ᠡᠷᠠᠬᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2015/4/2

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠳᠤ ᠪᠠᠨ ᠲᠣᠬᠢᠷᠠᠭᠤᠯᠤᠭᠰᠠᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ
     ᠨᠢᠭᠡᠳᠦᠭᠡᠷ ᠵᠦᠶᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃
     ᠬᠤᠶᠠᠳᠤᠭᠠᠷ ᠵᠦᠶᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃
     ᠭᠤᠷᠪᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄
     ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠵᠤ᠂ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠤᠷᠤᠭ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠲᠡᠩᠴᠡᠭᠦᠷᠢᠰᠢᠭᠦᠯᠬᠦ᠂ ᠲᠦᠭᠡᠮᠡᠯᠵᠢᠭᠦᠯᠬᠦ᠂ ᠳᠥᠭᠦᠮᠴᠢᠯᠡᠬᠦ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠰᠤᠩᠭᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
     ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠪᠠ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠭᠦᠯᠬᠦ᠂ ᠬᠠᠩᠭᠠᠬᠤ ᠠᠷᠭ᠎ᠠ ᠶᠢ ᠣᠯᠠᠨ ᠶᠠᠩᠵᠤ ᠶᠢᠨ ᠪᠣᠯᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠶᠯᠡᠴᠢᠯᠡᠭᠡ ᠪᠠ ᠡᠮ ᠤᠨ ᠵᠦᠶᠯᠡᠰ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃
     ︵ᠭᠤᠷᠪᠠ︶ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠤ ᠳᠤ ᠬᠦᠨᠳᠦ ᠨᠣᠴᠢᠲᠠᠢ ᠬᠥᠨᠥᠭᠡᠯ ᠤᠴᠠᠷᠠᠭᠤᠯᠬᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃
     ︵ᠳᠥᠷᠪᠡ︶ ᠬᠥᠮᠦᠨ ᠠᠮᠠ ᠶᠢᠨ ᠨᠠᠰᠤᠵᠢᠯ ᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠪᠠ ᠡᠮᠨᠡᠵᠦ ᠠᠰᠠᠷᠠᠬᠤ ᠶᠢ ᠤᠶᠠᠯᠳᠤᠭᠤᠯᠬᠤ ᠢ ᠬᠠᠷᠢᠭᠤᠴᠠᠨ ᠠᠬᠢᠭᠤᠯᠤᠨ᠎ᠠ᠃
     ︵ᠲᠠᠪᠤ︶ ᠤᠯᠤᠰ ᠤᠨ ᠡᠮᠲᠦ ᠪᠣᠳᠠᠰ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮᠲᠦ ᠪᠣᠳᠠᠰ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯᠡᠰ ᠬᠡᠷᠡᠭᠯᠡᠬᠦ ᠶᠢ ᠬᠢᠨᠠᠨ ᠰᠢᠨᠵᠢᠯᠡᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠪᠣᠯᠤᠨ ᠳᠤᠲᠠᠭᠳᠠᠭᠰᠠᠨ ᠡᠮ ᠤᠨ ᠵᠦᠢᠯᠡᠰ ᠢ ᠰᠡᠷᠡᠮᠵᠢᠯᠡᠭᠦᠯᠬᠦ ᠠᠵᠢᠯ ᠢ ᠥᠷᠨᠢᠭᠦᠯᠬᠦ ᠥᠷᠨᠢᠭᠦᠯᠦᠨ᠎ᠡ᠃ ᠢᠳᠡᠭᠡᠨ ᠤ ᠠᠶᠤᠯ ᠲᠦᠭᠰᠢᠭᠦᠷᠢ ᠶᠢ ᠬᠢᠨᠠᠨ ᠰᠢᠨᠵᠢᠯᠡᠵᠦ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂  ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠨ ᠨᠡᠶᠢᠲᠡᠯᠡᠨ᠎ᠡ᠃

     ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠯᠳᠠᠪᠤᠷᠢᠲᠤ ᠡᠪᠡᠳᠴᠢᠨ ᠤ ᠰᠡᠷᠭᠡᠶᠢᠯᠡᠨ ᠵᠠᠰᠠᠯᠲᠠ ᠶᠢᠨ ᠬᠢᠨᠠᠯᠲᠠ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠲᠥᠰᠥᠪ ᠤᠨ ᠨᠡᠶᠢᠲᠡ ᠶᠢᠨ ᠭᠡᠷ᠎ᠡ︾ ᠶᠢᠨ ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃
     ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠣᠯᠤᠨ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠡᠮᠴᠢᠯᠡᠭᠡ ᠶᠢᠨ ᠦᠶᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠶᠯᠡᠴᠢᠯᠡᠭᠡᠨ ᠤ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃

     ︵ᠨᠠᠶᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃
     ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠡᠬᠦ ᠶᠢ ᠠᠬᠢᠭᠤᠯᠤᠨ᠎ᠠ᠃
     ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃
     ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠢ ᠪᠠᠲᠤᠯᠠᠬᠤ ᠡᠲᠡᠭᠡᠳ ᠤᠨ ᠡᠮᠴᠢᠯᠡᠵᠦ ᠡᠷᠡᠭᠦᠯᠵᠢᠯ ᠢ ᠪᠠᠲᠤᠯᠠᠬᠤ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ ᠪᠣᠯᠤᠨ ᠴᠢᠬᠤᠯᠠ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃
     ︵ᠠᠷᠪᠠᠨ ᠬᠤᠶᠠᠷ︶ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃
     ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
     ︵ᠠᠷᠪᠠᠨ ᠳᠥᠷᠪᠡ︶ ᠡᠭᠦᠷᠭᠡ ᠴᠢᠳᠠᠪᠬᠢ ᠶᠢᠨ ᠬᠤᠪᠢᠷᠠᠯᠲᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠯᠭᠠᠵᠤ᠂ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢᠶᠠᠨ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠣᠯᠯᠠᠭᠰᠠᠨ ᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠯᠠᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠬᠤ ᠬᠡᠷᠡᠭᠲᠡᠶ᠃ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯᠯᠠᠬᠤ ᠪᠠ ᠡᠷᠡᠭᠦᠯ ᠮᠠᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠡᠷᠡᠭᠦᠯ ᠮᠠᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ᠂ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠲᠤ ᠲᠡᠶᠢᠰᠢ ᠰᠢᠯᠵᠢᠭᠦᠯᠬᠦ ᠪᠠ ᠡᠬᠢ ᠪᠠᠶᠠᠯᠢᠭ ᠢᠶᠠᠨ ᠦᠨᠳᠦᠰᠦᠨ ᠱᠠᠲᠤᠨ ᠳᠤ ᠬᠡᠷᠡᠭᠯᠡᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠰᠤᠩᠭᠠᠬᠤ᠂ ᠮᠠᠯᠵᠢᠬᠤ ᠲᠠᠷᠢᠶᠠᠯᠠᠬᠤ ᠣᠷᠣᠨ ᠳᠤ ᠬᠠᠮᠤᠷᠬᠤ᠂ ᠬᠢᠯᠢ ᠬᠢᠵᠠᠭᠠᠷ ᠣᠷᠣᠨ ᠪᠠ ᠠᠮᠢᠳᠤᠷᠠᠯ ᠨᠢ ᠬᠦᠴᠢᠷᠳᠡᠯ ᠲᠠᠢ ᠣᠯᠠᠨ ᠲᠦᠮᠡᠨ ᠲᠡᠶᠢᠰᠢ ᠬᠡᠯᠪᠡᠶᠢᠯᠭᠡᠬᠦ ᠶᠢ ᠠᠬᠢᠭᠤᠯᠤᠨ᠎ᠠ᠃ ᠭᠤᠷᠪᠠ ᠳᠤ᠂ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠲᠡᠩᠴᠡᠭᠦᠷᠢᠰᠢᠭᠦᠯᠬᠦ᠂ ᠲᠦᠭᠡᠮᠡᠯᠵᠢᠭᠦᠯᠬᠦ᠂ ᠳᠥᠭᠦᠮᠴᠢᠯᠡᠬᠦ ᠶᠢ ᠠᠬᠢᠭᠤᠯᠤᠨ᠎ᠠ᠃ ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠬᠤ ᠭᠤᠤᠯ ᠴᠣᠭᠴᠠ ᠶᠢ ᠣᠯᠠᠨ ᠡᠰᠢᠵᠢᠭᠦᠯᠬᠦ᠂ ᠬᠠᠩᠭᠠᠬᠤ ᠠᠷᠭ᠎ᠠ ᠶᠢ ᠣᠯᠠᠨ ᠶᠠᠩᠵᠤ ᠶᠢᠨ ᠪᠣᠯᠭᠠᠬᠤ ᠶᠢ ᠠᠬᠢᠭᠤᠯᠤᠨ᠎ᠠ᠃
     ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ
     1. ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠦᠷᠡᠵᠢᠯ ᠤᠨ ᠬᠠᠮᠢᠶ᠎ᠠ ᠪᠦᠬᠦᠢ ᠬᠥᠮᠦᠨ ᠠᠮᠠ ᠶᠢᠨ ᠲᠤᠭ᠎ᠠ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠮᠦᠨ ᠠᠮᠠ ᠶᠢᠨ ᠬᠤᠪᠢᠷᠠᠯᠲᠠ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠰᠢᠨᠵᠢᠯᠡᠬᠦ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ᠂ ᠬᠥᠮᠦᠨ ᠠᠮᠠ ᠳᠠᠬᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠤᠨ᠂ ᠴᠢᠬᠤᠯᠠ ᠰᠢᠶᠳᠪᠦᠷᠢᠲᠦ ᠪᠣᠳᠣᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠬᠥᠮᠦᠨ ᠠᠮᠠ ᠶᠢᠨ ᠴᠢᠬᠤᠯᠠ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠪᠥᠭᠡᠳ ᠦᠷᠭᠦᠯᠵᠢᠯᠡᠬᠦᠶᠢᠴᠡ ᠬᠥᠭᠵᠢᠯᠲᠡ ᠵᠢᠴᠢ ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢ ᠬᠠᠷᠢᠭᠤᠴᠠᠨ᠎ᠠ᠃
     2. ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ᠂ ᠡᠮᠨᠡᠵᠦ ᠠᠰᠠᠷᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ ᠪᠠ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ ᠡᠮᠴᠢᠯᠡᠵᠦ ᠰᠤᠪᠢᠯᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠰᠤᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯ ᠲᠠᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠳᠠᠭᠠᠭᠠᠨ ᠡᠭᠦᠷᠭᠡᠯᠡᠨ᠎ᠡ᠃
