠦᠯᠬᠦ ᠠᠷᠭ᠎ᠠ︾ ︵ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 155 ᠳ᠋ᠤᠭᠠᠷ ᠲᠤᠭᠠᠳᠤ︶ ᠪᠤᠯᠤᠨ ︽ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠶᠢᠨ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠡᠳ᠋ ᠤᠨ ᠵᠠᠰᠠᠭ ᠤᠨ ᠶᠠᠮᠤᠨ ᠤᠰᠤᠨ ᠠᠰᠢᠭᠯᠠᠯᠳᠠ ᠶᠢᠨ ᠶᠠᠮᠤᠨ ᠤ ᠮᠡᠳᠡᠭᠳᠡᠯ︾ ︵ᠬᠦᠭᠵᠢᠭᠦᠯᠦᠯᠳᠡ ᠦᠭᠡᠷᠡᠴᠢᠯᠡᠯᠳᠡ ᠦᠨ᠎ᠡ ﹇2013﹈ 29 ᠳ᠋ᠤᠭᠡᠷ ᠲᠤᠭᠠᠳᠤ︶᠎ ᠎ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ ᠢ ᠲᠤᠭᠳᠠᠭᠠᠪᠠ᠃      ᠨᠢᠭᠡ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠬᠦᠷᠢᠶ᠎ᠡ ᠬᠡᠪᠴᠢᠶ᠎ᠠ      ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠲᠤᠳᠤᠷᠠᠬᠢ ᠮᠦᠷᠡᠨ ᠭᠤᠤᠯ᠂ ᠨᠠᠭᠤᠷ ᠴᠦᠬᠦᠷᠦᠮ ᠪᠤᠶᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠰᠢᠭᠤᠳ ᠠᠪᠴᠤ ᠬᠡᠷᠡᠭᠯᠡᠭᠰᠡᠨ ᠪᠤᠢ ᠪᠦᠬᠦᠢ ᠨᠢᠭᠡᠴᠡ ᠪᠠ ᠬᠤᠪᠢ ᠬᠦᠮᠦᠨ᠂ ᠲᠤᠤᠷᠠᠬᠢ ᠪᠠᠶᠢᠳᠠᠯ ᠠᠴᠠ ᠪᠤᠰᠤᠳ ᠨᠢ ᠴᠦᠮ ᠤᠰᠤᠨ ᠤ ᠡᠬᠢ ᠪᠠᠶᠠᠯᠢᠭ ᠤᠨ ᠰᠦᠢᠳᠭᠡᠯ ᠲᠤᠰᠢᠶᠠᠬᠤ ᠬᠡᠷᠡᠭᠳᠡᠢ᠃      ︵ᠨᠢᠭᠡ︶ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠵᠢᠴᠢ ᠲᠡᠬᠦᠨ ᠤ ᠪᠦᠷᠢᠯᠳᠦᠬᠦᠨ ᠨᠢ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠤᠰᠤᠨ ᠴᠦᠬᠦᠷᠤᠮ᠂ ᠤᠰᠤᠨ ᠬᠦᠮᠦᠷᠭᠡ ᠠᠴᠠ ᠤᠰᠤ ᠬᠡᠷᠡᠭᠯᠡᠭᠰᠡᠨ ᠪᠠᠶᠢᠬᠤ︔      ︵ᠬᠤᠶᠠᠷ︶ ᠭᠡᠷ ᠪᠦᠯᠢ ᠶᠢᠨ ᠠᠮᠢᠳᠤᠷᠠᠯ ᠪᠠ ᠴᠥᠬᠡᠨ ᠪᠥᠭᠡᠳ ᠰᠤᠯᠠ ᠲᠡᠵᠢᠭᠡᠬᠦ᠂ ᠬᠠᠰᠢᠶᠠᠯᠠᠨ ᠲᠡᠵᠢᠭᠡᠵᠦ ᠪᠠᠶᠢᠭ᠎ᠠ  ᠮᠠᠯ ᠵᠢᠭᠦᠷᠳᠡᠨ ᠤ ᠤᠤᠭᠤᠬᠤ ᠤᠰᠤ ᠨᠢ ᠵᠢᠯ ᠳᠡᠭᠡᠨ 1000 ᠺᠦᠪ ᠮᠧᠲᠷ ᠠᠴᠠ ᠲᠤᠷᠤᠭᠰᠢ ᠪᠠᠶᠢᠬᠤ︔      ︵ᠭᠤᠷᠪᠠ︶ ᠠᠭᠤᠷᠬᠠᠢ ᠶᠢᠨ ᠬᠤᠳᠳᠤᠭ ᠵᠡᠷᠭᠡ ᠭᠠᠵᠠᠷ ᠲᠤᠤᠷᠠᠭᠢ ᠢᠨᠵᠧᠨᠧᠷᠢᠩ ᠤᠨ ᠪᠠᠷᠢᠯᠭ᠎ᠠ ᠪᠠᠷᠢᠬᠤ ᠠᠮᠤᠷ ᠲᠦᠪᠰᠢᠨ ᠬᠢᠭᠡᠳ ᠦᠢᠯᠡᠳᠪᠦᠷᠢᠯᠡᠯ ᠤᠨ ᠠᠶᠤᠯ ᠦᠭᠡᠢ ᠶᠢ ᠪᠠᠳᠤᠯᠠᠬᠤ ᠶᠢᠨ ᠲᠤᠰᠠᠳᠠ ᠪᠠᠴᠢᠮ ᠪᠠᠶᠢᠳᠠᠯ ᠢ ᠠᠷᠭᠠᠴᠠᠬᠤ ᠳᠤ ᠲᠦᠷ ᠴᠠᠭ ᠵᠠᠪᠠᠯ ᠤᠰᠤ ᠠᠪᠬᠤ ︵ᠵᠠᠯᠠᠬᠤ︶︔      ︵ᠲᠦᠷᠪᠡ︶ ᠣᠯᠠᠨ ᠨᠡᠶᠢᠳᠡ ᠶᠢᠨ ᠠᠮᠤᠷ ᠲᠦᠪᠰᠢᠨ ᠪᠤᠶᠤ ᠣᠯᠠᠨ ᠨᠡᠶᠢᠳᠡ ᠶᠢᠨ ᠠᠰᠢᠭ ᠲᠤᠰᠠ ᠶᠢᠨ ᠠᠶᠤᠯ ᠲᠦᠭᠰᠢᠭᠦᠷᠢ ᠶᠢ ᠠᠷᠢᠯᠭᠠᠬᠤ ᠶᠢᠨ ᠲᠤᠰᠠᠳᠠ ᠪᠠᠴᠢᠮ ᠪᠠᠶᠢᠳᠠᠯ ᠢ ᠠᠷᠭᠠᠴᠠᠬᠤ ᠪᠠᠷ ᠲᠦᠷ ᠴᠠᠭ ᠤᠰᠤ ᠠᠪᠬᠤ︔      ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠩ ᠬᠠᠭᠰᠠᠷᠠᠭᠠᠨ ᠲᠠᠢ ᠲᠡᠮᠡᠴᠡᠬᠦ ᠪᠠ ᠠᠮᠢ ᠠᠬᠤᠢ ᠬᠢᠭᠡᠳ ᠤᠷᠴᠢᠨ ᠲᠤᠭᠤᠷᠢᠨ ᠢ ᠬᠠᠮᠠᠭᠠᠯᠠᠬᠤ ᠶᠢᠨ ᠲᠤᠰᠠᠳᠠ ᠪᠠᠴᠢᠮ ᠪᠠᠶᠢᠳᠠᠯ ᠢ ᠠᠷᠭᠠᠴᠠᠬᠤ ᠪᠠᠷ ᠲᠦᠷ ᠴᠠᠭ ᠵᠠᠪᠠᠯ ᠤᠰᠤ ᠠᠪᠬᠤ᠃      ᠬᠤᠶᠠᠷ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ      ︵ᠨᠢᠭᠡ︶ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ      ︵ᠬᠤᠶᠠᠷ︶ ᠨᠢᠭᠡᠳᠦᠭᠡᠷ ᠲᠦᠷᠦᠯ ᠤᠨ ᠭᠠᠵᠠᠷ ᠤᠷᠤᠨ ᠭᠡᠳᠡᠭ ᠨᠢ ᠬᠦᠬᠡᠬᠤᠳᠠ᠂ ᠪᠤᠭᠤᠳᠤ ᠬᠤᠳᠠ᠂ ᠲᠦᠩᠯᠢᠶᠤᠤ ᠬᠤᠳᠠ᠂ ᠤᠯᠠᠭᠠᠠᠬᠠᠳᠠ ᠬᠤᠳᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠠᠯᠠᠱᠠ ᠠᠶᠢᠮᠠᠭ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠬᠤᠳᠠ ︵ᠪᠠᠯᠭᠠᠰᠤ︶᠎ ᠶᠢᠨ ᠲᠦᠯᠦᠪᠵᠢᠭᠦᠯᠭᠡ ᠶᠢᠨ ᠲᠤᠭᠤᠷᠢᠭ ᠵᠢᠴᠢ ᠦᠬᠠᠢ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠪᠤᠯᠤᠨ ᠬᠠᠤᠯᠢᠨ ᠭᠤᠤᠯ ᠬᠤᠳᠠ ᠶᠢ ᠵᠢᠭᠠᠵᠤ ᠪᠤᠢ︔ ᠬᠤᠶᠠᠳᠤᠭᠠᠷ ᠲᠦᠷᠦᠯ ᠤᠨ ᠭᠠᠵᠠᠷ ᠤᠷᠤᠨ ᠭᠡᠳᠡᠭ ᠨᠢ ᠲᠡᠭᠡᠷ᠎ᠡ ᠲᠤᠷᠠᠳᠤᠭᠰᠠᠨ ᠭᠠᠵᠠᠷ ᠤᠷᠤᠨ ᠠᠴᠠ ᠪᠤᠰᠤᠳ ᠭᠠᠵᠠᠷ ᠤᠷᠤᠨ ᠢ ᠵᠢᠭᠠᠵᠤ ᠪᠤᠢ᠃      ︵ᠭᠤᠷᠪᠠ︶ ᠡᠵᠡᠩᠨᠡᠯᠳᠡ ᠶᠢᠨ ᠴᠢᠨᠠᠷᠳᠠᠢ ᠦᠢᠯᠡᠴᠢᠯᠡᠭᠡᠨ ᠤ ᠦᠢᠯᠡᠰ ᠭᠡᠳᠡᠭ ᠨᠢ ᠠᠰᠢᠭ ᠣᠯᠵᠠᠪᠤᠷᠢ ᠤᠯᠬᠤ ᠪᠤᠶᠤ ᠦᠷᠳᠡᠭ ᠤᠨ ᠨᠡᠮᠡᠭᠳᠡᠯ ᠢᠶᠠᠷ ᠵᠤᠷᠢᠯᠭ᠎ᠠ ᠪᠠᠨ ᠪᠤᠯᠭᠠᠵᠤ᠂ ᠦᠢᠯᠡᠴᠢᠯᠡᠭᠡᠨ ᠤ ᠦᠢᠯᠡᠳᠬᠦᠨ ᠬᠠᠩᠭᠠᠵᠤ ᠪᠠᠶᠢᠭ᠎ᠠ ᠦᠢᠯᠡᠳᠪᠦᠷᠢᠯᠡᠯ ᠤᠨ ᠰᠠᠯᠠᠭ᠎ᠠ ᠮᠦᠴᠢᠷ ᠪᠤᠯᠤᠨ ᠠᠵᠤ ᠠᠬᠤᠶᠢᠯᠠᠯ ᠤᠨ ᠨᠡᠶᠢᠯᠡᠮᠵᠢ ᠶᠢ ᠵᠢᠭᠠᠵᠤ ᠪᠤᠢ᠂ ᠡᠭᠦᠨ ᠳᠤ ᠬᠤᠨᠤᠭᠯᠠᠬᠤ᠂ ᠢᠳᠡᠭᠡᠨ ᠤᠮᠳᠠᠭᠠᠨ᠂ ᠰᠤᠶᠤᠯ ᠵᠤᠭ᠎ᠠ ᠲᠤᠭᠯᠠᠭᠠᠮ᠂ ᠵᠢᠭᠤᠯᠴᠢᠯᠠᠯ᠂ ᠭᠡᠷ ᠪᠠᠶᠢᠰᠢᠩ ᠭᠠᠵᠠᠷ ᠬᠦᠷᠦᠩᠭᠡ᠂ ᠲᠠᠸᠠᠷ ᠢ ᠵᠢᠵᠢᠭᠯᠡᠨ ᠬᠤᠳᠠᠯᠳᠤᠬᠤ᠂ ᠮᠦᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠪᠦᠭᠡᠮ ᠢᠶᠠᠷ ᠬᠤᠳᠠᠯᠳᠤᠬᠤ᠂ ᠡᠯᠤᠺᠲᠷᠤᠨ ᠬᠤᠳᠠᠯᠳᠤᠭᠠᠨ ᠤ ᠶᠠᠪᠤᠳᠠᠯ᠂ ᠡᠮᠴᠢᠯᠡᠭᠡ ᠡᠷᠡᠭᠦᠯᠵᠢᠯ᠂ ᠰᠤᠷᠭᠠᠨ ᠬᠦᠮᠦᠵᠢᠯ ᠪᠤᠯᠪᠠᠰᠤᠷᠠᠭᠤᠯᠤᠯ᠂ ᠵᠠᠭᠤᠴᠢ ᠪᠠ ᠯᠠᠪᠯᠠᠯᠭ᠎ᠠ ᠵᠡᠷᠭᠡ ᠲᠤᠰᠬᠠᠢ ᠦᠢᠯᠡᠴᠢᠯᠡᠭᠡ ᠶᠢ ᠪᠠᠭᠳᠠᠭᠠᠨ᠎ᠠ︔ ᠡᠵᠡᠩᠨᠡᠯᠳᠡ ᠶᠢᠨ ᠪᠤᠰᠤ ᠴᠢᠨᠠᠷᠳᠠᠢ ᠦᠢᠯᠡᠴᠢᠯᠡᠭᠡᠨ ᠤ ᠦᠢᠯᠡᠰ ᠲᠤᠬᠠᠶᠢᠯᠠᠪᠠᠯ ᠨᠡᠶᠢᠭᠡᠮ ᠤᠨ ᠣᠯᠠᠨ ᠨᠡᠶᠢᠳᠡ ᠶᠢᠨ ᠦᠢᠯᠡᠴᠢᠯᠡᠭᠡ ᠭᠡᠳᠡᠭ ᠨᠢ ᠠᠰᠢᠭ ᠣᠯᠵᠠᠪᠤᠷᠢ ᠤᠯᠬᠤ ᠪᠤᠶᠤ ᠦᠷᠳᠡᠭ ᠤᠨ ᠨᠡᠮᠡᠭᠳᠡᠯ ᠢᠶᠠᠷ ᠵᠤᠷᠢᠯᠭ᠎ᠠ ᠪᠠᠨ ᠡᠰᠡ ᠪᠤᠯᠭᠠᠵᠤ᠂ ᠨᠡᠶᠢᠭᠡᠮ ᠤᠨ ᠣᠯᠠᠨ ᠨᠡᠶᠢᠳᠡ ᠶᠢᠨ ᠬᠡᠷᠡᠭᠴᠡᠭᠡ ᠶᠢ ᠬᠠᠨᠤᠮᠵᠢᠳᠠᠢ ᠪᠤᠯᠭᠠᠬᠤ ᠪᠠᠷ ᠦᠢᠯᠡᠴᠢᠯᠡᠭᠡᠨ ᠤ ᠦᠢᠯᠡᠳᠬᠦᠨ ᠬᠠᠩᠭᠠᠳᠠᠭ ᠵᠠᠰᠠᠭ ᠤᠨ ᠤᠷᠳᠤᠨ ᠤ ᠠᠵᠢᠯᠯᠠᠭ᠎ᠠ ᠶᠢᠨ ᠨᠡᠶᠢᠯᠡᠮᠵᠢ ᠶᠢ ᠵᠢᠭᠠᠵᠤ ᠪᠤᠢ᠂ ᠡᠭᠦᠨ ᠳᠤ ᠣᠯᠠᠨ ᠨᠡᠶᠢᠳᠡ ᠶᠢᠨ ᠬᠠᠮᠢᠶᠠᠷᠤᠯᠳᠠ ᠶᠢᠨ ᠦᠢᠯᠡᠴᠢᠯᠡᠭᠡ᠂ ᠰᠠᠭᠤᠷᠢ ᠰᠤᠷᠭᠠᠨ ᠬᠦᠮᠦᠵᠢᠯ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠵᠢᠴᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠮᠡᠳᠡᠭᠡ ᠵᠠᠩᠬᠢ ᠶᠢᠨ ᠦᠢᠯᠡᠴᠢᠯᠡᠭᠡ ᠶᠢ ᠪᠠᠭᠳᠠᠭᠠᠨ᠎ᠠ᠃ ᠪᠤᠳᠠᠳᠠᠢ ᠠᠵᠢᠯ ᠲᠦᠷᠦᠯ ᠤᠨ ᠬᠤᠪᠢᠶᠠᠷᠢᠯᠠᠯ ᠢ ︽ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠪᠢᠶᠠᠷᠢᠯᠠᠯ︾ ︵GB/T4754︶᠎ ᠢ ᠨᠠᠷᠢᠨ ᠦᠵᠡ᠃      ︵ᠲᠦᠷᠪᠡ︶ ᠲᠦᠪᠯᠡᠷᠡᠭᠦᠯᠬᠦ ᠮᠠᠶ᠋ᠢᠭ ᠤᠨ ᠤᠰᠤ ᠬᠠᠩᠭᠠᠬᠤ ᠭᠡᠳᠡᠭ ᠨᠢ ᠲᠤᠰᠠᠭᠠᠷ ᠬᠠᠤᠯᠢ ᠶᠢᠨ ᠡᠷᠬᠡᠳᠡᠨ ᠤ ᠦᠨᠡᠮᠯᠡᠯ ᠲᠠᠢ ᠬᠠᠤᠯᠢ ᠶᠤᠰᠤᠨ ᠤ ᠤᠰᠤ ᠬᠠᠩᠭᠠᠬᠤ ᠨᠢᠭᠡᠴᠡ ᠠᠴᠠ ᠲᠦᠪᠯᠡᠷᠡᠭᠦᠯᠵᠦ ᠪᠠᠶᠢᠭᠠᠳ ᠤᠰᠤ ᠠᠪᠬᠤ ᠶᠢᠨ ᠬᠠᠮᠳᠤ ᠤᠰᠤ ᠲᠦᠭᠡᠭᠡᠬᠦ ᠬᠤᠭᠤᠯᠠᠢ ᠲᠤᠤᠷ ᠢᠶᠠᠷ ᠲᠠᠮᠵᠢᠭᠤᠯᠵᠤ ᠤᠰᠤ ᠬᠡᠷᠡᠭᠯᠡᠬᠦ ᠡᠷᠦᠬᠡ ᠳᠤ ᠤᠰᠤ ᠬᠠᠩᠭᠠᠬᠤ ᠠᠷᠭ᠎ᠠ ᠮᠠᠶ᠋ᠢᠭ ᠢ ᠵᠢᠭᠠᠵᠤ ᠪᠤᠢ᠂ ᠭᠤᠤᠯᠳᠠᠭᠤ ᠬᠤᠳᠠ ᠪᠠᠯᠭᠠᠰᠤ ᠶᠢᠨ ᠲᠦᠭᠡᠭᠡᠯ ᠤᠰᠤ ᠵᠢᠴᠢ ᠪᠤᠰᠤᠳ ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠭᠳᠠᠭᠠᠨ᠎ᠠ᠃      ︵ᠲᠠᠪᠤ︶ ᠪᠠᠷᠢᠯᠭ᠎ᠠ ᠪᠠᠷᠢᠬᠤ᠂ ᠠᠭᠤᠷᠬᠠᠢ ᠶᠢᠨ ᠭᠠᠷᠤᠯᠲᠠ ᠶᠢ ᠬᠠᠳᠠᠭᠠᠬᠤ ᠤᠰᠤ ᠨᠡᠪᠲᠡᠷᠡᠭᠦᠯᠵᠦ ᠭᠠᠳᠠᠭᠰᠢᠯᠠᠭᠤᠯᠬᠤ ᠳᠤ ᠤᠰᠤ ᠬᠡᠷᠡᠭᠯᠡᠭᠰᠡᠨ ᠬᠡᠮᠵᠢᠶ᠎ᠡ ᠶᠢ ᠪᠤᠳᠤᠬᠤ ᠪᠡᠯᠡᠳᠭᠡᠮᠵᠢ ᠶᠢ ᠤᠭᠰᠠᠷᠠᠵᠤ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠵᠠᠯᠠᠭᠰᠠᠨ ᠤᠰᠤᠨ ᠤ ᠬᠡᠮᠵᠢᠶ᠎ᠡ ᠶᠤᠰᠤᠭᠠᠷ ᠪᠤᠳᠤᠵᠤ ᠲᠠᠳᠠᠪᠤᠷᠢᠯᠠᠬᠤ ᠬᠡᠷᠡᠭᠳᠡᠢ︔ ᠲᠤᠭ᠎ᠠ ᠬᠡᠮᠵᠢᠶ᠎ᠡ ᠶᠢ ᠪᠤᠳᠤᠬᠤ ᠪᠡᠯᠡᠳᠭᠡᠮᠵᠢ ᠶᠢ ᠱᠠᠭᠠᠷᠳᠠᠯᠭ᠎ᠠ ᠶᠤᠰᠤᠭᠠᠷ ᠤᠭᠰᠠᠷᠠᠭᠰᠠᠨ ᠦᠭᠡᠢ ᠪᠤᠶᠤ ᠲᠤᠭ᠎ᠠ ᠬᠡᠮᠵᠢᠶ᠎ᠡ ᠶᠢ ᠪᠤᠳᠤᠬᠤ ᠪᠡᠯᠡᠳᠭᠡᠮᠵᠢ ᠨᠢ ᠬᠢᠷᠢ ᠲᠡᠩᠴᠡᠬᠦ ᠦᠭᠡᠢ᠂ ᠠᠵᠢᠯᠯᠠᠭᠠᠨ ᠨᠢ ᠬᠡᠪ ᠤᠨ ᠪᠤᠰᠤ ᠪᠠᠶᠢᠬᠤ ᠳᠤ ᠬᠦᠷᠪᠡᠯ ᠤᠰᠤᠨ ᠤ ᠡᠬᠢ ᠪᠠᠶᠠᠯᠢᠭ ᠤᠨ ᠰᠦᠢᠳᠭᠡᠯ ᠢ ᠡᠳᠦᠷ ᠪᠦᠷᠢ ᠶᠢᠨ 24 ᠴᠠᠭ ᠢᠶᠠᠷ ᠬᠠᠮᠤᠭ ᠶᠡᠭᠡ ᠤᠰᠤ ᠵᠠᠯᠠᠬᠤ ᠴᠢᠳᠠᠪᠤᠷᠢ ᠲᠠᠢ ᠪᠠᠶᠢᠬᠤ ᠶᠤᠰᠤᠭᠠᠷ ᠪᠤᠳᠤᠵᠤ ᠲᠠᠳᠠᠪᠤᠷᠢᠯᠠᠨ᠎ᠠ︔ ᠠᠭᠤᠷᠬᠠᠢ ᠶᠢᠨ ᠭᠠᠷᠤᠯᠲᠠ ᠶᠢ ᠬᠠᠳᠠᠭᠠᠵᠤ ᠨᠡᠪᠲᠡᠷᠡᠭᠦᠯᠵᠦ ᠵᠠᠯᠠᠬᠤ ᠳᠤ᠂ ᠮᠡᠷᠭᠡᠵᠢᠯ ᠪᠤᠶᠤ ᠤᠷ᠎ᠠ ᠮᠡᠷᠭᠡᠰᠢᠯ ᠵᠡᠷᠭᠡ ᠰᠢᠯᠳᠠᠭᠠᠨ ᠠᠴᠠ ᠪᠤᠯᠤᠭᠠᠳ ᠤᠰᠤ ᠬᠡᠷᠡᠭᠯᠡᠭᠰᠡᠨ ᠬᠡᠮᠵᠢᠶ᠎ᠡ ᠶᠢ ᠨᠢ ᠪᠤᠳᠤᠬᠤ ᠶᠢᠨ ᠠᠷᠭ᠎ᠠ ᠦᠭᠡᠢ ᠪᠤᠯ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠠᠭᠤᠷᠬᠠᠢ ᠶᠢᠨ ᠭᠠᠷᠤᠯᠳᠠ ᠶᠢᠨ ᠬᠡᠮᠵᠢᠶ᠎ᠡ ᠶᠤᠰᠤᠭᠠᠷ ᠲᠤᠨ ᠪᠦᠷᠢ ᠳᠤ 0.3 ᠲᠦᠭᠦᠷᠢᠭ ᠢᠶᠠᠷ ᠲᠠᠳᠠᠪᠤᠷᠢᠯᠠᠬᠤ ᠬᠡᠷᠡᠭᠲᠡᠢ᠃      ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠤᠰᠤᠯᠠᠯᠳᠠ ᠶᠢᠨ ᠲᠦᠯᠦᠪᠯᠡᠭᠡ ᠳᠠᠬᠢ ᠬᠡᠷᠡᠭᠯᠡᠬᠦ ᠤᠰᠤ ᠪᠤᠶᠤ ᠲᠣᠭᠲᠠᠭᠠᠭᠰᠠᠨ ᠲᠤᠭ᠎ᠠ ᠳᠠᠬᠢ ᠬᠡᠷᠡᠭᠯᠡᠬᠦ ᠤᠰᠤ ᠶᠢ ᠤᠰᠤᠨ ᠤ ᠡᠬᠢ ᠪᠠᠶᠠᠯᠢᠭ ᠤᠨ ᠰᠦᠢᠳᠭᠡᠯ ᠲᠠᠳᠠᠪᠤᠷᠢᠯᠠᠬᠤ ᠠᠴᠠ ᠬᠡᠯᠳᠦᠷᠢᠭᠦᠯᠦᠨ᠎ᠡ᠂ ᠲᠦᠯᠦᠪᠯᠡᠭᠡ ᠠᠴᠠ ᠲᠠᠪᠠᠭᠰᠠᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠳᠡᠯ᠎ᠡ ᠵᠠᠷᠤᠭᠰᠠᠨ ᠬᠡᠰᠡᠭ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠣᠯ ᠲᠠᠳᠠᠪᠤᠷᠢᠯᠠᠬᠤ ᠪᠠᠷᠢᠮᠵᠢᠶ᠎ᠠ ᠶᠢᠨ ᠰᠠᠭᠤᠷᠢᠨ ᠲᠡᠭᠡᠷ᠎ᠡ ᠲᠦᠯᠦᠪᠯᠡᠭᠡ ᠠᠴᠠ ᠬᠡᠳᠦᠷᠡᠭᠰᠡᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠭᠰᠡᠨ ᠬᠡᠰᠡᠭ ᠢ ᠨᠢ ᠬᠠᠷᠢᠴᠠᠩᠭᠤᠢ ᠪᠠᠷ ᠨᠡᠶᠢᠯᠡᠭᠦᠯᠦᠨ ᠪᠤᠳᠤᠵᠤ ᠦᠨ᠎ᠡ ᠦᠰᠭᠡᠬᠦ ᠲᠦᠷᠢᠮ ᠢ ᠬᠡᠷᠡᠭᠵᠢᠭᠦᠯᠦᠨ᠎ᠡ      ᠭᠤᠷᠪᠠ᠂ ᠬᠠᠮᠢᠶ᠎ᠠ ᠪᠦᠬᠦᠢ ᠲᠤᠭᠳᠠᠭᠠᠯ      ︵ᠨᠢᠭᠡ︶ ᠠᠳᠠᠯᠢ ᠨᠢᠭᠡᠨ ᠤᠰᠤ ᠬᠡᠷᠡᠭᠯᠡᠬᠦ ᠡᠷᠦᠭᠡ ᠶᠢᠨ ᠠᠳᠠᠯᠢ ᠪᠤᠰᠤ ᠬᠡᠷᠡᠭᠴᠡᠭᠡ ᠠᠴᠠ ᠤᠰᠤ ᠬᠡᠷᠡᠭᠯᠡᠬᠦ ᠳᠤ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠶᠢ ᠨᠢ ᠵᠤᠬᠢᠬᠤ ᠪᠠᠷᠢᠮᠵᠢᠶ᠎ᠡ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠲᠦᠪᠯᠡᠷᠡᠭᠦᠯᠬᠦ ᠮᠠᠶ᠋ᠢᠭ ᠢᠶᠠᠷ ᠤᠰᠤ ᠬᠠᠩᠭᠠᠵᠤ ᠪᠠᠶᠢᠭ᠎ᠠ ᠤᠰᠤᠨ ᠤ ᠢᠷᠡᠯᠳᠡ ᠨᠢ ᠬᠦᠷᠦᠰᠦᠨ ᠲᠡᠭᠡᠷᠡᠬᠢ ᠤᠰᠤ ᠪᠠ ᠭᠠᠵᠠᠷ ᠲᠤᠤᠷᠠᠬᠢ ᠤᠰᠤ ᠪᠠᠷ ᠬᠤᠯᠢᠯᠳᠤᠵᠤ ᠪᠦᠷᠢᠯᠳᠦᠭᠰᠡᠨ ᠪᠤᠯ᠂ ᠤᠰᠤ ᠬᠡᠷᠡᠭᠯᠡᠬᠦ ᠠᠵᠢᠯ ᠲᠦᠷᠦᠯ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠶᠢ ᠨᠢ ᠬᠦᠷᠦᠰᠦᠨ ᠲᠡᠭᠡᠷᠡᠬᠢ ᠤᠰᠤ ᠬᠢᠭᠡᠳ ᠭᠠᠵᠠᠷ ᠲᠤᠤᠷᠠᠬᠢ ᠤᠰᠤ ᠶᠢ ᠬᠠᠩᠭᠠᠭᠰᠠᠨ ᠬᠠᠷᠢᠴᠠᠯ ᠶᠤᠰᠤᠭᠠᠷ ᠨᠡᠮᠡᠭᠦᠷᠢ ᠶᠢᠨ ᠳᠤᠮᠳᠠᠴᠢ ᠪᠤᠳᠤᠬᠤ ᠠᠷᠭ᠎ᠠ ᠮᠠᠶ᠋ᠢᠭ ᠢᠶᠠᠷ ᠲᠤᠭᠳᠠᠭᠠᠨ᠎ᠠ᠃      ︵ᠭᠤᠷᠪᠠ︶ ᠤᠰᠤ ᠲᠠᠳᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠠᠴᠠ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠦᠷ ᠲᠠᠳᠠᠪᠤᠷᠢᠯᠠᠬᠤ ᠦᠭᠡᠢ᠂ ᠪᠤᠬᠢᠷᠳᠤᠯ ᠤᠰᠤ ᠶᠢ ᠬᠡᠷᠡᠭᠯᠡᠵᠦ ᠪᠠᠶᠢᠭᠠᠳ ᠲᠠᠬᠢᠨ ᠠᠰᠢᠭᠯᠠᠬᠤ ᠤᠰᠤ ᠶᠢ ᠰᠢᠢᠳᠪᠦᠷᠢᠯᠡᠬᠦ ᠳᠤ ᠤᠰᠤᠨ ᠤ ᠡᠬᠢ ᠪᠠᠶᠠᠯᠢᠭ ᠤᠨ ᠰᠦᠢᠳᠭᠡᠯ ᠲᠠᠳᠠᠪᠤᠷᠢᠯᠠᠬᠤ ᠦᠭᠡᠢ᠃      ︵ᠲᠦᠷᠪᠡ︶ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠨᠢ ᠭᠠᠯ ᠤᠨ ᠬᠦᠴᠦᠨ ᠢᠶᠠᠷ ᠴᠠᠬᠢᠯᠭᠠᠨ ᠭᠠᠷᠭᠠᠬᠤ᠂ ᠢᠯᠴᠢ ᠬᠠᠩᠭᠠᠬᠤ ᠳᠤ ᠤᠰᠤ ᠬᠡᠷᠡᠭᠯᠡᠭᠰᠡᠨ ᠰᠢᠨ᠎ᠡ ᠤᠰᠤᠨ ᠤ ᠬᠡᠮᠵᠢᠶ᠎ᠡ ᠪᠠ ᠵᠤᠬᠢᠬᠤ ᠪᠠᠷᠢᠮᠵᠢᠶ᠎ᠠ ᠶᠤᠰᠤᠭᠠᠷ ᠲᠤᠰᠪᠤᠷᠢ ᠬᠡᠷᠡᠭᠵᠢᠭᠦᠯᠦᠨ᠎ᠡ᠂ ᠬᠤᠪᠢ ᠬᠤᠪᠢᠨ ᠳᠠᠭᠠᠨ ᠬᠡᠷᠡᠭᠯᠡᠭᠰᠡᠨ ᠰᠢᠨ᠎ᠡ ᠤᠰᠤᠨ ᠤ ᠬᠡᠮᠵᠢᠶ᠎ᠡ ᠶᠢ ᠢᠯᠭᠠᠨ ᠲᠤᠳᠤᠯᠠᠬᠤ ᠳᠤ ᠪᠡᠷᠭᠡᠳᠠᠢ ᠪᠤᠯ ᠭᠠᠯ ᠤᠨ ᠬᠦᠴᠦᠨ ᠢᠶᠠᠷ ᠴᠠᠬᠢᠯᠭᠠᠨ ᠭᠠᠷᠭᠠᠬᠤ ᠤᠰᠤᠨ ᠤ ᠡᠬᠢ ᠪᠠᠶᠠᠯᠢᠭ ᠤᠨ ᠰᠦᠢᠳᠭᠡᠯ ᠲᠠᠳᠠᠪᠤᠷᠢᠯᠠᠬᠤ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃      ︵ᠲᠠᠪᠤ︶ ᠤᠰᠤᠨ ᠤ ᠡᠬᠢ ᠪᠠᠶᠠᠯᠢᠭ ᠤᠨ ᠰᠦᠢᠳᠭᠡᠯ ᠲᠠᠳᠠᠪᠤᠷᠢᠯᠠᠬᠤ ᠪᠠᠷᠢᠮᠵᠢᠶ᠎ᠠ ᠪᠠᠨ ᠪᠣᠯ ᠤᠰᠤ ᠠᠪᠬᠤ ᠭᠠᠵᠠᠷ ᠤᠨ ᠬᠠᠷᠢᠴᠠᠩᠭᠤᠢ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃ ᠤᠷᠤᠨ ᠪᠦᠰᠡ ᠠᠯᠤᠰᠯᠠᠨ ᠤᠰᠤ ᠲᠠᠳᠠᠭᠰᠠᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠪᠠᠨ ᠪᠣᠯ ᠤᠰᠤ ᠲᠠᠳᠠᠵᠤ ᠤᠷᠤᠭᠤᠯᠤᠭᠰᠠᠨ ᠭᠠᠵᠠᠷ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠤᠨ ᠵᠤᠬᠢᠬᠤ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃      ᠤᠷᠤᠨ ᠪᠦᠰᠡ ᠠᠯᠤᠰᠯᠠᠵᠤ ᠲᠠᠲᠠᠭᠰᠠᠨ ᠤᠰᠤ ᠶᠢ ᠬᠡᠷᠡᠭᠯᠡᠭᠰᠡᠨ ᠤᠰᠤ ᠬᠡᠷᠡᠭᠯᠡᠬᠦ ᠡᠷᠦᠬᠡ ᠶᠢᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠱᠠᠳᠤ ᠬᠤᠪᠢᠶᠠᠨ ᠬᠠᠮᠢᠶᠠᠷᠬᠤ ᠡᠷᠭᠡ ᠮᠡᠳᠡᠯ ᠤᠨ ᠶᠤᠰᠤᠭᠠᠷ ᠦᠪᠡᠷᠳᠡᠭᠡᠨ ᠵᠠᠰᠠᠬᠤ ᠤᠷᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠳᠠᠪᠤᠷᠢᠯᠠᠬᠤ ᠠᠴᠠ ᠭᠠᠳᠠᠨ᠎ᠠ᠂ ᠤᠰᠤ ᠲᠠᠳᠠᠵᠤ ᠤᠷᠤᠭᠤᠯᠤᠭᠰᠠᠨ ᠤᠷᠤᠨ ᠪᠦᠰᠡ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠱᠠᠳᠤ ᠬᠤᠪᠢᠶᠠᠨ ᠬᠠᠮᠢᠶᠠᠷᠬᠤ ᠡᠷᠭᠡ ᠮᠡᠳᠡᠯ ᠤᠨ ᠶᠤᠰᠤᠭᠠᠷ ᠬᠠᠷᠢᠭᠤᠴᠠᠵᠤ ᠲᠠᠳᠠᠪᠤᠷᠢᠯᠠᠨ᠎ᠠ᠃      ︵ᠵᠢᠷᠭᠤᠭ᠎ᠠ︶ ᠤᠰᠤᠨ ᠤ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 5 ᠲᠦᠮᠡᠨ ᠺᠢᠯᠤᠸᠤᠯᠲ ᠠᠴᠠ ᠲᠡᠭᠡᠭᠰᠢ ︵5 ᠲᠦᠮᠡᠨ ᠺᠢᠯᠤᠸᠤᠯᠲ ᠪᠠᠭᠳᠠᠨ᠎ᠠ︶ ᠪᠠᠶᠢᠪᠠᠯ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠨᠢ ᠦᠪᠡᠷᠳᠡᠭᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠠᠳᠠᠪᠤᠷᠢᠯᠠᠬᠤ ᠶᠢ ᠬᠠᠷᠢᠭᠤᠴᠠᠵᠤ ᠲᠠᠲᠠᠪᠤᠷᠢᠯᠠᠨ᠎ᠠ᠂ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 5 ᠲᠦᠮᠡᠨ ᠺᠢᠯᠤᠸᠤᠯᠲ ᠠᠴᠠ ᠲᠤᠷᠤᠭᠰᠢ ᠪᠠᠶᠢᠪᠠᠯ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠨᠢ ᠰᠠᠭᠤᠭ᠎ᠠ ᠭᠠᠵᠠᠷ ᠤᠨ ᠬᠢᠨᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠵᠤ ᠲᠠᠳᠠᠪᠤᠷᠢᠯᠠᠨ᠎ᠠ᠃      ︵ᠲᠤᠯᠤᠭ᠎ᠠ︶ ᠤᠰᠤᠨ ᠤ ᠬᠦᠴᠦᠨ ᠢᠶᠠᠷ ᠴᠠᠬᠢᠯᠭᠠᠨ ᠭᠠᠷᠭᠠᠬᠤ ᠪᠠ ᠬᠤᠳᠠ ᠪᠠᠯᠭᠠᠰᠤ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠪᠤᠰᠤᠳ ᠲᠤ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠣᠯ ᠲᠦᠯᠦᠪᠯᠡᠭᠡ ᠠᠴᠠ ᠬᠡᠳᠦᠷᠡᠭᠰᠡᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠭᠰᠡᠨ ᠬᠡᠰᠡᠭ ᠢ ᠨᠢ ᠨᠡᠶᠢᠯᠡᠭᠦᠯᠦᠨ ᠪᠤᠳᠤᠵᠤ ᠦᠨ᠎ᠡ ᠦᠰᠭᠡᠬᠦ ᠲᠦᠷᠢᠮ ᠢ ᠬᠡᠷᠡᠭᠵᠢᠭᠦᠯᠦᠨ᠎ᠡ᠃ ᠲᠦᠯᠦᠪᠯᠡᠭᠡ ᠠᠴᠠ ᠬᠡᠳᠦᠷᠡᠭᠰᠡᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠭᠰᠡᠨ ᠬᠡᠰᠡᠭ ᠨᠢ 20% ᠬᠦᠷᠬᠦ ᠦᠭᠡᠢ ᠤᠰᠤᠨ ᠤ ᠬᠡᠮᠵᠢᠶ᠎ᠡ ᠠᠴᠠ ᠤᠤᠯ ᠤᠨ ᠪᠠᠷᠢᠮᠵᠢᠶ᠎ᠠ ᠶᠢᠨ ᠰᠠᠭᠤᠷᠢᠨ ᠲᠠᠭᠡᠷ᠎ᠡ 1 ᠲᠠᠬᠢᠨ ᠢᠶᠠᠷ ᠨᠡᠮᠡᠵᠤ ᠲᠠᠳᠠᠪᠤᠷᠢᠯᠠᠨ᠎ᠠ︔ ᠲᠦᠯᠦᠪᠯᠡᠭᠡ ᠠᠴᠠ ᠬᠡᠳᠦᠷᠡᠭᠰᠡᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠭᠰᠡᠨ ᠬᠡᠰᠡᠭ ᠨᠢ 20% ᠵᠢᠴᠢ ᠲᠡᠭᠦᠨ ᠠᠴᠠ ᠲᠡᠭᠡᠭᠦᠷ ᠪᠠᠶᠢᠵᠤ᠂ 40% ᠬᠦᠷᠬᠦ ᠦᠭᠡᠢ ᠤᠰᠤᠨ ᠤ ᠬᠡᠮᠵᠢᠶ᠎ᠡ ᠠᠴᠠ ᠤᠤᠯ ᠤᠨ ᠪᠠᠷᠢᠮᠵᠢᠶ᠎ᠠ ᠶᠢᠨ ᠰᠠᠭᠤᠷᠢᠨ ᠲᠠᠭᠡᠷ᠎ᠡ 2 ᠲᠠᠬᠢᠨ ᠢᠶᠠᠷ ᠨᠡᠮᠡᠵᠤ ᠲᠠᠳᠠᠪᠤᠷᠢᠯᠠᠨ᠎ᠠ︔ ᠲᠦᠯᠦᠪᠯᠡᠭᠡ ᠠᠴᠠ ᠬᠡᠳᠦᠷᠡᠭᠰᠡᠨ ᠪᠤᠶᠤ ᠲᠣᠭᠲᠠᠭᠠᠭᠰᠠᠨ ᠲᠤᠭ᠎ᠠ ᠠᠴᠠ ᠬᠡᠳᠦᠷᠡᠭᠰᠡᠨ ᠬᠡᠰᠡᠭ ᠨᠢ 40% ᠵᠢᠴᠢ ᠲᠡᠭᠦᠨ ᠠᠴᠠ ᠲᠡᠭᠡᠭᠦᠷ ᠪᠣᠯᠣᠭᠰᠠᠨ ᠤᠰᠤᠨ ᠤ ᠬᠡᠮᠵᠢᠶ᠎ᠡ ᠠᠴᠠ ᠤᠤᠯ ᠤᠨ ᠪᠠᠷᠢᠮᠵᠢᠶ᠎ᠠ ᠶᠢᠨ ᠰᠠᠭᠤᠷᠢᠨ ᠲᠠᠭᠡᠷ᠎ᠡ 3 ᠲᠠᠬᠢᠨ ᠢᠶᠠᠷ ᠨᠡᠮᠡᠵᠤ ᠲᠠᠳᠠᠪᠤᠷᠢᠯᠠᠨ᠎ᠠ︔      ︵ᠨᠠᠢᠮᠠ︶ ᠤᠰᠤᠨ ᠤ ᠡᠬᠢ ᠪᠠᠶᠠᠯᠢᠭ ᠤᠨ ᠰᠦᠢᠳᠭᠡᠯ ᠢ ᠤᠰᠤ ᠬᠠᠩᠭᠠᠬᠤ ᠦᠨ᠎ᠡ ᠠᠴᠠ ᠭᠠᠳᠠᠭᠤᠷ ᠲᠠᠳᠠᠪᠤᠷᠢᠯᠠᠬᠤ ᠶᠢ ᠬᠡᠷᠡᠭᠵᠢᠭᠦᠯᠦᠨ᠎ᠡ᠃ ᠬᠤᠳᠠ ᠪᠠᠯᠭᠠᠰᠤ ᠶᠢᠨ ᠣᠯᠠᠨ ᠨᠡᠶᠢᠳᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠣᠯ ᠪᠤᠷᠤᠯᠠᠭᠤᠯᠤᠭᠰᠠᠨ ᠤᠰᠤᠨ ᠤ ᠬᠡᠮᠵᠢᠶ᠎ᠡ ᠪᠠ ᠬᠠᠮᠢᠶᠠᠷᠬᠤ ᠡᠷᠭᠡ ᠮᠡᠳᠡᠯ ᠲᠠᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠲᠤᠭᠳᠠᠭᠠᠭᠰᠠᠨ ᠲᠤᠰᠢᠶᠠᠬᠤ ᠶᠤᠰᠤᠳᠠᠢ ᠵᠤᠭᠤᠰ ᠤᠨ ᠲᠤᠭ᠎ᠠ ᠶᠣᠰᠤᠭᠠᠷ ᠤᠰᠤ ᠬᠠᠩᠭᠠᠬᠤ ᠨᠢᠭᠡᠴᠡ ᠠᠴᠠ ᠤᠷᠤᠯᠠᠨ ᠲᠠᠳᠠᠪᠤᠷᠢᠯᠠᠵᠤ᠂ ᠲᠠᠳᠠᠪᠤᠷᠢᠯᠠᠭᠰᠠᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠦᠷᠢᠨ ᠲᠤᠭ᠎ᠠ ᠪᠠᠷ ᠨᠢ ᠠᠳᠠᠯᠢ ᠱᠠᠳᠤᠨ ᠤ ᠤᠯᠤᠰ ᠤᠨ ᠬᠦᠮᠦᠷᠭᠡ ᠳᠤ ᠲᠤᠰᠢᠶᠠᠬᠤ ᠶᠢᠨ ᠬᠠᠮᠳᠤ ᠪᠤᠳᠠᠳᠠᠢ ᠪᠠᠨ ᠦᠨᠳᠤᠰᠦᠯᠡᠵᠤ ᠪᠠᠶᠢᠭᠠᠳ ᠤᠷᠤᠯᠠᠵᠤ ᠲᠠᠳᠠᠪᠤᠷᠢᠯᠠᠭᠰᠠᠨ ᠬᠠᠮᠢᠶᠠᠷᠤᠯᠳᠠ ᠶᠢᠨ ᠵᠠᠷᠤᠳᠠᠯ ᠢᠶᠠᠨ ᠰᠠᠯᠠᠭ᠎ᠠ ᠮᠦᠴᠢᠷ ᠤᠨ ᠲᠤᠰ ᠵᠢᠯ ᠤᠨ ᠲᠦᠰᠦᠪ ᠲᠡᠭᠡᠨ ᠪᠤᠳᠤᠵᠤ ᠤᠷᠤᠭᠤᠯᠬᠤ ᠶᠢ ᠪᠠᠳᠤᠯᠠᠵᠤ᠂ ︽ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ︾᠎ ᠤᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃ ᠪᠤᠰᠤᠳ ᠲᠦᠪᠯᠡᠷᠡᠭᠦᠯᠬᠦ ᠮᠠᠶ᠋ᠢᠭ ᠤᠨ ᠤᠰᠤ ᠬᠠᠩᠭᠠᠬᠤ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠣᠯ ᠤᠰᠤ ᠬᠡᠷᠡᠭᠯᠡᠭᠰᠡᠨ ᠬᠡᠮᠵᠢᠶ᠎ᠡ ᠶᠤᠰᠤᠭᠠᠷ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠠᠳᠠᠪᠤᠷᠢᠯᠠᠨ᠎ᠠ᠃      ︵ᠶᠢᠰᠦ︶ ᠠᠯᠢᠪᠠ ᠨᠢᠭᠡᠴᠡ ᠪᠤᠯᠤᠨ ᠬᠤᠪᠢ ᠬᠦᠮᠦᠨ ᠤᠰᠤ ᠬᠡᠷᠡᠭᠯᠡᠭᠰᠡᠨ ᠨᠢᠭᠡᠴᠡ ᠪᠠ ᠬᠤᠪᠢ ᠬᠦᠮᠦᠨ ᠤ ᠤᠰᠤᠨ ᠤ ᠡᠬᠢ ᠪᠠᠶᠠᠯᠢᠭ ᠤᠨ ᠰᠦᠢᠳᠭᠡᠯ ᠢ ᠬᠠᠰᠤᠵᠤ ᠲᠠᠳᠠᠪᠤᠷᠢᠯᠠᠬᠤ ᠪᠤᠶᠤ ᠲᠠᠳᠠᠪᠤᠷᠢᠯᠠᠬᠤ ᠠᠴᠠ ᠬᠡᠯᠳᠦᠷᠢᠭᠦᠯᠵᠦ ᠪᠤᠯᠬᠤ ᠦᠭᠡᠢ᠃ ᠲᠤᠷ᠎ᠠ ᠲᠠᠪᠠ ᠪᠠᠷ ᠢᠶᠠᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠬᠠᠰᠤᠵᠤ ᠬᠡᠯᠳᠦᠷᠢᠭᠦᠯᠦᠭᠰᠡᠨ ᠪᠤᠯ᠂ ᠳᠡᠭᠡᠷ᠎ᠡ ᠨᠢᠭᠡ ᠱᠠᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠲᠠᠳᠠᠪᠤᠷᠢᠯᠠᠬᠤ ᠶᠢᠨ ᠬᠠᠮᠳᠤ ᠠᠳᠠᠯᠢ ᠱᠠᠳᠤᠨ ᠤ ᠤᠯᠤᠰ ᠤᠨ ᠬᠦᠮᠦᠷᠭᠡ ᠳᠤ ᠲᠤᠰᠢᠶᠠᠨ ᠣᠷᠤᠭᠤᠯᠬᠤ ᠬᠡᠷᠡᠭᠲᠡᠢ᠃      ᠲᠦᠷᠪᠡ᠂ ᠪᠤᠰᠤᠳ ᠵᠦᠢᠯ      ᠲᠤᠰ ᠪᠢᠴᠢᠭ ᠮᠠᠲ᠋ᠧᠷᠢᠶᠠᠯ ᠳᠤ ᠲᠤᠭᠳᠠᠭᠠᠭᠰᠠᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ ᠢ 2015 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠲᠤᠰ ᠲᠤᠭᠳᠠᠭᠠᠯ ᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠪᠬᠤ ᠶᠢ ᠵᠦᠪᠰᠢᠶᠡᠷᠡᠬᠦ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠬᠠᠮᠢᠶᠠᠷᠤᠯᠳᠠ ᠶᠢᠨ ᠬᠡᠷᠡᠭᠵᠢᠭᠦᠯᠬᠦ ᠠᠷᠭ᠎ᠠ︾ ︵ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 155 ᠳ᠋ᠤᠭᠠᠷ ᠲᠤᠭᠠᠳᠤ︶᠎ ᠲᠠᠢ ᠬᠠᠮᠳᠤ ᠳᠤᠨᠢ ᠬᠡᠷᠡᠭᠵᠢᠭᠦᠯᠦᠨ᠎ᠡ᠃      ᠤᠤᠯ ᠤᠨ ᠲᠠᠷᠬᠠᠭᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠤᠭᠳᠠᠭᠠᠯ︾ ︵ᠦᠪᠦᠷ ᠵᠠᠰᠠᠭ ᠲᠠᠷᠬᠠᠭᠠᠭᠰᠠᠨ ﹇2011﹈ 90 ᠳ᠋ᠤᠭᠡᠷ ᠲᠤᠭᠠᠳᠤ︶ ᠵᠢᠴᠢ ︽ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠳᠠᠪᠤᠷᠢᠯᠠᠬᠤ ᠬᠠᠮᠢᠶᠠᠷᠤᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠦᠪᠦᠷ ᠤᠰᠤ ᠪᠠᠶᠠᠯᠢᠭ ﹇2012﹈ 24 ᠳ᠋ᠤᠭᠡᠷ ᠲᠤᠭᠠᠳᠤ︶᠎ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号