ᠬᠢᠨᠠᠨ ᠪᠤᠳᠤᠬᠤ ᠲᠢᠩᠬᠢᠮ
ᠨᠡᠶᠢᠲᠡᠯᠡᠭᠰᠡᠨ ᠴᠠᠭ᠄
2015/4/2

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ ᠪᠣᠳᠣᠬᠤ ᠵᠥᠪᠯᠡᠯ ᠤᠨ ᠠᠯᠪᠠᠨ ᠬᠡᠷ ᠢ ᠬᠢᠨᠠᠨ ᠪᠣᠳᠣᠬᠤ ᠲᠢᠩᠬᠢᠮ ᠳᠤ ᠳᠣᠭᠢᠷᠠᠭᠤᠯᠪᠠ᠃
     ᠨᠢᠭᠡ᠂ ᠡᠭᠦᠷᠭᠡ ᠬᠠᠷᠢᠭᠤᠴᠠᠯᠭ᠎ᠠ
     ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠨᠢ ᠨᠠᠮ ᠤᠨ ᠲᠥᠪ ᠬᠤᠷᠢᠶ᠎ᠠ ᠶᠢᠨ ᠬᠢᠨᠠᠨ ᠪᠣᠳᠣᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠢᠨᠠᠨ ᠪᠣᠳᠣᠬᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃
     ︵ᠨᠢᠭᠡ︶ ᠪᠦᠬᠦ ᠣᠷᠣᠨ ᠤ ᠬᠢᠨᠠᠨ ᠪᠣᠳᠣᠬᠤ ᠠᠵᠢᠯ ᠢ ᠭᠤᠣᠯᠴᠢᠯᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ ᠡᠰᠡᠬᠦ᠂ ᠬᠠᠤᠯᠢ ᠶᠣᠰᠣᠨ ᠳᠤ ᠨᠡᠶᠢᠴᠡᠬᠦ ᠡᠰᠡᠬᠦ ᠪᠠ ᠦᠷ᠎ᠡ ᠠᠰᠢᠭ ᠲᠤ ᠬᠢᠨᠠᠨ ᠪᠣᠳᠣᠯᠲᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠬᠤ ᠶᠢ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠪᠠ ᠡᠳ᠋ ᠬᠥᠷᠥᠩᠭᠡ ᠳᠤ ᠬᠢᠨᠠᠨ ᠪᠣᠳᠣᠯᠲᠠ ᠶᠢ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠵᠦ ᠬᠢᠨᠠᠨ ᠪᠣᠳᠣᠯᠲᠠ ᠬᠢᠨ᠎ᠡ᠃ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠢᠨᠠᠨ ᠪᠣᠳᠣᠭᠰᠠᠨ᠂ ᠲᠤᠰᠬᠠᠢ ᠵᠦᠢᠯ ᠢᠶᠠᠷ ᠬᠢᠨᠠᠵᠤ ᠪᠣᠳᠣᠵᠤ ᠪᠠᠶᠢᠴᠠᠭᠠᠯᠲᠠ ᠬᠢᠭᠰᠡᠨ ᠪᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠯᠲᠠ ᠶᠢ ᠬᠦᠯᠢᠶᠡᠭᠰᠡᠨ ᠨᠢᠭᠡᠴᠢ ᠶᠢ ᠰᠢᠮᠳᠠᠭᠤᠯᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃
     ︵ᠬᠤᠶᠠᠷ︶ ᠬᠢᠨᠠᠨ ᠪᠣᠳᠣᠬᠤ ᠬᠠᠤᠯᠢ ᠲᠣᠭᠲᠠᠭᠠᠯ ᠤᠨ ᠡᠬᠡ ᠨᠤᠤᠷᠠᠭ᠂ ᠬᠢᠨᠠᠨ ᠪᠣᠳᠣᠬᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠵᠢᠭᠠᠪᠤᠷᠢ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠤᠰᠬᠠᠢ ᠮᠡᠷᠭᠡᠵᠢᠯ ᠤᠨ ᠬᠦᠷᠢᠶᠡᠨ ᠳᠠᠬᠢ ᠬᠢᠨᠠᠨ ᠪᠣᠳᠣᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠳ᠋ ᠤᠨ ᠵᠠᠰᠠᠭ ᠠᠵᠤ ᠠᠬᠤᠢ ᠵᠢᠴᠢ ᠲᠡᠭᠦᠨ ᠯᠦᠭᠡ ᠬᠤᠯᠪᠣᠭᠳᠠᠬᠤ ᠬᠠᠤᠯᠢ ᠲᠣᠭᠲᠠᠭᠠᠯ ᠤᠨ ᠡᠬᠡ ᠨᠣᠣᠷᠠᠭ ᠢ ᠲᠤᠭᠤᠷᠪᠢᠬᠤ ᠳᠤ ᠣᠷᠣᠯᠴᠠᠨ᠎ᠠ᠃ ᠰᠢᠭᠤᠳ ᠬᠢᠨᠠᠨ ᠪᠣᠳᠣᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠣᠳᠣᠬᠤ ᠦᠨᠡᠯᠡᠯᠲᠡ ᠬᠢᠵᠦ᠂ ᠬᠢᠨᠠᠨ ᠪᠣᠳᠣᠬᠤ ᠲᠣᠭᠲᠠᠭᠠᠯ ᠭᠠᠷᠭᠠᠬᠤ ᠪᠤᠶᠤ ᠬᠢᠨᠠᠨ ᠪᠣᠳᠣᠬᠤ ᠰᠠᠨᠠᠭᠤᠯᠭ᠎ᠠ ᠳᠤᠷᠠᠳᠤᠨ᠎ᠠ᠃
     ︵ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠣᠳᠣᠬᠤ ᠵᠥᠪᠯᠡᠯ ᠳᠤ ᠥᠪᠡᠷᠲᠡᠭᠡᠨ ᠵᠠᠰᠠᠬᠤ ᠣᠷᠣᠨ ᠤ ᠣᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠣᠭᠰᠠᠨ ᠮᠡᠳᠡᠭᠦᠯᠦᠯᠲᠡ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠳᠤ ᠥᠪᠡᠷᠲᠡᠭᠡᠨ ᠵᠠᠰᠠᠬᠤ ᠣᠷᠣᠨ ᠤ ᠣᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠢᠨᠠᠨ ᠪᠣᠳᠣᠯᠲᠠ ᠬᠢᠭᠰᠡᠨ ᠦᠷ᠎ᠡ ᠳ᠋ᠦᠩ ᠤᠨ ᠮᠡᠳᠡᠭᠦᠯᠦᠯᠲᠡ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠶᠢ ᠬᠢᠨᠠᠨ ᠪᠣᠳᠣᠯᠲᠠ ᠬᠢᠭᠰᠡᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠤᠨ ᠮᠡᠳᠡᠭᠦᠯᠦᠯᠲᠡ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯᠡᠰ ᠲᠤ ᠬᠢᠨᠠᠨ ᠪᠣᠳᠣᠯᠲᠠ ᠬᠢᠭᠰᠡᠨ ᠪᠠ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠯᠲᠠ ᠬᠢᠭᠰᠡᠨ ᠪᠠᠶᠢᠳᠠᠯ ᠵᠢᠴᠢ ᠦᠷ᠎ᠡ ᠳ᠋ᠦ᠋ᠩ ᠢ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦ᠋ᠩ ᠢ ᠨᠡᠶᠢᠭᠡᠮ ᠨᠡᠶᠢᠲᠡ ᠳᠤ ᠬᠠᠤᠯᠢ ᠶᠣᠰᠣᠭᠠᠷ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠶᠢᠮᠠᠭ ᠬᠤᠲᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠢᠨᠠᠨ ᠪᠣᠳᠣᠭᠰᠠᠨ ᠪᠠᠶᠢᠳᠠᠯ ᠪᠠ ᠬᠢᠨᠠᠨ ᠪᠣᠳᠣᠭᠰᠠᠨ ᠦᠷ᠎ᠡ ᠳ᠋ᠦ᠋ᠩ ᠢ ᠵᠠᠷᠯᠠᠨ ᠮᠡᠳᠡᠭᠡᠯᠡᠨ᠎ᠡ᠃
     ︵ᠳᠥᠷᠪᠡ︶ ᠳᠣᠣᠷᠠᠬᠢ ᠵᠦᠢᠯᠡᠰ ᠲᠤ ᠰᠢᠭᠤᠳ ᠬᠢᠨᠠᠨ ᠪᠣᠳᠣᠯᠲᠠ ᠬᠢᠵᠦ᠂ ᠬᠢᠨᠠᠨ ᠪᠣᠳᠣᠭᠰᠠᠨ ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠢᠨᠠᠨ ᠪᠣᠳᠣᠬᠤ ᠲᠣᠭᠲᠠᠭᠠᠯ ᠭᠠᠷᠭᠠᠨ᠎ᠠ᠃ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠥᠪᠡᠷᠲᠡᠭᠡᠨ ᠵᠠᠰᠠᠬᠤ ᠣᠷᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ︶ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠠᠰᠤᠯᠤᠨ ᠪᠣᠳᠣᠬᠤ ᠡᠬᠡ ᠨᠣᠣᠷᠠᠭ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠭᠰᠡᠨ ᠪᠠᠶᠢᠳᠠᠯ᠂ ᠲᠠᠰᠤᠯᠤᠨ ᠪᠣᠳᠣᠬᠤ ᠡᠬᠡ ᠨᠣᠣᠷᠠᠭ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠢ ᠪᠣᠯᠤᠨ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠠᠴᠠ ᠪᠡᠯᠡ ᠣᠷᠣᠭᠤᠯᠤᠭᠰᠠᠨ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠯᠲᠠ ᠪᠠᠷ ᠭᠤᠣᠯᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠪᠠ ᠲᠠᠰᠤᠯᠤᠨ ᠪᠣᠳᠣᠭᠰᠠᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠ ᠪᠦᠲᠦᠭᠡᠨ ᠪᠠᠶᠢᠭᠤᠯᠵᠤ ᠠᠵᠢᠯᠯᠠᠭᠤᠯᠤᠨ ᠡᠵᠡᠩᠨᠡᠭᠰᠡᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠤᠨ ᠰᠡᠷᠭᠡᠶᠢᠯᠡᠨ ᠵᠠᠰᠠᠯᠲᠠ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠵᠠᠰᠠᠨ ᠰᠡᠷᠭᠦᠭᠡᠭᠰᠡᠨ ᠪᠠᠶᠢᠳᠠᠯ︔ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠬᠤᠪᠢᠴᠠᠭ᠎ᠠ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠭᠴᠡᠭᠡᠨ ᠤ ᠪᠠᠶᠢᠳᠠᠯ ᠪᠣᠯᠤᠨ ᠠᠰᠢᠭ ᠬᠤᠷᠣᠭᠳᠠᠯ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠠᠴᠠ ᠬᠠᠨᠳᠢᠪᠯᠠᠨ ᠬᠦᠷᠭᠡᠭᠰᠡᠨ ᠪᠡᠯᠡ ᠮᠥᠩᠭᠦ ᠪᠣᠯᠤᠨ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯᠡᠰ ᠢ ᠪᠠᠭᠲᠠᠭᠠᠨ᠎ᠠ᠃
     ︵ᠲᠠᠪᠤ︶ ᠣᠷᠣᠨ ᠪᠠ ᠲᠢᠩᠬᠢᠮ ᠤᠨ ᠲᠠᠰ ᠤᠨ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠬᠦ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠳᠤ ᠬᠢᠨᠠᠨ ᠪᠣᠳᠣᠯᠲᠠ ᠬᠢᠬᠦ ᠶᠢ ᠬᠡᠷᠡᠭᠵᠢᠭᠦᠯᠦᠨ᠎ᠡ᠃
     ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠨ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠯᠤᠭ᠎ᠠ ᠬᠤᠯᠪᠣᠭᠳᠠᠬᠤ ᠣᠨᠴᠠᠭᠠᠢ ᠲᠣᠭᠲᠠᠭᠠᠭᠰᠠᠨ ᠵᠦᠢᠯᠡᠰ ᠲᠤ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
     ︵ᠳᠣᠯᠤᠭ᠎ᠠ︶ ᠬᠢᠨᠠᠨ ᠪᠣᠳᠣᠬᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠶᠣᠰᠣᠭᠠᠷ ᠪᠠᠶᠢᠴᠠᠭᠠᠯᠲᠠ ᠬᠢᠵᠦ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠣᠳᠣᠯᠲᠠ ᠶᠢ ᠬᠦᠯᠢᠶᠡᠭᠰᠡᠨ ᠨᠢᠭᠡᠴᠢ ᠶᠢᠨ ᠬᠢᠨᠠᠨ ᠪᠣᠳᠣᠬᠤ ᠲᠣᠭᠲᠠᠭᠠᠯ ᠳᠤ ᠳᠡᠪᠰᠢᠭᠦᠯᠦᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠯᠭᠡ᠂ ᠵᠠᠰᠠᠭ ᠵᠠᠬᠢᠷᠭᠠᠨ ᠤ ᠵᠠᠷᠭᠤ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠥᠬᠦᠶ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃
     ︵ᠨᠠᠢᠮᠠ︶ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠢ ᠳᠤ ᠭᠠᠷᠭᠠᠵᠤ ᠥᠭᠭᠦᠭᠰᠡᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃
     ︵ᠶᠢᠰᠦ︶ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︵ᠵᠠᠬᠢᠷᠭ᠎ᠠ︶ ᠲᠠᠢ ᠬᠠᠮᠲᠤ ᠪᠠᠷ ᠠᠶᠢᠮᠠᠭ ᠬᠤᠲᠠ ᠶᠢᠨ ᠬᠢᠨᠠᠨ ᠪᠣᠳᠣᠬᠤ ᠪᠠᠶᠢᠭᠤᠯᠭ᠎ᠠ ᠶᠢ ᠤᠳᠤᠷᠢᠳᠤᠨ᠎ᠠ᠃ ᠣᠷᠣᠨ ᠨᠤᠲᠤᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠣᠷᠣᠨ ᠨᠤᠲᠤᠭ ᠤᠨ ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠣᠨᠴᠠ ᠲᠣᠭᠲᠠᠭᠰᠠᠨ ᠵᠦᠢᠯᠡᠰ ᠲᠤ ᠲᠤᠰᠬᠠᠢ ᠵᠦᠢᠯ ᠢᠶᠠᠷ ᠬᠢᠨᠠᠨ ᠪᠣᠳᠣᠯᠲᠠ ᠬᠢᠬᠦ ᠪᠤᠶᠤ ᠬᠢᠨᠠᠨ ᠪᠣᠳᠣᠬᠤ ᠪᠠᠶᠢᠴᠠᠭᠠᠯᠲᠠ ᠶᠢ ᠬᠡᠷᠡᠭᠵᠢᠭᠦᠯᠵᠦ᠂ ᠣᠷᠣᠨ ᠨᠤᠲᠤᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠤᠯᠤᠰ ᠤᠨ ᠲᠣᠭᠲᠠᠭᠠᠯ ᠢ ᠵᠥᠷᠢᠴᠡᠵᠦ ᠭᠠᠷᠭᠠᠭᠰᠠᠨ ᠬᠢᠨᠠᠨ ᠪᠣᠳᠣᠬᠤ ᠲᠣᠭᠲᠠᠭᠠᠯ ᠢ ᠵᠠᠯᠠᠷᠠᠭᠤᠯᠬᠤ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ᠃ ᠺᠠᠳ᠋ᠷ ᠤᠨ ᠬᠠᠮᠢᠶᠠᠷᠤᠯᠲᠠ ᠶᠢᠨ ᠡᠷᠬᠡ ᠶᠣᠰᠣᠭᠠᠷ ᠠᠶᠢᠮᠠᠭ ᠬᠤᠲᠠ ᠶᠢᠨ ᠬᠢᠨᠠᠨ ᠪᠣᠳᠣᠬᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠢ ᠬᠠᠮᠵᠢᠨ ᠬᠠᠮᠢᠶᠠᠷᠤᠨ᠎ᠠ᠃
     ︵ᠠᠷᠪᠠ︶ ᠬᠢᠨᠠᠨ ᠪᠣᠳᠣᠬᠤ ᠵᠠᠬᠢᠷᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠬᠢᠨᠠᠨ ᠪᠣᠳᠣᠬᠤ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠣᠭᠤᠳᠬᠤ ᠪᠠ ᠳᠡᠯᠭᠡᠷᠡᠭᠦᠯᠦᠨ᠎ᠡ᠃
     ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
     ︵ᠠᠷᠪᠠᠨ ᠬᠤᠶᠠᠷ︶ ᠡᠭᠦᠷᠭᠡ ᠴᠢᠳᠠᠪᠬᠢ ᠶᠢ ᠬᠤᠪᠢᠷᠠᠭᠤᠯᠤᠨ᠎ᠠ᠃ ᠬᠢᠨᠠᠨ ᠪᠣᠳᠣᠬᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠪᠥᠬᠦ ᠣᠷᠣᠨ ᠤ ᠬᠢᠨᠠᠨ ᠪᠣᠳᠣᠬᠤ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠪᠠᠨ ᠰᠢᠯᠤᠭᠤᠳᠬᠠᠨ᠂ ᠬᠢᠨᠠᠨ ᠪᠣᠳᠣᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠠᠶᠢᠵᠢᠷᠠᠭᠤᠯᠵᠤ᠂ ᠨᠢᠭᠡᠳᠦᠭᠡᠷ ᠹᠷᠣᠨᠲ ᠤᠨ ᠬᠢᠨᠠᠨ ᠪᠣᠳᠣᠬᠤ ᠬᠦᠴᠦᠨ ᠢ ᠲᠡᠭᠦᠯᠳᠡᠷᠵᠢᠭᠦᠯᠦᠨ᠂ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠶ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠣᠳᠣᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠣᠳᠣᠯᠲᠠ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠣᠶᠢᠯᠠᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠣᠳᠣᠬᠤ ᠪᠠ ᠨᠡᠶᠢᠭᠡᠮ ᠤᠨ ᠬᠢᠨᠠᠨ ᠪᠣᠳᠣᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃
     ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ
     ︵ᠨᠢᠭᠡ︶ ᠳᠣᠲᠣᠭᠠᠳᠤ ᠶᠢᠨ ᠪᠠᠶᠢᠭᠤᠯᠤᠮᠵᠢ᠃ ᠠᠯᠪᠠᠨ ᠭᠡᠷ᠂ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠭᠠᠵᠠᠷ᠂ ᠠᠵᠢᠯᠲᠠᠨ ᠤ ᠶᠠᠪᠤᠳᠠᠯ ᠤᠨ ᠭᠠᠵᠠᠷ᠂ ᠬᠠᠤᠯᠢ ᠲᠣᠭᠲᠠᠭᠠᠯ ᠤᠨ ᠭᠠᠵᠠᠷ᠂ ᠬᠢᠨᠠᠨ ᠰᠢᠢᠳᠪᠦᠷᠢᠯᠡᠬᠦ ᠭᠠᠵᠠᠷ᠂ ᠡᠯᠧᠺᠲᠷᠣᠨ ᠲᠤᠭ᠎ᠠ ᠪᠠᠷᠢᠮᠲᠠ ᠶᠢᠨ ᠬᠢᠨᠠᠨ ᠪᠣᠳᠣᠬᠤ ᠭᠠᠵᠠᠷ᠂ ᠡᠳ᠋ ᠤᠨ ᠵᠠᠰᠠᠭ ᠤᠨ ᠬᠢᠨᠠᠨ ᠪᠣᠳᠣᠬᠤ ᠭᠠᠵᠠᠷ᠂ ᠭᠠᠶᠢᠯᠢ ᠲᠠᠲᠠᠪᠤᠷᠢ ᠬᠤᠷᠢᠶᠠᠨ ᠬᠠᠮᠢᠶᠠᠷᠬᠤ ᠶᠢ ᠬᠢᠨᠠᠨ ᠪᠣᠳᠣᠬᠤ ᠭᠠᠵᠠᠷ᠂ ᠵᠠᠰᠠᠭ ᠵᠠᠬᠢᠷᠭᠠᠨ ᠬᠠᠤᠯᠢ ᠴᠠᠭᠠᠵᠠ ᠶᠢᠨ ᠬᠢᠨᠠᠨ ᠪᠣᠳᠣᠬᠤ ᠭᠠᠵᠠᠷ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠬᠢᠨᠠᠨ ᠪᠣᠳᠣᠬᠤ ᠭᠠᠵᠠᠷ᠂ ᠲᠠᠷᠢᠶᠠᠯᠠᠩ ᠬᠥᠳᠡᠭᠡ ᠲᠣᠰᠬᠤᠨ ᠤ ᠬᠢᠨᠠᠨ ᠪᠣᠳᠣᠬᠤ ᠭᠠᠵᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠢᠨᠠᠨ ᠪᠣᠳᠣᠬᠤ ᠭᠠᠵᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠢᠨᠠᠨ ᠪᠣᠳᠣᠬᠤ ᠭᠠᠵᠠᠷ᠂ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠣᠳᠣᠬᠤ ᠭᠠᠵᠠᠷ᠂ ᠨᠡᠶᠢᠭᠡᠮ ᠠᠷᠠᠳ ᠤᠨ ᠠᠮᠢᠳᠤᠷᠠᠯ ᠤᠨ ᠬᠢᠨᠠᠨ ᠪᠣᠳᠣᠬᠤ ᠭᠠᠵᠠᠷ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠠᠮᠢ ᠠᠬᠤᠶ ᠣᠷᠴᠢᠨ ᠲᠣᠭᠤᠷᠢᠨ ᠢ ᠬᠢᠨᠠᠨ ᠪᠣᠳᠣᠬᠤ ᠭᠠᠵᠠᠷ᠂ ᠮᠥᠩᠭᠦᠨ ᠭᠦᠢᠯᠭᠡᠭᠡᠨ ᠤ ᠬᠢᠨᠠᠨ ᠪᠣᠳᠣᠬᠤ ᠭᠠᠵᠠᠷ᠂ ᠠᠵᠤ ᠠᠬᠤᠶᠢᠯᠠᠯ ᠤᠨ ᠬᠢᠨᠠᠨ ᠪᠣᠳᠣᠬᠤ ᠨᠢᠭᠡᠳᠦᠭᠡᠷ ᠭᠠᠵᠠᠷ᠂ ᠠᠵᠤ ᠠᠬᠤᠶᠢᠯᠠᠯ ᠤᠨ ᠬᠢᠨᠠᠨ ᠪᠣᠳᠣᠬᠤ ᠬᠤᠶᠠᠳᠤᠭᠠᠷ ᠭᠠᠵᠠᠷ᠂ ᠭᠠᠳᠠᠭᠠᠳᠤ ᠲᠠᠢ ᠬᠤᠯᠪᠣᠭᠳᠠᠭᠰᠠᠨ ᠶᠠᠪᠤᠳᠠᠯ ᠤᠨ ᠬᠢᠨᠠᠨ ᠪᠣᠳᠣᠬᠤ ᠭᠠᠵᠠᠷ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠲᠣᠪᠴᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ᠃
     ︵ᠬᠤᠶᠠᠷ︶ ᠲᠣᠮᠢᠯᠠᠭᠰᠠᠨ ᠪᠠᠶᠢᠭᠤᠯᠤᠮᠵᠢ
ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠲᠣᠮᠢᠯᠠᠭᠰᠠᠨ ᠬᠢᠨᠠᠨ ᠪᠣᠳᠣᠬᠤ ᠭᠠᠵᠠᠷ ᠢ ᠲᠣᠬᠢᠷᠠᠭᠤᠯᠵᠤ᠂ ᠲᠤᠰ ᠲᠤᠰ ᠨᠠᠮ ᠤᠨ ᠬᠤᠷᠢᠶᠠᠨ ᠤ ᠪᠠᠶᠢᠭᠤᠯᠤᠯᠭ᠎ᠠ ᠶᠢᠨ ᠬᠢᠨᠠᠨ ᠪᠣᠳᠣᠬᠤ ᠭᠠᠵᠠᠷ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠬᠢᠨᠠᠨ ᠪᠣᠳᠣᠬᠤ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨᠠᠨ ᠪᠣᠳᠣᠬᠤ ᠭᠠᠵᠠᠷ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨᠠᠨ ᠪᠣᠳᠣᠬᠤ ᠭᠠᠵᠠᠷ ᠪᠠᠶᠢᠵᠤ᠂ ᠭᠠᠵᠠᠷ ᠤᠨ ᠲᠡᠰ ᠤᠨ ᠲᠣᠮᠢᠯᠠᠭᠰᠠᠨ ᠪᠠᠶᠢᠭᠤᠯᠤᠮᠵᠢ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠠᠶᠢᠮᠠᠭ ᠬᠤᠲᠠ ᠳᠤ ᠰᠠᠭᠤᠭ᠎ᠠ 3 ᠬᠢᠨᠠᠨ ᠪᠣᠳᠣᠬᠤ ᠭᠠᠵᠠᠷ ᠲᠣᠬᠢᠷᠠᠭᠤᠯᠵᠤ᠂ ᠲᠤᠰ ᠲᠤᠰ ᠬᠠᠶᠢᠯᠠᠷ ᠲᠤ ᠰᠠᠭᠤᠭ᠎ᠠ ᠬᠢᠨᠠᠨ ᠪᠣᠳᠣᠬᠤ ᠭᠠᠵᠠᠷ᠂ ᠤᠯᠠᠭᠠᠨᠬᠠᠳᠠ ᠳᠤ ᠰᠠᠭᠤᠭ᠎ᠠ ᠬᠢᠨᠠᠨ ᠪᠣᠳᠣᠬᠤ ᠭᠠᠵᠠᠷ᠂ ᠦᠬᠠᠶ ᠳᠤ ᠰᠠᠭᠤᠭ᠎ᠠ ᠬᠢᠨᠠᠨ ᠪᠣᠳᠣᠬᠤ ᠭᠠᠵᠠᠷ ᠪᠠᠶᠢᠵᠤ᠂ ᠭᠠᠵᠠᠷ ᠤᠨ ᠲᠡᠰ ᠤᠨ ᠲᠣᠮᠢᠯᠠᠭᠰᠠᠨ ᠪᠠᠶᠢᠭᠤᠯᠤᠮᠵᠢ ᠪᠣᠯᠣᠨ᠎ᠠ᠃
     ︵ᠭᠤᠷᠪᠠ︶ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ 4 ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠲᠣᠬᠢᠷᠠᠭᠤᠯᠵᠤ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠰᠢᠨᠵᠢᠯᠡᠬᠦ ᠤᠬᠠᠭᠠᠨ ᠤ ᠰᠤᠳᠤᠯᠭᠠᠨ ᠪᠠ ᠤᠬᠠᠭᠤᠯᠤᠨ ᠬᠥᠮᠦᠵᠢᠭᠦᠯᠬᠦ ᠲᠥᠪ᠂ ᠥᠪᠡᠷᠲᠡᠭᠡᠨ ᠵᠠᠰᠠᠬᠤ ᠣᠷᠣᠨ ᠤ ᠺᠣᠮᠫᠢᠦ᠋ᠲ᠋ᠧᠷ ᠤᠨ ᠬᠢᠨᠠᠨ ᠪᠣᠳᠣᠬᠤ ᠬᠠᠮᠢᠶᠠᠷᠤᠯᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢᠨ ᠬᠢᠨᠠᠨ ᠪᠣᠳᠣᠬᠤ ᠬᠠᠮᠢᠶᠠᠷᠤᠯᠲᠠ ᠶᠢᠨ ᠲᠥᠪ ᠪᠠᠶᠢᠵᠤ᠂ ᠪᠦᠷ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃
     ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠵᠡᠭᠦᠨ ᠵᠡᠭᠡᠯᠢ ᠶᠢᠨ 116 ᠳ᠋ᠤᠭᠠᠷ ᠲᠣᠭᠠᠲᠤ
     ᠠᠯᠪᠠᠯᠠᠬᠤ ᠴᠠᠭ᠄ 9:00-12:00    13:30-17:00
     ᠤᠲᠠᠰᠤ᠄ 6634920
     ᠬᠠᠷᠢᠭᠤᠴᠠᠯᠭᠠᠲᠠᠨ᠄ ᠶᠢᠨ ᠰᠦ᠋ ᠫᠢᠩ

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