ᠭᠤᠤᠯ ᠡᠭᠦᠷᠭᠡ ᠬᠠᠷᠢᠭᠤᠴᠠᠯᠭ᠎ᠠ᠄ | 《〈 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ〉 ᠢ ᠲᠠᠷᠤᠮᠠᠯᠯᠠᠨ ᠶᠠᠪᠤᠭᠤᠯᠬᠤ ᠲᠤᠬᠠᠢ ᠲᠤᠮᠲᠠᠲᠤ ᠤᠯᠤᠰ ᠤᠨ | ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ》 ︵ᠲᠢᠩᠬᠢᠮ ᠦᠰᠦᠭ〔2009〕4 ᠳ᠋ᠤᠭᠡᠷ ᠲᠤᠭᠠᠲᠤ︶ ᠤᠨ ᠵᠤᠷᠢᠭ ᠰᠠᠨᠠᠭ᠎ᠠ ᠶᠢ | ᠦᠨᠳᠦᠰᠦᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠮᠦᠡᠭᠭᠦᠨ ᠬᠦᠢᠯᠭᠡᠭᠡᠨ ᠤ ᠠᠵᠢᠯ ᠤᠨ ᠠᠯᠪᠠᠨ ᠭᠡᠷ ᠢ ᠪᠠᠶᠢᠭᠤᠯᠤᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠰᠢᠭᠤᠳ ᠬᠠᠷᠢᠶ᠎ᠠ ᠪᠠᠶᠢᠭᠤᠯᠤᠮᠵᠢ ᠪᠤᠯᠭᠠᠪᠠ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠤᠬᠢᠷᠠᠭᠤᠯᠤᠯᠲᠠ | ︵ᠨᠢᠬᠡ︶ ᠬᠠᠤᠯᠢ ᠶᠤᠰᠤᠭᠠᠷ ᠵᠦᠪᠰᠢᠶᠡᠷᠡᠭᠦᠯᠦᠭᠰᠡᠨ ᠤᠯᠤᠰ ᠤᠨ ᠦᠮᠴᠢᠯᠡᠯᠲᠤ ᠬᠤᠪᠢ ᠤᠷᠤᠭᠤᠯᠤᠯᠲᠠ | ᠡᠷᠬᠡᠰᠢᠶᠡᠬᠦ᠂ ᠤᠯᠤᠰ ᠤᠨ ᠦᠮᠴᠢᠯᠡᠯᠲᠤ ᠬᠤᠪᠢ ᠤᠷᠤᠭᠤᠯᠬᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠠᠶᠢᠭᠤᠯᠬᠤ | ᠪᠠ ᠰᠲ᠋ᠤᠺ ᠤᠨ ᠡᠷᠬᠡ ᠶᠢ ᠬᠤᠪᠢᠷᠠᠭᠤᠯᠬᠤ ᠳᠤ ᠤᠷᠤᠯᠴᠠᠬᠤ ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ | ᠪᠠᠶᠢᠭᠤᠯᠤᠨ ᠤᠯᠤᠰ ᠤᠨ ᠦᠮᠴᠢᠯᠡᠯ ᠤᠨ ᠪᠤᠰᠤ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠪᠠᠶᠢᠭᠤᠯᠬᠤ ᠪᠠ | ᠰᠲ᠋ᠤᠺ ᠤᠨ ᠡᠷᠬᠡ ᠶᠢ ᠬᠤᠪᠢᠷᠠᠭᠤᠯᠬᠤ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠬᠦᠴᠦᠨ ᠦᠭᠡᠢ | ᠪᠤᠯᠭᠠᠪᠠ᠃ | ︵ᠬᠤᠶᠠᠷ︶ ᠪᠦᠬᠦ ᠤᠷᠤᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢ ᠬᠢᠨᠠᠯᠲᠠ ᠲᠠᠯᠪᠢᠵᠤ | ᠬᠠᠮᠢᠶᠠᠷᠬᠤ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠪᠡᠯᠡᠳᠭᠡᠨ ᠪᠠᠶᠢᠭᠤᠯᠬᠤ ᠪᠠ ᠠᠵᠢᠯ ᠡᠬᠢᠯᠡᠬᠦᠯᠬᠦ ᠶᠢ | ᠬᠠᠷᠢᠭᠤᠴᠠᠬᠤ᠂ ᠪᠠᠭ᠎ᠠ ᠲᠤᠭᠠᠨ ᠤ ᠵᠢᠬᠡᠯᠡᠯᠭᠡ ᠶᠢᠨ ᠺᠤᠮᠫᠠᠨᠢ ᠶᠢᠨ ᠳᠦᠷᠢᠮ ᠳᠤ ᠨᠡᠶᠢᠴᠡᠭᠦᠯᠦᠨ ᠡᠵᠡᠩᠨᠡᠬᠦ ᠶᠢ | ᠬᠢᠨᠠᠯᠲᠠ ᠲᠠᠯᠪᠢᠵᠤ ᠬᠠᠮᠢᠶᠠᠷᠬᠤ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠲᠦᠭᠰᠢᠭᠦᠷᠢ ᠶᠢ ᠰᠢᠢᠳᠪᠦᠷᠢᠯᠡᠬᠦ | ᠡᠬᠦᠷᠬᠡ ᠬᠠᠷᠢᠭᠤᠴᠠᠯᠭ᠎ᠠ ᠶᠢ ᠨᠡᠮᠡᠭᠳᠡᠭᠦᠯᠪᠡ᠃ | ︵ᠭᠤᠷᠪᠠ︶ ᠪᠦᠬᠦ ᠤᠷᠤᠨ ᠤ ᠪᠡᠯᠡ ᠨᠡᠶᠢᠯᠡᠭᠦᠯᠬᠦ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠶᠢ | ᠬᠢᠨᠠᠯᠲᠠ ᠲᠠᠯᠪᠢᠵᠤ ᠬᠠᠮᠢᠶᠠᠷᠬᠤ᠂ ᠪᠡᠯᠡ ᠨᠡᠶᠢᠯᠡᠬᠦᠯᠬᠦ V ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ᠂ | ᠬᠤᠪᠢᠷᠠᠭᠤᠯᠬᠤ᠂ ᠬᠠᠭᠠᠬᠤ ᠶᠢᠨ ᠬᠢᠨᠠᠨ ᠵᠦᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ | ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠪᠡ᠃ | ︵ᠳᠦᠷᠪᠡ︶ ᠪᠦᠬᠦ ᠤᠷᠤᠨ ᠤ ᠢᠲᠡᠭᠡᠮᠵᠢᠲᠤ ᠵᠢᠭᠡᠯᠡᠯᠭᠡ ᠶᠢᠨ ᠮᠡᠳᠡᠭᠡ ᠵᠠᠩᠭᠢ ᠶᠢ ᠬᠢᠨᠠᠯᠲᠠ ᠲᠠᠯᠪᠢᠵᠤ | ᠬᠠᠮᠢᠶᠠᠷᠬᠤ᠂ ᠢᠲᠡᠭᠡᠮᠵᠢ ᠶᠢᠨ ᠮᠡᠳᠡᠭᠡ ᠵᠠᠩᠬᠢ ᠴᠤᠭᠯᠠᠭᠤᠯᠬᠤ ᠪᠠᠶᠢᠭᠤᠯᠤᠮᠵᠢ ᠪᠠ ᠢᠲᠡᠭᠡᠮᠵᠢᠲᠤ ᠵᠢᠭᠡᠯᠡᠯᠭᠡ ᠶᠢᠨ | ᠮᠡᠳᠡᠭᠡ ᠵᠠᠩᠬᠢ ᠴᠤᠭᠯᠠᠭᠤᠯᠬᠤ᠂ ᠨᠡᠶᠢᠲᠡᠯᠡᠬᠦ᠂ ᠬᠡᠷᠡᠭᠯᠡᠬᠦ ᠪᠠ ᠬᠤᠯᠪᠤᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ | ᠬᠢᠨᠠᠯᠲᠠ ᠲᠠᠯᠪᠢᠬᠤ ᠬᠠᠮᠢᠶᠠᠷᠬᠤ ᠶᠢ ᠬᠠᠷᠢᠭᠤᠴᠠᠬᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠠᠯ᠎ᠠ ᠪᠠᠷ ᠬᠢ ᠬᠠᠤᠯᠢ | ᠴᠠᠭᠠᠵᠠ ᠪᠤᠯᠤᠨ ᠳᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠢᠶᠠᠷ ᠰᠢᠢᠳᠭᠡᠨ | ᠲᠤᠷᠭᠠᠬᠤ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠪᠡ᠃ | ᠬᠤᠶᠠᠷ᠂ ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠤᠨ ᠬᠤᠯᠪᠤᠭᠳᠠᠯ ᠪᠦᠬᠦᠢ ᠮᠦᠡᠭᠭᠦᠨ ᠬᠦᠢᠯᠭᠡᠭᠡᠨ ᠤ ᠬᠠᠤᠯᠢ ᠴᠠᠭᠠᠵᠠ ᠬᠠᠤᠯᠢ | ᠲᠤᠭᠲᠠᠭᠠᠯ᠂ ᠳᠦᠷᠢᠮ ᠪᠤᠯᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠤᠷᠤᠨ ᠨᠤᠲᠤᠭ ᠤᠨ | ᠴᠢᠨᠠᠷᠲᠠᠢ ᠮᠦᠡᠭᠭᠦᠨ ᠬᠦᠢᠯᠭᠡᠭᠡᠨ ᠤ ᠠᠵᠢᠯ ᠤᠨ ᠳᠦᠷᠢᠮ ᠪᠤᠯᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ᠂ ᠪᠡᠯᠡ | ᠨᠡᠶᠢᠯᠡᠬᠦᠯᠬᠦ ᠪᠠᠶᠢᠭᠤᠯᠤᠮᠵᠢ ᠶᠢᠨ ᠬᠦᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠰᠤᠳᠤᠯᠵᠤ᠂ ᠲᠤᠭᠲᠠᠭᠠᠬᠤ ᠪᠠ | ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ︵ᠬᠤᠶᠠᠷ︶ ᠪᠦᠬᠦ ᠤᠷᠤᠨ ᠤ ᠮᠦᠡᠭᠭᠦᠨ ᠬᠦᠢᠯᠭᠡᠭᠡᠨ ᠤ ᠬᠦᠭᠵᠢᠯᠲᠠ ᠶᠢᠨ ᠲᠦᠯᠦᠪᠵᠢᠭᠦᠯᠭᠡ ᠪᠠ ᠤᠨ ᠤ | ᠠᠵᠢᠯ ᠤᠨ ᠲᠦᠯᠦᠪᠯᠡᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠪᠦᠬᠦ ᠤᠷᠤᠨ ᠤ ᠮᠦᠡᠭᠭᠦᠨ ᠬᠦᠢᠯᠭᠡᠭᠡᠨ ᠤ | ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠮᠦᠡᠭᠭᠦᠨ ᠬᠦᠢᠯᠭᠡᠭᠡᠨ ᠤ ᠪᠠᠶᠢᠳᠠᠯ ᠢ ᠰᠤᠳᠤᠯᠤᠨ | ᠵᠠᠳᠠᠯᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠤᠨ ᠮᠦᠡᠭᠭᠦᠨ ᠬᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠬᠠᠮᠵᠢᠨ | ᠮᠠᠨ ᠤ ᠤᠷᠤᠨ ᠤ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠬᠢᠭᠡᠳ ᠮᠦᠡᠭᠭᠦᠨ ᠬᠦᠢᠯᠭᠡᠭᠡᠨ ᠤ ᠦᠢᠯᠡᠰ ᠤᠨ ᠵᠠᠭᠤᠴᠢ | ᠪᠠᠶᠢᠭᠤᠯᠤᠮᠵᠢ ᠶᠢ ᠬᠢᠨᠠᠨ ᠬᠠᠮᠢᠶᠠᠷᠴᠤ᠂ ᠬᠠᠤᠯᠢ ᠪᠤᠰᠤ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠪᠤᠯᠤᠨ ᠬᠠᠤᠯᠢ | ᠪᠤᠰᠤ ᠮᠦᠡᠭᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ | ᠴᠤᠬᠢᠯᠲᠠ ᠦᠭᠴᠦ᠂ ᠮᠦᠡᠭᠭᠦᠨ ᠬᠦᠢᠯᠭᠡᠭᠡᠨ ᠤ ᠡᠮᠬᠢ ᠲᠢᠭᠯᠢᠮ ᠢ ᠴᠡᠭᠴᠡᠯᠡᠨ ᠵᠢᠷᠤᠮᠵᠢᠭᠤᠯᠤᠨ᠎ᠠ᠃ ᠡᠯ᠎ᠡ | ᠲᠦᠷᠦᠯ ᠤᠨ ᠮᠦᠡᠭᠭᠦᠨ ᠬᠦᠢᠯᠭᠡᠭᠡᠨ ᠤ ᠦᠢᠯᠡᠰ ᠯᠦᠭᠡ ᠬᠤᠯᠪᠤᠭᠳᠠᠯ ᠲᠠᠢ ᠠᠵᠢᠯ ᠲᠦᠷᠦᠯ ᠤᠨ ᠨᠡᠶᠢᠭᠡᠮᠯᠢᠭ ᠪᠤᠯᠤᠨ | ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠤᠭᠤᠳᠤᠨ᠂ ᠠᠵᠢᠯ ᠲᠦᠷᠦᠯ ᠤᠨ | ᠦᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ︵ᠳᠦᠷᠪᠡ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠮᠦᠡᠭᠭᠦᠨ ᠬᠦᠢᠯᠭᠡᠭᠡᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ᠂ ᠪᠠᠴᠢᠮ ᠪᠠᠶᠢᠳᠠᠯ ᠢ ᠰᠢᠢᠳᠪᠦᠷᠢᠯᠡᠬᠦ | ᠲᠤᠭᠲᠠᠴᠠ ᠪᠠ ᠮᠦᠡᠭᠭᠦᠨ ᠬᠦᠢᠯᠭᠡᠭᠡᠨ ᠢ ᠲᠤᠭᠲᠠᠭᠤᠨ ᠪᠠᠶᠢᠯᠭᠠᠵᠤ ᠵᠤᠬᠢᠴᠠᠭᠤᠯᠬᠤ ᠲᠤᠭᠲᠠᠴᠠ ᠪᠠᠶᠢᠭᠤᠯᠤᠨ | ᠲᠡᠭᠦᠯᠳᠡᠷᠵᠢᠭᠦᠯᠵᠤ᠂ ᠮᠦᠡᠭᠭᠦᠨ ᠬᠦᠯᠬᠡᠬᠡᠨ ᠤ ᠲᠦᠭᠰᠢᠭᠦᠷᠢ ᠶᠢ ᠰᠡᠷᠬᠡᠶᠢᠯᠡᠬᠦ᠂ ᠠᠷᠢᠯᠭᠠᠬᠤ ᠪᠠ ᠰᠢᠢᠳᠪᠦᠷᠢᠯᠡᠨ᠂ | ᠭᠠᠵᠠᠷ ᠤᠷᠤᠨ ᠤ ᠮᠦᠡᠭᠭᠦᠨ ᠬᠦᠢᠯᠭᠡᠭᠡᠨ ᠤ ᠲᠤᠭᠲᠠᠭᠤᠨ ᠢ ᠬᠠᠮᠠᠭᠠᠯᠠᠨ᠎ᠠ᠃ | ︵ᠲᠠᠪᠤ︶ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠮᠦᠡᠭᠭᠦᠨ ᠬᠦᠢᠯᠭᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠪᠤᠯᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠯᠤᠭ᠎ᠠ ᠨᠡᠪᠲᠡᠷᠡᠯᠴᠡᠵᠤ ᠵᠤᠬᠢᠴᠠᠭᠤᠯᠬᠤ ᠠᠵᠢᠯ ᠢ | ᠡᠭᠦᠷᠭᠡᠯᠡᠨ᠂ ᠮᠦᠡᠭᠭᠦᠨ ᠬᠦᠢᠯᠭᠡᠭᠡᠨ ᠤ ᠠᠵᠤ ᠠᠬᠤᠶᠢᠯᠠᠯ ᠤᠨ ᠦᠪᠡᠷᠲᠡᠭᠡᠨ ᠵᠠᠰᠠᠬᠤ ᠤᠷᠤᠨ ᠳᠤ ᠬᠤᠪᠢᠶᠠᠷᠢ | ᠰᠠᠯᠪᠤᠷᠢ ᠪᠠᠶᠢᠭᠤᠯᠤᠮᠵᠢ ᠪᠠ ᠲᠤᠤᠷ ᠰᠦᠯᠵᠢᠶᠡᠨ ᠤ ᠴᠢᠭ᠋ ᠪᠠᠶᠢᠭᠤᠯᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ | ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠵᠦᠢ ᠵᠤᠬᠢᠰᠲᠠᠢ ᠪᠠᠶᠢᠷᠢᠯᠠᠭᠤᠯᠬᠤ ᠪᠠ ᠮᠦᠡᠭᠭᠦᠨ ᠬᠦᠢᠯᠭᠡᠭᠡᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠶᠢ ᠠᠬᠢᠭᠤᠯᠤᠨ᠎ᠠ᠃ | ︵ᠵᠢᠷᠭᠤᠭ᠎ᠠ︶ ᠤᠷᠤᠨ ᠨᠤᠲᠤᠭ ᠤᠨ ᠴᠢᠨᠠᠷᠲᠠᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠪᠠ ᠬᠦᠭᠵᠢᠯᠲᠠ ᠶᠢ ᠵᠢᠯᠤᠭᠤᠳᠴᠤ᠂ ᠤᠷᠤᠨ ᠨᠤᠲᠤᠭ ᠤᠨ ᠴᠢᠨᠠᠷᠲᠠᠢ ᠮᠦᠡᠭᠭᠦᠨ ᠬᠦᠢᠯᠭᠡᠭᠡᠨ ᠤ | ᠪᠠᠶᠢᠭᠤᠯᠤᠮᠵᠢ ᠪᠠᠶᠢᠭᠤᠯᠬᠤ᠂ ᠪᠡᠯᠡ ᠨᠡᠮᠡᠭᠳᠡᠭᠦᠯᠦᠨ ᠰᠲ᠋ᠤᠺ ᠦᠷᠭᠡᠳᠭᠡᠬᠦ᠂ ᠰᠲ᠋ᠤᠺ ᠤᠨ ᠡᠷᠭᠡ ᠶᠢ ᠰᠢᠯᠵᠢᠭᠦᠯᠬᠦ᠂ | ᠬᠦᠴᠦᠨ ᠦᠭᠡᠢ ᠪᠤᠯᠭᠠᠨ ᠬᠠᠭᠠᠬᠤ ᠳᠤ ᠰᠠᠨᠠᠯ ᠳᠤᠷᠠᠳᠴᠤ᠂ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠪᠠ | ᠡᠵᠡᠩᠨᠠᠯᠲᠡ ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠭᠦ ᠶᠢ ᠲᠦᠯᠬᠢᠨ ᠠᠬᠢᠭᠤᠯᠤᠨ᠎ᠠ᠃ | ︵ᠳᠤᠯᠤᠭ᠎ᠠ︶ ᠠᠵᠤ ᠠᠬᠤᠶᠢᠯᠠᠯ ᠤᠨ ᠵᠠᠬ᠎ᠠ ᠳᠡᠯᠭᠡᠬᠦᠷ ᠲᠤ ᠭᠠᠷᠬᠤ ᠠᠴᠠ ᠡᠮᠦᠨᠡᠬᠢ ᠬᠤᠭᠤᠴᠠᠭᠠᠨ | ᠳᠦᠷᠢᠮ ᠢᠶᠠᠨ ᠦᠭᠡᠷᠡᠴᠢᠯᠡᠬᠦ ᠠᠵᠢᠯ ᠢ ᠬᠠᠷᠢᠭᠤᠴᠠᠨ ᠵᠤᠬᠢᠶᠠᠨ ᠪᠠᠶᠢᠭᠤᠯᠬᠤ ᠪᠠ ᠵᠤᠬᠢᠴᠠᠭᠤᠯᠵᠤ᠂ ᠵᠠᠬ᠎ᠠ | ᠳᠡᠯᠭᠡᠬᠦᠷ ᠲᠤ ᠭᠠᠷᠭᠠᠬᠤ ᠪᠠᠷ ᠪᠠᠶᠢᠭ᠎ᠠ ᠠᠵᠢᠯ ᠠᠬᠤᠶᠢᠯᠠᠯ ᠤᠨ ᠢᠯᠡ ᠪᠠᠷ ᠰᠲ᠋ᠤᠺ ᠢᠶᠠᠨ ᠲᠠᠷᠬᠠᠭᠠᠬᠤ ᠳᠤ ᠰᠠᠨᠠᠯ | ᠳᠤᠷᠠᠳᠤᠨ᠎ᠠ᠃ ᠲᠡᠮᠳᠡᠭᠲᠤ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠵᠠᠬ᠎ᠠ | ᠳᠡᠯᠭᠡᠬᠦᠷ ᠲᠤ ᠭᠠᠷᠤᠭᠰᠠᠨ ᠺᠤᠮᠫᠠᠨᠢ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠪᠦᠬᠦ ᠤᠷᠤᠨ ᠤ ᠵᠠᠬ᠎ᠠ | ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠳᠠᠬᠢᠨ ᠪᠡᠯᠡ ᠨᠡᠶᠢᠯᠡᠭᠦᠯᠬᠦ᠂ ᠨᠡᠶᠢᠯᠡᠭᠦᠯᠵᠤ ᠬᠤᠳᠠᠯᠳᠤᠨ ᠠᠪᠬᠤ ᠪᠠ ᠡᠳ᠋ | ᠬᠦᠷᠦᠩᠭᠡ ᠪᠠᠨ ᠳᠠᠬᠢᠨ ᠵᠤᠬᠢᠶᠠᠨ ᠪᠠᠶᠢᠭᠤᠯᠬᠤ ᠠᠵᠢᠯ ᠢ ᠵᠢᠯᠤᠭᠤᠳᠴᠤ᠂ ᠵᠠᠬ᠎ᠠ ᠳᠡᠯᠭᠡᠭᠦᠷ ᠲᠤ ᠭᠠᠷᠤᠭᠰᠠᠨ | ᠺᠤᠮᠫᠠᠨᠢ ᠶᠢᠨ ᠬᠠᠮᠢᠶ᠎ᠠ ᠪᠦᠬᠦᠢ ᠲᠦᠭᠰᠢᠭᠦᠷᠢ ᠶᠢ ᠠᠷᠢᠯᠭᠠᠨ᠎ᠠ᠃ ᠠᠵᠤ ᠦᠢᠯᠡᠰ ᠤᠨ ᠪᠡᠯᠡ ᠤᠷᠤᠭᠤᠯᠤᠯᠲᠠ ᠶᠢᠨ | ᠰᠠᠭᠤᠷᠢ ᠮᠦᠡᠭᠭᠦ᠂ ᠰᠲ᠋ᠤᠺ ᠤᠨ ᠡᠷᠭᠡ ᠪᠠᠷ ᠪᠡᠯᠡ ᠤᠷᠤᠭᠤᠯᠬᠤ ᠰᠠᠭᠤᠷᠢ ᠮᠦᠡᠭᠭᠦ ᠵᠡᠷᠭᠡ ᠶᠢᠨ ᠵᠢᠷᠤᠮᠵᠢᠯ ᠲᠠᠢ | ᠬᠦᠭᠵᠢᠬᠦᠯᠬᠦ ᠶᠢ ᠵᠢᠯᠤᠭᠤᠳᠤᠨ᠎ᠠ᠃ ᠤᠷᠤᠨ ᠤ ᠳᠤᠲᠤᠷᠠᠬᠢ ᠵᠠᠬ᠎ᠠ ᠳᠡᠯᠭᠡᠬᠦᠷ ᠲᠤ ᠭᠠᠷᠤᠭᠰᠠᠨ ᠪᠤᠰᠤ ᠠᠵᠤ | ᠠᠬᠤᠶᠢᠯᠠᠯ ᠤᠨ ᠰᠲ᠋ᠤᠺ ᠤᠨ ᠡᠷᠬᠡ ᠶᠢᠨ ᠠᠷᠠᠯᠵᠢᠶᠠᠯᠠᠬᠤ ᠵᠠᠬ᠎ᠠ ᠳᠡᠯᠭᠡᠬᠦᠷ ᠢ ᠬᠠᠮᠢᠶᠠᠷᠤᠨ᠎ᠠ᠃ | ︵ᠨᠠᠢᠮᠠ︶ ᠡᠯ᠎ᠡ ᠬᠤᠯᠪᠤᠭᠳᠠᠯ ᠪᠦᠬᠦᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠤᠨ᠂ | ᠪᠡᠯᠡ ᠤᠷᠤᠭᠤᠯᠬᠤ ᠪᠡᠯᠡ ᠨᠡᠶᠢᠯᠡᠭᠦᠯᠬᠦ ᠲᠠᠪᠴᠠᠩ ᠬᠢᠭᠡᠳ ᠪᠤᠰᠤᠳ ᠲᠦᠷᠦᠯ ᠵᠦᠢᠯ ᠤᠨ ᠪᠡᠯᠡ ᠨᠡᠶᠢᠯᠡᠭᠦᠯᠬᠦ | ᠲᠦᠰᠦᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠲᠦᠷᠦᠯ ᠵᠦᠢᠯ ᠶᠢᠨ ᠪᠡᠯᠡ ᠮᠦᠡᠭᠭᠦ ᠶᠢ | ᠪᠤᠳᠠᠲᠠᠶᠢᠵᠢᠭᠤᠯᠤᠭᠰᠠᠨ ᠪᠠᠶᠢᠳᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠲᠦᠷᠦᠯ ᠵᠦᠢᠯ ᠤᠨ | ᠪᠡᠯᠡ ᠤᠷᠤᠭᠤᠯᠤᠯᠲᠠ ᠶᠢᠨ ᠦᠨᠡᠯᠡᠯᠲᠡ᠂ ᠵᠤᠭᠤᠰ ᠪᠤᠴᠠᠭᠠᠬᠤ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ | ᠲᠠᠯ᠎ᠠ ᠶᠢᠨ ᠬᠠᠮᠢᠶᠠᠷᠤᠯᠲᠠ ᠪᠠ ᠰᠢᠮᠳᠠᠭᠤᠯᠤᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ | ︵ᠶᠢᠰᠦ︶ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠡᠭᠭᠦ ᠨᠡᠶᠢᠯᠡᠭᠦᠯᠬᠦ ᠶᠢ ᠬᠠᠷᠢᠭᠤᠴᠠᠨ ᠲᠦᠯᠬᠢᠨ | ᠠᠬᠢᠭᠤᠯᠵᠤ᠂ ᠤᠷᠤᠨ ᠨᠤᠲᠤᠭ ᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠤᠨ ᠳᠤᠮᠳᠠ ᠪᠠᠭ᠎ᠠ | ᠠᠵᠤ ᠠᠬᠤᠶᠢᠯᠠᠯ ᠳᠤ ᠲᠤᠬᠢᠷᠠᠭᠰᠠᠨ ᠳᠡᠰ ᠲᠤᠭᠲᠠᠭᠠᠨ ᠢᠲᠡᠬᠡᠮᠵᠢ ᠤᠯᠭᠤᠬᠤ ᠳᠦᠷᠢᠮ ᠢ ᠲᠡᠭᠦᠯᠳᠡᠷᠵᠢᠭᠦᠯᠵᠤ᠂ | ᠳᠤᠮᠳᠠ ᠪᠠᠭ᠎ᠠ ᠠᠵᠤ ᠠᠬᠤᠶᠢᠯᠠᠯ ᠶᠢᠨ ᠬᠡᠷᠡᠭᠴᠡᠭᠡ ᠱᠠᠭᠠᠷᠳᠠᠯᠭ᠎ᠠ ᠳᠤ ᠲᠤᠬᠢᠷᠠᠭᠰᠠᠨ ᠮᠦᠡᠭᠭᠦᠨ ᠬᠦᠢᠯᠭᠡᠭᠡᠨ ᠤ | ᠦᠢᠯᠡᠴᠢᠯᠡᠭᠡ ᠶᠢᠨ ᠪᠦᠲᠦᠭᠡᠭᠳᠡᠭᠦᠨ ᠢ ᠨᠡᠭᠡᠭᠡᠨ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠨᠡᠶᠢᠯᠡᠭᠦᠯᠭᠦ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠠᠷᠪᠠ︶ ᠪᠦᠬᠦ ᠤᠷᠤᠨ ᠤ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠳᠤ ᠬᠢᠨᠠᠯᠲᠠ ᠲᠠᠯᠪᠢᠵᠤ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠬᠢᠨᠠᠯᠲᠠ | ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠲᠤᠭᠲᠠᠭᠠᠯ ᠪᠠ ᠠᠷᠭ᠎ᠠ ᠶᠢ ᠰᠤᠳᠤᠯᠤᠨ ᠲᠤᠭᠲᠠᠭᠠᠬᠤ ᠶᠢᠨ ᠬᠠᠮᠲᠤ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠪᠠᠶᠢᠭᠤᠯᠬᠤ᠂ ᠠᠵᠢᠯ | ᠡᠬᠢᠯᠡᠭᠦᠯᠬᠦ᠂ ᠰᠲ᠋ᠤᠺ ᠤᠨ ᠡᠷᠭᠡ ᠪᠠᠨ ᠬᠤᠪᠢᠷᠠᠭᠤᠯᠬᠤ ᠪᠠ ᠬᠦᠴᠦᠨ ᠦᠭᠡᠢ ᠪᠤᠯᠭᠠᠬᠤ ᠶᠢ ᠬᠢᠨᠠᠨ ᠵᠦᠪᠰᠢᠶᠡᠷᠡᠵᠤ᠂ | ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠠᠵᠢᠯᠯᠠᠭ᠎ᠠ ᠶᠢ ᠬᠢᠨᠠᠨ | ᠬᠠᠮᠢᠶᠠᠷᠴᠤ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠲᠦᠭᠰᠢᠭᠦᠷᠢ ᠶᠢ ᠰᠢᠢᠳᠪᠦᠷᠢᠯᠡᠨ᠎ᠡ᠃ | ︵ᠠᠷᠪᠠᠨ ᠨᠢᠭᠡ︶ ᠪᠦᠬᠦ ᠤᠷᠤᠨ ᠤ ᠪᠡᠯᠡ ᠨᠡᠶᠢᠯᠡᠭᠦᠯᠬᠦ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠳᠤ | ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠂ ᠪᠦᠬᠦ ᠤᠷᠤᠨ ᠤ ᠪᠡᠯᠡ ᠨᠡᠶᠢᠯᠡᠬᠦᠯᠬᠦ ᠴᠢᠨᠠᠷᠲᠠᠢ | ᠳᠠᠭᠠᠭᠠᠯᠲᠠ ᠬᠢᠬᠦ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠡᠯ᠎ᠡ ᠵᠦᠢᠯ ᠤᠨ ᠳᠦᠷᠢᠮ ᠲᠤᠭᠲᠠᠭᠠᠯ ᠪᠠ | ᠠᠷᠭ᠎ᠠ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠯᠡ ᠨᠡᠶᠢᠯᠡᠬᠦᠯᠬᠦ | ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ ᠪᠠ ᠬᠤᠪᠢᠷᠠᠭᠤᠯᠬᠤ ᠶᠢ ᠬᠢᠨᠠᠨ ᠵᠦᠪᠰᠢᠶᠡᠷᠡᠨ᠎ᠡ᠃ ᠳᠤᠮᠳᠠ | ᠪᠠᠭ᠎ᠠ ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠬᠢᠬᠦ ᠲᠤᠰᠬᠠᠢ ᠵᠦᠢᠯ ᠤᠨ ᠪᠡᠯᠡ ᠮᠦᠡᠭᠭᠦ ᠪᠠ ᠳᠤᠮᠳᠠ | ᠪᠠᠭ᠎ᠠ ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠬᠢᠬᠦ ᠲᠦᠭᠰᠢᠭᠦᠷᠢ ᠳᠤ ᠨᠦᠬᠦᠪᠦᠷᠢᠯᠡᠬᠦ ᠲᠤᠰᠬᠠᠢ | ᠵᠦᠢᠯ ᠤᠨ ᠪᠡᠯᠡ ᠮᠦᠡᠭᠭᠦ ᠵᠡᠷᠭᠡ ᠡᠳ᠋ ᠤᠨ ᠵᠠᠰᠠᠭ ᠠᠴᠠ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠡᠭᠭᠦ | ᠨᠡᠶᠢᠯᠡᠭᠦᠯᠬᠦ ᠶᠢ ᠳᠡᠮᠵᠢᠭᠰᠡᠨ ᠲᠤᠰᠬᠠᠢ ᠵᠦᠢᠯ ᠤᠨ ᠪᠡᠯᠡ ᠮᠦᠡᠭᠭᠦ ᠶᠢ ᠲᠤᠬᠢᠷᠠᠭᠤᠯᠤᠨ ᠬᠡᠷᠡᠭᠯᠡᠬᠦ ᠶᠢᠨ ᠬᠠᠮᠲᠤ ᠬᠢᠨᠠᠯᠲᠠ | ᠲᠠᠯᠪᠢᠵᠤ ᠬᠠᠮᠢᠶᠠᠷᠤᠨ᠎ᠠ᠃ | ︵ᠠᠷᠪᠠᠨ ᠬᠤᠶᠠᠷ︶ ᠪᠦᠬᠦ ᠤᠷᠤᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠂ ᠢᠲᠡᠭᠡᠮᠵᠢ ᠶᠢᠨ ᠤᠷᠤᠨ ᠨᠤᠲᠤᠭ ᠤᠨ ᠴᠢᠨᠠᠷᠲᠠᠢ ᠬᠠᠤᠯᠢ ᠴᠠᠭᠠᠵᠠ ᠬᠠᠤᠯᠢ ᠲᠤᠭᠲᠠᠭᠠᠯ᠂ ᠳᠦᠷᠢᠮ ᠢ | ᠰᠤᠳᠤᠯᠤᠨ ᠲᠤᠭᠲᠠᠭᠠᠨ᠎ᠠ᠃ ᠢᠲᠡᠭᠡᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ | ᠢᠲᠡᠭᠡᠮᠵᠢ ᠶᠢᠨ ᠮᠡᠳᠡᠭᠡ ᠵᠠᠩᠬᠢ ᠴᠤᠭᠯᠠᠭᠤᠯᠬᠤ ᠪᠠᠶᠢᠭᠤᠯᠤᠮᠵᠢ ᠬᠢᠭᠡᠳ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ | ᠵᠠᠩᠬᠢ ᠴᠤᠭᠯᠠᠭᠤᠯᠬᠤ ᠠᠵᠢᠯᠯᠠᠭ᠎ᠠ ᠶᠢ ᠬᠢᠨᠠᠯᠲᠠ ᠲᠠᠯᠪᠢᠵᠤ ᠬᠠᠮᠢᠶᠠᠷᠤᠨ᠎ᠠ᠃ ᠢᠲᠡᠭᠡᠮᠵᠢ ᠶᠢᠨ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ᠪᠤᠯᠤᠨ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠬᠦᠷ ᠢ ᠬᠢᠨᠠᠨ ᠬᠠᠮᠢᠶᠠᠷᠴᠤ᠂ | ᠬᠠᠤᠯᠢ ᠴᠠᠭᠠᠵᠠ ᠬᠠᠤᠯᠢ ᠲᠤᠭᠲᠠᠭᠠᠯ ᠠᠴᠠ ᠵᠦᠷᠢᠴᠡᠭᠰᠡᠨ ᠢᠲᠡᠭᠡᠮᠵᠢ ᠶᠢᠨ ᠦᠢᠯᠡ ᠠᠵᠢᠯᠯᠠᠭ᠎ᠠ ᠶᠢ ᠵᠠᠰᠠᠭ | ᠵᠠᠬᠢᠷᠭᠠᠨ ᠢᠶᠠᠷ ᠰᠢᠳᠭᠡᠨ ᠲᠤᠷᠭᠠᠨ᠎ᠠ᠃ | ︵ᠠᠷᠪᠠᠨ ᠭᠤᠷᠪᠠ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠰᠢᠶᠠᠭᠰᠠᠨ | ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠡ᠃ | ᠭᠤᠷᠪᠠ᠂ ᠲᠤᠲᠤᠭᠠᠲᠤ ᠪᠠᠶᠢᠭᠤᠯᠤᠮᠵᠢ | ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ | ᠮᠦᠡᠭᠭᠦᠨ ᠬᠦᠢᠯᠭᠡᠭᠡᠨ ᠤ ᠠᠵᠢᠯ ᠤᠨ ᠠᠯᠪᠠᠨ ᠬᠡᠷ ᠨᠢ 4 ᠳᠤᠲᠤᠭᠠᠲᠤ ᠪᠠᠶᠢᠭᠤᠯᠤᠮᠵᠢ ᠲᠤᠬᠢᠷᠠᠭᠤᠯᠪᠠ᠄ | ︵ᠨᠢᠭᠡ︶ ᠶᠡᠷᠦᠩᠭᠡᠢ ᠭᠠᠵᠠᠷ | ᠪᠦᠬᠦ ᠤᠷᠤᠨ ᠤ ᠮᠦᠡᠭᠭᠦᠨ ᠬᠦᠢᠯᠭᠡᠭᠡᠨ ᠤ ᠤᠨ ᠤ ᠠᠵᠢᠯ ᠤᠨ ᠲᠦᠯᠦᠪᠯᠡᠭᠡ ᠶᠢ ᠰᠤᠳᠤᠯᠤᠨ ᠳᠤᠷᠠᠳᠴᠤ᠂ | ᠮᠦᠡᠭᠭᠦᠨ ᠬᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠮᠦᠡᠭᠭᠦᠨ | ᠬᠦᠢᠯᠭᠡᠭᠡᠨ ᠤ ᠬᠠᠤᠯᠢ ᠲᠤᠭᠲᠠᠭᠠᠯ ᠪᠠ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠤᠷᠤᠨ ᠤ ᠮᠦᠡᠭᠭᠦᠨ ᠬᠦᠢᠯᠭᠡᠭᠡᠨ ᠤ ᠪᠠᠶᠢᠳᠠᠯ ᠳᠤ ᠵᠠᠳᠠᠯᠤᠯᠲᠠ ᠬᠢᠵᠤ ᠲᠦᠰᠦᠭᠡᠯᠡᠨ᠎ᠡ᠃ ᠦᠪᠡᠷᠲᠡᠭᠡᠨ ᠵᠠᠰᠠᠬᠤ | ᠤᠷᠤᠨ ᠠᠴᠠ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠬᠢᠨᠠᠨ ᠰᠢᠯᠭᠠᠵᠤ ᠦᠨᠡᠯᠡᠬᠦ ᠪᠠ ᠬᠦᠬᠢᠭᠦᠯᠦᠨ | ᠰᠠᠶᠢᠰᠢᠶᠠᠵᠤ ᠱᠠᠩᠨᠠᠬᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ᠂ ᠪᠦᠬᠦ ᠤᠷᠤᠨ ᠤ ᠢᠲᠡᠭᠡᠮᠵᠢᠲᠤ | ᠰᠢᠰᠲ᠋ᠧᠮᠵᠢ ᠶᠢᠨ ᠪᠠᠶᠢᠭᠤᠯᠤᠯᠲᠠ ᠪᠠ ᠢᠲᠡᠭᠡᠮᠵᠢ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ | ᠪᠠᠶᠢᠭᠤᠯᠭ᠎ᠠ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠂ ᠬᠤᠷᠠᠯ᠂ ᠴᠠᠬᠢᠯᠭᠠᠨ ᠮᠡᠳᠡᠭᠡ᠂ ᠨᠢᠭᠤᠴᠠ | ᠮᠡᠲ᠋ᠧᠷᠢᠶᠠᠯ᠂ ᠳᠠᠩᠰᠠ ᠡᠪᠬᠡᠮᠡᠯ᠂ ᠡᠳ᠋ ᠤᠨ ᠶᠠᠪᠤᠳᠠᠯ᠂ ᠮᠡᠳᠡᠭᠡ ᠵᠠᠩᠭᠢ᠂ ᠤᠬᠠᠭᠤᠯᠭ᠎ᠠ᠂ ᠰᠢᠮᠳᠠᠭᠤᠯᠤᠨ | ᠪᠠᠶᠢᠴᠠᠭᠠᠬᠤ᠂ ᠭᠠᠳᠠᠭᠠᠲᠤ ᠶᠠᠪᠤᠳᠠᠯ᠂ ᠬᠦᠯᠢᠶᠡᠨ ᠠᠪᠬᠤ ᠵᠡᠷᠭᠡ ᠬᠤᠯᠪᠤᠭᠳᠠᠯ ᠪᠦᠬᠦᠢ ᠵᠦᠢᠯ ᠢ ᠳᠠᠭᠠᠭᠠᠨ ᠬᠢᠨ᠎ᠠ᠃ | ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠂ | ᠪᠠᠶᠢᠭᠤᠯᠭ᠎ᠠ ᠪᠠ ᠬᠠᠷᠢᠶ᠎ᠠ ᠪᠦᠬᠦᠢ ᠨᠢᠭᠡᠴᠡ ᠶᠢᠨ ᠪᠠᠶᠢᠭᠤᠯᠤᠮᠵᠢ ᠶᠢᠨ ᠤᠷᠤᠨ ᠲᠤᠭ᠎ᠠ᠂ ᠠᠵᠢᠯᠲᠠᠨ ᠤ ᠶᠠᠪᠤᠳᠠᠯ᠂ | ᠴᠠᠯᠢᠩ ᠪᠠ ᠳᠠᠩᠰᠠ ᠡᠪᠬᠡᠮᠡᠯ ᠤᠨ ᠬᠠᠮᠢᠶᠠᠷᠤᠯᠲᠠ᠂ ᠠᠵᠢᠯ ᠠᠴᠠ ᠠᠮᠠᠷᠠᠭᠰᠠᠨ ᠪᠠᠭᠤᠭᠰᠠᠨ ᠬᠦᠮᠦᠰ ᠤᠨ | ᠬᠠᠮᠢᠶᠠᠷᠤᠯᠲᠠ ᠬᠢᠭᠡᠳ ᠺᠠᠲᠠᠷ ᠤᠨ ᠪᠤᠯᠪᠠᠰᠤᠷᠠᠭᠤᠯᠤᠯ ᠬᠦᠮᠦᠵᠢᠯ ᠤᠨ ᠠᠵᠢᠯ ᠢ ᠬᠠᠷᠢᠭᠤᠴᠠᠨ᠎ᠠ᠃ | ︵ᠬᠤᠶᠠᠷ︶ ᠪᠠᠩᠬᠢ ᠶᠢᠨ ᠳᠠᠭᠠᠳᠬᠠᠯ ᠤᠨ ᠭᠠᠵᠠᠷ | ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ | ᠬᠠᠮᠵᠢᠯᠴᠠᠨ ᠦᠪᠡᠷᠲᠡᠭᠡᠨ ᠵᠠᠰᠠᠬᠤ ᠤᠷᠤᠨ ᠤ ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ ᠶᠢᠨ ᠮᠦᠡᠭᠭᠦᠨ | ᠬᠦᠢᠯᠭᠡᠭᠡᠨ ᠤ ᠪᠠᠶᠢᠭᠤᠯᠤᠮᠵᠢ ᠬᠢᠭᠡᠳ ᠬᠤᠯᠪᠤᠭᠳᠠᠯ ᠪᠦᠬᠦᠢ ᠵᠠᠭᠤᠴᠢ ᠪᠠᠶᠢᠭᠤᠯᠤᠮᠵᠢ ᠳᠤ ᠰᠠᠭᠤᠵᠤ ᠵᠢᠷᠤᠮᠵᠢᠭᠤᠯᠤᠨ | ᠬᠠᠮᠢᠶᠠᠷᠬᠤ ᠶᠢ ᠬᠠᠷᠢᠭᠤᠴᠠᠨ᠂ ᠲᠡᠭᠦᠨ ᠢ ᠬᠠᠪᠰᠤᠷᠤᠨ ᠬᠤᠯᠪᠤᠭᠳᠠᠯ ᠪᠦᠬᠦᠢ ᠠᠰᠠᠭᠤᠳᠠᠯ ᠢ ᠵᠤᠬᠢᠴᠠᠭᠤᠯᠤᠨ | ᠰᠢᠢᠳᠪᠦᠷᠢᠯᠡᠨ᠎ᠡ᠃ ᠪᠠᠩᠭᠢ ᠶᠢᠨ ᠦᠢᠯᠡᠰ ᠪᠤᠯᠤᠨ ᠳᠠᠭᠠᠳᠬᠠᠯ ᠤᠨ ᠦᠢᠯᠡᠰ ᠤᠨ ᠮᠦᠡᠭᠭᠦᠨ ᠬᠦᠢᠯᠭᠡᠭᠡᠨ ᠤ | ᠪᠠᠶᠢᠭᠤᠯᠤᠮᠵᠢ ᠶᠢᠨ ᠦᠪᠦᠷ ᠮᠤᠩᠭᠤᠯ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠨᠡᠮᠡᠨ ᠪᠠᠶᠢᠭᠤᠯᠬᠤ ᠪᠠ ᠲᠤᠤᠷ | ᠰᠦᠯᠵᠢᠶᠡᠨ ᠤ ᠴᠠᠭ ᠤᠨ ᠪᠠᠷᠢᠰᠢᠭᠤᠯᠤᠯ ᠢᠶᠠᠨ ᠲᠤᠬᠢᠷᠠᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ | ᠲᠦᠷᠦᠯ ᠵᠦᠢᠯ ᠤᠨ ᠢᠲᠡᠭᠡᠮᠵᠢᠲᠤ ᠵᠢᠭᠡᠯᠡᠯᠭᠡ ᠶᠢᠨ ᠪᠡᠯᠡ ᠨᠡᠶᠢᠯᠡᠭᠦᠯᠬᠦ ᠶᠢ ᠵᠤᠬᠢᠴᠠᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠤᠨ ᠪᠡᠯᠡ ᠨᠡᠶᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠬᠤᠳᠠᠯᠳᠤᠭᠠᠨ ᠤ ᠪᠠᠩᠭᠢ᠂ | ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠤᠷᠤᠨ ᠨᠤᠲᠤᠭ ᠤᠨ ᠴᠢᠨᠠᠷᠲᠠᠢ ᠮᠦᠡᠭᠭᠦᠨ ᠬᠦᠢᠯᠭᠡᠭᠡᠨ ᠤ | ᠪᠠᠶᠢᠭᠤᠯᠤᠮᠵᠢ ᠶᠢᠨ ᠦᠭᠡᠷᠡᠴᠢᠯᠡᠯᠲᠡ ᠬᠢᠭᠡᠳ ᠬᠦᠭᠵᠢᠯᠲᠠ ᠶᠢ ᠵᠢᠯᠤᠭᠤᠳᠤᠨ᠂ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠪᠡᠯᠡ ᠨᠡᠶᠢᠯᠡᠭᠦᠯᠬᠦ ᠲᠠᠪᠴᠠᠩ ᠢ ᠵᠤᠬᠢᠶᠠᠨ ᠪᠠᠶᠢᠭᠤᠯᠬᠤ᠂ ᠠᠵᠢᠯᠯᠠᠭᠤᠯᠬᠤ᠂ | ᠬᠠᠮᠢᠶᠠᠷᠬᠤ ᠪᠠ ᠵᠤᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠤᠷᠤᠨ ᠤ ᠪᠡᠯᠡ ᠨᠡᠶᠢᠯᠡᠭᠦᠯᠬᠦ ᠴᠢᠨᠠᠷᠲᠠᠢ | ᠳᠠᠭᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ ᠪᠠ ᠬᠤᠪᠢᠷᠭᠠᠬᠤ ᠶᠢ ᠬᠠᠷᠭᠤᠭᠤᠯᠬᠤ᠂ ᠲᠤᠬᠠᠶᠢᠯᠠᠭᠰᠠᠨ ᠠᠵᠢᠯ ᠢ | ᠬᠢᠨᠠᠨ ᠬᠠᠮᠢᠶᠠᠷᠬᠤ᠂ ᠳᠠᠬᠢᠨ ᠵᠤᠬᠢᠶᠠᠨ ᠪᠠᠶᠢᠭᠤᠯᠬᠤ ᠪᠠ ᠬᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠳᠤᠮᠳᠠ ᠪᠠᠭ᠎ᠠ | ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠬᠢᠬᠦ ᠲᠤᠰᠬᠠᠢ ᠵᠦᠢᠯ ᠤᠨ ᠪᠡᠯᠡ ᠮᠦᠡᠭᠭᠦ ᠪᠤᠯᠤᠨ ᠳᠤᠮᠳᠠ | ᠪᠠᠭ᠎ᠠ ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠬᠢᠬᠦ ᠲᠦᠭᠰᠢᠭᠦᠷᠢ ᠳᠤ ᠨᠦᠬᠦᠪᠦᠷᠢᠯᠡᠬᠦ ᠲᠤᠰᠬᠠᠢ | ᠵᠦᠢᠯ ᠤᠨ ᠪᠡᠯᠡ ᠮᠦᠡᠭᠭᠦ ᠵᠡᠷᠭᠡ ᠡᠳ᠋ ᠤᠨ ᠵᠠᠰᠠᠭ ᠠᠴᠠ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠨᠡᠶᠢᠯᠡᠭᠦᠯᠭᠦ ᠶᠢ | ᠳᠡᠮᠵᠢᠬᠦ ᠲᠤᠰᠬᠠᠢ ᠵᠦᠢᠯ ᠤᠨ ᠪᠡᠯᠡ ᠮᠦᠡᠭᠭᠦ ᠶᠢ ᠲᠤᠬᠢᠷᠠᠭᠤᠯᠤᠨ ᠬᠡᠷᠡᠭᠯᠡᠭᠦᠯᠬᠦ ᠶᠢᠨ ᠬᠠᠮᠲᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ | ︵ᠭᠤᠷᠪᠠ︶ ᠬᠦᠷᠦᠩᠭᠡ ᠶᠢᠨ ᠵᠠᠬ᠎ᠠ ᠳᠡᠯᠭᠡᠬᠦᠷ ᠤᠨ ᠭᠠᠵᠠᠷ | ᠲᠡᠮᠳᠡᠭᠲᠤ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠳᠡᠮᠳᠡᠭᠲᠤ ᠶᠢᠨ | ᠬᠤᠭᠤᠴᠠᠭᠠᠲᠤ ᠪᠠᠷᠠᠭ᠎ᠠ ᠶᠢᠨ ᠪᠠᠶᠢᠭᠤᠯᠤᠮᠵᠢ᠂ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠵᠢᠴᠢ ᠳᠡᠮᠳᠡᠭᠲᠤ ᠶᠢᠨ | ᠦᠢᠯᠡᠰ ᠯᠦᠭᠡ ᠬᠤᠯᠪᠤᠭᠳᠠᠯ ᠲᠠᠢ ᠵᠠᠭᠤᠴᠢ ᠪᠠᠶᠢᠭᠤᠯᠤᠮᠵᠢ ᠳᠤ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠂ | ᠦᠪᠡᠷᠲᠡᠭᠡᠨ ᠵᠠᠰᠠᠬᠤ ᠤᠷᠤᠨ ᠤ ᠲᠤᠲᠤᠷᠠᠬᠢ ᠬᠠᠤᠯᠢ ᠪᠤᠰᠤ ᠪᠠᠷ ᠰᠲ᠋ᠤᠺ ᠲᠠᠷᠬᠠᠭᠠᠬᠤ ᠪᠠ ᠬᠠᠤᠯᠢ ᠪᠤᠰᠤ ᠪᠠᠷ | ᠲᠡᠮᠳᠡᠭᠲᠤ ᠡᠵᠡᠩᠨᠡᠬᠦ ᠠᠵᠢᠯᠯᠠᠭ᠎ᠠ ᠳᠤ ᠴᠤᠬᠢᠯᠲᠠ ᠦᠭᠭᠦᠨ᠎ᠡ᠃ ᠵᠠᠬ᠎ᠠ ᠳᠡᠯᠭᠡᠬᠦᠷ ᠲᠤ ᠭᠠᠷᠬᠤ ᠪᠡᠯᠡᠳᠭᠡᠯ ᠠᠵᠤ | ᠠᠬᠤᠶᠢᠯᠠᠯ ᠢ ᠪᠤᠶᠢᠵᠢᠭᠤᠯᠤᠨ ᠲᠡᠳᠭᠦᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠵᠤ | ᠂ ᠠᠵᠤ ᠠᠬᠤᠶᠢᠯᠠᠯ ᠤᠨ ᠬᠢᠯᠢ ᠶᠢᠨ ᠲᠤᠲᠤᠷ᠎ᠠ ᠭᠠᠳᠠᠨ᠎ᠠ ᠵᠠᠬ᠎ᠠ ᠳᠡᠯᠭᠡᠬᠦᠷ ᠲᠤ ᠭᠠᠷᠬᠤ ᠶᠢ ᠲᠦᠯᠬᠢᠨ ᠠᠬᠢᠭᠤᠯᠵᠤ᠂ | ᠵᠠᠬ᠎ᠠ ᠳᠡᠯᠭᠡᠬᠦᠷ ᠲᠤ ᠭᠠᠷᠬᠤ ᠪᠠᠷ ᠪᠠᠶᠢᠭ᠎ᠠ ᠠᠵᠤ ᠠᠬᠤᠶᠢᠯᠠᠯ ᠤᠨ ᠰᠲ᠋ᠤᠺ ᠲᠠᠷᠬᠠᠭᠠᠬᠤ ᠶᠠᠪᠤᠳᠠᠯ ᠳᠤ ᠰᠠᠨᠠᠯ | ᠲᠤᠷᠠᠳᠴᠤ ᠵᠠᠬ᠎ᠠ ᠳᠡᠯᠭᠡᠬᠦᠷ ᠲᠤ ᠭᠠᠷᠬᠤ ᠺᠤᠮᠫᠠᠨᠢ ᠶᠢᠨ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠤᠬᠢᠶᠠᠨ | ᠪᠠᠶᠢᠭᠤᠯᠬᠤ ᠶᠢ ᠵᠢᠯᠤᠭᠤᠳᠤᠨ᠂ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠬᠠᠮᠢᠶ᠎ᠠ ᠪᠦᠬᠦᠢ ᠲᠦᠭᠰᠢᠭᠦᠷᠢ ᠶᠢ | ᠰᠢᠢᠳᠪᠦᠷᠢᠯᠡᠨ᠎ᠡ᠃ ᠪᠦᠬᠦ ᠤᠷᠤᠨ ᠤ ᠰᠲ᠋ᠤᠺ ᠤᠨ ᠡᠷᠬᠡ ᠪᠠᠷ ᠪᠡᠯᠡ ᠤᠷᠤᠭᠤᠯᠬᠤ ᠰᠠᠭᠤᠷᠢ ᠮᠦᠡᠭᠭᠦ᠂ ᠠᠵᠤ | ᠦᠢᠯᠡᠰ ᠤᠨ ᠪᠡᠯᠡ ᠤᠷᠤᠭᠤᠯᠤᠯᠲᠠ ᠶᠢᠨ ᠰᠠᠭᠤᠷᠢ ᠮᠦᠡᠭᠭᠦ ᠶᠢᠨ ᠬᠦᠭᠵᠢᠯᠲᠡ ᠶᠢᠨ ᠠᠵᠢᠯ ᠢ ᠵᠢᠯᠤᠭᠤᠳᠴᠤ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠠᠲᠠᠯ ᠦᠢᠯᠡᠰ ᠴᠤᠭᠴᠠᠯᠠᠬᠤ ᠪᠡᠯᠡ ᠤᠷᠤᠭᠤᠯᠤᠯᠲᠠ ᠶᠢᠨ | ᠰᠠᠭᠤᠷᠢ ᠮᠦᠡᠭᠭᠦ᠂ ᠠᠵᠤ ᠠᠬᠤᠶᠢᠯᠠᠯ ᠤᠨ ᠵᠢᠭᠡᠯᠡᠯᠬᠡ ᠶᠢᠨ ᠲᠡᠮᠳᠡᠭ ᠲᠠᠷᠬᠠᠭᠠᠬᠤ ᠵᠡᠷᠭᠡ ᠠᠵᠢᠯ ᠢ ᠵᠢᠯᠤᠭᠤᠳᠤᠨ᠎ᠠ᠃ | ︵ᠳᠦᠷᠪᠡ︶ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ | ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠪᠠᠶᠢᠭᠤᠯᠬᠤ᠂ ᠬᠤᠪᠢᠷᠠᠭᠠᠬᠤ᠂ ᠳᠠᠭᠤᠰᠬᠠᠬᠤ᠂ ᠲᠤᠬᠠᠶᠢᠯᠠᠭᠰᠠᠨ | ᠠᠵᠢᠯ ᠤᠨ ᠬᠡᠪᠴᠢᠶ᠎ᠡ ᠬᠢᠭᠡᠳ ᠰᠲ᠋ᠤᠺ ᠤᠨ ᠡᠷᠭᠡ ᠪᠠᠨ ᠬᠤᠪᠢᠷᠠᠭᠠᠬᠤ ᠶᠢ ᠬᠢᠨᠠᠨ ᠪᠠᠶᠢᠴᠠᠭᠠᠵᠤ ᠵᠦᠪᠰᠢᠶᠡᠷᠡᠬᠦ | ᠵᠦᠢᠯ ᠢ ᠬᠠᠷᠢᠭᠤᠴᠠᠨ᠎ᠠ᠃ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠳᠤ ᠲᠤᠬᠠᠢ ᠶᠢᠨ ᠭᠠᠵᠠᠷ ᠲᠤᠨᠢ | ᠪᠠᠶᠢᠴᠠᠭᠠᠯᠲᠠ ᠬᠢᠬᠦ ᠪᠠ ᠲᠤᠬᠠᠢ ᠶᠢᠨ ᠪᠤᠰᠤ ᠭᠠᠵᠠᠷ ᠲᠤ ᠬᠢᠨᠠᠨ ᠡᠵᠡᠮᠳᠡᠬᠦ ᠶᠢ ᠬᠠᠷᠢᠭᠤᠴᠠᠨ᠎ᠠ᠃ ᠪᠠᠭ᠎ᠠ ᠲᠤᠭᠠᠨ ᠤ | ᠵᠢᠭᠡᠯᠡᠯᠭᠡ ᠶᠢᠨ ᠺᠤᠮᠫᠠᠨᠢ ᠶᠢᠨ ᠲᠤᠬᠠᠶᠢᠯᠠᠭᠰᠠᠨ ᠠᠵᠢᠯ ᠢ ᠪᠦᠷᠢᠳᠭᠡᠨ ᠵᠠᠳᠠᠯᠤᠯᠲᠠ ᠬᠢᠬᠦ ᠶᠢ ᠬᠠᠷᠢᠭᠤᠴᠠᠨ᠎ᠠ᠃ ᠪᠠᠭ᠎ᠠ | ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠬᠤᠯᠪᠤᠭᠳᠠᠯᠲᠤ ᠲᠦᠭᠰᠢᠭᠦᠷᠢ ᠶᠢ ᠰᠢᠢᠤᠪᠦᠷᠢᠯᠡᠨᠡ᠃ | ᠪᠠᠶᠢᠭᠤᠯᠭ᠎ᠠ ᠶᠢᠨ ᠨᠠᠮ ᠤᠨ ᠶᠡᠷᠦᠩᠭᠡᠢ ᠡᠭᠦᠷ ᠨᠢ ᠪᠠᠶᠢᠭᠤᠯᠭ᠎ᠠ ᠪᠤᠯᠤᠨ ᠬᠠᠷᠢᠶ᠎ᠠ ᠪᠦᠬᠦᠢ ᠨᠢᠭᠡᠴᠡ ᠶᠢᠨ ᠨᠠᠮ | ᠪᠠ ᠤᠯᠠᠨ ᠲᠦᠮᠡᠨ ᠤ ᠠᠵᠢᠯ ᠢ ᠬᠠᠷᠢᠭᠤᠴᠠᠨ᠎ᠠ᠃ | |