     3. ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠯᠳᠠᠪᠤᠷᠢᠲᠤ ᠡᠪᠡᠳᠴᠢᠨ ᠢ ᠶᠡᠷᠦᠩᠬᠡᠶ ᠳᠤ ᠨᠢ ᠰᠡᠷᠭᠡᠶᠢᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠯᠤᠭ᠎ᠠ ᠪᠣᠭᠤᠮᠲᠠ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠬᠠᠮᠲᠤᠷᠠᠯᠴᠠᠭᠠᠨ ᠤ ᠲᠣᠭᠲᠠᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠭᠡᠯᠡᠨ ᠰᠣᠯᠢᠯᠴᠠᠬᠤ ᠲᠣᠭᠲᠠᠴᠠ᠂ ᠪᠣᠭᠤᠮᠲᠠ ᠪᠠᠷ ᠣᠷᠣᠭᠰᠠᠨ ᠬᠢᠵᠢᠭ ᠤᠨ ᠪᠠᠶᠢᠳᠠᠯ ᠢ ᠵᠠᠷᠯᠠᠨ ᠮᠡᠳᠡᠭᠡᠯᠡᠬᠦ ᠪᠠ ᠬᠠᠮᠵᠢᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃
     4. ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠬᠦ ᠪᠤᠶᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠬᠤ ᠪᠠᠷ ᠳᠠᠮᠵᠢᠭᠤᠯᠤᠨ ᠢᠳᠡᠭᠡᠨ ᠳᠤ ᠠᠮᠤᠷ ᠲᠦᠪᠰᠢᠨ ᠤ ᠭᠡᠮ ᠣᠷᠣᠰᠢᠬᠤ ᠮᠠᠭᠠᠳ ᠢ ᠣᠯᠵᠤ ᠮᠡᠳᠡᠪᠡᠯ ᠲᠡᠷᠡ ᠳᠠᠷᠤᠶ ᠳᠤ ᠨᠢ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ  ᠳ᠋ᠦᠩ ᠢ ᠴᠠᠭ ᠲᠤᠬᠠᠶ ᠳᠤ ᠨᠢ ᠵᠠᠷᠯᠠᠨ ᠮᠡᠳᠡᠭᠡᠯᠡᠵᠦ᠂ ᠠᠮᠤᠷ ᠲᠦᠪᠰᠢᠨ ᠪᠤᠰᠤ ᠦᠷ᠎ᠡ ᠳ᠋ᠦᠩ ᠭᠠᠷᠭᠠᠭᠰᠠᠨ ᠢᠳᠡᠭᠡᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠶ ᠳᠤ ᠨᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠴᠢᠬᠤᠯᠠᠲᠠᠶ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤ ᠨᠢ ᠰᠠᠨᠠᠭᠤᠯᠭ᠎ᠠ ᠳᠤᠷᠠᠳᠬᠤ ᠬᠡᠷᠡᠭᠲᠡᠢ᠃
     5. ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ ᠪᠠ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠬᠤ ᠶᠢ ᠴᠢᠩᠭᠠᠳᠬᠠᠵᠤ᠂ ᠣᠶᠢᠯᠠᠭᠠᠯᠴᠠᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠪᠠ ᠡᠮᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
     6. ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠢ ᠬᠢᠨᠠᠨ ᠬᠠᠮᠢᠶᠠᠷᠬᠤ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠢ ᠬᠢᠨᠠᠨ ᠬᠠᠮᠢᠶᠠᠷᠬᠤ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠡᠮ ᠤᠨ ᠵᠦᠶᠯ ᠤᠨ ᠪᠠᠷᠢᠮᠵᠢᠶ᠎ᠠ ᠪᠣᠯᠤᠨ ᠵᠢᠷᠤᠮᠵᠢᠯ ᠢ ᠲᠣᠭᠲᠠᠭᠠᠵᠤ᠂ ᠴᠢᠬᠤᠯᠠ ᠡᠮ ᠤᠨ ᠵᠦᠶᠯ ᠤᠨ ᠡᠷᠡᠭᠦᠯ ᠪᠤᠰᠤ ᠤᠷᠪᠠᠯ ᠪᠣᠯᠤᠨ ᠡᠮᠴᠢᠯᠡᠭᠡᠨ ᠤ ᠪᠠᠭᠠᠵᠢ ᠶᠢᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠣᠯᠤᠨ ᠬᠤᠯᠪᠣᠭᠠᠯᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃
     ᠳᠥᠷᠪᠡᠳᠦᠭᠡᠷ ᠵᠦᠶᠯ  ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄
     ︵ᠨᠢᠭᠡ︶ ᠠᠯᠪᠠᠨ ᠭᠡᠷ ︵ᠭᠠᠳᠠᠭᠠᠳᠤ ᠲᠠᠢ ᠬᠠᠮᠲᠤᠷᠠᠨ ᠠᠵᠢᠯᠯᠠᠬᠤ ᠠᠯᠪᠠᠨ ᠭᠡᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃
     ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃
     ︵ᠭᠤᠷᠪᠠ︶ ᠲᠥᠯᠥᠪᠵᠢᠭᠦᠯᠭᠡ ᠬᠥᠭᠵᠢᠭᠦᠯᠦᠯᠲᠡ ᠪᠠ ᠮᠡᠳᠡᠭᠡ ᠵᠠᠩᠭᠢ ᠶᠢᠨ ᠭᠠᠵᠠᠷ ︵ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠃ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠥᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮᠵᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠲᠥᠰᠥᠪ ᠤᠨ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃
     ︵ᠲᠦᠷᠪᠡ︶ ᠡᠳ᠋ ᠤᠨ ᠶᠠᠪᠤᠳᠠᠯ ᠤᠨ ᠭᠠᠵᠠᠷ᠃ ᠪᠠᠶᠢᠭᠤᠯᠭ᠎ᠠ ᠪᠠ ᠲᠥᠰᠦᠪ ᠤᠨ ᠬᠠᠮᠢᠶᠠᠷᠤᠯᠲᠠ ᠶᠢᠨ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠦᠷᠦᠩᠭᠡ ᠶᠢᠨ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃
     ︵ᠲᠠᠪᠤ︶ ᠬᠠᠤᠯᠢ ᠲᠣᠭᠲᠠᠭᠠᠯ ᠤᠨ ᠭᠠᠵᠠᠷ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠤᠤᠷᠠᠭ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠢᠶᠠᠷ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃
     ︵ᠵᠢᠷᠭᠤᠭ᠎ᠠ︶ ᠪᠠᠶᠢᠭᠤᠯᠤᠯ ᠤᠨ ᠥᠭᠡᠷᠡᠴᠢᠯᠡᠯᠲᠡ ᠶᠢᠨ ᠭᠠᠵᠠᠷ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠶ ᠠᠵᠢᠯ ᠢ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠠᠬᠢᠭᠤᠯᠤᠨ᠎ᠠ᠃
     ︵ᠳᠣᠯᠤᠭ᠎ᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ᠃ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠡᠭᠡᠯᠢᠯᠡᠭᠡ ᠶᠢᠨ ᠲᠥᠯᠥᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠤ ᠳᠤ ᠬᠦᠨᠳᠦ ᠨᠣᠴᠢᠲᠠᠢ ᠬᠥᠨᠥᠭᠡᠯ ᠤᠴᠠᠷᠠᠭᠤᠯᠬᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠡᠭᠦᠷᠭᠡᠯᠡᠨ᠎ᠡ᠃
     ︵ᠨᠠᠢᠮᠠ︶ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠃ ᠡᠮᠴᠢᠯᠡᠭᠡᠨ ᠤ ᠪᠠᠶᠢᠭᠤᠯᠤᠮᠵᠢ ᠬᠢᠭᠡᠳ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ ᠡᠮᠴᠢᠯᠡᠭᠡᠨ ᠤ ᠶᠠᠰᠤ ᠴᠢᠨᠠᠷ ᠪᠣᠯᠤᠨ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠪᠠ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠢ ᠬᠢᠨᠠᠨ ᠬᠠᠮᠢᠶᠠᠷᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠰᠢᠯᠭᠠᠨ ᠬᠢᠨᠠᠬᠤ ᠳᠦᠷᠢᠮ ᠢ ᠲᠤᠭᠤᠷᠪᠢᠨ ᠲᠣᠭᠲᠠᠭᠠᠨ᠎ᠠ᠃
     ︵ᠶᠢᠰᠦ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠠᠵᠠᠷ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃
     ︵ᠠᠷᠪᠠ︶ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ︶᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠠᠵᠢᠯ ᠢ ᠡᠭᠦᠷᠭᠡᠯᠡᠵᠦ᠂ ᠲᠤᠰᠬᠠᠶ ᠵᠦᠶᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ ᠬᠢᠨᠠᠬᠤ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠭᠰᠡᠨ ᠮᠡᠳᠡᠭᠡ ᠵᠠᠩᠭᠢ ᠶᠢ ᠨᠡᠶᠢᠲᠡᠯᠡᠨ᠎ᠡ᠃
     ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠭᠠᠵᠠᠷ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠡᠮᠨᠡᠯᠭᠡ ᠳᠤ ᠰᠠᠭᠤᠭ᠎ᠠ ᠡᠮᠴᠢ᠂ ᠲᠤᠰᠬᠠᠶ ᠰᠠᠯᠠᠭᠠᠨ ᠤ ᠤᠨ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠢ ᠬᠠᠮᠵᠢᠯᠴᠠᠨ ᠵᠢᠯᠣᠭᠤᠳᠤᠨ᠎ᠠ᠃
     ︵ᠠᠷᠪᠠᠨ ᠬᠤᠶᠠᠷ︶ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠣᠪᠴᠢᠶ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠶᠢᠨ ᠬᠢᠨᠠᠯᠲᠠ ᠲᠠᠯᠪᠢᠬᠤ ᠶᠢ ᠡᠭᠦᠷᠭᠡᠯᠡᠵᠦ᠂ ᠡᠮᠴᠢᠯᠡᠭᠡ ᠶᠢᠨ ᠦᠶᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃
     ︵ᠠᠷᠪᠠᠨ ᠭᠤᠷᠪᠠ︶ ᠢᠳᠡᠭᠡᠨ ᠤ ᠠᠮᠤᠷ ᠲᠦᠪᠰᠢᠨ ᠬᠢᠭᠡᠳ ᠡᠮᠲᠦ ᠪᠣᠳᠠᠰ ᠤᠨ ᠲᠥᠷᠥ ᠶᠢᠨ ᠪᠣᠳᠣᠯᠭ᠎ᠠ ᠶᠢᠨ ᠭᠠᠵᠠᠷ᠃ ᠢᠳᠡᠭᠡᠨ ᠤ ᠠᠮᠤᠷ ᠲᠦᠪᠰᠢᠨ ᠤ ᠲᠤᠬᠠᠢ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠮᠥᠷᠳᠡᠨ ᠦᠨᠡᠯᠡᠬᠦ ᠠᠵᠢᠯ ᠢ ᠥᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠦᠨᠳᠦᠰᠦᠨ ᠡᠮᠲᠦ ᠪᠣᠳᠠᠰ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠬᠡᠷᠡᠭᠯᠡᠬᠦ ᠶᠢ ᠬᠢᠨᠠᠨ ᠰᠢᠨᠵᠢᠯᠡᠬᠦ᠂ ᠡᠮᠴᠢᠯᠡᠭᠡᠨ ᠳᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃
     ︵ᠠᠷᠪᠠᠨ ᠳᠥᠷᠪᠡ︶ ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠵᠠᠷ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠣᠯᠤᠨ ᠵᠢᠷᠤᠮᠵᠢᠯ ᠢ ᠲᠤᠭᠤᠷᠪᠢᠨ ᠲᠣᠭᠲᠠᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠲᠥᠷᠥᠯᠬᠢ ᠵᠡᠮᠳᠡᠭ ᠢ ᠰᠡᠷᠭᠡᠶᠢᠯᠡᠨ ᠵᠠᠰᠠᠬᠤ᠂ ᠨᠢᠯᠬ᠎ᠠ ᠨᠢᠷᠠᠢ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ᠂ ᠬᠥᠮᠦᠨ ᠲᠥᠷᠥᠯᠬᠢᠲᠡᠨ ᠤ ᠬᠠᠪᠰᠤᠷᠤᠮᠵᠢ ᠦᠷᠡᠵᠢᠯ ᠤᠨ ᠮᠡᠷᠭᠡᠵᠢᠯ ᠤᠨ ᠬᠠᠮᠢᠶᠠᠷᠤᠯᠲᠠ ᠪᠣᠯᠤᠨ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃
     ︵ᠠᠷᠪᠠᠨ ᠲᠠᠪᠤ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠭᠠᠵᠠᠷ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠰᠢᠨᠵᠢᠯᠡᠬᠦ᠂ ᠲᠤᠰᠬᠠᠶ ᠵᠦᠶᠯ ᠢᠶᠠᠷ ᠪᠠᠶᠢᠴᠠᠭᠠᠬᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯ ᠮᠡᠷᠭᠡᠵᠢᠯ ᠤᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ᠃
     ︵ᠠᠷᠪᠠᠨ ᠵᠢᠷᠭᠤᠭ᠎ᠠ︶ ᠬᠥᠮᠦᠨ ᠠᠮᠠ ᠭᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠭᠠᠵᠠᠷ᠃ ᠬᠥᠮᠦᠨ ᠠᠮᠠ ᠶᠢᠨ ᠬᠢᠨᠠᠨ ᠰᠢᠨᠵᠢᠯᠡᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠲᠡᠳᠬᠦᠨ ᠲᠤᠰᠠᠯᠠᠬᠤ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠨᠠᠰᠤᠵᠢᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠨᠡᠵᠦ ᠠᠰᠠᠷᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃
     ︵ᠠᠷᠪᠠᠨ ᠳᠣᠯᠤᠭ᠎ᠠ︶ ᠤᠬᠠᠭᠤᠯᠬᠤ ᠭᠠᠵᠠᠷ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃
     ︵ᠠᠷᠪᠠᠨ ᠨᠠᠶᠮᠠ︶ ᠡᠷᠡᠭᠦᠯᠵᠢᠯ ᠤᠨ ᠲᠣᠪᠴᠢᠶ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠭᠦᠯᠬᠦ ᠡᠲᠡᠭᠡᠳ ᠤᠨ ᠡᠮᠴᠢᠯᠡᠭᠡ ᠡᠷᠡᠭᠦᠯᠵᠢᠯ ᠪᠠ ᠰᠡᠷᠭᠡᠶᠢᠯᠡᠨ ᠰᠤᠪᠢᠯᠠᠬᠤ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ᠂ ᠴᠢᠬᠤᠯᠠ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃
     ︵ᠠᠷᠪᠠ ᠶᠢᠰᠦ︶ ᠮᠣᠩᠭᠤᠯ ᠬᠢᠲᠠᠳ ᠡᠮ ᠡᠮᠨᠡᠯᠭᠡ ᠶᠢᠨ ᠶᠡᠷᠦᠩᠬᠡᠶᠢᠯᠡᠭᠰᠡᠨ ᠭᠠᠵᠠᠷ᠃ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ᠂ ᠲᠥᠯᠥᠪᠵᠢᠭᠦᠯᠭᠡ ᠡᠳ᠋ ᠤᠨ ᠶᠠᠪᠤᠳᠠᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠶᠡᠷᠦᠩᠬᠡᠶᠢᠯᠡᠭᠰᠡᠨ ᠬᠢᠨᠠᠯᠲᠠ᠂ ᠰᠣᠶᠣᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ᠂ ᠡᠷᠡᠭᠦᠯ ᠮᠡᠨᠳᠦ ᠶᠢ ᠠᠬᠢᠭᠤᠯᠬᠤ ᠵᠢᠴᠢ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠤᠨ᠎ᠠ᠃
     ︵ᠬᠤᠷᠢ︶ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠮᠢᠶᠠᠷᠤᠯᠲᠠ ᠶᠢᠨ ᠭᠠᠵᠠᠷ᠃ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ ᠪᠠ ᠡᠮᠴᠢᠯᠡᠭᠡᠨ ᠳᠤ ᠬᠡᠷᠡᠭᠯᠡᠬᠦ ᠡᠮ ᠤᠨ ᠬᠠᠮᠢᠶᠠᠷᠤᠯᠲᠠ ᠦᠨᠡᠯᠡᠯᠲᠡ ᠶᠢ ᠬᠠᠷᠢᠭᠤᠴᠠᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠥᠭᠡᠷᠡᠴᠢᠯᠡᠵᠦ ᠬᠥᠭᠵᠢᠭᠦᠯᠬᠦ ᠪᠠ ᠴᠢᠳᠠᠪᠤᠷᠢ ᠳᠡᠭᠡᠭᠰᠢᠯᠡᠭᠦᠯᠬᠦ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠵᠢᠯᠣᠭᠤᠳᠤᠨ᠎ᠠ᠃
