|
ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ ᠪᠥᠭᠡᠳ ᠵᠢᠩᠬᠢᠨᠢ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠤᠤᠷᠠᠭ ᠢ ᠲᠤᠭᠤᠷᠪᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠪᠢᠴᠢᠬᠦ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠭᠦᠯᠬᠦ ᠬᠤᠳᠠᠯᠳᠤᠨ ᠠᠪᠬᠤ ᠶᠢ ᠬᠤᠣᠰᠯᠠᠭᠤᠯᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ︵ᠭᠤᠷᠪᠠ︶ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠭᠠᠵᠠᠷ ᠬᠥᠷᠥᠩᠭᠡ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠭᠡᠷ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠭᠡᠷ ᠭᠠᠵᠠᠷ ᠬᠥᠷᠥᠩᠭᠡ ᠶᠢᠨ ᠪᠠᠷᠤᠭᠯᠠᠭᠰᠠᠨ ᠦᠨ᠎ᠡ ᠬᠢᠭᠡᠳ ᠠᠵᠤ ᠠᠬᠤᠶ ᠶᠢᠨ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠨ ᠵᠢᠯᠣᠭᠤᠳᠤᠨ᠎ᠠ᠃ ︵ᠳᠥᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠤᠨ ᠪᠦᠬᠦ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠬᠤ ᠪᠠᠷᠢᠯᠭ᠎ᠠ ᠶᠢ ᠦᠨᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠤᠯ ᠢ ᠦᠨᠡᠯᠡᠬᠦ ᠠᠷᠭ᠎ᠠ᠂ ᠠᠵᠤ ᠠᠬᠤᠶ ᠶᠢᠨ ᠪᠣᠯᠵᠣᠯᠲᠤ ᠲᠤᠭ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢ ᠦᠨᠡᠯᠡᠬᠦ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ︵ᠴᠢᠮᠡᠭᠡ ᠬᠤᠯᠪᠣᠭᠠᠨ ᠤ ᠪᠡᠯᠡᠳᠬᠡᠮᠵᠢ ᠪᠠᠭᠲᠠᠬᠤ ᠦᠭᠡᠶ︶ ᠶᠢ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢ ᠦᠨᠡᠯᠡᠵᠦ ᠪᠣᠳᠣᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠪᠣᠯᠤᠨ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢᠨ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠯᠲᠠ ᠲᠠᠯᠪᠢᠵᠤ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠳᠤ ᠲᠠᠯᠪᠢᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠤᠨ ᠳᠣᠲᠣᠷᠠᠬᠢ ᠴᠢᠮᠡᠭᠯᠡᠯ ᠤᠨ ᠦᠢᠯᠡᠰ ᠢ ᠬᠠᠮᠢᠶᠠᠷᠴᠤ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠳᠠᠭᠠᠭᠠᠴᠢᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠳᠤ ᠣᠷᠣᠯᠴᠠᠭᠤᠯᠤᠨ᠎ᠠ᠃ ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠷᠢᠵᠤ ᠳᠠᠭᠤᠰᠤᠭᠰᠠᠨ ᠢ ᠰᠢᠯᠭᠠᠨ ᠠᠪᠴᠤ ᠳᠠᠩᠰᠠᠯᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠬᠤ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠰᠤᠯᠠ ᠱᠦᠢᠨᠢ ᠶᠢᠨ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ ︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢ ᠬᠡᠮᠵᠢᠬᠦ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠱᠤᠭᠤᠬᠤ ᠠᠵᠢᠯ ᠢ ᠵᠢᠯᠣᠭᠤᠳᠤᠨ᠎ᠠ᠃ ᠬᠤᠲᠠ ᠶᠢᠨ ᠵᠠᠰᠠᠵᠤ ᠨᠥᠬᠦᠪᠥᠷᠢᠯᠡᠬᠦ ᠪᠠ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠶᠢᠨ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠨᠠᠢᠮᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠶᠢᠰᠦ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠵᠢᠴᠢ ᠬᠤᠲᠠ ᠶᠢᠨ ᠬᠠᠮᠢᠶᠠᠷᠤᠯᠲᠠ ᠯᠤᠭ᠎ᠠ ᠬᠤᠯᠪᠣᠭᠳᠠᠬᠤ ᠰᠠᠯᠠᠭ᠎ᠠ ᠮᠥᠴᠢᠷ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠳᠤ ᠵᠢᠯᠣᠭᠤᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠳᠠᠯ ᠢ ᠵᠣᠬᠢᠶᠠᠨ ᠪᠠᠶᠢᠭᠤᠯᠤᠨ᠎ᠠ᠃ ︵ᠠᠷᠪᠠ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠣᠯᠤᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠭᠤᠤᠯᠳᠠᠯᠭ᠎ᠠ ᠲᠠᠢ ᠪᠠᠯᠭᠠᠰᠤ ᠶᠢ ᠪᠦᠲᠦᠭᠡᠨ ᠪᠠᠶᠢᠭᠤᠯᠬᠤ ᠪᠠ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤᠨ ᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠦᠭᠡᠶ ᠪᠠᠷᠢᠯᠭ᠎ᠠ᠂ ᠤᠭᠰᠠᠷᠠᠬᠤ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠠᠷᠪᠠᠨ ᠬᠤᠶᠠᠷ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠲᠦᠷᠢᠮ ᠢ ᠲᠣᠭᠲᠠᠭᠠᠨ᠎ᠠ᠃ ᠪᠦᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠣᠯᠤᠨ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃ ︵ᠠᠷᠪᠠᠨ ᠭᠤᠷᠪᠠ︶ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠴᠢᠳᠠᠪᠤᠷᠢᠲᠠᠨ ᠤ ᠡᠩᠨᠡᠭᠡ ᠪᠠᠶᠢᠭᠤᠯᠬᠤ ᠶᠢ ᠵᠢᠯᠣᠭᠤᠳᠴᠤ᠂ ᠭᠠᠳᠠᠭᠠᠳᠤ ᠰᠣᠯᠢᠯᠴᠠᠭ᠎ᠠ ᠬᠢᠭᠡᠳ ᠬᠤᠷᠰᠢᠯᠴᠠᠭ᠎ᠠ ᠶᠢ ᠥᠷᠨᠢᠭᠦᠯᠦᠨ᠎ᠡ᠃ ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠵᠠᠬᠢᠳᠠᠯ ᠰᠤᠷᠪᠤᠯᠵᠢᠯᠠᠯ ᠢ ᠶᠡᠷᠦᠩᠬᠡᠶᠢᠯᠡᠨ ᠵᠠᠰᠠᠬᠤ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠶᠴᠡᠳᠬᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ᠎ᠠ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠲᠤᠰᠢᠶᠠᠯ ᠤᠨ ᠴᠣᠯᠠ ᠶᠢᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠴᠢᠳᠠᠪᠤᠷᠢᠲᠠᠨ ᠬᠥᠮᠦᠵᠢᠭᠦᠯᠬᠦ ᠪᠠ ᠬᠥᠭᠵᠢᠭᠦᠯᠬᠦ ᠲᠥᠷᠥ ᠶᠢᠨ ᠪᠣᠳᠣᠯᠭ᠎ᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠠᠵᠢᠯ ᠲᠥᠷᠥᠯ ᠤᠨ ᠠᠵᠢᠯ ᠮᠡᠷᠭᠡᠵᠢᠯ ᠤᠨ ᠪᠠᠷᠢᠮᠵᠢᠶ᠎ᠠ᠂ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠠ᠂ ᠲᠤᠰᠬᠠᠶ ᠮᠡᠷᠭᠡᠵᠢᠯ ᠤᠨ ᠬᠢᠷᠢ ᠬᠡᠮ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠡᠬᠡ ᠲᠥᠰᠦᠯ ᠢ ᠲᠤᠭᠤᠷᠪᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠠᠵᠢᠯ ᠲᠥᠷᠥᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠵᠢᠯᠣᠭᠤᠳᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ︵ᠲᠦᠷᠪᠡ︶ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠃ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠲᠤᠰ ᠱᠠᠲᠤᠨ ᠤ ᠪᠦᠲᠦᠭᠡᠨ ᠪᠠᠶᠢᠭᠤᠯᠤᠯᠲᠠ ᠶᠢᠨ ᠦᠶᠯᠡᠰ ᠤᠨ ᠡᠯ᠎ᠡ ᠵᠦᠶᠯ ᠤᠨ ᠪᠡᠯᠡ ᠮᠥᠩᠭᠦ ᠪᠠ ᠳᠣᠲᠣᠭᠠᠳᠤ ᠶᠢᠨ ᠬᠢᠨᠠᠨ ᠪᠣᠳᠣᠬᠤ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠢᠩᠬᠢᠮ ᠤᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠲᠦᠭᠡᠨ ᠪᠠᠶᠢᠭᠤᠯᠤᠯᠲᠠ ᠶᠢᠨ ᠦᠶᠯᠡᠰ ᠤᠨ ᠪᠦᠷᠢᠳᠬᠡᠬᠦ᠂ ᠵᠠᠳᠠᠯᠤᠯᠲᠠ ᠬᠢᠵᠦ ᠲᠣᠬᠢᠷᠠᠭᠤᠯᠬᠤ ᠪᠠ ᠭᠠᠳᠠᠭᠠᠳᠤ ᠲᠠᠢ ᠬᠠᠮᠲᠤᠷᠠᠯᠴᠠᠬᠤ ᠵᠡᠷᠭᠡ ᠠᠵᠢᠯ ᠢ ᠬᠠᠷᠢᠭᠤᠴᠠᠨ᠎ᠠ᠃ ︵ᠲᠠᠪᠤ︶ ᠣᠷᠣᠨ ᠰᠠᠭᠤᠴᠠ ᠶᠢᠨ ᠪᠠᠲᠤᠯᠠᠭ᠎ᠠ ᠶᠢᠨ ᠭᠠᠵᠠᠷ᠃ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠪᠠᠷᠢᠯᠭ᠎ᠠ ᠶᠢᠨ ᠪᠡᠯᠡ ᠮᠥᠩᠭᠦ ᠶᠢ ᠲᠣᠬᠢᠷᠠᠭᠤᠯᠬᠤ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ︵ᠨᠢᠭᠡᠴᠢ︶ ᠤᠨ ᠣᠷᠣᠨ ᠰᠠᠭᠤᠴᠠ ᠶᠢᠨ ᠨᠥᠬᠦᠪᠥᠷᠢ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠃ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠠᠷᠠᠯᠵᠢᠶᠠᠯᠠᠬᠤ᠂ ᠭᠡᠷ ᠪᠠᠶᠢᠰᠢᠩ ᠵᠠᠭᠤᠴᠢᠯᠠᠬᠤ ᠪᠠ ᠠᠳᠠᠯ ᠠᠬᠤᠶ ᠶᠢ ᠬᠠᠮᠢᠶᠠᠷᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ᠂ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ᠂ ᠠᠰᠠᠷ ᠤᠨ ᠬᠦᠰᠦᠨᠦᠭᠲᠦ ᠪᠠᠶᠢᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠬᠢᠨᠠᠨ ᠬᠠᠷᠭᠤᠭᠤᠯᠬᠤ᠂ ᠭᠡᠷ ᠪᠠᠶᠢᠰᠢᠩ ᠤᠨ ᠢᠷᠡᠯᠲᠡ ᠶᠢ ᠰᠢᠯᠭᠠᠨ ᠬᠢᠨᠠᠬᠤ᠂ ᠭᠡᠷ ᠪᠠᠶᠢᠰᠢᠩ ᠠᠷᠠᠯᠵᠢᠶᠠᠯᠠᠬᠤ ᠭᠡᠷ᠎ᠡ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠭᠡᠷ ᠪᠠᠶᠢᠰᠢᠩ ᠠᠷᠠᠯᠵᠢᠶᠠᠯᠠᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠢᠴᠢ ᠭᠡᠷ ᠪᠠᠶᠢᠰᠢᠩ ᠪᠠᠷᠢᠴᠠᠭᠠᠯᠠᠬᠤ ᠵᠡᠷᠭᠡ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠰᠢᠰᠲ᠋ᠧᠮ ᠪᠣᠯᠤᠨ ᠬᠤᠪᠢ ᠬᠥᠮᠦᠨ ᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃ ︵ᠳᠣᠯᠤᠭ᠎ᠠ︶ ᠪᠠᠷᠢᠮᠵᠢᠶ᠎ᠠ ᠨᠣᠷᠮ᠎ᠠ ᠲᠣᠭᠲᠠᠭᠠᠬᠤ ᠭᠠᠵᠠᠷ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠵᠤ ᠨᠡᠶᠢᠲᠡᠯᠡᠨ᠎ᠡ᠃ ᠪᠠᠷᠢᠯᠭ᠎ᠠ ᠶᠢᠨ ᠦᠨ᠎ᠡ ᠶᠢᠨ ᠯᠠᠪᠯᠠᠯᠭ᠎ᠠ ᠥᠭᠬᠦ ᠨᠢᠭᠡᠴᠢ ᠶᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ ︵ᠨᠠᠶᠮᠠ︶ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠃ ᠪᠠᠷᠢᠯᠭ᠎ᠠ ᠶᠢᠨ ᠵᠠᠬ᠎ᠠ ᠳᠡᠯᠭᠡᠭᠦᠷ ᠢ ᠵᠢᠷᠤᠮᠵᠢᠭᠤᠯᠬᠤ᠂ ᠭᠡᠷ ᠪᠠᠶᠢᠰᠢᠩ ᠤᠨ ᠪᠠᠷᠢᠬᠤ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠬᠦᠯᠢᠶᠡᠬᠦ᠂ ᠪᠦᠲᠦᠭᠡᠨ ᠪᠠᠶᠢᠭᠤᠯᠤᠯᠲᠠ ᠶᠢ ᠬᠢᠨᠠᠵᠤ ᠬᠠᠮᠢᠶᠠᠷᠬᠤ᠂ ᠭᠡᠷ᠎ᠡ ᠶᠢ ᠬᠠᠮᠢᠶᠠᠷᠬᠤ᠂ ᠪᠠᠷᠢᠯᠭ᠎ᠠ ᠶᠢ ᠬᠠᠮᠢᠶᠠᠷᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠶᠢᠨ ᠪᠠᠶᠢᠴᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠵᠠᠰᠠᠵᠤ ᠴᠢᠮᠡᠭᠯᠡᠬᠦ᠂ ᠭᠡᠷ ᠳᠣᠲᠣᠷᠠᠬᠢ ᠶᠢ ᠵᠠᠰᠠᠵᠤ ᠴᠢᠮᠡᠬᠦ᠂ ᠪᠦᠲᠦᠭᠡᠨ ᠪᠠᠶᠢᠭᠤᠯᠤᠯᠲᠠ ᠶᠢ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠤ ᠠᠬᠤᠶᠢᠯᠠᠯ᠂ ᠬᠠᠶᠢᠨ ᠪᠠᠶᠢᠴᠠᠭᠠᠬᠤ ᠵᠢᠷᠤᠭ ᠲᠥᠯᠥᠪᠯᠡᠭᠡ ᠶᠢᠨ ᠯᠠᠪᠯᠠᠯᠭ᠎ᠠ ᠥᠭᠬᠦ ᠨᠢᠭᠡᠴᠢ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠢ ᠳᠤ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ ︵ᠶᠢᠰᠦ︶ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠶᠳᠪᠦᠷᠢᠯᠡᠬᠦ ᠳᠤ ᠣᠷᠣᠯᠴᠠᠨ᠎ᠠ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠰᠡᠷᠭᠡᠶᠢᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ᠂ ᠪᠠᠷᠢᠯᠭ᠎ᠠ ᠪᠠᠷᠢᠬᠤ ᠳᠤ ᠵᠥᠪᠰᠢᠶᠡᠷᠡᠯ ᠣᠯᠭᠤᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠳᠠᠩᠰᠠᠯᠠᠭᠤᠯᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠠᠷᠪᠠ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠃ ᠬᠤᠲᠠ ᠪᠠᠯᠭᠠᠰᠤ ᠶᠢᠨ ᠤᠰᠤᠨ ᠤ ᠶᠠᠪᠤᠳᠠᠯ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠵᠠᠮ ᠬᠥᠭᠦᠷᠭᠡ᠂ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂ ᠬᠠᠷᠢᠮᠠᠬᠠᠢ ᠴᠢᠨᠠᠷᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠢᠯᠣᠭᠤᠳᠤᠨ᠎ᠠ᠃ ᠬᠤᠲᠠ ᠶᠢᠨ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ ᠵᠢᠯᠣᠭᠤᠳᠤᠨ᠎ᠠ᠃ ᠪᠥᠬᠦ ᠣᠷᠣᠨ ᠤ ᠲᠡᠦᠬᠡ ᠰᠣᠶᠣᠯ ᠤᠨ ᠨᠠᠷᠠᠲᠤ ᠬᠤᠲᠠ ᠶᠢ ᠮᠡᠳᠡᠭᠦᠯᠬᠦ ᠪᠠ ᠬᠤᠲᠠ ᠪᠠᠯᠭᠠᠰᠤ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ᠂ ᠬᠤᠲᠠ ᠪᠠᠯᠭᠠᠰᠤ ᠶᠢᠨ ᠱᠤᠭᠤᠮᠠᠯ ᠱᠤᠭᠤᠬᠤ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠬᠠᠮᠢᠶᠠᠷᠬᠤ ᠶᠢ ᠵᠢᠯᠣᠭᠤᠳᠤᠨ᠎ᠠ᠃ ︵ᠠᠷᠪᠠᠨ ᠨᠢᠭᠡ︶ ᠬᠤᠲᠠ ᠶᠢᠨ ᠬᠠᠮᠢᠶᠠᠷᠤᠯᠲᠠ ᠶᠢᠨ ᠭᠠᠵᠠᠷ᠃ ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠵᠣᠬᠢᠴᠠᠩᠭᠤᠶ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ ᠶᠢ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠣᠷᠣᠨ ᠤ ᠬᠤᠲᠠ ᠪᠠᠯᠭᠠᠰᠤ ᠶᠢᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠵᠠᠮ ᠬᠥᠭᠦᠷᠭᠡ ᠶᠢᠨ ᠬᠠᠮᠢᠶᠠᠷᠤᠯᠲᠠ ᠶᠢᠨ ᠠᠵᠢᠯ ᠵᠢᠴᠢ ᠪᠦᠬᠦ ᠣᠷᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠢᠯᠴᠢ ᠬᠠᠩᠭᠠᠯᠭ᠎ᠠ᠂ ᠬᠤᠭ ᠨᠣᠪᠰᠢ᠂ ᠣᠯᠠᠨ ᠨᠡᠶᠢᠲᠡ ᠶᠢᠨ ᠭᠡᠷᠡᠯᠲᠦᠭᠦᠯᠭᠡ᠂ ᠬᠤᠲᠠ ᠶᠢᠨ ᠲᠡᠷᠭᠡᠨ ᠵᠣᠭᠰᠣᠭᠠᠯ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ ︵ᠠᠷᠪᠠᠨ ᠬᠤᠶᠠᠷ︶ ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠠᠵᠠᠷ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠯᠣᠭᠤᠳᠤᠨ ᠬᠢᠨᠠᠯᠲᠠ ᠲᠠᠯᠪᠢᠬᠤ ᠶᠢᠨ ᠬᠠᠮᠲᠤ ᠬᠢᠨᠠᠨ ᠰᠢᠯᠭᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠵᠥᠷᠢᠴᠡᠭᠰᠡᠨ ᠠᠴᠠ ᠪᠤᠰᠤᠳ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠢᠶᠳᠪᠦᠷᠢᠯᠡᠬᠦ ᠠᠵᠢᠯ ᠢ ᠵᠢᠯᠣᠭᠤᠳᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠ ᠣᠷᠣᠨ ᠪᠦᠰᠡ ᠠᠯᠤᠰᠯᠠᠭᠰᠠᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠨ᠎ᠡ᠃ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠶᠠᠷᠢᠯᠠᠨ ᠰᠢᠯᠵᠢᠭᠦᠯᠬᠦ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠠᠵᠢᠯ ᠢ ᠲᠥᠪᠯᠡᠷᠡᠭᠦᠯᠦᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠵᠢᠯᠣᠭᠤᠳᠤᠨ᠎ᠠ᠃ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ︵ᠠᠷᠪᠠᠨ ᠭᠤᠷᠪᠠ︶ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠭᠠᠵᠠᠷ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠵᠢᠯᠣᠭᠤᠳᠤᠨ᠎ᠠ᠃ ᠲᠡᠦᠬᠡ ᠰᠣᠶᠣᠯ ᠤᠨ ᠨᠡᠷᠡᠲᠦ ᠪᠠᠯᠭᠠᠰᠤ ︵ᠲᠣᠰᠬᠤᠨ︶ ᠪᠣᠯᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ ︵ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠯ᠎ᠡ ᠱᠠᠲᠤᠨ ᠤ ᠭᠤᠣᠯᠳᠠᠯᠭ᠎ᠠ ᠲᠠᠢ ᠪᠠᠯᠭᠠᠰᠤ᠂ ᠣᠨᠴᠠᠯᠢᠭᠲᠤ ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠤᠨ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ︵ᠠᠷᠪᠠᠨ ᠳᠥᠷᠪᠡ︶ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨᠪᠠᠶᠢᠭᠤᠯᠵᠤ ᠮᠡᠳᠡᠭᠦᠯᠦᠨ᠎ᠡ᠃ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠵᠢᠯᠣᠭᠤᠳᠬᠤ ᠶᠢᠨ ᠬᠠᠮᠲᠤ ᠦᠨᠡᠯᠡᠭᠰᠡᠨ ᠲᠡᠮᠳᠡᠭ ᠲᠤ ᠬᠢᠨᠠᠯᠲᠠ ᠲᠠᠯᠪᠢᠨ ᠬᠠᠮᠢᠶᠠᠷᠤᠨ᠎ᠠ᠃ ᠡᠨᠧᠷᠭᠢ ᠠᠷᠪᠢᠯᠠᠬᠤ ᠲᠤᠰᠬᠠᠶ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠤᠯᠠᠷᠢᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠶᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠣᠷᠣᠭᠤᠯᠤᠨ ᠠᠪᠴᠢᠷᠠᠬᠤ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ ︵ᠠᠷᠪᠠᠨ ᠲᠠᠪᠤ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠪᠦᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠣᠯᠤᠨ ᠣᠷᠣᠨ ᠰᠠᠭᠤᠴᠠ ᠶᠢᠨ ᠪᠤᠰᠤᠳ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ ᠪᠣᠯᠤᠨ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠣᠷᠣᠨ ᠲᠤᠭ᠎ᠠ 76 ᠬᠥᠮᠥᠨ ᠪᠣᠯᠣᠨ᠎ᠠ᠃ ᠲᠢᠩᠬᠢᠮ ᠤᠨ ᠳᠠᠷᠤᠭ᠎ᠠ 1 ᠬᠥᠮᠦᠨ᠂ ᠲᠢᠩᠬᠢᠮ ᠤᠨ ᠳᠡᠳ᠋ ᠳᠠᠷᠤᠭ᠎ᠠ 3 ᠬᠥᠮᠦᠨ ᠪᠣᠶ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 36 ᠬᠥᠮᠥᠨ ﹇18 ᠵᠢᠩᠬᠢᠨᠢ ᠲᠤᠰᠢᠶᠠᠯ ︵ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶ 18 ᠳᠡᠳ᠋ ᠲᠤᠰᠢᠶᠠᠯ ︵ᠪᠠᠶᠢᠭᠤᠯᠭ᠎ᠠ ᠶᠢᠨ ᠰᠠᠬᠢᠯᠭ᠎ᠠ ᠶᠢ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ ᠢ ᠪᠠᠭᠲᠠᠭᠠᠨ᠎ᠠ︶﹈ ᠪᠣᠯᠣᠨ᠎ᠠ᠃ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠢᠯ ᠢ ᠠᠰ ᠲᠤᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠶᠮᠠᠳᠤᠭᠠᠷ ᠵᠦᠶᠯ ᠲᠣᠰ ᠲᠣᠭᠲᠠᠭᠠᠯ ᠢ 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠷᠢᠭᠤᠴᠠᠯᠭᠠᠲᠠᠨ᠄ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠩᠬᠢᠮ ᠤᠨ ᠳᠠᠷᠤᠭ᠎ᠠ ᠹᠧᠩ ᠷᠧᠨ ᠹᠸᠢ ᠤᠲᠠᠰᠤ᠄ 0471-6945598 ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 15 ᠳ᠋ᠤᠭᠠᠷ ᠲᠣᠭᠠᠲᠤ ᠶᠢᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠠᠯᠪᠠᠯᠠᠬᠤ ᠴᠠᠭ᠄ 09:00-12:00 14:30-17 :30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠮᠠᠷᠠᠨ᠎ᠠ︶
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|