ᠭᠤᠤᠯ ᠡᠬᠦᠷᠭᠡ ᠴᠢᠳᠠᠪᠤᠷᠢ᠄ | ︵ᠨᠢᠭᠡ︶ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ | ᠠᠬᠤᠢ ᠶᠢᠨ ᠬᠤᠷᠰᠢᠯᠴᠠᠭ᠎ᠠ᠂ ᠪᠤᠭᠤᠮᠳᠠ ᠶᠢᠨ ᠠᠵᠢᠯ ᠤᠨ ᠲᠤᠬᠠᠢ ᠲᠦᠷᠦ ᠶᠢᠨ ᠴᠢᠭᠯᠡᠯᠳᠡ ᠲᠦᠷᠦ ᠶᠢᠨ ᠪᠤᠳᠤᠯᠭ᠎ᠠ | ᠪᠤᠯᠤᠨ ᠬᠠᠤᠯᠢ ᠴᠠᠭᠠᠵᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠡ᠂ ᠲᠦᠷᠢᠮ | ᠲᠤᠭᠳᠠᠭᠠᠯ ᠢ ᠰᠤᠳᠤᠯᠤᠨ ᠲᠤᠷᠠᠳᠤᠨ᠎ᠠ︔ ᠦᠪᠡᠷᠳᠡᠭᠡᠨ ᠵᠠᠰᠠᠬᠤ ᠤᠷᠤᠨ ᠤ ᠤᠯᠤᠰ ᠤᠨ ᠲᠤᠳᠤᠭᠠᠳᠤ | ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ ᠪᠠ ᠪᠤᠭᠤᠮᠳᠠ ᠶᠢᠨ | ᠬᠦᠭᠵᠢᠯᠳᠡ ᠶᠢᠨ ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠨ᠎ᠠ︔ ᠲᠤᠰ ᠭᠠᠵᠠᠷ ᠤᠷᠤᠨ ᠤ ᠤᠯᠤᠰ ᠤᠨ | ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠢ ᠶᠢᠨ ᠬᠤᠷᠰᠢᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠤᠷᠤᠭᠤᠯᠤᠯᠳᠠ ᠪᠠ ᠪᠤᠭᠤᠮᠳᠠ ᠶᠢᠨ ᠬᠤᠷᠸ᠎ᠠ ᠠᠵᠢᠯᠯᠠᠭᠠᠨ ᠤ ᠪᠠᠶᠢᠳᠠᠯ ᠢ ᠬᠢᠨᠠᠨ | ᠬᠡᠮᠵᠢᠵᠤ ᠵᠠᠳᠠᠯᠤᠯᠳᠠ ᠬᠢᠨ᠎ᠠ᠃ | ︵ᠬᠤᠶᠠᠷ︶ ᠦᠪᠡᠷᠳᠡᠭᠡᠨ ᠵᠠᠰᠠᠬᠤ ᠤᠷᠤᠨ ᠤ ᠬᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢᠨ | ᠰᠠᠨᠠᠯ ᠢ ᠰᠤᠳᠤᠯᠤᠨ ᠲᠤᠷᠠᠳᠬᠤ ᠶᠢᠨ ᠬᠠᠮᠳᠤ᠂ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠬᠤᠳᠠ ᠬᠦᠳᠡᠭᠡ ᠶᠢᠨ | ᠵᠠᠬ᠎ᠠ ᠲᠡᠯᠭᠡᠬᠦᠷ ᠢ ᠲᠤᠷᠨᠢᠭᠤᠯᠤᠨ ᠬᠦᠭᠵᠢᠬᠦᠯᠵᠤ᠂ ᠬᠦᠢᠯᠭᠡᠭᠡᠨ ᠤ ᠠᠵᠤ ᠦᠢᠯᠡᠰ ᠤᠨ ᠪᠦᠳᠦᠴᠡ ᠶᠢ | ᠲᠤᠬᠢᠷᠠᠭᠤᠯᠬᠤ ᠪᠠ ᠬᠤᠯᠪᠤᠯᠳᠤᠨ ᠡᠵᠡᠩᠨᠡᠬᠦ᠂ ᠡᠳ᠋ ᠪᠠᠷᠠᠭ᠎ᠠ ᠶᠢᠨ ᠬᠦᠢᠯᠭᠡᠭᠡ ᠶᠢ ᠲᠤᠬᠢᠷᠠᠭᠤᠯᠤᠨ ᠬᠦᠷᠭᠡᠬᠦ᠂ | ᠴᠠᠬᠢᠮ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠬᠦᠢᠯᠭᠡᠭᠡᠨ ᠤ ᠠᠷᠭ᠎ᠠ ᠪᠠᠷᠢᠯ ᠢ ᠲᠦᠯᠬᠢᠨ | ᠠᠬᠢᠭᠤᠯᠤᠨ᠎ᠠ᠃ | ︵ᠭᠤᠷᠪᠠ︶ ᠵᠠᠬ᠎ᠠ ᠲᠡᠯᠭᠡᠬᠦᠷ ᠤᠨ ᠠᠵᠢᠯᠯᠠᠭ᠎ᠠ᠂ ᠬᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠬᠤ | ᠪᠠ ᠵᠠᠬ᠎ᠠ ᠲᠡᠯᠭᠡᠬᠦᠷ ᠤᠨ ᠭᠠᠭᠴᠠᠭᠠᠷ ᠡᠵᠡᠮᠰᠢᠯ᠂ ᠭᠠᠵᠠᠷ ᠤᠷᠤᠨ ᠤ ᠪᠢᠳᠠᠭᠦᠮᠵᠢᠯᠡᠯ ᠢ ᠡᠪᠳᠡᠬᠦ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠤᠭᠳᠠᠭᠠᠨ᠎ᠠ︔ ᠵᠠᠬ᠎ᠠ ᠲᠡᠯᠭᠡᠬᠦᠷ ᠤᠨ | ᠠᠵᠢᠯᠯᠠᠭ᠎ᠠ ᠪᠠ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠵᠤ᠂ | ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠲᠡᠯᠭᠡᠬᠦᠷ ᠢ ᠲᠤᠬᠢᠷᠠᠭᠤᠯᠭ᠎ᠠ ᠡᠵᠡᠮᠰᠢᠯ ᠪᠠ ᠴᠢᠬᠤᠯᠠ | ᠦᠢᠯᠡᠳᠪᠦᠷᠢᠯᠡᠯ ᠤᠨ ᠬᠡᠷᠡᠭᠰᠡᠯ ᠤᠨ ᠬᠦᠢᠯᠭᠡᠭᠡᠨ ᠤ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ︽ | ᠬᠤᠯᠢᠰᠢᠨ ᠢᠳᠡᠭᠡ︾ ᠶᠢᠨ ᠪᠦᠳᠦᠭᠡᠭᠳᠡᠬᠦᠨ ᠤ ᠬᠦᠢᠯᠭᠡᠭᠡᠨ ᠤ ᠠᠵᠢᠯ ᠲᠦᠷᠦᠯ ᠤᠨ ᠵᠢᠯᠤᠭᠤᠳᠤᠮᠵᠢ ᠪᠠ | ᠬᠠᠮᠢᠶᠠᠷᠤᠯᠳᠠ ᠶᠢ ᠬᠠᠷᠢᠭᠤᠴᠠᠨ᠎ᠠ᠃ | ( ᠲᠦᠷᠪᠡ︶ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ | ᠲᠤᠭ᠎ᠠ ᠶᠢᠨ ᠲᠦᠯᠦᠪᠯᠡᠭᠡ ᠪᠠ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠵᠦᠪᠰᠢᠶᠠᠷᠡᠯ ᠤᠨ | ᠦᠨᠡᠮᠯᠡᠯ ᠤᠨ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ︔ ᠤᠯᠤᠰ ᠤᠨ ᠭᠠᠳᠠᠭᠠᠳᠤ ᠠᠴᠠ | ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ ᠲᠤᠭ᠎ᠠ ᠶᠢᠨ ᠲᠠᠭᠠᠭᠠᠴᠢᠯᠠᠯᠳᠠ ᠵᠠᠷᠯᠠᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ | ︵ᠲᠠᠪᠤ︶ ᠴᠢᠬᠤᠯᠠ ᠠᠵᠤ ᠦᠢᠯᠡᠳᠪᠦᠷᠢ ᠶᠢᠨ ᠦᠢᠯᠡᠳᠭᠦᠨ᠂ ᠲᠠᠷᠢᠶᠠᠯᠠᠩ ᠤᠨ ᠪᠦᠳᠤᠭᠡᠭᠳᠡᠭᠦᠨ᠂ | ᠲᠦᠬᠦᠭᠡᠢ ᠮᠠᠲ᠋ᠧᠷᠢᠶᠠᠯ ᠵᠡᠷᠭᠡ ᠭᠠᠳᠠᠭᠠᠳᠤ ᠳᠤ ᠭᠠᠷᠭᠠᠬᠤ ᠪᠦᠳᠦᠭᠡᠭᠳᠡᠬᠦᠨ ᠤ ᠬᠤᠷᠸ᠎ᠠ ᠬᠠᠮᠢᠶᠠᠷᠤᠯᠳᠠ ᠪᠠ ᠬᠢᠨᠠᠨ | ᠡᠵᠡᠮᠳᠡᠯ ᠳᠤ ᠵᠠᠳᠠᠯᠤᠯᠳᠠ ᠬᠢᠬᠦ ᠶᠢ ᠬᠠᠷᠢᠭᠤᠴᠠᠨ᠎ᠠ︔ ᠦᠪᠡᠷᠳᠡᠭᠡᠨ ᠵᠠᠰᠠᠬᠤ ᠤᠷᠤᠨ ᠤ ᠬᠢᠯᠢ ᠶᠢᠨ ᠪᠤᠭᠤᠮᠳᠠ ᠶᠢᠨ | ᠠᠷᠠᠯᠵᠢᠶ᠎ᠠ᠂ ᠡᠳ᠋ᠰᠢᠬᠦᠯᠭᠡ ᠶᠢᠨ ᠠᠷᠠᠯᠵᠢᠶ᠎ᠠ ᠶᠢ ᠵᠤᠬᠢᠴᠠᠭᠤᠯᠤᠨ ᠬᠠᠮᠢᠶᠠᠷᠤᠨ᠎ᠠ︔ ᠲᠤᠮᠳᠠ ᠪᠠᠭ᠎ᠠ ᠠᠵᠤ ᠠᠬᠤᠶᠢᠯᠠᠯ | ᠤᠳ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠭᠡᠳᠭᠡᠬᠦ ᠪᠡᠯᠡ ᠮᠦᠩᠬᠦ ᠶᠢᠨ ᠲᠦᠷᠦᠯ ᠵᠦᠢᠯ ᠤᠨ | ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠠᠵᠤ ᠠᠬᠤᠢ ᠬᠤᠷᠰᠢᠨ ᠡᠵᠡᠩᠨᠡᠬᠦ ᠬᠢᠷᠢ ᠬᠡᠮ ᠪᠠ | ᠤᠯᠠᠨ ᠤᠯᠤᠰ ᠤᠨ ᠪᠠᠷᠠᠭ᠎ᠠ ᠲᠡᠭᠡᠭᠡᠪᠤᠷᠢ ᠶᠢ ᠤᠷᠤᠯᠠᠨ ᠭᠦᠢᠴᠡᠳᠭᠡᠬᠦ ᠬᠢᠷᠢ ᠬᠡᠮ ᠤᠨ ᠬᠠᠮᠢᠶᠠᠷᠤᠯᠳᠠ ᠶᠢᠨ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠠᠴᠠ ᠮᠡᠷᠭᠡᠵᠢᠯ ᠤᠷᠤᠭᠤᠯᠵᠤ | ᠭᠠᠷᠭᠠᠬᠤ ᠵᠢᠴᠢ ᠬᠡᠷᠡᠴᠢᠯᠡᠬᠦ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠢᠶᠠᠷ | ᠠᠷᠠᠯᠵᠢᠶ᠎ᠠ ᠶᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠰᠤᠳᠤᠯᠬᠤ ᠪᠠ ᠠᠬᠢᠭᠤᠯᠤᠨ᠎ᠠ︔ | ︵ᠲᠤᠯᠤᠭ᠎ᠠ︶ ᠮᠠᠨ ᠤ ᠤᠯᠤᠰ ᠤᠨ ᠲᠡᠯᠡᠭᠡᠢ ᠶᠢᠨ ᠠᠷᠠᠯᠵᠢᠶ᠎ᠠ ᠶᠢᠨ ᠵᠤᠬᠢᠶᠠᠨ ᠪᠠᠶᠢᠭᠤᠯᠤᠯᠳᠠ ᠳᠤ | ᠤᠷᠤᠯᠴᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠤᠭᠳᠠᠭᠠᠯ ᠂ ᠪᠤᠭᠤᠮᠳᠠ ᠶᠢᠨ | ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠤᠭᠳᠠᠭᠠᠯ ᠤᠨ ᠠᠷᠭ᠎ᠠ ᠬᠡᠮᠵᠢᠶ᠎ᠡ᠂ | ᠲᠦᠷᠢᠮ ᠲᠤᠭᠳᠠᠭᠠᠯ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠦᠪᠡᠷᠳᠡᠭᠡᠨ ᠵᠠᠰᠠᠬᠤ ᠤᠷᠤᠨ ᠤ ᠤᠯᠤᠰ ᠤᠨ | ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ ᠪᠠ | ᠪᠤᠭᠤᠮᠳᠠ ᠶᠢᠨ ᠬᠦᠭᠵᠢᠯᠳᠡ ᠶᠢᠨ ᠲᠦᠯᠦᠪᠵᠢᠬᠦᠯᠭᠡ ᠢ ᠲᠤᠭᠤᠷᠪᠢᠨ ᠲᠤᠭᠳᠠᠭᠠᠨ᠎ᠠ ᠃ | ︵ᠨᠠᠢᠮᠠ︶ ᠤᠯᠭᠤᠭᠰᠠᠨ ᠡᠷᠬᠡ ᠪᠠᠨ ᠦᠨᠳᠦᠰᠦᠯᠡᠨ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠭᠠᠳᠠᠭᠠᠳᠤ ᠯᠤᠭ᠎ᠠ ᠠᠷᠠᠯᠵᠢᠶᠠᠨ ᠤ ᠬᠡᠯᠡᠯᠴᠡᠭᠡᠷ ᠬᠢᠬᠦ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠲᠤ ᠭᠠᠷ ᠤᠨ ᠦᠰᠦᠭ ᠵᠢᠷᠦᠵᠤ᠂ ᠤᠯᠤᠰ ᠤᠨ ᠢᠯᠭᠠᠯ ︵ᠤᠷᠤᠨ | ᠲᠤᠭᠤᠷᠢᠭ︶ ᠤᠨ ᠠᠷᠠᠯᠵᠢᠶᠠᠨ ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ︔ | ᠲᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ | ᠮᠠᠨ ᠤ ᠤᠷᠤᠨ ᠳᠤ ᠰᠠᠭᠤᠭ᠎ᠠ ᠭᠠᠳᠠᠭᠠᠳᠤ ᠬᠤᠳᠠᠯᠳᠤᠭᠠᠴᠢᠨ ᠤ ᠲᠦᠯᠦᠭᠡᠯᠡᠭᠴᠢ ᠪᠠᠶᠢᠭᠤᠯᠤᠮᠵᠢ ᠲᠠᠢ ᠬᠠᠷᠢᠴᠠᠵᠤ᠂ | ᠭᠠᠳᠠᠭᠠᠳᠤ ᠤᠯᠤᠰ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ ︵ᠺᠤᠨᠰᠦ᠋ᠯ︶ ᠤᠨ ᠶᠠᠮᠤᠨ ᠤ | ᠠᠷᠠᠯᠵᠢᠶ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃ | ︵ᠶᠢᠰᠦ︶ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠤᠷᠤᠭᠤᠯᠤᠯᠳᠠ ᠶᠢ ᠰᠢᠩᠭᠡᠭᠡᠨ ᠠᠪᠬᠤ ᠠᠵᠢᠯ ᠢ ᠬᠤᠷᠸ᠎ᠠ ᠲᠠᠯ᠎ᠠ ᠪᠠᠷ ᠵᠢᠯᠤᠭᠤᠳᠬᠤ ᠪᠠ ᠶᠡᠷᠦᠩᠬᠡᠶᠢᠯᠡᠨ | ᠬᠠᠮᠢᠶᠠᠷᠤᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢ ᠰᠢᠩᠭᠡᠭᠡᠨ ᠠᠪᠬᠤ ᠤᠯᠤᠰ ᠤᠨ | ᠲᠦᠷᠦ ᠶᠢᠨ ᠪᠤᠳᠤᠯᠭ᠎ᠠ᠂ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠠ ᠪᠠ ᠠᠷᠭ᠎ᠠ ᠪᠠᠷᠢᠯ | ᠢ ᠲᠤᠷᠠᠳᠴᠤ᠂ ᠭᠠᠳᠠᠭᠠᠳᠤ ᠪᠡᠯᠡ ᠤᠷᠤᠭᠤᠯᠤᠯᠳᠠ ᠶᠢ ᠠᠰᠢᠭᠯᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ | ᠪᠠ ᠲᠦᠯᠦᠪᠵᠢᠬᠦᠯᠭᠡ ᠶᠢ ᠲᠤᠭᠳᠠᠭᠠᠬᠤ ᠳᠤ ᠤᠷᠤᠯᠴᠠᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠤᠷᠤᠭᠤᠯᠤᠯᠳᠠ ᠶᠢᠨ ᠬᠢᠨᠠᠨ ᠵᠦᠪᠰᠢᠶᠡᠷᠡᠬᠦ᠂ ᠳᠠᠩᠰᠠᠯᠠᠨ ᠲᠡᠮᠳᠡᠭᠯᠡᠬᠦ ᠨᠤᠳᠠᠯᠠᠬᠤ ᠵᠢᠴᠢ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ | ᠭᠠᠷᠭᠠᠬᠤ ᠬᠢᠵᠠᠭᠠᠷᠳᠤ ᠲᠤᠭ᠎ᠠ᠂ ᠵᠦᠪᠰᠢᠶᠡᠷᠡᠯ ᠤᠨ ᠦᠨᠡᠮᠯᠡᠯ᠂ ᠭᠠᠳᠠᠭᠠᠳᠤ ᠠᠴᠠ ᠤᠷᠤᠭᠤᠯᠤᠭᠰᠠᠨ | ᠲᠠᠸᠠᠷ ᠣᠨᠠᠦ᠋ᠲ᠋ᠤ᠋ ᠲᠠᠩᠰᠠᠯᠠᠬᠤ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ᠃ | ︵ᠠᠷᠪᠠ︶ ᠲᠤᠰ ᠭᠠᠵᠠᠷ ᠤᠷᠤᠨ ᠤ ᠭᠠᠳᠠᠭᠠᠳᠤ ᠯᠤᠭ᠎ᠠ ᠠᠵᠤ ᠠᠬᠤᠢ ᠶᠢᠨ ᠲᠠᠯ᠎ᠠ ᠪᠠᠷ | ᠬᠤᠷᠰᠢᠯᠴᠠᠬᠤ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠦᠳᠡᠯᠮᠦᠷᠢ ᠶᠢᠨ | ᠦᠢᠯᠡᠴᠢᠯᠡᠭᠡᠨ ᠤ ᠬᠤᠷᠰᠢᠯᠴᠠᠭ᠎ᠠ ᠬᠢᠬᠦ᠂ ᠵᠢᠷᠤᠵᠤ ᠲᠦᠯᠦᠪᠯᠡᠨ ᠵᠦᠪᠳᠡᠬᠦ ᠵᠡᠷᠭᠡ ᠠᠵᠢᠯ ᠢ ᠬᠠᠤᠯᠢ ᠶᠤᠰᠤᠭᠠᠷ ᠬᠢᠨᠠᠨ | ᠵᠦᠪᠰᠢᠶᠡᠷᠡᠬᠦ ᠪᠠ ᠬᠢᠨᠠᠯᠳᠠ ᠲᠠᠯᠪᠢᠨ᠎ᠠ︔ ᠠᠵᠤ ᠠᠬᠤᠶᠢᠯᠠᠯ ᠭᠠᠳᠠᠭᠠᠳᠤ ᠳᠤ ᠪᠡᠯᠡ ᠤᠷᠤᠭᠤᠯᠤᠨ ᠠᠵᠤ ᠠᠬᠤᠶᠢᠯᠠᠯ | ︵ᠮᠦᠩᠬᠦᠨ ᠬᠦᠢᠯᠭᠡᠭᠡᠨ ᠤ ᠠᠵᠤ ᠠᠬᠤᠶᠢᠯᠠᠯ ᠠᠴᠠ ᠪᠤᠰᠤᠳ︶ ᠡᠷᠬᠢᠯᠡᠬᠦ ᠪᠠ ᠬᠢᠯᠢ ᠶᠢᠨ ᠭᠠᠳᠠᠨ᠎ᠠ ᠬᠡᠷᠡᠭ ᠡᠷᠬᠢᠯᠡᠬᠦ | ᠪᠠᠶᠢᠭᠤᠯᠤᠮᠵᠢ ᠭᠠᠷᠭᠠᠬᠤ ᠶᠢ ᠬᠢᠨᠠᠨ ᠬᠠᠷᠭᠤᠭᠤᠯᠬᠤ ᠶᠢᠨ ᠬᠠᠮᠳᠤ ᠬᠢᠨᠠᠯᠳᠠ ᠲᠠᠯᠪᠢᠵᠤ ᠬᠠᠮᠢᠶᠠᠷᠤᠨ᠎ᠠ᠃ | ︵ᠠᠷᠪᠠᠨ ᠨᠢᠭᠡ︶ ᠠᠵᠤ ᠠᠬᠤᠶᠢᠯᠠᠯ ᠭᠠᠳᠠᠭᠠᠳᠤ ᠳᠤ ᠲᠤᠰᠠᠯᠠᠬᠤ ᠲᠦᠷᠦᠯ ᠵᠦᠢᠯ ᠤᠨ | ᠲᠠᠭᠠᠭᠠᠴᠢᠯᠠᠯᠳᠠ ᠵᠠᠷᠯᠠᠬᠤ ᠳᠤ ᠤᠷᠤᠯᠴᠠᠬᠤ ᠶᠢ ᠵᠢᠯᠤᠭᠤᠳᠴᠤ᠂ ᠠᠵᠤ ᠠᠬᠤᠶᠢᠯᠠᠯ ᠤᠳ ᠭᠠᠳᠠᠭᠠᠳᠤ ᠳᠤ | ᠲᠤᠰᠠᠯᠠᠬᠤ ᠲᠦᠷᠦᠯ ᠵᠦᠢᠯ ᠢ ᠬᠡᠷᠡᠭᠵᠢᠬᠦᠯᠬᠦ ᠶᠢ ᠬᠢᠨᠠᠨ ᠪᠠᠶᠢᠴᠠᠭᠠᠨ᠎ᠠ︔ ᠤᠯᠠᠨ ᠤᠯᠤᠰ ᠠᠴᠠ ᠦᠪᠡᠷᠳᠡᠭᠡᠨ | ᠵᠠᠰᠠᠬᠤ ᠤᠷᠤᠨ ᠳᠤ ᠦᠨ᠎ᠡ ᠲᠦᠯᠦᠪᠦᠷᠢ ᠦᠭᠡᠢ ᠲᠤᠰᠠᠯᠠᠬᠤ ᠲᠦᠷᠦᠯ ᠵᠦᠢᠯ ᠢ ᠲᠡᠮᠡᠴᠡᠨ ᠤᠯᠬᠤ ᠪᠠ ᠬᠠᠮᠢᠶᠠᠷᠴᠤ᠂ | ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠠᠴᠠ ᠲᠤᠰ ᠭᠠᠵᠠᠷ ᠤᠷᠤᠨ ᠤ ᠠᠵᠤ ᠠᠬᠤᠢ ᠮᠡᠷᠭᠡᠵᠢᠯ ᠤᠨ | ᠬᠤᠷᠰᠢᠯᠴᠠᠭ᠎ᠠ ᠬᠢᠬᠦ ᠶᠠᠪᠤᠳᠠᠯ ᠢ ᠬᠠᠮᠢᠶᠠᠷᠤᠨ᠎ᠠ᠃ | ︵ᠠᠷᠪᠠᠨ ᠬᠤᠶᠠᠷ︶ ᠪᠤᠭᠤᠮᠳᠠ ᠶᠢᠨ ᠲᠦᠯᠤᠪᠵᠢᠬᠦᠯᠤᠨ ᠪᠦᠳᠦᠭᠡᠨ ᠪᠠᠶᠢᠭᠤᠯᠬᠤ᠂ | ᠵᠤᠬᠢᠴᠠᠭᠤᠯᠤᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ | ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠲᠤᠰᠢᠶᠠᠨ ᠰᠢᠢᠳᠪᠦᠷᠢᠯᠡᠬᠦᠯᠬᠦ ᠪᠠᠷ ᠲᠤᠰᠢᠶᠠᠭᠰᠠᠨ | ᠪᠤᠰᠤᠳ ᠶᠠᠪᠤᠳᠠᠯ ᠢ ᠲᠠᠭᠠᠭᠠᠴᠢᠯᠠᠨ ᠭᠦᠢᠴᠡᠳᠭᠡᠨ᠎ᠡ᠃ | |