|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠡᠴᠠᠬᠡᠪᠯᠡᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠡᠳ᠋ ᠤᠨ ᠵᠠᠰᠠᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠭᠰᠡᠨ ᠲᠡᠩᠴᠡᠭᠦᠷᠢᠲᠡᠢ ᠪᠠᠶᠢᠯᠭᠠᠬᠤ ᠰᠠᠨᠠᠭᠤᠯᠭ᠎ᠠ ᠶᠢ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠯᠤᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︵ᠬᠤᠶᠠᠷ︶ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠬᠦ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠮᠢᠶᠠᠷᠬᠤ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠡᠬᠡ ᠨᠣᠣᠷᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ︵ᠨᠢᠭᠡᠴᠢ︶ ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢ ᠥᠭᠭᠦᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠬᠢᠭᠡᠳ ᠲᠥᠪ ᠤᠨ ᠡᠳ᠋ ᠤᠨ ᠵᠠᠰᠠᠭ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠣᠨ ᠤ ᠡᠴᠦᠰ ᠤᠨ ᠲᠥᠷᠥᠯ ᠵᠦᠢᠯ ᠤᠨ ᠶᠠᠪᠤᠳᠠᠯ ᠢ ᠭᠦᠶᠴᠡᠳᠬᠡᠨ᠎ᠡ᠃ ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠳᠤ ᠲᠣᠬᠢᠷᠠᠭᠤᠯᠤᠯᠲᠠ ᠬᠢᠬᠦ ᠲᠥᠰᠦᠯ ᠢ ᠰᠤᠳᠤᠯᠤᠨ ᠲᠣᠭᠲᠠᠭᠠᠨ᠎ᠠ︔ ᠲᠣᠭᠲᠠᠭᠰᠠᠨ ᠡᠷᠬᠡ ᠮᠡᠳᠡᠯ ᠢᠶᠠᠷ ᠢᠶᠠᠨ ᠶᠣᠰᠣᠭᠠᠷ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢᠨ ᠲᠣᠬᠢᠷᠠᠭᠤᠯᠤᠯᠲᠠ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ︵ᠲᠠᠪᠤ︶ ᠠᠵᠢᠯ ᠤᠨ ᠬᠤᠪᠢᠶᠠᠷᠢ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠶᠯᠡᠰ ᠤᠨ ᠴᠢᠨᠠᠷᠲᠠᠶ ᠰᠦᠶᠳᠬᠡᠯ ᠬᠤᠷᠢᠶᠠᠬᠤ ᠶᠢ ᠬᠠᠮᠢᠶᠠᠷᠤᠨ᠎ᠠ︔ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ︔ ᠰᠤᠭᠤᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠲᠤᠭᠤᠷᠪᠢᠨ ᠲᠣᠭᠲᠠᠭᠠᠵᠤ᠂ ᠰᠤᠭᠤᠯᠠᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ︵ᠵᠢᠷᠭᠤᠭ᠎ᠠ︶ ᠪᠦᠬᠦ ᠣᠷᠣᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ︔ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ ︵ᠳᠣᠯᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠭᠴᠡᠭᠡᠨ ᠤ ᠬᠠᠮᠢᠶᠠᠷᠤᠯᠲᠠ ᠶᠢᠨ ᠲᠤᠬᠠᠶ ᠤᠯᠤᠰ ᠤᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ︔ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠤᠭ᠎ᠠ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠭᠠᠳᠠᠭᠠᠳᠤ ᠥᠭᠴᠡᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ︵ᠨᠠᠶᠮᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠵᠦ ᠨᠠᠶᠢᠷᠠᠭᠤᠯᠤᠨ ᠵᠣᠬᠢᠶᠠᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠷᠬᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠥᠪᠯᠡᠷᠡᠭᠦᠯᠦᠨ ᠭᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ︔ ᠡᠳ᠋ ᠤᠨ ᠵᠠᠰᠠᠭ ᠬᠢᠭᠡᠳ ᠮᠥᠩᠭᠦᠨ ᠭᠦᠶᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ᠃ ︵ᠶᠢᠰᠦ︶ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ︔ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠪᠣᠯᠤᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ᠎ᠠ︔ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠠᠷᠪᠠ︶ ᠪᠦᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥᠯ ᠵᠦᠶᠯ ᠳᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ ᠭᠦᠢᠴᠡᠳᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠲᠤᠭᠤᠷᠪᠢᠨ ᠲᠣᠭᠲᠠᠭᠠᠨ᠎ᠠ᠃ ︵ᠠᠷᠪᠠᠨ ᠬᠤᠶᠠᠷ︶ ᠪᠦᠬᠦ ᠣᠷᠣᠨ ᠤ ᠨᠢᠭᠲᠠᠯᠠᠨ ᠪᠣᠳᠣᠬᠤ ᠠᠵᠢᠯ ᠢ ᠬᠠᠮᠢᠶᠠᠷᠬᠤ ᠶᠢ ᠬᠠᠷᠢᠭᠤᠴᠠᠵᠤ᠂ ᠨᠢᠭᠲᠠᠯᠠᠨ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠲᠡᠭᠦᠨ ᠢ ᠵᠢᠷᠤᠮᠵᠢᠭᠤᠯᠵᠤ᠂ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠪᠣᠯᠤᠨ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠯᠲᠠ ᠶᠢ ᠵᠢᠯᠣᠭᠤᠳᠤᠨ ᠬᠠᠮᠢᠶᠠᠷᠤᠨ᠎ᠠ᠃ ᠡᠳ᠋ ᠬᠥᠷᠥᠩᠭᠡ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃ ︵ᠠᠷᠪᠠᠨ ᠭᠤᠷᠪᠠ︶ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ︔ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠳᠣᠲᠣᠭᠠᠳᠤ ᠶᠢᠨ ᠡᠵᠡᠮᠳᠡᠯ ᠢ ᠱᠠᠯᠠᠪᠳᠠᠨ ᠵᠢᠯᠣᠭᠤᠳᠴᠤ ᠵᠢᠷᠤᠮᠵᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠶᠢ ᠳᠤᠷᠠᠳᠤᠨ᠎ᠠ᠃ ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠲᠠᠪᠤ︶ ᠡᠭᠦᠷᠭᠡ ᠴᠢᠳᠠᠪᠬᠢ ᠶᠢᠨ ᠬᠤᠪᠢᠷᠠᠯᠲᠠ᠄ 1. ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮ ᠢ ᠪᠦᠷᠢᠨᠰᠢᠭᠦᠯᠦᠨ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠤ ᠠᠬᠤᠶ ᠶᠢᠨ ᠬᠢᠨᠠᠨ ᠬᠡᠮᠵᠢᠵᠦ ᠲᠥᠰᠦᠭᠡᠯᠡᠬᠦ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠥᠷᠥ ᠶᠢᠨ ᠪᠣᠳᠣᠯᠭ᠎ᠠ ᠶᠢ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯ ᠤᠨ ᠴᠢᠨᠠᠷ᠂ ᠴᠢᠭᠯᠡᠭᠦᠯᠦᠯᠲᠦ ᠴᠢᠨᠠᠷ᠂ ᠬᠠᠮᠵᠢᠯᠴᠠᠬᠤ ᠴᠢᠨᠠᠷ ᠢ ᠨᠡᠮᠡᠭᠳᠡᠭᠦᠯᠦᠨ᠎ᠡ᠃ 2. ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠳᠦᠷᠢᠮ ᠢ ᠪᠦᠷᠢᠨᠰᠢᠭᠦᠯᠦᠨ᠂ ᠰᠢᠯᠵᠢᠭᠦᠯᠦᠨ ᠥᠭᠬᠦ ᠶᠢ ᠲᠥᠷᠥᠯ ᠬᠤᠪᠢᠶᠠᠬᠤ ᠶᠢ ᠰᠢᠯᠢᠳᠡᠭᠵᠢᠭᠦᠯᠵᠦ᠂ ᠰᠢᠯᠵᠢᠭᠦᠯᠦᠨ ᠥᠭᠬᠦ ᠲᠥᠷᠥᠯ ᠵᠦᠢᠯ ᠢ ᠵᠢᠷᠤᠮᠵᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠬᠡᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠲᠠᠯ᠎ᠠ ᠪᠠᠷ ᠵᠢᠷᠤᠮᠵᠢᠭᠤᠯᠤᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠪᠦᠷᠢᠨᠰᠢᠭᠦᠯᠦᠨ᠎ᠡ᠃ ᠭᠠᠶᠢᠯᠢ ᠲᠠᠲᠠᠪᠤᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ 3. ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠠᠯᠠ ᠳᠣᠭᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠬᠦᠷᠢᠶ᠎ᠡ︾ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠬᠢᠵᠠᠭᠠᠷ ᠲᠤᠭ᠎ᠠ ᠶᠢᠨ ᠳᠣᠲᠣᠷᠠᠬᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠥᠷᠢ ᠥᠭᠴᠡᠭᠡ ᠶᠢᠨ ᠳᠠᠯᠳᠠ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ 1. ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ︵1︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠶᠢᠯᠢ ᠲᠠᠲᠠᠪᠤᠷᠢ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠪᠣᠯᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠪᠠᠷ ᠳᠡᠭᠡᠭᠰᠢ ᠮᠡᠳᠡᠭᠦᠯᠬᠦ ᠪᠠ ᠳᠣᠷᠣᠭᠰᠢ ᠪᠠᠭᠤᠯᠭᠠᠨ᠎ᠠ᠃ ︵2︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠪᠣᠭᠤᠮᠲᠠ ᠶᠢᠨ ᠭᠠᠶᠢᠯᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠪᠣᠭᠤᠮᠲᠠ ᠶᠢᠨ ᠭᠠᠶᠢᠯᠢ ᠶᠢᠨ ᠲᠥᠷᠥᠯ ᠵᠦᠶᠯ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠨ᠎ᠡ᠃ 2. ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠨ ᠲᠤᠰᠢᠶᠠᠬᠤ ᠳᠦᠷᠢᠮ ᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠳᠠᠩᠰᠠ᠂ ᠬᠤᠷᠢᠶᠠᠵᠤ ᠲᠤᠰᠢᠶᠠᠬᠤ ᠠᠷᠭ᠎ᠠ ᠮᠠᠶ᠋ᠢᠭ᠂ ᠪᠤᠴᠠᠭᠠᠬᠤ ᠬᠥᠮᠥᠷᠭᠡ ᠳᠤᠨᠢ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠨ ᠲᠤᠰᠢᠶᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠢ ᠮᠡᠳᠡᠭᠦᠯᠬᠦ ᠲᠠᠲᠠᠪᠤᠷᠢᠯᠠᠬᠤ᠂ ᠨᠢᠭᠡᠳᠦᠯᠲᠡᠶ ᠬᠢᠨᠠᠨ ᠪᠣᠳᠣᠬᠤ᠂ ᠰᠦᠶᠳᠬᠡᠯ ᠲᠤᠰᠢᠶᠠᠬᠤ ᠶᠢ ᠪᠠᠶᠢᠴᠠᠭᠠᠬᠤ᠂ ᠥᠷᠢᠲᠦᠭᠰᠡᠨ ᠰᠦᠶᠳᠬᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠤᠯᠢ ᠠᠴᠠ ᠵᠥᠷᠢᠴᠡᠭᠰᠡᠨ ᠢ ᠰᠢᠢᠳᠬᠡᠨ ᠲᠣᠷᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠢ ᠲᠠᠲᠠᠪᠤᠷᠢᠯᠠᠭᠰᠠᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠨ᠎ᠡ᠃ 3. ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠯᠦᠭᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠠᠵᠢᠯ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠮᠡᠳᠡᠭᠦᠯᠬᠦ ᠪᠠ ᠪᠣᠳᠠᠲᠠᠶ ᠬᠡᠷᠡᠭᠵᠢᠭᠦᠯᠬᠦ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠵᠠᠰᠠᠭ ᠵᠠᠬᠢᠷᠭᠠᠨ ᠠᠵᠢᠯ ᠦᠶᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠬᠦ ᠳᠠᠬᠢᠨ ᠵᠣᠬᠢᠶᠠᠨ ᠪᠠᠶᠢᠭᠤᠯᠬᠤ᠂ ᠥᠭᠡᠷᠡᠴᠢᠯᠡᠬᠦ ᠶᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠴᠤ᠂ ᠮᠥᠩᠭᠦᠨ ᠭᠦᠶᠯᠭᠡᠭᠡᠨ ᠤ ᠲᠥᠷᠥᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ᠃ ᠪᠦᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠪᠣᠯᠤᠨ ᠠᠷᠭ᠎ᠠ ᠶᠢ ᠬᠠᠷᠢᠭᠤᠴᠠᠨ ᠲᠣᠭᠲᠠᠭᠠᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠮᠡᠳᠡᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ ᠲᠤᠰᠢᠶᠠᠯᠭᠠᠬᠤ ᠶᠢ ᠬᠠᠷᠢᠭᠤᠴᠠᠨ᠎ᠠ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠨ᠎ᠠ᠄ ︵ᠨᠢᠭᠡ︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠰᠣᠨᠢᠨ ᠮᠡᠳᠡᠭᠡ ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠠᠰᠢᠭ ᠣᠷᠣᠯᠭ᠎ᠠ ᠶᠢ ᠬᠢᠨᠠᠨ ᠲᠤᠰᠢᠶᠠᠬᠤ ᠠᠵᠢᠯ ᠢ ᠡᠭᠦᠷᠭᠡᠯᠡᠨ᠎ᠡ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠄ ᠪᠠᠶᠢᠭᠤᠯᠭ᠎ᠠ ᠬᠢᠭᠡᠳ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ︔ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ ᠰᠢᠯᠭᠠᠷᠠᠭᠤᠯᠤᠨ ᠤᠷᠢᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ︵ᠭᠤᠷᠪᠠ︶ ᠲᠥᠷᠥ ᠶᠢᠨ ᠪᠣᠳᠣᠯᠭ᠎ᠠ ᠰᠤᠳᠤᠯᠬᠤ ᠭᠠᠵᠠᠷ᠄ ᠲᠤᠰ ᠰᠠᠯᠠᠭ᠎ᠠ ᠮᠥᠴᠢᠷ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠳᠤ ᠪᠣᠳᠠᠲᠠᠶ ᠰᠠᠨᠠᠭᠤᠯᠭ᠎ᠠ ᠳᠤᠷᠠᠳᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ ᠠᠵᠤ ᠠᠬᠤᠶ ᠨᠡᠶᠢᠭᠡᠮ᠂ ᠡᠳ᠋ ᠤᠨ ᠵᠠᠰᠠᠭ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠪᠣᠯᠤᠨ ᠡᠳ᠋ ᠤᠨ ᠵᠠᠰᠠᠭ ᠭᠠᠶᠢᠯᠢ ᠶᠢᠨ ᠴᠢᠬᠤᠯᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠰᠠᠨᠠᠭᠤᠯᠭ᠎ᠠ ᠳᠤᠷᠠᠳᠤᠨ᠎ᠠ︔ ᠣᠷᠣᠨ ᠪᠦᠰᠡ ᠶᠢᠨ ᠬᠥᠭᠵᠢᠯᠲᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠴᠢᠬᠤᠯᠠ ᠶᠡᠭᠡ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠶᠢ ᠬᠠᠷᠢᠭᠤᠴᠠᠨ᠎ᠠ᠃ ︵ᠳᠦᠷᠪᠡ︶ ᠶᠡᠷᠦᠩᠬᠡᠶᠢᠯᠡᠭᠰᠡᠨ ᠭᠠᠵᠠᠷ᠄ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠲᠥᠰᠦᠭᠡᠯᠡᠬᠦ ᠶᠢᠨ ᠬᠠᠮᠲᠤ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠ ᠪᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠤᠨ᠎ᠠ︔ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠳᠤᠷᠠᠳᠤᠨ᠎ᠠ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯᠲᠦ ᠡᠬᠢ ᠪᠠᠶᠠᠯᠢᠭ ᠢ ᠰᠢᠯᠵᠢᠭᠦᠯᠬᠦ ᠣᠷᠣᠯᠭ᠎ᠠ ᠵᠠᠷᠤᠯᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ︔ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡᠨ ᠤ ᠳᠦᠷᠢᠮ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ︔ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ︵ᠲᠠᠪᠤ︶ ᠬᠠᠤᠯᠢ ᠳᠦᠷᠢᠮ ᠤᠨ ᠭᠠᠵᠠᠷ᠄ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ ᠪᠦᠷᠢᠨᠰᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠳᠠᠩᠰᠠᠯᠬᠤ ᠠᠵᠢᠯ ᠢ ᠡᠭᠦᠷᠭᠡᠯᠡᠨ᠎ᠡ︔ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠡᠳ᠋ ᠤᠨ ᠵᠠᠰᠠᠭ ᠤᠨ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ︔ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ︵ᠵᠢᠷᠭᠤᠭ᠎ᠠ︶ ᠭᠠᠶᠢᠯᠢ ᠶᠢᠨ ᠶᠠᠪᠤᠳᠠᠯ ᠤᠨ ᠭᠠᠵᠠᠷ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠵᠢᠴᠢ ᠲᠣᠬᠢᠷᠠᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠰᠠᠨᠠᠯ ᠰᠠᠨᠠᠭᠤᠯᠭ᠎ᠠ ᠳᠤᠷᠠᠳᠤᠨ᠎ᠠ︔ ᠡᠷᠬᠡ ᠮᠡᠳᠡᠯ ᠢᠶᠠᠷ ᠢᠶᠠᠨ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠠᠵᠢᠯ ᠢ ᠮᠡᠳᠡᠭᠦᠯᠦᠨ ᠵᠥᠪᠰᠢᠶᠡᠷᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠨ᠎ᠠ︔ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠶᠢᠨ ᠭᠠᠶᠢᠯᠢ ᠬᠡᠯᠲᠦᠷᠢᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ︵ᠲᠤᠯᠤᠭ᠎ᠠ︶ ᠲᠥᠰᠦᠪ ᠤᠨ ᠭᠠᠵᠠᠷ᠄ ᠡᠳ᠋ ᠤᠨ ᠵᠠᠰᠠᠭ ᠤᠨ ᠲᠦᠷᠦ ᠶᠢᠨ ᠪᠤᠳᠦᠯᠭ᠎ᠠ᠂ ᠡᠳ᠋ ᠤᠨ ᠵᠠᠰᠠᠭ ᠤᠨ ᠪᠠᠶᠢᠭᠤᠯᠤᠯ᠂ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠳᠤᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠨ ᠤ ᠲᠥᠰᠦᠪ ᠪᠠ ᠲᠥᠰᠦᠪ ᠤᠨ ᠭᠦᠶᠴᠡᠳᠬᠡᠯ ᠤᠨ ᠲᠥᠰᠦᠯ ᠪᠠ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠪᠦᠬᠦ ᠣᠷᠣᠨ ᠤ ᠡᠳ᠋ ᠤᠨ ᠵᠠᠰᠠᠭ ᠤᠨ ᠣᠨ ᠤ ᠲᠥᠰᠦᠪ ᠢ ᠬᠤᠷᠢᠶᠠᠩᠭᠤᠶᠢᠯᠠᠬᠤ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠲᠠᠰᠤᠯᠤᠨ ᠪᠤᠳᠤᠬᠤ ᠠᠵᠢᠯ ᠢ ᠡᠭᠦᠷᠭᠡᠯᠡᠨ᠎ᠡ︔ ᠴᠡᠷᠢᠭ ᠠᠩᠭᠢ᠂ ᠵᠡᠪᠰᠡᠭᠲᠦ ᠴᠠᠭᠳᠠᠭ᠎ᠠ ᠵᠡᠷᠭᠡ ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ︵ᠨᠠᠢᠮᠠ︶ ᠤᠯᠤᠰ ᠤᠨ ᠬᠥᠮᠥᠷᠭᠡ ᠶᠢᠨ ᠭᠠᠵᠠᠷ᠄ ᠲᠥᠰᠦᠪ ᠢ ᠭᠦᠢᠴᠡᠳᠬᠡᠬᠦ᠂ ᠬᠢᠨᠠᠨ ᠡᠵᠡᠮᠳᠡᠬᠦ ᠵᠢᠴᠢ ᠵᠠᠳᠠᠯᠤᠨ ᠲᠥᠰᠦᠭᠡᠯᠡᠬᠦ ᠠᠵᠢᠯ ᠢ ᠵᠣᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠤᠨ ᠶᠡᠷᠦᠩᠬᠡᠢ ᠲᠥᠰᠦᠪ ᠤᠨ ᠨᠢᠭᠲᠠᠯᠠᠨ ᠪᠤᠳᠤᠬᠤ ᠲᠦᠷᠢᠮ ᠢ ᠲᠤᠭᠤᠷᠪᠢᠨ ᠲᠣᠭᠲᠠᠭᠠᠨ᠎ᠠ︔ ᠤᠯᠤᠰ ᠤᠨ ᠬᠥᠮᠥᠷᠭᠡ ᠶᠢᠨ ᠬᠠᠮᠢᠶᠠᠷᠤᠯᠲᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠦᠷᠢᠮ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠶᠡᠷᠦᠩᠬᠡᠶ ᠨᠢᠭᠲᠠᠯᠠᠨ ᠪᠣᠳᠣᠯᠲᠠ ᠶᠢᠨ ᠬᠢᠨᠠᠨ ᠪᠣᠳᠣᠬᠤ ᠶᠢ ᠬᠠᠷᠢᠭᠤᠴᠠᠨ᠎ᠠ︔ ᠡᠳ᠋ ᠤᠨ ᠵᠠᠰᠠᠭ ᠪᠣᠯᠤᠨ ᠲᠥᠰᠦᠪ ᠤᠨ ᠨᠢᠭᠡᠴᠢ ᠶᠢᠨ ᠳᠠᠩᠰᠨ ᠡᠷᠦᠬᠡ ᠶᠢ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢ ᠪᠠ ᠪᠦᠬᠦ ᠣᠷᠣᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠭᠦᠢᠴᠡᠳᠬᠡᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠶᠢᠰᠦ︶ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠭᠠᠵᠠᠷ᠄ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ᠂ ᠥᠷᠢ ᠲᠦᠯᠦᠬᠦ ᠪᠡᠯᠡ ᠮᠥᠩᠭᠦ ᠶᠢ ᠲᠤᠬᠢᠷᠠᠭᠤᠯᠬᠤ ᠰᠠᠨᠠᠭᠤᠯᠭ᠎ᠠ ᠳᠤᠷᠠᠳᠤᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠵᠢᠭᠡᠯᠡᠯᠭᠡ ᠵᠡᠷᠭᠡ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠠᠶᠢᠮᠠᠭ ᠬᠤᠲᠠ ᠶᠢᠨ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ︵ᠠᠷᠪᠠ︶ ᠵᠠᠰᠠᠭ ᠵᠠᠬᠢᠷᠭᠠᠨ ᠤ ᠭᠠᠵᠠᠷ᠄ ᠵᠠᠰᠠᠭ ᠵᠠᠬᠢᠷᠭᠠᠨ ᠤ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ︔ ᠬᠠᠮᠢᠶ᠎ᠠ ᠪᠦᠬᠦᠢ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ᠎ᠠ᠃ ︵ᠠᠷᠪᠠᠨ ᠨᠢᠭᠡ︶ ᠤᠯᠤᠰ ᠲᠥᠷᠥ ᠬᠠᠤᠯᠢ ᠴᠠᠭᠠᠵᠠ ᠶᠢᠨ ᠭᠠᠵᠠᠷ᠄ ᠤᠯᠤᠰ ᠲᠥᠷᠥ ᠬᠠᠤᠯᠢ ᠴᠠᠭᠠᠵᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠤᠯᠤᠰ ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠪᠡᠯᠡ ᠮᠥᠩᠭᠦ ᠶᠢ ᠬᠠᠮᠢᠶᠠᠷᠬᠤ ᠶᠢ ᠬᠠᠷᠢᠭᠤᠴᠠᠬᠤ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠲᠡᠷᠭᠡ ᠪᠣᠯᠤᠨ ᠣᠨᠴᠠ ᠲᠥᠷᠥᠯ ᠤᠨ ᠲᠤᠰᠬᠠᠶ ᠮᠡᠷᠭᠡᠵᠢᠯ ᠤᠨ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠪᠠ ᠰᠢᠶᠳᠪᠦᠷᠢᠯᠡᠬᠦ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ︵ᠠᠷᠪᠠᠨ ᠬᠤᠶᠠᠷ︶ ᠰᠤᠷᠭᠠᠨ ᠬᠥᠮᠦᠵᠢᠯ ᠤᠨ ᠭᠠᠵᠠᠷ᠄ ᠰᠤᠷᠭᠠᠨ ᠬᠥᠮᠦᠵᠢᠯ᠂ ᠶᠡᠭᠡ ᠳᠡᠭᠡᠳᠦ ᠰᠤᠷᠭᠠᠭᠤᠯᠢ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠪᠡᠯᠡ ᠮᠥᠩᠭᠦ ᠶᠢᠨ ᠵᠠᠷᠤᠯᠭ᠎ᠠ ᠶᠢᠨ ᠲᠥᠰᠦᠪ ᠢ ᠬᠠᠮᠢᠶᠠᠷᠬᠤ ᠶᠢ ᠬᠠᠷᠢᠭᠤᠴᠠᠨ᠎ᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠠᠳᠤᠶ ᠰᠤᠷᠭᠠᠨ ᠬᠥᠮᠦᠵᠢᠯ ᠤᠨ ᠰᠦᠶᠳᠬᠡᠯ ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠭᠠᠵᠠᠷ᠄ ᠤᠬᠠᠭᠤᠯᠭ᠎ᠠ᠂ ᠰᠣᠶᠣᠯ ᠪᠣᠯᠤᠨ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ︵ᠠᠷᠪᠠᠨ ᠳᠥᠷᠪᠡ︶ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠪᠡᠯᠡ ᠮᠥᠩᠭᠦ ᠪᠣᠯᠤᠨ ᠬᠤᠲᠠ ᠪᠠᠯᠭᠠᠰᠤ᠂ ᠬᠥᠳᠡᠭᠡ ᠲᠣᠰᠬᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠤᠨ᠎ᠠ︔ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠤᠨ᠎ᠠ᠃ ︵ᠠᠷᠪᠠᠨ ᠲᠠᠪᠤ︶ ᠠᠵᠤ ᠠᠬᠤᠶ ᠠᠷᠠᠯᠵᠢᠶᠠᠨ ᠤ ᠭᠠᠵᠠᠷ᠄ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ ᠨᠥᠭᠡᠴᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠ ᠦᠨ᠎ᠡ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ︵ᠠᠷᠪᠠᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠤ ᠭᠠᠵᠠᠷ᠄ ᠪᠠᠶᠢᠭᠠᠯᠢ ᠶᠢᠨ ᠡᠬᠢ ᠪᠠᠶᠠᠯᠢᠭ ᠠᠮᠢ ᠠᠬᠤᠢ ᠣᠷᠴᠢᠨ ᠲᠣᠭᠤᠷᠢᠨ᠂ ᠣᠢ ᠰᠢᠭᠤᠢ ᠶᠢᠨ ᠦᠢᠯᠡᠰ ᠲᠠᠯ᠎ᠠ ᠨᠤᠲᠤᠭ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠣᠨ ᠬᠠᠮᠢᠶ᠎ᠠ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠯᠣᠨ ᠰᠠᠴᠤᠷᠠᠭ ᠤᠨ ᠠᠮᠤᠷ ᠲᠦᠪᠰᠢᠨ᠂ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠵᠡᠷᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ︵ᠠᠷᠪᠠᠨ ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠭᠠᠵᠠᠷ᠄ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ᠂ ᠶᠠᠳᠠᠭᠤ ᠶᠢ ᠲᠡᠳᠬᠦᠬᠦ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠳ᠋ ᠤᠨ ᠵᠠᠰᠠᠭ ᠠᠴᠠ ᠳᠡᠮᠵᠢᠨ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠲᠠᠯ᠎ᠠ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠤᠬᠢᠷᠠᠭᠤᠯᠤᠨ᠎ᠠ︔ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠨ ᠬᠥᠭᠵᠢᠭᠦᠯᠬᠦ ᠰᠠᠭᠤᠷᠢ ᠮᠥᠩᠭᠦ ᠵᠡᠷᠭᠡ ᠡᠳ᠋ ᠤᠨ ᠵᠠᠰᠠᠭ ᠠᠴᠠ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ︵ᠠᠷᠪᠠᠨ ᠨᠠᠶᠮᠠ︶ ᠨᠡᠶᠢᠭᠡᠮ ᠤᠨ ᠪᠠᠲᠤᠯᠠᠭ᠎ᠠ ᠶᠢᠨ ᠭᠠᠵᠠᠷ᠄ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠ ᠠᠴᠠ ᠪᠠᠭᠤᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠬᠤᠯᠪᠣᠭᠳᠠᠯ ᠪᠦᠬᠦᠢ ᠲᠠᠯ᠎ᠠ ᠶᠢᠨ ᠬᠢ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠬᠠᠮᠢᠶᠠᠷᠤᠯᠲᠠ ᠶᠢᠨ ᠠᠷᠭ᠎ᠠ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠪᠦᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠵᠤ ᠵᠣᠬᠢᠶᠠᠨ᠎ᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠡᠳ᠋ ᠤᠨ ᠵᠠᠰᠠᠭ ᠠᠴᠠ ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ︵ᠠᠷᠪᠠ ᠶᠢᠰᠦ︶ ᠮᠥᠩᠭᠦᠨ ᠭᠦᠢᠯᠭᠡᠭᠡ ᠭᠠᠳᠠᠭᠠᠳᠤ ᠠᠵᠤ ᠠᠬᠤᠢ ᠶᠢᠨ ᠭᠠᠵᠠᠷ᠄ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠣᠷᠣᠨ ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠴᠡᠪᠡᠷ ᠰᠠᠭᠤᠷᠢ ᠮᠥᠩᠭᠦᠨ ᠤ ᠵᠢᠭᠡᠯᠡᠯᠭᠡ ᠶᠢᠨ ᠲᠥᠷᠥᠯ ᠵᠦᠶᠯ ᠢ ᠵᠣᠬᠢᠶᠠᠨ ᠪᠠᠶᠢᠭᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ ︵ᠬᠤᠷᠢ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠠᠵᠠᠷ᠄ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠡᠨᠧᠷᠭᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠴᠡᠷᠢᠭ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠤᠯᠤᠰ ᠤᠨ ᠥᠮᠴᠢᠯᠡᠯᠲᠦ ᠡᠳ᠋ ᠠᠵᠤ ᠠᠬᠤᠶᠢᠯᠠᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠪᠠ ᠥᠭᠡᠷᠡᠴᠢᠯᠡᠯᠲᠡ ᠬᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ︵ᠬᠤᠷᠢᠨ ᠨᠢᠭᠡ︶ ᠨᠢᠭᠲᠠᠯᠠᠨ ᠪᠤᠳᠤᠬᠤ ᠭᠠᠵᠠᠷ᠄ ᠣᠷᠣᠨ ᠨᠤᠲᠤᠭ ᠤᠨ ᠴᠢᠨᠠᠷᠲᠠᠢ ᠨᠢᠭᠲᠠᠯᠠᠨ ᠪᠤᠳᠤᠬᠤ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠢᠭᠲᠠᠯᠠᠨ ᠪᠤᠳᠦᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠨᠢᠭᠲᠠᠯᠠᠨ ᠪᠤᠳᠦᠬᠤ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠬᠢᠨᠠᠵᠤ ᠵᠢᠯᠣᠭᠤᠳᠤᠨ᠎ᠠ︔ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ᠂ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠢ ᠬᠠᠤᠯᠢ ᠶᠣᠰᠣᠭᠠᠷ ᠬᠠᠮᠢᠶᠠᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠶᠢᠨ ᠨᠡᠶᠢᠭᠡᠮᠯᠢᠭ ᠤᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ︔ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠤᠨ ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠨ᠎ᠠ︔ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠴᠢᠨᠠᠷ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠡ᠃ ︵ᠬᠤᠷᠢᠨ ᠬᠤᠶᠠᠷ︶ ᠦᠷ᠎ᠡ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠣᠪᠴᠢᠶ᠎ᠠ᠄ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ ᠰᠤᠳᠤᠯᠤᠨ ᠲᠣᠭᠲᠠᠭᠠᠨ᠎ᠠ︔ ᠡᠯ᠎ᠡ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠵᠠᠷᠤᠯᠭ᠎ᠠ ᠶᠢᠨ ᠦᠷ᠎ᠡ ᠪᠦᠲᠦᠮᠵᠢ ᠳᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ︔ ᠲᠥᠰᠦᠪ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠳᠣᠲᠣᠭᠠᠳᠤ ᠶᠢᠨ ᠡᠵᠡᠮᠳᠡᠬᠦ᠂ ᠬᠢᠨᠠᠨ ᠪᠣᠳᠣᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠶᠢᠮᠠᠭ ᠬᠤᠲᠠ ᠶᠢᠨ ᠳᠣᠲᠣᠭᠠᠳᠤ ᠶᠢᠨ ᠡᠵᠡᠮᠳᠡᠬᠦ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ︵ᠬᠤᠷᠢᠨ ᠭᠤᠷᠪᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠵᠠᠷ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ ᠲᠣᠭᠲᠠᠭᠠᠨ᠎ᠠ︔ ᠡᠭᠦᠷᠭᠡ ᠬᠠᠷᠢᠭᠤᠴᠠᠯᠭ᠎ᠠ᠂ ᠬᠤᠪᠢᠶᠠᠷᠢᠯᠠᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠨᠢᠭᠡᠴᠢ ᠶᠢᠨ ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠨ᠎ᠡ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤᠮᠳᠠᠬᠢ᠂ ᠠᠵᠢᠯᠯᠠᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠪᠦᠬᠦ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠄ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠄ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 177 ᠪᠤᠢ᠃ ᠲᠢᠩᠬᠢᠮ ᠤᠨ ᠳᠠᠷᠤᠭ᠎ᠠ 1 ᠬᠥᠮᠦᠨ᠂ ᠳᠡᠳ᠋ ᠲᠢᠩᠬᠢᠮ ᠤᠨ ᠳᠠᠷᠤᠭ᠎ᠠ 5 ᠬᠥᠮᠦᠨ ᠪᠤᠢ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 59 ᠪᠤᠢ ﹇26 ᠵᠢᠩᠬᠢᠨᠢ ᠲᠤᠰᠢᠶᠠᠯ ︵ᠶᠡᠷᠦᠩᠬᠡᠶ ᠨᠢᠭᠲᠠᠯᠠᠨ ᠪᠤᠳᠤᠭᠴᠢ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 13 ᠬᠥᠮᠥᠨ︶ 33 ᠳᠡᠳ᠋ ᠲᠤᠰᠢᠶᠠᠯ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ︶ ᠪᠣᠶ﹈᠃ ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠶ᠎ᠠ ᠪᠦᠬᠦᠢ ᠠᠵᠢᠯ ᠦᠶᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 7 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 19 ᠳ᠋ᠦ᠋ᠭᠡᠷ ᠲᠣᠭᠠᠲᠤ ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-12᠄ 00᠂ 13᠄ 30-17᠄ 00 ᠤᠲᠠᠰᠤ᠄ 0471-4192715 ᠬᠠᠷᠢᠭᠤᠴᠠᠯᠭᠠᠲᠠᠨ᠄ ᠵᠠᠩ ᠯᠸᠢ
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|