ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ
ᠨᠡᠶᠢᠲᠡᠯᠡᠭᠰᠡᠨ ᠴᠠᠭ᠄
2015-04-02
     ᠭᠤᠤᠯ ᠡᠬᠦᠷᠭᠡ ᠴᠢᠳᠠᠪᠤᠷᠢ᠄      1.  ᠵᠠᠮ  ᠲᠡᠭᠡᠭᠡᠪᠦᠷᠢ ᠶᠢᠨ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ ᠲᠦᠯᠦᠪᠵᠢᠬᠦᠯᠭᠡ ᠶᠢ ᠲᠤᠤᠱᠯᠠᠭᠤᠯᠤᠨ ᠬᠡᠷᠡᠭᠵᠢᠬᠦᠯᠦᠨ᠎ᠡ︔ ᠪᠦᠬᠦ ᠤᠷᠤᠨ ᠤ ᠵᠠᠮ ᠬᠠᠷᠢᠯᠴᠠᠭᠠᠨ ᠤ ᠬᠦᠭᠵᠢᠯᠳᠡ ᠶᠢᠨ ᠲᠦᠯᠦᠪᠵᠢᠬᠦᠯᠭᠡ᠂ ᠲᠦᠯᠦᠪᠯᠡᠭᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠲᠡᠭᠡᠭᠡᠪᠦᠷᠢ ᠶᠢᠨ ᠤᠷᠤᠨ ᠨᠤᠳᠤᠭ ᠤᠨ ᠴᠢᠨᠠᠷᠳᠠᠢ ᠲᠦᠷᠢᠮ ᠲᠤᠭᠳᠠᠭᠠᠯ ᠤᠨ ᠲᠦᠰᠦᠯ ᠪᠤᠯᠤᠨ ᠪᠠᠷᠢᠮᠵᠢᠶ᠎ᠠ ᠶᠢ ᠰᠤᠳᠤᠯᠤᠨ ᠲᠤᠭᠤᠷᠪᠢᠨ ᠲᠤᠭᠳᠠᠭᠠᠨ᠎ᠠ︔ ᠡᠳ᠋ ᠪᠠᠷᠠᠭᠠᠨ ᠤ ᠬᠦᠢᠯᠭᠡᠭᠡᠨ ᠤ ᠦᠢᠯᠡᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠬᠤ ᠳᠤ ᠤᠷᠤᠯᠴᠠᠵᠤ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠬᠠᠷᠢᠯᠴᠠᠭᠠᠨ ᠤ ᠠᠵᠢᠯ ᠲᠦᠷᠦᠯ ᠤᠨ ᠪᠠᠶᠢᠭᠤᠯᠤᠯ ᠤᠨ ᠦᠭᠡᠷᠡᠴᠢᠯᠡᠯᠳᠡ ᠶᠢᠨ ᠠᠵᠢᠯ ᠢ ᠵᠢᠯᠤᠭᠤᠳᠤᠨ᠎ᠠ᠃      2. ᠪᠦᠬᠦ ᠤᠷᠤᠨ  ᠤ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠲᠠᠢ ᠬᠤᠯᠪᠤᠭᠳᠠᠬᠤ ᠲᠦᠯᠤᠪᠵᠢᠭᠦᠯᠭᠡ ᠶᠢ ᠵᠤᠬᠢᠴᠠᠭᠤᠯᠬᠤ ᠠᠵᠢᠯ ᠢ ᠡᠬᠦᠷᠭᠡᠯᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠶᠡᠷᠦᠩᠭᠡᠶᠢᠯᠡᠭᠰᠡᠨ ᠲᠡᠭᠡᠭᠡᠪᠤᠷᠢ ᠶᠢᠨ ᠰᠢᠰᠲ᠋ᠧᠮ ᠤᠨ ᠲᠦᠯᠦᠪᠵᠢᠬᠦᠯᠭᠡ ᠶᠢ ᠵᠤᠬᠢᠶᠠᠵᠤ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠩᠬᠢᠯᠠᠭ᠎ᠠ ᠶᠢᠨ ᠲᠦᠯᠦᠪᠵᠢᠬᠦᠯᠭᠡ ᠪᠤᠯᠤᠨ‌ᠬᠠᠮᠢᠶᠠᠷᠤᠯᠳᠠ ᠶᠢ ᠵᠤᠬᠢᠶᠠᠨ ᠪᠠᠶᠢᠭᠤᠯᠤᠨ᠎ᠠ᠃      3. ᠪᠦᠬᠦ ᠤᠷᠤᠨ ᠤ ᠵᠠᠮ  ᠲᠡᠭᠡᠭᠡᠪᠦᠷᠢ ᠶᠢᠨ ᠵᠠᠬ᠎ᠠ ᠲᠡᠯᠭᠡᠬᠦᠷ ᠤᠨ ᠬᠢᠨᠠᠯᠳᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠨᠡᠪᠳᠡᠷᠡᠬᠦ ᠶᠢ ᠵᠦᠪᠰᠢᠶᠡᠷᠡᠬᠦ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠬᠡᠪᠤᠷᠢ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ᠵᠢᠴᠢ ᠬᠤᠯᠪᠤᠭᠳᠠᠯ ᠪᠦᠬᠦᠢ ᠲᠦᠬᠦᠭᠡᠷᠦᠮᠵᠢ ᠶᠢᠨ ᠲᠦᠯᠦᠪᠵᠢᠬᠦᠯᠭᠡ ᠪᠤᠯᠤᠨ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ︔ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠬᠠᠮᠢᠶᠠᠷᠤᠯᠳᠠ ᠶᠢᠨ ᠠᠵᠢᠯ ᠢ ᠡᠬᠦᠷᠭᠡᠯᠡᠵᠤ᠂ ᠮᠠᠰᠢᠨ  ᠲᠡᠷᠭᠡᠨ ᠤ ᠬᠢᠯᠢ ᠪᠠᠷ ᠤᠷᠤᠵᠤ ᠭᠠᠷᠬᠤ ᠲᠡᠭᠡᠭᠡᠪᠦᠷᠢ ᠶᠢ ᠵᠤᠯᠭᠠᠯᠳᠤᠭᠤᠯᠬᠤ ᠪᠠ ᠬᠠᠮᠳᠤᠷᠠᠴᠠᠭᠤᠯᠬᠤ ᠶᠠᠪᠤᠳᠠᠯ ᠢ ᠬᠠᠷᠢᠭᠤᠴᠠᠨ᠂ ᠤᠯᠤᠰ ᠤᠨ ᠬᠢᠯᠢ ᠶᠢᠨ ᠭᠤᠤᠯ ᠮᠦᠷᠡᠨ ᠤ ᠲᠡᠭᠡᠭᠡᠪᠤᠷᠢ ᠵᠢᠴᠢ ᠠᠶᠠᠯᠠᠯ ᠤᠨ ᠵᠠᠮ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠶᠠᠪᠤᠳᠠᠯ ᠢ ᠵᠢᠯᠤᠭᠤᠳᠤᠨ᠎ᠠ︔ ᠪᠦᠬᠦ ᠤᠷᠤᠨ ᠤ ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠪᠤᠯᠤᠨ ᠪᠠᠴᠢᠮ ᠠᠶᠠᠨᠴᠢᠨ ᠬᠢᠭᠡᠳ ᠪᠠᠷᠠᠭ᠎ᠠ  ᠲᠡᠭᠡᠬᠡᠪᠤᠷᠢ ᠶᠢ ᠲᠤᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃      4. ᠪᠦᠬᠦ ᠤᠷᠤᠨ ᠤ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ ᠲᠡᠯᠭᠡᠬᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ᠂ ᠵᠠᠮ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠦᠷᠢᠮ ᠪᠤᠯᠤᠨ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠭᠤᠷᠢ ᠪᠡᠯᠡᠳᠭᠡᠮᠵᠢ ᠶᠢ ᠬᠠᠮᠢᠶᠠᠷᠬᠤ ᠪᠠ ᠬᠠᠮᠠᠭᠠᠯᠠᠬᠤ ᠶᠢ ᠵᠢᠯᠤᠭᠤᠳᠤᠨ᠎ᠠ᠃      5. ᠪᠦᠬᠦ ᠤᠷᠤᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠬᠤ ᠬᠡᠪᠴᠢᠶ᠎ᠡ ᠪᠠ ᠴᠢᠭᠯᠡᠯ ᠤᠨ ᠰᠠᠨᠠᠯ᠂ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ︔  ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠭᠡ ᠶᠢᠨ ᠲᠤᠳᠤᠷᠠᠬᠢ ᠪᠠ ᠤᠨ ᠤ ᠲᠦᠯᠦᠪᠯᠡᠭᠡ ᠶᠢᠨ ᠬᠡᠪᠴᠢᠶᠠᠨ  ᠲᠤᠳᠤᠷᠠᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠬᠤ ᠲᠦᠷᠦᠯ ᠵᠦᠢᠯ ᠢ ᠲᠤᠭᠳᠠᠭᠠᠭᠰᠠᠨ ᠡᠷᠭᠡ ᠮᠡᠳᠡᠯ ᠤᠨ ᠶᠤᠰᠤᠭᠠᠷ ᠬᠢᠨᠠᠨ ᠴᠤᠬᠤᠯᠠᠪᠤᠷᠢᠯᠠᠵᠦ᠂ ᠬᠢᠨᠠᠨ ᠵᠦᠪᠰᠢᠶᠡᠷᠡᠨ᠎ᠡ᠃      6. ᠵᠠᠮ ᠬᠠᠷᠢᠯᠴᠠᠭᠠᠨ ᠤ ᠠᠵᠢᠯ ᠦᠢᠯᠡᠰ ᠳᠤ ᠬᠡᠷᠡᠭᠰᠡᠬᠦ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠪᠠ ᠲᠤᠰᠬᠠᠢ ᠲᠦᠷᠦᠯ ᠤᠨ ᠪᠡᠯᠡ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠰᠠᠨᠠᠯ ᠢ ᠰᠤᠳᠤᠯᠤᠨ ᠲᠤᠷᠠᠳᠤᠨ᠎ᠠ︔ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠤᠨ ᠲᠤᠳᠤᠭᠠᠳᠤ ᠶᠢᠨ ᠬᠢᠨᠠᠨ ᠪᠤᠳᠤᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠲᠤᠭᠳᠠᠭᠠᠯ ᠢᠶᠠᠷ ᠰᠦᠢᠳᠭᠡᠯ ᠬᠤᠷᠢᠶᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ  ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠤᠨ᠂ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠬᠠᠩᠰᠢ ᠵᠡᠷᠭᠡ ᠬᠠᠮᠢᠶ᠎ᠠ ᠪᠦᠬᠦᠢ ᠲᠠᠯ᠎ᠠ ᠶᠢᠨ ᠠᠰᠠᠭᠤᠳᠠᠯ  ᠳᠤ ᠲᠦᠷᠦ ᠶᠢᠨ ᠪᠤᠳᠤᠯᠭ᠎ᠠ   ᠶᠢᠨ ᠰᠠᠨᠠᠯ ᠲᠤᠷᠠᠳᠤᠨ᠎ᠠ᠃      7. ᠤᠰᠤᠨ ᠵᠠᠮ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ᠂ ᠬᠠᠮᠠᠭᠠᠯᠠᠯᠳᠠ ᠶᠢ ᠵᠤᠬᠢᠶᠠᠨ  ᠪᠠᠶᠢᠭᠤᠯᠤᠨ ᠵᠤᠬᠢᠴᠠᠭᠤᠯᠵᠤ᠂ ᠪᠦᠬᠦ ᠤᠷᠤᠨ ᠤ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠵᠠᠮ ᠬᠠᠷᠢᠯᠴᠠᠭᠠᠨ ᠢ ᠵᠠᠬᠢᠷᠤᠨ ᠬᠠᠮᠢᠶᠠᠷᠬᠤ᠂ ᠤᠩᠭᠤᠴᠠ ᠰᠡᠯ ᠵᠢᠴᠢ ᠤᠰᠤᠨ ᠲᠡᠭᠡᠷᠡᠬᠢ ᠬᠠᠮᠢᠶ᠎ᠠ ᠪᠦᠬᠦᠢ ᠪᠡᠯᠡᠳᠭᠡᠮᠵᠢ ᠶᠢ ᠰᠢᠯᠭᠠᠨ ᠪᠠᠶᠢᠴᠠᠭᠠᠬᠤ᠂ ᠲᠠᠩᠰᠠᠯᠠᠬᠤ ᠪᠠ ᠪᠤᠬᠢᠷᠳᠤᠯ ᠢ ᠰᠡᠷᠭᠡᠶᠢᠯᠡᠬᠦ᠂ ᠠᠪᠤᠷᠠᠨ ᠲᠤᠰᠠᠯᠠᠬᠤ ᠱᠦᠬᠦᠬᠦ᠂  ᠴᠢᠮᠡᠭᠡ ᠨᠡᠪᠳᠠᠷᠡᠯᠭᠡ ᠪᠠᠷ ᠵᠠᠯᠠᠵᠦ ᠬᠦᠳᠦᠯᠬᠦ᠂ ᠤᠩᠭᠤᠴᠠ ᠰᠡᠯ ᠬᠢᠭᠡᠳ ᠭᠠᠷᠠᠮ ᠤᠨ ᠪᠡᠯᠡᠳᠭᠡᠮᠵᠢ ᠶᠢᠨ ᠠᠮᠤᠷ ᠢ ᠬᠠᠮᠠᠭᠠᠯᠠᠬᠤ ᠵᠢᠴᠢ ᠠᠶᠤᠯᠳᠠᠢ ᠪᠤᠳᠠᠰ ᠲᠡᠭᠡᠭᠡᠪᠤᠷᠢᠯᠡᠬᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠤᠰᠤᠴᠢᠨ ᠤ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      8. ᠪᠦᠬᠦ ᠤᠷᠤᠨ ᠤ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ ᠪᠤᠶᠤ  ᠲᠡᠭᠦᠨ ᠳᠤ ᠤᠷᠤᠯᠴᠠᠨ᠎ᠠ᠃      9. ᠦᠪᠡᠷᠳᠡᠭᠡᠨ ᠵᠠᠰᠠᠬᠤ ᠤᠷᠤᠨ ᠤ ᠲᠦᠷᠭᠡᠨ ᠬᠤᠷᠳᠤ ᠶᠢᠨ ᠵᠠᠮ ᠵᠢᠴᠢ ᠭᠤᠤᠯᠳᠠᠯᠭ᠎ᠠ ᠲᠠᠢ ᠭᠤᠤᠯ ᠱᠤᠭᠤᠮ ᠤᠨ ᠵᠠᠰᠠᠮᠠᠯ ᠵᠠᠮ ᠤᠨ ᠲᠤᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠵᠤᠬᠢᠴᠠᠭᠤᠯᠬᠤ ᠶᠢ ᠬᠠᠷᠢᠭᠤᠴᠠᠨ᠎ᠠ︔ ᠵᠠᠮ  ᠲᠡᠭᠡᠭᠡᠪᠦᠷᠢ ᠶᠢᠨ ᠮᠡᠳᠡᠭᠡ ᠵᠠᠩᠬᠢᠴᠢᠯᠠᠯ ᠤᠨ ᠪᠦᠳᠦᠭᠡᠨ ᠪᠠᠶᠢᠭᠤᠯᠤᠯᠳᠠ ᠶᠢ ᠵᠢᠯᠤᠭᠤᠳᠴᠤ ᠂  ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠵᠦ᠂ ᠬᠠᠮᠢᠶ᠎ᠠ ᠪᠦᠬᠦᠢ ᠪᠦᠷᠢᠳᠭᠡᠯ ᠤᠨ ᠠᠵᠢᠯ ᠢ ᠦᠷᠨᠢᠬᠦᠯᠵᠤ᠂ ᠵᠠᠮ ᠬᠠᠷᠢᠯᠴᠠᠭᠠᠨ ᠤ ᠠᠵᠢᠯ ᠲᠦᠷᠦᠯ ᠤᠨ ᠤᠷᠴᠢᠨ ᠲᠤᠭᠤᠷᠢᠨ ᠢ ᠬᠠᠮᠠᠭᠠᠯᠠᠬᠤ ᠪᠠ ᠡᠨᠧᠷᠬᠢ ᠶᠢ ᠠᠷᠪᠢᠯᠠᠵᠤ ᠭᠠᠳᠠᠭᠰᠢᠯᠠᠭᠤᠯᠤᠯ ᠢ ᠪᠠᠭᠠᠰᠬᠠᠬᠤ ᠠᠵᠢᠯ ᠢ ᠵᠢᠯᠤᠭᠤᠳᠤᠨ᠎ᠠ  ᠃      10. ᠦᠪᠡᠷᠳᠡᠭᠡᠨ ᠵᠠᠰᠠᠬᠤ ᠤᠷᠤᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠵᠦᠪᠯᠡᠯ ᠤᠨ ᠬᠤᠯᠪᠤᠭᠳᠠᠯ ᠪᠦᠬᠦᠢ ᠠᠵᠢᠯ ᠢ ᠡᠬᠦᠷᠭᠡᠯᠡᠨ᠎ᠡ᠃      11. ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号