|
|
ᠨᠡᠶᠢᠲᠡᠯᠡᠭᠰᠡᠨ ᠴᠠᠭ᠄
2015/4/2
|
ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠠᠯᠪᠠᠨ ᠬᠡᠷ ᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠨᠠᠮ ᠤᠨ ᠲᠥᠪ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠬᠤᠶᠠᠷ︶ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠡᠶᠢᠭᠡᠮ ᠨᠡᠶᠢᠲᠡ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠣᠭᠲᠠᠭᠠᠬᠤ ᠲᠥᠷᠥᠯ ᠵᠦᠶᠯ ᠳᠤ ᠰᠠᠨᠠᠯ ᠰᠠᠨᠠᠭᠤᠯᠭ᠎ᠠ ᠴᠤᠭᠯᠠᠭᠤᠯᠬᠤ ᠶᠢ ᠬᠠᠷᠢᠭᠤᠴᠠᠨ᠎ᠠ᠃ ︵ᠭᠤᠷᠪᠠ︶ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠪᠤᠶᠤ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠨ᠎ᠠ᠃ ᠬᠠᠤᠯᠢ ᠲᠣᠭᠲᠠᠭᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠠᠶᠢᠯᠤᠮᠵᠢ ᠬᠢᠬᠦ᠂ ᠬᠠᠤᠯᠢ ᠪᠠᠷ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠳᠠᠭᠠᠭᠠᠨ ᠭᠦᠶᠴᠡᠳᠬᠡᠨ᠎ᠡ᠃ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠲᠠᠪᠤ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠦᠯᠢᠶᠡᠬᠦ ᠬᠡᠷᠡᠭ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠲᠦᠮᠡᠨ ᠤ ᠣᠷᠣᠯᠴᠠᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠳᠣᠯᠤᠭ᠎ᠠ︶ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠵᠢᠯᠣᠭᠤᠳᠬᠤ ᠬᠠᠮᠢᠶᠠᠷᠬᠤ ᠶᠢ ᠬᠠᠷᠢᠭᠤᠴᠠᠨ᠎ᠠ᠃ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ ︵ᠨᠠᠶᠮᠠ︶ ᠪᠦᠬᠦ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ ︵ᠶᠢᠰᠦ︶ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯᠯᠠᠬᠤ ᠠᠴᠠ ᠡᠮᠦᠨᠡᠬᠢ ᠪᠣᠯᠪᠠᠰᠤᠷᠠᠯ ᠤᠨ ᠠᠵᠢᠯ ᠢ ᠲᠥᠯᠥᠪᠵᠢᠭᠦᠯᠬᠦ ᠪᠠ ᠵᠢᠯᠣᠭᠤᠳᠬᠤ ᠶᠢ ᠬᠠᠷᠢᠭᠤᠴᠠᠨ᠎ᠠ᠃ ︵ᠠᠷᠪᠠ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠫᠤᠤ ᠵᠡᠪᠰᠡᠭ᠂ ᠰᠤᠮᠤ ᠲᠡᠷᠢ᠂ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠵᠡᠷᠭᠡ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠠᠷᠪᠠᠨ ᠨᠢᠭᠡ︶ ᠪᠥᠬᠦ ᠣᠷᠣᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ ᠵᠣᠬᠢᠴᠠᠭᠤᠯᠵᠤ ᠵᠢᠯᠣᠭᠤᠳᠤᠨ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠯ᠎ᠡ ᠠᠶᠢᠮᠠᠭ ᠬᠤᠲᠠ ᠶᠢ ᠬᠠᠪᠰᠤᠷᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠺᠠᠳ᠋ᠷ ᠢ ᠬᠠᠮᠢᠶᠠᠷᠤᠨ᠎ᠠ᠃ ︵ᠠᠷᠪᠠᠨ ᠬᠤᠶᠠᠷ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃ ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠤᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠶᠢ ᠬᠠᠮᠢᠶᠠᠷᠤᠨ᠎ᠠ᠃ ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠣᠲᠣᠭᠠᠳᠤ ᠶᠢᠨ ᠪᠠᠶᠢᠭᠤᠯᠤᠮᠵᠢ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ︵ᠬᠤᠶᠠᠷ︶ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠬᠡᠯᠲᠡᠰ ᠤᠨ ᠠᠵᠢᠯᠲᠠᠨ ᠤ ᠶᠠᠪᠤᠳᠠᠯ ᠤᠨ ᠭᠠᠵᠠᠷ᠃ ᠬᠠᠤᠯᠢ ᠴᠠᠭᠠᠵᠠ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠲᠥᠯᠥᠪᠵᠢᠭᠦᠯᠭᠡ ᠪᠠ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠵᠢᠨ ᠬᠠᠮᠢᠶᠠᠷᠬᠤ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠬᠤ ᠶᠢᠨ ᠬᠠᠮᠲᠤ ᠲᠣᠮᠢᠯᠠᠵᠤ ᠪᠠᠭᠤᠯᠭᠠᠬᠤ᠂ ᠰᠣᠯᠢᠯᠴᠠᠬᠤ ᠰᠠᠨᠠᠯ ᠳᠤᠷᠠᠳᠬᠤ ᠶᠢ ᠬᠠᠷᠢᠭᠤᠴᠠᠨ᠎ᠠ᠃ ︵ᠭᠤᠷᠪᠠ︶ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠬᠡᠯᠲᠡᠰ ᠤᠨ ᠵᠣᠬᠢᠶᠠᠨ ᠪᠠᠶᠢᠭᠤᠯᠬᠤ ᠪᠣᠯᠪᠠᠰᠤᠷᠠᠭᠤᠯᠬᠤ ᠭᠠᠵᠠᠷ᠃ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠡᠩᠨᠡᠭᠡᠨ ᠤ ᠬᠥᠮᠦᠵᠢᠯ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠲᠡᠷᠢᠭᠦᠨ ᠢ ᠰᠢᠯᠭᠠᠷᠠᠭᠤᠯᠵᠤ ᠰᠢᠯᠢᠳᠡᠭ ᠢ ᠡᠭᠦᠳᠬᠦ᠂ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠣᠲᠣᠭᠠᠳᠤ ᠶᠢᠨ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃ ︵ᠳᠥᠷᠪᠡ︶ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠬᠡᠯᠲᠡᠰ ᠤᠨ ᠴᠠᠭᠳᠠᠭᠠᠨ ᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠭᠠᠵᠠᠷ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠭᠰᠡᠨ ᠪᠠ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ ᠢ ᠵᠢᠯᠣᠭᠤᠳᠤᠨ ᠬᠢᠨᠠᠯᠲᠠ ᠲᠠᠯᠪᠢᠵᠤ᠂ ᠬᠠᠤᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠵᠠᠰᠠᠭ ᠵᠠᠬᠢᠷᠭᠠᠨ ᠤ ᠭᠤᠤᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠲᠠᠪᠤ︶ ᠬᠠᠤᠯᠢ ᠪᠠᠷ ᠵᠠᠰᠠᠬᠤ ᠶᠢ ᠪᠠᠶᠢᠴᠠᠭᠠᠨ ᠰᠤᠳᠤᠯᠬᠤ ᠭᠠᠵᠠᠷ᠃ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠣᠨᠣᠯ ᠬᠢᠭᠡᠳ ᠦᠶᠯᠡᠳᠦᠯᠭᠡ ᠶᠢᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠵᠣᠬᠢᠴᠠᠭᠤᠯᠬᠤ ᠠᠵᠢᠯ ᠢ ᠳᠠᠭᠠᠭᠠᠨ ᠭᠦᠶᠴᠡᠳᠬᠡᠨ᠎ᠡ᠃ ᠬᠠᠤᠯᠢ ᠲᠣᠭᠲᠠᠭᠠᠬᠤ ᠲᠥᠯᠥᠪᠵᠢᠭᠦᠯᠭᠡ ᠪᠠ ᠣᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢ ᠵᠣᠬᠢᠴᠠᠭᠤᠯᠬᠤ ᠠᠵᠢᠯ ᠢ ᠳᠠᠭᠠᠭᠠᠨ ᠭᠦᠶᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠵᠤ ᠲᠣᠭᠲᠠᠭᠠᠨ᠎ᠠ᠃ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠤᠭᠤᠷᠪᠢᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠨᠡᠶᠢᠭᠡᠮ ᠨᠡᠶᠢᠲᠡ ᠠᠴᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠲᠣᠭᠲᠠᠭᠠᠬᠤ ᠲᠥᠷᠥᠯ ᠵᠦᠶᠯ ᠳᠤ ᠰᠠᠨᠠᠯ ᠰᠠᠨᠠᠭᠤᠯᠭ᠎ᠠ ᠬᠤᠷᠢᠶᠠᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠨᠠᠶᠢᠷᠠᠭᠤᠯᠬᠤ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠮᠬᠢᠳᠬᠡᠯ ᠤᠨ ᠵᠢᠩᠬᠢᠨᠢ ᠬᠡᠪᠯᠡᠯ ᠢ ᠨᠠᠶᠢᠷᠠᠭᠤᠯᠤᠨ ᠬᠡᠪᠯᠡᠨ᠎ᠡ᠃ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠤᠭᠤᠷᠪᠢᠨ ᠲᠣᠭᠲᠠᠭᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠪᠠ ᠰᠤᠳᠤᠯᠭᠠᠨ ᠤ ᠠᠵᠢᠯ ᠢ ᠬᠠᠷᠢᠭᠤᠴᠠᠨ ᠠᠬᠢᠭᠤᠯᠤᠨ᠎ᠠ᠃ ︵ᠵᠢᠷᠭᠤᠭ᠎ᠠ︶ ᠬᠠᠤᠯᠢ ᠪᠠᠷ ᠵᠠᠰᠠᠬᠤ ᠶᠢ ᠰᠢᠮᠳᠠᠭᠤᠯᠤᠨ ᠪᠠᠶᠢᠴᠠᠭᠠᠬᠤ ᠭᠠᠵᠠᠷ᠃ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠣᠨ ᠤ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠬᠠᠷᠢᠭᠤᠴᠠᠨ ᠲᠣᠭᠲᠠᠭᠠᠵᠤ᠂ ᠴᠢᠬᠤᠯᠠ ᠶᠡᠭᠡ ᠲᠤᠰᠬᠠᠶ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠲᠤᠯᠭᠠᠬᠤ ᠰᠠᠨᠠᠭᠤᠯᠭ᠎ᠠ ᠳᠤᠷᠠᠳᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠠᠵᠢᠯ ᠤᠨ ᠴᠢᠬᠤᠯᠠ ᠲᠣᠭᠲᠠᠭᠠᠯ ᠪᠠ ᠲᠥᠰᠦᠯ ᠤᠨ ᠳᠠᠩᠰᠠᠯᠠᠭᠤᠯᠤᠯᠲᠠ ᠶᠢ ᠬᠦᠯᠢᠶᠡᠨ ᠠᠪᠤᠨ᠎ᠠ᠃ ︵ᠳᠣᠯᠤᠭ᠎ᠠ︶ ᠬᠠᠤᠯᠢ ᠲᠣᠭᠲᠠᠭᠠᠬᠤ ᠨᠢᠭᠡᠳᠦᠭᠡᠷ ᠭᠠᠵᠠᠷ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠂ ᠨᠡᠶᠢᠭᠡᠮ ᠪᠣᠯᠤᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠶᠢᠨ ᠬᠠᠤᠯᠢ ᠲᠣᠭᠲᠠᠭᠠᠬᠤ ᠠᠵᠢᠯ ᠢ ᠬᠠᠷᠢᠭᠤᠴᠠᠵᠤ᠂ ᠬᠠᠷᠠᠭᠠᠯᠵᠠᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ᠂ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠵᠤ᠂ ᠪᠣᠳᠠᠲᠠᠶ ᠬᠡᠷᠡᠭᠯᠡᠬᠦ ᠠᠰᠠᠭᠤᠳᠠᠯ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠶᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠦᠯ ᠳᠤ ᠰᠠᠨᠠᠯ ᠬᠤᠷᠢᠶᠠᠬᠤ ᠠᠵᠢᠯ ᠢ ᠳᠠᠭᠠᠭᠠᠨ ᠭᠦᠶᠴᠡᠳᠬᠡᠨ᠎ᠡ᠃ ︵ᠨᠠᠢᠮᠠ︶ ᠬᠠᠤᠯᠢ ᠲᠣᠭᠲᠠᠭᠠᠬᠤ ᠬᠤᠶᠠᠳᠤᠭᠠᠷ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠶᠢᠨ ᠬᠠᠤᠯᠢ ᠲᠣᠭᠲᠠᠭᠠᠬᠤ ᠠᠵᠢᠯ ᠢ ᠬᠠᠷᠢᠭᠤᠴᠠᠵᠤ᠂ ᠬᠠᠷᠠᠭᠠᠯᠵᠠᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ᠂ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ᠂ ᠪᠣᠳᠠᠲᠠᠶ ᠬᠡᠷᠡᠭᠯᠡᠬᠦ ᠠᠰᠠᠭᠤᠳᠠᠯ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠶᠢ ᠬᠠᠷᠢᠭᠤᠴᠠᠨ᠎ᠠ᠃ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠥᠰᠦᠯ ᠳᠤ ᠰᠠᠨᠠᠯ ᠬᠤᠷᠢᠶᠠᠬᠤ ᠠᠵᠢᠯ ᠢ ᠳᠠᠭᠠᠭᠠᠨ ᠭᠦᠶᠴᠡᠳᠬᠡᠨ᠎ᠡ᠃ ︵ᠶᠢᠰᠦ︶ ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠮᠢᠶᠠᠷᠤᠯᠲᠠ ᠶᠢᠨ ᠲᠣᠪᠴᠢᠶ᠎ᠠ᠃ ᠨᠡᠶᠢᠭᠡᠮ ᠲᠣᠭᠤᠷᠢᠭ ᠤᠨ ᠵᠠᠰᠠᠮᠵᠢᠯᠠᠬᠤ ᠵᠠᠯᠠᠷᠠᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠨᠡᠶᠢᠭᠡᠮ ᠲᠣᠭᠤᠷᠢᠭ ᠤᠨ ᠵᠠᠰᠠᠮᠵᠢᠯᠠᠬᠤ ᠡᠲᠡᠭᠡᠳ ᠤᠨ ᠡᠷᠡᠭᠦᠦ ᠰᠢᠢᠳᠬᠡᠯ ᠭᠦᠢᠴᠡᠳᠬᠡᠬᠦ᠂ ᠬᠠᠮᠢᠶᠠᠷᠴᠤ ᠬᠥᠮᠦᠵᠢᠭᠦᠯᠬᠦ ᠪᠠ ᠬᠠᠪᠰᠤᠷᠤᠨ ᠲᠡᠳᠬᠦᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠨ᠎ᠠ᠃ ᠨᠡᠶᠢᠭᠡᠮ ᠤᠨ ᠬᠦᠴᠦᠨ ᠪᠠ ᠰᠠᠶᠢᠨ ᠳᠤᠷᠠᠴᠤᠳ ᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠳᠤ ᠣᠷᠣᠯᠴᠠᠬᠤ ᠶᠢ ᠵᠢᠯᠣᠭᠤᠳᠤᠨ᠎ᠠ᠃ ︵ᠠᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠭᠦᠢᠴᠡᠳᠬᠡᠬᠦ ᠶᠢ ᠬᠠᠷᠢᠭᠤᠴᠠᠨ᠎ᠠ᠃ ᠪᠥᠬᠦ ᠣᠷᠣᠨ ᠤ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠴᠤ᠂ ᠬᠠᠮᠢᠶᠠᠷᠴᠤ᠂ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠬᠥᠨᠳᠡᠯᠡᠨ ᠠᠴᠠ ᠲᠠᠰᠤᠯᠬᠤ ᠨᠡᠷᠡᠰ ᠤᠨ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ︵ᠠᠷᠪᠠᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠬᠤ ᠬᠢᠨᠠᠯᠲᠠ ᠲᠠᠯᠪᠢᠬᠤ ᠭᠠᠵᠠᠷ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠲᠦᠭᠡᠮᠡᠯ ᠴᠢᠨᠠᠷᠲᠠᠢ ᠴᠢᠬᠤᠯᠠ ᠴᠢᠨᠠᠷᠲᠠᠢ ᠠᠰᠠᠭᠤᠳᠠᠯ ᠢ ᠵᠣᠬᠢᠴᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠤᠯᠢ ᠳᠦᠷᠢᠮ ᠢᠶᠠᠷ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠲᠣᠭᠤᠷᠢᠭ ᠲᠠᠢ ᠬᠤᠲᠠ ᠶᠢᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠳᠡᠩᠰᠡᠯᠡᠵᠦ ᠬᠢᠨᠠᠨ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠢᠯᠭᠠᠷᠠᠭᠤᠯᠬᠤ ᠠᠵᠢᠯ ᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠬᠤ ᠬᠢᠨᠠᠯᠲᠠ ᠲᠠᠯᠪᠢᠬᠤ ᠪᠠ ᠣᠨᠳᠣᠣ ᠰᠠᠨᠠᠯ ᠭᠠᠷᠭᠠᠬᠤ ᠭᠤᠶᠤᠴᠢᠯᠠᠯ ᠤᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠭᠠᠵᠠᠷ᠃ ᠪᠥᠬᠦ ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ ᠶᠢ ᠠᠬᠢᠭᠤᠯᠤᠨ᠎ᠠ᠃ ᠪᠥᠬᠦ ᠣᠷᠣᠨ ᠤ ᠲᠥᠷᠥ ᠶᠢᠨ ᠠᠵᠢᠯᠲᠠᠨ ᠤ ᠬᠠᠤᠯᠢ ᠰᠤᠷᠴᠤ ᠬᠠᠤᠯᠢ ᠬᠡᠷᠡᠭᠯᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ︵ᠠᠷᠪᠠᠨ ᠭᠤᠷᠪᠠ︶ ᠠᠷᠠᠳ ᠲᠦᠮᠡᠨ ᠣᠷᠣᠯᠴᠠᠬᠤ ᠪᠠ ᠬᠠᠤᠯᠢ ᠪᠠᠷ ᠵᠠᠰᠠᠬᠤ ᠶᠢ ᠠᠬᠢᠭᠤᠯᠬᠤ ᠭᠠᠵᠠᠷ᠃ ᠠᠷᠠᠳ ᠣᠯᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠶᠢ ᠪᠠᠲᠤᠯᠠᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠶᠢ ᠵᠢᠯᠣᠭᠤᠳᠤᠨ᠎ᠠ᠃ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠪᠠ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠶᠡᠳᠡᠭᠦᠯᠬᠦ ᠨᠡᠶᠢᠭᠡᠮᠯᠢᠭ ᠵᠡᠷᠭᠡ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠠᠪᠰᠤᠷᠤᠨ ᠰᠤᠷᠭᠠᠬᠤ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ ︵ᠠᠷᠪᠠᠨ ᠳᠥᠷᠪᠡ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠣᠪᠴᠢᠶ᠎ᠠ᠃ ᠪᠥᠬᠦ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠢᠰᠲ᠋ᠧᠮ ᠪᠠ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠬᠦ ᠪᠠ ᠠᠬᠢᠭᠤᠯᠬᠤ ᠶᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ ᠶᠢᠨ ᠠᠵᠢᠯ ᠢ ᠵᠢᠯᠣᠭᠤᠳᠴᠤ᠂ ᠬᠠᠮᠢᠶᠠᠷᠴᠤ᠂ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ ᠶᠢᠨ ᠨᠡᠷᠡᠰ ᠤᠨ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠨᠡᠶᠢᠭᠡᠮᠯᠢᠭ᠂ ᠠᠯᠪᠠᠨ ᠭᠡᠷᠡᠴᠢᠯᠡᠭᠡ ᠶᠢᠨ ᠨᠡᠶᠢᠭᠡᠮᠯᠢᠭ ᠵᠡᠷᠭᠡ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ︵ᠠᠷᠪᠠᠨ ᠲᠠᠪᠤ︶ ᠬᠠᠤᠯᠢᠴᠢ ᠶᠢᠨ ᠠᠵᠢᠯ ᠤᠨ ᠭᠠᠵᠠᠷ᠃ ᠬᠠᠤᠯᠢᠴᠢ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠦᠬᠦ ᠣᠷᠣᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ ᠠᠵᠢᠯ ᠡᠷᠬᠢᠯᠡᠬᠦ ᠶᠢ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠯᠪᠠᠨ ᠲᠣᠰᠢᠶᠠᠯᠳᠦ ᠬᠠᠤᠯᠢᠴᠢ᠂ ᠺᠣᠮᠫᠠᠨᠢ ᠶᠢᠨ ᠬᠠᠤᠯᠢᠴᠢ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠨᠡᠶᠢᠭᠡᠮᠯᠢᠭ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯᠲᠠᠨ ᠤ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ︵ᠠᠷᠪᠠᠨ ᠵᠢᠷᠭᠤᠭ᠎ᠠ︶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢᠨ ᠭᠠᠵᠠᠷ᠃ ᠤᠯᠤᠰ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ ᠨᠢᠭᠡᠳᠦᠯᠲᠡᠢ ᠰᠢᠯᠭᠠᠯᠲᠠ ᠶᠢᠨ ᠲᠣᠭᠤᠷᠢᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠢ ᠨᠢᠭᠡᠳᠦᠯᠲᠡᠢ ᠬᠢᠨᠠᠨ ᠬᠠᠷᠭᠤᠭᠤᠯᠬᠤ ᠪᠠ ᠬᠢᠷᠢ ᠬᠡᠮ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯ ᠳᠤ ᠣᠷᠣᠬᠤ ᠠᠴᠠ ᠡᠮᠦᠨᠡᠬᠢ ᠪᠣᠯᠪᠠᠰᠤᠷᠠᠯ ᠤᠨ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠠᠷᠪᠠᠨ ᠳᠣᠯᠤᠭ᠎ᠠ︶ ᠲᠣᠨᠤᠭ ᠲᠥᠬᠦᠭᠡᠷᠦᠮᠵᠢ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠭᠠᠵᠠᠷ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠡᠳ᠋ ᠪᠣᠳᠠᠰ ᠲᠣᠨᠣᠭᠯᠠᠯ ᠪᠠ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠶ ᠵᠣᠭᠤᠰ ᠪᠣᠯᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠡᠷᠡᠭᠯᠡᠯᠲᠡ ᠶᠢᠨ ᠠᠵᠢᠯ ᠢ ᠵᠢᠯᠣᠭᠤᠳᠤᠨ᠂ ᠬᠢᠨᠠᠯᠲᠠ ᠲᠠᠯᠪᠢᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠫᠤᠤ ᠵᠡᠪᠰᠡᠭ᠂ ᠰᠤᠮᠤ ᠲᠡᠷᠢ᠂ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠬᠢᠭᠡᠳ ᠬᠠᠷᠢᠶ᠎ᠠ ᠪᠦᠬᠦᠢ ᠠᠵᠢᠯ ᠦᠶᠯᠡᠰ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠶᠴᠡᠳᠬᠡᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠢᠨᠠᠨ ᠪᠣᠳᠣᠬᠤ ᠪᠠ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠠᠵᠢᠯ ᠢ ᠬᠠᠷᠢᠭᠤᠴᠠᠵᠤ᠂ ᠭᠢᠨᠳᠠᠨ᠂ ᠰᠢᠭᠤᠳ ᠬᠠᠷᠢᠶ᠎ᠠ ᠬᠤᠤᠷ ᠲᠠᠲᠠᠬᠤ ᠶᠢ ᠵᠣᠭᠰᠣᠭᠠᠬᠤ ᠰᠢᠰᠲ᠋ᠧᠮ ᠤᠨ ᠲᠣᠨᠤᠭ ᠲᠥᠬᠦᠭᠡᠷᠦᠮᠵᠢ ᠶᠢᠨ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ︵ᠠᠷᠪᠠᠨ ᠨᠠᠶᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠭᠠᠵᠠᠷ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠣᠨᠤᠭ᠂ ᠲᠠᠪᠴᠠᠩ ᠢ ᠵᠢᠷᠤᠵᠤ ᠲᠥᠯᠥᠪᠯᠡᠬᠦ᠂ ᠰᠤᠳᠤᠯᠤᠨ ᠨᠡᠭᠡᠭᠡᠬᠦ᠂ ᠪᠥᠲᠥᠭᠡᠨ ᠪᠠᠶᠢᠭᠤᠯᠬᠤ᠂ ᠬᠡᠷᠡᠭᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠶᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠵᠦ᠂ ᠬᠤᠷᠢᠭᠤᠯ ᠤᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ︵ᠠᠷᠪᠠ ᠶᠢᠰᠦ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ︵ᠬᠤᠷᠢ︶ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 15 ᠳ᠋ᠤᠭᠠᠷ ᠲᠣᠭᠠᠲᠤ ᠰᠢᠦᠳᠠᠨ ᠳ᠋ᠤᠭᠠᠷ᠄ 010011 ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 14᠄ 00-17᠄ 30 ᠤᠲᠠᠰᠤ᠄ 0471-5301222 ᠬᠠᠷᠢᠭᠤᠴᠠᠯᠭᠠᠲᠠᠨ᠄ ᠬᠠᠤᠯᠢ ᠴᠠᠭᠠᠵᠠ ᠶᠢᠨ ᠲᠢᠩᠬᠢᠮ ᠤᠨ ᠬᠤᠶᠠᠳᠤᠭᠠᠷ ᠳᠡᠰ ᠤᠨ ᠨᠢᠭᠡᠴᠢ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠬᠤ ᠪᠥᠭᠡᠳ᠂ ᠳᠡᠳ᠋ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ ᠪᠥᠬᠦ ᠣᠷᠣᠨ ᠤ ᠭᠢᠨᠳᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠲᠠᠰᠤ᠄ 0471-239942 ᠬᠠᠷᠢᠭᠤᠴᠠᠯᠭᠠᠲᠠᠨ᠄ ᠬᠤᠩ ᠴᠧᠩ ᠬᠤᠤ ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠴᠡᠯᠡᠭᠡᠷ ᠲᠠᠯ᠎ᠠ ᠶᠡᠭᠡ ᠵᠡᠭᠡᠯᠢ ᠪᠣᠯᠤᠨ ᠬᠤᠷᠴᠢᠨ ᠲᠦᠷᠭᠡᠨ ᠵᠠᠮ ᠤᠨ ᠠᠭᠤᠯᠵᠠᠷ ᠭᠠᠵᠠᠷ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠰᠢᠭᠤᠳ ᠬᠠᠷᠢᠶ᠎ᠠ ᠲᠣᠪᠴᠢᠶ᠎ᠠ ᠪᠣᠯᠬᠤ ᠪᠥᠭᠡᠳ ᠵᠢᠩᠬᠢᠨᠢ ᠭᠠᠵᠠᠷ ᠤᠨ ᠲᠠᠰ ᠤᠨ ᠨᠢᠭᠡᠴᠢ ᠪᠣᠯᠤᠨ᠎ᠠ᠃ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ᠂ ᠬᠤᠤᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠤᠲᠠᠰᠤ᠄ 0471-5316809 ᠬᠠᠷᠢᠭᠤᠴᠠᠯᠭᠠᠲᠠᠨ᠄ ᠸᠠᠩ ᠽᠢ ᠪᠢᠩ ᠠᠯᠪᠠᠯᠠᠬᠤ ᠴᠠᠭ᠄9᠄ 00-12᠄ 00 14᠄ 00-17᠄ 30 ᠬᠠᠶ᠋ᠢᠭ᠄ ᠬᠤᠲᠣᠩ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 3 ᠳ᠋ᠤᠭᠠᠷ ᠲᠣᠭᠠᠲᠤ 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠂ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ ᠠᠵᠤ ᠠᠬᠤᠶ ᠶᠢᠨ ᠭᠡᠷ᠎ᠡ ᠬᠢᠭᠡᠳ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠬᠤ ᠡᠯ᠎ᠡ ᠵᠦᠶᠯ ᠤᠨ ᠠᠯᠪᠠᠨ ᠭᠡᠷᠡᠴᠢᠯᠡᠭᠡ ᠶᠢᠨ ᠵᠦᠶᠯᠡᠰ ᠢ ᠭᠦᠶᠴᠡᠳᠬᠡᠨ᠎ᠡ︔ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠪᠠ ᠠᠯᠪᠠᠨ ᠭᠡᠷᠡᠴᠢᠯᠡᠭᠡ ᠶᠢᠨ ᠯᠠᠪᠯᠠᠭ᠎ᠠ ᠥᠭᠬᠦ ᠦᠢᠯᠡᠴᠢᠯᠡᠭᠡ ᠬᠠᠩᠭᠠᠨ᠎ᠠ᠃ ᠤᠲᠠᠰᠤ᠄ 0471-325716 ᠬᠠᠷᠢᠭᠤᠴᠠᠯᠭᠠᠲᠠᠨ᠄ ᠵᠢᠶᠠ ᠹᠦ᠋ ᠯᠢ ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠤᠯᠠᠭᠠᠨᠴᠠᠪ ᠪᠠᠷᠠᠭᠤᠨ ᠵᠡᠭᠡᠯᠢ ᠶᠢᠨ ᠰᠢᠩ ᠲᠠᠢ ᠢᠦᠢ ᠳ᠋ᠦ᠋ ᠣᠯᠠᠨ ᠤᠯᠤᠰ ᠤᠨ ᠠᠰᠠᠷ 7 ᠳ᠋ᠤᠭᠠᠷ ᠳᠠᠪᠬᠤᠷ 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠬᠠᠷᠢᠶᠠᠯᠠᠭᠳᠠᠵᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠨᠢᠯᠲᠡ ᠶᠢ ᠲᠦᠯᠬᠢᠨ ᠠᠬᠢᠭᠤᠯᠬᠤ ᠪᠠ ᠵᠢᠯᠣᠭᠤᠳᠤᠨ᠎ᠠ︔ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠵᠦᠶᠯ ᠤᠨ ᠳᠦᠷᠢᠮ ᠪᠣᠯᠤᠨ ᠠᠵᠢᠯᠯᠠᠭᠠᠨ ᠤ ᠵᠢᠷᠤᠮᠵᠢᠯ ᠢ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠵᠢᠭᠠᠨ ᠲᠣᠭᠲᠠᠭᠠᠭᠰᠠᠨ ᠥᠮᠥᠭᠯᠡᠬᠦ ᠬᠡᠷᠡᠭ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠡᠭᠦᠷᠭᠡᠯᠡᠨ᠎ᠡ︔ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠨ᠎ᠡ︔ ᠬᠠᠤᠯᠢ ᠴᠠᠭᠠᠵᠠ ᠶᠢᠨ ᠦᠶᠯᠡᠴᠢᠯᠡᠭᠡᠨ ᠤ ᠪᠠᠶᠢᠭᠤᠯᠤᠮᠵᠢ ᠵᠢᠴᠢ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯᠲᠠᠨ ᠢ ᠲᠣᠮᠢᠯᠠᠨ ᠬᠢᠨᠠᠯᠲᠠ ᠲᠠᠯᠪᠢᠵᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠶᠯᠡᠰ ᠢ ᠭᠦᠶᠴᠡᠳᠬᠡᠨ᠎ᠡ︔ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠤᠲᠠᠰᠤ᠄ 0471-5301423 ᠬᠠᠷᠢᠭᠤᠴᠠᠯᠭᠠᠲᠠᠨ᠄ ᠴᠠᠢ ᠶᠦᠩ ᠱᠧᠩ ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 15 ᠳ᠋ᠤᠭᠠᠷ ᠲᠣᠭᠠᠲᠤ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 1 ᠳ᠋ᠦ᠋ᠭᠡᠷ ᠳᠠᠪᠬᠤᠷ 5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠷᠢᠶ᠎ᠠ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ︔ ᠠᠵᠢᠯᠯᠠᠬᠤ ᠣᠷᠣᠨ ᠪᠦᠰᠡ ᠵᠢᠴᠢ ᠬᠠᠮᠢᠶ᠎ᠠ ᠪᠦᠬᠦᠢ ᠣᠷᠣᠨ ᠪᠦᠰᠡ ᠶᠢᠨ ᠠᠳᠠᠯ ᠠᠬᠤᠢ ᠶᠢᠨ ᠬᠠᠮᠢᠶᠠᠷᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠡᠭᠦᠷᠭᠡᠯᠡᠨ᠎ᠡ᠃ ᠤᠲᠠᠰᠤ᠄ 0471-5301412 ᠬᠠᠷᠢᠭᠤᠴᠠᠯᠭᠠᠲᠠᠨ᠄ ᠹᠧᠩ ᠶᠢᠨ ᠬᠦᠶ ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 15 ᠳ᠋ᠤᠭᠠᠷ ᠲᠣᠭᠠᠲᠤ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 4 ᠳ᠋ᠦ᠋ᠭᠡᠷ ᠳᠠᠪᠬᠤᠷᠭ᠎ᠠ 6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠪᠣᠯᠪᠠᠰᠤᠷᠠᠯ ᠤᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠬᠠᠷᠢᠶ᠎ᠠ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ᠃ ᠬᠠᠷᠢᠭᠤᠴᠠᠯᠭᠠᠲᠠᠨ᠄ ᠭᠦᠸᠧ ᠲᠢᠶᠠᠨ ᠶᠦᠨ ᠤᠲᠠᠰᠤ᠄ 5301322 ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 15 ᠳ᠋ᠤᠭᠠᠷ ᠲᠣᠭᠠᠲᠤ ᠲᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 1 ᠳ᠋ᠦ᠋ᠭᠡᠷ ᠳᠠᠪᠬᠤᠷᠭ᠎ᠠ 7. ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠮᠡᠳᠡᠭᠡ ᠵᠠᠩᠭᠢ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠷᠢᠶ᠎ᠠ ᠵᠢᠩᠬᠢᠨᠢ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠬᠠᠷᠢᠭᠤᠴᠠᠯᠭᠠᠲᠠᠨ᠄ ᠸᠠᠩ ᠺᠠᠶ ᠤᠲᠠᠰᠤ᠄ 5301382 ᠠᠯᠪᠠᠯᠠᠬᠤ ᠴᠠᠭ᠄ 9᠄ 00-12᠄ 00 14᠄ 00-17᠄ 30 ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠡᠮᠦᠨ᠎ᠡ ᠵᠠᠮ ᠤᠨ 15 ᠳ᠋ᠤᠭᠠᠷ ᠲᠣᠭᠠᠲᠤ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 6 ᠳ᠋ᠤᠭᠠᠷ ᠳᠠᠪᠬᠤᠷ
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|