|
ᠠᠮᠤ ᠪᠤᠳᠠᠭ᠎ᠠ ᠪᠠ ᠡᠳ᠋ ᠪᠠᠷᠠᠭ᠎ᠠ ᠨᠥᠬᠡᠴᠡᠯᠡᠬᠦ ᠲᠣᠪᠴᠢᠶ᠎ᠠ |
|
|
ᠨᠡᠶᠢᠲᠡᠯᠡᠭᠰᠡᠨ ᠴᠠᠭ᠄
2015/4/2
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠄ ︵ᠨᠢᠭᠡ︶ ᠠᠯᠪᠠᠨ ᠭᠡᠷ ︵ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ︶ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠠᠵᠢᠯ ᠤᠨ ᠲᠦᠷᠢᠮ ᠢ ᠲᠤᠭᠲᠠᠭᠠᠨ᠎ᠠ︔ ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠴᠢᠬᠤᠯᠠ ᠨᠢᠭᠤᠴᠠ ᠠᠵᠢᠯ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠮᠡᠳᠡᠭᠡ ᠵᠠᠩᠭᠢ᠂ ᠤᠬᠠᠭᠤᠯᠭ᠎ᠠ᠂ ᠵᠠᠬᠢᠳᠠᠯ ᠰᠤᠷᠪᠤᠯᠵᠢᠯᠠᠭ᠎ᠠ᠂ ᠰᠢᠪᠠᠳᠠᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠲᠦᠯᠦᠪᠯᠡᠭᠡᠲᠦ ᠦᠷᠡᠵᠢᠯ᠂ ᠡᠮ ᠡᠮᠨᠡᠯᠭᠡ ᠶᠢᠨ ᠳᠠᠭᠠᠳᠬᠠᠯ ᠵᠢᠴᠢ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ ᠤᠨ ᠢᠯᠡᠷᠬᠡᠶᠢᠯᠡᠯ ᠢ ᠨᠡᠮᠡᠨ ᠡᠯᠭᠦᠵᠦ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠦᠶᠯᠭᠡᠭᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠷᠪᠢᠨ ᠲᠤᠭᠲᠠᠭᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠬᠤᠶᠠᠷ︶ ᠠᠵᠢᠯᠳᠠᠨ ᠤ ᠶᠠᠪᠤᠳᠠᠯ ᠤᠨ ᠭᠠᠵᠠᠷ ᠲᠣᠪᠴᠢᠶ᠎ᠠ ᠶᠢᠨ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠳᠠᠭᠠᠭᠠᠨ ᠡᠭᠦᠷᠭᠡᠯᠡᠨ᠎ᠡ︔ ᠲᠤᠪᠴᠢᠶ᠎ᠠ ᠶᠢᠨ ᠺᠠᠳ᠋ᠷᠴᠤᠳ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠬᠤ ᠪᠠᠭᠤᠯᠭᠠᠬᠤ᠂ ᠱᠠᠩᠨᠠᠵᠤ ᠲᠤᠷᠠᠭᠠᠬᠤ᠂ ᠠᠵᠢᠯ ᠠᠴᠠ ᠪᠠᠨ ᠠᠮᠠᠷᠠᠬᠤ ᠶᠢ ᠬᠢᠨᠠᠨ ᠵᠥᠪᠰᠢᠶᠡᠷᠡᠬᠦ ᠵᠡᠷᠭᠡ ᠠᠵᠢᠯ ᠢ ᠳᠠᠭᠠᠭᠠᠨ ᠡᠭᠦᠷᠭᠡᠯᠡᠨ᠎ᠡ︔ ᠲᠣᠪᠴᠢᠶ᠎ᠠ ᠶᠢᠨ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠴᠠᠯᠢᠩ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠳᠠᠭᠠᠭᠠᠨ ᠡᠭᠦᠷᠭᠡᠯᠡᠨ᠎ᠡ︔ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠶᠢᠨ ᠰᠢᠯᠭᠠᠨ ᠡᠯᠰᠡᠬᠦ ︵ᠤᠷᠢᠵᠤ︶ ᠬᠡᠷᠡᠭᠯᠡᠬᠦ᠂ ᠰᠢᠯᠢᠨ ᠰᠣᠩᠭᠤᠬᠤ᠂ ᠴᠡᠷᠢᠭ ᠠᠴᠠ ᠰᠢᠯᠵᠢᠭᠰᠡᠳ ᠢ ᠲᠦᠪᠬᠢᠨᠡᠭᠦᠯᠬᠦ ᠵᠡᠷᠭᠡ ᠲᠣᠬᠢᠷᠠᠭᠤᠯᠬᠤ ᠠᠵᠢᠯ ᠢ ᠳᠠᠭᠠᠭᠠᠨ ᠡᠭᠦᠷᠭᠡᠯᠡᠨ᠎ᠡ︔ ᠺᠠᠳ᠋ᠷ ᠤᠨ ᠪᠤᠯᠪᠠᠰᠤᠷᠠᠭᠤᠯᠤᠯ᠂ ᠬᠢᠨᠠᠯᠲᠠ ᠲᠠᠯᠪᠢᠯᠲᠠ᠂ ᠠᠵᠢᠯᠳᠠᠨ ᠤ ᠶᠠᠪᠤᠳᠠᠯ ᠤᠨ ᠪᠦᠷᠢᠳᠬᠡᠯ᠂ ᠠᠵᠢᠯᠳᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ᠂ ᠬᠤᠪᠢ ᠬᠥᠮᠦᠨ ᠤ ᠬᠡᠷᠡᠭ ᠶᠠᠪᠤᠳᠠᠯ ᠤᠨ ᠮᠡᠳᠡᠭᠦᠯᠦᠯᠲᠡ᠂ ᠺᠠᠳ᠋ᠷ ᠤᠨ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠵᠡᠷᠭᠡ ᠠᠵᠢᠯ ᠢ ᠳᠠᠭᠠᠭᠠᠨ ᠡᠭᠦᠷᠭᠡᠯᠡᠨ᠎ᠡ︔ ᠠᠵᠢᠯ ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ᠂ ︽ᠴᠢᠳᠠᠪᠤᠷᠢᠲᠠᠨ ᠢᠶᠠᠷ ᠠᠮᠤ ᠪᠤᠳᠠᠭ᠎ᠠ ᠶᠢᠨ ᠦᠢᠯᠡᠰ ᠢ ᠬᠦᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ︔ ᠠᠮᠤ ᠪᠤᠳᠠᠭᠠᠨ ᠤ ᠠᠵᠢᠯ ᠲᠥᠷᠥᠯ ᠤᠨ ᠬᠦᠮᠦᠵᠢᠯ ᠪᠤᠯᠪᠠᠰᠤᠷᠠᠭᠤᠯᠤᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠵᠢᠭᠠᠨ ᠵᠢᠯᠤᠭᠤᠳᠤᠨ᠎ᠠ︔ ᠲᠤᠰ ᠲᠣᠪᠴᠢᠶ᠎ᠠ ᠪᠠ ᠠᠮᠤ ᠪᠤᠳᠠᠭᠠᠨ ᠤ ᠰᠢᠰᠲ᠋ᠧᠮ ᠤᠨ ᠶᠡᠷᠦᠩᠬᠡᠶᠢᠯᠡᠭᠰᠡᠨ ᠬᠥᠬᠢᠭᠦᠯᠦᠨ ᠱᠠᠩᠨᠠᠬᠤ ᠪᠣᠳᠠᠲᠠᠶ ᠠᠵᠢᠯ ᠢ ᠳᠠᠭᠠᠭᠠᠨ ᠡᠭᠦᠷᠭᠡᠯᠡᠨ᠎ᠡ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠭᠤᠷᠪᠠ︶ ᠶᠡᠷᠦᠩᠬᠡᠢ ᠭᠠᠵᠠᠷ ᠪᠥᠬᠦ ᠣᠷᠣᠨ ᠤ ᠠᠮᠤ ᠪᠤᠳᠠᠭᠠᠨ ᠤ ᠬᠤᠷᠸ᠎ᠠ ᠲᠤᠬᠢᠷᠠᠭᠤᠯᠭ᠎ᠠ ᠡᠵᠡᠮᠳᠡᠯ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ︔ ᠪᠥᠬᠦ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠲᠦᠷᠦ ᠶᠢᠨ ᠪᠤᠳᠤᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠠᠮᠤ ᠪᠤᠳᠠᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠤᠯᠪᠣᠭᠳᠠᠯ ᠪᠦᠬᠦᠢ ᠠᠵᠢᠯ ᠢ ᠳᠠᠭᠠᠭᠠᠨ ᠡᠭᠦᠷᠭᠡᠯᠡᠨ᠎ᠡ︔ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠪᠠ ᠬᠠᠩᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ︽ᠠᠮᠤᠷ ᠲᠦᠪᠰᠢᠨ ᠠᠮᠤ ᠪᠤᠳᠠᠭ᠎ᠠ ᠲᠣᠰᠣ︾ ᠶᠢᠨ ᠲᠣᠣᠷ ᠰᠦᠯᠵᠢᠶᠡᠨ ᠤ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠵᠢᠭᠠᠨ ᠵᠢᠯᠤᠭᠤᠳᠤᠨ᠎ᠠ︔ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠶᠢ ᠵᠢᠭᠠᠨ ᠵᠢᠯᠣᠭᠤᠳᠬᠤ ᠶᠢ ᠬᠠᠷᠢᠭᠤᠴᠠᠨ᠎ᠠ᠃ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠲᠤ ᠣᠷᠣᠬᠤ ᠵᠢᠯᠤᠭᠤᠳᠤᠮᠵᠢ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠮᠠᠭᠠᠳᠯᠠᠨ ᠲᠣᠭᠲᠠᠭᠠᠬᠤ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠲᠦᠷᠢᠮ ᠢ ᠰᠤᠳᠤᠯᠤᠨ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠲᠦᠷᠪᠡ︶ ᠨᠥᠭᠡᠴᠡᠯᠡᠬᠦ ᠪᠠ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠭᠠᠵᠠᠷ ᠪᠥᠬᠦ ᠣᠷᠣᠨ ᠤ ᠠᠮᠤ ᠪᠤᠳᠠᠭ᠎ᠠ ᠬᠦᠮᠦᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠲᠦᠰᠦᠯ ᠢ ᠲᠤᠭᠤᠷᠪᠢᠨ ᠪᠢᠴᠢᠬᠦ ᠶᠢ ᠬᠠᠷᠢᠭᠤᠴᠠᠨ᠎ᠠ︔ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠤᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠣᠷᠣᠨ ᠤ ᠠᠮᠤ ᠪᠤᠳᠠᠭ᠎ᠠ ᠪᠠ ᠲᠤᠰᠤ ᠨᠥᠭᠡᠴᠡᠯᠡᠬᠦ ᠬᠡᠪᠴᠢᠶ᠎ᠡ᠂ ᠶᠡᠷᠦᠩᠬᠡᠶ ᠪᠠᠶᠢᠷᠢᠰᠢᠭᠤᠯᠤᠯᠲᠠ ᠶᠢᠨ ᠲᠥᠰᠦᠯ ᠪᠣᠯᠤᠨ ᠥᠪᠡᠷᠲᠡᠭᠡᠨ ᠵᠠᠰᠠᠬᠤ ᠣᠷᠣᠨ ᠤ ᠨᠥᠭᠡᠴᠡ ᠠᠮᠤ ᠪᠤᠳᠠᠭ᠎ᠠ ᠶᠢ ᠬᠥᠳᠡᠯᠭᠡᠨ ᠬᠡᠷᠡᠭᠯᠡᠬᠦ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠥᠭᠡᠴᠡ ᠠᠮᠤ ᠬᠤᠳᠠᠯᠳᠤᠨ ᠠᠪᠬᠤ᠂ ᠪᠤᠷᠤᠯᠠᠭᠤᠯᠬᠤ ᠵᠢᠴᠢ ᠰᠤᠯᠢᠬᠤ ᠲᠥᠯᠥᠪᠯᠡᠭᠡ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠦᠭᠡᠴᠡ ᠠᠮᠤ ᠪᠤᠳᠠᠭ᠎ᠠ ᠪᠠ ᠲᠤᠰᠤ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠬᠠᠳᠠᠭᠠᠯᠠᠬᠤ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠪᠥᠬᠦ ᠣᠷᠣᠨ ᠤ ᠠᠮᠤ ᠪᠤᠳᠠᠭᠠᠨ ᠤ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠵᠢᠭᠠᠨ ᠵᠢᠯᠤᠭᠤᠳᠤᠨ᠎ᠠ︔ ᠠᠮᠤ ᠪᠤᠳᠠᠭ᠎ᠠ ᠬᠦᠮᠦᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠮᠡᠷᠭᠡᠵᠢᠯ ᠤᠨ ᠵᠢᠷᠤᠮᠵᠢᠯ᠂ ᠠᠮᠤ ᠪᠤᠳᠠᠭ᠎ᠠ ᠬᠠᠳᠠᠭᠠᠯᠠᠬᠤ ᠰᠢᠨ᠎ᠡ ᠮᠡᠷᠭᠡᠵᠢᠯ ᠢ ᠳᠡᠯᠭᠡᠷᠡᠭᠦᠯᠬᠦ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠮᠤ ᠪᠤᠳᠠᠭᠠᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠳᠠᠪᠰᠢᠯᠲᠠ ᠵᠢᠴᠢ ᠲᠠᠷᠢᠶᠠᠴᠢᠨ ᠡᠷᠥᠭᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠬᠤᠯᠪᠣᠭᠳᠠᠯ ᠪᠦᠬᠦᠢ ᠠᠵᠢᠯ ᠢ ᠵᠢᠭᠠᠨ ᠵᠢᠯᠣᠭᠤᠳᠬᠤ ᠶᠢ ᠬᠠᠷᠢᠭᠤᠴᠠᠨ᠎ᠠ︔ ᠲᠥᠪ ᠤᠨ ᠨᠥᠭᠡᠴᠡ ᠠᠮᠤ ᠪᠤᠳᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ ᠵᠢᠷᠤᠮᠵᠢᠯ ᠵᠢᠴᠢ ᠬᠤᠳᠠᠯᠳᠤᠨ ᠠᠪᠬᠤ ᠪᠠ ᠪᠣᠷᠣᠯᠠᠭᠤᠯᠬᠤ ᠬᠠᠷᠢᠴᠠᠭ᠎ᠠ ᠶᠢ ᠵᠤᠬᠢᠴᠠᠭᠤᠯᠤᠨ᠎ᠠ︔ ᠪᠦᠬᠦ ᠣᠷᠣᠨ ᠤ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠤᠪᠢ ᠤᠷᠤᠭᠤᠯᠤᠯᠲᠠ ᠵᠢᠴᠢ ᠣᠷᠣᠨ ᠨᠤᠲᠤᠭ ᠤᠨ ᠳᠠᠭᠠᠭᠠᠨ ᠬᠠᠳᠠᠭᠠᠯᠠᠬᠤ ᠳᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠳᠤᠰᠤᠨ ᠤ ᠠᠵᠤ ᠠᠬᠤᠶᠢᠯᠠᠯ ᠤᠨ ᠬᠦᠮᠦᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ︔ ᠪᠦᠬᠦ ᠣᠷᠣᠨ ᠤ ᠤᠯᠤᠰ ᠤᠨ ᠥᠮᠴᠢᠯᠡᠯ ᠤᠨ ᠪᠠ ᠨᠡᠶᠢᠭᠡᠮ ᠤᠨ ᠠᠮᠤ ᠳᠤᠰᠤ ᠶᠢ ᠬᠥᠮᠥᠷᠭᠡᠯᠡᠨ ᠬᠠᠳᠠᠭᠠᠯᠠᠬᠤe ᠪᠡᠯᠡᠳᠬᠡᠮᠵᠢ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠲᠠᠪᠤ︶ ᠲᠥᠯᠥᠪᠵᠢᠭᠦᠯᠭᠡ ᠪᠠ ᠡᠳ᠋ ᠤᠨ ᠶᠠᠪᠤᠳᠠᠯ ᠤᠨ ᠭᠠᠵᠠᠷ ᠠᠮᠤ ᠪᠤᠳᠠᠭᠠᠨ ᠤ ᠭᠦᠢᠯᠭᠡᠭᠡᠨ ᠤ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠠᠵᠢᠯ ᠲᠤᠶᠢᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢ ᠬᠠᠷᠢᠭᠤᠴᠠᠨ᠎ᠠ︔ ᠪᠥᠬᠦ ᠣᠷᠣᠨ ᠤ ᠠᠮᠤ ᠪᠤᠳᠠᠭᠠᠨ ᠤ ᠠᠵᠢᠯ ᠲᠥᠷᠥᠯ ᠤᠨ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠢ ᠵᠢᠭᠠᠨ ᠵᠢᠯᠣᠭᠤᠳᠬᠤ ᠶᠢ ᠬᠠᠷᠢᠭᠤᠴᠠᠵᠤ᠂ ᠪᠦᠬᠦ ᠣᠷᠣᠨ ᠤ ᠤᠯᠤᠰ ᠤᠨ ᠥᠮᠴᠢᠯᠡᠯ ᠤᠨ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠠᠵᠤ ᠠᠬᠤᠶᠢᠯᠠᠯ ᠤᠨ ᠨᠢᠭᠲᠠᠯᠠᠨ ᠪᠤᠳᠤᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠪᠣᠯᠤᠨ ᠡᠳ᠋ ᠤᠨ ᠶᠠᠪᠤᠳᠠᠯ ᠤᠨ ᠵᠠᠳᠠᠯᠤᠯᠲᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠶᠢ ᠳᠠᠭᠠᠭᠠᠨ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠨᠦᠭᠡᠴᠡ ᠠᠮᠤ ᠲᠤᠰᠤ ᠶᠢᠨ ᠬᠦᠦ ᠮᠥᠩᠭᠦ ᠪᠠ ᠵᠠᠷᠤᠳᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ ᠭᠠᠷᠭᠠᠨ᠎ᠠ︔ ᠠᠮᠤ ᠪᠤᠳᠠᠭᠠᠨ ᠤ ᠠᠵᠢᠯ ᠲᠥᠷᠥᠯ ᠤᠨ ᠲᠤᠰᠬᠠᠶ ᠪᠠᠯᠠ ᠮᠥᠩᠭᠦ ᠭᠤᠶᠤᠴᠢᠯᠠᠨ ᠮᠡᠳᠡᠭᠦᠯᠬᠦ ᠪᠠ ᠬᠡᠷᠡᠭᠯᠡᠯᠲᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠰᠠᠯᠠᠭ᠎ᠠ ᠮᠥᠴᠢᠷ ᠤᠨ ᠲᠥᠰᠦᠪ ᠢ ᠬᠢᠨᠠᠨ ᠬᠠᠷᠭᠤᠭᠤᠯᠵᠤ ᠨᠠᠶᠢᠷᠠᠭᠤᠯᠤᠨ ᠵᠣᠬᠢᠶᠠᠬᠤ ᠪᠠ ᠡᠳ᠋ ᠤᠨ ᠶᠠᠪᠤᠳᠠᠯ ᠤᠨ ᠭᠦᠢᠴᠡᠳᠬᠡᠯ ᠢ ᠬᠢᠨᠠᠨ ᠬᠠᠷᠭᠤᠭᠤᠯᠬᠤ᠂ ᠡᠳ᠋ ᠤᠨ ᠵᠠᠰᠠᠭ ᠤᠨ ᠲᠥᠰᠦᠪ ᠤᠨ ᠪᠡᠯᠡ ᠮᠥᠩᠭᠦ ᠬᠡᠷᠡᠭᠯᠡᠬᠦ ᠶᠢ ᠮᠡᠳᠡᠭᠦᠯᠬᠦ ᠪᠠ ᠳᠠᠩᠰᠠ ᠲᠠᠰᠤᠯᠬᠤ ᠶᠢ ᠬᠠᠷᠢᠭᠤᠴᠠᠨ᠎ᠠ︔ ᠰᠢᠭᠤᠳ ᠬᠠᠷᠢᠶ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠯᠳᠡ ᠶᠢ ᠬᠠᠷᠢᠭᠤᠴᠠᠨ᠎ᠠ︔ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ᠎ᠠ︔ ᠠᠮᠤ ᠪᠤᠳᠠᠭᠠᠨ ᠤ ᠭᠦᠢᠯᠭᠡᠭᠡ ᠪᠠ ᠠᠵᠤ ᠦᠢᠯᠡᠰ ᠤᠨ ᠬᠥᠭᠵᠢᠯᠲᠡ ᠲᠠᠢ ᠬᠤᠯᠪᠣᠭᠳᠠᠬᠤ ᠡᠳ᠋ ᠤᠨ ᠵᠠᠰᠠᠭ ᠭᠠᠶᠢᠯᠢ ᠲᠠᠲᠠᠪᠤᠷᠢ ᠪᠠ ᠮᠥᠩᠭᠦᠨ ᠭᠦᠢᠯᠭᠡᠭᠡᠨ ᠤ ᠲᠦᠷᠤ ᠶᠢᠨ ᠪᠤᠳᠤᠯᠭ᠎ᠠ ᠶᠢ ᠵᠤᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠪᠥᠬᠦ ᠣᠷᠣᠨ ᠤ ᠠᠮᠤ ᠪᠤᠳᠠᠭᠠᠨ ᠤ ᠠᠵᠢᠯ ᠲᠥᠷᠥᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠠᠶᠢᠷᠢᠰᠢᠭᠤᠯᠤᠯ ᠢ ᠬᠠᠷᠢᠭᠤᠴᠠᠵᠤ᠂ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠲᠤᠭᠲᠠᠭᠠᠬᠤ ᠪᠦᠭᠡᠳ ᠵᠢᠭᠠᠨ ᠵᠢᠯᠤᠭᠤᠳᠴᠤ ᠬᠡᠷᠡᠭᠵᠢᠭᠦᠯᠦᠨ᠎ᠡ︔ ᠪᠥᠬᠦ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠵᠢᠷᠭᠤᠭ᠎ᠠ︶ ᠬᠢᠨᠠᠯᠲᠠ ᠲᠠᠯᠪᠢᠬᠤ ᠪᠠᠶᠢᠴᠠᠭᠠᠬᠤ ᠭᠠᠵᠠᠷ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠲᠠᠯᠪᠢᠬᠤ ᠪᠠᠶᠢᠴᠠᠭᠠᠬᠤ ᠲᠦᠷᠢᠮ᠂ ᠠᠷᠭ᠎ᠠ ᠶᠢ ᠲᠤᠭᠤᠷᠪᠢᠨ ᠲᠤᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠠᠮᠤ ᠪᠤᠳᠠᠭᠠᠨ ᠤ ᠭᠦᠢᠯᠭᠡᠭᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ︔ ᠪᠥᠬᠦ ᠣᠷᠣᠨ ᠤ ︽ᠠᠮᠤ ᠪᠤᠳᠠᠭᠠᠨ ᠤ ᠬᠢᠨᠠᠯᠲᠠ ᠲᠠᠯᠪᠢᠬᠤ ᠪᠠᠶᠢᠴᠠᠭᠠᠬᠤ ᠦᠨᠡᠮᠯᠡᠯ︾ ᠤᠨ ᠬᠢᠨᠠᠨ ᠣᠯᠭᠤᠬᠤ ᠪᠠ ᠬᠠᠮᠢᠶᠠᠷᠬᠤ ᠶᠢ ᠬᠠᠷᠢᠭᠤᠴᠠᠨ᠎ᠠ︔ ᠪᠥᠬᠦ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠲᠠᠯᠪᠢᠬᠤ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠠᠵᠢᠯᠲᠠᠳ ᠤᠨ ᠪᠣᠯᠪᠠᠰᠤᠷᠠᠭᠤᠯᠤᠯ ᠪᠣᠯᠤᠨ ᠰᠤᠷᠤᠯᠴᠠᠯᠭ᠎ᠠ ᠶᠢ ᠵᠢᠯᠤᠭᠤᠳᠬᠤ ᠶᠢ ᠬᠠᠷᠢᠭᠤᠴᠠᠨ᠎ᠠ︔ ᠠᠶᠢᠮᠠᠭ ᠬᠤᠲᠠ᠂ ᠬᠤᠰᠢᠭᠤ ᠰᠢᠶᠠᠨ ᠤ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠢᠴᠢ ᠨᠡᠶᠢᠭᠡᠮ ᠤᠨ ᠠᠮᠤ ᠪᠤᠳᠠᠭᠠᠨ ᠤ ᠭᠦᠢᠯᠭᠡᠭᠡᠨ ᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠭ᠎ᠠ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔ ᠪᠥᠬᠦ ᠣᠷᠣᠨ ᠤ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ᠂ ᠠᠮᠤ ᠪᠤᠳᠠᠭᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠳᠦᠷᠢᠮ ᠢ ᠪᠠᠶᠢᠴᠠᠭᠠᠬᠤ ᠵᠡᠷᠭᠡ ᠲᠤᠰᠬᠠᠶ ᠪᠠᠶᠢᠴᠠᠭᠠᠯᠲᠠ ᠶᠢᠨ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠬᠤ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠬᠤ ᠪᠦᠭᠡᠳ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠪᠥᠬᠦ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠲᠠᠯᠪᠢᠬᠤ ᠪᠠᠶᠢᠴᠠᠭᠠᠬᠤ ᠠᠵᠢᠯ ᠤᠨ ᠰᠢᠰᠲ᠋ᠧᠮᠵᠢ ᠪᠠ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠭᠠᠨ ᠵᠢᠯᠤᠭᠤᠳᠴᠤ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ︔ ︽12325︾ ᠪᠦᠬᠦ ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠭᠤᠳ ᠤᠲᠠᠰᠤ ᠠᠴᠠ ᠭᠦᠢᠴᠡᠳᠭᠡᠯᠭᠡᠬᠦ ᠪᠠᠷ ᠰᠢᠯᠵᠢᠭᠦᠯᠦᠭᠰᠡᠨ ᠢᠯᠡᠴᠢᠯᠡᠨ ᠮᠡᠳᠡᠭᠦᠯᠦᠭᠰᠡᠨ ᠪᠠ ᠵᠠᠭᠠᠯᠳᠤᠭᠰᠠᠨ ᠬᠡᠷᠡᠭ ᠢ ᠬᠦᠯᠢᠶᠡᠨ ᠠᠪᠬᠤ᠂ ᠡᠷᠭᠢᠯᠳᠦᠭᠦᠯᠬᠦ᠂ ᠮᠥᠷᠳᠡᠬᠦ᠂ ᠭᠦᠢᠴᠡᠳᠬᠡᠨ ᠳᠠᠭᠤᠰᠬᠠᠬᠤ ᠵᠡᠷᠭᠡ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠲᠤᠯᠤᠭ᠎ᠠ︶ ᠠᠵᠤ ᠦᠢᠯᠡᠰ ᠤᠨ ᠬᠥᠭᠵᠢᠭᠦᠯᠦᠯᠲᠡ ᠶᠢᠨ ᠭᠠᠵᠠᠷ ᠪᠥᠬᠦ ᠣᠷᠣᠨ ᠤ ᠠᠮᠤ ᠪᠤᠳᠠᠭᠠᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ︔ ᠤᠳᠤ ᠦᠶ᠎ᠡ ᠶᠢᠨ ᠠᠮᠤ ᠪᠤᠳᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠠᠮᠤ ᠪᠤᠳᠠᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠢ ᠪᠠᠶᠢᠴᠠᠭᠠᠬᠤ ᠪᠠ ᠠᠵᠢᠯᠯᠠᠭᠠᠨ ᠤ ᠪᠠᠶᠢᠳᠠᠯ ᠳᠤ ᠵᠠᠳᠠᠯᠤᠯᠲᠠ ᠬᠢᠬᠦ ᠶᠢ ᠬᠠᠷᠢᠭᠤᠴᠠᠨ᠎ᠠ︔ ᠠᠮᠤ ᠪᠤᠳᠠᠭᠠᠨ ᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠ ᠲᠠᠨᠢᠯᠴᠠᠭᠤᠯᠬᠤ ᠶᠢ ᠬᠠᠷᠢᠭᠤᠴᠠᠨ᠎ᠠ︔ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠣᠭᠤᠳᠬᠤ ᠶᠢ ᠬᠠᠷᠢᠭᠤᠴᠠᠨ᠎ᠠ︔ ᠪᠦᠬᠦ ᠣᠷᠣᠨ ᠤ ᠴᠢᠨᠠᠷ ᠰᠠᠶᠢᠲᠠᠶ ᠠᠮᠤ ᠲᠣᠰᠣᠨ ᠤ ᠪᠠᠷᠢᠮᠵᠢᠶ᠎ᠠ ᠪᠠ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠤᠭᠲᠠᠭᠠᠬᠤ ᠪᠦᠭᠡᠳ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠠᠮᠤ ᠪᠤᠳᠠᠭᠠᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠰᠤᠳᠤᠯᠤᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠨᠠᠢᠮᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠦᠮᠦᠵᠢᠯ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠬᠤ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠪᠠ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠨᠠᠮ ᠪᠠ ᠤᠯᠡᠨ ᠲᠦᠮᠡᠨ ᠤ ᠠᠵᠢᠯ ᠢ ᠬᠠᠷᠢᠭᠤᠴᠠᠨ᠎ᠠ︔ ᠨᠠᠮ ᠤᠨ ᠭᠡᠰᠢᠭᠦᠨ ᠡᠯᠰᠡᠬᠦ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠬᠦ᠂ ᠨᠠᠮ ᠤᠨ ᠳᠣᠲᠣᠭᠠᠳᠤ ᠶᠢᠨ ᠲᠤᠭ᠎ᠠ ᠪᠦᠷᠢᠳᠬᠡᠯ ᠵᠢᠴᠢ ᠨᠠᠮ ᠤᠨ ᠰᠦᠢᠳᠬᠡᠯ ᠲᠤᠰᠢᠶᠠᠬᠤ᠂ ᠬᠠᠮᠢᠶᠠᠷᠬᠤ᠂ ᠬᠡᠷᠡᠭᠯᠡᠬᠦ ᠠᠵᠢᠯ ᠢ ᠳᠠᠭᠠᠭᠠᠨ ᠡᠭᠦᠷᠭᠡᠯᠡᠨ᠎ᠡ︔ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠪᠣᠯᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠤᠯᠪᠣᠭᠳᠠᠯ ᠪᠥᠬᠦᠢ ᠪᠣᠳᠠᠲᠠᠶ ᠠᠵᠢᠯ ᠢ ᠡᠭᠦᠷᠭᠡᠯᠡᠨ᠎ᠡ︔ ᠰᠠᠯᠠᠭᠠᠨ ᠤ ᠳᠡᠰ ᠵᠢᠴᠢ ᠲᠡᠭᠦᠨ ᠠᠴᠠ ᠳᠣᠷᠣᠭᠰᠢᠬᠢ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠶᠠᠳᠠᠭᠤ ᠶᠢ ᠲᠡᠳᠬᠦᠬᠦ ᠠᠵᠢᠯ ᠢ ᠡᠭᠦᠷᠭᠡᠯᠡᠨ᠎ᠡ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠶᠢᠰᠦ︶ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠥᠮᠦᠰ ᠤᠨ ᠠᠵᠢᠯ ᠤᠨ ᠭᠠᠵᠠᠷ ᠪᠠᠶᠢᠭᠤᠯᠭ᠎ᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠬᠠᠷᠢᠭᠤᠴᠠᠵᠤ᠂ ᠰᠢᠭᠤᠳ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠵᠢᠯᠤᠭᠤᠳᠤᠨ᠎ᠠ︔ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠤᠯᠤᠰ ᠲᠦᠷᠦ ᠶᠢᠨ ᠬᠠᠷᠠᠭᠠᠯᠵᠠᠯ᠂ ᠠᠮᠢᠳᠤᠷᠠᠯ ᠤᠨ ᠬᠠᠷᠠᠭᠠᠯᠵᠠᠯ᠂ ᠨᠡᠶᠢᠭᠡᠮ ᠤᠨ ᠬᠠᠷᠠᠭᠠᠯᠵᠠᠯ ᠪᠠ ᠰᠣᠶᠣᠯ ᠤᠨ ᠬᠠᠷᠠᠭᠠᠯᠵᠠᠯ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ︔ ᠠᠮᠤ ᠪᠤᠳᠠᠭᠠᠨ ᠤ ᠰᠢᠰᠲ᠋ᠧᠮ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠤᠨ ᠲᠤᠬᠠᠢ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠪᠤᠯᠤᠨ ᠬᠦᠯᠢᠶᠡᠨ ᠠᠪᠬᠤ ᠠᠵᠢᠯ ᠢ ᠬᠠᠷᠢᠭᠤᠴᠠᠨ᠎ᠠ︔ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠡᠮᠴᠢᠯᠡᠭᠡ ᠡᠷᠡᠭᠦᠯᠵᠢᠯ᠂ ᠡᠷᠡᠭᠦᠯ ᠮᠡᠨᠳᠦ ᠶᠢᠨ ᠰᠤᠪᠢᠯᠠᠯᠲᠠ ᠵᠢᠴᠢ ᠨᠠᠰᠤ ᠪᠠᠷᠠᠭᠰᠠᠨ ᠨᠦᠬᠦᠷ ᠤᠨ ᠣᠷᠣᠰᠢᠭᠤᠯᠭ᠎ᠠ ᠶᠢᠨ ᠶᠠᠪᠤᠳᠠᠯ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠤᠳᠤᠷᠢᠳᠤᠯᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|