|
ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ |
|
|
ᠨᠡᠶᠢᠲᠡᠯᠡᠭᠰᠡᠨ ᠴᠠᠭ᠄
2015/4/2
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠬᠢ ︵ᠨᠢᠭᠡ︶ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠰᠤᠳᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ ᠡᠭᠦᠷᠭᠡᠯᠡᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠶᠯᠡᠴᠢᠯᠡᠭᠡ᠂ ᠰᠠᠭᠤᠷᠢ ᠪᠡᠯᠡᠳᠬᠡᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠ ᠦᠶᠯᠡᠳᠪᠦᠷᠢᠯᠡᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠵᠤ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠣᠯᠤᠨ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠳ ᠤᠨ ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠬᠤ ᠠᠵᠢᠯ ᠢ ᠵᠢᠯᠣᠭᠤᠳᠤᠨ᠎ᠠ᠃ ︵ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠨ ᠡᠵᠡᠩᠨᠡᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠢᠯᠡᠰᠵᠢᠭᠦᠯᠦᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃ ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠡᠮᠵᠢᠶᠡᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ ᠲᠡᠮᠳᠡᠭᠲᠦ ᠶᠢ ᠪᠣᠶᠢᠵᠢᠭᠤᠯᠵᠤ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ ᠰᠢᠨᠵᠢᠯᠡᠬᠦ ᠪᠠ ᠵᠠᠳᠠᠯᠤᠨ᠂ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢ ᠲᠣᠭᠠᠯᠠᠨ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ︵ᠵᠢᠷᠭᠤᠭ᠎ᠠ︶ ᠲᠠᠷᠢᠮᠠᠯ ᠤᠨ ᠦᠶᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠶᠯᠡᠰ ᠤᠨ ᠵᠢᠯᠣᠭᠤᠳᠤᠯᠭ᠎ᠠ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠰᠠᠭᠠᠯᠢ ᠶᠢᠨ ᠦᠢᠯᠡᠰ᠂ ᠲᠡᠵᠢᠭᠡᠯ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠴᠣᠭᠴᠠᠯᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ᠂ ᠪᠠᠶᠢᠷᠢᠰᠢᠭᠤᠯᠤᠯᠲᠠ ᠶᠢᠨ ᠰᠢᠯᠢᠳᠡᠭᠵᠢᠭᠦᠯᠦᠯᠲᠡ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠦᠶᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠠᠰᠢᠭᠲᠤ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ︵ᠳᠣᠯᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠤᠨ ᠠᠶᠤᠯᠭᠦᠢ ᠶᠢᠨ ᠬᠢᠨᠠᠨ ᠰᠢᠨᠵᠢᠯᠡᠯᠲᠡ ᠪᠠ ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠤᠨ ᠠᠶᠤᠯᠭᠦᠢ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠤᠨ ᠠᠶᠤᠯᠭᠦᠢ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠤᠨ ᠠᠶᠤᠯᠭᠦᠢ ᠶᠢ ᠮᠥᠷᠳᠡᠨ ᠰᠢᠯᠭᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠥᠨᠥᠭᠡᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠨᠠᠶᠮᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠵᠢᠭᠠᠰᠤᠨ ᠠᠵᠤ ᠦᠢᠯᠡᠰ ᠤᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ᠂ ᠤᠰᠤᠨ ᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠡᠷᠬᠢᠯᠳᠡᠳᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠵᠢᠴᠢ ᠮᠠᠯᠵᠢᠬᠤ ᠲᠠᠷᠢᠶᠠᠯᠠᠬᠤ ᠣᠷᠣᠨ ᠤ ᠳᠠᠬᠢᠯᠲᠠ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠬᠤᠯᠪᠣᠭᠳᠠᠯ ᠪᠦᠬᠦᠢ ᠦᠶᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠦᠢᠯᠡᠳᠬᠦᠨ ᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠨᠵᠢᠯᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠤᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠠᠷᠪᠠ︶ ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠤ ᠰᠡᠷᠭᠡᠶᠢᠯᠡᠯᠲᠡ ᠵᠠᠰᠠᠯᠲᠠ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠨ ᠬᠢᠵᠢᠭ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ᠂ ᠭᠡᠨᠡᠳᠲᠡ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠤᠨ ᠡᠮᠴᠢ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠬᠢᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠰᠢᠨᠵᠢᠯᠡᠬᠦ᠂ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠪᠠ ᠰᠢᠯᠵᠢᠭᠦᠯᠦᠨ ᠥᠭᠬᠦ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠭᠠᠮᠰᠢᠭ ᠠᠴᠠ ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ ᠵᠢᠯᠣᠭᠤᠳᠤᠨ᠎ᠠ᠃ ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠬᠤ ᠲᠣᠭᠲᠠᠴᠠ ᠳᠤ ᠥᠭᠡᠷᠡᠴᠢᠯᠡᠯᠲᠡ ᠬᠢᠬᠦ ᠰᠠᠨᠠᠭᠤᠯᠭ᠎ᠠ ᠶᠢ ᠳᠤᠷᠠᠳᠤᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠤᠨ ᠴᠡᠭᠴᠡᠯᠡᠨ ᠵᠠᠰᠠᠯᠲᠠ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ ᠲᠥᠯᠥᠪᠯᠡᠭᠡ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠰᠠᠯᠠᠭ᠎ᠠ ᠮᠥᠴᠢᠷ ᠤᠨ ᠲᠥᠰᠦᠪ ᠢᠶᠠᠨ ᠨᠠᠶᠢᠷᠠᠭᠤᠯᠤᠨ ᠮᠡᠳᠡᠭᠦᠯᠦᠨ᠎ᠡ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠷᠭᠤᠭᠤᠯᠤᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠤᠭᠤᠷᠪᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨᠡᠴᠢᠯᠡᠯᠲᠡ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠡᠷᠯᠢᠰᠡᠵᠢᠭᠦᠯᠦᠭᠰᠡᠨ ᠠᠮᠢᠳᠤ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠦᠢᠯᠡᠳᠪᠦᠷᠢᠯᠡᠵᠦ ᠪᠣᠯᠪᠠᠰᠤᠷᠠᠭᠤᠯᠬᠤ ᠵᠥᠪᠰᠢᠶᠡᠷᠡᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠴᠢᠯᠡᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠤᠨ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠲᠠᠢ ᠬᠠᠮᠲᠤᠷᠠᠨ ᠠᠵᠢᠯᠯᠠᠬᠤ ᠠᠵᠢᠯ ᠢ ᠲᠦᠷᠦᠭᠦᠯᠡᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠬᠤᠯᠪᠣᠭᠳᠠᠯ ᠪᠦᠬᠦᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠬᠤᠶᠠᠷ᠂ ᠪᠠᠶᠢᠭᠤᠯᠤᠮᠵᠢ ᠶᠢᠨ ᠲᠣᠬᠢᠷᠠᠭᠤᠯᠤᠯᠲᠠ ︵ᠨᠢᠭᠡ︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠲᠢᠩᠬᠢᠮ ᠤᠨ ᠰᠢᠰᠲ᠋ᠧᠮ ᠪᠠ ᠲᠠᠷᠢᠶᠠᠯᠠᠩ ᠮᠠᠯ ᠠᠵᠤ ᠠᠬᠤᠢ ᠤᠨ ᠠᠵᠢᠯ ᠲᠥᠷᠥᠯ ᠤᠨ ᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠦᠷᠦᠭᠦᠯᠡᠨ ᠵᠢᠯᠣᠭᠤᠳᠤᠨ ᠵᠣᠬᠢᠴᠠᠭᠤᠯᠤᠨ᠎ᠠ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠄ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ᠂ ᠬᠢᠨᠠᠨ ᠰᠢᠯᠭᠠᠵᠤ ᠲᠣᠮᠢᠯᠠᠨ ᠣᠭᠴᠣᠷᠠᠭᠤᠯᠬᠤ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ᠂ ᠨᠡᠶᠢᠭᠡᠮ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠭᠡ ᠪᠣᠯᠤᠨ ᠬᠥᠮᠦᠵᠢᠯ ᠪᠣᠯᠪᠠᠰᠤᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠦᠨ᠎ᠡ᠃ ︵ᠭᠤᠷᠪᠠ︶ ᠬᠠᠤᠯᠢ ᠲᠣᠭᠲᠠᠭᠠᠯ ᠤᠨ ᠭᠠᠵᠠᠷ᠄ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠠ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠯᠣᠭᠤᠳᠴᠤ᠂ ᠰᠢᠰᠲ᠋ᠧᠮ ᠤᠨ ᠳᠣᠲᠣᠷᠠᠬᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠣᠯᠪᠠᠰᠤᠷᠠᠯ ᠢ ᠥᠷᠨᠢᠭᠦᠯᠦᠨ᠎ᠡ᠃ ︵ᠳᠥᠷᠪᠡ︶ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠵᠤ ᠵᠢᠯᠣᠭᠤᠳᠤᠨ᠎ᠠ᠃ ︵ᠲᠠᠪᠤ︶ ᠬᠥᠭᠵᠢᠯᠲᠡ ᠶᠢᠨ ᠲᠥᠯᠥᠪᠵᠢᠭᠦᠯᠭᠡ ᠶᠢᠨ ᠭᠠᠵᠠᠷ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠣᠷᠣᠨ ᠬᠤᠪᠢᠶᠠᠷᠢᠯᠠᠯ ᠪᠣᠯᠤᠨ ᠠᠯᠤᠰ ᠰᠡᠷᠡᠯ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠪᠣᠬᠢᠷᠲᠤᠯ ᠦᠭᠡᠶ ᠬᠥᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠡᠭᠦᠷᠭᠡᠯᠡᠨ᠎ᠡ᠃ ︵ᠵᠢᠷᠭᠤᠭ᠎ᠠ︶ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠄ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠲᠥᠷᠥᠯ ᠵᠦᠶᠯ ᠤᠨ ᠰᠠᠨᠠᠭᠤᠯᠭ᠎ᠠ ᠶᠢ ᠳᠤᠷᠠᠳᠴᠤ᠂ ᠣᠨ ᠤ ᠲᠥᠷᠥᠯ ᠵᠦᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠤᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ᠂ ᠢᠲᠡᠭᠡᠮᠵᠢᠲᠦ ᠵᠢᠭᠡᠯᠡᠯᠭᠡ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠯᠳᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠳᠣᠯᠤᠭ᠎ᠠ︶ ᠬᠥᠳᠡᠭᠡ ᠲᠣᠰᠬᠤᠨ ᠤ ᠠᠵᠤ ᠦᠶᠯᠡᠰ ᠤᠨ ᠬᠥᠭᠵᠢᠯᠲᠡ ᠶᠢᠨ ᠭᠠᠵᠠᠷ᠄ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠪᠣᠯᠤᠨ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠵᠢᠭᠦᠯᠦᠨ ᠡᠵᠡᠩᠨᠡᠵᠦ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠴᠢᠯᠡᠯᠲᠡ ᠶᠢᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ︵ᠨᠠᠶᠮᠠ︶ ᠮᠠᠯᠵᠢᠬᠤ ᠲᠠᠷᠢᠶᠠᠯᠠᠬᠤ ᠣᠷᠣᠨ ᠤ ᠠᠵᠢᠯ ᠦᠢᠯᠡᠰ ᠢ ᠠᠬᠢᠭᠤᠯᠬᠤ ᠭᠠᠵᠠᠷ᠄ ᠪᠠᠰᠠ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠢ ᠠᠬᠢᠭᠤᠯᠬᠤ ᠭᠠᠵᠠᠷ ᠭᠡᠳᠡᠭ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ︵ᠶᠢᠰᠦ︶ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠠᠵᠤ ᠠᠬᠤᠢ ᠶᠢᠨ ᠵᠢᠯᠣᠭᠤᠳᠬᠤ ᠭᠠᠵᠠᠷ᠄ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ︽ᠨᠢᠭᠡ ᠨᠢᠭᠡ ᠬᠡᠷᠡᠭ ᠢᠶᠠᠷ ᠵᠥᠪᠯᠡᠬᠦ︾ ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠬᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠤᠪᠢᠶᠠᠷᠢᠯᠠᠬᠤ᠂ ᠬᠡᠷᠡᠭᠯᠡᠬᠦ ᠰᠢᠯᠵᠢᠭᠦᠯᠬᠦ᠂ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠠᠮᠢᠶᠠᠷᠤᠯᠲᠠ ᠪᠠ ᠣᠷᠣᠨ ᠰᠠᠭᠤᠴᠠ ᠶᠢᠨ ᠰᠠᠭᠤᠷᠢ ᠭᠠᠵᠠᠷ ᠤᠨ ᠵᠣᠬᠢᠰᠲᠠᠢ ᠪᠠᠶᠢᠷᠢᠰᠢᠭᠤᠯᠤᠯᠲᠠ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠪᠠᠶᠢᠴᠠᠭᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠰᠤᠯᠠ ᠪᠠᠶᠢᠭ᠎ᠠ ᠣᠷᠣᠨ ᠰᠠᠭᠤᠴᠠ ᠶᠢᠨ ᠰᠠᠭᠤᠷᠢ ᠭᠠᠵᠠᠷ ᠪᠠ ᠰᠤᠯᠠ ᠪᠠᠶᠢᠭ᠎ᠠ ᠲᠠᠷᠢᠶᠠᠴᠢᠨ ᠤ ᠬᠡᠷ ᠪᠠᠶᠢᠰᠢᠩ ᠤᠨ ᠠᠰᠢᠭᠯᠠᠯᠲᠠ ᠶᠢ ᠵᠢᠯᠣᠭᠤᠳᠤᠨ᠎ᠠ᠃ ︵ᠠᠷᠪᠠ︶ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠭᠠᠵᠠᠷ᠄ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢᠨ ᠰᠢᠰᠲ᠋ᠧᠮᠵᠢ᠂ ᠪᠦᠬᠦ ᠣᠷᠣᠨ ᠤ ᠶᠡᠭᠡ ᠬᠡᠮᠵᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠵᠠᠳᠠᠯᠤᠯᠲᠠ ᠪᠣᠯᠤᠨ ᠬᠢᠨᠠᠨ ᠰᠢᠨᠵᠢᠯᠡᠵᠦ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠪᠣᠯᠤᠨ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠨᠢᠭᠡ︶ ᠭᠠᠳᠠᠭᠠᠳᠤ ᠲᠠᠢ ᠬᠠᠮᠲᠤᠷᠠᠨ ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠲᠠᠢ ᠬᠠᠮᠲᠤᠷᠠᠨ ᠠᠵᠢᠯᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠣᠷᠣᠨ ᠤ ᠬᠤᠭᠤᠷᠣᠨᠳᠣᠬᠢ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠢᠭᠡᠳ ᠬᠠᠮᠲᠤᠷᠠᠨ ᠠᠵᠢᠯᠯᠠᠬᠤ ᠶᠠᠪᠤᠳᠠᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠤᠬᠢᠷᠠᠯ ᠤᠨ ᠪᠠᠶᠢᠴᠠᠭᠠᠯᠲᠠ᠂ ᠠᠷᠠᠯᠵᠢᠶᠠᠨ ᠤ ᠲᠡᠳᠬᠦᠮᠵᠢ᠂ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠶᠯ ᠤᠨ ᠬᠡᠷᠡᠭᠵᠢᠭᠦᠯᠦᠯᠲᠡ ᠶᠢ ᠬᠠᠷᠢᠭᠤᠴᠠᠵᠤ᠂ ᠬᠤᠯᠪᠣᠭᠳᠠᠯ ᠪᠦᠬᠦᠢ ᠣᠯᠠᠨ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠯᠤᠭ᠎ᠠ ᠨᠡᠪᠲᠡᠷᠡᠯᠴᠡᠵᠦ ᠬᠠᠮᠲᠤᠷᠠᠨ ᠠᠵᠢᠯᠯᠠᠬᠤ ᠶᠠᠪᠤᠳᠠᠯ ᠢ ᠬᠠᠷᠢᠭᠤᠴᠠᠨ᠎ᠠ᠃ ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠭᠠᠵᠠᠷ᠄ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠬᠢᠭᠡᠳ ᠬᠠᠮᠢᠶ᠎ᠠ ᠪᠦᠬᠦᠢ ᠰᠢᠰᠲ᠋ᠧᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠣᠷᠣᠭᠤᠯᠬᠤ᠂ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠡᠷᠯᠢᠰᠡᠵᠢᠭᠦᠯᠦᠭᠰᠡᠨ ᠠᠮᠢᠳᠤ ᠪᠣᠳᠠᠰ ᠤᠨ ᠠᠶᠤᠯᠭᠦᠢ ᠪᠠ ᠭᠠᠳᠠᠨ᠎ᠠ ᠠᠴᠠ ᠢᠷᠡᠭᠰᠡᠨ ᠳᠦᠷᠰᠦ ᠶᠢᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠵᠢᠴᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠯ ᠪᠠ ᠠᠮᠢ ᠠᠬᠤᠶ ᠶᠢᠨ ᠣᠷᠴᠢᠯ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠥᠵᠢᠭᠦᠯᠬᠦ ᠶᠢ ᠵᠢᠯᠣᠭᠤᠳᠤᠨ᠎ᠠ᠃ ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠄ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠯᠡᠬᠦ ᠰᠢᠰᠲ᠋ᠧᠮᠵᠢ ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠷᠢᠮᠵᠢᠶ᠎ᠠ᠂ ᠬᠢᠨᠠᠨ ᠰᠢᠨᠵᠢᠯᠡᠯᠲᠡ᠂ ᠮᠥᠷᠳᠡᠯᠲᠡ᠂ ᠲᠦᠭᠰᠢᠭᠦᠷᠢ ᠶᠢᠨ ᠦᠨᠡᠯᠡᠨ ᠵᠢᠱᠢᠯᠲᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠳᠥᠷᠪᠡ︶ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠄ ᠪᠦᠬᠦ ᠣᠷᠣᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠮᠠᠯ ᠤᠨ ᠦᠢᠯᠡᠰ ᠤᠨ ᠪᠦᠲᠦᠴᠡ ᠪᠣᠯᠤᠨ ᠪᠠᠶᠢᠷᠢᠰᠢᠭᠤᠯᠤᠯ ᠲᠣᠬᠢᠷᠠᠭᠤᠯᠤᠯᠲᠠ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠵᠢᠯᠣᠭᠤᠳᠤᠨ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠲᠣᠬᠢᠷᠠᠭᠤᠯᠤᠨ᠎ᠠ᠃ ᠪᠤᠷᠳᠤᠭᠤᠷ ᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ ᠤᠨ ᠦᠢᠯᠡᠳᠪᠦᠷᠢᠯᠡᠯ᠂ ᠡᠵᠡᠩᠨᠡᠯᠲᠡ ᠪᠣᠯᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠲᠠᠷᠢᠶᠠᠨ ᠡᠮ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠡᠷᠡᠭᠯᠡᠬᠦ ᠶᠢ ᠵᠢᠯᠣᠭᠤᠳᠤᠨ᠎ᠠ᠃ ᠤᠯᠤᠰ ᠤᠨ ᠳᠣᠲᠣᠭᠠᠳᠤ ᠶᠢᠨ ᠪᠠ ᠬᠢᠯᠢ ᠪᠠᠷ ᠣᠷᠣᠭᠤᠯᠵᠤ ᠭᠠᠷᠭᠠᠬᠤ ᠤᠷᠭᠤᠮᠠᠯ ᠤᠨ ᠬᠢᠵᠢᠭ ᠢ ᠪᠠᠶᠢᠴᠠᠭᠠᠬᠤ᠂ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠲᠠᠪᠤ︶ ᠮᠠᠯ ᠠᠵᠤ ᠠᠬᠤᠶ ᠶᠢᠨ ᠲᠣᠪᠴᠢᠶ᠎ᠠ᠄ ᠮᠠᠯ ᠠᠵᠤ ᠠᠬᠤᠶ ᠪᠣᠯᠤᠨ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠬᠠᠮᠢᠶ᠎ᠠ ᠪᠦᠬᠦᠢ ᠳᠦᠷᠢᠮ ᠪᠠ ᠵᠢᠷᠤᠮᠵᠢᠯ ᠢ ᠲᠤᠭᠤᠷᠪᠢᠨ᠎ᠠ᠃ ᠮᠠᠯ ᠠᠵᠤ ᠠᠬᠤᠶ᠂ ᠰᠦ ᠰᠠᠭᠠᠯᠢ ᠶᠢᠨ ᠦᠢᠯᠡᠰ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠮᠠᠯ ᠵᠢᠭᠦᠷᠲᠡᠨ ᠨᠢᠲᠤᠯᠬᠤ᠂ ᠲᠦᠭᠦᠬᠡᠶ ᠰᠦ ᠦᠶᠯᠡᠳᠪᠦᠷᠢᠯᠡᠵᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠮᠠᠯ ᠠᠵᠤ ᠠᠬᠤᠶ᠂ ᠰᠦ ᠰᠠᠭᠠᠯᠢ ᠶᠢᠨ ᠦᠶᠯᠡᠰ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃ ︵ᠠᠷᠪᠠᠨ ᠵᠢᠷᠭᠤᠭ᠎ᠠ︶ ᠮᠠᠯ ᠡᠮᠨᠡᠯᠭᠡ ᠶᠢᠨ ᠲᠣᠪᠴᠢᠶ᠎ᠠ᠄ ᠮᠠᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠡᠮᠨᠡᠯᠭᠡ ᠶᠢᠨ ᠶᠠᠪᠤᠳᠠᠯ᠂ ᠮᠠᠯ ᠤᠨ ᠡᠮ ᠤᠨ ᠶᠠᠪᠤᠳᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠮᠠᠯ ᠤᠨ ᠡᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠢ ᠵᠢᠯᠣᠭᠤᠳᠤᠨ᠎ᠠ᠃ ᠠᠮᠢᠲᠠᠨ ᠤ ᠬᠢᠵᠢᠭ ᠢ ᠰᠡᠷᠭᠡᠶᠢᠯᠡᠨ ᠬᠢᠵᠢᠭ ᠢ ᠪᠠᠶᠢᠴᠠᠭᠠᠬᠤ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠠᠮᠤᠷ ᠲᠦᠪᠰᠢᠨ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠶᠢᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠡᠩᠨᠡᠭᠡᠨ ᠤ ᠪᠠᠶᠢᠭᠤᠯᠤᠯᠲᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠠᠯᠪᠠᠨ ᠤ ᠮᠠᠯ ᠤᠨ ᠡᠮᠴᠢ᠂ ᠡᠷᠬᠢᠯᠡᠭᠰᠡᠨ ᠠᠵᠢᠯ ᠤᠨ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠳᠣᠯᠤᠭ᠎ᠠ︶ ᠲᠡᠵᠢᠭᠡᠯ ᠪᠣᠷᠳᠣᠭᠠᠨ ᠤ ᠭᠠᠵᠠᠷ᠄ ᠲᠡᠵᠢᠭᠡᠯ ᠪᠣᠷᠳᠣᠭᠠᠨ ᠤ ᠡᠬᠢ ᠪᠠᠶᠠᠯᠢᠭ ᠢ ᠬᠠᠮᠠᠭᠠᠯᠠᠬᠤ ᠵᠢᠴᠢ ᠵᠣᠬᠢᠰᠲᠠᠶ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠣᠷᠳᠤᠭ᠎ᠠ ᠪᠣᠯᠤᠨ ᠪᠣᠷᠳᠣᠭᠠᠨ ᠤ ᠨᠡᠮᠡᠯᠲᠡ ᠡᠳ᠋ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠪᠠ ᠠᠶᠤᠯᠭᠦᠢ ᠶᠢᠨ ᠬᠢᠨᠠᠨ ᠰᠢᠨᠵᠢᠯᠡᠯᠲᠡ ᠪᠠ ᠰᠡᠷᠡᠮᠵᠢᠯᠡᠭᠦᠯᠦᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠣᠷᠳᠤᠭ᠎ᠠ ᠪᠣᠯᠤᠨ ᠠᠮᠢᠳᠤ ᠮᠠᠯ ᠲᠡᠵᠢᠭᠡᠨ ᠦᠷᠡᠵᠢᠭᠦᠯᠬᠦ ᠶᠠᠪᠤᠴᠠ ᠳᠠᠬᠢ ᠬᠠᠤᠯᠢ ᠪᠤᠰᠤ ᠨᠡᠮᠡᠯᠲᠡ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠡᠵᠢᠭᠡᠯ ᠪᠣᠷᠳᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠮᠡᠷᠭᠡᠵᠢᠯ ᠳᠡᠯᠭᠡᠷᠡᠭᠦᠯᠬᠦ ᠲᠥᠷᠥᠯ ᠵᠦᠢᠯ ᠤᠨ ᠰᠢᠯᠢᠨ ᠰᠣᠩᠭᠤᠯᠲᠠ ᠵᠢᠴᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ᠎ᠠ᠃ ᠲᠡᠵᠢᠭᠡᠯ ᠪᠣᠷᠳᠤᠭ᠎ᠠ ᠶᠢᠨ ᠠᠵᠢᠯ ᠲᠥᠷᠥᠯ ᠤᠨ ᠠᠵᠤ ᠠᠬᠤᠶ᠂ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠪᠠᠷᠢᠮᠵᠢᠶᠠᠵᠢᠭᠤᠯᠤᠨ ᠬᠡᠪᠴᠢᠶᠡᠵᠢᠭᠰᠡᠨ ᠦᠢᠯᠡᠳᠪᠦᠷᠢᠯᠡᠯ᠂ ᠪᠣᠯᠪᠠᠰᠤᠷᠠᠯ ᠭᠦᠢᠯᠭᠡᠭᠡ ᠪᠠ ᠨᠥᠭᠡᠴᠡ ᠶᠢ ᠵᠢᠯᠣᠭᠤᠳᠤᠨ᠎ᠠ᠃ ︵ᠠᠷᠪᠠᠨ ᠨᠠᠶᠮᠠ︶ ᠵᠢᠭᠠᠰᠤᠨ ᠠᠵᠤ ᠠᠬᠤᠶ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠄ ᠵᠢᠭᠠᠰᠤᠨ ᠠᠵᠤ ᠠᠬᠤᠶ ᠶᠢ ᠬᠥᠭᠵᠢᠭᠦᠯᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ᠎ᠠ᠃ ᠵᠢᠭᠠᠰᠤᠨ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠢ ᠨᠡᠭᠡᠭᠡᠨ ᠠᠰᠢᠭᠯᠠᠨ᠎ᠠ᠃ ᠤᠰᠤᠨ ᠤ ᠠᠮᠢᠲᠠᠨ ᠤᠷᠭᠤᠮᠠᠯ ᠤᠨ ᠡᠪᠡᠳᠴᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠵᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠤᠰᠤᠨ ᠭᠠᠷᠤᠯᠲᠠ ᠶᠢ ᠪᠣᠯᠪᠠᠰᠤᠷᠠᠭᠤᠯᠵᠤ ᠭᠦᠢᠯᠭᠡᠭᠡᠨ ᠳᠤ ᠣᠷᠣᠭᠤᠯᠬᠤ ᠶᠢ ᠵᠢᠯᠣᠭᠤᠳᠤᠨ᠎ᠠ᠃ ᠵᠢᠭᠠᠰᠤᠨ ᠶᠠᠪᠤᠳᠠᠯ ᠵᠢᠭᠠᠰᠤᠨ ᠭᠠᠷᠠᠮ ᠢ ᠬᠢᠨᠠᠨ ᠬᠠᠮᠢᠶᠠᠷᠤᠨ᠎ᠠ᠃ ᠵᠢᠭᠠᠰᠤᠨ ᠠᠵᠤ ᠠᠬᠤᠶ ᠶᠢᠨ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠵᠢᠴᠢ ᠤᠰᠤᠨ ᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ᠎ᠠ᠃ ᠵᠢᠭᠠᠰᠤᠨ ᠠᠵᠤ ᠠᠬᠤᠶ ᠶᠢᠨ ᠠᠶᠤᠯᠭᠦᠢ ᠦᠶᠯᠡᠳᠪᠦᠷᠢᠯᠡᠯ ᠢ ᠵᠢᠯᠣᠭᠤᠳᠤᠨ᠎ᠠ᠃ ︵ᠠᠷᠪᠠ ᠶᠢᠰᠦ︶ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ᠄ ᠠᠲᠠᠷ ᠬᠠᠭᠠᠯᠪᠤᠷᠢᠯᠠᠯᠲᠠ ᠶᠢᠨ ᠣᠷᠣᠨ ᠤ ᠠᠵᠤ ᠠᠬᠤᠶ ᠳᠤ ᠬᠤᠷᠸ᠎ᠠ ᠵᠢᠯᠣᠭᠤᠳᠣᠯᠭ᠎ᠠ ᠶᠠᠪᠤᠭᠤᠯᠵᠤ᠂ ᠠᠲᠠᠷ ᠬᠠᠭᠠᠯᠪᠤᠷᠢᠯᠠᠯᠲᠠ ᠶᠢᠨ ᠣᠷᠣᠨ ᠤ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠲᠣᠭᠲᠠᠭᠠᠨ᠎ᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠠᠲᠠᠷ ᠬᠠᠭᠠᠯᠪᠤᠷᠢᠯᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠣᠭᠲᠠᠭᠠᠬᠤ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ᠎ᠠ᠃ ︵ᠬᠤᠷᠢ︶ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠄ ᠲᠠᠷᠢᠮᠠᠯ᠂ ᠲᠡᠵᠢᠭᠡᠯ ᠡᠪᠡᠰᠦ ᠪᠠ ᠮᠠᠯ ᠵᠢᠭᠦᠷᠲᠡᠨ ᠤᠰᠤᠨ ᠭᠠᠷᠤᠯᠲᠠ ᠶᠢᠨ ᠦᠷ᠎ᠡ ᠶᠢᠨ ᠦᠢᠯᠡᠰ ᠢ ᠬᠥᠭᠵᠢᠭᠦᠯᠬᠦ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠲᠠᠷᠢᠮᠠᠯ᠂ ᠲᠡᠵᠢᠭᠡᠯ ᠡᠪᠡᠰᠦᠨ ᠤ ᠦᠷ᠎ᠡ ᠪᠣᠯᠤᠨ ᠮᠠᠯ ᠵᠢᠭᠦᠷᠲᠡᠨ ᠤ ᠰᠠᠶᠢᠨ ᠡᠭᠦᠯᠳᠡᠷ᠂ ᠢᠴᠡᠭᠡᠯ ᠦᠷ᠎ᠡ᠂ ᠬᠦᠪᠦᠷᠡᠯ ᠤᠨ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠲᠠᠷᠢᠮᠠᠯ᠂ ᠲᠡᠵᠢᠭᠡᠯ ᠡᠪᠡᠰᠦᠨ ᠤ ᠦᠷ᠎ᠡ ᠶᠢᠨ ᠡᠬᠢ ᠪᠠᠶᠠᠯᠢᠭ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ᠂ ᠠᠮᠢᠲᠠᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠦᠷ᠎ᠡ ᠶᠢ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠤᠨ᠎ᠠ᠃ ᠡᠮᠦᠨᠡᠲᠦ ᠣᠷᠣᠨ ᠳᠤ ᠦᠷ᠎ᠡ ᠪᠣᠶᠢᠵᠢᠭᠤᠯᠬᠤ ᠠᠵᠢᠯ ᠢ ᠲᠥᠯᠥᠪᠵᠢᠭᠦᠯᠦᠨ ᠬᠠᠮᠢᠶᠠᠷᠤᠨ᠎ᠠ᠃ ︵ᠬᠤᠷᠢᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠄ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠵᠢᠯᠯᠠᠭᠠᠨ ᠤ ᠵᠢᠷᠤᠮᠵᠢᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠢᠯᠡᠳᠬᠦᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯᠭᠦᠢ ᠠᠵᠢᠯᠯᠠᠭᠠᠨ ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯᠭᠦᠢ ᠶᠢᠨ ᠬᠠᠮᠢᠶᠠᠷᠤᠯᠲᠠ ᠪᠣᠯᠤᠨ ᠲᠤᠷᠰᠢᠯᠲᠠ ᠬᠢᠵᠦ ᠬᠢᠨᠠᠨ ᠲᠣᠭᠲᠠᠭᠠᠬᠤ ᠵᠡᠷᠭᠡ ᠠᠵᠢᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ︵ᠬᠤᠷᠢᠨ ᠬᠤᠶᠠᠷ︶ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠭᠠᠵᠠᠷ᠄ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠨ᠎ᠠ᠃ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠬᠢᠭᠡᠳ ᠲᠥᠷᠥᠯ ᠵᠦᠢᠯ᠂ ᠪᠡᠯᠡ ᠮᠥᠩᠭᠦ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ︵ᠬᠤᠷᠢᠨ ᠭᠤᠷᠪᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ᠄ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ︵ᠬᠤᠷᠢᠨ ᠳᠥᠷᠪᠡ︶ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠄ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠭᠤᠷᠪᠠ᠂ ᠬᠠᠶ᠋ᠢᠭ᠂ ᠠᠯᠪᠠᠯᠠᠬᠤ ᠴᠠᠭ᠂ ᠬᠠᠷᠢᠯᠴᠠᠬᠤ ᠤᠲᠠᠰᠤ᠂ ᠬᠠᠷᠢᠭᠤᠴᠠᠯᠭᠠᠲᠠᠨ ᠤ ᠨᠡᠷ᠎ᠡ ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠲᠣᠭᠠᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠭᠡ ᠠᠰᠠᠷ ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30 ᠬᠠᠷᠢᠯᠴᠠᠬᠤ ᠤᠲᠠᠰᠤ᠄ 0471 - 12316 ᠬᠠᠷᠢᠭᠤᠴᠠᠯᠭᠠᠲᠠᠨ᠄ ᠮᠥ ᠶᠤᠸᠠᠨ ᠳᠥᠷᠪᠡ᠂ ᠰᠢᠭᠤᠳ ᠬᠠᠷᠢᠶ᠎ᠠ ᠨᠢᠭᠡᠴᠢ ᠬᠤᠶᠠᠳᠤᠭᠠᠷ ᠳᠡᠰ ᠤᠨ ᠨᠢᠭᠡᠴᠢ ᠶᠢᠨ ᠮᠡᠳᠡᠭᠡ ᠵᠠᠩᠭᠢ ᠶᠢ ᠪᠠᠶᠢᠭᠤᠯᠤᠮᠵᠢ ᠶᠢᠨ ᠥᠭᠡᠷᠡᠴᠢᠯᠡᠯᠲᠡ ᠳᠠᠭᠤᠰᠤᠭᠰᠠᠨ ᠤ ᠳᠠᠷᠠᠭ᠎ᠠ ᠨᠡᠶᠢᠲᠡᠯᠡᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|