     ︵ᠬᠤᠷᠢᠨ ᠨᠢᠭᠡ︶ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠭᠠᠵᠠᠷ᠃ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠣᠨᠣᠯ᠂ ᠡᠮᠨᠡᠯᠭᠡ ᠶᠢᠨ ᠮᠡᠷᠭᠡᠵᠢᠯ ᠪᠣᠯᠤᠨ ᠡᠮᠲᠦ ᠪᠣᠳᠠᠰ ᠢ ᠬᠠᠶᠢᠬᠤ᠂ ᠬᠠᠮᠠᠭᠠᠯᠠᠬᠤ ᠪᠠ ᠠᠰᠢᠭᠯᠠᠬᠤ ᠶᠢ ᠬᠠᠷᠢᠭᠤᠴᠠᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠠᠬᠢᠭᠤᠯᠤᠨ᠎ᠠ᠃
     ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠵᠥᠪᠯᠡᠯ ᠤᠨ ᠠᠯᠪᠠᠨ ᠬᠡᠷ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃
     ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃
     ᠠᠵᠢᠯ ᠠᠴᠠ ᠳᠠᠷᠬᠠᠯᠠᠭᠳᠠᠵᠤ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠳᠠᠷᠬᠠᠯᠠᠭᠳᠠᠵᠤ ᠠᠵᠢᠯ ᠠᠴᠠ ᠪᠠᠨ ᠪᠠᠭᠤᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠳᠠᠷᠬᠠᠯᠠᠭᠳᠠᠵᠤ ᠠᠵᠢᠯ ᠠᠴᠠ ᠪᠠᠨ ᠪᠠᠭᠤᠭᠰᠠᠳ ᠤᠨ ᠠᠵᠢᠯ ᠢ ᠵᠢᠯᠣᠭᠤᠳᠤᠨ᠎ᠠ᠃
     ᠲᠠᠪᠤᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 103 ᠬᠥᠮᠦᠨ ᠲᠠᠢ᠃ ᠡᠭᠦᠨ ᠳᠤ 1 ᠡᠷᠬᠢᠯᠡᠭᠴᠢ᠂ 5 ᠳᠡᠳ᠋ ᠡᠷᠬᠢᠯᠡᠭᠴᠢ ᠲᠠᠢ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 52 ᠬᠥᠮᠥᠨ  ﹇28 ᠵᠢᠩᠬᠢᠨᠢ ᠭᠠᠵᠠᠷ ᠤᠨ ᠳᠡᠰ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ 4 ᠬᠥᠮᠥᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠳᠠᠷᠬᠠᠯᠠᠭᠳᠠᠵᠤ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ︶ 24 ᠳᠡᠳ᠋ ᠭᠠᠵᠠᠷ ᠤᠨ ᠳᠡᠰ ︵ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠠᠵᠢᠯ ᠠᠴᠠ ᠳᠠᠷᠬᠠᠯᠠᠭᠳᠠᠵᠤ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ︶﹈᠃
     ᠵᠢᠷᠭᠤᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤ ᠨᠢ ᠲᠣᠭᠲᠠᠭᠠᠨ᠎ᠠ᠃
     ᠳᠣᠯᠣᠳᠤᠭᠠᠷ ᠵᠦᠢᠯ  ᠲᠤᠰ ᠲᠣᠭᠲᠠᠭᠠᠯ ᠤᠨ ᠲᠠᠶᠢᠯᠤᠮᠵᠢ ᠶᠢ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠠᠷᠠᠭᠠᠯᠠᠯ ᠶᠣᠰᠣᠭᠠᠷ ᠭᠦᠢᠴᠡᠳᠬᠡᠨ᠎ᠡ᠃
     ᠨᠠᠢᠮᠠᠳᠤᠭᠠᠷ ᠵᠦᠢᠯ  ᠲᠤᠰ ᠲᠣᠭᠲᠠᠭᠠᠯ ᠢ 2019 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

     ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ
     ᠠᠯᠪᠠᠯᠠᠬᠤ ᠴᠠᠭ᠄ 9᠄ 00-12᠄ 00   13᠄ 30-17᠄ 00
     ᠤᠲᠠᠰᠤ᠄ 0471-6946833
     ᠬᠠᠷᠢᠭᠤᠴᠠᠯᠭᠠᠲᠠᠨ᠄ ᠰᠢᠤᠢ ᠬᠤᠩ ᡁᠢ

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