ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠠᠵᠢᠯ ᠤᠨ ᠠᠯᠪᠠᠨ ᠭᠡᠷ ︵ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ︶ 
ᠨᠡᠶᠢᠲᠡᠯᠡᠭᠰᠡᠨ ᠴᠠᠭ᠄
2015/4/2
ᠡᠭᠦᠷᠭᠡ ᠬᠠᠷᠢᠭᠤᠴᠠᠯᠭ᠎ᠠ᠄       ︵ᠨᠢᠭᠡ︶ ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠤᠨ ᠲᠠᠯ᠎ᠠ ᠪᠠᠷ ᠬᠢ ᠤᠷᠤᠨ ᠨᠤᠲᠤᠭ ᠤᠨ ᠴᠢᠨᠠᠷᠲᠠᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠦᠰᠦᠯ᠂ ᠲᠦᠯᠦᠪᠵᠢᠭᠦᠯᠭᠡ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃       ︵ᠬᠤᠶᠠᠷ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠡᠯ᠎ᠡ ᠡᠲᠡᠭᠡᠳ ᠬᠢᠨ ᠢ ᠵᠤᠬᠢᠶᠠᠨ ᠪᠠᠶᠢᠭᠤᠯᠤᠨ ᠵᠤᠬᠢᠴᠠᠭᠤᠯᠵᠤ ᠪᠠᠶᠢᠭᠠᠳ ᠶᠠᠳᠠᠭᠤ ᠶᠢ ᠲᠡᠳᠭᠦᠬᠦ ᠨᠡᠭᠡᠭᠡᠨ ᠬᠦᠭᠵᠬᠦᠯᠬᠦ ᠠᠵᠢᠯ ᠳᠤ ᠤᠷᠤᠯᠴᠠᠭᠤᠯᠬᠤ ᠶᠢ ᠬᠠᠷᠢᠭᠤᠴᠠᠵᠤ᠂ ᠶᠠᠳᠠᠭᠤ ᠶᠢ ᠲᠡᠳᠭᠦᠬᠦ ᠠᠵᠢᠯ ᠤᠨ ᠲᠠᠯ᠎ᠠ  ᠪᠠᠷ  ᠤᠯᠤᠰ ᠤᠨ ᠳᠤᠲᠤᠭᠠᠲᠤ ᠤᠨ ᠪᠠ ᠤᠯᠠᠨ ᠤᠯᠤᠰ ᠤᠨ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠵᠢᠴᠢ ᠠᠵᠤ ᠠᠬᠤᠢ  ᠶᠢᠨ ᠬᠦᠨᠳᠡᠯᠡᠨ ᠢᠶᠠᠷ ᠵᠤᠬᠢᠴᠠᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠭᠠᠳᠠᠭᠠᠲᠤ ᠪᠡᠯᠡᠳᠤ ᠶᠠᠳᠠᠭᠤ ᠶᠢ ᠲᠡᠳᠬᠦᠬᠦ ᠲᠦᠷᠦᠯ ᠵᠦᠢᠯ ᠢ ᠤᠷᠤᠭᠤᠯᠬᠤ᠂  ᠬᠠᠮᠢᠶᠠᠷᠬᠤ ᠪᠠ ᠪᠠᠶᠢᠴᠠᠭᠠᠬᠤ ᠠᠵᠢᠯ ᠢ ᠬᠠᠷᠢᠭᠤᠴᠠᠨ᠎ᠠ       ︵ᠭᠤᠷᠪᠠ︶ ᠦᠪᠡᠷᠲᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠲᠠᠢ ᠬᠦᠮᠦᠨ ᠠᠮᠠ ᠪᠠ ᠦᠪᠡᠷᠲᠡᠭᠡᠨ ᠵᠠᠰᠠᠬᠤ ᠤᠷᠤᠨ ᠤ ᠳᠡᠰ ᠤᠨ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠢ ᠲᠡᠳᠭᠦᠬᠦ ᠪᠠᠷᠢᠮᠵᠢᠶ᠎ᠡ ᠶᠢ ᠲᠤᠭᠤᠷᠪᠢᠨ ᠲᠤᠭᠲᠠᠭᠠᠬᠤ ᠪᠠ ᠲᠤᠬᠢᠷᠠᠭᠤᠯᠤᠯᠳᠠ ᠬᠢᠵᠦ᠂ ᠶᠠᠳᠠᠭᠤ ᠶᠢ ᠲᠠᠳᠭᠦᠬᠦ ᠠᠵᠢᠯ ᠤᠨ ᠭᠤᠤᠯᠳᠠᠯᠭ᠎ᠠ ᠲᠠᠢ ᠬᠤᠰᠢᠭᠤ ᠰᠢᠶᠠᠨ ︵ᠬᠤᠲᠠ᠂ ᠲᠤᠭᠤᠷᠢᠭ︶ ᠤ ᠲᠤᠭ᠎ᠠ᠂  ᠬᠡᠪᠴᠢᠶ᠎ᠡ ᠶᠢ ᠲᠤᠭᠲᠠᠭᠠᠬᠤ ᠪᠠ ᠲᠤᠬᠢᠷᠠᠭᠤᠯᠤᠨ᠎ᠠ᠃       ︵ᠳᠦᠷᠪᠡ︶ ᠦᠪᠡᠷᠲᠡᠭᠡᠨ ᠵᠠᠰᠠᠬᠤ ᠤᠷᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠤᠬᠢᠶᠠᠨ ᠪᠠᠶᠢᠭᠤᠯᠬᠤ᠂ ᠵᠤᠬᠢᠴᠠᠭᠤᠯᠬᠤ ᠪᠠ ᠵᠢᠯᠤᠭᠤᠳᠬᠤ ᠬᠠᠷᠢᠭᠤᠴᠠᠯᠭ᠎ᠠ ᠶᠢ ᠡᠬᠦᠷᠬᠡᠯᠡᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠶᠢ ᠬᠠᠷᠢᠭᠤᠴᠠᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠤᠰᠢᠭᠤ ᠰᠢᠶᠠᠨ ︵ᠬᠤᠲᠠ᠂ ᠲᠤᠭᠤᠷᠢᠭ︶ ᠤ ᠲᠤᠭ᠎ᠠ᠂ ᠬᠡᠪᠴᠢᠶ᠎ᠡ ᠶᠢ ᠲᠦᠷᠦᠭᠦᠯᠡᠨ ᠵᠤᠬᠢᠶᠠᠨ ᠪᠠᠶᠢᠭᠤᠯᠤᠨ ᠲᠤᠭᠲᠠᠭᠠᠬᠤ ᠪᠠ ᠲᠤᠬᠢᠷᠠᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠭᠤᠯᠬᠤ ᠬᠤᠷᠠᠯ ᠲᠠᠢ ᠬᠠᠷᠢᠯᠴᠠᠨ᠎ᠠ᠃       ︵ᠲᠠᠪᠤ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠤᠷᠤᠨ ᠤ ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠶᠢ ᠪᠦᠷᠢᠳᠭᠡᠬᠦ ᠵᠢᠴᠢ ᠬᠢᠨᠠᠨ ᠬᠡᠮᠵᠢᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ︵ᠵᠢᠷᠭᠤᠭ᠎ᠠ︶ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠪᠡᠯᠡ ᠮᠦᠡᠭᠭᠦ ᠶᠢᠨ ᠲᠦᠷᠦᠯ ᠵᠦᠢᠯ ᠤᠨ ᠤᠨ ᠤ ᠲᠦᠯᠦᠪᠯᠡᠭᠡ ᠶᠢ ᠵᠤᠬᠢᠶᠠᠨ ᠪᠠᠶᠢᠭᠤᠯᠤᠨ ᠲᠤᠭᠲᠠᠭᠠᠬᠤ ᠬᠠᠷᠢᠭᠤᠴᠠᠯᠭ᠎ᠠ ᠶᠢ ᠡᠭᠦᠷᠭᠡᠯᠡᠨ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠪᠡᠯᠡ ᠮᠦᠡᠭᠭᠦ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠲᠤᠭᠲᠠᠭᠠᠯ᠂ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠳᠤ ᠤᠷᠤᠯᠴᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠤᠷᠤᠨ ᠤ ᠶᠠᠳᠠᠭᠤ ᠶᠢ ᠲᠡᠳᠭᠦᠬᠦ ᠨᠡᠭᠡᠭᠡᠨ ᠬᠦᠭᠵᠢᠬᠦᠯᠬᠦ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠳᠤᠯᠤᠭ᠎ᠠ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠭᠦᠢᠴᠡᠳᠭᠡᠯᠭᠡᠬᠦ  ᠪᠠᠷ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠬᠦᠢᠴᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号