ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/4/2
                       ᠥᠪᠥᠷ ᠵᠠᠰᠠᠭ ᠠᠯᠪᠠᠨ ᠥᠰᠥᠭ ﹇2014﹈ 211 ᠳ᠋ᠤᠭᠡᠷ ᠲᠤᠭᠠᠳᠤ                                    2014 ᠣᠨ ᠤ 9 ᠳ᠋ᠦ᠋ᠭᠡᠷ ᠰᠠᠷ᠎ᠠ ᠶᠢᠨ 9᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ ᠳᠤ᠄      ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠦᠰᠦᠯ︾᠎ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃           ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ          ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ           ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠦᠰᠦᠯ      ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ ᠪᠣᠯᠣᠨ ᠵᠢᠷᠤᠮᠵᠢᠭᠤᠯᠬᠤ ᠪᠠᠷᠢᠮᠵᠢᠶᠠᠨ ᠤ ᠨᠤᠷᠮ᠎ᠠ ᠶᠢ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠳᠤ ᠡᠶ᠎ᠡ ᠵᠣᠬᠢᠴᠠᠩᠭᠤᠢ ᠰᠠᠶᠢᠨ ᠰᠠᠶᠢᠬᠠᠨ ᠦᠭᠡ ᠬᠡᠯᠡ ᠦᠰᠦᠭ ᠪᠢᠴᠢᠭ ᠤᠨ ᠣᠷᠴᠢᠨ ᠲᠣᠭᠤᠷᠢᠨ ᠢ ᠡᠭᠦᠳᠬᠦ ᠶᠢᠨ ᠲᠤᠰᠠᠳᠠ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠬᠢᠭᠡᠳ ᠪᠤᠰᠤᠳ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ 2014 ᠣᠨ ᠤ 9 ᠳ᠋ᠦ᠋ᠭᠡᠷ ᠰᠠᠷ᠎ᠠ ᠠᠴᠠ 2016 ᠣᠨ ᠤ ᠰᠡᠭᠦᠯᠴᠢ ᠪᠣᠯᠲᠠᠯ᠎ᠠ᠂ ᠪᠦᠬᠦ ᠣᠷᠣᠨ ᠤ ᠬᠡᠪᠴᠢᠶᠡᠨ ᠳᠤ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠦᠷᠨᠢᠭᠦᠯᠬᠦ ᠪᠠᠷ᠂ ᠲᠤᠰ ᠲᠦᠰᠦᠯ ᠢ ᠣᠨᠴᠤᠭᠤᠶᠢᠯᠠᠨ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ       ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠪᠣᠯᠣᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠤᠯᠢ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠠᠯᠲᠠᠲᠤ ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠠᠷᠭ᠎ᠠ ᠬᠡᠮᠵᠢᠶ᠎ᠠ ᠶᠢ ᠴᠢᠩᠭᠠᠷᠠᠭᠤᠯᠵᠤ᠂ ᠨᠠᠶᠢᠳᠠᠪᠤᠷᠢᠵᠢᠭᠤᠯᠬᠤ ᠡᠷᠴᠢᠮ ᠢ ᠨᠡᠮᠡᠭᠳᠡᠭᠦᠯᠦᠨ᠂ ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠤᠨ ᠬᠠᠤᠯᠢ ᠳᠦᠷᠢᠮᠵᠢᠯ᠂ ᠰᠦᠯᠵᠢᠶᠡᠵᠢᠯ᠂ ᠵᠢᠷᠤᠮᠵᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠤᠨ ᠵᠢᠷᠤᠮᠵᠢᠯ ᠲᠠᠢ ᠵᠡᠷᠭᠡ ᠪᠠᠷ ᠬᠡᠷᠡᠭᠯᠡᠬᠦ ᠪᠠᠶᠢᠳᠠᠯ ᠢᠯᠡᠳᠲᠡ ᠰᠠᠶᠢᠵᠢᠷᠠᠯ ᠲᠠᠢ ᠪᠣᠯᠵᠤ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠠ ᠶᠡᠬᠡᠪᠡᠷ ᠳᠡᠭᠡᠭᠰᠢᠯᠡᠬᠦ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠳᠤ ᠡᠶ᠎ᠡ ᠵᠣᠬᠢᠴᠠᠩᠭᠤᠢ ᠰᠠᠶᠢᠨ ᠰᠠᠶᠢᠬᠠᠨ ᠦᠭᠡ ᠬᠡᠯᠡ ᠦᠰᠦᠭ ᠪᠢᠴᠢᠭ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠬᠠᠷᠢᠶᠠᠲᠦ ᠣᠷᠣᠨ ᠤ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠰᠠᠯᠠᠭ᠎ᠠ ᠮᠦᠴᠢᠷ ᠠᠴᠠ ᠪᠣᠳᠠᠳᠠᠢ ᠬᠠᠷᠢᠭᠤᠴᠠᠨ᠂ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠢ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠬᠠᠤᠯᠢ ᠬᠡᠷᠡᠭᠵᠢᠭᠦᠯᠬᠦ ᠭᠤᠣᠯ ᠴᠤᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠰᠢᠯᠤᠭᠤᠳᠬᠠᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃      ︵ᠬᠤᠶᠠᠷ︶ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠬᠤᠪᠢᠷᠠᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠰᠢᠨ᠎ᠡ ᠪᠠᠷ ᠡᠭᠦᠳᠦᠨ᠂ ᠫᠠᠶᠢᠰᠠ ᠢᠯᠡᠷᠬᠡᠶᠢᠯᠡᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮᠵᠢᠯᠠᠯᠲᠤ ᠬᠠᠮᠢᠶᠠᠷᠤᠯᠲᠠ ᠠᠴᠠ ᠪᠠᠨ ᠲᠣᠣᠷ ᠰᠦᠯᠵᠢᠶᠡᠨ ᠤ ᠤᠳᠤᠬᠢᠴᠢᠯᠠᠭᠰᠠᠨ ᠬᠠᠮᠢᠶᠠᠷᠤᠯᠲᠠ ᠲᠡᠰᠢ ᠬᠤᠪᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠠᠴᠠ ᠪᠠᠨ ᠤᠷᠲᠤ ᠬᠤᠭᠤᠴᠠᠭᠠᠨ ᠤ ᠪᠦᠲᠦᠮᠵᠢᠲᠦ ᠬᠠᠮᠢᠶᠠᠷᠤᠯᠲᠠ ᠲᠡᠰᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃      ᠭᠤᠷᠪᠠ᠂ ᠠᠵᠢᠯ ᠤᠨ ᠠᠯᠬᠤᠮ ᠳᠠᠷᠠᠭ᠎ᠠ      ︵ᠨᠢᠭᠡ︶ ᠡᠬᠢᠯᠡᠭᠦᠯᠬᠦ ᠱᠠᠲᠤ ᠦᠶ᠎ᠡ᠄ 2014 ᠣᠨ ᠤ 9 ᠳ᠋ᠦ᠋ᠭᠡᠷ ᠰᠠᠷ᠎ᠠ ᠠᠴᠠ 2014 ᠣᠨ ᠤ 12 ᠳ᠋ᠤᠭᠠᠷ ᠰᠠᠷ᠎ᠠ ᠪᠣᠯᠲᠠᠯ᠎ᠠ᠃ ᠡᠯ᠎ᠡ ᠭᠠᠵᠠᠷ ᠣᠷᠣᠨ ᠨᠤᠭᠤᠳ ᠪᠤᠲᠠᠲᠠᠢ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ ᠪᠠᠨ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠦᠰᠦᠯ ᠢ ᠰᠤᠳᠤᠯᠤᠨ ᠲᠣᠭᠲᠠᠭᠠᠵᠤ᠂ ᠵᠢᠱᠢᠶ᠎ᠡ ᠦᠵᠡᠭᠦᠯᠬᠦ ᠵᠡᠭᠡᠯᠢ ︵ᠵᠠᠮ︶᠎ ᠢ ᠡᠭᠦᠳᠦᠨ ᠪᠠᠶᠢᠭᠤᠯᠬᠤ ᠪᠠᠷ ᠳᠠᠮᠵᠢᠵᠤ᠂ ᠲᠡᠷᠢᠭᠦᠨ ᠤ ᠨᠡᠶᠢᠲᠡᠯᠢᠭ ᠢ ᠪᠣᠢ ᠪᠣᠯᠭᠠᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠪᠠᠶᠢᠭ᠎ᠠ ᠭᠠᠵᠠᠷ᠂ ᠢᠯᠠᠩᠭᠤᠶ᠎ᠠ ᠦᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ ᠵᠢᠴᠢ ᠵᠢᠷᠤᠮᠵᠢᠭᠤᠯᠬᠤ ᠪᠠᠷᠢᠮᠵᠢᠶᠠᠨ ᠤ ᠨᠤᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠬᠦ ᠬᠡᠷᠡᠭᠲᠡᠢ᠃      ︵ᠬᠤᠶᠠᠷ︶ ᠪᠦᠬᠦ ᠲᠠᠯ᠎ᠠ ᠪᠠᠷ ᠦᠷᠨᠢᠭᠦᠯᠬᠦ ᠱᠠᠲᠤ ᠦᠶ᠎ᠡ᠄ 2015 ᠣᠨ ᠤ 1 ᠳ᠋ᠦ᠋ᠭᠡᠷ ᠰᠠᠷ᠎ᠠ ᠠᠴᠠ 2016 ᠣᠨ ᠤ 12 ᠳ᠋ᠤᠭᠠᠷ ᠰᠠᠷ᠎ᠠ ᠪᠣᠯᠲᠠᠯ᠎ᠠ᠃ ᠡᠯ᠎ᠡ ᠭᠠᠵᠠᠷ ᠣᠷᠣᠨ ᠨᠤᠭᠤᠳ ᠡᠬᠢᠯᠡᠯᠲᠡ ᠶᠢᠨ ᠱᠠᠲᠤ ᠦᠶ᠎ᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠡᠶᠢᠲᠡᠯᠢᠭ ᠵᠢᠱᠢᠶ᠎ᠡ ᠠᠴᠠ ᠲᠠᠭᠠᠨ ᠰᠤᠷᠤᠯᠴᠠᠬᠤ᠂ ᠦᠯᠢᠭᠡᠷ ᠳᠠᠭᠤᠷᠢᠶᠠᠯ ᠢ ᠪᠠᠳᠠᠷᠠᠭᠤᠯᠬᠤ᠂ ᠴᠢᠭ᠋ ᠢᠶᠠᠷ ᠨᠡᠶᠢᠳᠡᠮ ᠢ ᠳᠠᠶᠢᠴᠢᠯᠠᠬᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠳᠠᠮᠵᠢᠵᠤ᠂ ᠵᠠᠰᠠᠬᠤ ᠠᠵᠢᠯ ᠢ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠬᠦᠷᠲᠡᠯ᠎ᠡ ᠦᠷᠭᠦᠯᠵᠢᠯᠡᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ ᠵᠢᠴᠢ ᠵᠢᠷᠤᠮᠵᠢᠭᠤᠯᠬᠤ ᠪᠠᠷᠢᠮᠵᠢᠶᠠᠨ ᠤ ᠨᠤᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠪᠠᠬᠢᠵᠢᠭᠦᠯᠬᠦ ᠪᠠ ᠳ᠋ᠦᠩᠨᠡᠬᠦ ᠱᠠᠲᠤ ᠦᠶ᠎ᠡ᠄ 2016 ᠣᠨ ᠤ 1 ᠳ᠋ᠦ᠋ᠭᠡᠷ ᠰᠠᠷ᠎ᠠ ᠠᠴᠠ 2016 ᠣᠨ ᠤ 12 ᠳ᠋ᠤᠭᠠᠷ ᠰᠠᠷ᠎ᠠ ᠪᠣᠯᠲᠠᠯ᠎ᠠ᠃ ᠡᠯ᠎ᠡ ᠭᠠᠵᠠᠷ ᠣᠷᠣᠨ ᠨᠤᠭᠤᠳ ᠵᠠᠰᠠᠬᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠤᠨ ᠲᠤᠷᠰᠢᠯᠭ᠎ᠠ ᠪᠣᠯᠣᠨ ᠦᠷᠨᠢᠭᠦᠯᠦᠭᠰᠡᠨ ᠪᠠᠶᠢᠳᠠᠯ ᠢ ᠬᠢᠨᠠᠮᠠᠭᠠᠢ ᠳ᠋ᠦᠩᠨᠡᠨ᠂ ᠲᠤᠰ ᠭᠠᠵᠠᠷ ᠣᠷᠣᠨ ᠤ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ ᠶᠢ 100%᠎ ᠳᠤ ᠬᠦᠷᠦᠭᠦᠯᠵᠦ᠂ ᠵᠢᠷᠤᠮᠵᠢᠭᠤᠯᠬᠤ ᠪᠠᠷᠢᠮᠵᠢᠶᠠᠨ ᠤ ᠨᠤᠷᠮ᠎ᠠ ᠶᠢ 98%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠬᠢᠨᠠᠨ ᠦᠨᠡᠯᠡᠵᠦ ᠰᠢᠯᠭᠠᠨ ᠬᠤᠷᠢᠶᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ᠂ ᠡᠯ᠎ᠡ ᠭᠠᠵᠠᠷ ᠣᠷᠣᠨ ᠤ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠳᠤ ᠬᠢᠨᠠᠨ ᠦᠨᠡᠯᠡᠵᠦ ᠰᠢᠯᠭᠠᠨ ᠬᠤᠷᠢᠶᠠᠬᠤ ᠠᠵᠢᠯ ᠢ ᠬᠢᠬᠦ ᠬᠡᠷᠡᠭᠲᠡᠢ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠭᠠᠵᠠᠷ ᠣᠷᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠦᠷᠨᠢᠭᠦᠯᠬᠦ ᠶᠢᠨ ᠴᠢᠬᠤᠯᠠ ᠠᠴᠢ ᠬᠤᠯᠪᠤᠭᠳᠠᠯ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠰᠠᠯᠠᠭ᠎ᠠ ᠮᠥᠴᠢᠷ ᠤᠳ ᠬᠠᠮᠲᠤᠷᠠᠨ ᠬᠦᠲᠦᠯᠦᠯᠴᠡᠬᠦ ᠶᠢ ᠴᠢᠩᠭᠠᠳᠬᠠᠨ ᠪᠠᠶᠢᠭᠠᠳ ᠵᠠᠰᠠᠭ ᠤᠨ ᠣᠷᠳᠤᠨ ᠢᠶᠠᠷ ᠤᠳᠤᠷᠢᠳᠤᠮᠵᠢ ᠪᠣᠯᠭᠠᠵᠤ᠂ ᠰᠠᠯᠠᠭ᠎ᠠ ᠮᠦᠴᠢᠷ ᠤᠳ ᠬᠠᠮᠲᠤᠷᠠᠨ ᠬᠦᠲᠦᠯᠦᠯᠴᠡᠬᠦ᠂ ᠶᠡᠷᠦᠩᠬᠡᠶᠢᠯᠡᠨ ᠵᠠᠰᠠᠬᠤ᠂ ᠪᠦᠬᠦ ᠠᠷᠠᠳ ᠢᠶᠠᠷ ᠢᠶᠠᠨ ᠣᠷᠤᠯᠴᠠᠭᠰᠠᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠪᠠᠶᠢᠳᠠᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠵᠠᠰᠠᠬᠤ ᠠᠵᠢᠯ ᠤᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠦᠲᠦᠯᠦᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠬᠠᠯᠠᠮᠵᠢᠯᠠᠨ ᠳᠡᠮᠵᠢᠬᠦ ᠢᠳᠡᠪᠬᠢ ᠴᠢᠨᠠᠷ ᠪᠣᠯᠣᠨ ᠰᠠᠨᠠᠭᠠᠴᠢᠯᠠᠭᠠᠲᠦ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠂ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠰᠠᠭᠤᠷᠢ ᠲᠠᠯᠪᠢᠬᠤ ᠬᠡᠷᠡᠭᠲᠡᠢ᠃      ︵ᠬᠤᠶᠠᠷ︶ ᠦᠪᠡᠷᠲᠡᠭᠡᠨ ᠵᠠᠰᠠᠬᠤ ᠣᠷᠣᠨ ᠤ ᠦᠨᠳᠦᠰᠦᠲᠠᠨ ᠤ ᠬᠡᠷᠡᠭ ᠡᠷᠬᠢᠯᠡᠬᠦ ᠵᠦᠪᠯᠡᠯ ︵ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶᠎ ᠠᠴᠠ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠵᠣᠬᠢᠶᠠᠨ ᠪᠠᠶᠢᠭᠤᠯᠤᠨ ᠦᠷᠨᠢᠭᠦᠯᠬᠦ ᠠᠵᠢᠯ ᠢ ᠪᠤᠳᠠᠳᠠᠢ ᠬᠠᠷᠢᠭᠤᠴᠠᠵᠤ᠂ ᠡᠯ᠎ᠡ ᠭᠠᠵᠠᠷ ᠣᠷᠣᠨ ᠤ ᠵᠠᠰᠠᠬᠤ ᠠᠵᠢᠯ ᠢ ᠵᠢᠯᠤᠭᠤᠳᠬᠤ᠂ ᠰᠢᠮᠳᠠᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠥᠷᠥ ᠶᠢᠨ ᠪᠣᠳᠣᠯᠭ᠎ᠠ ᠪᠣᠯᠣᠨ ᠪᠡᠯᠡ ᠮᠦᠩᠭᠦ ᠶᠢᠨ ᠲᠠᠯ᠎ᠠ ᠪᠠᠷ᠂ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠳᠤ ᠳᠡᠮᠵᠢᠯᠭᠡ ᠦᠵᠡᠭᠦᠯᠬᠦ ᠬᠡᠷᠡᠭᠲᠡᠢ᠃      ︵ᠭᠤᠷᠪᠠ︶ ᠡᠯ᠎ᠡ ᠭᠠᠵᠠᠷ ᠣᠷᠣᠨ ᠨᠤᠭᠤᠳ ᠵᠠᠰᠠᠬᠤ ᠠᠵᠢᠯ ᠢ ᠦᠷᠨᠢᠭᠦᠯᠬᠦ ᠶᠠᠪᠤᠴᠠ ᠳᠤᠮᠳᠠ᠂ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶᠎ ᠯᠦᠭᠡ ᠢᠳᠡᠪᠬᠢᠲᠡᠢ ᠵᠠᠯᠭᠠᠯᠳᠤᠭᠤᠯᠵᠤ᠂ 2014 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠡᠷᠬᠡᠪᠰᠢ ᠡᠯ᠎ᠡ ᠭᠠᠵᠠᠷ ᠣᠷᠣᠨ ᠤ ᠪᠠᠨ ᠨᠡᠶᠢᠭᠡᠮ ᠤᠨ ᠦᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠦᠰᠦᠯ ᠢ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ ︶᠎ ᠳᠤ ᠮᠡᠳᠡᠭᠦᠯᠬᠦ ᠶᠢᠨ ᠬᠠᠮᠲᠤ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠤᠲᠤᠷ᠎ᠠ᠂ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶᠎ ᠳᠤ ᠮᠡᠳᠡᠭᠦᠯᠬᠦ ᠬᠡᠷᠡᠭᠲᠡᠢ᠃                       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号