|
ᠰᠣᠶᠤᠯ ᠪᠠ ᠵᠢᠭᠤᠯᠴᠢᠯᠠᠯ ᠤᠨ ᠲᠢᠩᠬᠢᠮ |
|
|
ᠨᠡᠶᠢᠲᠡᠯᠡᠭᠰᠡᠨ ᠴᠠᠭ᠄
2015/4/2
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠶᠢᠮᠣ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠳᠡᠰ ᠤᠨ ᠨᠢᠭᠡᠴᠢ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠨᠠᠮ ᠤᠨ ᠰᠣᠶᠣᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠵᠤ᠂ ᠰᠣᠶᠣᠯ ᠪᠠ ᠵᠢᠭᠤᠯᠴᠢᠯᠠᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠨ᠎ᠠ᠃ ︵ᠬᠤᠶᠠᠷ︶ ᠰᠣᠶᠣᠯ ᠤᠨ ᠦᠶᠯᠡᠰ᠂ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ︵ᠭᠤᠷᠪᠠ︶ ᠪᠦᠬᠦ ᠣᠷᠣᠨ ᠤ ᠴᠢᠨᠠᠷᠲᠠᠶ ᠴᠢᠬᠤᠯᠠ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ ᠭᠤᠤᠯᠳᠠᠯᠭ᠎ᠠ ᠲᠠᠢ ᠰᠣᠶᠣᠯ ᠤᠨ ᠪᠡᠯᠡᠳᠬᠡᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠲᠠᠨᠢᠯᠴᠠᠭᠤᠯᠤᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠠᠵᠤ ᠦᠶᠯᠡᠰ ᠤᠨ ᠭᠠᠳᠠᠭᠠᠳᠤ ᠯᠤᠭ᠎ᠠ ᠬᠠᠮᠲᠤᠷᠠᠯᠴᠠᠬᠤ ᠪᠠ ᠵᠠᠬ᠎ᠠ ᠳᠡᠯᠭᠡᠭᠦᠷ ᠲᠤ ᠲᠠᠨᠢᠯᠴᠠᠭᠤᠯᠤᠨ ᠳᠡᠯᠭᠡᠷᠡᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠡᠪᠴᠢᠶᠡᠨ ᠤ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠴᠤ ᠠᠬᠢᠭᠤᠯᠤᠨ᠎ᠠ᠃ ︵ᠳᠥᠷᠪᠡ︶ ᠤᠳᠬ᠎ᠠ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠡᠭᠦᠳᠦᠨ ᠪᠦᠲᠦᠭᠡᠯ ᠢ ᠦᠢᠯᠡᠳᠪᠦᠷᠢᠯᠡᠬᠦ ᠶᠢ ᠵᠢᠯᠣᠭᠤᠳᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶᠡᠴᠢ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠵᠦ᠂ ᠡᠯ᠎ᠡ ᠬᠡᠯᠪᠡᠷᠢ ᠶᠢᠨ ᠤᠷᠠᠯᠢᠭ᠂ ᠡᠯ᠎ᠡ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠣᠷᠣᠨ ᠤ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠶᠯᠡᠰ ᠢ ᠬᠥᠭᠵᠢᠭᠦᠯᠬᠦ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠲᠡᠩᠴᠡᠭᠦᠷᠢᠰᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ︵ᠵᠢᠷᠭᠤᠭ᠎ᠠ︶ ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠡᠬᠦ ᠶᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠳᠣᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠮᠠᠨᠳᠤᠭᠤᠯᠬᠤ ᠶᠢ ᠠᠬᠢᠭᠤᠯᠤᠨ᠎ᠠ᠃ ︵ᠨᠠᠶᠮᠠ︶ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠠᠵᠤ ᠦᠶᠯᠡᠰ ᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ︵ᠶᠢᠰᠦ︶ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ ᠪᠠ ᠵᠢᠭᠤᠯᠴᠢᠯᠠᠯ ᠤᠨ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠨ ᠬᠠᠮᠢᠶᠠᠷᠤᠯᠲᠠ ᠬᠢᠵᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︵ᠠᠷᠪᠠ︶ ᠪᠦᠬᠦ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠣᠷᠣᠨ ᠤ ᠴᠢᠨᠠᠷᠲᠠᠶ᠂ ᠣᠷᠣᠨ ᠪᠦᠰᠡ ᠠᠯᠤᠰᠯᠠᠭᠰᠠᠨ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ ᠦᠢᠯᠡᠰ ᠤᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠴᠠᠭᠠᠨ ᠰᠢᠶᠳᠪᠦᠷᠢᠯᠡᠵᠦ᠂ ᠶᠡᠭᠡ ᠬᠡᠷᠡᠭ ᠴᠢᠬᠤᠯᠠ ᠬᠡᠷᠡᠭ ᠢ ᠰᠢᠮᠳᠠᠭᠤᠯᠤᠨ ᠪᠠᠶᠢᠴᠠᠭᠠᠬᠤ ᠪᠠ ᠰᠢᠮᠳᠠᠭᠤᠯᠤᠨ ᠰᠢᠶᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ︵ᠠᠷᠪᠠᠨ ᠨᠢᠭᠡ︶ ᠰᠣᠶᠣᠯ ᠪᠠ ᠵᠢᠭᠤᠯᠴᠢᠯᠠᠯ ᠤᠨ ᠭᠠᠳᠠᠭᠠᠳᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠭ᠎ᠠ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠭᠠᠳᠠᠭᠠᠳᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠰᠣᠶᠣᠯ ᠤᠨ ᠭᠠᠳᠠᠭᠰᠢ ᠭᠠᠷᠬᠤ ᠶᠢ ᠠᠬᠢᠭᠤᠯᠤᠨ᠎ᠠ᠃ ︵ᠠᠷᠪᠠᠨ ᠬᠤᠶᠠᠷ︶ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢ ᠬᠠᠮᠢᠶᠠᠷᠤᠨ᠎ᠠ᠃ ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠣᠲᠣᠭᠠᠳᠤ ᠶᠢᠨ ᠪᠠᠶᠢᠭᠤᠯᠤᠮᠵᠢ᠄ ᠠᠯᠪᠠᠨ ᠭᠡᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠤᠷᠠᠯᠢᠭ ᠤᠨ ᠭᠠᠵᠠᠷ ︵ᠤᠯᠠᠭᠠᠨᠮᠥ᠋ᠴᠢᠷ ᠤᠨ ᠠᠵᠢᠯ ᠦᠢᠯᠡᠰ ᠤᠨ ᠭᠠᠵᠠᠷ︶᠂ ᠨᠡᠶᠢᠲᠡ ᠶᠢᠨ ᠦᠢᠯᠡᠴᠢᠯᠡᠭᠡ ᠶᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠥᠵᠢᠯ ᠤᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠭᠠᠵᠠᠷ᠂ ᠠᠵᠤ ᠦᠢᠯᠡᠰ ᠤᠨ ᠬᠥᠭᠵᠢᠯᠲᠡ ᠶᠢᠨ ᠭᠠᠵᠠᠷ᠂ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠬᠠᠮᠢᠶᠠᠷᠤᠯᠲᠠ ᠶᠢᠨ ᠭᠠᠵᠠᠷ ︵ᠲᠣᠪᠴᠢᠶ᠎ᠠ︶᠂ ᠭᠠᠳᠠᠭᠠᠳᠤ ᠯᠤᠭ᠎ᠠ ᠬᠠᠷᠢᠯᠴᠠᠬᠤ ᠪᠠ ᠬᠠᠮᠲᠤᠷᠠᠯᠴᠠᠬᠤ ᠭᠠᠵᠠᠷ ︵ᠰᠢᠶᠠᠩᠭᠠᠩ ᠣᠣᠮᠧᠨ ᠲᠠᠶᠢᠸᠠᠨ ᠤ ᠠᠯᠪᠠᠨ ᠭᠡᠷ︶᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ ᠤᠨ ᠭᠠᠵᠠᠷ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠲᠣᠭᠠᠲᠤ ᠶᠢᠨ ᠥᠪᠥᠷ ᠮᠣᠩᠭᠤᠯ ᠤᠨ ᠰᠣᠶᠣᠯ ᠤᠨ ᠶᠡᠭᠡ ᠠᠰᠠᠷ᠃ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00—12᠄ 00 14᠄ 30—17᠄ 00 ᠬᠠᠷᠢᠯᠴᠠᠬᠤ ᠠᠷᠭ᠎ᠠ᠄ 0471—6968315 ᠬᠠᠷᠢᠭᠤᠴᠠᠯᠭᠠᠲᠠᠨ᠄ ᠵᠧᠩ ᠳ᠋ᠦᠩ ᠪᠥᠸᠧ ᠬᠠᠷᠢᠶ᠎ᠠ ᠨᠢᠭᠡᠴᠢ᠄ ︵ᠨᠢᠭᠡ︶ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ 1. ᠨᠠᠮ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ 2. ᠥᠪᠥᠷ ᠮᠣᠩᠭᠤᠯ ᠤᠨ ᠰᠣᠶᠣᠯ ᠤᠨ ᠣᠨᠴᠠᠯᠢᠭ ᠪᠦᠬᠦᠢ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ᠂ ᠲᠣᠭᠯᠠᠬᠤ ᠪᠠ ᠳᠡᠯᠭᠡᠷᠡᠭᠦᠯᠵᠦ᠂ ᠳᠠᠭᠤᠷᠢ᠂ ᠳᠠᠭᠤᠤ ᠪᠥᠵᠢᠭᠲᠦ ᠵᠦᠴᠦᠭᠡ᠂ ᠮᠣᠩᠭᠤᠯ ᠵᠦᠴᠦᠭᠡ᠂ ᠳᠠᠭᠤᠤ ᠬᠥᠭᠵᠢᠮᠲᠦ ᠵᠦᠴᠦᠭᠡ᠂ ᠬᠥᠭᠵᠢᠮ ᠦᠭᠡᠢ ᠨᠠᠶᠢᠷᠠᠯ ᠳᠠᠭᠤᠤ᠂ ᠨᠠᠶᠢᠷᠠᠯ ᠬᠥᠭᠵᠢᠮ᠂ ᠠᠷᠠᠳ ᠤᠨ ᠬᠥᠭᠵᠢᠮ᠂ ᠳᠠᠭᠤᠷᠢᠯᠢᠭ᠂ ᠬᠤᠶᠠᠷ ᠬᠥᠮᠦᠨ ᠤ ᠡᠯᠭᠦᠴᠡᠭᠡ ᠤᠷᠠᠯᠢᠭ᠂ ᠰᠢ ᠵᠦᠴᠦᠭᠡ᠂ ᠼᠢᠷᠺ᠂ ᠶᠠᠷᠢᠶᠠᠲᠤ ᠵᠦᠴᠦᠭᠡ ᠵᠡᠷᠭᠡ ᠤᠷᠠᠯᠢᠭ ᠤᠨ ᠬᠡᠯᠪᠡᠷᠢ ᠶᠢ ᠴᠡᠴᠡᠭᠯᠡᠭᠦᠯᠦᠨ ᠬᠥᠭᠵᠢᠭᠦᠯᠦᠨ᠎ᠡ᠃ 3. ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠪᠠ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠡᠭᠦᠷᠭᠡ ᠵᠢᠪᠡᠶᠡᠯᠡᠭᠦᠯᠦᠨᠡ᠃ 4. ᠤᠷᠠᠯᠢᠭ ᠤᠨ ᠵᠣᠬᠢᠶᠠᠨ ᠪᠦᠲᠦᠭᠡᠯᠲᠡ᠂ ᠲᠣᠭᠯᠠᠯᠲᠠ ᠶᠢᠨ ᠡᠵᠡᠩᠨᠡᠯᠲᠡ᠂ ᠵᠦᠴᠦᠭᠡ ᠶᠢᠨ ᠲᠠᠯᠠᠪᠠᠶ ᠶᠢᠨ ᠬᠠᠮᠢᠶᠠᠷᠤᠯᠲᠠ᠂ ᠴᠢᠳᠠᠪᠤᠷᠢᠲᠠᠨ ᠤ ᠪᠣᠯᠪᠠᠰᠤᠷᠠᠯ᠂ ᠪᠥᠵᠢᠭ ᠭᠤᠸ᠎ᠠ ᠰᠠᠶᠢᠬᠠᠨ ᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ 5. ᠦᠨᠳᠦᠰᠦᠨ ᠱᠠᠲᠤᠨ ᠤ ᠤᠳᠬ᠎ᠠ ᠤᠷᠠᠯᠢᠭ ᠤᠨ ᠲᠣᠭᠯᠠᠯᠲᠠ ᠪᠠ ᠵᠣᠬᠢᠶᠠᠨ ᠪᠦᠲᠦᠭᠡᠯᠲᠡ ᠶᠢ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠪᠣᠯᠪᠠᠰᠤᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠦᠨ᠎ᠡ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠸᠢ ᠶᠤᠸᠠᠨ ᠵᠡᠭᠦᠨ ᠵᠡᠭᠡᠯᠢ ᠶᠢᠨ ᠬᠥᠬᠡ 16 ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 09᠄00 — 12᠄00 13᠄30 —17᠄30 ᠬᠠᠷᠢᠯᠴᠠᠬᠤ ᠠᠷᠭ᠎ᠠ᠄ 0471—3946380 ᠬᠠᠷᠢᠭᠤᠴᠠᠯᠭᠠᠲᠠᠨ᠄ ᠯᠢ ᠯᠢ ︵ᠬᠤᠶᠠᠷ︶ ᠥᠪᠥᠷ ᠮᠣᠩᠭᠤᠯ ᠤᠨ ᠮᠦᠽᠧᠶ 1. ᠮᠦᠽᠧᠶ ᠶᠢᠨ ᠳᠡᠯᠭᠡᠨ ᠦᠵᠡᠭᠦᠯᠬᠦ ᠵᠢᠴᠢ ᠲᠡᠦᠬᠡ ᠶᠢᠨ ᠳᠤᠷᠠᠰᠬᠠᠯᠲᠤ ᠬᠠᠳᠠᠭᠠᠯᠠᠮᠠᠯ ᠡᠳ᠋ ᠢ ᠬᠠᠮᠠᠭᠠᠯᠠᠨ ᠬᠠᠮᠢᠶᠠᠷᠬᠤ᠂ ᠬᠤᠷᠢᠶᠠᠨ ᠬᠠᠳᠠᠭᠠᠯᠠᠬᠤ᠂ ᠰᠡᠷᠭᠦᠭᠡᠨ ᠬᠠᠮᠠᠭᠠᠯᠠᠬᠤ ᠠᠵᠢᠯ ᠢ ᠡᠭᠦᠷᠭᠡᠯᠡᠨ᠎ᠡ᠃ 2.ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ᠂ ᠲᠣᠭᠤᠷᠢᠨ ᠦᠵᠡᠬᠦ ᠶᠢ ᠬᠦᠯᠢᠶᠡᠨ ᠠᠪᠬᠤ᠂ ᠨᠡᠶᠢᠭᠡᠮ ᠤᠨ ᠬᠥᠮᠥᠵᠢᠯ ᠤᠨ ᠠᠵᠢᠯ ᠢ ᠡᠭᠦᠷᠭᠡᠯᠡᠨ᠎ᠡ᠃ 3.ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠨ ᠴᠤᠭᠯᠠᠭᠤᠯᠬᠤ᠂ ᠬᠠᠳᠠᠭᠠᠯᠠᠵᠤ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠤᠷᠢᠶᠠᠨ ᠬᠠᠳᠠᠭᠠᠯᠠᠵᠤ ᠳᠡᠯᠭᠡᠨ ᠦᠵᠡᠭᠦᠯᠬᠦ ᠵᠡᠷᠭᠡ ᠠᠵᠢᠯ ᠢ ᠥᠷᠨᠢᠭᠦᠯᠦᠨ᠎ᠡ᠃ 4. ᠥᠪᠥᠷ ᠮᠣᠩᠭᠤᠯ ᠤᠨ ᠲᠡᠦᠬᠡ ᠰᠣᠶᠣᠯ᠂ ᠬᠦᠷᠢᠶᠡᠯᠡᠩ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠤᠨ ᠰᠤᠳᠤᠯᠤᠯ ᠪᠣᠯᠤᠨ ᠬᠠᠮᠢᠶ᠎ᠠ ᠪᠥᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ 5. ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠥᠷᠨᠢᠭᠦᠯᠵᠦ᠂ ᠰᠣᠶᠣᠯ ᠤᠨ ᠠᠵᠤ ᠦᠢᠯᠡᠰ ᠯᠦᠭᠡ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ 6. ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠲᠡᠦᠬᠡ ᠶᠢᠨ ᠳᠤᠷᠠᠰᠬᠠᠯᠲᠤ ᠵᠦᠢᠯ᠂ ᠦᠯᠢᠭᠡᠷ ᠬᠡᠪ᠂ ᠬᠠᠳᠠᠭᠠᠯᠠᠮᠵᠢ ᠶᠢᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 7. ᠣᠶᠤᠨᠯᠢᠭ ᠮᠦᠽᠧᠶ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠲᠣᠭᠠᠴᠢᠯᠠᠬᠤ ᠵᠡᠷᠭᠡ ᠠᠵᠢᠯ ᠢ ᠠᠬᠢᠭᠤᠯᠤᠨ᠎ᠠ᠃ 8. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯ ᠢ ᠦᠨᠡᠮᠰᠢᠬᠦ ᠠᠵᠢᠯ ᠢ ᠥᠷᠨᠢᠭᠦᠯᠦᠨ᠎ᠡ᠃ 9. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠬᠡᠷ᠂ ᠨᠠᠮ ᠤᠨ ᠬᠤᠷᠢᠶ᠎ᠠ ᠶᠢᠨ ᠠᠯᠪᠠᠨ ᠬᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠳᠠᠨᠵᠢᠯᠠᠨ ᠬᠠᠳᠠᠭᠠᠯᠠᠬᠤ ᠬᠡᠯᠲᠡᠰ᠂ ᠳᠡᠯᠭᠡᠨ ᠦᠵᠡᠭᠦᠯᠬᠦ ᠬᠡᠯᠲᠡᠰ᠂ ᠨᠡᠶᠢᠭᠡᠮ ᠤᠨ ᠬᠥᠮᠦᠵᠢᠯ ᠤᠨ ᠬᠡᠯᠲᠡᠰ᠂ ᠲᠥᠯᠥᠪᠵᠢᠭᠦᠯᠭᠡ ᠬᠥᠭᠵᠢᠭᠦᠯᠦᠯᠲᠡ ᠶᠢᠨ ᠬᠡᠯᠲᠡᠰ᠂ ᠲᠡᠤᠬᠡ ᠶᠢᠨ ᠳᠤᠷᠠᠰᠬᠠᠯᠲᠤ ᠵᠦᠢᠯ ᠢ ᠦᠨᠡᠮᠰᠢᠯᠲᠡ ᠪᠠ ᠮᠠᠲ᠋ᠧᠷᠢᠶᠠᠯ ᠤᠨ ᠬᠡᠯᠲᠡᠰ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠡᠯᠲᠡᠰ᠂ ᠠᠮᠤᠷ ᠲᠦᠪᠰᠢᠨ ᠤ ᠬᠠᠮᠠᠭᠠᠯᠠᠯᠲᠠ ᠶᠢᠨ ᠬᠡᠯᠲᠡᠰ᠂ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠬᠡᠯᠲᠡᠰ ︵ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠶᠢᠨ ᠫᠠᠶᠢᠰᠠ ᠶᠢ ᠡᠯᠭᠦᠪᠡ︶ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 27 ᠲᠣᠭᠠᠲᠤ ᠠᠯᠪᠠᠯᠠᠬᠤ ᠴᠠᠭ᠄ 09᠄00 — 17᠄30 ᠤᠲᠠᠰᠤ᠄ 0471—4608427 ᠬᠠᠷᠢᠭᠤᠴᠠᠯᠭᠠᠲᠠᠨ᠄ ᠴᠧᠨ ᠶᠦᠩ ᡁᠢ ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ 1. ᠤᠷᠠᠯᠢᠭ ᠤᠨ ᠬᠤᠯᠪᠣᠭᠳᠠᠯ ᠪᠦᠬᠦᠢ ᠣᠨᠣᠯ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠣᠨᠣᠯ ᠤᠨ ᠰᠤᠳᠤᠯᠭᠠᠨ ᠪᠠ ᠤᠷᠠᠯᠢᠭ ᠤᠨ ᠰᠢᠭᠦᠮᠵᠢ ᠶᠢᠨ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠪᠠᠰᠤᠷᠠᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠭᠢᠯᠡᠨ᠎ᠡ᠃ 2. ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ ᠢ ᠡᠭᠦᠷᠭᠡᠯᠡᠨ᠎ᠡ᠃ 3. ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠠᠯᠢᠭ ᠤᠨ ᠰᠤᠳᠤᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠰᠡᠳᠬᠦᠯ ᠢ ᠨᠠᠶᠢᠷᠠᠭᠤᠯᠤᠨ ᠬᠡᠪᠯᠡᠭᠦᠯᠦᠨ᠎ᠡ᠃ 4. ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠵᠢᠴᠢ ᠬᠤᠯᠪᠣᠭᠳᠠᠯ ᠪᠦᠬᠦᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠳᠥᠷᠪᠡᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠲᠣᠭᠲᠠᠯᠴᠠᠭ᠎ᠠ᠂ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠵᠢᠴᠢ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃ 5. ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠵᠢᠴᠢ ᠤᠯᠠᠮᠵᠢᠯᠠᠭᠴᠢ ᠶᠢᠨ ᠪᠠᠶᠢᠴᠠᠭᠠᠨ ᠰᠤᠳᠤᠯᠵᠤ ᠨᠤᠲᠠᠯᠠᠬᠤ ᠵᠡᠷᠭᠡ ᠠᠵᠢᠯ ᠢ ᠡᠭᠦᠷᠭᠡᠯᠡᠨ᠎ᠡ᠃ 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠰᠤᠳᠤᠯᠬᠤ ᠲᠠᠰᠤᠭ᠂ ᠬᠠᠮᠠᠭᠠᠯᠠᠯᠲᠠ ᠶᠢᠨ ᠰᠠᠯᠠᠭ᠎ᠠ᠂ ᠵᠣᠬᠢᠶᠠᠨ ᠪᠦᠲᠦᠭᠡᠯᠲᠡ ᠶᠢᠨ ᠲᠠᠰᠤᠭ᠂ ︽ᠥᠪᠥᠷ ᠮᠣᠩᠭᠤᠯ ᠤᠨ ᠤᠷᠠᠯᠢᠭ︾ ᠤᠨ ᠨᠠᠶᠢᠷᠠᠭᠤᠯᠬᠤ ᠬᠡᠯᠲᠡᠰ᠂ ᠲᠠᠩᠰᠠ ᠡᠪᠬᠡᠮᠡᠯ ᠤᠨ ᠲᠠᠰᠤᠭ᠂ ᠪᠣᠯᠪᠠᠰᠤᠷᠠᠯ ᠤᠨ ᠰᠠᠯᠠᠭ᠎ᠠ ᠬᠠᠶ᠋ᠢᠭ᠄ ᠬᠥᠬᠡᠬᠤᠲᠠ ᠶᠢᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 32 ᠳ᠋ᠤᠭᠠᠷ ᠲᠣᠭᠠᠲᠤ ᠰᠣᠶᠣᠯ ᠤᠨ ᠲᠣᠮᠣ ᠠᠰᠠᠷ ᠤᠨ ᠳᠡᠳ᠋ ᠠᠰᠠᠷ ᠤᠨ 5 ᠳ᠋ᠤᠭᠠᠷ ᠳᠠᠪᠬᠤᠷ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471—4923207 ᠬᠠᠷᠢᠭᠤᠴᠠᠯᠭᠠᠲᠠᠨ᠄ ︵ᠲᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ 1. ᠨᠣᠮ ᠪᠢᠴᠢᠭ ᠵᠡᠷᠭᠡ ᠰᠤᠷᠪᠤᠯᠵᠢ ᠪᠢᠴᠢᠭ ᠢ ᠴᠤᠭᠯᠠᠭᠤᠯᠬᠤ᠂ ᠡᠮᠬᠢᠳᠬᠡᠬᠦ᠂ ᠰᠠᠯᠭᠠᠬᠤ᠂ ᠬᠠᠳᠠᠭᠠᠯᠠᠬᠤ᠂ ᠲᠤᠰᠢᠶᠠᠬᠤ᠂ ᠰᠤᠳᠤᠯᠬᠤ᠂ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ 2. ᠨᠡᠶᠢᠭᠡᠮ ᠨᠡᠶᠢᠲᠡ ᠳᠤ ᠬᠠᠨᠳᠤᠭᠤᠯᠤᠨ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠨᠣᠮ ᠵᠢᠭᠡᠯᠡᠨ ᠤᠩᠰᠢᠬᠤ᠂ ᠯᠠᠪᠯᠠᠭ᠎ᠠ᠂ ᠰᠤᠷᠠᠭ ᠵᠠᠩᠭᠢ ᠵᠡᠷᠭᠡ ᠦᠢᠯᠡᠴᠢᠯᠡᠭᠡ ᠶᠢ ᠬᠠᠩᠭᠠᠨ᠎ᠠ᠃ 3. ᠨᠣᠮ ᠤᠨ ᠰᠠᠩ ᠤᠨ ᠤᠶᠤᠨᠵᠢᠭᠤᠯᠬᠤ ᠪᠠᠶᠢᠭᠤᠯᠤᠯᠲᠠ᠂ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ ᠤᠨ ᠪᠠᠶᠢᠭᠤᠯᠤᠯᠲᠠ ᠪᠠ ᠦᠢᠯᠡᠴᠢᠯᠡᠭᠡ ᠵᠡᠷᠭᠡ ᠠᠵᠢᠯ ᠢ ᠠᠬᠢᠭᠤᠯᠵᠤ᠂ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠷᠥᠯ ᠵᠦᠢᠯ ᠢ ᠳᠡᠯᠭᠡᠷᠡᠭᠦᠯᠦᠨ᠎ᠡ᠃ 4. ᠬᠥᠮᠦᠵᠢᠯ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠣᠯᠭ᠎ᠠ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠣᠨᠣᠯ ᠤᠨ ᠰᠤᠳᠤᠯᠭᠠᠨ᠂ ᠲᠠᠶᠢᠯᠤᠮᠵᠢ ᠦᠵᠡᠭᠦᠯᠭᠡ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠢᠬᠦ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠶᠢ ᠥᠷᠨᠢᠭᠦᠯᠦᠨ᠎ᠡ︔ ᠪᠦᠬᠦ ᠠᠷᠠᠳ ᠤᠨ ᠨᠣᠮ ᠤᠩᠰᠢᠬᠤ ᠶᠢ ᠠᠬᠢᠭᠤᠯᠵᠤ᠂ ᠬᠦᠳᠦᠯᠦᠨ ᠵᠢᠯᠣᠭᠤᠳᠴᠤ᠂ ᠲᠡᠭᠦᠨ ᠳᠤ ᠦᠢᠯᠡᠴᠢᠯᠡᠨ᠎ᠡ︔ ᠦᠨᠳᠦᠰᠦᠨ ᠱᠠᠲᠤᠨ ᠤ ᠨᠣᠮ ᠤᠨ ᠰᠠᠩ ᠳᠤ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠨ᠎ᠠ᠃ 5. ᠣᠷᠣᠨ ᠨᠤᠲᠤᠭ ᠤᠨ ᠰᠤᠷᠪᠤᠯᠵᠢ ᠪᠢᠴᠢᠭ᠂ ᠦᠨᠳᠦᠰᠦᠲᠡᠨ ᠤ ᠰᠤᠷᠪᠤᠯᠵᠢ ᠪᠢᠴᠢᠭ ᠪᠣᠯᠤᠨ ᠡᠷᠲᠡᠨ ᠤ ᠰᠤᠷᠪᠤᠯᠵᠢ ᠪᠢᠴᠢᠭ ᠵᠡᠷᠭᠡ ᠮᠠᠲ᠋ᠧᠷᠢᠶᠠᠯ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠳᠬᠡᠬᠦ᠂ ᠰᠤᠳᠤᠯᠬᠤ᠂ ᠬᠠᠮᠠᠭᠠᠯᠠᠬᠤ᠂ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃ 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠡᠳ᠋ ᠤᠨ ᠶᠠᠪᠤᠳᠠᠯ ᠤᠨ ᠰᠠᠯᠠᠭ᠎ᠠ᠂ ᠰᠤᠷᠪᠤᠯᠵᠢᠯᠠᠨ ᠨᠠᠶᠢᠷᠠᠭᠤᠯᠬᠤ ᠬᠡᠯᠲᠡᠰ᠂ ᠤᠩᠰᠢᠭᠴᠢᠳ ᠲᠤ ᠦᠢᠯᠡᠴᠢᠯᠡᠬᠦ ᠬᠡᠯᠲᠡᠰ᠂ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠬᠡᠯᠲᠡᠰ᠂ ᠣᠨᠣᠯ ᠤᠨ ᠰᠤᠳᠤᠯᠭᠠᠨ ᠤ ᠬᠡᠯᠲᠡᠰ᠂ ᠭᠠᠳᠠᠭᠠᠳᠤ ᠬᠡᠯᠡᠨ ᠤ ᠬᠡᠯᠲᠡᠰ᠂ ᠨᠡᠶᠢᠭᠡᠮ ᠤᠨ ᠬᠥᠮᠦᠵᠢᠯ ᠤᠨ ᠬᠡᠯᠲᠡᠰ᠂ ᠮᠣᠩᠭᠤᠯ ᠬᠡᠯᠡᠨ ᠤ ᠬᠡᠯᠲᠡᠰ᠂ ᠵᠡᠮᠳᠡᠭᠴᠦᠳ ᠲᠤ ᠦᠢᠯᠡᠴᠢᠯᠡᠬᠦ ᠬᠡᠯᠲᠡᠰ᠂ ᠪᠠᠭᠠᠴᠤᠳ ᠲᠤ ᠦᠢᠯᠡᠴᠢᠯᠡᠬᠦ ᠬᠡᠯᠲᠡᠰ᠂ ᠲᠡᠤᠬᠡ ᠶᠢᠨ ᠰᠤᠷᠪᠤᠯᠵᠢ ᠪᠢᠴᠢᠭ ᠤᠨ ᠬᠡᠯᠲᠡᠰ᠂ ᠤᠩᠰᠢᠨ ᠳᠡᠯᠭᠡᠷᠡᠭᠦᠯᠬᠦ ᠬᠡᠯᠲᠡᠰ᠂ ᠣᠯᠠᠨ ᠵᠠᠭᠤᠴᠢᠳᠤ ᠦᠢᠯᠡᠴᠢᠯᠡᠭᠡᠨ ᠤ ᠬᠡᠯᠲᠡᠰ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 34 ᠳ᠋ᠦ᠋ᠭᠡᠷ ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471—6293152 ᠬᠠᠷᠢᠭᠤᠴᠠᠯᠭᠠᠲᠠᠨ᠄ ︵ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ 1. ᠤᠳᠤᠷᠢᠳᠤᠮᠵᠢ ᠶᠢᠨ ᠴᠢᠨᠠᠷᠲᠠᠶ᠂ ᠲᠥᠯᠥᠭᠡᠯᠡᠬᠦ ᠴᠢᠨᠠᠷᠲᠠᠶ᠂ ᠵᠢᠱᠢᠶᠡᠴᠢ ᠴᠢᠨᠠᠷᠲᠠᠶ ᠨᠡᠶᠢᠭᠡᠮ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 2. ᠣᠯᠠᠨ ᠨᠡᠶᠢᠲᠡ ᠶᠢᠨ ᠰᠣᠶᠣᠯ᠂ ᠦᠨᠳᠦᠰᠦᠲᠡᠨ ᠤ ᠪᠣᠯᠣᠨ ᠠᠷᠠᠳ ᠤᠨ ᠰᠣᠶᠣᠯ ᠤᠨ ᠣᠨᠣᠯ ᠤᠨ ᠰᠤᠳᠤᠯᠭᠠᠨ ᠪᠠ ᠣᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠲᠡ ᠶᠢ ᠥᠷᠨᠢᠭᠦᠯᠦᠨ᠎ᠡ᠃ ᠤᠯᠠᠨ ᠲᠦᠮᠡᠨ ᠤ ᠰᠣᠶᠣᠯ ᠤᠨ ᠰᠡᠳᠬᠦᠯ ᠢ ᠨᠠᠶᠢᠷᠠᠭᠤᠯᠤᠨ ᠬᠡᠪᠯᠡᠭᠦᠯᠵᠦ᠂ ᠨᠡᠶᠢᠭᠡᠮ ᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠦᠨ᠎ᠡ᠃ 3. ᠣᠯᠠᠨ ᠲᠦᠮᠡᠨ ᠤ ᠰᠣᠶᠣᠯ ᠤᠷᠠᠯᠢᠭ ᠤᠨ ᠪᠣᠯᠪᠠᠰᠤᠷᠠᠯ ᠤᠨ ᠬᠠᠪᠰᠤᠷᠤᠨ ᠵᠢᠯᠣᠭᠤᠳᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 4. ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠳᠡᠯᠭᠡᠨ ᠦᠨᠡᠯᠡᠬᠦ᠂ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ 5. ᠲᠣᠭᠠᠴᠢᠯᠠᠭᠰᠠᠨ ᠰᠣᠶᠣᠯ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠰᠤᠳᠤᠯᠭᠠᠨ ᠤ ᠬᠡᠯᠲᠡᠰ᠂ ︽ᠬᠤᠨ ᠭᠠᠯᠠᠭᠤ︾ ᠨᠠᠶᠢᠷᠠᠭᠤᠯᠭ᠎ᠠ ᠶᠢᠨ ᠬᠡᠯᠲᠡᠰ᠂ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ ᠬᠡᠯᠲᠡᠰ᠂ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠬᠡᠯᠲᠡᠰ᠂ ᠪᠣᠯᠪᠠᠰᠤᠷᠠᠯ ᠤᠨ ᠬᠡᠯᠲᠡᠰ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠯᠢ ᠶᠢᠨ ᠭᠤᠤᠯ ᠤᠨ ᠬᠤᠶᠢᠲᠤ ᠵᠠᠮ ᠤᠨ 97 ᠳ᠋ᠤᠭᠠᠷ ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471—6913653 ᠬᠠᠷᠢᠭᠤᠴᠠᠯᠭᠠᠲᠠᠨ᠄ ᠹᠦ᠋ ᠶᠦᠩ ᠵᠢᠶᠦ᠋ᠨ ︵ᠵᠢᠷᠭᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ 1. ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠵᠡᠰᠬᠦᠯᠡᠩ ᠤᠨ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠤᠬᠠᠭᠠᠯᠠᠨ ᠲᠥᠯᠥᠪᠯᠡᠬᠦ᠂ ᠵᠢᠷᠤᠭᠯᠠᠨ ᠲᠥᠯᠥᠪᠯᠡᠬᠦ᠂ ᠳᠡᠯᠭᠡᠨ ᠦᠵᠡᠭᠦᠯᠬᠦ᠂ ᠲᠠᠶᠢᠯᠪᠤᠷᠢᠯᠠᠨ ᠲᠠᠶᠢᠯᠪᠤᠷᠢᠯᠠᠵᠤ ᠭᠥᠯᠢᠶᠡᠨ ᠠᠪᠬᠤ ᠵᠡᠷᠭᠡ ᠠᠵᠢᠯ ᠢ ᠡᠭᠦᠷᠭᠡᠯᠡᠨ᠎ᠡ᠃ 2. ᠡᠯ᠎ᠡ ᠲᠥᠷᠥᠯ ᠤᠨ ᠲᠤᠰᠬᠠᠶ ᠰᠡᠳᠦᠪᠲᠦ ᠴᠢᠨᠠᠷᠲᠠᠶ ᠳᠡᠯᠭᠡᠨ ᠦᠵᠡᠭᠦᠯᠬᠦ ᠲᠥᠷᠥᠯ ᠵᠦᠢᠯ ᠢ ᠳᠠᠭᠠᠭᠠᠨ ᠡᠷᠬᠢᠯᠡᠵᠤ᠂ ᠨᠡᠶᠢᠭᠡᠮ ᠤᠨ ᠤᠯᠠᠨ ᠨᠡᠶᠢᠳᠡ ᠳᠤ ᠳᠡᠯᠭᠡᠨ ᠦᠵᠡᠭᠦᠯᠬᠦ ᠦᠢᠯᠡᠴᠢᠯᠡᠭᠡ ᠬᠠᠩᠭᠠᠨ᠎ᠠ᠃ 3. ᠤᠯᠠᠮᠵᠢᠯᠠᠯᠲᠤ ᠭᠠᠷ ᠤᠷᠠᠯᠠᠯ᠂ ᠰᠣᠶᠣᠯ ᠤᠨ ᠡᠭᠦᠳᠦᠯᠲᠡ ᠶᠢᠨ ᠦᠢᠯᠡᠳᠬᠦᠨ᠂ ᠵᠢᠭᠤᠯᠴᠢᠯᠠᠯ ᠤᠨ ᠦᠢᠯᠡᠳᠬᠦᠨ ᠢ ᠳᠡᠯᠭᠡᠨ ᠦᠵᠡᠭᠦᠯᠵᠦ ᠲᠠᠨᠢᠯᠴᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 4. ᠤᠯᠤᠰ ᠢᠶᠠᠨ ᠬᠠᠶᠢᠷᠠᠯᠠᠬᠤ ᠦᠵᠡᠯ᠂ ᠦᠨᠳᠦᠰᠦᠲᠡᠨ ᠤ ᠪᠦᠯᠬᠦᠮᠳᠡᠯ ᠵᠡᠷᠭᠡ ᠶᠢᠨ ᠤᠬᠠᠭᠤᠯᠭ᠎ᠠ ᠬᠥᠮᠦᠵᠢᠯ᠂ ᠨᠣᠮ ᠤᠨ ᠰᠠᠩ ᠤᠨ ᠬᠤᠭᠤᠷᠣᠨᠳᠣᠬᠢ ᠦᠵᠡᠭᠦᠯᠭᠡ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 5. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠡᠳ᠋ ᠤᠨ ᠶᠠᠪᠤᠳᠠᠯ ᠤᠨ ᠰᠠᠯᠠᠭ᠎ᠠ᠂ ᠦᠵᠡᠰᠬᠦᠯᠡᠩ ᠤᠨ ᠰᠤᠳᠤᠯᠭᠠᠨ ᠤ ᠬᠡᠯᠲᠡᠰ᠂ ᠦᠵᠡᠰᠬᠦᠯᠡᠩ ᠤᠨ ᠵᠢᠷᠤᠭ ᠲᠥᠯᠥᠪᠯᠡᠭᠡ ᠶᠢᠨ ᠬᠡᠯᠲᠡᠰ᠂ ᠲᠣᠭᠠᠴᠢᠯᠠᠭᠰᠠᠨ ᠮᠡᠳᠡᠭᠡ ᠵᠠᠩᠭᠢ ᠶᠢᠨ ᠬᠡᠯᠲᠡᠰ᠂ ᠳᠡᠯᠭᠡᠨ ᠪᠣᠷᠣᠯᠠᠭᠤᠯᠬᠤ ᠢᠨᠵᠧᠨᠧᠷᠢᠩ ᠤᠨ ᠬᠡᠯᠲᠡᠰ᠂ ᠤᠬᠠᠭᠤᠯᠭ᠎ᠠ ᠬᠥᠮᠥᠵᠢᠯ ᠤᠨ ᠬᠡᠯᠲᠡᠰ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠵᠡᠰᠬᠦᠯᠡᠩ ᠵᠡᠭᠦᠨ ᠵᠠᠮ ᠤᠨ 31 ᠳ᠋ᠦ᠋ᠭᠡᠷ ᠲᠣᠭᠠᠲᠤ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠠᠯᠪᠠᠨ ᠠᠰᠠᠷ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471—4951415 ᠬᠠᠷᠢᠭᠤᠴᠠᠯᠭᠠᠲᠠᠨ᠄ ᠸᠠᠩ ᠱᠢ ᠶᠢᠩ ︵ᠳᠣᠯᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ 1. ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠭᠠᠷᠭᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠨ᠎ᠠ᠃ 2. ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠠᠷᠭ᠎ᠠ᠂ ᠲᠣᠭᠯᠠᠯᠲᠠ ᠶᠢᠨ ᠬᠡᠯᠪᠡᠷᠢ ᠪᠠ ᠤᠯᠠᠮᠵᠢᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠤᠷᠠᠯᠢᠭ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ 3. ᠤᠯᠠᠨ ᠲᠦᠮᠡᠨ ᠤ ᠠᠵᠢᠯ ᠤᠨ ᠴᠢᠯᠥᠭᠡᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠬᠥᠮᠦᠵᠢᠭᠦᠯᠦᠨ᠎ᠡ᠃ ᠦᠨᠳᠦᠰᠦᠲᠡᠨ ᠤ ᠪᠠ ᠠᠷᠠᠳ ᠤᠨ ᠳᠤᠮᠳᠠᠬᠢ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠵᠠᠯᠭᠠᠮᠵᠢᠯᠠᠨ᠎ᠠ᠃ 4. ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠠᠵᠢᠯᠯᠠᠭ᠎ᠠ ᠶᠢ ᠥᠷᠨᠢᠭᠦᠯᠦᠨ᠎ᠡ᠃ 5. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠤᠯᠠᠮᠵᠢᠯᠠᠨ ᠵᠠᠯᠭᠠᠮᠵᠢᠯᠠᠵᠤ ᠵᠣᠬᠢᠶᠠᠨ ᠪᠦᠲᠦᠭᠡᠬᠦ ᠬᠡᠯᠲᠡᠰ᠂ ᠪᠣᠯᠪᠠᠰᠤᠷᠠᠯ ᠤᠨ ᠬᠠᠪᠰᠤᠷᠤᠨ ᠵᠢᠯᠣᠭᠤᠳᠬᠤ ᠬᠡᠯᠲᠡᠰ᠂ ᠲᠣᠭᠯᠠᠯᠲᠠ ᠶᠢᠨ ᠬᠠᠮᠢᠶᠠᠷᠤᠯᠲᠠ ᠶᠢᠨ ᠬᠡᠯᠲᠡᠰ᠂ ᠳᠠᠭᠤᠯᠠᠬᠤᠶ ᠶᠢᠨ ᠬᠡᠯᠲᠡᠰ᠂ ᠪᠥᠵᠢᠭ ᠤᠨ ᠬᠡᠯᠲᠡᠰ᠂ ᠬᠥᠭᠵᠢᠮ ᠤᠨ ᠬᠡᠯᠲᠡᠰ ᠬᠠᠶ᠋ᠢᠭ᠄ ᠪᠠᠶᠢᠭᠤᠯᠤᠮᠵᠢ ᠶᠢ ᠥᠭᠡᠷᠡᠴᠢᠯᠡᠵᠦ ᠪᠠᠶᠢᠨ᠎ᠠ᠂ ᠠᠵᠢᠯᠯᠠᠬᠤ ᠬᠠᠶ᠋ᠢᠭ ᠢ ᠲᠦᠷ ᠲᠣᠭᠲᠠᠭᠠᠭᠠᠳᠤᠶ ᠠᠯᠪᠠᠯᠠᠬᠤ ᠴᠠᠭ᠄ ᠠᠵᠢᠯᠯᠠᠬᠤ ᠡᠳᠦᠷ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ ᠬᠠᠷᠢᠭᠤᠴᠠᠯᠭᠠᠲᠠᠨ᠄ ︵ᠨᠠᠢᠮᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ 1. ᠪᠠᠶᠢᠭᠤᠯᠭ᠎ᠠ ᠶᠢᠨ ᠠᠳᠠᠯ ᠠᠬᠤᠶ ᠶᠢᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ᠃ 2. ᠪᠠᠶᠢᠭᠤᠯᠭ᠎ᠠ ᠶᠢᠨ ᠪᠣᠳᠠᠲᠤ ᠡᠳ᠋ ᠬᠦᠷᠦᠩᠭᠡ ᠶᠢᠨ ᠬᠠᠮᠢᠶᠠᠷᠤᠯᠲᠠ ᠪᠠ ᠲᠤᠰ ᠱᠠᠲᠤᠨ ᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ 3. ᠪᠠᠶᠢᠭᠤᠯᠭ᠎ᠠ ᠶᠢ ᠬᠠᠮᠵᠢᠨ ᠰᠣᠶᠣᠯ ᠤᠨ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠨ᠂ ᠰᠣᠶᠣᠯ ᠤᠨ ᠪᠠ ᠵᠢᠭᠤᠯᠴᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠭ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ 4. ᠪᠠᠶᠢᠭᠤᠯᠭ᠎ᠠ ᠶᠢ ᠬᠠᠮᠵᠢᠨ ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ ᠶᠢᠨ ᠦᠢᠯᠡᠴᠢᠯᠡᠭᠡ᠂ ᠤᠬᠠᠭᠤᠯᠭ᠎ᠠ ᠲᠠᠨᠢᠯᠴᠠᠭᠤᠯᠭ᠎ᠠ᠂ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠤᠯᠲᠠ᠂ ᠲᠤᠭ᠎ᠠ ᠪᠦᠷᠢᠳᠬᠡᠯ ᠤᠨ ᠰᠤᠳᠤᠯᠭᠠᠨ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠢ ᠠᠬᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠯᠪᠠᠰᠤᠷᠠᠯ ᠵᠡᠷᠭᠡ ᠠᠵᠢᠯ ᠢ ᠥᠷᠨᠢᠭᠦᠯᠦᠨ᠎ᠡ᠃ 5. ᠪᠠᠶᠢᠭᠤᠯᠭ᠎ᠠ ᠶᠢᠨ ᠫᠣᠷᠲ᠋ᠧᠯ ᠰᠦᠯᠵᠢᠶ᠎ᠡ᠂ ᠪᠢᠴᠢᠯ ᠪᠯᠤᠭ ᠤᠨ ᠲᠠᠩᠰᠠᠨ ᠨᠣᠮᠧᠷ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠠᠷᠤ ᠲᠠᠯ᠎ᠠ ᠶᠢᠨ ᠪᠠᠲᠤᠯᠠᠭ᠎ᠠ ᠶᠢᠨ ᠰᠠᠯᠠᠭ᠎ᠠ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠲᠠᠰᠤᠭ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠰᠠᠯᠠᠭ᠎ᠠ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢᠨ ᠰᠠᠯᠠᠭ᠎ᠠ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471-6913964 ᠬᠠᠷᠢᠭᠤᠴᠠᠯᠭᠠᠲᠠᠨ᠄ ︵ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠬᠤ ᠬᠦᠷᠢᠶᠡᠯᠡᠩ 1. ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ᠂ ᠬᠠᠶᠢᠨ ᠰᠢᠨᠵᠢᠯᠡᠬᠦ᠂ ᠨᠡᠭᠡᠭᠡᠨ ᠮᠠᠯᠲᠠᠬᠤ᠂ ᠬᠠᠮᠠᠭᠠᠯᠠᠬᠤ ᠵᠢᠴᠢ ᠰᠢᠨᠵᠢᠯᠡᠬᠦ ᠤᠬᠠᠭᠠᠨ ᠤ ᠰᠤᠳᠤᠯᠤᠯ ᠬᠢᠬᠦ ᠵᠡᠷᠭᠡ ᠠᠵᠢᠯ ᠢ ᠡᠭᠦᠷᠭᠡᠯᠡᠨ᠎ᠡ᠃ 2. ᠲᠡᠤᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ᠂ ᠬᠢᠨᠠᠨ ᠰᠢᠨᠵᠢᠯᠡᠵᠦ ᠵᠠᠳᠠᠯᠬᠤ᠂ ᠲᠠᠩᠰᠠ ᠡᠪᠬᠡᠮᠡᠯ ᠪᠠᠶᠢᠭᠤᠯᠬᠤ᠂ ᠤᠬᠠᠭᠤᠯᠤᠨ ᠨᠡᠶᠢᠲᠡᠯᠡᠬᠦ ᠵᠡᠷᠭᠡ ᠠᠵᠢᠯ ᠢ ᠡᠭᠦᠷᠭᠡᠯᠡᠨ᠎ᠡ᠃ 3. ᠪᠥᠬᠦ ᠣᠷᠣᠨ ᠤ ᠣᠷᠳᠣ ᠴᠠᠭᠠᠨ ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠠᠮᠠᠭᠠᠯᠠᠯᠲᠠ ᠶᠢᠨ ᠰᠤᠳᠤᠯᠤᠯ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 4. ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂ ᠬᠠᠮᠢᠶ᠎ᠠ ᠪᠥᠬᠦᠢ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ 5. ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ 5. ᠪᠠᠶᠢᠭᠤᠯᠭ᠎ᠠ ᠶᠢᠨ ᠫᠣᠷᠲ᠋ᠧᠯ ᠰᠦᠯᠵᠢᠶ᠎ᠡ᠂ ᠪᠢᠴᠢᠯ ᠪᠯᠤᠭ ᠤᠨ ᠲᠠᠩᠰᠠᠨ ᠨᠣᠮᠧᠷ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠬᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠬᠠᠭᠤᠴᠢ ᠰᠤᠳᠤᠯᠤᠯ ᠤᠨ ᠰᠤᠳᠤᠯᠬᠤ ᠲᠠᠰᠤᠭ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠠᠰᠤᠭ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠠᠰᠤᠭ᠂ ᠮᠠᠲ᠋ᠧᠷᠢᠶᠠᠯ ᠮᠡᠳᠡᠭᠡ ᠵᠠᠩᠭᠢ ᠶᠢᠨ ᠲᠠᠰᠤᠭ᠂ ᠠᠮᠤᠷ ᠲᠦᠪᠰᠢᠨ ᠤ ᠬᠠᠮᠠᠭᠠᠯᠠᠯᠲᠠ ᠶᠢᠨ ᠰᠠᠯᠠᠭ᠎ᠠ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠰᠠᠯᠠᠭ᠎ᠠ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠵᠡᠰᠬᠦᠯᠡᠩ ᠤᠨ ᠣᠷᠳᠣᠨ ᠤ ᠡᠮᠦᠨ᠎ᠡ ᠭᠤᠳᠤᠮᠵᠢ ᠶᠢᠨ 1 ᠳ᠋ᠦ᠋ᠭᠡᠷ ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 09᠄ 00 — 12᠄ 00︔ 13᠄ 30 — 17᠄ 30 ᠬᠠᠷᠢᠯᠴᠠᠬᠤ ᠬᠡᠯᠪᠡᠷᠢ᠄ 0471-4961146 ᠬᠠᠷᠢᠭᠤᠴᠠᠯᠭᠠᠲᠠᠨ᠄
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|