|
ᠠᠷᠠᠳ ᠤᠨ ᠶᠠᠪᠤᠳᠠᠯ ᠤᠨ ᠲᠢᠩᠬᠢᠮ |
|
|
ᠨᠡᠶᠢᠲᠡᠯᠡᠭᠰᠡᠨ ᠴᠠᠭ᠄
2015/4/2
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠵᠢᠩᠬᠢᠨᠢ ᠲᠠᠰ ᠤᠨ ᠨᠢᠭᠡᠴᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠠᠷᠠᠳ ᠤᠨ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠬᠢ ︵ᠨᠢᠭᠡ︶ ᠪᠦᠬᠦ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠨ᠎ᠠ᠃ ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠪᠦᠷᠢᠳᠬᠡᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠨ᠎ᠠ᠃ ︵ᠭᠤᠷᠪᠠ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠶᠠᠳᠠᠭᠤ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠤᠨ ᠢᠷᠡᠯᠲᠡ ᠦᠭᠡᠶ ᠲᠡᠨᠦᠭᠦᠯ ᠭᠤᠶᠢᠷᠠᠨᠴᠢ ᠶᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃ ︵ᠳᠥᠷᠪᠡ︶ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠲᠠᠪᠤ︶ ᠵᠠᠰᠠᠭ ᠵᠠᠬᠢᠷᠭᠠᠨ ᠤ ᠣᠷᠣᠨ ᠬᠤᠪᠢᠶᠠᠷᠢ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠵᠠᠬᠢᠷᠭᠠᠨ ᠤ ᠣᠷᠣᠨ ᠬᠤᠪᠢᠶᠠᠷᠢ ᠶᠢ ᠬᠤᠪᠢᠷᠠᠭᠠᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠤᠷᠤᠭ ᠤᠨ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠶᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ︵ᠨᠠᠶᠮᠠ︶ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠶᠠᠳᠠᠭᠤ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠳᠠᠭᠠᠭᠠᠨ ᠡᠭᠦᠷᠭᠡᠯᠡᠨ᠎ᠡ᠃ ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠣᠯᠤᠨ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠵᠡᠮᠳᠡᠭ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ︵ᠠᠷᠪᠠᠨ ᠨᠢᠭᠡ︶ ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠴᠤ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠳᠥᠷᠪᠡ︶ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠶ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠶᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠵᠦ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ᠂ ᠥᠨᠥᠴᠢᠨ ᠵᠡᠮᠳᠡᠭ᠂ ᠥᠨᠥᠴᠢᠨ ᠬᠡᠦᠬᠡᠳ ᠵᠡᠷᠭᠡ ᠳᠤ ᠦᠨᠳᠦᠰᠦᠨ ᠨᠡᠶᠢᠭᠡᠮ ᠤᠨ ᠦᠶᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠣᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠃ ︵ᠨᠢᠭᠡ︶ ᠠᠯᠪᠠᠨ ᠭᠡᠷ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠵᠤ ᠬᠠᠮᠲᠤᠷᠠᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ︵ᠬᠤᠶᠠᠷ︶ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ᠃ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠷᠠᠳ ᠤᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠵᠦ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠠᠮᠢᠶᠠᠷᠤᠨ᠎ᠠ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠣᠯᠤᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃ ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠪᠴᠢᠶ᠎ᠠ︶᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠠᠶᠢᠮᠠᠭ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠨᠢ ᠵᠢᠯᠣᠭᠤᠳᠤᠨ᠎ᠠ᠃ ︵ᠳᠥᠷᠪᠡ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠭᠠᠵᠠᠷ᠃ ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠠᠮᠤᠭ ᠳᠣᠣᠷ᠎ᠠ ᠪᠠᠲᠤᠯᠠᠭ᠎ᠠ᠂ ᠣᠨᠴᠠ ᠶᠠᠳᠠᠭᠤ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠶᠴᠡᠳᠬᠡᠨ᠎ᠡ᠃ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠲᠡᠩᠬᠡᠷᠡᠭᠦᠯᠦᠨ ᠲᠤᠰᠠᠯᠠᠬᠤ ᠬᠠᠮᠢᠶ᠎ᠠ ᠪᠥᠬᠦᠶ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ︵ᠲᠠᠪᠤ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠭᠠᠵᠠᠷ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠵᠢᠷᠭᠤᠭ᠎ᠠ︶ ᠣᠷᠣᠨ ᠬᠤᠪᠢᠶᠠᠷᠢ ᠭᠠᠵᠠᠷ ᠤᠨ ᠨᠡᠷ᠎ᠡ ᠶᠢᠨ ᠭᠠᠵᠠᠷ᠃ ᠪᠥᠬᠦ ᠣᠷᠣᠨ ᠤ ᠵᠠᠰᠠᠭ ᠵᠠᠬᠢᠷᠭᠠᠨ ᠤ ᠬᠤᠪᠢᠶᠠᠷᠢ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠣᠯᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠣᠭᠲᠠᠭᠠᠨ᠎ᠠ᠃ ᠰᠤᠮᠤ ᠰᠢᠶᠠᠩ ᠪᠠᠯᠭᠠᠰᠤ ᠪᠠᠶᠢᠭᠤᠯᠬᠤ᠂ ᠬᠠᠰᠤᠬᠤ᠂ ᠨᠡᠷ᠎ᠡ ᠶᠢ ᠨᠢ ᠬᠠᠯᠠᠬᠤ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠵᠦᠶᠯᠡᠰ ᠢ ᠬᠢᠨᠠᠨ ᠬᠠᠷᠭᠤᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠬᠤᠪᠢᠶᠠᠷᠢ ᠶᠢ ᠪᠠᠶᠢᠭᠤᠯᠬᠤ᠂ ᠬᠠᠰᠤᠬᠤ᠂ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠠᠵᠢᠯ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠡᠷᠬᠢᠯᠡᠨ᠎ᠡ᠃ ᠪᠦᠬᠦ ᠣᠷᠣᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠷᠬᠡ ᠮᠡᠳᠡᠯ ᠢᠶᠠᠷ ᠢᠶᠠᠨ ᠪᠥᠬᠦ ᠣᠷᠣᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃ ︵ᠳᠣᠯᠤᠭ᠎ᠠ︶ ᠨᠡᠶᠢᠭᠡᠮ ᠤᠨ ᠬᠡᠷᠡᠭ ᠡᠷᠬᠢᠯᠡᠬᠦ ᠭᠠᠵᠠᠷ᠃ ᠣᠷᠤᠭ ᠬᠤᠷᠢᠮ ᠤᠨ ᠵᠠᠩ ᠳᠠᠳᠬᠠᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠣᠷᠤᠭ᠂ ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠷᠤᠭ ᠳᠠᠩᠰᠠᠯᠠᠬᠤ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠶᠯᠡᠴᠢᠯᠡᠭᠡ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠲᠦᠷ ᠴᠠᠭ ᠬᠠᠮᠠᠭᠠᠯᠠᠨ ᠲᠤᠰᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ︵ᠨᠠᠶᠮᠠ︶ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠭᠠᠵᠠᠷ᠃ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠳᠦᠷᠢᠮ ᠪᠠ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠵᠡᠷᠭᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠲᠡᠭᠦᠰ ᠤᠨ ᠨᠥᠬᠦᠪᠥᠷᠢ ᠵᠡᠷᠭᠡ ᠨᠥᠬᠦᠪᠥᠷᠢ ᠣᠯᠭᠤᠬᠤ ᠠᠵᠢᠯ ᠢ ᠬᠠᠷᠢᠭᠤᠴᠠᠨ᠎ᠠ᠃ ︵ᠶᠢᠰᠦ︶ ᠬᠡᠦᠬᠡᠳ ᠤᠨ ᠠᠰᠠᠷᠠᠮᠵᠢ ᠶᠢᠨ ᠭᠠᠵᠠᠷ᠃ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮ ᠪᠠ ᠬᠦᠴᠢᠷᠳᠡᠯᠲᠡᠢ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ︵ᠠᠷᠪᠠ︶ ᠨᠢᠭᠦᠯᠡᠰᠦᠩᠭᠦᠶ ᠦᠢᠯᠡᠰ ᠢ ᠠᠬᠢᠭᠤᠯᠬᠤ ᠪᠠ ᠨᠡᠶᠢᠭᠡᠮ ᠤᠨ ᠠᠵᠢᠯ ᠤᠨ ᠭᠠᠵᠠᠷ᠃ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠠᠰᠠᠷᠠᠮᠵᠢ ᠶᠢᠨ ᠰᠤᠭᠤᠯᠤᠭ᠎ᠠ ᠶᠢᠨ ᠱᠠᠩᠨᠠᠯ ᠣᠯᠭᠤᠬᠤ ᠪᠠ ᠤᠰᠠᠳᠬᠠᠬᠤ ᠳᠤ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠯᠲᠠ ᠲᠠᠯᠪᠢᠵᠤ᠂ ᠠᠰᠠᠷᠠᠮᠵᠢ ᠶᠢᠨ ᠰᠤᠭᠤᠯᠤᠭ᠎ᠠ ᠶᠢ ᠣᠷᠣᠯᠠᠨ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ ︵ᠠᠷᠪᠠᠨ ᠨᠢᠭᠡ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠪᠦᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠭᠤᠳ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ︵ᠠᠷᠪᠠᠨ ᠭᠤᠷᠪᠠ︶ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ︵ᠠᠵᠢᠯᠲᠠᠨ ᠤ ᠶᠠᠪᠤᠳᠠᠯ ᠤᠨ ᠭᠠᠵᠠᠷ︶᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠨ ᠺᠠᠳ᠋ᠷᠴᠤᠳ ᠤᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠵᠢᠴᠢ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠭᠤᠷᠪᠠ᠂ ᠠᠵᠢᠯᠯᠠᠬᠤ ᠬᠠᠶ᠋ᠢᠭ᠂ ᠠᠵᠢᠯᠯᠠᠬᠤ ᠴᠠᠭ᠂ ᠬᠠᠷᠢᠯᠴᠠᠬᠤ ᠠᠷᠭ᠎ᠠ᠂ ᠬᠠᠷᠢᠭᠤᠴᠠᠯᠭᠠᠲᠠᠨ ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 6 ᠳ᠋ᠤᠭᠠᠷ ᠠᠰᠠᠷ ᠬᠠᠷᠢᠯᠴᠠᠬᠤ ᠠᠷᠭ᠎ᠠ᠄ 0471-69337 ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 13᠄ 30-17᠄ 00 ᠬᠠᠷᠢᠭᠤᠴᠠᠯᠭᠠᠲᠠᠨ᠄ ᠴᠧᠨ ᠵᠢᠶᠧ ᠳᠥᠷᠪᠡ᠂ ᠰᠢᠭᠤᠳ ᠬᠠᠷᠢᠶ᠎ᠠ ᠨᠢᠭᠡᠴᠢ ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠲᠥᠪ︶ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠵᠠᠰᠠᠭ ᠵᠠᠬᠢᠷᠭᠠᠨ ᠤ ᠰᠠᠯᠠᠭ᠎ᠠ᠂ ᠶᠡᠷᠦᠩᠬᠡᠶ ᠶᠠᠪᠤᠳᠠᠯ ᠤᠨ ᠰᠠᠯᠠᠭ᠎ᠠ᠂ ᠨᠡᠶᠢᠭᠡᠮ ᠤᠨ ᠠᠵᠢᠯ ᠤᠨ ᠰᠠᠯᠠᠭ᠎ᠠ᠂ ᠲᠡᠷᠭᠡᠨ ᠠᠩᠭᠢ ᠭᠡᠬᠦ 4 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠭᠦᠸᠧ ᠵᠠᠨ ᠸᠧᠶ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠡᠷᠭᠡ ᠬᠥᠰᠬᠡ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ︔ ᠠᠵᠢᠯᠯᠠᠬᠤ ᠣᠷᠣᠨ ᠭᠠᠵᠠᠷ ᠵᠢᠴᠢ ᠬᠠᠮᠢᠶ᠎ᠠ ᠪᠦᠬᠦᠢ ᠣᠷᠣᠨ ᠭᠠᠵᠠᠷ ᠤᠨ ᠠᠳᠠᠯ ᠠᠬᠤᠢ ᠶᠢᠨ ᠬᠠᠮᠢᠶᠠᠷᠤᠯᠲᠠ ᠶᠢ ᠡᠭᠦᠷᠭᠡᠯᠡᠨ᠎ᠡ︔ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠮᠡᠳᠡᠭᠡ ᠵᠠᠩᠭᠢ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠶᠠᠪᠤᠳᠠᠯ ᠤᠨ ᠲᠥᠪ ᠤᠨ ᠢᠯᠡᠷᠬᠡᠶᠢᠯᠡᠯ ᠢ ᠡᠯᠭᠦᠨ᠎ᠡ︶᠃ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠮᠡᠷᠭᠡᠵᠢᠯ ᠤᠨ ᠬᠡᠯᠲᠡᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠯᠲᠡᠰ ᠭᠡᠬᠦ 2 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠡᠦ ᠸᠧᠢ ᠵᠢᠶᠦ᠋ᠨ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠮᠡᠳᠡᠭᠡ ᠵᠠᠩᠭᠢ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ︔ ᠠᠶᠢᠮᠠᠭ ᠬᠤᠲᠠ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠲᠤᠭ᠎ᠠ ᠪᠠᠷᠢᠮᠲᠠ ᠶᠢ ᠳᠠᠮᠵᠢᠭᠤᠯᠬᠤ᠂ ᠬᠠᠳᠠᠭᠠᠯᠠᠬᠤ᠂ ᠵᠠᠳᠠᠯᠤᠯᠲᠠ ᠬᠢᠬᠦ ᠨᠡᠭᠡᠭᠡᠨ ᠠᠰᠢᠭᠯᠠᠬᠤ ᠶᠢ ᠡᠭᠦᠷᠭᠡᠯᠡᠨ᠎ᠡ︔ ᠰᠦᠯᠵᠢᠶᠡᠨ ᠤ ᠠᠮᠤᠷ ᠲᠦᠪᠰᠢᠨ ᠪᠠ ᠮᠡᠷᠭᠡᠵᠢᠯ ᠤᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ᠂ ᠪᠦᠬᠦ ᠣᠷᠣᠨ ᠤ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠮᠡᠳᠡᠭᠡ ᠵᠠᠩᠭᠢ ᠶᠢᠨ ᠰᠢᠰᠲ᠋ᠧᠮ ᠢ ᠬᠠᠮᠠᠭᠠᠯᠠᠬᠤ ᠪᠠ ᠪᠦᠬᠦ ᠣᠷᠣᠨ ᠤ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨᠲ᠋ᠤᠰᠠᠯᠠᠬᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠷᠭᠤᠭᠤᠯᠬᠤ ᠠᠵᠢᠯ ᠢ ᠡᠭᠦᠷᠭᠡᠯᠡᠵᠦ᠂ ᠭᠠᠵᠠᠷ ᠣᠷᠣᠨ ᠠᠯᠤᠰᠯᠠᠭᠰᠠᠨ ᠣᠷᠣᠯᠭ᠎ᠠ ᠪᠠᠭᠠᠲᠠᠶ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠯᠭᠡᠬᠦ ᠶᠢ ᠬᠦᠯᠢᠶᠡᠨ ᠠᠪᠬᠤ ᠶᠢᠨ ᠬᠠᠮᠲᠤ ᠥᠷᠨᠢᠭᠦᠯᠦᠨ᠎ᠡ᠃ ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠷ᠎ᠡ ᠬᠦᠨᠳᠦᠲᠦ ᠴᠡᠷᠢᠭ ᠤᠨ ᠮᠥᠴᠢ ᠵᠡᠮᠳᠡᠭ ᠤᠨ ᠡᠷᠡᠭᠦᠯᠵᠢᠯ ᠤᠨ ᠲᠥᠪ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠲᠤᠬᠠᠶᠢᠯᠠᠭᠰᠠᠨ ᠠᠵᠢᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠯᠠᠭ᠎ᠠ᠂ ᠡᠷᠡᠭᠦᠯᠵᠢᠭᠦᠯᠬᠦ ᠰᠠᠯᠠᠭ᠎ᠠ ᠭᠡᠬᠦ 5 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠵᠣᠣ ᠯᠢ ᠵᠢᠶᠦ᠋ᠨ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠭᠤᠣᠯ ᠡᠭᠦᠷᠭᠡ ᠬᠠᠷᠢᠭᠤᠴᠠᠯᠭ᠎ᠠ ᠪᠣᠯ ᠮᠥᠴᠢ ᠵᠡᠮᠳᠡᠭ ᠴᠡᠷᠢᠭ ᠤᠨ ᠰᠤᠳᠤᠯᠭᠠᠨ᠂ ᠵᠡᠮᠳᠡᠭ ᠮᠥᠴᠢ ᠶᠢᠨ ᠲᠤᠰᠠᠯᠠᠭᠤᠷ ᠡᠳ᠋ ᠶᠢ ᠦᠶᠯᠡᠳᠪᠦᠷᠢᠯᠡᠬᠦ ᠠᠵᠢᠯ ᠢ ᠡᠭᠦᠷᠭᠡᠯᠡᠬᠦ ᠶᠢᠨ ᠬᠠᠮᠲᠤ ᠴᠢᠳᠠᠮᠵᠢ ᠶᠢᠨ ᠪᠣᠯᠪᠠᠰᠤᠷᠠᠯ ᠢ ᠬᠠᠷᠢᠭᠤᠴᠠᠬᠤ ᠮᠥᠷᠲᠡᠭᠡᠨ ᠣᠯᠠᠨ ᠲᠥᠷᠥᠯ ᠤᠨ ᠡᠵᠡᠩᠨᠡᠯᠲᠡ ᠶᠢ ᠥᠷᠨᠢᠭᠦᠯᠵᠦ᠂ ᠨᠡᠶᠢᠭᠡᠮ ᠳᠤ ᠴᠢᠯᠥᠭᠡᠲᠡᠶ ᠨᠡᠭᠡᠭᠡᠨ᠎ᠡ᠃ ︵ᠳᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢᠨ ᠲᠥᠪ 1. ᠪᠠᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠢᠯᠡᠭᠰᠡᠨ ᠬᠡᠯᠲᠡᠰ᠂ ᠵᠠᠬ᠎ᠠ ᠳᠡᠯᠭᠡᠭᠦᠷ ᠤᠨ ᠨᠢᠭᠡᠳᠦᠭᠡᠷ ᠬᠡᠯᠲᠡᠰ᠂ ᠵᠠᠬ᠎ᠠ ᠳᠡᠯᠭᠡᠭᠦᠷ ᠤᠨ ᠬᠤᠶᠠᠳᠤᠭᠠᠷ ᠬᠡᠯᠲᠡᠰ᠂ ᠡᠳ᠋ ᠤᠨ ᠶᠠᠪᠤᠳᠠᠯ ᠤᠨ ᠬᠡᠯᠲᠡᠰ᠂ ᠮᠡᠷᠭᠡᠵᠢᠯ ᠤᠨ ᠬᠡᠯᠲᠡᠰ᠂ ᠤᠬᠠᠭᠤᠯᠬᠤ ᠬᠡᠯᠲᠡᠰ᠂ ᠦᠢᠯᠡᠴᠢᠯᠡᠭᠡᠨ ᠤ ᠬᠡᠯᠲᠡᠰ᠂ ᠬᠢᠨᠠᠨ ᠪᠣᠳᠣᠬᠤ ᠲᠠᠰᠤᠭ ᠭᠡᠬᠦ 8 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠶᠠᠩ ᠸᠧᠨ ᠶᠦᠩ᠂ ᠡᠦ ᠵᠢᠶᠦ᠋ᠨ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠨᠡᠶᠢᠭᠡᠮ ᠤᠨ ᠠᠰᠠᠷᠠᠮᠵᠢ ᠶᠢᠨ ᠮᠥᠩᠭᠦ ᠴᠤᠭᠯᠠᠭᠤᠯᠬᠤ ᠱᠠᠩᠨᠠᠯᠲᠤ ᠰᠤᠭᠤᠯᠤᠭ᠎ᠠ ᠲᠠᠷᠬᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠬᠦᠴᠦᠨ ᠢ ᠳᠠᠶᠢᠴᠢᠯᠠᠵᠤ᠂ ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ ᠶᠢ ᠴᠤᠭᠯᠠᠭᠤᠯᠤᠨ᠂ ᠨᠠᠰᠤᠲᠠᠶᠢᠴᠤᠳ᠂ ᠥᠨᠥᠴᠢᠨ ᠬᠡᠦᠬᠡᠳ᠂ ᠵᠡᠮᠳᠡᠭᠴᠦᠳ ᠲᠤ ᠦᠢᠯᠡᠴᠢᠯᠡᠬᠦ ᠡᠯ᠎ᠡ ᠲᠥᠷᠥᠯ ᠬᠡᠯᠪᠡᠷᠢ ᠶᠢᠨ ᠨᠡᠶᠢᠲᠡ ᠶᠢᠨ ᠪᠠᠶᠢᠷᠢ ᠪᠣᠯᠤᠨ ᠡᠷᠡᠭᠦᠯᠵᠢᠭᠦᠯᠬᠦ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠠᠰᠠᠷᠠᠮᠵᠢ ᠶᠢᠨ ᠦᠢᠯᠡᠰ ᠢ ᠡᠷᠬᠢᠯᠡᠵᠦ᠂ ᠬᠤᠲᠠ ᠬᠥᠳᠡᠭᠡ ᠶᠢᠨ ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠢ ᠵᠣᠭᠤᠰ ᠮᠥᠩᠭᠦ ᠪᠠᠷ ᠲᠡᠳᠬᠦᠬᠦ ᠪᠠ ᠬᠦᠴᠢᠷᠳᠡᠯᠲᠡᠶ ᠬᠥᠮᠦᠰ ᠢ ᠲᠤᠰᠠᠯᠠᠨ᠎ᠠ︔ ᠵᠡᠮᠳᠡᠭᠴᠦᠳ ᠲᠤ ᠠᠵᠢᠯ ᠣᠯᠭᠤᠬᠤ ᠶᠢ ᠳᠡᠮᠵᠢᠵᠦ᠂ ᠨᠡᠶᠢᠭᠡᠮ ᠤᠨ ᠠᠰᠠᠷᠠᠮᠵᠢ ᠶᠢᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ ᠳᠤ ᠬᠠᠪᠰᠤᠷᠤᠯᠭ᠎ᠠ ᠦᠵᠡᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠢ ᠬᠥᠭᠵᠢᠭᠦᠯᠦᠨ᠎ᠡ᠃ ︵ᠲᠠᠪᠤ︶ ᠨᠢᠭᠦᠯᠡᠰᠦᠩᠭᠦᠢ ᠦᠢᠯᠡᠰ ᠤᠨ ᠶᠡᠷᠦᠩᠬᠡᠢ ᠨᠡᠶᠢᠭᠡᠮᠯᠢᠭ ᠤᠨ ᠠᠯᠪᠠᠨ ᠭᠡᠷ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠬᠡᠯᠲᠡᠰ᠂ ᠲᠥᠷᠥᠯ ᠵᠦᠶᠯ ᠤᠨ ᠬᠡᠯᠲᠡᠰ ᠭᠡᠬᠦ 2 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠭᠧ ᠰᠢᠶᠤᠤ ᠶᠠᠨ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠨᠡᠶᠢᠭᠡᠮᠯᠢᠭ ᠤᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠦᠬᠦ ᠣᠷᠣᠨ ᠤ ᠥᠲᠡᠭᠦᠰ ᠢ ᠲᠥᠪᠬᠢᠨᠡᠭᠦᠯᠵᠦ ᠥᠨᠥᠴᠢᠨ ᠢ ᠲᠤᠰᠠᠯᠠᠬᠤ᠂ ᠠᠶᠤᠯ ᠠᠴᠠ ᠠᠪᠤᠷᠠᠬᠤ ᠬᠦᠴᠢᠷᠳᠡᠭᠰᠡᠳ ᠢ ᠲᠤᠰᠠᠯᠠᠬᠤ᠂ ᠪᠡᠯᠡᠭ ᠬᠠᠨᠳᠢᠪ ᠢ ᠬᠦᠯᠢᠶᠡᠨ ᠠᠪᠬᠤ ᠪᠠ ᠡᠯ᠎ᠡ ᠲᠥᠷᠥᠯ ᠤᠨ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠵᠢᠴᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠵᠡᠷᠭᠡ ᠶᠢ ᠡᠭᠦᠷᠭᠡᠯᠡᠨ᠎ᠡ᠃ ︵ᠵᠢᠷᠭᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠬᠤᠷ ᠬᠥᠮᠦᠨ ᠤ ᠢᠯᠢᠬᠦ ᠵᠠᠰᠠᠯ ᠤᠨ ᠪᠣᠯᠪᠠᠰᠤᠷᠠᠯ ᠤᠨ ᠡᠮᠴᠢᠯᠡᠭᠡᠨ ᠤ ᠲᠥᠪ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠪᠣᠯᠪᠠᠰᠤᠷᠠᠭᠤᠯᠤᠯ ᠤᠨ ᠰᠠᠯᠠᠭ᠎ᠠ᠂ ᠠᠵᠢᠯ ᠣᠯᠭᠤᠯᠲᠠ ᠶᠢ ᠵᠢᠯᠣᠭᠤᠳᠬᠤ ᠰᠠᠯᠠᠭ᠎ᠠ ᠭᠡᠬᠦ 3 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠯᠢ ᠺᠧ ᠵᠢᠶᠠᠨ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠪᠡᠷᠲᠡᠭᠡᠨ ᠵᠠᠰᠠᠬᠤ ᠣᠷᠣᠨ ᠤ ᠰᠣᠬᠤᠷ ᠬᠥᠮᠦᠨ ᠤ ᠢᠯᠢᠬᠦ ᠵᠠᠰᠠᠯ ᠤᠨ ᠪᠣᠯᠪᠠᠰᠤᠷᠠᠯ ᠤᠨ ᠡᠮᠴᠢᠯᠡᠭᠡᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠳᠡᠳ᠋ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠰᠣᠬᠤᠷ ᠬᠥᠮᠦᠨ ᠳᠤ ᠰᠣᠶᠣᠯ ᠤᠨ ᠬᠥᠮᠦᠵᠢᠯ ᠪᠠ ᠢᠯᠢᠵᠦ ᠨᠤᠬᠤᠯᠠᠬᠤ ᠪᠣᠯᠪᠠᠰᠤᠷᠠᠯ ᠬᠢᠬᠦ ᠶᠢ ᠡᠭᠦᠷᠭᠡᠯᠡᠵᠦ᠂ ᠬᠥᠮᠦᠵᠢᠯ ᠪᠠ ᠪᠣᠯᠪᠠᠰᠤᠷᠠᠯ ᠢᠶᠠᠷ ᠳᠠᠮᠵᠢᠭᠤᠯᠤᠨ᠂ ᠰᠣᠬᠤᠷ ᠬᠥᠮᠦᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠡᠳᠡᠨ ᠳᠤ ᠮᠡᠷᠭᠡᠵᠢᠯ ᠡᠵᠡᠮᠰᠢᠭᠦᠯᠦᠨ᠂ ᠰᠣᠬᠤᠷ ᠬᠥᠮᠦᠨ ᠤ ᠨᠡᠶᠢᠭᠡᠮ ᠤᠨ ᠠᠵᠢᠯᠯᠠᠭ᠎ᠠ ᠪᠠ ᠠᠵᠢᠯ ᠣᠯᠭᠤᠯᠲᠠ ᠳᠤ ᠡᠷᠬᠡ ᠲᠡᠭᠰᠢ ᠪᠠᠷ ᠣᠷᠣᠯᠴᠠᠬᠤ ᠳᠤ ᠨᠢ ᠨᠥᠬᠦᠴᠡᠯ ᠪᠦᠷᠢᠯᠳᠦᠭᠦᠯᠵᠦ ᠥᠭᠭᠦᠨ᠎ᠡ︔ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠭᠠᠳᠠᠭᠰᠢ ᠡᠮᠴᠢᠯᠡᠭᠡᠨ ᠤ ᠲᠤᠬᠠᠶᠢᠯᠠᠭᠰᠠᠨ ᠠᠵᠢᠯ ᠥᠷᠨᠢᠭᠦᠯᠦᠨ᠎ᠡ᠃ ︵ᠳᠣᠯᠤᠭ᠎ᠠ︶ ᠥᠨᠥᠳᠦᠷ ᠤᠨ ᠨᠡᠶᠢᠭᠡᠮ ᠮᠣᠩᠭᠤᠯ ᠰᠡᠳᠬᠦᠯ ᠤᠨ ᠬᠤᠷᠢᠶ᠎ᠠ 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠨ ᠲᠠᠷᠬᠠᠭᠠᠬᠤ ᠰᠠᠯᠠᠭ᠎ᠠ᠂ ᠨᠠᠶᠢᠷᠠᠭᠤᠯᠬᠤ ᠬᠡᠯᠲᠡᠰ ᠭᠡᠬᠦ 2 ᠳᠣᠲᠣᠭᠠᠳᠤ ᠪᠠᠶᠢᠭᠤᠯᠤᠮᠵᠢ ᠪᠤᠢ᠃ 2. ᠬᠠᠷᠢᠭᠤᠴᠠᠯᠭᠠᠲᠠᠨ᠄ ᠬᠠᠢ ᠹᠧᠩ 3. ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ᠄ ᠥᠨᠥᠳᠦᠷ ᠤᠨ ᠨᠡᠶᠢᠭᠡᠮ ᠮᠣᠩᠭᠤᠯ ᠰᠡᠳᠬᠦᠯ ᠤᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠳᠠᠬᠤ ᠳᠡᠳ᠋ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠥᠷᠭᠡᠨ ᠤᠯᠠᠨ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠤᠷᠤᠭ ᠤᠨ ᠬᠠᠤᠯᠢ᠂ ᠤᠷᠤᠭ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠷᠤᠭ ᠭᠡᠷ ᠪᠦᠯᠢ ᠶᠢᠨ ᠨᠡᠶᠢᠭᠡᠮ ᠤᠨ ᠮᠡᠳᠡᠯᠭᠡ ᠵᠢᠴᠢ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠦᠭᠡᠮᠡᠯᠵᠢᠭᠦᠯᠦᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|