|
ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠠᠵᠢᠯ ᠳᠠᠬᠢ ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠨ᠎ᠠ᠃ ︵ᠬᠤᠶᠠᠷ︶ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃ ︵ᠭᠤᠷᠪᠠ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠠᠵᠢᠯ ᠣᠯᠭᠤᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠠᠳᠠᠯ ᠦᠶᠯᠡᠰ ᠪᠣᠰᠬᠠᠬᠤ ᠦᠶᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠨᠢᠭᠡᠳᠦᠯᠲᠡᠶ ᠲᠥᠯᠥᠪᠯᠡᠵᠦ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠴᠢᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠨ ᠲᠣᠭᠲᠠᠭᠠᠨ᠎ᠠ᠃ ︵ᠲᠦᠷᠪᠡ︶ ᠬᠤᠳᠠ ᠬᠥᠳᠡᠭᠡ ᠶᠢ ᠬᠠᠮᠤᠷᠤᠭᠰᠠᠨ ᠤᠯᠠᠨ ᠲᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠲᠤᠭᠤᠷᠪᠢᠨ ᠲᠣᠭᠲᠠᠭᠠᠵᠤ᠂ ᠪᠦᠬᠦ ᠣᠷᠣᠨ ᠤ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠨᠣᠣᠷᠠᠭ ᠢ ᠨᠠᠶᠢᠷᠠᠭᠤᠯᠤᠨ ᠵᠣᠬᠢᠶᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃ ︵ᠲᠠᠪᠤ︶ ᠪᠦᠬᠦ ᠣᠷᠣᠨ ᠤ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠲᠡᠩᠴᠡᠭᠦᠷᠢᠲᠡᠶ ᠪᠠᠶᠢᠬᠤ ᠶᠢ ᠪᠠᠲᠤᠯᠠᠨ᠎ᠠ᠃ ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠦᠭᠡᠶᠢᠰᠬᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠪᠦᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠳᠡᠪᠰᠢᠭᠦᠯᠬᠦ ᠪᠠ ᠬᠥᠮᠦᠵᠢᠭᠦᠯᠬᠦ ᠠᠵᠢᠯ ᠢ ᠬᠠᠷᠢᠭᠤᠴᠠᠵᠤ᠂ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠲᠠᠲᠠᠨ ᠠᠪᠴᠢᠷᠠᠵᠤ ᠮᠠᠨ ᠤ ᠣᠷᠣᠨ ᠳᠤ ᠠᠵᠢᠯᠯᠠᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠰᠠᠨ ᠡᠷᠬᠡ ᠮᠡᠳᠡᠯ ᠢᠶᠠᠷ ᠢᠶᠠᠨ ᠬᠡᠰᠡᠭ ᠭᠠᠳᠠᠭᠠᠳᠤ ᠶᠢᠨ ᠬᠥᠮᠦᠨ ᠳᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠬᠠᠷᠢᠭᠤᠴᠠᠨ᠎ᠠ᠃ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠣᠯᠠᠨ ᠡᠰᠢᠵᠢᠭᠰᠡᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ︵ᠨᠠᠶᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠰᠠᠶᠢᠰᠢᠶᠠᠨ ᠬᠥᠬᠢᠭᠦᠯᠵᠦ ᠱᠠᠩᠨᠠᠬᠤ ᠳᠦᠷᠢᠮ ᠢ ᠲᠤᠭᠤᠷᠪᠢᠨ ᠲᠣᠭᠲᠠᠭᠠᠵᠤ᠂ ᠪᠦᠬᠦ ᠣᠷᠣᠨ ᠤ ᠰᠠᠶᠢᠰᠢᠶᠠᠨ ᠬᠥᠬᠢᠭᠦᠯᠵᠦ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠪᠦᠬᠦ ᠣᠷᠣᠨ ᠤ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠦᠭᠦᠯᠬᠦ ᠰᠠᠶᠢᠰᠢᠶᠠᠨ ᠬᠥᠬᠢᠭᠦᠯᠬᠦ ᠵᠡᠷᠭᠡ ᠠᠵᠢᠯ ᠢ ᠡᠭᠦᠷᠭᠡᠯᠡᠨ᠎ᠡ᠂ ᠣᠯᠭᠤᠭᠰᠠᠨ ᠡᠷᠬᠡ ᠮᠡᠳᠡᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠬᠦ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠶᠢᠰᠢᠶᠠᠨ ᠬᠥᠬᠢᠭᠦᠯᠵᠦ ᠱᠠᠩᠨᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠢ ᠲᠣᠭᠲᠠᠭᠠᠬᠤ᠂ ᠬᠡᠪ ᠤᠨ ᠶᠣᠰᠣᠭᠠᠷ ᠨᠡᠮᠡᠭᠳᠡᠭᠦᠯᠬᠦ ᠪᠠ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠠᠮᠠᠷᠠᠵᠤ ᠪᠠᠭᠤᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠴᠦ ᠶᠠᠪᠤᠭᠴᠢ ᠲᠠᠷᠢᠶᠠᠴᠢᠨ ᠮᠠᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠦᠴᠦ ᠶᠠᠪᠤᠭᠴᠢ ᠲᠠᠷᠢᠶᠠᠴᠢᠨ ᠮᠠᠯᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠬᠦᠴᠦ ᠶᠠᠪᠤᠭᠴᠢ ᠲᠠᠷᠢᠶᠠᠴᠢᠨ ᠮᠠᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠠᠷᠪᠠᠨ ᠬᠤᠶᠠᠷ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠵᠤ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠳᠠᠭᠰᠢ ᠭᠦᠶᠴᠡᠳᠬᠡᠬᠦ ᠵᠦᠶᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠠᠷᠭ᠎ᠠ ᠶᠢᠨ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ 1. ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠯᠦᠭᠡ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠨ ᠲᠣᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠰᠤᠷᠭᠠᠭᠤᠯᠢ ᠠᠴᠠ ᠪᠠᠨ ᠰᠠᠯᠬᠤ ᠠᠴᠠ ᠡᠮᠦᠨᠡᠬᠢ ᠠᠵᠢᠯ ᠣᠯᠬᠤ ᠵᠢᠯᠣᠭᠤᠳᠣᠯᠭ᠎ᠠ ᠪᠣᠯᠤᠨ ᠦᠢᠯᠡᠴᠢᠯᠡᠭᠡᠨ ᠤ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︔ ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠤᠨ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭᠠᠬᠢ ᠠᠵᠢᠯ ᠣᠯᠬᠤ ᠵᠢᠯᠣᠭᠤᠳᠣᠯᠭ᠎ᠠ ᠪᠣᠯᠤᠨ ᠦᠢᠯᠡᠴᠢᠯᠡᠭᠡᠨ ᠤ ᠠᠵᠢᠯ ᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ᠃ 2. ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠯᠦᠭᠡ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠬᠥᠮᠦᠰ ᠤᠨ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠲᠣᠭᠲᠠᠭᠠᠵᠤ᠂ B ᠪᠠ C ᠲᠥᠷᠥᠯ ᠤᠨ ᠬᠥᠮᠦᠰ ᠤᠨ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠲᠣᠭᠲᠠᠭᠠᠨ᠎ᠠ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ ᠣᠲᠣ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠦᠶᠯᠡᠴᠢᠯᠡᠭᠡᠨ ᠤ ᠰᠢᠰᠲ᠋ᠧᠮ︾ ᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠬᠠᠮᠲᠤᠪᠠᠷ ᠳᠠᠷᠤᠮᠠᠯᠯᠠᠭᠰᠠᠨ ︽ᠭᠠᠳᠠᠭᠠᠳᠤ ᠶᠢᠨ ᠬᠥᠮᠦᠨ ᠤ ᠠᠵᠢᠯᠯᠠᠬᠤ ᠵᠥᠪᠰᠢᠶᠡᠷᠡᠯ ᠤᠨ ᠦᠨᠡᠮᠯᠡᠯ︾ ᠢ ᠦᠷᠭᠦᠯᠵᠢᠯᠡᠨ ᠬᠡᠷᠡᠭᠯᠡᠵᠦ᠂ A ᠪᠣᠯᠤᠨ B ᠲᠥᠷᠥᠯ ᠤᠨ ᠬᠥᠮᠥᠰ ᠤᠨ ᠠᠵᠢᠯ ᠤᠨ ᠵᠥᠪᠰᠢᠶᠡᠷᠡᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠬᠥᠮᠥᠰ ᠤᠨ ᠠᠵᠢᠯ ᠤᠨ ᠵᠥᠪᠰᠢᠶᠡᠷᠡᠯ ᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠵᠢᠯ ᠤᠨ ᠵᠥᠪᠰᠢᠶᠡᠷᠡᠯ ᠣᠯᠭᠤᠬᠤ ᠠᠴᠠ ᠡᠮᠦᠨ᠎ᠡ ᠴᠥᠮ ᠨᠡᠭᠦᠳᠡᠯ ᠢᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠦᠰᠦᠭ ᠵᠢᠷᠤᠨ᠎ᠠ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ᠂ ᠮᠡᠳᠡᠭᠡ ᠵᠠᠩᠭᠢ᠂ ᠠᠮᠤᠷ ᠲᠦᠪᠰᠢᠨ᠂ ᠲᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠲᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ᠂ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠲᠥᠯᠥᠪᠵᠢᠭᠦᠯᠭᠡ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ︵ᠬᠤᠶᠠᠷ︶ ᠶᠡᠷᠦᠩᠬᠡᠶᠢᠯᠡᠭᠰᠡᠨ ᠭᠠᠵᠠᠷ᠃ ᠡᠯ᠎ᠡ ᠭᠠᠵᠠᠷ ᠠᠯᠪᠠᠨ ᠭᠡᠷ᠂ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠴᠢᠬᠤᠯᠠ ᠡᠬᠡ ᠪᠢᠴᠢᠭ ᠲᠤᠭᠤᠷᠪᠢᠨ ᠪᠢᠴᠢᠬᠦ ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠰᠤᠳᠤᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠪᠠ ᠶᠡᠷᠦᠩᠬᠡᠶᠢᠯᠡᠭᠰᠡᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠠᠵᠢᠯ ᠢ ᠵᠣᠬᠢᠴᠠᠭᠤᠯᠤᠨ᠎ᠠ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠤᠤᠷᠠᠭ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠨ᠎ᠡ᠃ ︵ᠳᠥᠷᠪᠡ︶ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠣᠯᠭᠤᠯᠲᠠ᠂ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠶᠴᠡᠳᠬᠡᠯ ᠤᠨ ᠨᠣᠣᠷᠠᠭ ᠢ ᠨᠠᠶᠢᠷᠠᠭᠤᠯᠤᠨ ᠵᠣᠬᠢᠶᠠᠵᠤ᠂ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ ᠤᠨ ᠬᠠᠮᠢᠶ᠎ᠠ ᠪᠥᠬᠦᠶ ᠰᠠᠭᠤᠷᠢ ᠮᠥᠩᠭᠦ ︵ᠪᠠᠯᠠ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠮᠡᠳᠡᠭᠡ ᠵᠠᠩᠭᠢ ᠶᠢᠨ ᠲᠥᠯᠥᠪᠵᠢᠭᠦᠯᠭᠡ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠬᠠᠷᠢᠶ᠎ᠠ ᠨᠢᠭᠡᠴᠢ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠣᠯᠠᠨ ᠤᠯᠤᠰ ᠤᠨ ᠲᠤᠰᠠᠯᠠᠮᠵᠢ ᠶᠢᠨ ᠵᠢᠭᠡᠯᠡᠯᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ︵ᠲᠠᠪᠤ︶ ᠠᠵᠢᠯ ᠣᠯᠭᠤᠯᠲᠠ ᠶᠢ ᠠᠬᠢᠭᠤᠯᠬᠤ ᠭᠠᠵᠠᠷ᠃ ᠠᠵᠢᠯ ᠣᠯᠭᠤᠬᠤ ᠲᠥᠯᠥᠪᠵᠢᠭᠦᠯᠭᠡ᠂ ᠲᠥᠯᠥᠪᠯᠡᠭᠡ ᠪᠣᠯᠤᠨ ᠬᠥᠳᠡᠯᠮᠦᠷᠢᠯᠡᠭᠴᠢᠳ ᠲᠤ ᠭᠤᠣᠯᠴᠢ ᠪᠠᠷ ᠠᠵᠢᠯ ᠣᠯᠭᠤᠬᠤ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ᠂ ᠬᠥᠳᠡᠯᠮᠦᠷᠢ ᠬᠦᠴᠦᠨ ᠤ ᠭᠠᠵᠠᠷ ᠠᠯᠤᠰᠯᠠᠨ ᠡᠮᠬᠢ ᠵᠢᠷᠤᠮ ᠲᠠᠢ ᠰᠢᠯᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠴᠢᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠣᠨᠴᠠᠭᠠᠢ ᠬᠠᠮᠲᠤᠯᠢᠭ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠵᠢᠷᠭᠤᠭ᠎ᠠ︶ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ᠃ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠭᠠᠷᠴᠠᠭ ᠢ ᠨᠠᠶᠢᠷᠠᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠬᠤᠯᠠ ᠶᠡᠭᠡ ᠴᠢᠳᠠᠪᠤᠷᠢᠲᠠᠨ ᠤ ᠲᠥᠷᠥᠯ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯᠤᠨ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ ︵ᠳᠣᠯᠤᠭ᠎ᠠ︶ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠭᠠᠵᠠᠷ᠃ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠨᠠᠰᠤᠨ ᠲᠤᠷᠰᠢᠬᠢ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠡᠷᠡᠭᠵᠢᠭᠦᠯᠦᠨ᠎ᠡ᠃ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠮᠠᠰᠲ᠋ᠧᠷ ᠤᠨ ᠠᠵᠢᠯᠯᠠᠬᠤ ᠭᠡᠷ ᠪᠣᠯᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ︵ᠨᠠᠶᠮᠠ︶ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠭᠠᠵᠠᠷ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠤᠨ᠎ᠠ᠃ ᠲᠤᠰᠬᠠᠢ ᠮᠡᠷᠭᠡᠵᠢᠯ ᠤᠨ ᠠᠵᠢᠯᠳᠠᠨ ᠢ ᠬᠠᠮᠢᠶᠠᠷᠬᠤ ᠪᠠ ᠦᠷᠭᠦᠯᠵᠢᠯᠡᠨ ᠬᠥᠮᠥᠵᠢᠭᠦᠯᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠢᠯᠭᠠᠯᠲᠠ ᠶᠢᠨ ᠰᠠᠬᠢᠯᠭ᠎ᠠ ᠶᠢ ᠵᠥᠷᠢᠴᠡᠭᠰᠡᠨ ᠬᠥᠮᠦᠰ ᠢ ᠰᠢᠢᠳᠪᠦᠷᠢᠯᠡᠬᠦ ᠶᠢ ᠬᠠᠷᠢᠭᠤᠴᠠᠨ᠎ᠠ᠃ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠠᠨᠢᠯᠴᠠᠭᠤᠯᠬᠤ ᠪᠠ ᠬᠥᠮᠦᠵᠢᠭᠦᠯᠬᠦ᠂ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ᠂ ᠭᠠᠳᠠᠭᠠᠳᠤ ᠳᠤ ᠰᠤᠷᠤᠯᠴᠠᠭᠰᠠᠳ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠨᠡᠭᠡᠭᠡᠯᠲᠡ ᠶᠢᠨ ᠰᠠᠭᠤᠷᠢ ᠮᠥᠩᠭᠦ ᠶᠢ ᠬᠡᠷᠡᠭᠯᠡᠵᠦ ᠬᠠᠮᠢᠶᠠᠷᠬᠤ ᠶᠢ ᠬᠠᠷᠢᠭᠤᠴᠠᠨ᠎ᠠ᠃ ︵ᠶᠢᠰᠦ︶ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠭᠠᠵᠠᠷ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠢᠯᠡ ᠪᠠᠷ ᠤᠷᠢᠨ ᠬᠡᠷᠡᠭᠯᠡᠬᠦ ᠪᠠ ᠭᠠᠵᠠᠷ ᠤᠨ ᠲᠠᠰ ᠤᠨ ᠺᠠᠳ᠋ᠷ ᠢ ᠲᠣᠮᠢᠯᠠᠵᠤ ᠪᠠᠭᠤᠯᠭᠠᠬᠤ ᠶᠢ ᠳᠠᠩᠰᠠᠯᠠᠬᠤ ᠠᠵᠢᠯ ᠢ ᠡᠭᠦᠷᠭᠡᠯᠡᠨ᠎ᠡ᠃ ︵ᠠᠷᠪᠠ︶ ᠬᠦᠴᠦ ᠶᠠᠪᠤᠭᠴᠢ ᠲᠠᠷᠢᠶᠠᠴᠢᠨ ᠮᠠᠯᠴᠢᠨ ᠤ ᠠᠵᠢᠯ ᠤᠨ ᠭᠠᠵᠠᠷ᠃ ᠬᠦᠴᠦ ᠶᠠᠪᠤᠭᠴᠢ ᠲᠠᠷᠢᠶᠠᠴᠢᠨ ᠮᠠᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠦᠴᠦ ᠶᠠᠪᠤᠭᠴᠢ ᠲᠠᠷᠢᠶᠠᠴᠢᠨ ᠮᠠᠯᠴᠢᠨ ᠳᠤ ᠬᠤᠯᠪᠣᠭᠳᠠᠬᠤ ᠭᠤᠤᠯᠳᠠᠯᠭ᠎ᠠ ᠲᠠᠢ ᠬᠦᠴᠢᠷ ᠠᠰᠠᠭᠤᠳᠠᠯ ᠪᠣᠯᠤᠨ ᠴᠢᠬᠤᠯᠠ ᠶᠡᠭᠡ ᠬᠡᠷᠡᠭ ᠢ ᠵᠣᠬᠢᠴᠠᠭᠤᠯᠤᠨ ᠰᠢᠶᠳᠪᠦᠷᠢᠯᠡᠵᠦ᠂ ᠬᠦᠴᠦ ᠶᠠᠪᠤᠭᠴᠢ ᠲᠠᠷᠢᠶᠠᠴᠢᠨ ᠮᠠᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠦᠴᠦ ᠶᠠᠪᠤᠭᠴᠢ ᠲᠠᠷᠢᠶᠠᠴᠢᠨ ᠮᠠᠯᠴᠢᠨ ᠤ ᠮᠡᠳᠡᠭᠡ ᠵᠠᠩᠭᠢ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ︵ᠠᠷᠪᠠᠨ ᠨᠢᠭᠡ︶ ᠬᠥᠳᠡᠯᠮᠦᠷᠢ ᠶᠢᠨ ᠬᠠᠷᠢᠴᠠᠭ᠎ᠠ ᠶᠢᠨ ᠭᠠᠵᠠᠷ᠃ ᠬᠥᠳᠡᠯᠮᠦᠷᠢ ᠶᠢᠨ ᠪᠠᠷᠢᠮᠵᠢᠶ᠎ᠠ ᠪᠣᠯᠤᠨ ᠣᠨᠴᠠᠭᠠᠢ ᠠᠵᠢᠯᠯᠠᠬᠤ ᠴᠠᠭ ᠤᠨ ᠳᠦᠷᠢᠮ ᠢ ᠲᠤᠭᠤᠷᠪᠢᠨ ᠲᠣᠭᠲᠠᠭᠠᠨ᠂ ᠬᠥᠳᠡᠯᠮᠦᠷᠢ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠦᠭᠡᠶᠢᠰᠬᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠪᠠ ᠨᠡᠶᠢᠲᠡᠯᠡᠬᠦ ᠲᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠤᠷᠸ᠎ᠠ ᠵᠢᠯᠣᠭᠤᠳᠣᠯᠭ᠎ᠠ᠂ ᠲᠣᠬᠢᠷᠠᠭᠤᠯᠭ᠎ᠠ ᠡᠵᠡᠮᠰᠢᠯ ᠪᠣᠯᠤᠨ ᠣᠯᠭᠤᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠪᠣᠯᠤᠨ ᠴᠠᠯᠢᠩ ᠢ ᠲᠣᠭᠲᠠᠭᠠᠬᠤ ᠲᠣᠭᠲᠠᠴᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ︵ᠠᠷᠪᠠᠨ ᠬᠤᠶᠠᠷ︶ ᠴᠠᠯᠢᠩ ᠠᠰᠠᠷᠠᠮᠵᠢ ᠶᠢᠨ ᠭᠠᠵᠠᠷ ︵ᠥᠪᠡᠷᠲᠡᠭᠡᠨ ᠵᠠᠰᠠᠬᠤ ᠣᠷᠣᠨ ᠤ ᠬᠥᠬᠢᠭᠦᠯᠦᠨ ᠱᠠᠩᠨᠠᠬᠤ ᠠᠯᠪᠠᠨ ᠭᠡᠷ︶᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠂ ᠪᠠᠶᠢᠭᠤᠯᠭ᠎ᠠ ᠶᠢᠨ ᠦᠢᠯᠡᠴᠢᠯᠡᠭᠴᠢ ᠠᠵᠢᠯᠴᠢᠨ ᠤ ᠴᠠᠯᠢᠩ ᠤᠨ ᠣᠷᠣᠯᠭ᠎ᠠ ᠶᠢ ᠬᠤᠪᠢᠶᠠᠷᠢᠯᠠᠬᠤ᠂ ᠠᠰᠠᠷᠠᠮᠵᠢ ᠪᠣᠯᠤᠨ ᠠᠵᠢᠯ ᠠᠴᠠ ᠪᠠᠨ ᠠᠮᠠᠷᠠᠵᠤ ᠪᠠᠭᠤᠭᠰᠠᠳ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ᠂ ᠴᠠᠯᠢᠩ ᠤᠨ ᠰᠠᠭᠤᠷᠢ ᠮᠥᠩᠭᠦ ᠶᠢ ᠬᠢᠨᠠᠨ ᠲᠣᠭᠲᠠᠭᠠᠬᠤ ᠵᠢᠴᠢ ᠠᠵᠢᠯᠲᠠᠨ ᠤ ᠴᠠᠯᠢᠩ ᠢ ᠲᠤᠭᠤᠷᠪᠢᠨ ᠲᠣᠭᠲᠠᠭᠠᠬᠤ᠂ ᠬᠢᠨᠠᠨ ᠬᠠᠷᠭᠤᠭᠤᠯᠬᠤ᠂ ᠳᠠᠩᠰᠠᠯᠠᠬᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠠᠶᠢᠰᠢᠶᠠᠨ ᠬᠥᠬᠢᠭᠦᠯᠵᠦ ᠱᠠᠩᠨᠠᠬᠤ ᠳᠦᠷᠢᠮ ᠢ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠠᠵᠢᠯ ᠢᠶᠠᠨ ᠥᠷᠨᠢᠭᠦᠯᠦᠨ᠎ᠡ᠃ ᠪᠦᠬᠦ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠰᠡᠳ ᠢ ᠰᠠᠶᠢᠰᠢᠶᠠᠨ ᠬᠥᠬᠢᠭᠦᠯᠬᠦ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ ︵ᠠᠷᠪᠠᠨ ᠭᠤᠷᠪᠠ︶ ᠨᠠᠰᠤᠵᠢᠯ ᠤᠨ ᠳᠠᠭᠠᠳᠬᠠᠯ ᠤᠨ ᠭᠠᠵᠠᠷ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠣᠯᠤᠨ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠭᠡᠯᠡᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ︵ᠠᠷᠪᠠᠨ ᠳᠥᠷᠪᠡ︶ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠠᠵᠠᠷ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠵᠥᠪᠯᠡᠯᠴᠡᠭᠡᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠪᠣᠯᠤᠨ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ᠂ ᠡᠷᠡᠭᠦᠯᠵᠢᠭᠦᠯᠬᠦ᠂ ᠦᠨᠡᠮᠰᠢᠬᠦ᠂ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠡᠮ ᠤᠨ ᠵᠦᠢᠯ᠂ ᠣᠨᠣᠰᠢᠯᠠᠨ ᠡᠮᠨᠡᠬᠦ ᠲᠥᠷᠥᠯ ᠵᠦᠢᠯ ᠤᠨ ᠭᠠᠷᠴᠠᠭ ᠪᠣᠯᠤᠨ ᠡᠮᠨᠡᠯᠭᠡ ᠳᠤ ᠰᠠᠭᠤᠬᠤ ᠦᠢᠯᠡᠴᠢᠯᠡᠭᠡᠨ ᠤ ᠪᠠᠷᠢᠮᠵᠢᠶ᠎ᠠ ᠶᠢ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ︵ᠠᠷᠪᠠᠨ ᠲᠠᠪᠤ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠭᠠᠵᠠᠷ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠣᠯᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠭᠠᠵᠠᠷ ᠲᠠᠲᠠᠪᠤᠷᠢᠯᠠᠬᠤ ᠲᠥᠰᠦᠯ ᠳᠠᠬᠢ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠤᠯᠪᠣᠭᠳᠠᠯ ᠪᠦᠬᠦᠢ ᠬᠢᠨᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠵᠢᠷᠭᠤᠭ᠎ᠠ︶ ᠰᠠᠭᠤᠷᠢ ᠮᠥᠩᠭᠦᠨ ᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠨᠠᠰᠤᠵᠢᠯ ᠤᠨ ᠦᠨᠳᠦᠰᠦᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠨ᠎ᠠ᠃ ᠦᠨᠳᠦᠰᠦᠨ ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠣᠯᠭᠤᠯᠲᠠ ᠶᠢᠨ ᠲᠤᠰᠬᠠᠶ ᠪᠡᠯᠡ ᠮᠥᠩᠭᠦ᠂ ᠴᠢᠳᠠᠪᠤᠷᠢᠲᠠᠨ ᠤ ᠨᠡᠭᠡᠭᠡᠯᠲᠡ ᠶᠢᠨ ᠰᠠᠭᠤᠷᠢ ᠮᠥᠩᠭᠦ ᠵᠢᠴᠢ ᠲᠢᠩᠬᠢᠮ ᠤᠨ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠲᠥᠰᠦᠪ ᠤᠨ ᠪᠡᠯᠡ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠴᠢᠬᠤᠯᠠ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ᠂ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠴᠤ ᠡᠵᠡᠩᠨᠡᠬᠦ ᠶᠢ ᠬᠢᠨᠠᠨ ᠬᠠᠮᠢᠶᠠᠷᠤᠨ᠎ᠠ᠃ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠳᠤ ᠣᠷᠣᠯᠴᠠᠨ᠎ᠠ᠃ ︵ᠠᠷᠪᠠᠨ ᠲᠤᠯᠤᠭ᠎ᠠ︶ ᠬᠥᠨᠳᠡᠯᠡᠨ ᠠᠴᠠ ᠲᠠᠰᠤᠯᠬᠤ ᠵᠠᠬᠢᠳᠠᠯ ᠰᠤᠷᠪᠤᠯᠵᠢᠯᠠᠯ ᠤᠨ ᠭᠠᠵᠠᠷ᠃ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠲᠦᠷᠦ ᠶᠢᠨ ᠪᠤᠳᠤᠯᠭ᠎ᠠ ᠵᠢᠴᠢ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠦᠨᠳᠦ ᠶᠡᠭᠡ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠠᠤᠯᠢ ᠶᠣᠰᠣᠭᠠᠷ ᠵᠣᠬᠢᠴᠠᠭᠤᠯᠤᠨ ᠰᠢᠢᠳᠪᠦᠷᠢᠯᠡᠨ᠎ᠡ᠃ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠬᠠᠷᠢᠭᠤᠴᠠᠨ᠎ᠠ᠃ ︵ᠠᠷᠪᠠᠨ ᠨᠠᠶᠮᠠ︶ ᠬᠥᠳᠡᠯᠮᠦᠷᠢ ᠶᠢᠨ ᠬᠢᠨᠠᠨ ᠪᠠᠶᠢᠴᠠᠭᠠᠬᠤ ᠲᠣᠪᠴᠢᠶ᠎ᠠ᠃ ᠬᠥᠳᠡᠯᠮᠦᠷᠢ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠳᠡᠯᠮᠦᠷᠢᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠰᠢᠶᠳᠪᠦᠷᠢᠯᠡᠨ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠰᠢᠮᠳᠠᠭᠤᠯᠤᠨ ᠭᠦᠢᠴᠡᠳᠬᠡᠨ᠎ᠡ᠃ ᠪᠦᠬᠦ ᠣᠷᠣᠨ ᠤ ᠬᠥᠳᠡᠯᠮᠦᠷᠢ ᠶᠢᠨ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ︵ᠠᠷᠪᠠ ᠶᠢᠰᠦ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠵᠠᠷ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠢᠲᠡᠭᠡᠮᠵᠢ ᠵᠢᠨᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠳ ᠢ ᠬᠦᠯᠢᠶᠡᠨ ᠠᠪᠴᠤ ᠰᠢᠶᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠬᠤᠷᠢ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠬᠥᠮᠦᠵᠢᠭᠦᠯᠵᠦ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠮᠢᠶᠠᠷᠴᠤ ᠪᠠᠶᠢᠭ᠎ᠠ ᠬᠡᠰᠡᠭ ᠤᠳᠤᠷᠢᠳᠬᠤ ᠬᠥᠮᠦᠰ ᠢ ᠵᠠᠰᠠᠭ ᠵᠠᠬᠢᠷᠭᠠᠨ ᠢᠶᠠᠷ ᠲᠣᠮᠢᠯᠠᠬᠤ ᠪᠠᠭᠤᠯᠭᠠᠬᠤ ᠶᠢ ᠳᠠᠭᠠᠭᠠᠨ ᠭᠦᠢᠴᠡᠳᠬᠡᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠵᠠᠰᠠᠭ ᠵᠠᠬᠢᠷᠭᠠᠨ ᠤ ᠣᠷᠣᠨ ᠲᠤᠭ᠎ᠠ 103 ᠪᠤᠢ᠃ ᠲᠢᠩᠬᠢᠮ ᠤᠨ ᠳᠠᠷᠤᠭ᠎ᠠ 1 ᠬᠥᠮᠦᠨ᠂ ᠳᠡᠳ᠋ ᠲᠢᠩᠬᠢᠮ ᠤᠨ ᠳᠠᠷᠤᠭ᠎ᠠ 4 ᠬᠥᠮᠦᠨ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 48 ᠬᠥᠮᠥᠨ ᠪᠤᠢ ﹇22 ᠵᠢᠩᠬᠢᠨᠢ ᠲᠤᠰᠢᠶᠠᠯ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠠᠮᠠᠷᠠᠵᠤ ᠪᠠᠭᠤᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶᠂ 26 ᠳᠡᠳ᠋ ᠲᠤᠰᠢᠶᠠᠯ ᠪᠤᠢ ︵ᠪᠠᠶᠢᠭᠤᠯᠭ᠎ᠠ ᠶᠢᠨ ᠰᠠᠬᠢᠯᠭ᠎ᠠ ᠶᠢ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠠᠮᠠᠷᠠᠵᠤ ᠪᠠᠭᠤᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶﹈᠃ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠠᠷᠢᠶᠠᠲᠤ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠣᠭᠠᠨ ᠤ ᠵᠦᠢᠯ ᠢ ᠠᠰ ᠲᠤᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠤᠨ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 7 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠤᠲᠠᠰᠤ᠄ 0471-6945664 ᠰᠢᠦᠳᠠᠨ ᠳ᠋ᠤᠭᠠᠷ᠄ 010055 ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 13᠄ 30-17᠄ 00 ᠬᠠᠷᠢᠭᠤᠴᠠᠯᠭᠠᠲᠠᠨ᠄ ᠨᠠ ᠸᠧᠶ ᠴᠢᠩ ᠬᠤᠶᠠᠳᠤᠭᠠᠷ ᠳᠡᠰ ᠤᠨ ᠨᠢᠭᠡᠴᠢ ᠥᠭᠡᠷᠡᠴᠢᠯᠡᠯᠲᠡ ᠳᠤ ᠬᠤᠯᠪᠣᠭᠳᠠᠵᠤ ᠪᠠᠶᠢᠭ᠎ᠠ ᠪᠣᠯᠬᠤᠷ᠂ ᠪᠣᠳᠠᠲᠠᠶ ᠠᠭᠤᠯᠭ᠎ᠠ ᠶᠢ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ ᠢᠯᠡ ᠨᠡᠶᠢᠲᠡᠯᠡᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|