ᠭᠤᠤᠯ ᠡᠬᠦᠷᠭᠡ ᠴᠢᠳᠠᠪᠤᠷᠢ᠄ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠬᠢᠮ ᠪᠤᠯ 1982 | ᠤᠨ ᠤ 12 ᠳ᠋ᠤᠭᠠᠷ ᠰᠠᠷ᠎ᠠ ᠶᠢᠨ4 ᠤ ᠡᠳᠦᠷ ᠤᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠤᠳᠠᠭᠠᠨ ᠤ ᠬᠤᠷᠠᠯ ᠢᠶᠠᠷ ᠪᠠᠳᠤᠯᠠᠭᠰᠠᠨ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ 109 ᠳ᠋ᠦ᠋ᠭᠡᠷ ᠵᠤᠶᠢᠯ ᠤᠨ ᠲᠤᠭᠳᠠᠭᠠᠯ ᠢ | ᠦᠨᠳᠦᠰᠦᠯᠡᠨ᠂1983 ᠤᠨ ᠤ12 ᠳ᠋ᠤᠭᠠᠷ ᠰᠠᠷ᠎ᠠ ᠶᠢᠨ24 ᠤ ᠡᠳᠦᠷ ᠲᠤ ᠵᠢᠩᠬᠢᠨᠢ ᠪᠠᠷ ᠪᠠᠶᠢᠭᠤᠯᠤᠭᠳᠠᠵᠠᠢ᠃ | ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠬᠢᠮ ᠪᠤᠯ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠪᠦᠷᠢᠯᠳᠦᠬᠦᠨ ᠰᠠᠯᠠᠭ᠎ᠠ ᠮᠦᠴᠢᠷ ᠪᠠᠶᠢᠵᠤ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ ᠶᠢᠨ ᠤᠳᠤᠷᠢᠳᠤᠯᠭ᠎ᠠ ᠲᠤᠤᠷ᠎ᠠ᠂ ᠪᠦᠬᠦ ᠤᠷᠤᠨ ᠤ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ︽ | ᠦᠨᠳᠦᠰᠦᠨ ᠬᠠᠤᠯᠢ︾ ᠶᠢ ᠦᠨᠳᠦᠰᠦᠯᠡᠨ ᠪᠡᠶ᠎ᠡ ᠪᠠᠨ ᠲᠠᠭᠠᠭᠠᠵᠤ ᠬᠢᠨᠠᠨ ᠪᠤᠳᠤᠵᠤ ᠬᠢᠨᠠᠯᠳᠠ ᠲᠠᠯᠪᠢᠵᠤ᠂ ᠲᠤᠰ | ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠬᠢᠨᠠᠨ ᠪᠤᠳᠤᠬᠤ ᠵᠠᠬᠢᠷᠭ᠎ᠠ ᠳᠤ ᠬᠠᠷᠢᠭᠤᠴᠠᠨ᠎ᠠ᠃ | ᠭᠤᠤᠯ ᠡᠬᠦᠷᠭᠡ ᠴᠢᠳᠠᠪᠤᠷᠢ ᠪᠤᠯ᠄ | ︵ᠨᠢᠭᠡ︶ ᠬᠢᠨᠠᠨ ᠪᠤᠳᠤᠬᠤ ᠠᠵᠢᠯ ᠤᠨ ᠲᠤᠬᠠᠢ ᠲᠦᠷᠦ ᠶᠢᠨ ᠴᠢᠭᠯᠡᠯᠳᠡ ᠲᠦᠷᠦ ᠶᠢᠨ ᠪᠤᠳᠤᠯᠭ᠎ᠠ᠂ | ᠬᠠᠤᠯᠢ ᠴᠠᠭᠠᠵᠠ ᠬᠠᠤᠯᠢ ᠲᠦᠷᠢᠮ ᠢ ᠲᠤᠤᠱᠯᠠᠭᠤᠯᠤᠨ ᠬᠡᠷᠡᠭᠵᠢᠬᠦᠯᠦᠨ᠎ᠡ︔ ᠦᠪᠡᠷᠳᠡᠭᠡᠨ ᠵᠠᠰᠠᠬᠤ ᠤᠷᠤᠨ ᠤ ᠬᠢᠨᠠᠨ | ᠪᠤᠳᠤᠬᠤ᠂ ᠡᠳ᠋ ᠤᠨ ᠵᠠᠰᠠᠭ ᠠᠵᠤ ᠠᠬᠤᠢ ᠶᠢᠨ ᠲᠠᠯ᠎ᠠ ᠶᠢᠨ ᠲᠦᠷᠢᠮ ᠲᠤᠭᠳᠠᠭᠠᠯ ᠢ ᠲᠤᠭᠳᠠᠭᠠᠬᠤ ᠳᠤ | ᠤᠷᠤᠯᠴᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ᠃ ᠡᠯ᠎ᠡ ᠱᠠᠳᠤᠨ ᠤ ᠬᠢᠨᠠᠨ ᠪᠤᠳᠤᠬᠤ | ᠪᠠᠶᠢᠭᠤᠯᠭ᠎ᠠ ᠶᠢᠨ ᠲᠤᠬᠠᠶᠢᠯᠠᠭᠰᠠᠨᠠᠵᠢᠯ ᠢ ᠵᠤᠬᠢᠶᠠᠨ ᠪᠠᠶᠢᠭᠤᠯᠤᠨ ᠤᠳᠤᠷᠢᠳᠴᠤ᠂ ᠵᠤᠬᠢᠴᠠᠭᠤᠯᠤᠨ ᠬᠢᠨᠠᠯᠳᠠ | ᠲᠠᠯᠪᠢᠨ᠎ᠠ᠃ | ︵ᠬᠤᠶᠠᠷ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠬᠦ ᠪᠠ | ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠭ᠎ᠠ ᠮᠦᠴᠢᠷ ᠳᠤ ᠬᠢᠨᠠᠨ ᠪᠤᠳᠤᠭᠰᠠᠨ ᠪᠠᠶᠢᠳᠠᠯ ᠢ | ᠨᠡᠪᠳᠡᠷᠡᠬᠦᠯᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠤᠭᠳᠠᠭᠠᠯ ᠢ ᠲᠤᠭᠳᠠᠭᠠᠬᠤ ᠪᠠ | ᠪᠦᠷᠢᠨᠰᠢᠬᠦᠯᠬᠦ ᠰᠠᠨᠠᠯ ᠲᠤᠷᠠᠳᠤᠨ᠎ᠠ᠃ | ︵ᠭᠤᠷᠪᠠ︶ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ | ᠶᠢᠨ ᠲᠤᠭᠳᠠᠭᠠᠯ ᠶᠤᠰᠤᠭᠠᠷ᠂ ᠲᠤᠤᠷᠠᠬᠢ ᠬᠢᠨᠠᠨ ᠪᠤᠳᠤᠯᠳᠠ ᠶᠢᠨ ᠠᠵᠢᠯ ᠢ ᠬᠢᠨ᠎ᠡ᠄ | 1. ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ | ᠪᠠ ᠡᠳ᠋ ᠤᠨ ᠶᠠᠪᠤᠳᠠᠯ ᠤᠨ ᠪᠤᠰᠤᠳ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃ | 2. ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ᠂ ᠠᠵᠢᠯ ᠦᠢᠯᠡᠰ ᠤᠨ ᠨᠢᠭᠡᠴᠡ ᠵᠢᠴᠢ | ᠲᠡᠭᠦᠨ ᠤ ᠬᠠᠷᠢᠶ᠎ᠠ ᠪᠦᠬᠦᠢ ᠨᠢᠭᠡᠴᠡ ᠶᠢᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃ | 3. ᠠᠶᠢᠮᠠᠭ ᠤᠨ ᠵᠠᠬᠢᠷᠭ᠎ᠠ᠂ ᠬᠤᠳᠠ ᠶᠢᠨ ᠵᠠᠰᠠᠭ ᠤᠨ ᠤᠷᠳᠤᠨ ᠤ ᠲᠦᠰᠦᠪ ᠤᠨ ᠬᠡᠷᠡᠭᠵᠢᠬᠦᠯᠦᠭᠰᠡᠨ | ᠪᠠᠶᠢᠳᠠᠯ ᠪᠠ ᠲᠦᠰᠦᠪ ᠤᠨ ᠬᠦᠢᠴᠡᠳᠭᠡᠯ ᠢ ᠬᠢᠨᠠᠨ ᠪᠤᠳᠤᠬᠤ᠃ | 4. ᠦᠪᠡᠷᠳᠡᠭᠡᠨ ᠵᠠᠰᠠᠬᠤ ᠤᠷᠤᠨ ᠤ ᠬᠠᠷᠢᠶ᠎ᠠ ᠪᠦᠬᠦᠢ ᠤᠯᠤᠰ ᠤᠨ ᠦᠮᠴᠢᠯᠠᠯ ᠤᠨ ᠮᠦᠩᠬᠦᠨ | ᠬᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠦᠷᠢ ᠰᠢᠷᠢ᠂ ᠠᠰᠢᠭ ᠬᠤᠬᠢᠷᠠᠯ ᠢ ᠬᠢᠨᠠᠨ ᠪᠤᠳᠤᠬᠤ᠃ | 5. ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ | ᠬᠠᠮᠢᠶᠠᠷᠴᠤ ᠪᠠᠶᠢᠭ᠎ᠠ ᠪᠠ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠤᠨ ᠬᠠᠮᠢᠶᠠᠷᠴᠤ ᠪᠠᠶᠢᠭ᠎ᠠ | ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠬᠦ᠂ ᠤᠷᠴᠢᠨ ᠲᠤᠭᠤᠷᠢᠨ ᠢ ᠬᠠᠮᠠᠭᠠᠯᠠᠬᠤ ᠪᠡᠯᠡ ᠮᠦᠩᠬᠦ᠂ | ᠨᠡᠶᠢᠭᠡᠮ ᠠᠴᠠ ᠪᠡᠯᠡᠭᠯᠡᠨ ᠬᠦᠷᠭᠡᠭᠰᠡᠨ ᠪᠡᠯᠡ ᠮᠦᠩᠬᠦ ᠵᠢᠴᠢ ᠪᠤᠰᠤᠳ ᠬᠤᠯᠪᠤᠭᠳᠠᠯ ᠪᠦᠬᠦᠢ ᠰᠠᠭᠤᠷᠢ ᠮᠦᠩᠬᠦ᠂ ᠪᠡᠯᠡ | ᠮᠦᠩᠬᠦ ᠶᠢᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃ | 6. ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠠ ᠭᠠᠳᠠᠭᠠᠳᠤ ᠤᠯᠤᠰ ᠤᠨ ᠵᠠᠰᠠᠭ ᠤᠨ | ᠤᠷᠳᠤᠨ ᠤ ᠲᠤᠰᠠᠯᠠᠮᠵᠢ᠂ ᠵᠢᠭᠡᠯᠡᠯᠭᠡ ᠶᠢᠨ ᠲᠦᠷᠦᠯ ᠵᠦᠢᠯ ᠤᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ | ᠬᠢᠨᠠᠨ ᠪᠤᠳᠤᠬᠤ᠃ | 7. ᠬᠠᠤᠯᠢ ᠴᠠᠭᠠᠵᠠ ᠬᠠᠤᠯᠢ ᠲᠤᠭᠳᠠᠭᠠᠯ ᠳᠤ ᠬᠢᠨᠠᠨ ᠪᠤᠳᠤᠬᠤ ᠲᠢᠩᠬᠢᠮ ᠢᠶᠠᠷ ᠬᠢᠯᠭᠡᠬᠦ ᠪᠠᠷ | ᠲᠤᠭᠳᠠᠭᠠᠭᠰᠠᠨ ᠪᠤᠰᠤᠳ ᠵᠤᠶᠢᠯ ᠤᠨ ᠬᠢᠨᠠᠨ ᠪᠤᠳᠤᠯᠳᠠ᠃ | ︵ᠲᠦᠷᠪᠡ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ | ᠬᠢᠨᠠᠨ ᠪᠤᠳᠤᠬᠤ ᠵᠠᠬᠢᠷᠭ᠎ᠠ ᠳᠤ ᠦᠪᠡᠷᠳᠡᠭᠡᠨ ᠵᠠᠰᠠᠬᠤ ᠤᠷᠤᠨ ᠤ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠢ ᠬᠢᠨᠠᠨ | ᠪᠤᠳᠤᠭᠰᠠᠨ ᠦᠷ᠎ᠡ ᠳ᠋ᠦᠩ ᠤᠨ ᠬᠠᠷᠢᠭᠤ ᠮᠡᠳᠡᠬᠦᠯᠦᠯᠳᠡ ᠶᠢ ᠳᠡᠪᠰᠢᠬᠦᠯᠤᠨ᠎ᠠ︔ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠦᠪᠡᠷᠳᠡᠭᠡᠨ ᠵᠠᠰᠠᠬᠤ ᠤᠷᠤᠨ ᠤ | ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠪᠠ ᠡᠳ᠋ ᠤᠨ ᠵᠠᠰᠠᠭ ᠤᠨ ᠪᠤᠰᠤᠳ ᠤᠷᠤᠯᠭ᠎ᠠ ᠵᠠᠷᠤᠯᠭ᠎ᠠ ᠶᠢ ᠬᠢᠨᠠᠨ | ᠪᠤᠳᠤᠭᠰᠠᠨ ᠠᠵᠢᠯ ᠤᠨ ᠮᠡᠳᠡᠬᠦᠯᠦᠯᠳᠡ ᠶᠢ ᠲᠤᠷᠠᠳᠤᠨ᠎ᠠ᠃ | ︵ᠲᠠᠪᠤ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠵᠤ ᠠᠬᠤᠢ ᠶᠢᠨ | ᠴᠢᠭᠯᠡᠯᠳᠡ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠶᠢ | ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠳᠤ ᠠᠵᠢᠯ ᠲᠦᠷᠦᠯ ᠤᠨ ᠬᠢᠨᠠᠨ ᠪᠤᠳᠤᠯᠳᠠ᠂ ᠲᠤᠰᠬᠠᠢ ᠲᠦᠷᠦᠯ ᠤᠨ | ᠬᠢᠨᠠᠨ ᠪᠤᠳᠤᠯᠳᠠ ᠪᠠ ᠬᠢᠨᠠᠨ ᠪᠤᠳᠤᠯᠳᠠ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠲᠤᠤᠷ᠎ᠠ | ᠱᠠᠳᠤᠨ ᠤ ᠬᠢᠨᠠᠨ ᠪᠤᠳᠤᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠤᠨ ᠨᠠᠮ ᠵᠠᠰᠠᠭ ᠤᠨ ᠤᠳᠤᠷᠢᠳᠬᠤ ᠺᠠᠳ᠋ᠷ ᠪᠤᠯᠤᠨ | ᠤᠯᠤᠰ ᠤᠨ ᠦᠮᠴᠢᠯᠡᠯ ᠵᠢᠴᠢ ᠤᠯᠤᠰ ᠤᠨ ᠦᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠤᠳᠤᠷᠢᠳᠬᠤ ᠬᠦᠮᠤᠰ ᠲᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠳᠠ ᠶᠢ ᠬᠢᠨ᠎ᠠ ︔ ᠬᠢᠨᠠᠨ ᠪᠤᠳᠤᠯᠳᠠ ᠶᠢ ᠬᠦᠯᠢᠶᠡᠭᠰᠡᠨ ᠨᠢᠭᠡᠴᠡ ᠠᠴᠠ ᠳᠤᠷᠠᠳᠤᠭᠰᠠᠨ ᠬᠢᠨᠠᠨ ᠪᠤᠳᠤᠬᠤ | ᠪᠠᠶᠢᠭᠤᠯᠭ᠎ᠠ ᠶᠢᠨ ᠬᠢᠨᠠᠨ ᠪᠤᠳᠤᠭᠰᠠᠨ ᠰᠢᠢᠳᠪᠦᠷᠢ ᠲᠠᠬᠢᠨ ᠵᠦᠪᠯᠡᠬᠦᠯᠬᠦ ᠭᠤᠶᠤᠴᠢᠯᠠᠯ ᠢ ᠬᠠᠤᠯᠢ ᠶᠤᠰᠤᠭᠠᠷ | ᠬᠦᠯᠢᠶᠡᠨ ᠠᠪᠴᠤ ᠰᠢᠢᠳᠪᠦᠷᠢᠯᠡᠨ᠎ᠡ᠃ | ︵ᠵᠢᠷᠭᠤᠭ᠎ᠠ︶ ᠠᠶᠢᠮᠠᠭ ᠤᠨ ᠵᠠᠬᠢᠷᠭ᠎ᠠ᠂ ᠬᠤᠳᠠ ᠶᠢᠨ ᠵᠠᠰᠠᠭ ᠤᠨ ᠤᠷᠳᠤᠨ ᠲᠠᠢ ᠬᠠᠮᠳᠤᠷᠠᠨ | ᠠᠶᠢᠮᠠᠭ ᠬᠤᠳᠠ ᠶᠢᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠴᠤ᠂ ᠠᠶᠢᠮᠠᠭ ᠬᠤᠳᠠ ᠶᠢᠨ ᠬᠢᠨᠠᠨ ᠪᠤᠳᠤᠬᠤ | ᠪᠠᠶᠢᠭᠤᠯᠭ᠎ᠠ ᠶᠢᠨ ᠬᠠᠷᠢᠭᠤᠴᠠᠯᠭᠠᠳᠠᠨ ᠢ ᠲᠤᠮᠢᠯᠠᠬᠤ ᠪᠠᠭᠤᠯᠭᠠᠬᠤ ᠶᠠᠪᠤᠳᠠᠯ ᠢ ᠬᠠᠮᠵᠢᠨ ᠬᠦᠢᠴᠡᠳᠭᠡᠨ᠎ᠠ᠃ | ︵ᠲᠤᠯᠤᠭ᠎ᠠ︶ ᠬᠠᠮᠢᠶ᠎ᠠ ᠪᠦᠬᠦᠢ ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶ᠎ᠠ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ ᠢ ᠦᠨᠳᠦᠰᠦᠯᠡᠨ᠂ ᠤᠯᠤᠰ ᠤᠨ | ᠦᠮᠴᠢᠯᠡᠯ ᠤᠨ ᠪᠠ ᠤᠯᠤᠰ ᠤᠨ ᠦᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠪᠤᠯᠤᠨ ᠦᠪᠡᠷᠳᠡᠭᠡᠨ | ᠵᠠᠰᠠᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠬᠢᠨᠠᠨ ᠪᠤᠳᠤᠵᠦ ᠬᠢᠨᠠᠯᠳᠠ ᠲᠠᠯᠪᠢᠬᠤ | ᠶᠢ ᠵᠤᠬᠢᠶᠠᠨ ᠪᠠᠶᠢᠭᠤᠯᠤᠨ᠎ᠠ᠃ | ︵ᠨᠠᠢᠮᠠ︶ ᠲᠤᠳᠤᠭᠠᠳᠤ ᠶᠢᠨ ᠬᠢᠨᠠᠨ ᠪᠤᠳᠤᠯᠳᠠ ᠳᠤ ᠵᠢᠯᠤᠭᠤᠳᠬᠤ ᠬᠢᠭᠡᠳ ᠬᠢᠨᠠᠯᠳᠠ ᠲᠠᠯᠪᠢᠬᠤ ᠶᠢ | ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠨᠡᠶᠢᠭᠡᠮ ᠤᠨ ᠬᠢᠨᠠᠨ ᠪᠤᠳᠤᠬᠤ ᠵᠤᠬᠢᠶᠠᠨ ᠪᠠᠶᠢᠭᠤᠯᠤᠯᠳᠠ ᠠᠴᠠ ᠬᠢᠨᠠᠨ | ᠪᠤᠳᠤᠵᠦ ᠬᠢᠨᠠᠯᠳᠠ ᠲᠠᠯᠪᠢᠬᠤ ᠳᠤ ᠬᠠᠤᠯᠢ ᠶᠤᠰᠤᠭᠠᠷ ᠬᠠᠷᠢᠶᠠᠯᠠᠭᠳᠠᠬᠤ ᠨᠢᠭᠡᠴᠡ ᠳᠤ ᠤᠯᠭᠤᠭᠰᠠᠨ ᠬᠠᠮᠢᠶ᠎ᠠ ᠪᠦᠬᠦᠢ | ᠬᠢᠨᠠᠨ ᠪᠤᠳᠤᠭᠰᠠᠨ ᠮᠡᠳᠡᠬᠦᠯᠦᠯᠳᠡ ᠶᠢ ᠬᠢᠨᠠᠨ ᠪᠠᠶᠢᠴᠠᠭᠠᠨ᠎ᠠ᠃ | ︵ᠶᠢᠰᠦ︶ ᠪᠦᠬᠦ ᠤᠷᠤᠨ ᠤ ᠡᠯ᠎ᠡ ᠱᠠᠳᠤᠨ ᠤ ᠬᠢᠨᠠᠨ ᠪᠤᠳᠤᠬᠤ ᠪᠠᠶᠢᠭᠤᠯᠤᠯᠭ᠎ᠠ ᠳᠤ ᠮᠡᠳᠡᠭᠡ | ᠵᠠᠩᠬᠢ ᠮᠡᠷᠭᠡᠵᠢᠯ ᠢ ᠬᠡᠷᠡᠭᠯᠡᠬᠦ ᠶᠢ ᠵᠢᠯᠤᠭᠤᠳᠤᠨ ᠲᠡᠯᠭᠡᠷᠡᠬᠦᠯᠵᠤ᠂ ᠪᠦᠬᠦ ᠤᠷᠤᠨ ᠤ ᠬᠢᠨᠠᠨ ᠪᠤᠳᠤᠬᠤ ᠮᠡᠳᠡᠭᠡ | ᠵᠠᠩᠬᠢ ᠶᠢᠨ ᠰᠢᠰᠲ᠋ᠧᠮ ᠢ ᠵᠤᠬᠢᠶᠠᠨ ᠪᠠᠶᠢᠭᠤᠯᠤᠨ ᠪᠦᠳᠦᠭᠡᠨ ᠪᠠᠶᠢᠭᠤᠯᠵᠤ᠂ ᠪᠦᠬᠦ ᠤᠷᠤᠨ ᠤ ᠤᠳᠤᠬᠢᠴᠢᠯᠠᠭᠰᠠᠨ | ᠬᠢᠨᠠᠨ ᠪᠤᠳᠤᠬᠤ ᠮᠡᠷᠭᠡᠵᠢᠯ ᠤᠨ ᠬᠡᠷᠡᠭᠯᠡᠯᠳᠡ ᠶᠢ ᠬᠠᠮᠢᠶᠠᠷᠤᠨ ᠵᠢᠯᠤᠭᠤᠳᠤᠨ᠎ᠠ᠃ | ︵ᠠᠷᠪᠠ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ | ᠬᠢᠨᠠᠨ ᠪᠤᠳᠤᠬᠤ ᠵᠠᠬᠢᠷᠭ᠎ᠠ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠲᠠᠭᠠᠭᠠᠨ | ᠬᠦᠢᠴᠡᠳᠭᠡᠨ᠎ᠡ᠃ | ᠬᠢᠨᠠᠨ ᠪᠤᠳᠤᠵᠦ ᠬᠢᠨᠠᠯᠳᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢᠨ ᠲᠦᠯᠦᠭᠡ᠂ | ᠬᠢᠨᠠᠨ ᠪᠤᠳᠤᠬᠤ ᠲᠢᠩᠬᠢᠮ ᠨᠢ ᠲᠤᠤᠷᠠᠬᠢ ᠮᠡᠳᠤ ᠶᠢᠨ ᠪᠠᠶᠢᠭᠤᠯᠤᠮᠵᠢ ᠶᠢ ᠲᠤᠬᠢᠷᠠᠭᠤᠯᠪᠠ᠄ | 21 ᠲᠤᠳᠤᠭᠠᠳᠤ ᠪᠠᠨ ᠲᠤᠬᠢᠷᠠᠭᠤᠯᠤᠭᠰᠠᠨ ᠪᠠᠶᠢᠭᠤᠯᠤᠮᠵᠢ᠄ ᠠᠯᠪᠠᠨ ᠭᠡᠷ᠂ ᠠᠵᠢᠯᠳᠠᠨ ᠤ | ᠶᠠᠪᠤᠳᠠᠯ ᠤᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠬᠢᠨᠠᠨ ᠪᠠᠶᠢᠴᠠᠭᠠᠬᠤ ᠲᠠᠰᠤᠭ᠂ ︵ᠪᠠᠶᠢᠴᠠᠭᠠᠨ | ᠰᠤᠳᠤᠯᠬᠤ ᠲᠠᠰᠤᠭ︶᠂ ᠬᠠᠤᠯᠢ ᠲᠦᠷᠢᠮ ᠤᠨ ᠭᠠᠵᠠᠷ᠂ ᠵᠠᠰᠠᠭ ᠵᠠᠬᠢᠷᠭ᠎ᠠ ᠠᠵᠢᠯ ᠦᠢᠯᠡᠰ ᠤᠨ ᠬᠢᠨᠠᠨ ᠪᠤᠳᠤᠬᠤ | ᠭᠠᠵᠠᠷ᠂ ᠮᠦᠩᠬᠦᠨ ᠬᠦᠢᠯᠭᠡᠭᠡᠨ ᠤ ᠬᠢᠨᠠᠨ ᠪᠤᠳᠤᠬᠤ ᠭᠠᠵᠠᠷ᠂ ᠡᠳ᠋ ᠤᠨ ᠵᠠᠰᠠᠭ ᠤᠨ ᠬᠢᠨᠠᠨ ᠪᠤᠳᠤᠬᠤ ᠭᠠᠵᠠᠷ᠂ | ᠲᠠᠷᠢᠶᠠᠯᠠᠩ ᠪᠠ ᠡᠬᠢ ᠪᠠᠶᠠᠯᠢᠭ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠤᠳᠤᠬᠤ ᠭᠠᠵᠠᠷ᠂ ᠠᠵᠤ ᠠᠬᠤᠢ | ᠠᠷᠠᠯᠵᠢᠶ᠎ᠠ ᠶᠢᠨ ᠬᠢᠨᠠᠨ ᠪᠤᠳᠤᠬᠤ ᠭᠠᠵᠠᠷ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠬᠢᠨᠠᠨ ᠪᠤᠳᠤᠬᠤ | ᠭᠠᠵᠠᠷ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠬᠢᠨᠠᠨ ᠪᠤᠳᠤᠬᠤ ᠭᠠᠵᠠᠷ᠂ ᠨᠡᠶᠢᠭᠡᠮ ᠤᠨ | ᠪᠠᠳᠤᠯᠠᠭ᠎ᠠ ᠶᠢᠨ ᠬᠢᠨᠠᠨ ᠪᠤᠳᠤᠬᠤ ᠭᠠᠵᠠᠷ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠬᠤ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠤᠳᠤᠷᠢᠳᠤᠯᠭ᠎ᠠ ᠶᠢᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠤᠬᠤ ᠭᠠᠵᠠᠷ᠂ ᠭᠠᠳᠠᠭᠠᠳᠤ ᠶᠢᠨ ᠪᠡᠯᠡ | ᠮᠦᠩᠬᠦ ᠶᠢᠨ ᠬᠢᠨᠠᠨ ᠪᠤᠳᠤᠬᠤ ᠭᠠᠵᠠᠷ᠂ ᠬᠢᠨᠠᠨ ᠪᠤᠳᠤᠬᠤ ᠨᠢᠭᠡᠳᠤᠭᠡᠷ ᠲᠤᠮᠢᠯᠠᠭᠰᠠᠨ ᠭᠠᠵᠠᠷ᠂ ᠬᠢᠨᠠᠨ | ᠪᠤᠳᠤᠬᠤ ᠬᠤᠶᠠᠳᠤᠭᠠᠷ ᠲᠤᠮᠢᠯᠠᠭᠰᠠᠨ ᠭᠠᠵᠠᠷ᠂ ᠬᠢᠨᠠᠨ ᠰᠢᠢᠳᠪᠦᠷᠢᠯᠡᠬᠦ ᠭᠠᠵᠠᠷ ᠂ ᠠᠵᠢᠯ ᠠᠴᠠ ᠪᠠᠨ ᠠᠮᠠᠷᠠᠭᠰᠠᠳ | ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ᠃ | 4 ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠄ ᠬᠢᠨᠠᠨ ᠪᠤᠳᠤᠬᠤ ᠰᠢᠨᠵᠢᠯᠡᠬᠦ ᠤᠬᠠᠭᠠᠨ ᠤ | ᠰᠤᠳᠤᠯᠤᠯ ᠤᠨ ᠤᠬᠠᠭᠠᠯᠭᠠ ᠬᠦᠮᠤᠵᠢᠯ ᠤᠨ ᠲᠦᠪ᠂ ᠺᠤᠮᠫᠢᠦ᠋ᠲ᠋ᠧᠷ ᠢᠶᠠᠷ ᠬᠢᠨᠠᠨ ᠪᠤᠳᠤᠬᠤ ᠬᠠᠮᠢᠶᠠᠷᠤᠯᠳᠠ ᠶᠢᠨ | ᠲᠦᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ᠂ ᠲᠤᠳᠤᠭᠠᠳᠤ ᠶᠢᠨ ᠬᠢᠨᠠᠨ ᠪᠠᠶᠢᠴᠠᠭᠠᠬᠤ | ᠬᠠᠮᠢᠶᠠᠷᠤᠯᠳᠠ ᠶᠢᠨ ᠲᠦᠪ ᠃ | ᠭᠠᠳᠠᠷ ᠤᠷᠤᠨ ᠳᠤ ᠰᠠᠭᠤᠭ᠎ᠠ 2 ᠪᠠᠶᠢᠭᠤᠯᠤᠮᠵᠢ᠄ ᠬᠠᠶᠢᠯᠠᠷ ᠲᠤ ᠰᠠᠭᠤᠭ᠎ᠠ ᠬᠢᠨᠠᠨ ᠪᠤᠳᠤᠬᠤ ᠭᠠᠵᠠᠷ᠂ | ᠤᠯᠠᠭᠠᠨᠬᠠᠳᠠ ᠳᠤ ᠰᠠᠭᠤᠭ᠎ᠠ ᠬᠢᠨᠠᠨ ᠪᠤᠳᠤᠬᠤ ᠭᠠᠵᠠᠷ ᠃ | ᠬᠢᠨᠠᠨ ᠪᠤᠳᠤᠬᠤ ᠲᠢᠩᠬᠢᠮ ᠠᠴᠠ ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠨᠡᠶᠢᠭᠡᠮᠯᠢᠭ᠂ | ᠲᠤᠳᠤᠭᠠᠳᠤ ᠶᠢᠨ ᠬᠢᠨᠠᠨ ᠪᠤᠳᠤᠭᠴᠢ ᠶᠢᠨ ᠬᠤᠯᠪᠤᠭ᠎ᠠ ᠶᠢᠨ ᠡᠷᠭᠢᠯᠡᠭᠰᠡᠨ ᠠᠵᠢᠯ ᠢ ᠵᠢᠯᠤᠭᠤᠳᠬᠤ ᠪᠠ ᠬᠢᠨᠠᠨ | ᠬᠠᠮᠢᠶᠠᠷᠤᠨ᠎ᠠ᠃ | |