《ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ》 ᠢ ᠲᠠᠷᠣᠮᠠᠯᠯᠠᠨ ᠶᠠᠪᠤᠭᠤᠯᠬᠤ ᠲᠣᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ ︵ᠲᠢᠩᠬᠢᠮ ᠦᠰᠦᠭ〔2009〕4 ᠳ᠋ᠦ᠋ᠭᠡᠷ ᠲᠤᠭᠠᠲᠦ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ | ᠬᠠᠮᠢᠶᠠᠷᠣᠯᠳᠠ ᠶᠢᠨ ᠲᠤᠪᠴᠢᠶ᠎ᠠ ᠶᠢ ᠪᠠᠶᠢᠭᠤᠯᠵᠤ᠂ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ | ᠲᠢᠩᠬᠢᠮ ᠠᠴᠠ ᠬᠠᠮᠢᠶᠠᠷᠤᠭᠰᠠᠨ ᠰᠠᠯᠠᠭ᠎ᠠ ᠮᠥᠴᠢᠷ ᠤᠨ ᠬᠠᠮᠢᠶᠠᠷᠣᠯᠳᠠ ᠶᠢᠨ ᠪᠠᠶᠢᠭᠤᠯᠤᠮᠵᠢ ᠪᠣᠯᠭᠠᠪᠠ᠃ | ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ᠄ | ︵ᠨᠢᠭᠡ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢᠭᠡᠨᠳᠡ ᠨᠡᠶᠢᠳᠡᠯᠡᠵᠣ | ᠬᠦᠴᠦᠨ ᠦᠭᠡᠢ ᠪᠣᠯᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠎ᠠ᠃ | ︵ᠬᠤᠶᠠᠷ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠵᠡᠷᠭᠡ ᠮᠡᠷᠭᠡᠵᠢᠯ ᠤᠨ ᠬᠢᠨᠠᠨ ᠲᠣᠭᠲᠠᠭᠠᠬᠤ | ᠪᠠ ᠬᠡᠷᠡᠴᠢᠯᠡᠬᠦ ᠠᠵᠢᠯ ᠢ ᠠᠵᠢᠯ ᠦᠢᠯᠡᠰ ᠤᠨ ᠨᠢᠭᠡᠴᠡ ᠳᠤ ᠲᠣᠰᠢᠶᠠᠨ ᠦᠭᠭᠦᠨ᠎ᠡ᠃ | ︵ᠭᠤᠷᠪᠠ︶ ᠢᠳᠡᠭᠡᠨ ᠤ ᠠᠶᠤᠯ ᠦᠭᠡᠢ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠢᠳᠡᠭᠡᠨ ᠤ ᠠᠶᠤᠯ | ᠦᠭᠡᠢ ᠶᠢᠨ ᠬᠦᠨᠳᠦ ᠴᠢᠬᠤᠯᠠ ᠶᠡᠭᠡ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠵᠤ ᠰᠢᠢᠳᠪᠦᠷᠢᠯᠡᠬᠦ ᠡᠭᠦᠷᠭᠡ | ᠬᠠᠷᠢᠭᠤᠴᠠᠯᠭ᠎ᠠ ᠶᠢ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠳᠤ ᠬᠤᠪᠢᠶᠠᠷᠢᠯᠠᠨ | ᠦᠭᠭᠦᠨ᠎ᠡ᠃ | ︵ᠲᠦᠷᠪᠡ︶ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠤᠨ ᠢᠳᠡᠭᠡᠨ ᠤ ᠡᠷᠡᠭᠦᠯ | ᠬᠠᠮᠠᠭᠠᠯᠠᠯ ᠤᠨ ᠵᠦᠪᠰᠢᠶᠡᠷᠡᠯ᠂ ᠬᠤᠭᠤᠯᠠ ᠣᠮᠳᠠᠭᠠᠨ ᠤ ᠦᠢᠯᠡᠰ ᠪᠣᠯᠣᠨ ᠬᠤᠭᠤᠯᠠᠨ ᠭᠡᠷ ᠵᠡᠷᠭᠡ ᠬᠡᠷᠡᠭᠯᠡᠭᠡᠨ ᠤ | ᠭᠤᠭᠴᠤᠭ᠎ᠠ ︵ᠳᠣᠷᠣᠭᠰᠢ ᠬᠡᠷᠡᠭᠯᠡᠭᠡᠨ ᠤ ᠭᠤᠭᠴᠤᠭ᠎ᠠ ᠭᠡᠵᠣ ᠲᠦᠭᠦᠮᠴᠢᠯᠡᠨ᠎ᠡ︶ ᠶᠢᠨ ᠢᠳᠡᠭᠡᠨ ᠤ ᠠᠶᠤᠯ | ᠦᠭᠡᠢ ᠶᠢᠨ ᠬᠢᠨᠠᠯᠲᠠ ᠬᠠᠮᠢᠶᠠᠷᠣᠯᠳᠠ᠂ ᠡᠷᠡᠭᠦᠯᠵᠢᠯ ᠤᠨ ᠢᠳᠡᠭᠡᠨ ᠪᠣᠯᠣᠨ ᠭᠤᠶᠣᠯᠠᠯ ᠤᠨ ᠡᠳ᠋ ᠤᠨ ᠡᠷᠡᠭᠦᠯ | ᠬᠠᠮᠠᠭᠠᠯᠠᠯ ᠳᠤ ᠬᠢᠨᠠᠯᠳᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠦᠪᠡᠷᠳᠡᠭᠡᠨ ᠵᠠᠰᠠᠬᠤ ᠣᠷᠣᠨ ᠤ | ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠣᠯᠣᠰ ᠤᠨ ᠢᠳᠡᠭᠡᠨ᠂ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ | ᠪᠣᠯᠣᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠳᠤ ᠬᠢᠨᠡᠯᠳᠡ ᠲᠠᠯᠪᠢᠵᠤ ᠬᠠᠮᠢᠶᠠᠷᠬᠤ | ᠴᠢᠭᠯᠡᠯᠳᠡ᠂ ᠲᠦᠷᠦ ᠶᠢᠨ ᠪᠣᠳᠣᠯᠭ᠎ᠠ᠂ ᠲᠦᠯᠦᠪᠵᠢᠭᠦᠯᠭᠡ ᠪᠣᠯᠣᠨ ᠬᠠᠣᠯᠢ ᠴᠠᠭᠠᠵᠠ᠂ ᠬᠠᠣᠯᠢ ᠲᠤᠭᠳᠠᠭᠠᠯ ᠂ | ᠳᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠡᠮ ᠤᠨ ᠵᠦᠢᠯ ᠪᠠ ᠬᠡᠷᠡᠭᠯᠡᠭᠡᠨ ᠤ | ᠭᠤᠭᠴᠤᠭ᠎ᠠ ᠶᠢᠨ ᠢᠳᠡᠭᠡᠨ ᠤ ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ᠂ ᠡᠷᠡᠭᠦᠯᠵᠢᠯ ᠤᠨ ᠢᠳᠡᠭᠡᠨ ᠪᠠ | ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠮᠢᠶᠠᠷᠬᠤ ᠲᠦᠷᠦ ᠶᠢᠨ ᠪᠣᠳᠣᠯᠭ᠎ᠠ᠂ | ᠠᠵᠢᠯ ᠤᠨ ᠲᠦᠯᠦᠪᠵᠢᠭᠦᠯᠭᠡ ᠶᠢ ᠰᠣᠳᠣᠯᠣᠨ ᠲᠣᠭᠳᠠᠭᠠᠬᠤ ᠶᠢᠨ ᠬᠠᠮᠲᠤ ᠬᠢᠨᠠᠯᠳᠠ ᠲᠠᠯᠪᠢᠨ ᠬᠡᠷᠡᠭᠵᠢᠭᠦᠯᠦᠨ᠎ᠡ︔ | ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠣᠷᠣᠨ ᠨᠣᠳᠤᠭ ᠤᠨ ᠴᠢᠨᠠᠷᠲᠠᠢ ᠬᠠᠣᠯᠢ ᠲᠣᠭᠲᠠᠭᠠᠯ ᠲᠦᠷᠢᠮ | ᠲᠤᠭᠳᠠᠭᠠᠯ ᠤᠨ ᠡᠬᠡ ᠨᠣᠣᠷᠠᠭ ᠢ ᠲᠤᠭᠤᠷᠪᠢᠬᠤ ᠳᠤ ᠣᠷᠣᠯᠴᠠᠨ᠎ᠠ᠃ | ︵ᠬᠤᠶᠠᠷ︶ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠡᠷᠡᠭᠦᠯ ᠬᠠᠮᠠᠭᠠᠯᠠᠯ ᠤᠨ ᠵᠦᠪᠰᠢᠶᠡᠷᠡᠯ ᠪᠠ | ᠢᠳᠡᠭᠡᠨ ᠤ ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠵᠣ᠂ ᠬᠡᠷᠡᠭᠯᠡᠭᠡᠨ ᠤ | ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠠᠮᠢᠶᠠᠷᠣᠯᠳᠠ ᠶᠢᠨ ᠵᠢᠷᠤᠮᠵᠢᠯ ᠳᠤ ᠬᠢᠨᠠᠯᠳᠠ ᠲᠠᠯᠪᠢᠵᠤ | ᠬᠡᠷᠡᠭᠵᠢᠭᠦᠯᠦᠨ᠎ᠡ︔ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠪᠠᠶᠢᠳᠠᠯ ᠢ ᠪᠠᠶᠢᠴᠠᠭᠠᠬᠤ ᠪᠠ | ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠤ᠂ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ | ᠠᠶᠤᠯ ᠦᠭᠡᠢ ᠶᠢᠨ ᠬᠢᠨᠠᠨ ᠬᠠᠮᠢᠶᠠᠷᠣᠯᠳᠠ ᠳᠤ ᠬᠤᠯᠪᠣᠭᠳᠠᠯ ᠲᠠᠢ ᠮᠡᠳᠡᠭᠡ ᠵᠠᠩᠭᠢ ᠶᠢ ᠨᠡᠶᠢᠳᠡᠯᠡᠨ᠎ᠡ᠃ | ︵ᠭᠤᠷᠪᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠬᠢᠨᠠᠨ ᠬᠠᠷᠭᠤᠭᠤᠯᠬᠤ ᠠᠵᠢᠯ ᠢ | ᠬᠠᠷᠢᠭᠤᠴᠠᠵᠣ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠤᠨ ᠵᠦᠪᠰᠢᠶᠡᠷᠡᠯ᠂ | ᠵᠠᠰᠠᠭ ᠵᠠᠬᠢᠷᠭᠠᠨ ᠢᠶᠠᠷ ᠬᠢᠨᠠᠯᠳᠠ ᠲᠠᠯᠪᠢᠵᠤ ᠬᠠᠮᠢᠶᠠᠷᠬᠤ ᠪᠠ ᠮᠡᠷᠭᠡᠵᠢᠯ ᠢᠶᠠᠷ ᠬᠢᠨᠠᠯᠳᠠ ᠲᠠᠯᠪᠢᠬᠤ ᠶᠢ ᠬᠠᠷᠢᠭᠤᠴᠠᠨ᠎ᠠ︔ | ᠣᠯᠣᠰ ᠤᠨ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ᠂ | ᠦᠢᠯᠡᠳᠪᠦᠷᠢᠯᠡᠵᠦ ᠡᠵᠡᠩᠨᠡᠬᠦ ᠬᠠᠮᠢᠶᠠᠷᠣᠯᠳᠠ ᠶᠢᠨ ᠵᠢᠷᠤᠮᠵᠢᠯ ᠪᠣᠯᠣᠨ ᠮᠡᠷᠭᠡᠵᠢᠯ ᠤᠨ ᠵᠢᠷᠤᠮᠵᠢᠯ ᠢ ᠬᠢᠨᠠᠯᠳᠠ ᠲᠠᠯᠪᠢᠨ | ᠬᠡᠷᠡᠭᠵᠢᠭᠦᠯᠵᠤ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠪᠠᠶᠢᠴᠠᠭᠠᠨ ᠬᠡᠮᠵᠢᠬᠦ ᠪᠠ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠲᠦᠷᠪᠡ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠳᠤ ᠵᠠᠰᠠᠭ ᠵᠠᠬᠢᠷᠭᠠᠨ ᠢᠶᠠᠷ ᠬᠢᠨᠠᠯᠳᠠ | ᠲᠠᠯᠪᠢᠬᠤ ᠪᠠ ᠮᠡᠷᠭᠡᠵᠢᠯ ᠢᠶᠠᠷ ᠬᠢᠨᠠᠯᠳᠠ ᠲᠠᠯᠪᠢᠬᠤ ᠶᠢ ᠬᠠᠷᠢᠭᠤᠴᠠᠨ᠂ ᠡᠮ ᠤᠨ ᠵᠦᠢᠯ᠂ ᠡᠮᠴᠢᠯᠡᠭᠡᠨ ᠤ ᠮᠠᠰᠢᠨ | ᠪᠠᠭᠠᠵᠢ ᠶᠢᠨ ᠪᠢᠴᠢᠭ ᠤᠨ ᠮᠡᠷᠭᠡᠵᠢᠯ᠂ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠬᠦ ᠲᠠᠯ᠎ᠠ ᠶᠢᠨ ᠶᠠᠰᠣ ᠴᠢᠨᠠᠷ ᠤᠨ | ᠬᠠᠮᠢᠶᠠᠷᠣᠯᠳᠠ ᠶᠢᠨ ᠠᠵᠢᠯ ᠢ ᠬᠢᠨᠠᠯᠳᠠ ᠲᠠᠯᠪᠢᠨ ᠶᠠᠪᠤᠭᠳᠠᠭᠤᠯᠤᠨ᠎ᠠ︔ ᠡᠮ ᠤᠨ ᠵᠦᠢᠯ᠂ ᠡᠮᠴᠢᠯᠡᠭᠡᠨ ᠤ ᠮᠠᠰᠢᠨ | ᠪᠠᠭᠠᠵᠢ ᠦᠢᠯᠡᠳᠪᠦᠷᠢᠯᠡᠬᠦ ᠠᠵᠣ ᠠᠬᠤᠶᠢᠯᠠᠯ᠂ ᠡᠵᠡᠩᠨᠡᠬᠦ ᠠᠵᠣ ᠠᠬᠤᠶᠢᠯᠠᠯ ᠵᠢᠴᠢ ᠡᠮ ᠡᠮᠴᠢᠯᠡᠭᠡᠨ ᠤ ᠨᠢᠭᠡᠴᠡ ᠶᠢᠨ | ᠡᠮ ᠨᠠᠶᠢᠷᠠᠬᠤ ᠲᠠᠰᠤᠭ ᠤᠨ ᠵᠦᠪᠰᠢᠶᠡᠷᠡᠯ ᠤᠨ ᠦᠨᠡᠮᠯᠡᠯ ᠢ ᠬᠠᠣᠯᠢ ᠶᠣᠰᠣᠭᠠᠷ ᠬᠢᠨᠠᠨ ᠣᠯᠭᠤᠨ᠎ᠠ᠃ | ︵ᠲᠠᠪᠤ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠲᠠᠩᠰᠠᠯᠠᠭᠤᠯᠬᠤ ᠪᠠ ᠬᠢᠨᠠᠯᠳᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠂ ᠣᠯᠣᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠪᠠᠷᠢᠮᠵᠢᠶ᠎ᠠ ᠶᠢ | ᠬᠢᠨᠠᠯᠳᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ ᠤᠨ ᠮᠠᠭᠤ ᠤᠷᠪᠠᠯ᠂ ᠡᠮᠴᠢᠯᠡᠭᠡᠨ ᠤ ᠮᠠᠰᠢᠨ ᠪᠠᠭᠠᠵᠢ ᠶᠢᠨ | ᠮᠠᠭᠤ ᠬᠡᠷᠡᠭ ᠪᠠ ᠡᠮ ᠢ ᠲᠣᠷ᠎ᠠ ᠪᠠᠷ ᠬᠡᠷᠡᠭᠯᠡᠬᠦ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ | ᠦᠷᠨᠢᠭᠦᠯᠦᠨ᠎ᠡ︔ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢ ᠳᠠᠬᠢᠨ ᠦᠨᠡᠯᠡᠬᠦ ᠪᠠ ᠰᠢᠭᠰᠢᠭᠳᠡᠭᠦᠯᠬᠦ | ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠣᠯᠣᠰ ᠤᠨ ᠦᠨᠳᠦᠰᠦᠨ | ᠡᠮ ᠤᠨ ᠲᠦᠷᠢᠮ ᠢ ᠬᠡᠷᠡᠭᠵᠢᠭᠦᠯᠦᠨ᠎ᠡ︔ ᠣᠷᠣᠨ ᠤ ᠳᠣᠲᠣᠷᠠᠬᠢ ᠣᠯᠣᠰ ᠤᠨ ᠵᠣᠷ ᠤᠨ ᠡᠮ ᠪᠣᠯᠣᠨ ᠵᠣᠷ ᠤᠨ | ᠪᠣᠰᠣ ᠡᠮ ᠢ ᠲᠦᠷᠦᠯ ᠬᠤᠪᠢᠶᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵ᠵᠢᠷᠭᠤᠭ᠎ᠠ︶ ᠴᠢᠬᠤᠯᠠ᠂ ᠦᠨᠳᠦᠰᠦᠳᠡᠨ ᠤ ᠡᠮ ᠳᠤ ᠬᠢᠨᠠᠯᠳᠠ ᠲᠠᠯᠪᠢᠨ ᠬᠠᠮᠢᠶᠠᠷᠬᠤ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠣ᠂ ᠦᠪᠡᠷᠳᠡᠭᠡᠨ ᠵᠠᠰᠠᠬᠤ ᠣᠷᠣᠨ ᠤ ᠮᠣᠩᠭᠤᠯ ᠡᠮ ᠤᠨ ᠶᠠᠰᠦ ᠴᠢᠨᠠᠷ | ᠤᠨ ᠪᠠᠷᠢᠮᠵᠢᠶ᠎ᠠ ᠶᠢ ᠲᠣᠭᠲᠠᠭᠠᠬᠤ ᠶᠢ ᠵᠣᠬᠢᠶᠠᠨ ᠪᠠᠶᠢᠭᠤᠯᠤᠨ᠂ ᠬᠢᠳᠠᠳ ᠡᠮ ᠤᠨ ᠮᠠᠲ᠋ᠧᠷᠢᠶᠠᠯ ᠤᠨ | ᠦᠢᠯᠡᠳᠪᠦᠷᠢᠯᠡᠬᠦ ᠶᠠᠰᠦ ᠴᠢᠨᠠᠷ ᠤᠨ ᠬᠠᠮᠢᠶᠠᠷᠣᠯᠳᠠ᠂ ᠬᠢᠳᠠᠳ ᠡᠮ ᠤᠨ ᠴᠢᠨᠠᠬᠤ ᠡᠮ ᠦᠢᠯᠡᠳᠬᠦ ᠵᠡᠷᠭᠡ ᠵᠢᠷᠤᠮᠵᠢᠯ | ᠢ ᠬᠢᠨᠠᠯᠳᠠ ᠲᠠᠯᠪᠢᠨ ᠬᠡᠷᠡᠭᠵᠢᠭᠦᠯᠦᠨ᠎ᠡ︔ ᠴᠢᠬᠤᠯᠠ ᠲᠦᠷᠦᠯ ᠵᠦᠢᠯ ᠢ ᠬᠠᠮᠠᠭᠠᠯᠠᠬᠤ ᠲᠦᠷᠢᠮ ᠢ ᠬᠠᠣᠯᠢ ᠶᠣᠰᠣᠭᠠᠷ | ᠬᠡᠷᠡᠭᠵᠢᠭᠦᠯᠦᠨ᠎ᠡ᠃ | ︵ᠲᠤᠯᠤᠭ᠎ᠠ︶ ᠦᠢᠯᠡᠳᠪᠦᠷᠢᠯᠡᠬᠦ᠂ ᠡᠵᠡᠩᠨᠡᠬᠦ ᠠᠵᠣ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ | ᠵᠢᠨᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠶᠠᠰᠦ ᠴᠢᠨᠠᠷ ᠲᠤ ᠬᠢᠨᠠᠯᠲᠠ ᠲᠠᠯᠪᠢᠨ ᠰᠢᠯᠭᠠᠨ | ᠪᠠᠶᠢᠴᠠᠭᠠᠵᠤ ᠂ ᠦᠪᠡᠷᠳᠡᠭᠡᠨ ᠵᠠᠰᠬᠤ ᠣᠷᠣᠨ ᠤ ᠨᠠᠶᠢᠳᠡᠯᠡᠭᠰᠡᠨ ᠡᠮ ᠤᠨ ᠵᠦᠢᠯ᠂ ᠡᠮᠴᠢᠯᠡᠭᠡᠨ ᠤ ᠮᠠᠰᠢᠨ | ᠪᠠᠭᠠᠵᠢ ᠶᠢᠨ ᠶᠠᠰᠦ ᠴᠢᠨᠠᠷ ᠤᠨ ᠠᠶᠤᠯ ᠦᠭᠡᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ︔ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ ᠭᠤᠶᠤᠯᠠᠯ ᠤᠨ ᠡᠳ᠋ ᠤᠨ ᠵᠠᠷ ᠮᠡᠳᠡᠭᠡ ᠶᠢ ᠬᠠᠣᠯᠢ | ᠶᠣᠰᠣᠭᠠᠷ ᠬᠢᠨᠠᠨ ᠵᠦᠪᠰᠢᠶᠡᠷᠡᠨ᠎ᠡ︔ ᠢᠨᠲ᠋ᠧᠷ ᠰᠦᠯᠵᠢᠶᠡᠨ ᠤ ᠡᠮ ᠤᠨ ᠵᠦᠢᠯ ᠤᠨ ᠮᠡᠳᠡᠭᠡ ᠵᠠᠩᠭᠢ ᠪᠠ | ᠠᠷᠠᠯᠵᠢᠶᠠᠯᠠᠬᠤ ᠦᠢᠯᠡᠴᠢᠯᠡᠭᠡᠨ ᠤ ᠬᠢᠷᠢ ᠭᠡᠮ ᠢ ᠡᠷᠬᠡ ᠮᠡᠳᠡᠯ ᠤᠨ ᠶᠣᠰᠣᠭᠠᠷ ᠬᠢᠨᠠᠨ ᠵᠦᠪᠰᠢᠶᠡᠷᠡᠨ᠎ᠡ︔ | ᠬᠠᠣᠯᠢ ᠠᠴᠠ ᠵᠦᠷᠢᠴᠡᠭᠰᠡᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠠ ᠡᠷᠡᠭᠦᠯᠵᠢᠯ ᠤᠨ ᠢᠳᠡᠭᠡᠨ᠂ | ᠭᠤᠶᠤᠯᠠᠯ ᠤᠨ ᠡᠳ᠋ ᠤᠨ ᠵᠠᠷ ᠮᠡᠳᠡᠭᠡ ᠶᠢ ᠵᠠᠷᠯᠠᠨ᠎ᠠ᠃ | ︵ᠨᠠᠢᠮᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠪᠣᠯᠣᠨ ᠬᠡᠷᠡᠭᠯᠡᠭᠡᠨ ᠤ ᠭᠤᠭᠴᠤᠭ᠎ᠠ ᠶᠢᠨ | ᠢᠳᠡᠭᠡᠨ ᠤ ᠠᠶᠤᠯ ᠦᠭᠡᠢ ᠶᠢᠨ ᠲᠠᠯ᠎ᠠ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠵᠢᠴᠢ ᠰᠣᠳᠣᠯᠣᠨ | ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠲᠠᠯ᠎ᠠ | ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | ︵ᠶᠢᠰᠦ︶ ᠡᠮ ᠤᠨ ᠵᠦᠢᠯ ᠤᠨ ᠵᠠᠰᠭ ᠵᠠᠬᠢᠷᠭᠠᠨ ᠤ ᠬᠠᠮᠠᠭᠠᠯᠠᠬᠤ ᠠᠵᠢᠯ ᠢ ᠬᠠᠷᠢᠭᠤᠴᠠᠵᠤ ᠂ ᠪᠦᠬᠦ ᠣᠷᠣᠨ | ᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠮ ᠪᠣᠭᠤᠳᠠᠯᠯᠠᠬᠤ ᠮᠠᠲ᠋ᠧᠷᠢᠶᠠᠯ ᠪᠣᠯᠣᠨ ᠰᠠᠪᠠ ᠶᠢᠨ ᠰᠢᠯᠭᠠᠨ | ᠪᠠᠶᠢᠴᠠᠭᠠᠬᠤ ᠪᠠᠶᠢᠭᠤᠯᠤᠮᠵᠢ᠂ ᠡᠮ ᠤᠨ ᠵᠦᠢᠯ ᠢ ᠬᠢᠨᠠᠨ ᠲᠤᠭᠳᠠᠭᠠᠬᠤ ᠪᠠᠶᠢᠭᠤᠯᠤᠮᠵᠢ᠂ ᠡᠮᠴᠢᠯᠡᠭᠡᠨ ᠤ ᠮᠠᠰᠢᠨ | ᠪᠠᠭᠠᠵᠢ ᠶᠢᠨ ᠶᠠᠰᠦ ᠴᠢᠨᠠᠷ ᠤᠨ ᠰᠢᠰᠲ᠋ᠧᠮᠵᠢ ᠶᠢᠨ ᠭᠡᠷᠡᠴᠢᠯᠡᠬᠦ ︵ᠬᠢᠨᠠᠨ ᠲᠣᠭᠳᠠᠭᠠᠬᠤ︶ ᠪᠠᠶᠢᠭᠤᠯᠤᠮᠵᠢ᠂ | ᠡᠮᠴᠢᠯᠡᠭᠡᠨ ᠤ ᠮᠠᠰᠢᠨ ᠪᠠᠭᠠᠵᠢ ᠶᠢᠨ ᠦᠢᠯᠡᠳᠬᠦᠨ ᠤ ᠳᠠᠩᠰᠠᠯᠠᠵᠤ ᠬᠢᠨᠠᠨ ᠦᠨᠠᠯᠠᠬᠦ ᠪᠠᠶᠢᠭᠤᠯᠤᠮᠵᠢ ᠶᠢᠨ | ᠲᠣᠬᠠᠶᠢᠯᠠᠭᠰᠠᠨ ᠠᠵᠢᠯ ᠢ ᠵᠢᠯᠣᠭᠤᠳᠤᠨ᠎ᠠ᠃ | ︵ᠠᠷᠪᠠ︶ ᠮᠢᠨᠴᠦᠭᠦᠷᠡᠭᠦᠯᠬᠦ ᠡᠮ᠂ ᠣᠶᠣᠨ ᠮᠡᠳᠡᠷᠡᠯ ᠤᠨ ᠡᠮ᠂ ᠬᠤᠣᠷᠡᠳᠣ ᠴᠢᠨᠠᠷᠲᠠᠢ ᠡᠮ᠂ | ᠰᠠᠴᠣᠷᠠᠮᠠᠬᠠᠢ ᠴᠢᠨᠠᠷᠲᠠᠢ ᠡᠮ᠂ ᠬᠤᠣᠷᠡ ᠬᠢᠯᠪᠠᠷᠬᠠᠨ ᠦᠢᠯᠡᠳᠬᠦ ᠬᠢᠮᠢ ᠶᠢᠨ ᠡᠳ᠋᠂ ᠡᠮ ᠠᠴᠠ ᠡᠭᠦᠰᠬᠦ ᠴᠢᠨᠠᠷᠲᠠᠢ | ᠬᠦᠭᠰᠡᠭᠦᠯᠬᠦ ᠡᠳ᠋ ᠬᠢᠭᠡᠳ ᠣᠨᠴᠣᠭᠤᠢ ᠲᠦᠷᠦᠯ ᠤᠨ ᠡᠮ ᠮᠠᠰᠢᠨ ᠢ ᠬᠢᠨᠠᠯᠳᠠ ᠲᠠᠯᠪᠢᠨ ᠬᠠᠮᠢᠶᠠᠷᠣᠨᠡ︔ ᠡᠮ ᠤᠨ | ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠪᠠᠴᠢᠮ | ᠪᠠᠶᠢᠳᠠᠯ ᠢ ᠰᠢᠢᠳᠪᠦᠷᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠡᠮ ᠤᠨ ᠵᠦᠢᠯ᠂ ᠡᠮᠴᠢᠯᠡᠭᠡᠨ ᠤ ᠮᠠᠰᠢᠨ | ᠪᠠᠭᠠᠵᠢ ᠶᠢ ᠡᠭᠡᠭᠦᠯᠦᠨ ᠬᠤᠷᠢᠶᠠᠬᠤ ᠶᠢᠨ ᠬᠢᠨᠠᠯᠳᠠ ᠲᠠᠯᠪᠢᠵᠣ ᠬᠠᠮᠢᠶᠠᠷᠬᠤ ᠶᠢ ᠡᠭᠦᠷᠭᠡᠯᠡᠨ᠎ᠡ᠃ | ︵ᠠᠷᠪᠠᠨ ᠨᠢᠭᠡ︶ ᠡᠮ ᠤᠨ ᠵᠦᠢᠯ ᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠣ | ᠠᠬᠤᠶᠢᠯᠠᠯ ᠤᠨ ᠬᠠᠮᠢᠶᠠᠷᠣᠯᠳᠠ ᠶᠢᠨ ᠲᠦᠷᠢᠮ ᠪᠣᠯᠣᠨ ᠵᠣᠷ ᠤᠨ ᠡᠮ᠂ ᠵᠣᠷ ᠤᠨ ᠪᠣᠰᠣ ᠡᠮ ᠂ ᠬᠢᠳᠠᠳ ᠮᠣᠩᠭᠤᠯ | ᠡᠮ ᠤᠨ ᠮᠠᠲ᠋ᠧᠷᠢᠶᠠᠯ᠂ ᠬᠢᠳᠠᠳ ᠡᠮ ᠤᠨ ᠴᠢᠨᠠᠬᠤ ᠡᠮ ᠤᠨ ᠬᠤᠳᠠᠯᠳᠣᠨ ᠠᠪᠬᠤ ᠪᠠ ᠪᠤᠷᠤᠯᠠᠭᠤᠯᠬᠤ ᠲᠦᠷᠢᠮ ᠢ | ᠬᠢᠨᠠᠯᠳᠠ ᠲᠠᠯᠪᠢᠨ ᠬᠡᠷᠡᠭᠵᠢᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠤᠨ ᠡᠮ ᠪᠠ ᠮᠠᠰᠢᠨ ᠪᠠᠭᠠᠵᠢ ᠬᠡᠷᠡᠭᠯᠡᠬᠦ | ᠭᠤᠭᠴᠤᠭ᠎ᠠ ᠶᠢᠨ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ︔ ᠬᠢᠳᠠᠳ ᠮᠣᠩᠭᠤᠯ ᠡᠮ ᠤᠨ | ᠮᠠᠲ᠋ᠧᠷᠢᠶᠠᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠪᠣᠯᠣᠨ ᠡᠯ᠎ᠡ ᠲᠦᠷᠦᠯ ᠤᠨ ᠡᠮ ᠠᠷᠠᠯᠵᠢᠶᠠᠯᠠᠬᠤ | ᠭᠠᠵᠠᠷ ᠲᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠠᠶᠢᠮᠠᠭ ᠬᠤᠳᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ | ᠶᠢᠨ ᠲᠤᠪᠴᠢᠶ᠎ᠠ ᠶᠢᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠣᠯᠳᠠ | ᠪᠣᠯᠣᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ | ᠰᠣᠳᠣᠯᠣᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠭᠤᠭᠴᠤᠭ᠎ᠠ ᠶᠢᠨ ᠬᠢᠨᠠᠯᠳᠠ ᠲᠠᠯᠪᠢᠨ | ᠬᠠᠮᠢᠶᠠᠷᠬᠤ ᠠᠵᠢᠯ ᠢ ᠵᠢᠯᠤᠭᠤᠳᠤᠨ᠎ᠠ᠃ | ︵ᠠᠷᠪᠠᠨ ᠭᠤᠷᠪᠠ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠭ ᠤᠨ ᠣᠷᠳᠣᠨ ᠪᠣᠯᠣᠨ | ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠤ ᠲᠣᠰᠢᠶᠠᠭᠰᠠᠨ ᠪᠣᠰᠣᠳ ᠵᠦᠢᠯᠡᠰ ᠢ | ᠳᠠᠭᠠᠭᠠᠨ ᠬᠢᠨ᠎ᠡ᠃ | |