|
ᠠᠮᠢ ᠠᠬᠤᠢ ᠣᠷᠴᠢᠨ ᠲᠣᠭᠤᠷᠢᠨ ᠤ ᠲᠢᠩᠬᠢᠮ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠬᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠲᠤᠭᠤᠷᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠪᠣᠯᠤᠨ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ ᠵᠢᠷᠤᠮᠵᠢᠯ ᠢ ᠲᠣᠭᠲᠠᠭᠠᠨ᠎ᠠ᠃ ︵ᠬᠤᠶᠠᠷ︶ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ ᠬᠦᠨᠳᠦ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠶ ᠶᠢ ᠡᠪᠳᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠢ ᠲᠦᠷᠦᠭᠦᠯᠡᠨ ᠵᠣᠬᠢᠴᠠᠭᠤᠯᠵᠤ᠂ ᠬᠦᠨᠳᠦ ᠣᠨᠴᠠ ᠶᠡᠭᠡ ᠭᠡᠨᠡᠳᠲᠡ ᠶᠢᠨ ᠠᠮᠢ ᠠᠬᠤᠶ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ᠂ ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ ᠢ ᠲᠦᠷᠦᠭᠦᠯᠡᠨ ᠵᠢᠯᠣᠭᠤᠳᠤᠨ ᠬᠡᠷᠡᠭᠵᠢᠭᠦᠯᠵᠦ᠂ ᠣᠷᠣᠨ ᠪᠦᠰᠡ ᠠᠯᠤᠰᠯᠠᠭᠰᠠᠨ ᠬᠤᠯᠪᠣᠭᠳᠠᠯ ᠪᠥᠬᠦᠶ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠶᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ︵ᠭᠤᠷᠪᠠ︶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ ᠵᠡᠷᠭᠡ ᠶᠢᠨ ᠪᠣᠬᠢᠷ ᠪᠣᠳᠠᠰ ᠰᠢᠩᠭᠡᠭᠡᠬᠦ ᠴᠢᠳᠠᠪᠤᠷᠢ ᠶᠢ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠬᠦ ᠪᠣᠬᠢᠷ ᠪᠣᠳᠠᠰ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠴᠤ᠂ ᠡᠯ᠎ᠡ ᠠᠶᠢᠮᠠᠭ ᠬᠤᠲᠠ ᠶᠢᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠳᠥᠷᠪᠡ︶ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠳᠤᠷᠠᠳᠴᠤ᠂ ᠲᠣᠭᠲᠠᠭᠠᠭᠰᠠᠨ ᠡᠷᠬᠡ ᠶᠢᠨ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠪᠠ ᠬᠠᠷᠭᠤᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠣᠷᠴᠢᠯ ᠠᠵᠤ ᠠᠬᠤᠢ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠣᠷᠣᠯᠴᠠᠬᠤ ᠪᠠ ᠵᠢᠯᠣᠭᠤᠳᠤᠨ᠎ᠠ᠃ ︵ᠲᠠᠪᠤ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ᠂ ᠱᠤᠤᠭᠢᠶᠠᠨ᠂ ᠭᠡᠷᠡᠯ᠂ ᠦᠮᠡᠬᠡᠢ ᠦᠨᠦᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠮᠠᠰᠢᠨᠲᠤ ᠲᠡᠷᠭᠡ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠲᠠ ᠬᠥᠳᠡᠭᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠬᠠᠮᠵᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠵᠢᠷᠭᠤᠭ᠎ᠠ︶ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠡᠪᠳᠡᠭᠳᠡᠯ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ᠎ᠡ᠃ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ ᠶᠢᠨ ᠠᠵᠢᠯ ᠢ ᠲᠦᠷᠦᠭᠦᠯᠡᠨ ᠬᠢᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠠᠵᠢᠯ ᠳᠤ ᠣᠷᠣᠯᠴᠠᠨ᠎ᠠ᠃ ︵ᠳᠣᠯᠤᠭ᠎ᠠ︶ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠪᠡᠯᠡᠳᠬᠡᠮᠵᠢ ᠪᠣᠯᠤᠨ ᠰᠠᠴᠤᠷᠠᠭ ᠡᠭᠦᠰᠭᠡᠭᠴᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠨ ᠬᠠᠮᠢᠶᠠᠷᠴᠤ᠂ ᠴᠥᠮ᠎ᠡ ᠶᠢᠨ ᠪᠡᠯᠡᠳᠬᠡᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤᠮᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠨ ᠬᠠᠮᠢᠶᠠᠷᠤᠨ᠎ᠠ᠃ ︵ᠨᠠᠶᠮᠠ︶ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠴᠢᠬᠤᠯᠠ ᠶᠡᠭᠡ ᠠᠵᠤ ᠠᠬᠤᠶ ᠪᠣᠯᠤᠨ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠴᠢᠬᠤᠯᠠ ᠶᠡᠭᠡ ᠠᠵᠤ ᠠᠬᠤᠶ ᠶᠢᠨ ᠨᠡᠭᠡᠭᠡᠯᠲᠡ ᠶᠢᠨ ᠲᠥᠯᠥᠪᠯᠡᠭᠡ ᠳᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨ᠎ᠡ᠃ ᠴᠢᠬᠤᠯᠠ ᠶᠡᠭᠡ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠣᠷᠣᠨ᠂ ᠲᠥᠯᠥᠪᠵᠢᠭᠦᠯᠭᠡ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠳᠠᠩᠰᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠶᠢᠰᠦ︶ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠳᠦᠷᠢᠮ ᠪᠠ ᠵᠢᠷᠤᠮᠵᠢᠯ ᠢ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ᠴᠡᠭ ᠪᠠᠶᠢᠭᠤᠯᠬᠤ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠪᠣᠬᠢᠷᠲᠤᠯ ᠤᠨ ᠢᠷᠡᠯᠲᠡ ᠶᠢ ᠬᠢᠨᠠᠯᠲᠠ ᠲᠠᠯᠪᠢᠬᠤ ᠰᠢᠨᠵᠢᠲᠡᠢ ᠬᠢᠨᠠᠨ ᠬᠡᠮᠵᠢᠬᠦ᠂ ᠬᠦᠯᠡᠮᠵᠢ ᠶᠢᠨ ᠬᠡᠶ ᠪᠡᠶᠡᠲᠦ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠵᠤ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠬᠡᠮᠵᠢᠬᠦ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠰᠦᠯᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠪᠥᠲᠥᠭᠡᠨ ᠪᠠᠶᠢᠭᠤᠯᠵᠤ ᠬᠠᠮᠢᠶᠠᠷᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠬᠤ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠶ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃ ︵ᠠᠷᠪᠠ︶ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠢ ᠬᠠᠷᠢᠭᠤᠴᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠪᠠᠭᠠᠰᠬᠠᠬᠤ ᠴᠢᠬᠤᠯᠠ ᠶᠡᠭᠡ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠤᠯᠤᠰ ᠤᠨ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠤᠯᠠᠨ ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃ ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠷᠬᠡ ᠣᠯᠭᠤᠯᠲᠠ ᠶᠢ ᠦᠨᠳᠦᠰᠦᠯᠡᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠲᠤᠯᠭᠠᠨ᠎ᠠ᠃ ︵ᠠᠷᠪᠠᠨ ᠬᠤᠶᠠᠷ︶ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠨᠢᠭᠡᠳᠦᠯᠲᠡᠶ ᠬᠠᠷᠢᠭᠤᠴᠠᠨ᠎ᠠ᠃ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠢ ᠪᠠᠶᠢᠴᠠᠭᠠᠨ ᠰᠢᠶᠳᠪᠦᠷᠢᠯᠡᠨ᠎ᠡ᠃ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ ︵ᠠᠷᠪᠠᠨ ᠭᠤᠷᠪᠠ︶ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠨᠢ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ︵ᠠᠷᠪᠠᠨ ᠳᠥᠷᠪᠡ︶ ᠠᠮᠢ ᠠᠬᠤᠶ ᠣᠷᠴᠢᠨ ᠲᠣᠭᠤᠷᠢᠨ ᠤ ᠲᠠᠯ᠎ᠠ ᠪᠠᠷ ᠬᠢ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ ᠣᠯᠠᠨ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠲᠤᠷᠠᠯᠴᠠᠭ᠎ᠠ ᠳᠤᠮᠳᠠᠬᠢ ᠥᠪᠡᠷᠲᠡᠭᠡᠨ ᠵᠠᠰᠠᠬᠤ ᠣᠷᠣᠨ ᠯᠤᠭ᠎ᠠ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠭᠠᠳᠠᠭᠠᠳᠤ ᠳᠤ ᠬᠤᠯᠪᠣᠭᠳᠠᠬᠤ ᠠᠮᠢ ᠠᠬᠤᠶ ᠣᠷᠴᠢᠨ ᠲᠣᠭᠤᠷᠢᠨ ᠤ ᠬᠡᠷᠡᠭ ᠶᠠᠪᠤᠳᠠᠯ ᠢ ᠰᠢᠶᠳᠪᠦᠷᠢᠯᠡᠬᠦ ᠳᠤ ᠣᠷᠣᠯᠴᠠᠨ᠎ᠠ᠃ ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠵᠢᠷᠭᠤᠭ᠎ᠠ︶ ᠡᠭᠦᠷᠭᠡ ᠴᠢᠳᠠᠪᠬᠢ ᠶᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠨᠢ ᠠᠮᠢ ᠠᠬᠤᠶ ᠪᠠ ᠬᠤᠲᠠ ᠬᠥᠳᠡᠭᠡ ᠶᠢᠨ ᠡᠯ᠎ᠡ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠬᠠᠮᠲᠤ ᠪᠠᠷ ᠣᠷᠣᠯᠴᠠᠭᠰᠠᠨ ᠠᠮᠢ ᠠᠬᠤᠶ ᠣᠷᠴᠢᠨ ᠲᠣᠭᠤᠷᠢᠨ ᠢ ᠵᠠᠰᠠᠬᠤ ᠰᠢᠰᠲ᠋ᠧᠮ ᠢ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠬᠢᠵᠦ᠂ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠤᠨ᠎ᠠ᠃ ᠳᠥᠷᠪᠡᠳᠦᠭᠡᠷ ᠵᠦᠶᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠳᠣᠤᠷ᠎ᠠ ᠵᠢᠭᠰᠠᠭᠠᠭᠰᠠᠨ ᠳᠣᠲᠣᠭᠠᠳᠤ ᠪᠠᠶᠢᠭᠤᠯᠤᠮᠵᠢ ᠪᠠᠶᠢᠭᠤᠯᠤᠨ᠎ᠠ᠄ ︵ᠨᠢᠭᠡ︶ ᠠᠯᠪᠠᠨ ᠭᠡᠷ ︵ᠤᠬᠠᠭᠤᠯᠭ᠎ᠠ ᠬᠥᠮᠦᠵᠢᠯ ᠤᠨ ᠭᠠᠵᠠᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠵᠡᠷᠭᠡ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠬᠥᠲᠥᠯᠪᠦᠷᠢ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠲᠢᠩᠬᠢᠮ ᠤᠨ ᠰᠣᠨᠢᠨ ᠮᠡᠳᠡᠭᠡ ᠬᠢᠨᠠᠨ ᠬᠠᠷᠭᠤᠭᠤᠯᠬᠤ ᠪᠠ ᠨᠡᠶᠢᠲᠡᠯᠡᠬᠦ ᠠᠵᠢᠯ ᠢ ᠡᠭᠦᠷᠭᠡᠯᠡᠨ᠂ ᠠᠮᠢ ᠠᠬᠤᠶ ᠣᠷᠴᠢᠨ ᠲᠣᠭᠤᠷᠢᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠰᠤᠳᠤᠯᠤᠨ ᠮᠠᠭᠠᠳᠯᠠᠬᠤ᠂ ᠠᠷᠭᠠᠴᠠᠭᠠᠬᠤ ᠠᠵᠢᠯ ᠢ ᠵᠢᠯᠣᠭᠤᠳᠤᠨ᠎ᠠ᠃ ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠯᠪᠠᠨ ᠬᠡᠷ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠭᠦᠯᠬᠦ ᠳᠤ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠲᠦᠷᠢᠮ᠂ ᠠᠵᠢᠯ ᠤᠨ ᠲᠥᠯᠥᠪᠯᠡᠭᠡ᠂ ᠬᠡᠷᠡᠭᠵᠢᠭᠦᠯᠬᠦ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ︵ᠭᠤᠷᠪᠠ︶ ᠶᠡᠷᠦᠩᠬᠡᠶᠢᠯᠡᠭᠰᠡᠨ ᠭᠠᠵᠠᠷ᠃ ᠠᠮᠢ ᠠᠬᠤᠶ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ ᠲᠥᠯᠥᠪᠵᠢᠭᠦᠯᠭᠡ ᠶᠢ ᠲᠤᠭᠤᠷᠪᠢᠵᠤ᠂ ᠠᠮᠢ ᠠᠬᠤᠶ ᠣᠷᠴᠢᠨ ᠲᠣᠭᠤᠷᠢᠨ ᠤ ᠲᠤᠰᠬᠠᠶ ᠲᠥᠯᠥᠪᠵᠢᠭᠦᠯᠭᠡ ᠶᠢ ᠵᠣᠬᠢᠴᠠᠭᠤᠯᠬᠤ ᠪᠠ ᠬᠢᠨᠠᠨ ᠬᠠᠷᠭᠤᠭᠤᠯᠵᠤ᠂ ᠠᠮᠢ ᠠᠬᠤᠶ ᠣᠷᠴᠢᠨ ᠲᠣᠭᠤᠷᠢᠨ ᠤ ᠲᠤᠭ᠎ᠠ ᠪᠦᠷᠢᠳᠬᠡᠯ᠂ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠪᠠ ᠠᠮᠢ ᠠᠬᠤᠶ ᠣᠷᠴᠢᠨ ᠲᠣᠭᠤᠷᠢᠨ ᠤ ᠪᠠᠶᠢᠳᠠᠯ ᠤᠨ ᠵᠠᠳᠠᠯᠤᠯᠲᠠ ᠶᠢᠨ ᠠᠵᠢᠯ ᠢ ᠥᠷᠨᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠡᠵᠡᠮᠳᠡᠯ ᠢ ᠶᠡᠷᠦᠩᠬᠡᠶᠢᠯᠡᠨ ᠵᠣᠬᠢᠴᠠᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠨ ᠤ ᠬᠠᠷᠠᠯᠲᠠ ᠪᠠ ᠰᠢᠯᠭᠠᠨ ᠬᠢᠨᠠᠬᠤ ᠲᠥᠯᠥᠪᠯᠡᠭᠡ ᠶᠢ ᠲᠣᠭᠲᠠᠭᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠳᠥᠷᠪᠡ︶ ᠬᠠᠤᠯᠢ ᠲᠣᠭᠲᠠᠭᠠᠯ ᠬᠢᠭᠡᠳ ᠪᠠᠷᠢᠮᠵᠢᠶ᠎ᠠ ᠶᠢᠨ ᠭᠠᠵᠠᠷ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠪᠠᠷᠢᠮᠵᠢᠶ᠎ᠠ᠂ ᠰᠠᠭᠤᠷᠢ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠭᠰᠠᠨ ᠬᠠᠮᠢᠶᠠᠷᠤᠯᠲᠠ ᠢ ᠡᠭᠦᠷᠭᠡᠯᠡᠨ᠎ᠡ᠃ ︵ᠲᠠᠪᠤ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ᠂ ᠲᠣᠮᠢᠯᠠᠭᠰᠠᠨ ᠪᠠᠶᠢᠭᠤᠯᠤᠮᠵᠢ ᠵᠢᠴᠢ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠵᠢᠯ ᠢ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠤᠳᠤᠷᠢᠳᠬᠤ ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠡᠳ᠋ ᠤᠨ ᠶᠠᠪᠤᠳᠠᠯ ᠤᠨ ᠭᠠᠵᠠᠷ᠃ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠶᠢᠨ ᠠᠵᠢᠯ ᠢ ᠡᠭᠦᠷᠭᠡᠯᠡᠨ᠎ᠡ᠃ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠡᠭᠦᠷᠭᠡᠯᠡᠵᠦ᠂ ᠣᠷᠴᠢᠯ ᠠᠵᠤ ᠠᠬᠤᠶ ᠬᠢᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠬᠤ ᠪᠠ ᠲᠦᠯᠬᠢᠨ ᠠᠬᠢᠭᠤᠯᠬᠤ ᠳᠤ ᠣᠷᠣᠯᠴᠠᠨ᠎ᠠ᠃ ︵ᠳᠣᠯᠤᠭ᠎ᠠ︶ ᠪᠠᠶᠢᠭᠠᠯᠢ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠣᠷᠣᠨ ᠤ ᠠᠮᠢ ᠠᠬᠤᠶ ᠶᠢᠨ ᠪᠠᠶᠢᠳᠠᠯ ᠢ ᠦᠨᠡᠯᠡᠨ ᠵᠢᠱᠢᠬᠦ ᠶᠢ ᠥᠷᠨᠢᠭᠦᠯᠦᠨ᠂ ᠠᠮᠢ ᠠᠬᠤᠶ ᠶᠢᠨ ᠵᠢᠱᠢᠶ᠎ᠡ ᠡᠭᠦᠳᠬᠦ ᠶᠢ ᠵᠢᠯᠣᠭᠤᠳᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠨᠠᠶᠮᠠ︶ ᠤᠰᠤᠨ ᠤ ᠠᠮᠢ ᠠᠬᠤᠶ ᠣᠷᠴᠢᠨ ᠲᠣᠭᠤᠷᠢᠨ ᠤ ᠭᠠᠵᠠᠷ᠃ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠬᠢᠨᠠᠯᠲᠠ ᠲᠠᠯᠪᠢᠨ ᠬᠡᠷᠡᠭᠵᠢᠭᠦᠯᠵᠦ᠂ ᠮᠤᠵᠢ ︵ᠣᠷᠣᠨ︶ ᠠᠯᠤᠰᠯᠠᠭᠰᠠᠨ᠂ ᠠᠶᠢᠮᠠᠭ ᠬᠤᠲᠠ ᠶᠢᠨ ᠵᠠᠭᠠᠭ ᠲᠠᠬᠢ ᠤᠰᠤᠨ ᠴᠣᠭᠴᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠰᠢᠯᠭᠠᠨ ᠬᠢᠨᠠᠬᠤ ᠳᠦᠷᠢᠮ ᠢ ᠪᠠᠶᠢᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠵᠢᠯᠣᠭᠤᠳᠤᠨ᠎ᠠ᠃ ︵ᠶᠢᠰᠦ︶ ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ᠃ ᠪᠦᠬᠦ ᠣᠷᠣᠨ ᠤ ᠠᠭᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ ᠤᠨ ᠡᠨᠧᠷᠭᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠭᠠᠵᠠᠷ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠳᠦᠷᠢᠮ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠠᠭᠠᠷ ᠮᠠᠨᠳᠠᠯ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠡᠭᠦᠷᠭᠡᠯᠡᠵᠦ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ︵ᠠᠷᠪᠠ︶ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠢᠭᠡᠳ ᠣᠯᠠᠨ ᠤᠯᠤᠰ ᠤᠨ ᠬᠠᠮᠲᠤᠷᠠᠯᠴᠠᠭ᠎ᠠ ᠶᠢᠨ ᠭᠠᠵᠠᠷ᠃ ᠪᠦᠬᠦ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠠᠭᠤᠷ ᠠᠮᠢᠰᠬᠤᠯ ᠤᠨ ᠬᠤᠪᠢᠷᠠᠯᠲᠠ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠶᠡᠷᠦᠩᠬᠡᠶᠢᠯᠡᠨ ᠵᠠᠳᠠᠯᠵᠤ᠂ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃ ᠠᠷᠢᠭᠤᠨ ᠴᠡᠪᠡᠷ ᠬᠥᠭᠵᠢᠯᠲᠡ ᠶᠢᠨ ᠲᠣᠭᠲᠠᠴᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠵᠢᠯᠴᠠᠭ᠎ᠠ ᠳᠤᠮᠳᠠᠬᠢ ᠥᠪᠡᠷᠲᠡᠭᠡᠨ ᠵᠠᠰᠠᠬᠤ ᠣᠷᠣᠨ ᠳᠤ ᠬᠤᠯᠪᠣᠭᠳᠠᠬᠤ ᠠᠰᠠᠭᠤᠳᠠᠯ ᠳᠤ ᠰᠠᠨᠠᠭᠤᠯᠭ᠎ᠠ ᠰᠤᠳᠤᠯᠤᠨ ᠳᠤᠷᠠᠳᠴᠤ᠂ ᠭᠠᠳᠠᠭᠠᠳᠤ ᠳᠤ ᠬᠤᠯᠪᠣᠭᠳᠠᠬᠤ ᠠᠮᠢ ᠠᠬᠤᠶ ᠣᠷᠴᠢᠨ ᠲᠣᠭᠤᠷᠢᠨ ᠤ ᠬᠡᠷᠡᠭ ᠶᠠᠪᠤᠳᠠᠯ ᠢ ᠰᠢᠶᠳᠪᠦᠷᠢᠯᠡᠬᠦ ᠳᠤ ᠣᠷᠣᠯᠴᠠᠨ᠎ᠠ᠃ ︵ᠠᠷᠪᠠᠨ ᠨᠢᠭᠡ︶ ᠬᠥᠷᠥᠰᠥᠨ ᠤ ᠠᠮᠢ ᠠᠬᠤᠶ ᠣᠷᠴᠢᠨ ᠲᠣᠭᠤᠷᠢᠨ ᠤ ᠭᠠᠵᠠᠷ᠃ ᠪᠦᠬᠦ ᠣᠷᠣᠨ ᠤ ᠬᠥᠷᠥᠰᠥ ᠰᠢᠷᠣᠶ᠂ ᠭᠠᠵᠠᠷ ᠳᠣᠣᠷᠠᠬᠢ ᠤᠰᠤ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠲᠠᠷᠢᠶᠠᠯᠠᠬᠤ ᠮᠠᠯᠵᠢᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ︵ᠠᠷᠪᠠᠨ ᠬᠤᠶᠠᠷ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠬᠢᠮᠢ ᠶᠢᠨ ᠪᠣᠳᠠᠰ ᠤᠨ ᠭᠠᠵᠠᠷ᠃ ᠪᠦᠬᠦ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠬᠦᠨᠳᠦ ᠲᠡᠮᠦᠷᠯᠢᠭ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯᠲᠠᠶ ᠬᠠᠶᠠᠭᠳᠠᠮᠠᠯ ᠪᠣᠳᠠᠰ ᠡᠵᠡᠩᠨᠡᠬᠦ ᠵᠥᠪᠰᠢᠶᠡᠷᠡᠯ ᠪᠣᠯᠤᠨ ᠮᠤᠵᠢ ᠠᠯᠤᠰᠯᠠᠨ ᠰᠢᠯᠵᠢᠭᠦᠯᠬᠦ ᠶᠢ ᠬᠢᠨᠠᠨ ᠵᠥᠪᠰᠢᠶᠡᠷᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠭᠤᠷᠪᠠ︶ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠭᠠᠵᠠᠷ᠃ ᠴᠥᠮ᠎ᠡ ᠶᠢᠨ ᠪᠠ ᠰᠠᠴᠤᠷᠠᠭ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠴᠥᠮ᠎ᠡ ᠶᠢᠨ ᠲᠦᠯᠡᠰᠢ ᠶᠢᠨ ᠡᠷᠭᠢᠯᠲᠡ ᠶᠢᠨ ᠪᠡᠯᠡᠳᠬᠡᠮᠵᠢ᠂ ᠰᠠᠴᠤᠷᠠᠭ ᠴᠢᠨᠠᠷᠲᠠᠶ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠪᠠ ᠲᠣᠬᠢᠷᠠᠭᠤᠯᠬᠤ ᠪᠡᠯᠡᠳᠬᠡᠮᠵᠢ᠂ ᠴᠥᠮ᠎ᠡ ᠶᠢᠨ ᠮᠡᠷᠭᠡᠵᠢᠯ ᠢ ᠠᠰᠢᠭᠯᠠᠬᠤ ᠲᠥᠷᠥᠯ ᠵᠦᠢᠯ᠂ ᠦᠷᠡᠨ ︵ᠲᠤᠷᠢ︶ ᠤ ᠬᠦᠳᠡᠷ ᠪᠣᠯᠤᠨ ᠳᠠᠭᠠᠯᠲᠠ ᠰᠠᠴᠤᠷᠠᠭ ᠴᠢᠨᠠᠷᠲᠠᠶ ᠬᠦᠳᠡᠷ᠂ ᠴᠠᠬᠢᠯᠭᠠᠨ ᠰᠣᠷᠢᠨᠵᠢᠨ ᠰᠠᠴᠤᠷᠠᠭ ᠤᠨ ᠲᠣᠨᠤᠭ ᠪᠣᠯᠤᠨ ᠪᠡᠯᠡᠳᠬᠡᠮᠵᠢ᠂ ᠰᠠᠴᠤᠷᠠᠭ ᠴᠢᠨᠠᠷᠲᠠᠶ ᠪᠣᠳᠠᠰ ᠤᠨ ᠲᠡᠭᠡᠭᠡᠪᠦᠷᠢ ᠶᠢᠨ ᠴᠥᠮ᠎ᠡ ᠶᠢᠨ ᠠᠮᠤᠷ ᠲᠦᠪᠰᠢᠨ᠂ ᠰᠠᠴᠤᠷᠠᠭ ᠤᠨ ᠠᠮᠤᠷ ᠲᠦᠪᠰᠢᠨ ᠪᠣᠯᠤᠨ ᠰᠠᠴᠤᠷᠠᠭ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠴᠤᠷᠠᠭ ᠴᠢᠨᠠᠷᠲᠠᠶ ᠪᠣᠬᠢᠷᠲᠤᠯ ᠢ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠵᠤ᠂ ᠴᠥᠮ᠎ᠡ ᠬᠢᠭᠡᠳ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠡᠭᠦᠷᠭᠡᠯᠡᠨ᠎ᠡ᠃ ︵ᠠᠷᠪᠠᠨ ᠳᠥᠷᠪᠡ︶ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠ ᠪᠣᠬᠢᠷᠲᠤᠯ ᠭᠠᠳᠠᠭᠰᠢᠯᠠᠭᠤᠯᠬᠤ ᠶᠢ ᠬᠠᠮᠢᠶᠠᠷᠬᠤ ᠭᠠᠵᠠᠷ᠃ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠡᠭᠦᠷᠭᠡᠯᠡᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠶᠡᠷᠦᠩᠬᠡᠶᠢᠯᠡᠨ ᠵᠣᠬᠢᠴᠠᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠳᠠᠩᠰᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠠᠷᠪᠠᠨ ᠲᠠᠪᠤ︶ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠭᠠᠵᠠᠷ᠃ ᠪᠦᠬᠦ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠬᠦ᠂ ᠬᠦᠯᠡᠮᠵᠢ ᠶᠢᠨ ᠬᠡᠢ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠬᠦ ᠶᠢᠨ ᠬᠠᠮᠲᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠰᠦᠯᠵᠢᠶ᠎ᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠡᠭᠦᠷᠭᠡᠯᠡᠨ᠎ᠡ᠃ ︵ᠠᠷᠪᠠᠨ ᠵᠢᠷᠭᠤᠭ᠎ᠠ︶ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠠᠮᠢ ᠠᠬᠤᠶ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠪᠥᠬᠦ ᠣᠷᠣᠨ ᠤ ᠴᠢᠬᠤᠯᠠ ᠣᠨᠴᠠ ᠶᠡᠭᠡ ᠭᠡᠨᠡᠳᠲᠡ ᠶᠢᠨ ᠠᠮᠢ ᠠᠬᠤᠶ ᠣᠷᠴᠢᠨ ᠲᠣᠭᠤᠷᠢᠨ ᠤ ᠬᠡᠷᠡᠭ ᠪᠠ ᠠᠮᠢ ᠠᠬᠤᠶ ᠶᠢᠨ ᠡᠪᠳᠡᠯᠡᠭᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠠᠶᠢᠴᠠᠭᠠᠨ ᠰᠢᠶᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠬᠤᠯᠪᠣᠭᠳᠠᠯ ᠪᠥᠬᠦᠶ ᠮᠤᠵᠢ ᠣᠷᠣᠨ ᠠᠯᠤᠰᠯᠠᠭᠰᠠᠨ᠂ ᠠᠶᠢᠮᠠᠭ ᠬᠤᠲᠠ ᠶᠢᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠶᠳᠪᠦᠷᠢᠯᠡᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠶᠢᠭᠤᠯᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ᠂ ᠲᠣᠮᠢᠯᠠᠭᠰᠠᠨ ᠪᠠᠶᠢᠭᠤᠯᠤᠮᠵᠢ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠶᠢ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠪᠣᠯᠤᠨ ᠲᠣᠮᠢᠯᠠᠭᠰᠠᠨ ᠪᠠᠶᠢᠭᠤᠯᠤᠮᠵᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 78 ᠬᠥᠮᠦᠨ᠂ ᠲᠢᠩᠬᠢᠮ ᠤᠨ ᠳᠠᠷᠤᠭ᠎ᠠ 1 ᠬᠥᠮᠦᠨ᠂ ᠲᠢᠩᠬᠢᠮ ᠤᠨ ᠳᠡᠳ᠋ ᠳᠠᠷᠤᠭ᠎ᠠ 5 ᠬᠥᠮᠦᠨ ᠪᠣᠯᠣᠨ᠎ᠠ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 37 ᠬᠥᠮᠥᠨ ᠪᠣᠯᠣᠨ᠎ᠠ ﹇19 ᠵᠢᠩᠬᠢᠨᠢ ᠭᠠᠵᠠᠷ ᠤᠨ ᠳᠡᠰ ︵ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶ 18 ᠳᠡᠳ᠋ ᠭᠠᠵᠠᠷ ᠤᠨ ᠳᠡᠰ ︵ᠪᠠᠶᠢᠭᠤᠯᠭ᠎ᠠ ᠶᠢᠨ ᠰᠠᠬᠢᠯᠭ᠎ᠠ ᠶᠢ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶﹈᠃ ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠨᠢ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠠᠯᠪᠠᠨ ᠬᠡᠷ ᠳᠣᠭᠢᠷᠠᠭᠤᠯᠵᠤ᠂ ᠭᠠᠵᠠᠷ ᠤᠨ ᠲᠠᠰ ᠤᠨ ᠲᠣᠮᠢᠯᠠᠭᠰᠠᠨ ᠪᠠᠶᠢᠭᠤᠯᠤᠮᠵᠢ ᠪᠣᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ 3 ᠰᠢᠮᠳᠠᠭᠤᠯᠤᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠠᠯᠪᠠᠨ ᠬᠡᠷ ᠤᠨ ᠵᠠᠰᠠᠭ ᠵᠠᠬᠢᠷᠭᠠᠨ ᠤ ᠣᠷᠣᠨ ᠲᠤᠭ᠎ᠠ 12 ᠬᠥᠮᠥᠨ ᠪᠠᠶᠢᠵᠤ᠂ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠶᠢᠨ ᠶᠡᠷᠦᠩᠬᠡᠶ ᠲᠤᠭ᠎ᠠ ᠠᠴᠠ ᠭᠠᠳᠠᠨ᠎ᠠ ᠲᠤᠰᠠᠭᠠᠷ ᠵᠢᠭᠰᠠᠭᠠᠨ᠎ᠠ᠃ ᠡᠯ᠎ᠡ ᠠᠯᠪᠠᠨ ᠬᠡᠷ ᠲᠤ 1 ᠡᠷᠬᠢᠯᠡᠭᠴᠢ ︵ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠢ ᠬᠠᠪᠰᠤᠷᠭᠠᠵᠤ᠂ ᠵᠢᠩᠬᠢᠨᠢ ᠭᠠᠵᠠᠷ ᠤᠨ ᠲᠠᠰ ᠤᠨ ᠵᠡᠷᠭᠡ ᠲᠠᠢ︶᠂ 1 ᠳᠡᠳ᠋ ᠡᠷᠬᠢᠯᠡᠭᠴᠢ ︵ᠳᠡᠳ᠋ ᠭᠠᠵᠠᠷ ᠤᠨ ᠲᠠᠰ︶ ᠲᠣᠬᠢᠷᠠᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠠᠯᠪᠠᠨ ᠬᠡᠷ ᠨᠢ ᠭᠤᠤᠯᠳᠠᠭᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠨᠢ ᠠᠳᠠᠯᠢ ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠭᠰᠡᠨ ᠪᠠᠶᠢᠳᠠᠯ ᠵᠢᠴᠢ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠳᠣᠯᠣᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠬᠠᠷᠢᠶᠠᠲᠤ ᠠᠵᠢᠯ ᠦᠶᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠢ ᠠᠰᠲᠠᠭᠠᠨ ᠲᠣᠭᠲᠠᠭᠠᠨ᠎ᠠ᠃ ᠨᠠᠶᠮᠠᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠶᠢᠰᠦᠳᠦᠭᠡᠷ ᠵᠦᠶᠯ ᠲᠣᠰ ᠲᠣᠭᠲᠠᠭᠠᠯ ᠢ 2019 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠸᠢ ᠵᠠᠮ ᠤᠨ 39 ᠳ᠋ᠦ᠋ᠭᠡᠷ ᠲᠣᠭᠠᠲᠤ ᠤᠲᠠᠰᠤ᠄ 0471-4632017 ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9:00-12:00 ᠦᠳᠡ ᠶᠢᠨ ᠬᠤᠶᠢᠨ᠎ᠠ 13:30-17:00 ᠬᠠᠷᠢᠭᠤᠴᠠᠯᠭᠠᠲᠠᠨ᠄ ᠶᠠᠩ ᠵᠢᠶᠧ
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|