|
ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠳᠡᠰ ᠨᠢᠭᠡᠴᠢ ᠪᠣᠯᠤᠨ᠎ᠠ᠃ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠶᠯᠡᠳᠪᠦᠷᠢᠵᠢᠯᠲᠡ ᠶᠢᠨ ᠠᠬᠢᠴᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠦᠶᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠣᠯᠤᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠶᠯᠡᠳᠪᠦᠷᠢ ᠶᠢᠨ ᠠᠵᠢᠯᠯᠠᠭᠠᠨ ᠤ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠤᠨ᠎ᠠ᠃ ᠪᠦᠬᠦ ᠣᠷᠣᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠲᠥᠰᠦᠯ ᠬᠢᠭᠡᠳ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ︵ᠭᠤᠷᠪᠠ︶ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠯᠡ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠠᠷᠢᠶᠠᠯᠠᠭᠳᠠᠬᠤ ᠲᠥᠷᠥᠯ ᠵᠦᠶᠯ ᠢ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠨ ᠬᠠᠷᠭᠤᠭᠤᠯᠤᠭᠠᠳ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠪᠠ ᠳᠠᠩᠰᠠᠯᠠᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠶᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭ᠎ᠠ ᠪᠠ ᠵᠣᠬᠢᠴᠠᠭᠤᠯᠭ᠎ᠠ ᠶᠢ ᠵᠢᠯᠣᠭᠤᠳᠤᠨ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ︵ᠳᠥᠷᠪᠡ︶ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠢ ᠵᠥᠪᠰᠢᠶᠡᠷᠡᠨ ᠣᠷᠣᠭᠤᠯᠬᠤ ᠳᠦᠷᠢᠮ ᠢ ᠲᠣᠭᠲᠠᠭᠠᠨ᠂ ᠠᠵᠤ ᠦᠢᠯᠡᠳᠪᠦᠷᠢ ᠶᠢᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠳᠠᠪᠤᠰᠤᠨ ᠤ ᠦᠶᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ᠃ ᠪᠦᠬᠦ ᠣᠷᠣᠨ ᠤ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠲᠠᠪᠤ︶ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠶᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠪᠠ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠯᠲᠠ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠶᠯᠡᠰᠴᠢᠯᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠣᠯᠤᠨ ᠲᠦᠷᠦᠯ ᠲᠡᠮᠳᠡᠭ ᠪᠣᠶᠢᠵᠢᠭᠤᠯᠬᠤ ᠶᠢ ᠵᠢᠯᠣᠭᠤᠳᠤᠨ᠎ᠠ᠃ ︵ᠳᠣᠯᠤᠭ᠎ᠠ︶ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠣᠭᠯᠠᠯ ᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠶᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠡᠮᠵᠢ ᠶᠢ ᠤᠯᠤᠰ ᠲᠤ ᠪᠠᠨ ᠦᠶᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠤᠨ ᠲᠣᠨᠤᠭ ᠲᠥᠬᠦᠭᠡᠷᠡᠮᠵᠢ ᠶᠢ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ︵ᠨᠠᠶᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠴᠢᠯᠠᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠤᠷ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ ᠴᠢᠮᠡᠭᠡ ᠨᠡᠪᠲᠡᠷᠡᠯᠭᠡ ᠶᠢᠨ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠶᠢ ᠵᠢᠯᠣᠭᠤᠳᠤᠨ ᠵᠣᠬᠢᠴᠠᠭᠤᠯᠤᠨ᠎ᠠ᠃ ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ︵ᠠᠷᠪᠠ︶ ᠴᠡᠷᠢᠭ ᠤᠨ ᠶᠠᠪᠤᠳᠠᠯ ᠤᠨ ᠰᠢᠰᠲ᠋ᠧᠮ ᠠᠴᠠ ᠭᠠᠳᠠᠨᠠᠬᠢ ᠪᠦᠬᠦ ᠣᠷᠣᠨ ᠤ ᠷᠠᠳᠢᠣ᠋ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠶᠢᠨ ᠬᠢᠨᠠᠨ ᠬᠡᠮᠵᠢᠬᠦ ᠥᠷᠲᠡᠭᠡ ᠵᠢᠴᠢ ᠷᠠᠳᠢᠣ᠋ ᠶᠢᠨ ᠬᠠᠮᠢᠶᠠᠷᠤᠯᠲᠠ ᠶᠢᠨ ᠲᠣᠮᠢᠯᠠᠭᠰᠠᠨ ᠪᠠᠶᠢᠭᠤᠯᠤᠮᠵᠢ ᠶᠢ ᠬᠠᠮᠢᠶᠠᠷᠤᠨ᠎ᠠ᠃ ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ 1. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠠᠵᠤ ᠦᠶᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠷᠢᠭᠤᠴᠠᠵᠤ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢ ᠠᠬᠢᠭᠤᠯᠤᠨ᠂ ᠴᠢᠮᠡᠭᠡ ᠬᠤᠯᠪᠣᠭ᠎ᠠ ᠶᠢᠨ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠲᠣᠤᠷ ᠰᠦᠯᠵᠢᠶ᠎ᠡ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠭᠥᠷᠳᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠪᠦᠬᠦ ᠣᠷᠣᠨ ᠤ ᠮᠡᠳᠡᠭᠡ ᠵᠠᠩᠭᠢᠴᠢᠯᠠᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ 2. ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠵᠥᠪᠳᠡᠯᠴᠡᠵᠦ ᠪᠠᠶᠢᠭᠠᠳ ᠪᠦᠬᠦ ᠣᠷᠣᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠣᠷᠣᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠤᠳᠤᠯᠤᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠳᠥᠷᠪᠡᠳᠦᠭᠡᠷ ᠵᠦᠶᠯ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠳᠣᠤᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠭᠠᠷᠭᠠᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠲᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠶᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ᠂ ᠲᠣᠮᠢᠯᠠᠭᠰᠠᠨ ᠪᠠᠶᠢᠭᠤᠯᠤᠮᠵᠢ ᠪᠣᠯᠤᠨ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠣᠨ ᠤ ᠬᠢᠨᠠᠨ ᠰᠢᠯᠭᠠᠯᠲᠠ᠂ ᠬᠥᠳᠡᠯᠮᠦᠷᠢ ᠴᠠᠯᠢᠩ ᠵᠡᠷᠭᠡ ᠠᠵᠢᠯ ᠢ ᠬᠠᠷᠢᠭᠤᠴᠠᠨ᠎ᠠ᠃ ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠠᠶᠢᠭᠤᠯᠭ᠎ᠠ ᠶᠢᠨ ᠴᠢᠬᠤᠯᠠ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ︵ᠳᠥᠷᠪᠡ︶ ᠠᠵᠤ ᠠᠬᠤᠶ ᠶᠢᠨ ᠠᠵᠢᠯᠯᠠᠭᠠᠨ ᠤ ᠲᠣᠪᠴᠢᠶ᠎ᠠ᠃ ᠪᠦᠬᠦ ᠣᠷᠣᠨ ᠤ ᠠᠵᠤ ᠦᠢᠯᠡᠳᠪᠦᠷᠢ ᠶᠢᠨ ᠠᠵᠢᠯᠯᠠᠭᠠᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠵᠠᠳᠠᠯᠤᠯᠲᠠ ᠬᠢᠬᠦ ᠠᠵᠢᠯ ᠢ ᠡᠭᠦᠷᠭᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠂ ᠠᠵᠤ ᠦᠢᠯᠡᠳᠪᠦᠷᠢ ᠶᠢᠨ ᠠᠵᠢᠯᠯᠠᠭᠠᠨ ᠤ ᠬᠥᠭᠵᠢᠯᠲᠡ ᠳᠤᠮᠳᠠᠬᠢ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠤᠨ ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠶᠢᠯᠠᠯ ᠤᠨ ᠳᠠᠷᠤᠭᠠᠰᠤ ᠶᠢ ᠵᠣᠬᠢᠴᠠᠭᠤᠯᠤᠨ ᠬᠥᠩᠭᠡᠷᠡᠭᠦᠯᠬᠦ ᠠᠵᠢᠯ ᠢ ᠬᠠᠷᠢᠭᠤᠴᠠᠨ᠎ᠠ᠃ ᠠᠵᠤ ᠦᠶᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠤᠨ᠎ᠠ᠃ ᠪᠦᠬᠦ ᠣᠷᠣᠨ ᠤ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠪᠦᠬᠦ ᠣᠷᠣᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠲᠥᠰᠦᠯ ᠬᠢᠭᠡᠳ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠠᠵᠤ ᠦᠶᠯᠡᠳᠪᠦᠷᠢ ᠶᠢᠨ ᠴᠠᠬᠢᠯᠭᠠᠨ ᠬᠦᠴᠦᠨ ᠤ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ︵ᠲᠠᠪᠤ︶ ᠪᠡᠯᠡ ᠣᠷᠣᠭᠤᠯᠤᠯᠲᠠ ᠲᠥᠯᠥᠪᠵᠢᠭᠦᠯᠭᠡ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠠᠷᠢᠶᠠᠯᠠᠭᠳᠠᠬᠤ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠨ ᠬᠠᠷᠭᠤᠭᠤᠯᠤᠭᠠᠳ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠡᠨᠧᠷᠭᠢ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ ᠭᠠᠵᠠᠷ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠡᠨᠧᠷᠭᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠶ ᠦᠢᠯᠡᠳᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠵᠢᠴᠢ ᠡᠨᠧᠷᠭᠢ ᠠᠷᠪᠢᠯᠠᠬᠤ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠯᠲᠠ ᠶᠢᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠵᠤ ᠦᠢᠯᠡᠳᠪᠦᠷᠢ ᠶᠢᠨ ᠬᠠᠮ ᠬᠠᠲᠠᠭᠤ ᠪᠡᠶᠡᠲᠦ ᠬᠠᠶᠠᠭᠳᠠᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠡᠯᠧᠺᠲᠷᠣᠨ ᠤ ᠭᠠᠵᠠᠷ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠠᠵᠢᠯ ᠲᠥᠷᠥᠯ ᠤᠨ ᠶᠠᠰᠤ ᠴᠢᠨᠠᠷ᠂ ᠪᠠᠷᠢᠮᠵᠢᠶᠠᠵᠢᠭᠤᠯᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠠᠵᠤ ᠦᠶᠯᠡᠳᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠳᠤ ᠣᠷᠣᠯᠴᠠᠨ᠎ᠠ᠃ ᠡᠯᠧᠺᠲᠷᠣᠨ ᠦᠶᠯᠡᠳᠬᠦ ᠦᠶᠯᠡᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠯᠧᠺᠲᠷᠣᠨ ᠦᠶᠯᠡᠳᠬᠦ ᠦᠶᠯᠡᠰ ᠤᠨ ᠠᠵᠢᠯᠯᠠᠭ᠎ᠠ ᠳᠤ ᠵᠠᠳᠠᠯᠤᠯᠲᠠ ᠬᠢᠬᠦ ᠶᠢ ᠬᠠᠷᠢᠭᠤᠴᠠᠨ᠎ᠠ᠃ ︵ᠨᠠᠢᠮᠠ︶ ᠲᠦᠭᠦᠬᠡᠢ ᠡᠳ᠋ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠭᠠᠵᠠᠷ ︵︽ᠬᠢᠮᠢ ᠶᠢᠨ ᠵᠡᠪᠰᠡᠭ ᠢ ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠭᠦᠬᠡᠶ ᠡᠳ᠋ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠦᠭᠦᠬᠡᠶ ᠮᠠᠲ᠋ᠧᠷᠢᠶᠠᠯ ᠤᠨ ᠠᠵᠤ ᠦᠢᠯᠡᠳᠪᠦᠷᠢ ᠶᠢ ᠵᠥᠪᠰᠢᠶᠡᠷᠡᠨ ᠣᠷᠣᠭᠤᠯᠬᠤ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠪᠣᠷ ᠰᠢᠷᠣᠶ ᠶᠢᠨ ᠠᠵᠢᠯ ᠲᠥᠷᠥᠯ ᠤᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃ ︽ᠬᠢᠮᠢ ᠶᠢᠨ ᠵᠡᠪᠰᠡᠭ ᠢ ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ᠃ ︵ᠶᠢᠰᠦ︶ ᠲᠣᠨᠤᠭ ᠲᠥᠬᠦᠭᠡᠷᠦᠮᠵᠢ ᠶᠢᠨ ᠠᠵᠤ ᠦᠶᠯᠡᠳᠪᠦᠷᠢ ᠶᠢᠨ ᠭᠠᠵᠠᠷ᠃ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠨᠤᠭ ᠲᠥᠬᠦᠭᠡᠷᠡᠮᠵᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠤᠨ᠎ᠠ᠃ ᠣᠶᠤᠨᠴᠢ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠣᠨᠤᠭ ᠲᠥᠬᠦᠭᠡᠷᠡᠮᠵᠢ ᠶᠢᠨ ᠮᠡᠷᠭᠡᠵᠢᠯ ᠢ ᠣᠷᠣᠭᠤᠯᠤᠨ ᠠᠪᠴᠢᠷᠠᠬᠤ᠂ ᠰᠢᠩᠭᠡᠭᠡᠨ ᠠᠪᠬᠤ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠴᠡᠷᠢᠭ ᠠᠷᠠᠳ ᠤᠨ ᠤᠶᠠᠯᠳᠤᠯ ᠢ ᠠᠬᠢᠭᠤᠯᠬᠤ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ︵ᠠᠷᠪᠠ︶ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠭᠠᠵᠠᠷ᠃ ᠬᠥᠩᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠪᠠ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠨᠢᠭᠡ︶ ᠳᠠᠪᠤᠰᠤᠨ ᠤ ᠦᠢᠯᠡᠰ ᠤᠨ ᠬᠠᠮᠢᠶᠠᠷᠤᠯᠲᠠ ᠶᠢᠨ ᠭᠠᠵᠠᠷ᠃ ᠳᠠᠪᠤᠰᠤᠨ ᠤ ᠦᠶᠯᠡᠰ ᠤᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠰᠤᠳᠤᠯᠤᠨ ᠲᠣᠭᠲᠠᠭᠠᠵᠤ᠂ ᠪᠥᠬᠦ ᠣᠷᠣᠨ ᠤ ᠳᠠᠪᠤᠰᠤᠨ ᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠥᠬᠦ ᠣᠷᠣᠨ ᠤ ᠢᠳᠡᠰᠢᠨ ᠳᠠᠪᠤᠰᠤᠨ ᠤ ᠦᠢᠯᠡᠳᠪᠦᠷᠢᠯᠡᠬᠦ ᠪᠥᠭᠡᠮ ᠢᠶᠠᠷ ᠬᠤᠳᠠᠯᠳᠤᠬᠤ ᠶᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠳᠠᠪᠤᠰᠤᠨ ᠤ ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃ ︵ᠠᠷᠪᠠᠨ ᠬᠤᠶᠠᠷ︶ ᠠᠷᠠᠳ ᠤᠨ ᠬᠡᠷᠡᠭᠯᠡᠭᠡᠨ ᠤ ᠳᠡᠯᠪᠡᠴᠢᠬᠦ ᠡᠳ᠋ ᠤᠨ ᠭᠠᠵᠠᠷ᠃ ᠪᠦᠬᠦ ᠣᠷᠣᠨ ᠤ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠪᠦᠷᠢᠯᠡᠬᠦ᠂ ᠪᠣᠷᠣᠯᠠᠭᠤᠯᠬᠤ ᠭᠤᠭᠴᠤᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠤᠨ ᠦᠢᠯᠡᠳᠪᠦᠷᠢᠯᠡᠯ᠂ ᠪᠣᠷᠣᠯᠠᠭᠤᠯᠤᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠪᠣᠯᠤᠨ ᠮᠡᠷᠭᠡᠵᠢᠯ ᠤᠨ ᠳᠠᠪᠰᠢᠯᠲᠠ ᠶᠢᠨ ᠠᠵᠢᠯ ᠢ ᠠᠬᠢᠭᠤᠯᠤᠨ᠎ᠠ᠃ ︵ᠠᠷᠪᠠᠨ ᠭᠤᠷᠪᠠ︶ ᠮᠡᠳᠡᠭᠡ ᠵᠠᠩᠭᠢᠴᠢᠯᠠᠯᠲᠠ ᠪᠠ ᠵᠥᠭᠡᠯᠡᠨ ᠲᠣᠨᠤᠭ ᠤᠨ ᠦᠶᠯᠡᠴᠢᠯᠡᠭᠡᠨ ᠤ ᠭᠠᠵᠠᠷ᠃ ᠠᠵᠤ ᠦᠢᠯᠡᠳᠪᠦᠷᠢ ᠶᠢᠨ ᠮᠡᠳᠡᠭᠡ ᠵᠠᠩᠭᠢᠴᠢᠯᠠᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠭᠢᠴᠢᠯᠠᠯᠲᠠ ᠵᠢᠴᠢ ᠮᠡᠳᠡᠭᠡ ᠵᠠᠩᠭᠢ ᠶᠢᠨ ᠠᠮᠤᠷ ᠲᠦᠪᠰᠢᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠯᠧᠺᠲᠷᠣᠨ ᠬᠡᠷᠴᠢᠯᠡᠭᠡ ᠤᠨ ᠠᠵᠢᠯ ᠢ ᠡᠭᠦᠷᠭᠡᠯᠡᠨ᠎ᠡ᠃ ᠠᠵᠤ ᠦᠶᠯᠡᠳᠪᠦᠷᠢ ᠶᠢᠨ ᠲᠣᠭᠠᠴᠢᠯᠠᠭᠰᠠᠨ᠂ ᠤᠶᠤᠨᠴᠢᠯᠠᠭᠰᠠᠨ᠂ ᠰᠦᠯᠵᠢᠶᠡᠵᠢᠭᠰᠡᠨ ᠬᠡᠷᠡᠭᠯᠡᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠴᠢᠮᠡᠭᠡ ᠨᠡᠪᠲᠡᠷᠡᠯᠭᠡ ᠶᠢᠨ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠴᠢᠮᠡᠭᠡ ᠬᠤᠯᠪᠣᠭ᠎ᠠ ᠶᠢᠨ ᠰᠦᠯᠵᠢᠶ᠎ᠡ᠂ ᠷᠠᠳᠢᠣ᠋ ᠲᠧᠯᠸᠢᠰ ᠤᠨ ᠰᠦᠯᠵᠢᠶ᠎ᠡ ᠪᠠ ᠺᠣᠮᠫᠢᠦ᠋ᠲ᠋ᠧᠷ ᠤᠨ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠵᠢᠯᠣᠭᠤᠳᠤᠨ᠎ᠠ᠃ ︵ᠠᠷᠪᠠᠨ ᠳᠥᠷᠪᠡ︶ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠶᠢᠭᠤᠯᠬᠤ᠂ ᠳᠡᠰ ᠳᠡᠪᠰᠢᠭᠦᠯᠬᠦ᠂ ᠥᠷᠭᠡᠳᠬᠡᠬᠦ᠂ ᠣᠷᠣᠨ ᠪᠠᠶᠢᠷᠢ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠢ ᠬᠢᠨᠠᠨ ᠰᠢᠨᠵᠢᠯᠡᠬᠦ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ᠃ ︵ᠠᠷᠪᠠᠨ ᠲᠠᠪᠤ︶ ᠳᠤᠮᠳᠠ ᠪᠠᠭ᠎ᠠ ᠠᠵᠤ ᠠᠬᠤᠶᠢᠯᠠᠯ ᠤᠨ ᠲᠣᠪᠴᠢᠶ᠎ᠠ᠃ ᠳᠤᠮᠳᠠ ᠪᠠᠭ᠎ᠠ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ ᠠᠬᠤᠶ ᠶᠢᠨ ᠬᠤᠷᠸ᠎ᠠ ᠵᠢᠯᠣᠭᠤᠳᠤᠯᠭ᠎ᠠ᠂ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠦᠶᠯᠡᠴᠢᠯᠡᠭᠡᠨ ᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠤᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠳᠤᠮᠳᠠ ᠪᠠᠭ᠎ᠠ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠬᠠᠷᠢᠭᠤᠴᠠᠨ᠎ᠠ᠃ ᠪᠦᠬᠦ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠭᠠᠳᠠᠭᠠᠳᠤ ᠯᠤᠭ᠎ᠠ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠬᠢᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠵᠢᠷᠭᠤᠭ᠎ᠠ︶ ᠷᠠᠳᠢᠣ᠋ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ᠃ ᠴᠡᠷᠢᠭ ᠤᠨ ᠶᠠᠪᠤᠳᠠᠯ ᠤᠨ ᠰᠢᠰᠲ᠋ᠧᠮ ᠠᠴᠠ ᠭᠠᠳᠠᠨᠠᠬᠢ ᠪᠦᠬᠦ ᠣᠷᠣᠨ ᠤ ᠷᠠᠳᠢᠣ᠋ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠷᠠᠳᠢᠣ᠋ ᠳᠠᠪᠲᠠᠮᠵᠢ ᠬᠡᠷᠡᠭᠯᠡᠬᠦ᠂ ᠷᠠᠳᠢᠣ᠋ ᠬᠤᠷᠢᠶ᠎ᠠ ︵ᠥᠷᠲᠡᠭᠡ︶ ᠪᠠᠶᠢᠭᠤᠯᠬᠤ᠂ ᠷᠠᠳᠢᠣ᠋ ᠬᠤᠷᠢᠶ᠎ᠠ ᠶᠢᠨ ᠦᠨᠡᠮᠯᠡᠯ ᠬᠢᠨᠠᠨ ᠣᠯᠭᠤᠬᠤ ᠶᠢ ᠬᠠᠷᠢᠭᠤᠴᠠᠨ᠎ᠠ᠃ ᠪᠦᠬᠦ ᠣᠷᠣᠨ ᠤ ᠷᠠᠳᠢᠣ᠋ ᠶᠢᠨ ᠬᠢᠨᠠᠨ ᠬᠡᠮᠵᠢᠬᠦ᠂ ᠬᠠᠷᠰᠢᠯ ᠢ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠪᠠᠭᠤᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠠᠯᠪᠠᠯᠠᠬᠤ ᠴᠠᠭ᠄ 9᠄ 00-12᠄ 00 14᠄ 30-17᠄ 00 ᠤᠲᠠᠰᠤ᠄ 0471-4825108 ᠬᠠᠷᠢᠭᠤᠴᠠᠯᠭᠠᠲᠠᠨ᠄ ᠯᠢ ᠵᠥᠩ ᠺᠠᠶ ᠬᠤᠶᠠᠳᠤᠭᠠᠷ ᠳᠡᠰ ᠤᠨ ᠨᠢᠭᠡᠴᠢ ᠶᠢᠨ ᠮᠡᠳᠡᠭᠡ ᠵᠠᠩᠭᠢ ᠶᠢ ᠪᠠᠶᠢᠭᠤᠯᠤᠮᠵᠢ ᠶᠢᠨ ᠥᠭᠡᠷᠡᠴᠢᠯᠡᠯᠲᠡ ᠳᠠᠭᠤᠰᠤᠭᠰᠠᠨ ᠤ ᠳᠠᠷᠠᠭ᠎ᠠ ᠨᠡᠶᠢᠲᠡᠯᠡᠨ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|