|
ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ |
|
|
ᠨᠡᠶᠢᠲᠡᠯᠡᠭᠰᠡᠨ ᠴᠠᠭ᠄
2015/4/2
|
ᠭᠤᠤᠯ ᠡᠭᠦᠷᠭᠡ ᠬᠠᠷᠢᠭᠤᠴᠠᠯᠭ᠎ᠠ᠄ ︵ᠨᠢᠭᠡ︶ ᠭᠠᠶᠢᠯᠢ ᠲᠠᠲᠠᠪᠤᠷᠢ ᠶᠢᠨ ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠬᠠᠤᠯᠢ ᠲᠤᠭᠲᠠᠭᠠᠯ᠂ ᠳᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠤ᠂ ᠪᠤᠳᠠᠲᠠᠢ ᠬᠡᠷᠡᠭᠵᠢᠭᠦᠯᠬᠦ ᠠᠷᠭ᠎ᠠ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠭᠠᠶᠢᠯᠢ ᠲᠠᠲᠠᠪᠤᠷᠢ ᠶᠢᠨ ᠬᠦᠭᠵᠢᠯᠲᠠ ᠶᠢᠨ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ︵ᠬᠤᠶᠠᠷ︶ ᠤᠷᠤᠨ ᠨᠤᠲᠤᠭ ᠤᠨ ᠭᠠᠶᠢᠯᠢ ᠪᠠ ᠬᠠᠮᠲᠤ ᠪᠠᠷ ᠡᠳ᠋ᠯᠡᠬᠦ ᠭᠠᠶᠢᠯᠢ ᠶᠢᠨ ᠲᠠᠲᠠᠪᠤᠷᠢ ᠶᠢ ᠬᠠᠮᠢᠶᠠᠷᠬᠤ᠂ ᠭᠠᠶᠢᠯᠢ ᠶᠢᠨ ᠢᠷᠡᠯᠲᠡ ᠶᠢ ᠬᠠᠮᠢᠶᠠᠷᠬᠤ᠂ ᠭᠠᠶᠢᠯᠢ ᠲᠤᠰᠢᠶᠠᠯᠲᠠ ᠶᠢ ᠦᠨᠡᠯᠡᠬᠦ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ᠃ ᠵᠠᠰᠠᠭ ᠤᠨ ᠤᠷᠳᠤᠨ ᠤ ᠰᠠᠭᠤᠷᠢ ᠮᠦᠡᠭᠭᠦ ︵ᠲᠤᠭᠲᠠᠭᠠᠯᠲᠤ ᠵᠠᠷᠤᠳᠠᠯ︶ ᠶᠢᠨ ᠲᠠᠲᠠᠪᠤᠷᠢᠯᠠᠵᠤ ᠬᠠᠮᠢᠶᠠᠷᠬᠤ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠡ᠃ ᠶᠠᠷᠤ ᠶᠢᠨ ᠪᠠᠷᠢᠮᠲᠠ ᠪᠠ ᠭᠠᠶᠢᠯᠢ ᠳᠠᠳᠠᠪᠤᠷᠢ ᠶᠢᠨ ᠪᠠᠷᠢᠮᠲᠠ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠭᠤᠷᠪᠠ︶ ᠲᠠᠲᠠᠪᠤᠷᠢᠯᠠᠯᠲᠠ ᠬᠠᠮᠢᠶᠠᠷᠤᠯᠲᠠ ᠶᠢ ᠪᠠᠶᠢᠴᠠᠭᠠᠬᠤ ᠠᠵᠢᠯ ᠢ ᠬᠠᠷᠢᠭᠤᠴᠠᠨ᠂ ᠭᠠᠶᠢᠯᠢ ᠳᠠᠲᠠᠪᠤᠷᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠳᠤᠲᠤᠭᠠᠲᠤ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠯᠠᠭ᠎ᠠ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ ᠶᠢᠨ ᠬᠠᠮᠲᠤ ᠬᠢᠨᠠᠨ ᠪᠠᠶᠢᠴᠠᠭᠠᠨ᠎ᠠ︔ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠳᠭᠡᠯ ᠤᠨᠬᠡᠷᠡᠴᠢᠯᠡᠯᠲᠡ ᠰᠤᠨᠤᠰᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ︵ᠳᠦᠷᠪᠡ︶ ᠲᠤᠰ ᠰᠢᠰᠲ᠋ᠧᠮ ᠤᠨ ᠭᠠᠶᠢᠯᠢ ᠲᠤᠰᠢᠶᠠᠭᠴᠢ ᠳᠤ ᠦᠢᠯᠡᠴᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠦᠯᠦᠪᠵᠢᠬᠦᠯᠬᠦ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃ ᠭᠠᠶᠢᠯᠢ ᠲᠤᠰᠢᠶᠠᠭᠴᠢ ᠳᠤ ᠦᠢᠯᠡᠴᠢᠯᠡᠬᠦ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ ᠪᠠ ᠬᠢᠨᠠᠨ ᠬᠡᠷᠡᠭᠵᠢᠭᠦᠯᠵᠤ᠂ ᠭᠠᠶᠢᠯᠢ ᠲᠤᠰᠢᠶᠠᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ︔ ᠳᠠᠩᠰᠠᠯᠠᠭᠤᠯᠤᠭᠰᠠᠨ ᠭᠠᠶᠢᠯᠢ ᠪᠠᠶᠢᠴᠠᠭᠠᠭᠴᠢ ᠶᠢᠨ ᠬᠠᠮᠢᠶᠠᠷᠤᠯᠲᠠ ᠶᠢᠨ ᠳᠦᠷᠢᠮ ᠢ ᠬᠢᠨᠠᠨ ᠬᠡᠷᠡᠭᠵᠢᠭᠦᠯᠦᠨ᠎ᠡ᠃ ︵ᠲᠠᠪᠤ︶ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠡᠯᠲᠠ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠶᠢ ᠲᠦᠯᠦᠪᠵᠢᠬᠦᠯᠬᠦ ᠂ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃ ︵ᠵᠢᠷᠭᠤᠭ᠎ᠠ︶ ᠤᠷᠤᠨ ᠨᠤᠲᠤᠭ ᠤᠨ ᠭᠠᠶᠢᠯᠢ ᠶᠢᠨ ᠢᠷᠡᠯᠲᠡ ᠶᠢ ᠲᠦᠰᠦᠪᠯᠡᠨ ᠲᠦᠯᠦᠪᠯᠡᠵᠤ᠂ ᠤᠷᠤᠨ ᠨᠤᠲᠤᠭ ᠤᠨ ᠭᠠᠶᠢᠯᠢ ᠲᠠᠲᠠᠪᠤᠷᠢ ᠪᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠭᠤᠷᠢ ᠮᠦᠡᠭᠭᠦ ︵ᠲᠤᠭᠲᠠᠭᠠᠯᠲᠤ ᠵᠠᠷᠤᠳᠠᠯ︶ ᠶᠢᠨ ᠤᠨ ᠤ ᠲᠦᠯᠦᠪᠯᠡᠭᠡ ᠶᠢ ᠵᠤᠬᠢᠶᠠᠨ᠎ᠠ᠃ ︵ᠳᠤᠯᠤᠭ᠎ᠠ︶ ᠦᠪᠡᠷᠲᠡᠭᠡᠨ ᠵᠠᠰᠠᠬᠤ ᠤᠷᠤᠨ ᠤ ᠱᠠᠳᠤᠨ ᠠᠴᠠ ᠳᠤᠷᠤᠭᠰᠢᠬᠢ ᠡᠯ᠎ᠡ ᠱᠠᠲᠤᠨ ᠤ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠳᠤ ᠰᠢᠰᠲ᠋ᠧᠮ ᠤᠨ ᠬᠠᠮᠢᠶᠠᠷᠤᠯᠲᠠ ᠶᠠᠪᠤᠭᠤᠯᠤᠨ᠎ᠠ᠃ ︵ᠨᠠᠢᠮᠠ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠤᠪᠴᠢᠶᠠᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠬᠦᠢᠴᠡᠳᠭᠡᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|