|
ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠢᠯᠡᠷᠬᠡᠶᠢᠯᠡᠯ ᠢ ᠨᠡᠮᠡᠨ ᠡᠯᠭᠦᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠰᠢᠰᠲ᠋ᠧᠮᠴᠢᠯᠡᠨ ᠬᠠᠷᠢᠶᠠᠯᠠᠭᠤᠯᠤᠨ᠎ᠠ᠃ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭ᠎ᠠ ᠳᠠᠬᠢ ᠴᠢᠬᠤᠯᠠ ᠶᠡᠭᠡ ᠤᠴᠢᠷ ᠶᠠᠪᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠬᠤ ᠤᠴᠢᠷ ᠶᠠᠪᠤᠳᠠᠯ ᠢ ᠬᠢᠨᠠᠵᠤ ᠰᠢᠢᠳᠪᠦᠷᠢᠯᠡᠨ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃ ︵ᠭᠤᠷᠪᠠ︶ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠬᠢ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠭᠠᠷᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠵᠦ᠂ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠪᠠ ᠠᠵᠤ ᠠᠬᠤᠶ ᠮᠡᠷᠭᠡᠵᠢᠯ ᠤᠨ ᠬᠠᠮᠵᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠠᠶᠢᠮᠠᠭ ᠬᠤᠲᠠ ᠶᠢᠨ ᠦᠨᠳᠦᠰᠦᠲᠡᠨ ᠤ ᠠᠵᠢᠯ ᠪᠣᠯᠤᠨ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ᠂ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠶᠢ ᠬᠡᠷᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃ ︵ᠲᠠᠪᠤ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠢ ᠵᠢᠯᠣᠭᠤᠳᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠨᠢ ᠬᠠᠤᠯᠢ ᠶᠣᠰᠣᠭᠠᠷ ᠭᠦᠢᠴᠡᠳᠬᠡᠯᠭᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠠᠢ ᠬᠠᠷᠢᠯᠴᠠᠵᠤ᠂ ᠥᠪᠡᠷᠲᠡᠭᠡᠨ ᠵᠠᠰᠠᠬᠤ ᠬᠤᠰᠢᠭᠤᠨ ᠤ ᠴᠢᠬᠤᠯᠠ ᠶᠡᠭᠡ ᠪᠠᠶᠠᠷ ᠳᠤᠷᠠᠰᠬᠠᠯ ᠤᠨ ᠶᠣᠰᠣᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠢᠰᠦᠭ ᠪᠢᠴᠢᠭ ᠢ ᠰᠤᠷᠦᠯᠴᠡᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠲᠦᠷᠭᠡᠨ ᠠᠪᠦᠷᠡᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠰᠤᠷᠪᠤᠯᠵᠢ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃ ︵ᠳᠣᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠤᠯᠤᠰ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠢᠭᠡᠳ ᠬᠠᠮᠵᠢᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃ ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ︵ᠶᠢᠰᠦ︶ ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠠᠵᠢᠯ ᠢ ᠳᠠᠭᠠᠭᠠᠨ ᠡᠷᠬᠢᠯᠡᠨ᠎ᠡ᠃ ︵ᠠᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦᠬᠦ ᠵᠥᠪᠯᠡᠯ ᠳᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠲᠣᠬᠢᠷᠠᠭᠤᠯᠤᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠬᠢᠨᠠᠨ ᠪᠤᠳᠤᠬᠤ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠵᠦ᠂ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠲᠠᠢ ᠬᠠᠷᠢᠯᠴᠠᠬᠤ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠪᠠᠶᠠᠷ ᠳᠤᠷᠠᠰᠬᠠᠯ᠂ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠳᠠᠭᠠᠭᠠᠨ ᠡᠷᠬᠢᠯᠡᠬᠦ ᠶᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠬᠤᠯᠠ ᠰᠤᠷᠤᠯᠴᠠᠬᠤ᠂ ᠲᠣᠭᠤᠷᠢᠨ ᠦᠵᠡᠬᠦ᠂ ᠰᠢᠯᠭᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠣᠭᠠᠨ ᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠵᠦ ᠪᠠᠲᠤᠯᠠᠨ ᠲᠠᠨᠢᠯᠴᠠᠭᠤᠯᠬᠤ ᠠᠵᠢᠯ ᠢ ᠳᠠᠭᠠᠭᠠᠨ ᠬᠢᠨ᠎ᠡ᠃ ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯ ᠢ ᠳᠠᠭᠠᠭᠠᠨ ᠡᠷᠬᠢᠯᠡᠵᠦ᠂ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠯ ᠤᠨ ᠣᠢ ᠪᠣᠯᠭᠠᠨ ᠤ ᠪᠡᠯᠭᠡᠯᠡᠬᠦ ᠠᠵᠢᠯᠯᠠᠭ᠎ᠠ ᠶᠢ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠠᠮᠢᠶᠠᠷᠤᠯᠲᠠ ᠶᠢᠨ ᠠᠵᠢᠯ ᠤᠨ ᠪᠣᠳᠠᠲᠠᠶ ᠵᠢᠯᠣᠭᠤᠳᠤᠯᠭ᠎ᠠ ᠪᠣᠯᠤᠨ ᠵᠣᠬᠢᠴᠠᠭᠤᠯᠭ᠎ᠠ ᠶᠢ ᠳᠠᠭᠠᠭᠠᠨ ᠭᠦᠢᠴᠡᠳᠬᠡᠨ᠎ᠡ᠃ ᠦᠨᠳᠦᠰᠦᠲᠡᠨ ᠤ ᠪᠦᠷᠢᠯᠳᠦᠬᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ᠃ ᠯᠠᠯᠤ ᠶᠢᠨ ᠢᠳᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ᠃ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠤᠴᠢᠷ ᠶᠠᠪᠤᠳᠠᠯ ᠢ ᠬᠢᠨᠠᠵᠤ ᠰᠢᠢᠳᠪᠦᠷᠢᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭ᠎ᠠ ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠶᠳᠪᠦᠷᠢᠯᠡᠬᠦ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠠᠭᠠᠭᠠᠨ ᠡᠷᠬᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠬᠤ ᠶᠢ ᠬᠠᠷᠢᠭᠤᠴᠠᠨ᠎ᠠ᠃ ︵ᠲᠠᠪᠤ︶ ᠠᠵᠤ ᠠᠬᠤᠢ ᠶᠢᠨ ᠬᠥᠭᠵᠢᠯᠲᠡ ᠶᠢᠨ ᠭᠠᠵᠠᠷ᠃ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠣᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠨ ᠪᠣᠳᠠᠲᠠᠶ ᠤᠴᠢᠷ ᠢ ᠰᠢᠶᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠵᠠᠳᠠᠯᠤᠯᠲᠠ ᠬᠢᠬᠦ ᠪᠠ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠠᠵᠤ ᠠᠬᠤᠢ ᠲᠧᠭᠨᠢᠭ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠢ ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠣᠯᠤᠨ ᠶᠠᠳᠠᠭᠤ ᠶᠢ ᠲᠡᠳᠬᠦᠬᠦ ᠠᠵᠢᠯ ᠳᠤ ᠣᠷᠣᠯᠴᠠᠨ᠎ᠠ᠃ ︵ᠵᠢᠷᠭᠤᠭ᠎ᠠ︶ ᠨᠡᠶᠢᠭᠡᠮ ᠤᠨ ᠬᠥᠭᠵᠢᠯᠲᠡ ᠶᠢᠨ ᠭᠠᠵᠠᠷ᠃ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠬᠤᠯᠪᠣᠭᠳᠠᠯ ᠪᠦᠬᠦᠢ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠣᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠳᠦᠰᠦᠲᠡᠨ ᠤ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠣᠳᠠᠲᠠᠢ ᠠᠵᠢᠯ ᠢ ᠳᠠᠭᠠᠭᠠᠨ ᠡᠷᠬᠢᠯᠡᠨ᠎ᠡ᠃ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠥᠷᠨᠢᠭᠦᠯᠦᠨ᠎ᠡ᠃ ︵ᠳᠣᠯᠤᠭ᠎ᠠ︶ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠭᠠᠵᠠᠷ᠃ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠰᠡᠨ ᠢ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ᠃ ︵ᠨᠠᠶᠮᠠ︶ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢᠨ ᠭᠠᠵᠠᠷ᠃ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤ ᠨᠢ ᠡᠵᠡᠮᠰᠢᠬᠦ ᠶᠢᠨ ᠬᠠᠮᠲᠤ ᠠᠵᠢᠯ ᠤᠨ ᠰᠠᠨᠠᠯ ᠪᠣᠯᠤᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠨᠡᠷ᠎ᠡ ᠲᠣᠮᠢᠶ᠎ᠠ ᠶᠢᠨ ᠵᠥᠪᠯᠡᠯ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠤᠨ ᠵᠥᠪᠯᠡᠯ᠂ ᠮᠣᠩᠭᠤᠯ ᠬᠡᠯᠡᠨ ᠤ ᠵᠥᠪ ᠪᠢᠴᠢᠯᠭᠡ ᠶᠢᠨ ᠬᠠᠤᠯᠢ ᠶᠢᠨ ᠵᠥᠪᠯᠡᠯ ᠤᠨ ᠠᠵᠢᠯ ᠢ ᠡᠭᠦᠷᠭᠡᠯᠡᠨ᠎ᠡ᠃ ︵ᠶᠢᠰᠦ︶ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠤᠨ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠬᠠᠮᠲᠤ ᠳᠤ ᠪᠠᠨ ᠬᠦᠷᠲᠡᠬᠦ ᠶᠢ ᠵᠣᠬᠢᠶᠠᠨ ᠪᠠᠶᠢᠭᠤᠯᠤᠨ ᠠᠬᠢᠭᠤᠯᠵᠤ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠰᠤᠳᠤᠯᠤᠯ ᠪᠣᠯᠤᠨ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ ᠠᠬᠢᠭᠤᠯᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠦᠢᠯᠡᠰᠴᠢᠯᠡᠭᠰᠡᠨ ᠬᠥᠭᠵᠢᠯᠲᠡ ᠶᠢᠨ ᠪᠣᠳᠠᠲᠠᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ︵ᠠᠷᠪᠠ︶ ᠨᠠᠶᠮᠠᠨ ᠮᠤᠵᠢ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠬᠠᠮᠵᠢᠯᠴᠠᠬᠤ ᠭᠠᠵᠠᠷ᠃ ᠮᠤᠵᠢ ᠣᠷᠣᠨ ᠠᠯᠤᠰᠯᠠᠭᠰᠠᠨ ᠮᠣᠩᠭᠤᠯ ᠦᠭᠡ ᠬᠡᠯᠡ ᠥᠰᠥᠭ ᠪᠢᠴᠢᠭ ᠤᠨ ᠬᠠᠮᠵᠢᠯᠴᠠᠬᠤ ᠠᠵᠢᠯ ᠢ ᠬᠠᠷᠢᠭᠤᠴᠠᠨ ᠬᠠᠮᠢᠶᠠᠷᠴᠤ᠂ ᠡᠯ᠎ᠡ ᠬᠠᠮᠵᠢᠯᠴᠠᠬᠤ ᠮᠤᠵᠢ ᠣᠷᠣᠨ ᠤ ᠮᠣᠩᠭᠤᠯ ᠦᠨᠳᠦᠰᠦᠲᠡᠨ ᠤ ᠣᠯᠠᠨ ᠲᠦᠮᠡᠨ ᠤ ᠮᠣᠩᠭᠤᠯ ᠦᠭᠡ ᠬᠡᠯᠡ ᠥᠰᠥᠭ ᠪᠢᠴᠢᠭ ᠢ ᠰᠤᠷᠴᠤ ᠬᠡᠷᠡᠭᠯᠡᠬᠦ ᠪᠠ ᠰᠤᠳᠤᠯᠤᠨ ᠬᠥᠭᠵᠢᠭᠦᠯᠬᠦ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠮᠣᠩᠭᠤᠯ ᠬᠡᠯᠡ ᠪᠠᠷ ᠬᠢᠴᠢᠶᠡᠯᠯᠡᠬᠦ ᠪᠠᠷ ᠭᠤᠤᠯ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ ᠵᠢᠴᠢ ᠦᠨᠳᠦᠰᠦᠲᠡᠨ ᠤ ᠰᠣᠶᠣᠯ ᠤᠷᠠᠯᠢᠭ᠂ ᠮᠣᠩᠭᠤᠯ ᠬᠡᠯᠡ ᠪᠢᠴᠢᠭ ᠤᠨ ᠰᠣᠨᠢᠨ ᠮᠡᠳᠡᠭᠡ ᠬᠡᠪᠯᠡᠯ᠂ ᠮᠣᠩᠭᠤᠯ ᠷᠠᠳᠢᠣ᠋ ᠺᠢᠨᠣ᠋ ᠲᠧᠯᠸᠢᠰ᠂ ᠮᠣᠩᠭᠤᠯ ᠦᠭᠡ ᠬᠡᠯᠡ ᠥᠰᠥᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ᠂ ᠦᠨᠳᠦᠰᠦᠲᠡᠨ ᠤ ᠡᠷᠲᠡᠨ ᠤ ᠪᠢᠴᠢᠭ ᠪᠠ ᠮᠣᠩᠭᠤᠯ ᠡᠮ ᠡᠮᠨᠡᠯᠭᠡ᠂ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠵᠡᠷᠭᠡ ᠬᠦᠷᠢᠶᠡᠨ ᠳᠤ ᠬᠠᠮᠵᠢᠯᠴᠠᠬᠤ ᠠᠵᠢᠯ ᠢ ᠥᠷᠨᠢᠭᠦᠯᠦᠨ᠎ᠡ᠃ ᠨᠠᠶᠮᠠᠨ ᠮᠤᠵᠢ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠬᠠᠮᠵᠢᠯᠴᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠷᠢᠯᠳᠦᠬᠦᠨ ᠨᠡᠷ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠢᠯ ᠤᠨ ᠲᠥᠯᠥᠪᠵᠢᠭᠦᠯᠭᠡ ᠪᠣᠯᠤᠨ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠮᠡᠳᠡᠭᠡ ᠵᠠᠩᠭᠢ ᠪᠠᠨ ᠨᠡᠪᠲᠡᠷᠡᠯᠴᠡᠨ᠎ᠡ᠃ ᠨᠠᠶᠮᠠᠨ ᠮᠤᠵᠢ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 51 ᠬᠥᠮᠦᠨ ᠪᠤᠢ᠃ 1 ᠡᠷᠬᠢᠯᠡᠭᠴᠢ ︵ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ 3 ᠳᠡᠳ᠋ ᠡᠷᠬᠢᠯᠡᠭᠴᠢ ᠪᠤᠢ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 24 ᠬᠥᠮᠥᠨ ᠪᠤᠢ ﹇12 ᠵᠢᠩᠬᠢᠨᠢ ᠲᠤᠰᠢᠶᠠᠯ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠥᠨ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ 1 ᠬᠥᠮᠥᠨ ᠢ ᠪᠠᠭᠲᠠᠭᠠᠨ᠎ᠠ︶ 12 ᠳᠡᠳ᠋ ᠲᠤᠰᠢᠶᠠᠯ ᠪᠤᠢ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ 1 ᠬᠥᠮᠥᠨ ᠢ ᠪᠠᠭᠲᠠᠭᠠᠨ᠎ᠠ︶﹈᠃ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤ ᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠤᠰ ᠲᠣᠭᠲᠠᠭᠠᠯ ᠢ 2018 ᠣᠨ ᠤ 12 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 7 ᠳ᠋ᠤᠭᠠᠷ ᠠᠰᠠᠷ ᠠᠯᠪᠠᠯᠠᠬᠤ ᠴᠠᠭ᠄ 9᠄ 00-12᠄ 00 13᠄ 30-17᠄ 00 ᠠᠯᠪᠠᠨ ᠤᠲᠠᠰᠤ᠄ 0471 - 6945135 ᠬᠠᠷᠢᠭᠤᠴᠠᠯᠭᠠᠲᠠᠨ᠄ ᠴᠢ ᠶᠢᠨ ᠢᠦᠢ ᠵᠥᠪᠯᠡᠯ ᠤᠨ ᠬᠠᠷᠢᠶ᠎ᠠ ᠨᠢᠭᠡᠴᠢ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠬᠠᠷᠢᠭᠤᠴᠠᠯᠭᠠᠲᠠᠨ᠄ ᠯᠢᠦ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠠᠵᠢᠯ ᠦᠶᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠡᠷᠭᠡ ᠬᠥᠰᠬᠡ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ︔ ᠠᠵᠢᠯᠯᠠᠬᠤ ᠣᠷᠣᠨ ᠭᠠᠵᠠᠷ ᠵᠢᠴᠢ ᠬᠠᠮᠢᠶ᠎ᠠ ᠪᠦᠬᠦᠢ ᠣᠷᠣᠨ ᠭᠠᠵᠠᠷ ᠤᠨ ᠠᠳᠠᠯ ᠠᠬᠤᠢ ᠶᠢᠨ ᠬᠠᠮᠢᠶᠠᠷᠤᠯᠲᠠ ᠶᠢ ᠡᠭᠦᠷᠭᠡᠯᠡᠨ᠎ᠡ︔ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠠᠵᠢᠯ ᠦᠢᠯᠡᠰ ᠤᠨ ᠣᠷᠣᠨ ᠲᠤᠭ᠎ᠠ ᠨᠢ 8 ᠪᠤᠢ᠃ ᠬᠠᠷᠭᠤᠭᠤᠯᠤᠨ ᠲᠣᠭᠲᠠᠭᠠᠭᠰᠠᠨ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠳᠤ 2 ᠬᠥᠮᠦᠨ ︵1 ᠵᠢᠩᠬᠢᠨᠢ᠂ 1 ᠳᠡᠳ᠋︶ ᠪᠤᠢ᠃ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠪᠢᠴᠢᠭ ᠬᠢᠭᠡᠳ ︽ᠭᠡᠰᠡᠷ︾ ᠢ ᠡᠯᠰᠡᠨ ᠴᠤᠭᠯᠠᠭᠤᠯᠬᠤ ᠰᠤᠳᠤᠯᠬᠤ ᠲᠠᠰᠤᠭ ᠬᠠᠷᠢᠭᠤᠴᠠᠯᠭᠠᠲᠠᠨ᠄ ᠰᠣᠶᠣᠯᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠪᠢᠴᠢᠭ ᠬᠢᠭᠡᠳ ︽ᠭᠡᠰᠡᠷ︾ ᠢ ᠡᠯᠰᠡᠨ ᠴᠤᠭᠯᠠᠭᠤᠯᠬᠤ ᠰᠤᠳᠤᠯᠬᠤ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠠᠷᠢᠶᠠᠯᠠᠭᠳᠠᠬᠤ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠦᠬᠦ ᠣᠷᠣᠨ ᠤ ᠮᠣᠩᠭᠤᠯ᠂ ᠳᠠᠭᠤᠷ᠂ ᠡᠸᠡᠩᠬᠢ᠂ ᠣᠷᠴᠣᠨ ᠵᠡᠷᠭᠡ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠪᠢᠴᠢᠭ ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠪᠢᠴᠢᠭ ᠪᠠ ᠮᠣᠩᠭᠤᠯ ᠤᠨ ︽ᠭᠡᠰᠡᠷ︾ ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠣᠷᠴᠢᠭᠤᠯᠬᠤ᠂ ᠰᠤᠳᠤᠯᠬᠤ᠂ ᠬᠡᠪᠯᠡᠬᠦ ᠠᠵᠢᠯ ᠢ ᠵᠣᠬᠢᠶᠠᠨ ᠪᠠᠶᠢᠭᠤᠯᠬᠤ᠂ ᠬᠠᠷᠢᠯᠴᠠᠬᠤ᠂ ᠵᠣᠬᠢᠴᠠᠭᠤᠯᠬᠤ ᠪᠠ ᠵᠢᠯᠣᠭᠤᠳᠤᠨ᠎ᠠ︔ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠪᠢᠴᠢᠭ ᠪᠠ ᠮᠣᠩᠭᠤᠯ ︽ᠭᠡᠰᠡᠷ︾ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠳᠣᠲᠣᠭᠠᠳᠤ ᠳᠤ ᠪᠠᠨ᠄ ᠶᠡᠷᠦᠩᠬᠡᠶᠢᠯᠡᠭᠰᠡᠨ ᠰᠠᠯᠠᠭ᠎ᠠ᠂ ᠡᠷᠲᠡᠨ ᠤ ᠨᠣᠮ ᠪᠢᠴᠢᠭ ᠢ ᠡᠮᠬᠢᠳᠬᠡᠨ ᠨᠠᠶᠢᠷᠠᠭᠤᠯᠬᠤ ᠲᠠᠰᠤᠭ᠂ ︽ᠭᠡᠰᠡᠷ︾ ᠤᠨ ᠬᠠᠮᠠᠭᠠᠯᠠᠯᠲᠠ ᠰᠤᠳᠤᠯᠤᠯᠲᠠ ᠶᠢᠨ ᠲᠠᠰᠤᠭ᠂ ᠮᠠᠲ᠋ᠧᠷᠢᠶᠠᠯ ᠮᠡᠳᠡᠭᠡ ᠵᠠᠩᠭᠢ ᠶᠢᠨ ᠰᠠᠯᠠᠭ᠎ᠠ ᠵᠡᠷᠭᠡ 4 ᠪᠠᠶᠢᠭᠤᠯᠤᠮᠵᠢ ᠲᠠᠢ᠃ ᠬᠠᠷᠭᠤᠭᠤᠯᠤᠨ ᠲᠣᠭᠲᠠᠭᠠᠭᠰᠠᠨ ᠠᠵᠢᠯ ᠦᠢᠯᠡᠰ ᠤᠨ ᠣᠷᠣᠨ ᠲᠤᠭ᠎ᠠ ᠨᠢ 20 ᠪᠤᠢ᠃ ᠭᠠᠵᠠᠷ ᠤᠨ ᠳᠡᠰ ᠤᠨ ᠤᠳᠤᠷᠢᠳᠬᠤ ᠲᠤᠰᠢᠶᠠᠯ 3 ︵1 ᠵᠢᠩᠬᠢᠨᠢ᠂ 2 ᠳᠡᠳ᠋︶᠂ ᠰᠠᠯᠠᠭᠠᠨ ᠤ ᠳᠡᠰ ᠤᠨ ᠤᠳᠤᠷᠢᠳᠬᠤ ᠲᠤᠰᠢᠶᠠᠯ 6 ︵4 ᠵᠢᠩᠬᠢᠨᠢ᠂ 2 ᠳᠡᠳ᠋︶ ᠪᠤᠢ᠃ 3. ︽ᠮᠣᠩᠭᠤᠯ ᠬᠡᠯᠡ ᠪᠢᠴᠢᠭ︾ ᠰᠡᠳᠬᠦᠯ ᠤᠨ ᠬᠤᠷᠢᠶ᠎ᠠ ᠬᠠᠷᠢᠭᠤᠴᠠᠯᠭᠠᠲᠠᠨ᠄ᠠᠯᠲᠠᠨ᠋ᠣ᠋ᠳᠣ ᠭᠤᠣᠯ ᠡᠭᠦᠷᠭᠡ ᠬᠠᠷᠢᠭᠤᠴᠠᠯᠭ᠎ᠠ᠄ ᠮᠣᠩᠭᠤᠯ ᠦᠭᠡ ᠬᠡᠯᠡ ᠦᠰᠦᠭ ᠪᠢᠴᠢᠭ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠴᠢᠯᠠᠯᠲᠠ ᠪᠣᠯᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠮᠣᠩᠭᠤᠯ ᠬᠡᠯᠡ ᠪᠢᠴᠢᠭ︾ ᠰᠡᠳᠬᠦᠯ ᠢ ᠨᠠᠶᠢᠷᠠᠭᠤᠯᠬᠤ᠂ ᠬᠡᠪᠯᠡᠭᠦᠯᠬᠦ᠂ ᠲᠠᠷᠬᠠᠭᠠᠬᠤ ᠠᠵᠢᠯ ᠢ ᠡᠭᠦᠷᠭᠡᠯᠡᠨ᠎ᠡ︔ ᠨᠠᠮ ᠪᠣᠯᠤᠨ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠦᠨᠳᠦᠰᠦᠲᠡᠨ ᠤ ᠬᠡᠯᠡ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠤᠨ᠎ᠠ︔ ᠮᠣᠩᠭᠤᠯ ᠬᠡᠯᠡ ᠪᠢᠴᠢᠭ ᠤᠨ ᠠᠵᠢᠯ ᠤᠨ ᠲᠤᠷᠰᠢᠯᠭ᠎ᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠬᠤᠰᠢᠭᠤᠷᠠᠭᠰᠠᠨ ᠡᠷᠳᠡᠮ ᠰᠢᠨᠵᠢᠯᠡᠭᠡᠨ ᠤ ᠰᠤᠳᠤᠯᠭᠠᠨ ᠤ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠤᠨ᠎ᠠ᠃ ᠮᠣᠩᠭᠤᠯ ᠬᠡᠯᠡ ᠪᠢᠴᠢᠭ ᠤᠨ ᠰᠡᠳᠬᠦᠯ ᠤᠨ ᠬᠤᠷᠢᠶ᠎ᠠ ᠨᠢ 14 ᠠᠵᠢᠯ ᠦᠢᠯᠡᠰ ᠤᠨ ᠣᠷᠣᠨ ᠲᠤᠭ᠎ᠠ ᠲᠠᠢ᠂ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ 2 ︵1 ᠵᠢᠩᠬᠢᠨᠢ 1 ᠳᠡᠳ᠋︶ ᠪᠤᠢ᠃ ᠳᠣᠲᠣᠭᠠᠳᠤ ᠳᠤ ᠪᠠᠨ 3 ᠰᠠᠯᠠᠭ᠎ᠠ ᠲᠠᠰᠤᠭ ᠲᠠᠢ᠂ ᠲᠤᠬᠠᠶᠢᠯᠠᠪᠠᠯ᠄ ᠶᠡᠷᠦᠩᠬᠡᠢ ᠨᠠᠶᠢᠷᠠᠭᠤᠯᠬᠤ ᠲᠠᠰᠤᠭ᠂ ᠨᠠᠶᠢᠷᠠᠭᠤᠯᠬᠤ ᠬᠡᠯᠲᠡᠰ᠂ ᠶᠡᠷᠦᠩᠬᠡᠶᠢᠯᠡᠭᠰᠡᠨ ᠲᠠᠰᠤᠭ ᠪᠣᠯᠣᠨ᠎ᠠ᠂ ᠰᠠᠯᠠᠭᠠᠨ ᠤ ᠳᠡᠰ ᠤᠨ ᠤᠳᠤᠷᠢᠳᠬᠤ ᠲᠤᠰᠢᠶᠠᠯ ᠳᠤ 5 ︵3 ᠵᠢᠩᠬᠢᠨᠢ 2 ᠳᠡᠳ᠋︶ ᠪᠤᠢ᠃ 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠢ ᠰᠤᠳᠤᠯᠤᠨ ᠬᠡᠷᠡᠭᠯᠡᠬᠦ ᠲᠥᠪ ︵ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠦᠶᠯᠡᠴᠢᠯᠡᠭᠡᠨ ᠤ ᠲᠥᠪ︶᠃ ᠬᠠᠷᠢᠭᠤᠴᠠᠯᠭᠠᠲᠠᠨ᠄ ᠠᠯᠲᠠᠨᠪᠠᠭᠠᠨ᠎ᠠ ᠭᠤᠤᠯ ᠡᠭᠦᠷᠭᠡ ᠬᠠᠷᠢᠭᠤᠴᠠᠯᠭ᠎ᠠ᠄ ᠮᠣᠩᠭᠤᠯ ᠦᠭᠡ ᠬᠡᠯᠡ ᠥᠰᠥᠭ ᠪᠢᠴᠢᠭ ᠤᠨ ᠲᠣᠭᠠᠴᠢᠯᠠᠭᠰᠠᠨ ᠡᠬᠢ ᠪᠠᠶᠠᠯᠢᠭ ᠪᠠ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠵᠢᠴᠢ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠡᠭᠦᠷᠭᠡᠯᠡᠨ᠎ᠡ︔ ᠮᠣᠩᠭᠤᠯ ᠦᠭᠡ ᠬᠡᠯᠡ ᠦᠰᠦᠭ ᠪᠢᠴᠢᠭ ᠤᠨ ᠵᠢᠷᠤᠮᠵᠢᠭᠤᠯᠤᠯᠲᠠ ᠪᠠᠷᠢᠮᠵᠢᠶᠠᠵᠢᠭᠤᠯᠤᠯᠲᠠ ᠮᠡᠳᠡᠭᠡ ᠵᠠᠩᠭᠢᠴᠢᠯᠠᠯᠲᠠ ᠪᠠ ᠬᠠᠤᠯᠢᠵᠢᠭᠤᠯᠤᠯᠲᠠ ᠶᠢ ᠰᠤᠳᠤᠯᠤᠨ᠎ᠠ︔ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠳᠬᠦᠨ ᠢ ᠰᠢᠯᠭᠠᠨ ᠪᠠᠶᠢᠴᠠᠭᠠᠵᠤ ᠭᠡᠷᠡᠴᠢᠯᠡᠬᠦ᠂ ᠯᠠᠪᠯᠠᠯᠭ᠎ᠠ ᠥᠭᠬᠦ ᠦᠢᠯᠡᠴᠢᠯᠡᠭᠡ ᠪᠠ ᠪᠣᠯᠪᠠᠰᠤᠷᠠᠯ ᠤᠨ ᠠᠵᠢᠯ ᠢ ᠥᠷᠨᠢᠭᠦᠯᠦᠨ᠎ᠡ︔ ᠮᠣᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠪᠣᠯᠪᠠᠰᠤᠷᠠᠯ ᠵᠢᠴᠢ ᠬᠢᠷᠢ ᠬᠡᠮᠵᠢᠶ᠎ᠡ ᠶᠢᠨ ᠵᠡᠷᠭᠡ ᠳᠡᠰ ᠤᠨ ᠰᠢᠯᠭᠠᠯᠲᠠ ᠶᠢ ᠥᠷᠨᠢᠭᠦᠯᠦᠨ᠎ᠡ︔ ᠪᠦᠬᠦ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠵᠢᠴᠢ ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠨ ᠰᠣᠯᠢᠯᠴᠠᠬᠤ ᠪᠠ ᠪᠣᠯᠪᠠᠰᠤᠷᠠᠯ ᠳᠤ ᠦᠶᠯᠡᠴᠢᠯᠡᠭᠡ ᠬᠠᠩᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠢ ᠰᠤᠳᠤᠯᠤᠨ ᠬᠡᠷᠡᠭᠯᠡᠬᠦ ᠲᠥᠪ ︵ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠦᠶᠯᠡᠴᠢᠯᠡᠭᠡᠨ ᠤ ᠲᠥᠪ︶ ᠤᠨ ᠬᠠᠷᠭᠤᠭᠤᠯᠤᠨ ᠲᠣᠭᠲᠠᠭᠠᠭᠰᠠᠨ ᠠᠵᠢᠯ ᠦᠶᠯᠡᠰ ᠤᠨ ᠣᠷᠣᠨ ᠲᠤᠭ᠎ᠠ 36 ᠪᠤᠢ᠂ ᠳᠣᠲᠣᠭᠠᠳᠤ ᠳᠤ ᠪᠠᠨ 6 ᠰᠠᠯᠠᠭ᠎ᠠ ᠲᠠᠰᠤᠭ ᠲᠠᠢ᠂ ᠲᠤᠬᠠᠶᠢᠯᠠᠪᠠᠯ᠄ ᠶᠡᠷᠦᠩᠬᠡᠶᠢᠯᠡᠭᠰᠡᠨ ᠰᠠᠯᠠᠭ᠎ᠠ᠂ ᠮᠡᠳᠡᠭᠡ ᠵᠠᠩᠭᠢ ᠮᠡᠷᠭᠡᠵᠢᠯ ᠳᠡᠯᠭᠡᠷᠡᠭᠦᠯᠬᠦ ᠰᠠᠯᠠᠭ᠎ᠠ᠂ ᠬᠡᠷᠡᠭᠯᠡᠭᠡᠨ ᠤ ᠰᠤᠳᠤᠯᠬᠤ ᠲᠠᠰᠤᠭ᠂ ᠰᠢᠯᠭᠠᠨ ᠪᠠᠶᠢᠴᠠᠭᠠᠵᠤ ᠭᠡᠷᠡᠴᠢᠯᠡᠬᠦ ᠰᠠᠯᠠᠭ᠎ᠠ᠂ ᠰᠢᠯᠭᠠᠯᠲᠠ ᠶᠢᠨ ᠶᠠᠪᠤᠳᠠᠯ ᠤᠨ ᠰᠠᠯᠠᠭ᠎ᠠ᠂ ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠦᠶᠯᠡᠴᠢᠯᠡᠭᠡᠨ ᠤ ᠪᠣᠯᠪᠠᠰᠤᠷᠠᠯ ᠤᠨ ᠰᠠᠯᠠᠭ᠎ᠠ ᠪᠣᠯᠣᠨ᠎ᠠ᠃ ᠭᠠᠵᠠᠷ ᠤᠨ ᠲᠠᠰ ᠤᠨ ᠤᠳᠤᠷᠢᠳᠬᠤ ᠲᠤᠰᠢᠶᠠᠯ 4 ︵1 ᠵᠢᠩᠬᠢᠨᠢ 3 ᠳᠡᠳ᠋︶᠂ ᠰᠠᠯᠠᠭᠠᠨ ᠲᠠᠰ ᠤᠨ ᠤᠳᠤᠷᠢᠳᠬᠤ ᠲᠤᠰᠢᠶᠠᠯ 11 ﹇7 ᠵᠢᠩᠬᠢᠨᠢ ︵1 ᠢᠨᠵᠧᠨᠧᠷ ᠢ ᠪᠠᠭᠲᠠᠭᠠᠨ᠎ᠠ︶ 4 ᠳᠡᠳ᠋﹈ ᠪᠤᠢ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|