ᠤᠷᠤᠨ ᠰᠠᠭᠤᠴᠠᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠭᠤᠤᠯ ᠡᠭᠦᠷᠭᠡ | ᠬᠠᠷᠢᠭᠤᠴᠠᠯᠭ᠎ᠠ᠄ | 《〈 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ〉 ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠲᠤ ᠤᠯᠤᠰ ᠤᠨ | ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ》 ︵ᠲᠢᠩᠬᠢᠮ ᠦᠰᠦᠭ〔2009〕4 ᠳ᠋ᠤᠭᠡᠷ ᠲᠤᠭᠠᠲᠤ︶ ᠤᠨ ᠵᠤᠷᠢᠭ ᠰᠠᠨᠠᠭ᠎ᠠ ᠶᠢ | ᠦᠨᠳᠦᠰᠦᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠢ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠪᠦᠷᠢᠯᠳᠦᠬᠦᠨ ᠰᠠᠯᠠᠭ᠎ᠠ ᠮᠦᠴᠢᠷ ᠪᠤᠯᠭᠠᠪᠠ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠤᠬᠢᠷᠠᠭᠤᠯᠤᠯᠲᠠ | ︵ᠨᠢᠭᠡ︶ ᠤᠤᠯ ᠤᠨ ᠦᠪᠡᠷᠲᠡᠭᠡᠨ ᠵᠠᠰᠠᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠡᠬᠦᠷᠭᠡ ᠬᠠᠷᠢᠭᠤᠴᠠᠯᠭ᠎ᠠ ᠶᠢ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠬᠤᠪᠢᠶᠠᠷᠢᠯᠠᠨ ᠤᠷᠤᠭᠤᠯᠤᠨ᠎ᠠ᠃ | ︵ᠬᠤᠶᠠᠷ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠬᠦᠴᠦᠨ ᠦᠭᠡᠢ | ᠪᠤᠯᠭᠠᠬᠤ ᠪᠠᠷ ᠨᠡᠶᠢᠲᠡᠯᠡᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠬᠦᠴᠦᠨ ᠦᠭᠡᠢ ᠪᠤᠯᠭᠠᠨ᠎ᠠ᠃ | ︵ᠭᠤᠷᠪᠠ︶ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠡᠭᠦᠷᠭᠡ ᠬᠠᠷᠢᠭᠤᠴᠠᠯᠭ᠎ᠠ ᠶᠢ ᠦᠪᠡᠷᠲᠡᠭᠡᠨ | ᠵᠠᠰᠠᠬᠤ ᠤᠷᠤᠨ ᠤ ᠵᠠᠮ ᠬᠠᠷᠢᠯᠴᠠᠭ᠎ᠠ ᠶᠢᠨ ᠲᠢᠩᠬᠢᠮ ᠳᠤ ᠬᠤᠪᠢᠶᠠᠷᠢᠯᠠᠨ ᠤᠷᠤᠭᠤᠯᠤᠨ᠎ᠠ᠃ | ︵ᠳᠦᠷᠪᠡ︶ ᠬᠤᠲᠠ ᠶᠢᠨ ᠬᠠᠮᠢᠶᠠᠷᠤᠯᠲᠠ ᠶᠢᠨ ᠪᠤᠲᠠᠲᠠᠢ ᠡᠭᠦᠷᠭᠡ ᠬᠠᠷᠢᠭᠤᠴᠠᠯᠭ᠎ᠠ ᠶᠢ ᠬᠤᠲᠠ ᠶᠢᠨ | ᠠᠷᠠᠳ ᠤᠨ ᠵᠠᠰᠠᠭ ᠤᠨ ᠤᠷᠳᠤᠨ ᠳᠤ ᠲᠤᠰᠢᠶᠠᠨ ᠦᠭᠬᠦ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ | ᠤᠷᠳᠤᠨ ᠠᠴᠠ ᠬᠠᠮᠢᠶᠠᠷᠤᠯᠲᠠ ᠶᠢᠨ ᠪᠠᠶᠢᠭᠤᠯᠤᠯ ᠢ ᠨᠢ ᠲᠤᠭᠲᠠᠭᠠᠨ᠎ᠠ᠃ | ︵ᠲᠠᠪᠤ︶ ᠤᠷᠤᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠪᠠᠶᠢᠭᠤᠯᠬᠤ᠂ ᠬᠢᠮᠳᠠ ᠳᠦᠷᠢᠶᠡᠰᠦᠨ | ᠤᠷᠤᠨ ᠰᠠᠭᠤᠴᠠ ᠶᠢᠨ ᠳᠦᠷᠢᠮ ᠢ ᠲᠡᠬᠦᠯᠳᠡᠷᠵᠢᠭᠦᠯᠬᠦ᠂ ᠤᠷᠤᠯᠭ᠎ᠠ ᠪᠠᠭᠠᠲᠠᠢ ᠭᠡᠷ ᠪᠦᠯᠢ ᠶᠢᠨ ᠤᠷᠤᠨ ᠰᠠᠭᠤᠴᠠ | ᠬᠦᠴᠢᠷᠳᠡᠯ ᠲᠠᠢ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠡᠮᠡᠨ᠎ᠡ᠃ | ︵ᠵᠢᠷᠭᠤᠭ᠎ᠠ︶ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠨ᠂ | ᠪᠠᠷᠢᠯᠭ᠎ᠠ ᠶᠢᠨ ᠡᠨᠧᠷᠬᠢ ᠠᠷᠪᠢᠯᠠᠬᠤ ᠶᠢ ᠲᠦᠯᠬᠢᠨ ᠠᠬᠢᠭᠤᠯᠵᠤ᠂ ᠬᠦᠮᠦᠰ ᠤᠨ ᠤᠷᠤᠰᠢᠨ ᠰᠠᠭᠤᠬᠤ ᠠᠮᠢ | ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠬᠤᠲᠠ ᠪᠠᠯᠭᠠᠰᠤᠴᠢᠯᠠᠯᠲᠠ ᠶᠢᠨ ᠡᠷᠡᠭᠦᠯ ᠢᠶᠠᠷ ᠬᠦᠭᠵᠢᠬᠦ ᠶᠢ | ᠠᠬᠢᠭᠤᠯᠤᠨ᠎ᠠ᠃ | ᠬᠤᠶᠠᠷ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠡᠮᠬᠢ ᠲᠢᠭᠯᠢᠮ ᠢ ᠵᠢᠷᠤᠮᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ ᠤᠨ | ᠬᠤᠯᠪᠤᠭᠳᠠᠯ ᠪᠦᠬᠦᠢ ᠤᠷᠤᠨ ᠰᠠᠭᠤᠴᠠ ᠶᠢᠨ ᠪᠠᠲᠤᠯᠠᠭ᠎ᠠ᠂ ᠬᠤᠲᠠ ᠶᠢᠨ ᠲᠦᠯᠦᠪᠵᠢᠭᠦᠯᠭᠡ᠂ ᠲᠤᠰᠬᠤᠨ | ᠪᠠᠯᠭᠠᠰᠤ ᠶᠢᠨ ᠲᠦᠯᠦᠪᠵᠢᠭᠦᠯᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠦᠲᠦᠭᠡᠨ | ᠪᠠᠶᠢᠭᠤᠯᠤᠯᠲᠠ᠂ ᠲᠤᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠭᠠᠵᠠᠷ | ᠬᠦᠷᠦᠩᠭᠡ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭ ᠲᠦᠯᠦᠪᠯᠡᠭᠡ ᠬᠢᠬᠦ ᠯᠠᠪᠯᠠᠯᠭ᠎ᠠ ᠶᠢᠨ ᠦᠢᠯᠡᠰ᠂ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ᠂ ᠪᠠᠷᠢᠯᠭ᠎ᠠ ᠶᠢᠨ ᠡᠨᠧᠷᠬᠢ ᠠᠷᠪᠢᠯᠠᠬᠤ ᠵᠡᠷᠭᠡ ᠶᠢᠨ | ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠵᠤ᠂ | ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠤᠷᠤᠨ | ᠨᠤᠲᠤᠭ ᠤᠨ ᠴᠢᠨᠠᠷᠲᠠᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠦᠰᠦᠯ ᠪᠤᠯᠤᠨ ᠬᠡᠷᠡᠭᠵᠢᠭᠦᠯᠬᠦ ᠠᠷᠭ᠎ᠠ ᠶᠢ | ᠲᠤᠭᠤᠷᠪᠢᠨ᠎ᠠ᠃ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠳᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠪᠦᠬᠦ | ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠦᠭᠵᠢᠯᠲᠡ ᠶᠢᠨ | ᠪᠠᠶᠢᠯᠳᠤᠬᠤ ᠪᠤᠳᠤᠯᠭ᠎ᠠ᠂ ᠤᠷᠲᠤᠪᠲᠤᠷ ᠪᠠ ᠤᠷᠲᠤ ᠬᠤᠭᠤᠴᠠᠭᠠᠨ ᠤ ᠲᠦᠯᠦᠪᠵᠢᠭᠦᠯᠭᠡ ᠶᠢ ᠲᠤᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠶᠠᠷ︶ ᠬᠤᠲᠠ ᠪᠠᠯᠭᠠᠰᠤ ᠶᠢᠨ ᠤᠷᠤᠯᠭ᠎ᠠ ᠪᠠᠭᠠᠲᠠᠢ ᠬᠡᠷ ᠪᠦᠯᠢ ᠶᠢᠨ ᠤᠷᠤᠨ ᠰᠠᠭᠤᠴᠠ ᠶᠢ | ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠤᠷᠤᠨ ᠤ ᠤᠷᠤᠨ ᠰᠠᠭᠤᠴᠠ ᠶᠢᠨ ᠪᠠᠲᠤᠯᠠᠭ᠎ᠠ ᠶᠢᠨ | ᠬᠦᠭᠵᠢᠯᠲᠡ ᠶᠢᠨ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ | ᠬᠡᠷᠡᠭᠵᠢᠭᠦᠯᠦᠨ᠎ᠡ᠃ ᠬᠢᠮᠳᠠ ᠳᠦᠷᠢᠶᠡᠰᠦᠨ ᠤᠷᠤᠨ ᠰᠠᠭᠤᠴᠠ ᠶᠢᠨ ᠲᠦᠷᠦ ᠶᠢᠨ ᠪᠤᠳᠤᠯᠭ᠎ᠠ ᠬᠢᠭᠡᠳ | ᠲᠦᠯᠦᠪᠵᠢᠭᠦᠯᠭᠡ ᠶᠢ ᠲᠤᠭᠲᠠᠭᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠦᠪ ᠪᠤᠯᠤᠨ | ᠦᠪᠡᠷᠲᠡᠭᠡᠨ ᠵᠠᠰᠠᠬᠤ ᠤᠷᠤᠨ ᠤ ᠬᠢᠮᠳᠠ ᠳᠦᠷᠢᠶᠡᠰᠦᠨ ᠤᠷᠤᠨ ᠰᠠᠭᠤᠴᠠ ᠶᠢᠨ ᠪᠡᠯᠡ ᠮᠦᠡᠭᠭᠦ ᠲᠤᠬᠢᠷᠠᠭᠤᠯᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ︶ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠤᠷᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠭᠦᠯᠬᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠵᠤ᠂ ᠪᠦᠬᠦ ᠤᠷᠤᠨ ᠤ ᠤᠷᠤᠨ | ᠰᠠᠭᠤᠴᠡ ᠶᠢᠨ ᠪᠦᠲᠦᠭᠡᠨ ᠪᠠᠶᠢᠭᠤᠯᠤᠯᠲᠠ ᠪᠠ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ | ᠵᠢᠯᠤᠭᠤᠳᠤᠨ᠎ᠠ᠃ | ︵ᠳᠦᠷᠪᠡ︶ ᠬᠤᠲᠠ ᠬᠦᠳᠡᠭᠡ ᠶᠢᠨ ᠲᠦᠯᠦᠪᠵᠢᠭᠦᠯᠭᠡ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ | ᠨᠠᠶᠢᠷᠠᠭᠤᠯᠤᠨ ᠵᠤᠬᠢᠶᠠᠬᠤ ᠪᠠ ᠬᠡᠷᠡᠭᠵᠢᠭᠦᠯᠵᠤ᠂ ᠪᠦᠬᠦ ᠤᠷᠤᠨ ᠤ ᠬᠤᠲᠠ ᠬᠦᠳᠡᠭᠡ ᠶᠢᠨ ᠲᠦᠯᠦᠪᠵᠢᠭᠦᠯᠭᠡ ᠶᠢᠨ | ᠲᠦᠷᠦ ᠶᠢᠨ ᠪᠤᠳᠤᠯᠭ᠎ᠠ ᠪᠠ ᠳᠦᠷᠢᠮ ᠲᠤᠭᠲᠠᠭᠠᠯ ᠢ ᠲᠤᠭᠲᠠᠭᠠᠨ᠂ ᠪᠦᠬᠦ ᠤᠷᠤᠨ ᠤ ᠬᠤᠲᠠ ᠬᠦᠳᠡᠭᠡ ᠶᠢᠨ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠬᠦ ᠶᠢ ᠵᠢᠯᠤᠭᠤᠳᠤᠨ᠎ᠠ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠤᠷᠤᠨ ᠤ ᠬᠤᠲᠠ ᠪᠠᠯᠭᠠᠰᠤ ᠶᠢᠨ ᠰᠢᠰᠲ᠋ᠧᠮᠵᠢ ᠶᠢᠨ | ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠤ᠂ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠲᠤᠰᠢᠶᠠᠭᠰᠠᠨ ᠬᠤᠲᠠ ᠶᠢᠨ ᠶᠡᠷᠦᠩᠭᠡᠢ ᠲᠦᠯᠦᠪᠵᠢᠭᠦᠯᠭᠡ᠂ ᠤᠷᠤᠨ | ᠪᠦᠰᠡ ᠶᠢᠨ ᠬᠤᠲᠠ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ | ᠵᠦᠪᠰᠢᠶᠡᠷᠡᠭᠦᠯᠬᠦ ᠶᠢ ᠬᠠᠷᠢᠭᠤᠴᠠᠨ᠂ ᠭᠠᠵᠠᠷ ᠰᠢᠷᠦᠢ ᠠᠰᠢᠭᠯᠠᠬᠤ ᠶᠡᠷᠦᠩᠭᠡᠢ ᠲᠦᠯᠦᠪᠵᠢᠭᠦᠯᠭᠡ ᠶᠢ ᠬᠢᠨᠠᠨ | ᠪᠠᠶᠢᠴᠠᠭᠠᠬᠤ ᠳᠤ ᠤᠷᠤᠯᠴᠠᠨ᠎ᠠ᠃ | ︵ᠲᠠᠪᠤ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠶᠠ ᠶᠢ ᠬᠢᠨᠠᠯᠲᠠ ᠲᠠᠯᠪᠢᠨ ᠬᠡᠷᠡᠭᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠱᠠᠲᠤ ᠦᠶ᠎ᠡ ᠶᠢᠨ ᠤᠷᠤᠨ | ᠨᠤᠲᠤᠭ ᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠲᠠᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠦᠬᠦ ᠤᠷᠤᠨ ᠤ ᠨᠢᠭᠡᠳᠤᠯᠲᠠᠢ ᠲᠤᠭᠲᠠᠭᠠᠭᠰᠠᠨ ᠨᠤᠷᠮ᠎ᠠ ᠪᠤᠯᠤᠨ ᠠᠵᠢᠯ ᠲᠦᠷᠦᠯ ᠤᠨ ᠪᠠᠷᠢᠮᠵᠢᠶ᠎ᠠ ᠶᠢ ᠲᠤᠭᠲᠠᠭᠠᠵᠤ | ᠨᠡᠶᠢᠲᠡᠯᠡᠨ᠎ᠡ︔ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠤᠯᠬᠤᠶᠢᠴᠡ ᠰᠤᠳᠤᠯᠤᠯ ᠤᠨ ᠦᠨᠡᠯᠡᠯᠲᠡ ᠬᠢᠬᠦ | ᠠᠷᠭ᠎ᠠ᠂ ᠠᠵᠤ ᠠᠬᠤᠢ ᠶᠢᠨ ᠪᠤᠯᠵᠤᠯᠲᠤ ᠲᠤᠭ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠤᠯᠤᠨ ᠪᠠᠷᠢᠯᠭ᠎ᠠ ᠶᠢᠨ | ᠦᠢᠯᠡᠳᠦᠭᠰᠡᠨ ᠦᠨ᠎ᠡ ᠶᠢᠨ ᠬᠠᠮᠢᠶᠠᠷᠤᠯᠲᠠ ᠶᠢᠨ ᠲᠤᠭᠲᠠᠭᠠᠯ ᠢ ᠲᠤᠭᠲᠠᠭᠠᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠭᠡᠮᠵᠢ ︵ᠴᠢᠮᠡᠭᠡ ᠬᠤᠯᠪᠤᠭᠠᠨ ᠤ ᠪᠡᠯᠡᠳᠭᠡᠮᠵᠢ ᠪᠠᠭᠲᠠᠬᠤ ᠦᠭᠡᠢ︶ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠯ᠎ᠡ | ᠲᠦᠷᠦᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠤᠭᠲᠠᠭᠠᠭᠰᠠᠨ ᠨᠤᠷᠮ᠎ᠠ ᠪᠤᠯᠤᠨ | ᠪᠠᠷᠢᠯᠭ᠎ᠠ ᠶᠢᠨ ᠦᠢᠯᠡᠳᠦᠭᠰᠡᠨ ᠦᠨ᠎ᠡ ᠶᠢ ᠦᠨᠡᠯᠡᠨ ᠵᠢᠱᠢᠬᠦ ᠶᠢ ᠵᠢᠯᠤᠭᠤᠳᠴᠤ ᠬᠢᠨᠠᠯᠲᠠ ᠲᠠᠯᠪᠢᠨ᠂ ᠪᠠᠷᠢᠯᠭ᠎ᠠ ᠶᠢᠨ | ᠦᠢᠯᠡᠳᠦᠭᠰᠡᠨ ᠦᠨ᠎ᠡ ᠶᠢᠨ ᠮᠡᠳᠡᠭᠡ ᠵᠠᠩᠭᠢ ᠶᠢ ᠵᠤᠬᠢᠶᠠᠨ ᠪᠠᠶᠢᠭᠤᠯᠤᠨ ᠨᠡᠶᠢᠲᠡᠯᠡᠨ᠎ᠡ᠃ | ︵ᠵᠢᠷᠭᠤᠭ᠎ᠠ︶ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠵᠢᠷᠤᠮᠵᠢᠭᠤᠯᠬᠤ᠂ ᠬᠡᠷ | ᠭᠠᠵᠠᠷ ᠭᠦᠷᠦᠩᠭᠡ ᠶᠢᠨ ᠵᠠᠬ᠎ᠠ ᠳᠡᠯᠭᠡᠬᠦᠷ ᠢ ᠬᠢᠨᠠᠯᠲᠠ ᠲᠠᠯᠪᠢᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠬᠤ ᠪᠤᠶᠤ ᠬᠠᠮᠵᠢᠯᠴᠠᠨ ᠪᠦᠬᠦ ᠤᠷᠤᠨ ᠤ ᠬᠡᠷ ᠭᠠᠵᠠᠷ | ᠬᠦᠷᠦᠩᠭᠡ ᠶᠢᠨ ᠵᠠᠬ᠎ᠠ ᠳᠡᠯᠭᠡᠬᠦᠷ ᠢ ᠬᠢᠨᠠᠨ ᠬᠠᠮᠢᠶᠠᠷᠬᠤ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ | ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠤ᠂ ᠬᠤᠲᠠ ᠪᠠᠯᠭᠠᠰᠤ ᠶᠢᠨ ᠭᠠᠵᠠᠷ ᠰᠢᠷᠤᠢ ᠬᠡᠷᠡᠭᠯᠡᠬᠦ | ᠡᠷᠭᠡ ᠶᠢ ᠲᠦᠯᠦᠪᠦᠷᠢ ᠲᠠᠢ ᠰᠢᠯᠵᠢᠭᠦᠯᠬᠦ ᠪᠠ ᠨᠡᠭᠡᠭᠡᠨ ᠠᠰᠢᠭᠯᠠᠬᠤ ᠠᠵᠢᠯ ᠢ ᠵᠢᠯᠤᠭᠤᠳᠤᠨ᠎ᠠ︔ ᠭᠡᠷ ᠭᠠᠵᠠᠷ | ᠬᠦᠷᠦᠩᠭᠡ ᠶᠢᠨ ᠦᠢᠯᠡᠰ ᠤᠨ ᠠᠵᠢᠯ ᠲᠦᠷᠦᠯ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠠᠵᠤ ᠦᠢᠯᠡᠰ ᠤᠨ | ᠲᠦᠷᠦ ᠶᠢᠨ ᠪᠤᠳᠤᠯᠭ᠎ᠠ ᠶᠢ ᠳᠤᠷᠠᠳᠴᠤ᠂ ᠭᠡᠷ ᠭᠠᠵᠠᠷ ᠬᠦᠷᠦᠩᠭᠡ ᠶᠢᠨ ᠨᠡᠭᠡᠭᠡᠯᠲᠡ᠂ ᠬᠡᠷ ᠪᠠᠶᠢᠰᠢᠩ ᠤᠨ ᠡᠷᠭᠡ ᠶᠢᠨ | ᠬᠠᠷᠢᠶ᠎ᠠ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠳᠦᠷᠢᠶᠡᠰᠦᠯᠡᠯ᠂ ᠬᠡᠷ ᠪᠠᠶᠢᠰᠢᠩ ᠤᠨ ᠲᠠᠯᠠᠪᠠᠢ ᠶᠢᠨ | ᠬᠠᠮᠢᠶᠠᠷᠤᠯᠲᠠ᠂ ᠭᠠᠵᠠᠷ ᠬᠦᠷᠦᠩᠭᠡ ᠶᠢᠨ ᠦᠨ᠎ᠡ ᠶᠢᠨ ᠵᠢᠱᠢᠯᠲᠠ ᠬᠢᠭᠡᠳ ᠵᠠᠭᠤᠴᠢᠯᠠᠬᠤ ᠬᠠᠮᠢᠶᠠᠷᠤᠯᠲᠠ᠂ ᠠᠲᠠᠯ | ᠠᠬᠤᠢ ᠶᠢᠨ ᠬᠠᠮᠢᠶᠠᠷᠤᠯᠲᠠ᠂ ᠬᠡᠷ ᠪᠠᠶᠢᠰᠢᠩ ᠲᠠᠲᠠᠪᠤᠷᠢᠯᠠᠨ ᠨᠤᠷᠠᠭᠠᠵᠤ ᠨᠡᠭᠦᠯᠭᠡᠬᠦ ᠳᠦᠷᠢᠮ ᠲᠤᠭᠲᠠᠭᠠᠯ ᠢ | ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠳᠤᠯᠤᠭ᠎ᠠ︶ ᠪᠠᠷᠢᠯᠭ᠎ᠠ ᠶᠢᠨ ᠵᠠᠬ᠎ᠠ ᠳᠡᠯᠭᠡᠬᠦᠷ ᠢ ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ | ᠡᠯ᠎ᠡ ᠪᠤᠳᠠᠲᠤ ᠴᠤᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠦᠬᠦ ᠤᠷᠤᠨ ᠤ ᠪᠠᠷᠢᠯᠭ᠎ᠠ ᠶᠢᠨ | ᠠᠵᠢᠯᠯᠠᠭ᠎ᠠ ᠶᠢ ᠵᠢᠯᠤᠭᠤᠳᠴᠤ᠂ ᠭᠡᠷ ᠪᠠᠶᠢᠰᠢᠩ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠦᠷᠦᠯ ᠵᠦᠢᠯ ᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ ᠬᠠᠶᠢᠨ ᠪᠠᠶᠢᠴᠠᠭᠠᠵᠤ | ᠵᠢᠷᠤᠭᠯᠠᠨ ᠲᠦᠯᠦᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠠᠰᠠᠵᠤ ᠴᠢᠮᠡᠭᠯᠡᠬᠦ᠂ ᠪᠦᠲᠦᠭᠡᠨ ᠪᠠᠶᠢᠭᠤᠯᠤᠯᠲᠠ ᠶᠢ ᠬᠢᠨᠠᠨ | ᠬᠠᠮᠢᠶᠠᠷᠬᠤ ᠲᠦᠷᠦ ᠶᠢᠨ ᠪᠤᠳᠤᠯᠭ᠎ᠠ ᠪᠠ ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ | ᠵᠢᠷᠤᠭᠯᠠᠨ ᠲᠦᠯᠦᠪᠯᠡᠬᠦ ᠠᠵᠢᠯ ᠲᠦᠷᠦᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ ᠤᠷᠲᠤᠪᠲᠤᠷ ᠪᠠ ᠤᠷᠲᠤ | ᠬᠤᠭᠤᠴᠠᠭᠠᠨ ᠤ ᠲᠦᠯᠦᠪᠵᠢᠭᠦᠯᠭᠡ᠂ ᠦᠭᠡᠷᠡᠴᠢᠯᠡᠯᠲᠡ ᠶᠢᠨ ᠲᠦᠰᠦᠯ᠂ ᠠᠵᠤ ᠦᠢᠯᠡᠰ ᠤᠨ ᠲᠦᠷᠦ ᠶᠢᠨ ᠪᠤᠳᠤᠯᠭ᠎ᠠ | ᠂ ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠠᠷᠢᠯᠭ᠎ᠠ ᠶᠢᠨ ᠵᠠᠬ᠎ᠠ | ᠳᠡᠯᠭᠡᠬᠦᠷ ᠤᠨ ᠡᠯ᠎ᠡ ᠪᠤᠲᠠᠲᠤ ᠴᠤᠭᠴᠠ ᠶᠢᠨ ᠦᠢᠯᠡ ᠠᠵᠢᠯᠯᠠᠭ᠎ᠠ ᠶᠢᠨ ᠳᠦᠷᠢᠮ ᠲᠤᠭᠲᠠᠭᠠᠯ ᠢ ᠲᠤᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ | ᠳᠠᠭᠠᠳᠬᠠᠯ ᠤᠨ ᠵᠠᠷᠤᠳᠠᠯ ᠴᠤᠭᠯᠠᠭᠤᠯᠬᠤ ᠬᠠᠮᠢᠶᠠᠷᠤᠯᠲᠠ ᠶᠢ ᠬᠠᠷᠢᠭᠤᠴᠠᠨ᠂ ᠪᠠᠷᠢᠯᠭ᠎ᠠ ᠶᠢᠨ ᠠᠵᠤ ᠠᠬᠤᠶᠢᠯᠠᠯ ᠤᠨ | ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠦᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠬᠢᠬᠦ ᠶᠢ ᠵᠤᠬᠢᠶᠠᠨ | ᠪᠠᠶᠢᠭᠤᠯᠤᠨ ᠵᠤᠬᠢᠴᠠᠭᠤᠯᠤᠨ᠎ᠠ᠃ | ︵ᠨᠠᠢᠮᠠ︶ ᠬᠤᠲᠠ ᠶᠢᠨ ᠲᠦᠯᠦᠪᠵᠢᠭᠦᠯᠭᠡ ᠬᠢᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠠᠵᠢᠯ ᠢ | ᠵᠢᠯᠤᠭᠤᠳᠴᠤ᠂ ᠬᠤᠲᠠ ᠶᠢᠨ ᠶᠠᠪᠤᠳᠠᠯ ᠤᠨ ᠤᠯᠠᠨ ᠨᠡᠶᠢᠲᠡ ᠶᠢᠨ ᠬᠡᠷᠡᠭᠯᠡᠬᠡᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ᠂ ᠠᠶᠤᠯ ᠦᠭᠡᠢ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠢᠯᠤᠭᠤᠳᠴᠤ᠂ | ᠬᠤᠲᠠ ᠶᠢᠨ ᠤᠰᠤ ᠬᠠᠨᠭ᠍ᠭᠠᠬᠤ᠂ ᠤᠰᠤ ᠭᠠᠳᠠᠭᠰᠢᠯᠠᠭᠤᠯᠬᠤ᠂ ᠪᠤᠬᠢᠷ ᠤᠰᠤ ᠰᠢᠢᠳᠪᠦᠷᠢᠯᠡᠬᠦ ᠵᠡᠷᠭᠡ ᠠᠵᠢᠯ ᠢ | ᠵᠢᠯᠤᠭᠤᠳᠤᠨ᠎ᠠ᠃ ᠪᠦᠬᠦ ᠤᠷᠤᠨ ᠤ ᠦᠵᠡᠮᠵᠢᠲᠤ ᠨᠡᠷᠡᠲᠤ ᠤᠷᠤᠨ ᠤ ᠬᠦᠭᠵᠢᠭᠦᠯᠦᠯᠲᠡ ᠶᠢᠨ ᠲᠦᠯᠦᠪᠵᠢᠭᠦᠯᠭᠡ᠂ | ᠲᠦᠷᠦ ᠶᠢᠨ ᠪᠤᠳᠤᠯᠭ᠎ᠠ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ ᠦᠵᠡᠮᠵᠢᠲᠦ ᠨᠡᠷᠡᠲᠤ | ᠤᠷᠤᠨ ᠢ ᠬᠢᠨᠠᠨ ᠪᠠᠶᠢᠴᠠᠭᠠᠵᠤ ᠮᠡᠳᠡᠭᠦᠯᠦᠨ ᠵᠦᠪᠰᠢᠶᠡᠷᠡᠭᠦᠯᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ | ᠳᠡᠯᠡᠬᠡᠢ ᠶᠢᠨ ᠪᠠᠶᠢᠭᠠᠯᠢ ᠶᠢᠨ ᠦᠪ ᠢᠶᠠᠷ ᠮᠡᠳᠡᠭᠦᠯᠬᠦ ᠶᠢ ᠵᠤᠬᠢᠶᠠᠨ ᠪᠠᠶᠢᠭᠤᠯᠤᠨ ᠬᠢᠨᠠᠵᠤ᠂ ᠲᠡᠤᠭᠡ ᠶᠢᠨ ᠳᠤᠷᠠᠰᠬᠠᠯᠲᠤ | ᠵᠦᠢᠯᠡᠰ ᠤᠨ ᠵᠡᠷᠭᠡ ᠲᠠᠢ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠤᠷᠠᠨ | ᠳᠡᠯᠡᠬᠡᠢ ᠶᠢᠨ ᠪᠠᠶᠢᠭᠠᠯᠢ ᠬᠢᠭᠡᠳ ᠰᠤᠶᠤᠯ ᠬᠤᠶᠠᠳᠠᠮᠠᠯ ᠦᠪ ᠢᠶᠠᠷ ᠮᠡᠳᠡᠭᠦᠯᠬᠦ ᠶᠢ ᠵᠤᠬᠢᠶᠠᠨ ᠪᠠᠶᠢᠭᠤᠯᠤᠨ᠂ | ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠤᠷᠠᠨ ᠲᠡᠤᠬᠡ ᠰᠤᠶᠤᠯ ᠤᠨ | ᠨᠡᠷᠡᠲᠤ ᠬᠤᠲᠠ ︵ᠪᠠᠯᠭᠠᠰᠤ᠂ ᠲᠤᠰᠬᠤᠨ︶ ᠶᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠶᠢᠰᠦ︶ ᠲᠤᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠪᠠ ᠵᠢᠯᠤᠭᠤᠳᠬᠤ | ᠬᠠᠷᠢᠭᠤᠴᠠᠯᠭ᠎ᠠ ᠶᠢ ᠡᠬᠦᠷᠬᠡᠯᠡᠨ᠎ᠡ᠃ ᠲᠤᠰᠬᠤᠨ ᠪᠠ ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠲᠦᠷᠦ ᠶᠢᠨ ᠪᠤᠳᠤᠯᠭ᠎ᠠ᠂ ᠬᠦᠭᠵᠢᠭᠦᠯᠦᠯᠲᠡ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ | ᠬᠡᠷᠡᠭᠵᠢᠬᠦᠯᠦᠨ᠎ᠡ︔ ᠪᠦᠬᠦ ᠤᠷᠤᠨ ᠤ ᠲᠤᠰᠬᠤᠨ ᠪᠠᠯᠭᠠᠰᠤ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ᠂ | ᠲᠠᠷᠢᠶᠠᠯᠠᠬᠤ ᠮᠠᠯᠵᠢᠬᠤ ᠤᠷᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠬᠡᠷ | ᠪᠠᠶᠢᠰᠢᠩ ᠢ ᠰᠢᠨᠠᠳᠭᠡᠨ ᠵᠠᠰᠠᠬᠤ ᠶᠢ ᠵᠢᠯᠤᠭᠤᠳᠤᠨ᠎ᠠ︔ ᠪᠠᠭ᠎ᠠ ᠬᠤᠲᠠ ᠪᠠᠯᠭᠠᠰᠤ᠂ ᠲᠤᠰᠬᠤᠨ ᠤ ᠰᠠᠭᠤᠷᠢ | ᠪᠡᠯᠡᠳᠬᠡᠮᠵᠢ ᠪᠠ ᠬᠦᠮᠦᠰ ᠤᠨ ᠤᠷᠤᠰᠢᠨ ᠰᠠᠭᠤᠬᠤ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ | ᠠᠵᠢᠯ ᠢ ᠵᠢᠯᠤᠭᠤᠳᠤᠨ᠎ᠠ︔ ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠ ᠲᠤᠰᠬᠤᠨ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠬᠠᠷᠢᠭᠤᠴᠠᠨ᠂ ᠪᠦᠬᠦ ᠤᠷᠤᠨ ᠤ ᠭᠤᠤᠯᠳᠠᠯᠭ᠎ᠠ ᠲᠠᠢ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ | ︵ᠠᠷᠪᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠢ | ᠦᠢᠯᠡᠳᠪᠦᠷᠢᠯᠡᠯ ᠪᠤᠯᠤᠨ ᠪᠠᠷᠢᠯᠭ᠎ᠠ ᠳᠠᠭᠤᠰᠤᠭᠰᠠᠨ ᠤ ᠰᠢᠯᠭᠠᠨ ᠠᠪᠴᠤ ᠳᠠᠩᠰᠠᠯᠠᠬᠤ ᠲᠦᠷᠦ ᠶᠢᠨ ᠪᠤᠳᠤᠯᠭ᠎ᠠ᠂ | ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠦᠨ᠎ᠡ︔ ᠪᠠᠷᠢᠯᠭ᠎ᠠ ᠶᠢᠨ ᠶᠠᠰᠤ | ᠴᠢᠨᠠᠷ᠂ ᠠᠶᠤᠯ ᠦᠭᠡᠢ ᠶᠢᠨ ᠬᠦᠨᠳᠤ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠬᠤ ᠪᠤᠶᠤ | ᠤᠷᠤᠯᠴᠠᠨ᠂ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠯᠠᠪᠯᠠᠯᠭ᠎ᠠ ᠶᠢᠨ | ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤ ᠶᠢᠨ ᠪᠤᠬᠢᠷᠳᠤᠯ | ᠭᠠᠳᠠᠭᠰᠢᠯᠠᠭᠤᠯᠬᠤ ᠶᠢ ᠪᠠᠭᠠᠰᠬᠠᠬᠤ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠤᠷᠤᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦ ᠶᠢᠨ | ᠪᠤᠳᠤᠯᠭ᠎ᠠ᠂ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ | ᠡᠨᠧᠷᠬᠢ ᠠᠷᠪᠢᠯᠠᠬᠤ ᠴᠢᠬᠤᠯᠠ ᠶᠡᠭᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠡᠷ ᠪᠠᠶᠢᠰᠢᠩ ᠤᠨ | ᠬᠡᠷᠡᠮ ᠤᠨ ᠮᠠᠲ᠋ᠧᠷᠢᠶᠠᠯ ᠢ ᠰᠢᠨᠡᠴᠢᠯᠡᠬᠦ ᠠᠵᠢᠯ ᠢ ᠵᠢᠯᠤᠭᠤᠳᠤᠨ᠎ᠠ᠃ ᠤᠷᠤᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ | ᠪᠠ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ | ᠲᠦᠷᠦᠯ ᠵᠦᠢᠯ ᠤᠨ ᠪᠤᠭᠤᠮᠳᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠵᠤᠬᠢᠶᠠᠨ ᠪᠠᠶᠢᠭᠤᠯᠤᠨ᠎ᠠ᠃ | ︵ᠠᠷᠪᠠᠨ ᠬᠤᠶᠠᠷ︶ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢ ᠪᠦᠲᠦᠮᠵᠢᠲᠠᠢ ᠬᠡᠷᠡᠭᠯᠡᠬᠦ ᠪᠠ | ᠠᠶᠤᠯ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ | ᠤᠷᠤᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢᠨ ᠲᠦᠷᠦ ᠶᠢᠨ ᠪᠤᠳᠤᠯᠭ᠎ᠠ᠂ | ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠷᠤᠨ | ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ ᠬᠠᠮᠢᠶᠠᠷᠬᠤ ᠪᠠ | ᠬᠢᠨᠠᠯᠲᠠ ᠲᠠᠯᠪᠢᠬᠤ ᠳᠦᠷᠢᠮ ᠢ ᠲᠤᠭᠲᠠᠭᠠᠵᠤ᠂ ᠪᠦᠬᠦ ᠤᠷᠤᠨ ᠤ ᠤᠷᠤᠨ ᠰᠠᠭᠤᠴᠠ ᠶᠢᠨ ᠨᠡᠶᠢᠲᠡ ᠶᠢᠨ | ᠬᠤᠷᠠᠮᠳᠤᠯᠭ᠎ᠠ ᠶᠢᠨ ᠮᠦᠡᠭᠭᠦ ᠪᠤᠯᠤᠨ ᠤᠷᠤᠨ ᠰᠠᠭᠤᠴᠠ ᠶᠢᠨ ᠪᠤᠰᠤᠳ ᠪᠡᠯᠡ ᠮᠦᠡᠭᠭᠦ ᠶᠢᠨ ᠬᠠᠮᠢᠶᠠᠷᠤᠯᠲᠠ᠂ | ᠬᠡᠷᠡᠭᠯᠡᠯᠲᠡ ᠪᠠ ᠠᠶᠤᠯ ᠦᠭᠡᠢ ᠳᠤ ᠬᠢᠨᠠᠯᠲᠠ ᠲᠠᠯᠪᠢᠵᠤ᠂ ᠤᠷᠤᠨ ᠰᠠᠭᠤᠴᠠ ᠶᠢᠨ ᠨᠡᠶᠢᠲᠡ ᠶᠢᠨ | ᠬᠤᠳᠠᠮᠳᠤᠯᠭᠠ ᠶᠢᠨ ᠮᠦᠡᠭᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃ | ︵ᠠᠷᠪᠠᠨ ᠭᠤᠷᠪᠠ︶ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠶᠢᠨ ᠭᠠᠳᠠᠭᠠᠲᠤ ᠯᠤᠭ᠎ᠠ ᠶᠢᠨ ᠰᠤᠯᠢᠯᠴᠠᠭ᠎ᠠ᠂ ᠬᠤᠷᠰᠢᠯᠴᠠᠭ᠎ᠠ ᠶᠢ ᠦᠷᠨᠢᠭᠦᠯᠦᠨ᠎ᠡ᠃ | ︵ᠠᠷᠪᠠᠨ ᠳᠦᠷᠪᠡ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠡ᠃ | ᠭᠤᠷᠪᠠ᠂ ᠲᠤᠲᠤᠭᠠᠲᠤ ᠪᠠᠶᠢᠭᠤᠯᠤᠮᠵᠢ | ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ | ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ 14 ᠲᠤᠲᠤᠭᠠᠲᠤ | ᠪᠠᠶᠢᠭᠤᠯᠤᠮᠵᠢ ᠲᠤᠬᠢᠷᠠᠭᠤᠯᠪᠠ᠄ | ︵ᠨᠢᠭᠡ︶ ᠠᠯᠪᠠᠨ ᠬᠡᠷ | ᠴᠢᠬᠤᠯᠠ ᠡᠬᠡ ᠪᠢᠴᠢᠭ ᠲᠤᠭᠤᠷᠪᠢᠬᠤ ᠶᠢ ᠬᠠᠷᠢᠭᠤᠴᠠᠨ᠂ ᠪᠠᠶᠢᠭᠤᠯᠭ᠎ᠠ ᠶᠢᠨ ᠳᠦᠷᠢᠮ ᠲᠤᠭᠲᠠᠭᠠᠯ ᠢ | ᠲᠤᠭᠲᠠᠭᠠᠨ᠎ᠠ᠃ ᠪᠢᠴᠢᠭ ᠮᠠᠲ᠋ᠧᠷᠢᠶᠠᠯ ᠳᠦᠷᠰᠦᠲᠤ ᠴᠠᠬᠢᠯᠭᠠᠨ ᠮᠡᠳᠡᠭᠡ ᠰᠢᠢᠳᠪᠦᠷᠢᠯᠡᠬᠦ᠂ ᠬᠤᠷᠠᠯ ᠤᠨ ᠶᠠᠪᠤᠳᠠᠯ᠂ | ᠨᠢᠭᠤᠴᠠ ᠮᠠᠲ᠋ᠧᠷᠢᠶᠠᠯ᠂ ᠮᠡᠳᠡᠭᠡ ᠵᠠᠩᠭᠢ᠂ ᠨᠢᠭᠤᠴᠠ ᠬᠠᠮᠠᠭᠠᠯᠠᠬᠤ᠂ ᠵᠠᠬᠢᠲᠠᠯ ᠰᠤᠷᠪᠤᠯᠵᠢᠯᠠᠯ᠂ ᠶᠡᠷᠦᠩᠭᠡᠶᠢᠯᠡᠨ | ᠵᠠᠰᠠᠬᠤ᠂ ᠰᠤᠨᠢᠨ ᠮᠡᠳᠡᠭᠡᠨ ᠤ ᠤᠬᠠᠭᠤᠯᠭ᠎ᠠ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠪᠢᠴᠢᠭ ᠬᠠᠷ᠎ᠠ ᠶᠢᠨ ᠳᠠᠩᠰᠠ | ᠡᠪᠬᠡᠮᠡᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ | ᠢᠯᠡ ᠪᠤᠯᠭᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠴᠢᠬᠤᠯᠠ ᠠᠵᠢᠯ ᠤᠨ ᠵᠦᠢᠯᠡᠰ ᠢ ᠬᠢᠨᠠᠨ ᠪᠠᠶᠢᠴᠠᠭᠠᠵᠤ᠂ | ᠰᠢᠮᠳᠠᠭᠤᠯᠤᠨ ᠬᠢᠯᠭᠡᠨ᠎ᠡ᠃ | ︵ᠬᠤᠶᠠᠷ︶ ᠠᠵᠢᠯᠲᠠᠨ ᠤ ᠭᠠᠵᠠᠷ | ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠡ ᠶᠢᠨ ᠠᠵᠢᠯᠲᠠᠨ ᠪᠠ ᠪᠠᠶᠢᠭᠤᠯᠤᠮᠵᠢ ᠶᠢᠨ ᠤᠷᠤᠨ | ᠲᠤᠭ᠎ᠠ ᠶᠢᠨ ᠠᠵᠢᠯ ᠢ ᠬᠠᠷᠢᠭᠤᠴᠠᠨ᠎ᠠ᠃ ᠠᠵᠢᠯ ᠲᠦᠷᠦᠯ ᠤᠨ ᠪᠤᠯᠪᠠᠰᠤᠷᠠᠭᠤᠯᠤᠯ ᠤᠨ ᠲᠦᠯᠦᠪᠵᠢᠭᠦᠯᠭᠡ᠂ ᠤᠨ ᠤ | ᠲᠦᠯᠦᠪᠯᠡᠭᠡ ᠪᠠ ᠬᠡᠷᠡᠭᠵᠢᠭᠦᠯᠬᠦ ᠠᠷᠭ᠎ᠠ ᠶᠢ ᠵᠤᠬᠢᠶᠠᠨ ᠪᠠᠶᠢᠭᠤᠯᠤᠨ ᠲᠤᠭᠲᠠᠭᠠᠨ᠎ᠠ᠃ ᠠᠵᠢᠯ ᠲᠦᠷᠦᠯ ᠤᠨ | ᠡᠷᠬᠢᠯᠡᠭᠰᠡᠨ ᠠᠵᠢᠯ ᠤᠨ ᠪᠠᠷᠢᠮᠵᠢᠶ᠎ᠠ᠂ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠠ᠂ ᠲᠤᠰᠬᠠᠢ ᠮᠡᠷᠭᠡᠵᠢᠯ ᠤᠨ ᠬᠢᠷᠢ | ᠬᠡᠮ ᠤᠨ ᠪᠠᠷᠢᠮᠵᠢᠶ᠎ᠠ ᠶᠢ ᠵᠢᠯᠤᠭᠤᠳᠤᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠴᠤᠭᠯᠠᠭᠤᠯᠤᠨ ᠬᠠᠮᠢᠶᠠᠷᠬᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠪᠤᠯᠪᠠᠰᠤᠷᠠᠭᠤᠯᠤᠯ᠂ ᠠᠵᠢᠯ ᠡᠷᠬᠢᠯᠡᠬᠦ ᠪᠤᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ | ᠬᠦᠮᠦᠵᠢᠯ ᠢ ᠵᠢᠯᠤᠭᠤᠳᠤᠨ᠎ᠠ᠃ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠲᠤᠰᠬᠠᠢ ᠮᠡᠷᠭᠡᠵᠢᠯ ᠤᠨ ᠬᠢᠷᠢ | ᠬᠡᠮ ᠬᠢᠨᠠᠨ ᠲᠤᠭᠲᠠᠭᠠᠬᠤ ᠠᠵᠢᠯ ᠢ ᠳᠠᠭᠠᠭᠠᠨ ᠬᠢᠨ᠎ᠡ᠃ | ︵ᠭᠤᠷᠪᠠ︶ ᠬᠠᠤᠯᠢ ᠲᠤᠭᠲᠠᠭᠠᠯ ᠬᠢᠭᠡᠳ ᠪᠠᠶᠢᠴᠠᠭᠠᠬᠤ ᠭᠠᠵᠠᠷ | ᠤᠷᠤᠨ ᠨᠤᠲᠤᠭ ᠤᠨ ᠴᠢᠨᠠᠷᠲᠠᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠦᠰᠦᠯ ᠢ ᠵᠤᠬᠢᠶᠠᠨ | ᠪᠠᠶᠢᠭᠤᠯᠤᠨ ᠲᠤᠭᠤᠷᠪᠢᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠴᠢᠨᠠᠷ ᠢ | ᠬᠢᠨᠠᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ | ᠪᠦᠬᠦ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ | ᠬᠠᠤᠯᠢ ᠶᠢ ᠲᠦᠭᠡᠮᠡᠯᠵᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠪᠠᠶᠢᠴᠠᠭᠠᠬᠤ ᠵᠡᠷᠭᠡ ᠠᠵᠢᠯ ᠢ ᠵᠢᠯᠤᠭᠤᠳᠤᠨ᠎ᠠ᠃ ᠬᠠᠤᠯᠢ ᠴᠠᠭᠠᠵᠠ | ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠪᠠᠶᠢᠴᠠᠭᠠᠬᠤ ᠶᠢ ᠵᠤᠬᠢᠶᠠᠨ | ᠪᠠᠶᠢᠭᠤᠯᠤᠨ᠂ ᠬᠠᠤᠯᠢ ᠠᠴᠠ ᠵᠦᠷᠢᠴᠡᠭᠰᠡᠨ ᠬᠦᠨᠳᠤ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃ | ︵ᠳᠦᠷᠪᠡ︶ ᠲᠦᠯᠦᠪᠯᠡᠭᠡ ᠡᠳ᠋ ᠤᠨ ᠶᠠᠪᠤᠳᠠᠯ ᠤᠨ ᠭᠠᠵᠠᠷ | ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠬᠦᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠨᠠᠶᠢᠷᠠᠭᠤᠯᠤᠨ ᠵᠤᠬᠢᠶᠠᠵᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠦᠯᠦᠪᠵᠢᠭᠦᠯᠭᠡ᠂ ᠲᠤᠰᠬᠠᠢ ᠵᠦᠢᠯ ᠤᠨ ᠲᠦᠯᠦᠪᠵᠢᠭᠦᠯᠭᠡ ᠪᠤᠯᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠲᠤᠰ ᠱᠠᠲᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠦᠢᠯᠡᠰ ᠤᠨ ᠡᠯ᠎ᠡ ᠵᠦᠢᠯ ᠤᠨ ᠪᠡᠯᠡ ᠮᠦᠡᠭᠭᠦ ᠶᠢ ᠬᠠᠷᠢᠭᠤᠴᠠᠨ ᠶᠠᠷᠦᠩᠭᠡᠶᠢᠯᠡᠨ | ᠬᠠᠮᠢᠶᠠᠷᠤᠨ᠎ᠠ︔ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ | ᠵᠠᠷᠤᠳᠠᠯ ᠬᠤᠷᠢᠶᠠᠬᠤ ᠬᠠᠮᠢᠶᠠᠷᠤᠯᠲᠠ ᠤᠨ ᠠᠵᠢᠯ ᠢ ᠬᠠᠷᠢᠭᠤᠴᠠᠨ᠎ᠠ︔ ᠲᠢᠩᠬᠢᠮ ᠤᠨ ᠬᠠᠷᠢᠶ᠎ᠠ ᠨᠢᠬᠡᠴᠡ ᠬᠢᠭᠡᠳ | ᠨᠡᠶᠢᠬᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠠᠵᠢᠯᠯᠠᠭ᠎ᠠ ᠶᠢ ᠵᠢᠯᠤᠭᠤᠳᠤᠨ ᠬᠢᠨᠠᠯᠲᠠ ᠲᠠᠯᠪᠢᠨ᠎ᠠ︔ ᠪᠦᠲᠦᠭᠡᠨ | ᠪᠠᠶᠢᠭᠤᠯᠤᠯᠲᠠ ᠶᠢᠨ ᠠᠵᠢᠯ ᠦᠢᠯᠡᠰ ᠤᠨ ᠮᠡᠳᠡᠭᠡ ᠵᠠᠩᠭᠢ ᠪᠦᠷᠢᠳᠭᠡᠬᠦ ᠪᠠ ᠭᠠᠲᠠᠭᠠᠲᠤ ᠲᠠᠢ ᠠᠵᠤ ᠠᠬᠤᠢ | ᠮᠡᠷᠭᠡᠵᠢᠯ ᠤᠨ ᠲᠠᠯ᠎ᠠ ᠪᠠᠷ ᠬᠠᠮᠲᠤᠷᠠᠯᠴᠠᠬᠤ ᠶᠢ ᠬᠠᠷᠢᠭᠤᠴᠠᠨ᠎ᠠ᠃ | ︵ᠲᠠᠪᠤ︶ ᠪᠠᠷᠢᠯᠭ᠎ᠠ ᠶᠢᠨ ᠡᠨᠧᠷᠬᠢ ᠠᠷᠪᠢᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ | ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦ ᠶᠢᠨ ᠪᠤᠳᠤᠯᠭ᠎ᠠ ᠪᠠ ᠬᠦᠭᠵᠢᠯᠲᠡ ᠶᠢᠨ ᠲᠦᠯᠦᠪᠵᠢᠭᠦᠯᠭᠡ ᠶᠢ | ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠬᠡᠷ ᠪᠠᠶᠢᠰᠢᠩ ᠤᠨ ᠭᠡᠷᠡᠮ ᠤᠨ ᠮᠡᠲ᠋ᠧᠷᠢᠶᠠᠯ ᠤᠨ | ᠰᠢᠨᠡᠴᠢᠯᠡᠯᠲᠡ ᠶᠢᠨ ᠠᠵᠢᠯ ᠢ ᠵᠢᠯᠤᠭᠤᠳᠤᠨ᠎ᠠ︔ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦᠯ ᠵᠦᠢᠯ ᠤᠨ | ᠲᠦᠯᠦᠪᠯᠡᠭᠡ ᠶᠢ ᠵᠤᠬᠢᠶᠠᠨ ᠪᠠᠶᠢᠭᠤᠯᠤᠨ ᠮᠡᠳᠡᠭᠦᠯᠵᠤ᠂ ᠡᠨᠧᠷᠬᠢ ᠠᠷᠪᠢᠯᠠᠬᠤ ᠲᠤᠰᠬᠠᠢ ᠵᠦᠢᠯ ᠤᠨ ᠪᠡᠯᠡ ᠮᠦᠡᠭᠭᠦ | ᠲᠤᠬᠢᠷᠠᠭᠤᠯᠬᠤ ᠶᠢ ᠬᠠᠷᠢᠭᠤᠴᠠᠨ᠎ᠠ︔ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠤᠯᠠᠷᠢᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢᠯᠡᠳᠭᠦᠨ | ᠳᠡᠯᠭᠡᠷᠡᠬᠦᠯᠦᠨ ᠬᠡᠷᠡᠭᠯᠡᠬᠦ ᠶᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠬᠦ᠂ | ᠤᠷᠤᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠤᠬᠢᠶᠠᠨ ᠪᠠᠶᠢᠭᠤᠯᠤᠨ᠎ᠠ᠃ | ︵ᠵᠢᠷᠭᠤᠭ᠎ᠠ︶ ᠪᠠᠷᠢᠯᠭ᠎ᠠ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ | ᠪᠦᠬᠦ ᠤᠷᠤᠨ ᠤ ᠪᠠᠷᠢᠯᠭ᠎ᠠ ᠶᠢᠨ ᠦᠢᠯᠡᠰ ᠤᠨ ᠦᠭᠡᠷᠡᠴᠢᠯᠡᠯᠲᠡ ᠬᠢᠭᠡᠳ ᠬᠦᠭᠵᠢᠯᠲᠠ ᠶᠢᠨ ᠲᠦᠷᠦ ᠶᠢᠨ | ᠪᠤᠳᠤᠯᠭ᠎ᠠ᠂ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ ᠪᠠᠷᠢᠯᠭ᠎ᠠ ᠪᠠᠷᠢᠬᠤ | ᠪᠠ ᠤᠭᠰᠠᠷᠠᠬᠤ ᠠᠵᠤ ᠠᠬᠤᠶᠢᠯᠠᠯ᠂ ᠪᠠᠷᠢᠯᠭ᠎ᠠ ᠵᠠᠰᠠᠵᠤ ᠴᠢᠮᠡᠭᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢᠨ | ᠬᠠᠮᠢᠶᠠᠷᠤᠯᠲᠠ ᠪᠠ ᠤᠷᠤᠨ ᠤ ᠭᠠᠳᠠᠨᠠᠬᠢ ᠪᠠᠷᠢᠯᠭ᠎ᠠ ᠶᠢᠨ ᠠᠵᠤ ᠠᠬᠤᠶᠢᠯᠠᠯ ᠤᠨ ᠤᠷᠤᠨ ᠤ ᠳᠤᠲᠤᠷ᠎ᠠ ᠤᠷᠤᠵᠤ | ᠢᠷᠠᠨ ᠳᠠᠩᠰᠠᠯᠠᠭᠤᠯᠬᠤ ᠬᠠᠮᠢᠶᠠᠷᠤᠯᠲᠠ ᠶᠢ ᠬᠠᠷᠢᠭᠤᠴᠠᠨ᠎ᠠ︔ ᠪᠠᠷᠢᠯᠭ᠎ᠠ ᠶᠢᠨ ᠦᠢᠯᠡᠰ ᠤᠨ ᠠᠵᠢᠯ ᠡᠷᠬᠢᠯᠡᠬᠦ | ᠬᠦᠮᠦᠰ ᠢ ᠳᠠᠩᠰᠠᠯᠠᠬᠤ ᠬᠠᠮᠢᠶᠠᠷᠤᠯᠲᠠ ᠶᠢ ᠬᠠᠷᠢᠭᠤᠴᠠᠨ᠎ᠠ︔ ᠪᠠᠷᠢᠯᠭ᠎ᠠ ᠶᠢᠨ ᠠᠵᠤ ᠠᠬᠤᠶᠢᠯᠠᠯ ᠤᠨ ᠮᠡᠷᠭᠡᠵᠢᠯ ᠤᠨ | ᠳᠠᠪᠰᠢᠯᠲᠠ ᠪᠠ ᠰᠢᠨ᠎ᠡ ᠶᠢ ᠡᠭᠦᠳᠬᠦ ᠶᠢ ᠵᠢᠯᠤᠭᠤᠳᠬᠤ ᠶᠢᠨ ᠬᠠᠮᠲᠤ ᠮᠡᠷᠭᠡᠵᠢᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ | ᠬᠡᠷᠡᠭᠵᠢᠭᠦᠯᠦᠨ᠎ᠡ︔ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠪᠠᠷᠢᠯᠭ᠎ᠠ ᠪᠠ ᠪᠠᠷᠢᠯᠭ᠎ᠠ ᠪᠠᠷᠢᠬᠤ ᠠᠵᠢᠯ ᠤᠨ ᠠᠷᠭ᠎ᠠ | ᠶᠢ ᠬᠢᠨᠠᠨ ᠲᠤᠭᠲᠠᠭᠠᠬᠤ ᠶᠢᠨ ᠮᠡᠳᠡᠭᠦᠯᠦᠨ ᠵᠦᠪᠰᠢᠶᠡᠷᠡᠭᠦᠯᠬᠦ ᠶᠢ ᠵᠤᠬᠢᠶᠠᠨ ᠪᠠᠶᠢᠭᠤᠯᠤᠨ᠎ᠠ︔ ᠬᠡᠷ ᠪᠠᠶᠢᠰᠢᠩ ᠤᠨ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠵᠢᠴᠢ ᠢᠵᠢ ᠪᠦᠷᠢᠳᠦᠭᠦᠯᠵᠤ ᠤᠭᠰᠠᠷᠠᠭᠤᠯᠬᠤ ᠪᠠᠷᠢᠯᠭ᠎ᠠ ᠶᠢᠨ | ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠯ ᠢ ᠬᠠᠷᠢᠭᠤᠴᠠᠬᠤ ᠶᠢᠨ ᠬᠠᠮᠲᠤ ᠪᠠᠷᠢᠯᠭ᠎ᠠ ᠪᠠᠷᠢᠬᠤ ᠠᠶᠤᠯ | ᠦᠭᠡᠢ ᠶᠢᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠪᠠᠷᠢᠯᠭ᠎ᠠ ᠶᠢᠨ ᠠᠶᠤᠯ ᠦᠭᠡᠢ ᠶᠢᠨ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠪᠠᠴᠢᠮ | ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠳᠤ ᠤᠷᠤᠯᠴᠠᠨ᠎ᠠ︔ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠳ ᠢ ᠬᠢᠨᠠᠨ ᠰᠢᠯᠭᠠᠬᠤ ᠪᠠ ᠬᠦᠳᠡᠯᠦᠩᠭᠦᠢ ᠬᠢᠨᠠᠨ | ᠬᠠᠮᠢᠶᠠᠷᠬᠤ ᠶᠢ ᠬᠠᠷᠢᠭᠤᠴᠠᠨ᠎ᠠ᠃ | ︵ᠳᠤᠯᠤᠭ᠎ᠠ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ | ᠪᠠᠷᠢᠯᠭ᠎ᠠ ᠶᠢᠨ ᠵᠠᠬ᠎ᠠ ᠳᠡᠯᠭᠡᠬᠦᠷ ᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠤ ᠪᠠᠶᠢᠴᠠᠭᠠᠬᠤ ᠶᠢ | ᠬᠠᠷᠢᠭᠤᠴᠠᠨ᠂ ᠪᠠᠷᠢᠯᠭ᠎ᠠ ᠶᠢᠨ ᠵᠠᠬ᠎ᠠ ᠳᠡᠯᠭᠡᠬᠦᠷ ᠢ ᠵᠢᠷᠤᠮᠵᠢᠭᠤᠯᠬᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠪᠤᠳᠠᠲᠠᠢ ᠵᠠᠬ᠎ᠠ ᠳᠡᠯᠬᠡᠭᠦᠷ᠂ ᠪᠠᠷᠢᠯᠭ᠎ᠠ ᠶᠢᠨ | ᠶᠠᠰᠤ ᠴᠢᠨᠠᠷ᠂ ᠪᠠᠷᠢᠯᠭ᠎ᠠ ᠶᠢᠨ ᠦᠢᠯᠡᠳᠦᠭᠰᠡᠨ ᠦᠨ᠎ᠡ᠂ ᠪᠠᠷᠢᠯᠭ᠎ᠠ ᠪᠠᠷᠢᠬᠤ ᠵᠦᠪᠰᠢᠶᠡᠷᠡᠯ᠂ ᠪᠦᠲᠦᠭᠡᠨ | ᠪᠠᠶᠢᠭᠤᠯᠬᠤ ᠶᠢ ᠬᠢᠨᠠᠨ ᠬᠠᠮᠢᠶᠠᠷᠬᠤ᠂ ᠬᠡᠷ᠎ᠡ ᠶᠢᠨ ᠬᠠᠮᠢᠶᠠᠷᠤᠯᠲᠠ᠂ ᠪᠠᠷᠢᠯᠭ᠎ᠠ ᠶᠢᠨ ᠬᠠᠮᠢᠶᠠᠷᠤᠯᠲᠠ ᠶᠢᠨ ᠲᠦᠷᠦ ᠶᠢᠨ | ᠪᠤᠳᠤᠯᠭ᠎ᠠ ᠪᠠ ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠮᠡᠳᠡᠭᠦᠯᠵᠤ ᠪᠠᠶᠢᠭᠤᠯᠬᠤ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠶᠠᠰᠤ ᠴᠢᠨᠠᠷ᠂ ᠬᠡᠷ᠎ᠡ ᠶᠢᠨ ᠬᠠᠮᠢᠶᠠᠷᠤᠯᠲᠠ᠂ ᠪᠠᠷᠢᠯᠭ᠎ᠠ | ᠪᠠᠷᠢᠬᠤ ᠵᠦᠪᠰᠢᠶᠡᠷᠡᠯ ᠬᠢᠭᠡᠳ ᠠᠵᠢᠯ ᠳᠠᠭᠤᠰᠤᠭᠰᠠᠨ ᠤ ᠰᠢᠯᠭᠠᠨ ᠠᠪᠴᠤ ᠳᠠᠩᠰᠠᠯᠠᠬᠤ ᠵᠡᠷᠭᠡ ᠬᠠᠤᠯᠢ ᠪᠠᠷ | ᠲᠤᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠬᠢᠨᠠᠯᠲᠠ ᠲᠠᠯᠪᠢᠨ ᠬᠠᠮᠢᠶᠠᠷᠬᠤ ᠶᠢ | ᠬᠠᠷᠢᠭᠤᠴᠠᠨ᠎ᠠ᠃ ᠪᠠᠷᠢᠯᠭ᠎ᠠ ᠶᠢᠨ ᠬᠢᠨᠠᠨ ᠬᠠᠮᠢᠶᠠᠷᠬᠤ᠂ ᠪᠠᠶᠢᠴᠠᠭᠠᠨ ᠬᠠᠮᠵᠢᠵᠤ ᠲᠤᠷᠰᠢᠬᠤ᠂ ᠳᠠᠭᠠᠭᠠᠴᠢᠯᠠᠯᠲᠠ | ᠵᠠᠷᠯᠠᠨ ᠬᠦᠯᠢᠶᠡᠬᠦ ᠶᠢ ᠤᠷᠤᠯᠠᠨ ᠬᠦᠢᠴᠡᠳᠭᠡᠬᠦ᠂ ᠪᠠᠷᠢᠯᠭ᠎ᠠ ᠶᠢᠨ ᠦᠢᠯᠡᠳᠦᠭᠰᠡᠨ ᠦᠨ᠎ᠡ ᠶᠢᠨ ᠯᠠᠪᠯᠠᠯᠭ᠎ᠠ ᠦᠭᠬᠦ ᠬᠢᠷᠢ | ᠴᠢᠳᠠᠮᠵᠢ ᠶᠢ ᠬᠢᠨᠠᠨ ᠪᠠᠶᠢᠴᠠᠭᠠᠬᠤ ᠪᠠ ᠠᠵᠢᠯᠲᠠᠨ ᠢ ᠬᠠᠮᠢᠶᠠᠷᠬᠤ ᠶᠢ ᠬᠠᠷᠢᠭᠤᠴᠠᠨ᠎ᠠ︔ ᠪᠠᠷᠢᠯᠭ᠎ᠠ ᠶᠢᠨ ᠪᠤᠳᠠᠲᠠᠢ | ᠵᠠᠬ᠎ᠠ ᠳᠡᠯᠭᠡᠬᠦᠷ ᠪᠠᠶᠢᠭᠤᠯᠬᠤ ᠶᠢ ᠬᠢᠨᠠᠨ ᠪᠠᠶᠢᠴᠠᠭᠠᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠤ | ᠂ ᠪᠠᠷᠢᠯᠭ᠎ᠠ ᠶᠢᠨ ᠦᠢᠯᠡᠳᠦᠭᠰᠡᠨ ᠦᠨ᠎ᠡ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ︔ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠪᠠᠷᠢᠯᠭ᠎ᠠ ᠶᠢᠨ ᠵᠤᠭᠤᠰ ᠦᠷᠢᠲᠦᠵᠤ ᠪᠠᠶᠢᠭ᠎ᠠ ᠶᠢ ᠰᠢᠮᠳᠠᠭᠤᠯᠤᠨ ᠪᠠᠶᠢᠴᠠᠭᠠᠵᠤ | ᠢᠯᠭᠠᠷᠠᠭᠤᠯᠬᠤ ᠠᠵᠢᠯ ᠢ ᠲᠦᠷᠦᠭᠦᠯᠡᠨ ᠬᠢᠨ᠎ᠡ᠃ | ︵ᠨᠠᠢᠮᠠ︶ ᠬᠤᠲᠠ ᠶᠢᠨ ᠲᠦᠯᠦᠪᠵᠢᠬᠦᠯᠭᠡ ᠶᠢᠨ ᠭᠠᠵᠠᠷ | ᠬᠤᠲᠠ ᠶᠢᠨ ᠲᠦᠯᠦᠪᠵᠢᠭᠦᠯᠬᠡ ᠶᠢᠨ ᠲᠦᠷᠦ ᠶᠢᠨ ᠪᠤᠳᠤᠯᠭ᠎ᠠ ᠪᠠ ᠳᠦᠷᠢᠮ ᠲᠤᠭᠲᠠᠭᠠᠯ ᠢ ᠲᠤᠭᠲᠠᠭᠠᠨ᠂ | ᠪᠦᠬᠦ ᠤᠷᠤᠨ ᠤ ᠬᠤᠲᠠ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠬᠡ ᠶᠢ ᠵᠤᠬᠢᠶᠠᠨ ᠪᠠᠶᠢᠭᠤᠯᠤᠨ | ᠨᠠᠶᠢᠷᠠᠭᠤᠯᠤᠨ ᠵᠤᠬᠢᠶᠠᠵᠤ᠂ ᠬᠤᠲᠠ ᠶᠢᠨ ᠲᠦᠯᠦᠪᠵᠢᠭᠦᠯᠭᠡ ᠨᠠᠶᠢᠷᠠᠭᠤᠯᠤᠨ ᠵᠤᠬᠢᠶᠠᠬᠤ ᠶᠢ ᠵᠢᠯᠤᠭᠤᠳᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠠᠶᠢᠮᠠᠭ ᠬᠤᠲᠠ ᠶᠢᠨ ᠬᠡᠪᠴᠢᠶᠡᠨ ᠤ ᠬᠤᠲᠠ ᠪᠠᠯᠭᠠᠰᠤ ᠶᠢᠨ | ᠰᠢᠰᠲ᠋ᠧᠮᠵᠢ ᠶᠢᠨ ᠲᠦᠯᠦᠪᠵᠢᠭᠦᠯᠬᠡ᠂ ᠬᠤᠲᠠ ᠶᠢᠨ ᠶᠡᠷᠦᠩᠭᠡᠢ ᠲᠦᠯᠦᠪᠵᠢᠭᠦᠯᠬᠡ᠂ ᠬᠤᠲᠠ ᠪᠠᠯᠭᠠᠰᠤ ᠬᠢᠭᠡᠳ | ᠨᠡᠭᠡᠭᠡᠯᠲᠡ ᠶᠢᠨ ᠤᠷᠤᠨ ᠤ ᠶᠡᠷᠦᠩᠭᠡᠢ ᠲᠦᠯᠦᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠦᠪᠰᠢᠶᠡᠷᠡᠭᠦᠯᠬᠦ ᠪᠠ | ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ᠂ | ᠬᠤᠲᠠ ᠶᠢᠨ ᠲᠦᠯᠦᠪᠵᠢᠭᠦᠯᠭᠡ ᠨᠠᠶᠢᠷᠠᠭᠤᠯᠤᠨ ᠵᠤᠬᠢᠶᠠᠬᠤ ᠨᠢᠭᠡᠴᠡ ᠶᠢᠨ ᠬᠢᠷᠢ ᠴᠢᠳᠠᠮᠵᠢ ᠶᠢᠨ ᠬᠠᠮᠢᠶᠠᠷᠤᠯᠲᠠ | ᠪᠤᠯᠤᠨ ᠬᠤᠲᠠ ᠶᠢᠨ ᠲᠦᠯᠦᠪᠵᠢᠭᠦᠯᠭᠡ ᠶᠢᠨ ᠠᠵᠢᠯ ᠡᠷᠬᠢᠯᠡᠬᠦ ᠬᠦᠮᠦᠰ ᠢ ᠳᠠᠩᠰᠠᠯᠠᠬᠤ ᠬᠠᠮᠢᠶᠠᠷᠤᠯᠲᠠ ᠶᠢ | ᠬᠠᠷᠢᠭᠤᠴᠠᠨ᠎ᠠ︔ ᠬᠤᠲᠠ ᠶᠢᠨ ᠭᠠᠵᠠᠷ ᠳᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ᠂ ᠬᠤᠲᠠ ᠶᠢᠨ ᠱᠤᠭᠤᠮᠠᠯ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ | ︵ᠶᠢᠰᠦ︶ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠭᠠᠵᠠᠷ | ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠯᠠᠪᠯᠠᠯᠭ᠎ᠠ ᠶᠢᠨ ᠠᠵᠢᠯ ᠲᠦᠷᠦᠯ ᠤᠨ | ᠲᠦᠷᠦ ᠶᠢᠨ ᠪᠤᠳᠤᠯᠭ᠎ᠠ᠂ ᠳᠦᠷᠢᠮ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠤ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠤᠷᠤᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ | ᠪᠠᠶᠢᠭᠤᠯᠤᠨ᠎ᠠ︔ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠪᠠ ᠪᠠᠷᠢᠯᠭ᠎ᠠ ᠪᠠᠷᠢᠬᠤ ᠵᠢᠷᠤᠭ ᠬᠢᠨᠠᠨ | ᠪᠠᠶᠢᠴᠠᠭᠠᠬᠤ ᠨᠢᠭᠡᠴᠡ ᠶᠢᠨ ᠬᠢᠷᠢ ᠴᠢᠳᠠᠮᠵᠢ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠪᠠᠷᠢᠯᠭ᠎ᠠ ᠶᠢᠨ ᠲᠦᠷᠦᠯ | ᠵᠦᠢᠯ ᠤᠨ ᠠᠩᠬ᠎ᠠ ᠠᠯᠬᠤᠮ ᠤᠨ ᠵᠢᠷᠤᠭ ᠲᠦᠯᠦᠪᠯᠡᠭᠡ ᠶᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠤᠷᠤᠨ ᠤ | ᠭᠠᠳᠠᠨᠠᠬᠢ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠨᠢᠭᠡᠴᠡ ᠶᠢᠨ ᠤᠷᠤᠨ ᠤ ᠲᠤᠲᠤᠷ᠎ᠠ ᠤᠷᠤᠬᠤ ᠶᠢ | ᠳᠠᠩᠰᠠᠯᠠᠬᠤ ᠬᠠᠮᠢᠶᠠᠷᠤᠯᠲᠠ ᠶᠢ ᠬᠠᠷᠢᠭᠤᠴᠠᠨ᠂ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠦᠯᠦᠪᠯᠡᠬᠦ ᠠᠵᠢᠯ | ᠡᠷᠬᠢᠯᠡᠬᠦ ᠬᠦᠮᠦᠰ ᠢ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠬᠦᠳᠡᠯᠦᠯᠲᠡ ᠶᠢ ᠳᠠᠭᠠᠭᠠᠵᠤ ᠭᠠᠮᠰᠢᠭ ᠠᠴᠠ ᠰᠡᠷᠭᠡᠶᠢᠯᠡᠬᠦ ᠲᠦᠯᠦᠪᠵᠢᠭᠦᠯᠭᠡ ᠶᠢ | ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠤ᠂ ᠪᠠᠷᠢᠯᠭ᠎ᠠ ᠶᠢᠨ ᠭᠠᠵᠠᠷ ᠬᠦᠳᠡᠯᠦᠯᠲᠡ ᠶᠢ ᠳᠠᠭᠠᠭᠠᠬᠤ ᠵᠢᠷᠤᠭ | ᠲᠦᠯᠦᠪᠯᠡᠭᠡ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠬᠦᠯᠦᠨ᠎ᠡ᠃ | ︵ᠠᠷᠪᠠ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠬᠡᠨ ᠤ | ᠦᠢᠯᠡᠰ ᠤᠨ ᠬᠦᠭᠵᠢᠯᠲᠡ ᠶᠢᠨ ᠲᠦᠯᠦᠪᠵᠢᠭᠦᠯᠬᠡ᠂ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ᠂ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ | ᠬᠤᠲᠠ ᠶᠢᠨ ᠤᠰᠤ ᠬᠠᠨᠭ᠍ᠭᠠᠬᠤ᠂ ᠤᠰᠤ ᠠᠷᠪᠢᠯᠠᠬᠤ᠂ ᠤᠰᠤ ᠭᠠᠳᠠᠭᠰᠢᠯᠠᠭᠤᠯᠬᠤ᠂ ᠬᠡᠢ ᠬᠠᠨᠭ᠍ᠭᠠᠬᠤ᠂ ᠢᠯᠴᠢ | ᠬᠠᠨᠭ᠍ᠭᠠᠬᠤ᠂ ᠬᠤᠭ ᠨᠤᠪᠰᠢ ᠰᠢᠢᠳᠪᠦᠷᠢᠯᠡᠬᠦ᠂ ᠵᠠᠮ᠂ ᠴᠡᠴᠡᠷᠯᠢᠭ᠂ ᠬᠤᠲᠠ ᠶᠢᠨ ᠦᠵᠡᠮᠵᠢ ᠶᠢᠨ ᠤᠷᠴᠢᠨ | ᠲᠤᠭᠤᠷᠢᠨ ᠢ ᠴᠡᠭᠴᠡᠯᠡᠨ ᠵᠠᠰᠠᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠪᠠᠶᠢᠴᠠᠭᠠᠬᠤ ᠵᠡᠷᠭᠡ ᠠᠵᠢᠯ ᠢ | ᠵᠢᠯᠤᠭᠤᠳᠤᠨ᠎ᠠ︔ ᠬᠤᠲᠠ ᠪᠠᠯᠭᠠᠰᠤ ᠶᠢᠨ ᠪᠤᠬᠢᠷ ᠤᠰᠤ ᠰᠢᠢᠳᠪᠦᠷᠢᠯᠡᠬᠦ ᠪᠡᠯᠡᠳᠭᠡᠮᠵᠢ ᠪᠠ ᠢᠵᠢ ᠪᠦᠷᠢᠳᠦᠭᠦᠯᠬᠦ | ᠬᠤᠭᠤᠯᠠᠢ ᠲᠤᠤᠷ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ︔ ᠳᠡᠯᠡᠬᠡᠢ ᠶᠢᠨ ᠪᠠᠶᠢᠭᠠᠯᠢ ᠶᠢᠨ ᠦᠪ ᠤᠨ | ᠲᠦᠷᠦᠯ ᠵᠦᠢᠯ ᠪᠠ ᠳᠡᠯᠡᠬᠡᠢ ᠶᠢᠨ ᠪᠠᠶᠢᠭᠠᠯᠢ ᠬᠢᠭᠡᠳ ᠰᠤᠶᠤᠯ ᠤᠨ ᠬᠤᠶᠠᠳᠠᠮᠠᠯ ᠲᠦᠷᠦᠯ ᠵᠦᠢᠯ ᠢ ᠠᠩᠬ᠎ᠠ | ᠠᠯᠬᠤᠮ ᠤᠨ ᠬᠢᠨᠠᠨ ᠪᠠᠶᠢᠴᠠᠭᠠᠬᠤ ᠪᠠ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ︔ ᠬᠤᠲᠠ ᠶᠢᠨ ᠲᠤᠮᠤ | ᠳᠤᠮᠳᠠ ᠬᠡᠯᠪᠡᠷᠢ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠬᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠳᠤ ᠤᠷᠤᠯᠴᠠᠨ᠎ᠠ᠃ | ︵ᠠᠷᠪᠠᠨ ᠨᠢᠭᠡ︶ ᠲᠤᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠪᠦᠬᠦ ᠤᠷᠤᠨ ᠤ ᠲᠤᠰᠬᠤᠨ ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠦᠷᠦ ᠶᠢᠨ | ᠪᠤᠳᠤᠯᠭ᠎ᠠ᠂ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠬᠡᠪᠴᠢᠶᠡᠨ ᠳᠠᠬᠢ ᠲᠤᠰᠬᠤᠨ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠬᠡ ᠪᠠ ᠰᠢᠶᠠᠩ᠂ | ᠪᠠᠯᠭᠠᠰᠤ᠂ ᠲᠤᠰᠬᠤᠨ ᠤ ᠲᠦᠯᠦᠪᠵᠢᠭᠦᠯᠬᠡ ᠶᠢ ᠨᠠᠶᠢᠷᠠᠭᠤᠯᠤᠨ ᠵᠤᠬᠢᠶᠠᠬᠤ ᠪᠠ ᠬᠡᠷᠡᠭᠵᠢᠬᠦᠯᠬᠦ ᠶᠢ ᠵᠢᠯᠤᠭᠤᠳᠤᠨ᠎ᠠ︔ | ᠲᠤᠰᠬᠤᠨ ᠪᠠ ᠪᠠᠭ᠎ᠠ ᠬᠤᠲᠠ ᠪᠠᠯᠭᠠᠰᠤ ᠶᠢᠨ ᠬᠦᠮᠦᠰ ᠤᠨ ᠤᠷᠤᠰᠢᠨ ᠰᠠᠭᠤᠬᠤ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠵᠢᠷᠠᠭᠤᠯᠬᠤ ᠠᠵᠢᠯ ᠢ ᠵᠢᠯᠤᠭᠤᠳᠤᠨ᠎ᠠ︔ ᠲᠠᠷᠢᠶᠠᠯᠠᠬᠤ ᠮᠠᠯᠵᠢᠬᠤ ᠤᠷᠤᠨ ᠤ ᠤᠷᠤᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠤᠰᠬᠤᠨ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠨᠤᠷᠠᠬᠤ ᠠᠶᠤᠯ ᠲᠠᠢ ᠬᠡᠷ ᠪᠠᠶᠢᠰᠢᠩ ᠢ ᠰᠢᠨᠡᠳᠭᠡᠨ ᠵᠠᠰᠠᠬᠤ ᠶᠢ ᠵᠢᠯᠤᠭᠤᠳᠤᠨ᠎ᠠ︔ ᠲᠡᠤᠬᠡ | ᠰᠤᠶᠤᠯ ᠤᠨ ᠨᠡᠷᠡᠲᠤ ᠪᠠᠯᠭᠠᠰᠤ ︵ᠲᠤᠰᠬᠤᠨ︶ ᠪᠠ ᠤᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠤ | ᠪᠠᠯᠭᠠᠰᠤ ︵ᠲᠤᠰᠬᠤᠨ︶ ᠶᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ | ᠡᠬᠦᠷᠭᠡᠯᠡᠵᠤ᠂ ᠡᠯ᠎ᠡ ᠱᠠᠲᠤᠨ ᠤ ᠭᠤᠤᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ︔ | ᠲᠠᠷᠢᠶᠠᠴᠢᠨ ᠮᠠᠯᠴᠢᠳ ᠢ ᠰᠢᠯᠵᠢᠭᠦᠯᠦᠨ ᠰᠠᠭᠤᠷᠢᠰᠢᠭᠤᠯᠬᠤ ᠤᠷᠤᠨ ᠰᠠᠭᠤᠴᠠ ᠶᠢᠨ ᠲᠦᠷᠦ ᠶᠢᠨ ᠪᠤᠳᠤᠯᠭ᠎ᠠ ᠶᠢᠨ | ᠰᠠᠨᠠᠯ ᠢ ᠳᠤᠷᠠᠳᠤᠨ᠎ᠠ᠃ | ︵ᠠᠷᠪᠠᠨ ᠬᠤᠶᠠᠷ︶ ᠤᠷᠤᠨ ᠰᠠᠭᠤᠴᠠ ᠪᠠ ᠬᠡᠷ ᠭᠠᠵᠠᠷ ᠬᠦᠷᠦᠩᠭᠡ ᠶᠢᠨ ᠦᠢᠯᠡᠰ ᠤᠨ ᠭᠠᠵᠠᠷ | ᠬᠡᠷ ᠭᠠᠵᠠᠷ ᠬᠦᠷᠦᠩᠭᠡ ᠶᠢᠨ ᠵᠠᠬ᠎ᠠ ᠳᠡᠯᠭᠡᠬᠦᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠬᠡᠷ | ᠭᠠᠵᠠᠷ ᠬᠦᠷᠦᠩᠭᠡ ᠶᠢᠨ ᠵᠠᠬ᠎ᠠ ᠳᠡᠯᠬᠡᠭᠦᠷ ᠤᠨ ᠬᠢᠨᠠᠯᠲᠠ ᠬᠠᠮᠢᠶᠠᠷᠤᠯᠲᠠ ᠪᠠ ᠤᠷᠤᠨ ᠰᠠᠭᠤᠴᠠ ᠶᠢᠨ ᠦᠨ᠎ᠡ ᠬᠠᠨᠭ᠍ᠰᠢ | ᠬᠢᠭᠡᠳ ᠤᠷᠤᠨ ᠰᠠᠭᠤᠴᠠ ᠶᠢᠨ ᠶᠠᠰᠤ ᠴᠢᠨᠠᠷ ᠤᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠬᠤᠲᠠ ᠪᠠᠯᠭᠠᠰᠤ ᠶᠢᠨ ᠭᠠᠵᠠᠷ ᠰᠢᠷᠤᠢ ᠬᠡᠷᠡᠭᠯᠡᠬᠦ ᠡᠷᠬᠡ ᠶᠢ | ᠲᠦᠯᠦᠪᠦᠷᠢ ᠲᠠᠢ ᠪᠠᠷ ᠰᠢᠯᠵᠢᠭᠦᠯᠬᠦ ᠪᠠ ᠨᠡᠬᠡᠬᠡᠨ ᠠᠰᠢᠭᠯᠠᠬᠤ ᠠᠵᠢᠯ ᠢ ᠵᠢᠯᠤᠭᠤᠳᠤᠨ᠎ᠠ︔ ᠤᠷᠤᠨ ᠰᠠᠭᠤᠴᠠ ᠪᠠ | ᠬᠡᠷ ᠭᠠᠵᠠᠷ ᠬᠦᠷᠦᠩᠭᠡ ᠶᠢᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠬᠡ᠂ ᠠᠵᠤ ᠦᠢᠯᠡᠰ ᠤᠨ ᠲᠦᠷᠦ ᠶᠢᠨ | ᠪᠤᠳᠤᠯᠭ᠎ᠠ᠂ ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠬᠦᠯᠦᠨ᠎ᠡ︔ ᠬᠡᠷ | ᠪᠠᠶᠢᠰᠢᠩ ᠤᠨ ᠡᠷᠬᠡ ᠶᠢᠨ ᠬᠠᠷᠢᠶ᠎ᠠ᠂ ᠨᠤᠷᠠᠭᠠᠵᠤ ᠨᠡᠭᠦᠯᠭᠡᠨ ᠵᠠᠰᠠᠵᠤ ᠰᠢᠨᠡᠳᠭᠡᠬᠦ᠂ ᠬᠡᠷ ᠭᠠᠵᠠᠷ ᠬᠦᠷᠦᠩᠭᠡ ᠶᠢᠨ | ᠨᠡᠬᠡᠬᠡᠯᠲᠡ ᠬᠢᠬᠦ᠂ ᠠᠷᠠᠯᠵᠢᠶᠠᠯᠠᠬᠤ᠂ ᠵᠢᠱᠢᠨ ᠦᠨᠡᠯᠡᠬᠦ᠂ ᠵᠠᠭᠤᠴᠢᠯᠠᠬᠤ ᠪᠠ ᠠᠲᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ ᠲᠤᠭᠲᠠᠭᠠᠯ ᠢ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠷ ᠭᠠᠵᠠᠷ | ᠬᠦᠷᠦᠩᠭᠡ ᠶᠢᠨ ᠨᠡᠭᠡᠭᠡᠯᠲᠡ ᠬᠢᠬᠦ ᠠᠵᠤ ᠠᠬᠤᠶᠢᠯᠠᠯ᠂ ᠠᠲᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ | ᠬᠡᠷ ᠪᠠᠶᠢᠰᠢᠩ ᠨᠤᠷᠠᠭᠠᠵᠤ ᠨᠡᠭᠦᠯᠬᠡᠬᠦ ᠠᠵᠤ ᠠᠬᠤᠶᠢᠯᠠᠯ ᠪᠠ ᠬᠡᠷ ᠭᠠᠵᠠᠷ ᠬᠦᠷᠦᠩᠭᠡ ᠶᠢᠨ ᠵᠠᠭᠤᠴᠢ | ᠪᠠᠶᠢᠭᠤᠯᠤᠮᠵᠢ ᠶᠢᠨ ᠬᠢᠷᠢ ᠴᠢᠳᠠᠮᠵᠢ ᠶᠢᠨ ᠬᠢᠭᠡᠳ ᠬᠡᠷ ᠭᠠᠵᠠᠷ ᠭᠦᠷᠦᠩᠭᠡ ᠶᠢᠨ ᠠᠵᠢᠯ ᠡᠷᠬᠢᠯᠡᠬᠦ ᠬᠦᠮᠦᠰ ᠢ | ᠳᠠᠩᠰᠠᠯᠠᠨ ᠬᠠᠮᠢᠶᠠᠷᠬᠤ ᠶᠢ ᠬᠠᠷᠢᠭᠤᠴᠠᠨ᠎ᠠ︔ ᠪᠦᠬᠦ ᠤᠷᠤᠨ ᠤ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠬᠦᠷ ᠤᠨ | ᠮᠡᠳᠡᠭᠡ ᠵᠠᠩᠭᠢ ᠶᠢᠨ ᠰᠢᠰᠲ᠋ᠧᠮ ᠢ ᠵᠤᠬᠢᠶᠠᠨ ᠪᠠᠶᠢᠭᠤᠯᠤᠨ ᠪᠦᠲᠦᠭᠡᠨ ᠪᠠᠶᠢᠭᠤᠯᠬᠤ ᠶᠢᠨ ᠬᠠᠮᠲᠤ ᠬᠠᠮᠢᠶᠠᠷᠤᠨ᠎ᠠ᠃ | ︵ᠠᠷᠪᠠᠨ ᠭᠤᠷᠪᠠ︶ ᠤᠷᠤᠨ ᠰᠠᠭᠤᠴᠠ ᠶᠢᠨ ᠪᠠᠲᠤᠯᠠᠭ᠎ᠠ ᠶᠢᠨ ᠭᠠᠵᠠᠷ | ᠤᠷᠤᠨ ᠰᠠᠭᠤᠴᠡ ᠶᠢᠨ ᠳᠦᠷᠢᠮ ᠤᠨ ᠦᠭᠡᠷᠡᠴᠢᠯᠡᠯᠲᠡ ᠪᠤᠯᠤᠨ ᠤᠷᠤᠨ ᠰᠠᠭᠤᠴᠠ ᠶᠢᠨ ᠪᠠᠲᠤᠯᠠᠭ᠎ᠠ ᠶᠢᠨ | ᠲᠦᠷᠦ ᠶᠢᠨ ᠪᠤᠳᠤᠯᠭ᠎ᠠ ᠶᠢ ᠲᠤᠭᠲᠠᠭᠠᠨ᠂ ᠤᠷᠤᠨ ᠰᠠᠭᠤᠴᠠ ᠶᠢᠨ ᠲᠦᠷᠢᠮ ᠤᠨ ᠦᠭᠡᠷᠡᠴᠢᠯᠡᠯᠲᠡ ᠪᠤᠯᠤᠨ | ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠡ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ ᠪᠦᠬᠦ | ᠤᠷᠤᠨ ᠤ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠡ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠬᠡ ᠪᠠ | ᠤᠨ ᠤ ᠲᠦᠯᠦᠪᠯᠡᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ︔ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠡ ᠶᠢᠨ ᠦᠭᠡᠷᠡᠴᠢᠯᠡᠯᠲᠡ ᠬᠢᠭᠡᠳ | ᠬᠦᠭᠵᠢᠯᠲᠠ ᠶᠢᠨ ᠴᠢᠬᠤᠯᠠ ᠶᠡᠭᠡ ᠠᠰᠠᠭᠤᠳᠠᠯ ᠢ ᠰᠤᠳᠤᠯᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ | ᠳᠤᠷᠠᠳᠤᠨ᠎ᠠ︔ ᠲᠦᠪ ᠪᠠ ᠦᠪᠡᠷᠲᠡᠭᠡᠨ ᠵᠠᠰᠠᠬᠤ ᠤᠷᠤᠨ ᠤ ᠬᠢᠮᠳᠠ ᠳᠦᠷᠢᠶᠡᠰᠦᠨ ᠤᠷᠤᠨ ᠰᠠᠭᠤᠴᠡ ᠶᠢᠨ ᠪᠡᠯᠡ | ᠮᠦᠡᠭᠭᠦ ᠶᠢᠨ ᠲᠤᠬᠢᠷᠠᠭᠤᠯᠤᠯᠲᠠ ᠶᠢᠨ ᠬᠤᠯᠪᠤᠭᠳᠠᠯ ᠪᠦᠬᠦᠢ ᠵᠦᠢᠯᠡᠰ ᠢ ᠳᠠᠭᠠᠭᠠᠨ ᠬᠢᠨ᠎ᠡ᠃ ᠤᠷᠤᠨ ᠤ ᠰᠢᠭᠤᠳ | ᠬᠠᠷᠢᠶ᠎ᠠ ᠨᠢᠭᠡᠴᠡ ᠶᠢᠨ ᠤᠷᠤᠨ ᠰᠠᠭᠤᠴᠡ ᠶᠢᠨ ᠨᠦᠬᠦᠪᠦᠷᠢ ᠶᠢ ᠬᠢᠨᠠᠬᠤ ᠠᠵᠢᠯ ᠢ ᠬᠠᠷᠢᠭᠤᠴᠠᠨ᠎ᠠ︔ ᠦᠪᠡᠷᠲᠡᠭᠡᠨ | ᠵᠠᠰᠠᠬᠤ ᠤᠷᠤᠨ ᠤ ᠤᠷᠤᠨ ᠰᠠᠭᠤᠴᠠ ᠶᠢᠨ ᠵᠦᠪᠯᠡᠯ ᠤᠨ ᠠᠯᠪᠠᠨ ᠬᠡᠷ ᠤᠨ ᠡᠳᠦᠷ ᠳᠤᠲᠤᠮ ᠤᠨ ᠠᠵᠢᠯ ᠢ | ᠡᠭᠦᠷᠭᠡᠯᠡᠨ᠎ᠡ᠃ | ︵ᠠᠷᠪᠠᠨ ᠳᠦᠷᠪᠡ︶ ᠤᠷᠤᠨ ᠰᠠᠭᠤᠴᠡ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢ ᠬᠢᠨᠠᠨ | ᠬᠠᠮᠢᠶᠠᠷᠬᠤ ᠭᠠᠵᠠᠷ | ᠤᠷᠤᠨ ᠰᠠᠭᠤᠴᠡ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢᠨ ᠲᠦᠷᠦ ᠶᠢᠨ ᠪᠤᠳᠤᠯᠭ᠎ᠠ᠂ ᠠᠷᠭ᠎ᠠ | ᠬᠡᠮᠵᠢᠶ᠎ᠡ ᠪᠠ ᠬᠦᠭᠵᠢᠯᠲᠡ ᠶᠢᠨ ᠲᠦᠯᠦᠪᠵᠢᠭᠦᠯᠬᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠵᠤ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠲᠤᠰᠢᠶᠠᠨ ᠬᠠᠳᠠᠭᠠᠯᠠᠬᠤ᠂ | ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠵᠡᠷᠭᠡ ᠳᠦᠷᠢᠮ ᠲᠤᠭᠲᠠᠭᠠᠯ ᠢ ᠲᠤᠭᠲᠠᠭᠠᠨ᠎ᠠ᠃ ᠪᠦᠬᠦ ᠤᠷᠤᠨ ᠤ | ᠤᠷᠤᠨ ᠰᠠᠭᠤᠴᠡ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠪᠤᠯᠤᠨ ᠪᠤᠰᠤᠳ ᠤᠷᠤᠨ ᠰᠠᠭᠤᠴᠡ ᠶᠢᠨ ᠪᠡᠯᠡ | ᠮᠦᠡᠭᠭᠦ ᠶᠢᠨ ᠬᠠᠮᠢᠶᠠᠷᠤᠯᠲᠠ᠂ ᠬᠡᠷᠡᠭᠯᠡᠯᠲᠡ ᠪᠠ ᠠᠶᠤᠯ ᠦᠭᠡᠢ ᠳᠤ ᠬᠢᠨᠠᠯᠲᠠ ᠲᠠᠯᠪᠢᠨ᠎ᠠ︔ ᠤᠷᠤᠨ ᠰᠠᠭᠤᠴᠡ ᠶᠢᠨ | ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠢ ᠵᠢᠯᠤᠭᠤᠳᠤᠨ᠎ᠠ᠃ | ᠤᠷᠤᠨ ᠰᠠᠭᠤᠴᠡ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠡᠭᠭᠦ ᠶᠢᠨ ᠬᠠᠮᠢᠶᠠᠷᠤᠯᠲᠠ ᠶᠢᠨ ᠮᠡᠳᠡᠭᠡ ᠵᠠᠩᠬᠢ ᠶᠢᠨ | ᠰᠢᠰᠲ᠋ᠧᠮ ᠢ ᠬᠠᠷᠢᠭᠤᠴᠠᠨ ᠪᠦᠲᠦᠭᠡᠨ ᠪᠠᠶᠢᠭᠤᠯᠬᠤ ᠶᠢᠨ ᠬᠠᠮᠲᠤ ᠬᠠᠮᠢᠶᠠᠷᠤᠨ᠎ᠠ᠃ | ᠪᠠᠶᠢᠭᠤᠯᠭ᠎ᠠ ᠶᠢᠨ ᠬᠤᠷᠢᠶ᠎ᠠ ᠪᠠᠶᠢᠭᠤᠯᠭ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | ᠨᠠᠮ ᠪᠠ ᠤᠯᠠᠨ ᠲᠦᠮᠡᠨ ᠤ ᠠᠵᠢᠯ ᠢ ᠬᠠᠷᠢᠭᠤᠴᠠᠨ᠎ᠠ᠃ | ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠭᠠᠵᠠᠷ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠂ ᠰᠢᠭᠤᠳ ᠬᠠᠷᠢᠶ᠎ᠠ ᠨᠢᠭᠡᠴᠡ ᠶᠢᠨ | ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ | ᠳᠦᠷᠪᠡ᠂ ᠠᠵᠢᠯᠲᠠᠨ ᠤ ᠤᠷᠤᠨ ᠲᠤᠭ᠎ᠠ | ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠡ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠤᠷᠤᠨ ᠲᠤᠭ᠎ᠠ 79 ᠨᠡᠷ᠎ᠡ ᠪᠤᠯᠤᠨ᠎ᠠ᠂ | ᠡᠭᠦᠨ ᠳᠤ᠄ ᠲᠢᠩᠬᠢᠮ ᠤᠨ ᠳᠠᠷᠤᠭ᠎ᠠ 1 ᠨᠡᠷ᠎ᠡ᠂ ᠲᠢᠩᠬᠢᠮ ᠤᠨ ᠳᠡᠳ᠋ ᠳᠠᠷᠤᠭ᠎ᠠ 4 ᠨᠡᠷ᠎ᠡ᠂ ᠶᠡᠷᠦᠩᠭᠡᠢ ᠢᠨᠵᠧᠨᠧᠷ | 1 ᠨᠡᠷ᠎ᠡ ︵ᠳᠡᠳ᠋ ᠲᠢᠩᠬᠢᠮ ᠤᠨ ᠳᠡᠰ︶᠂ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ | 33 ᠨᠡᠷ᠎ᠡ ︵16 ᠲᠡᠷᠢᠭᠦᠨ ︵ᠪᠠᠶᠢᠭᠤᠯᠭ᠎ᠠ ᠨᠠᠮ ᠤᠨ ᠬᠤᠷᠢᠶ᠎ᠠ ᠶᠢᠨ ᠳᠡᠳ᠋ ᠱᠦᠵᠢ᠂ ᠠᠵᠢᠯ ᠠᠴᠠ ᠪᠠᠨ | ᠠᠮᠠᠷᠠᠭᠰᠠᠳ ᠪᠠᠭᠤᠭᠰᠠᠳ ᠤᠨ ᠠᠵᠢᠯ ᠤᠨ ᠭᠠᠵᠠᠷ ᠤᠨ ᠭᠠᠵᠠᠷ ᠤᠨ ᠳᠠᠷᠤᠭ᠎ᠠ ᠲᠤᠰ ᠲᠤᠰ 1 ᠨᠡᠷ᠎ᠡ︶᠂ 17 ᠳᠡᠳ᠋ | ︶᠃ | ᠲᠠᠪᠤ᠂ ᠪᠤᠰᠤᠳ ᠵᠦᠢᠯᠡᠰ | ︵ᠨᠢᠬᠡ︶ ᠬᠤᠲᠠ ᠶᠢᠨ ᠭᠠᠵᠠᠷ ᠳᠤᠤᠷᠠᠬᠢ ᠲᠡᠮᠦᠷ ᠵᠠᠮ᠂ ᠵᠢᠮᠲᠤ ᠵᠠᠮ ᠬᠠᠷᠢᠯᠴᠠᠭᠠᠨ ᠤ ᠲᠠᠯ᠎ᠠ ᠶᠢᠨ | ᠡᠬᠦᠷᠭᠡ ᠬᠠᠷᠢᠭᠤᠴᠠᠯᠭ᠎ᠠ ᠬᠤᠪᠢᠶᠠᠷᠢᠯᠡᠯ᠄ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠡ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠤᠲᠠ ᠶᠢᠨ ᠭᠠᠵᠠᠷ ᠳᠤᠤᠷᠠᠬᠢ ᠲᠠᠮᠦᠷ ᠵᠠᠮ᠂ ᠵᠢᠮᠲᠤ | ᠵᠠᠮ ᠬᠠᠷᠢᠯᠴᠠᠭ᠎ᠠ ᠶᠢᠨ ᠲᠦᠯᠦᠪᠵᠢᠭᠦᠯᠬᠡ ᠪᠠ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠢᠯᠤᠭᠤᠳᠤᠨ᠎ᠠ︔ | ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠲᠢᠩᠬᠢᠮ ᠬᠤᠲᠠ ᠶᠢᠨ ᠭᠠᠵᠠᠷ ᠳᠤᠤᠷᠠᠬᠢ ᠲᠡᠮᠦᠷ ᠵᠠᠮ᠂ | ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠶᠢ ᠬᠠᠷᠢᠭᠤᠴᠠᠨ᠎ᠠ᠃ | ︵ᠬᠤᠶᠠᠷ︶ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠡ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ᠤᠷᠤᠨ ᠨᠤᠲᠤᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠤ᠂ ᠦᠪᠡᠷᠲᠡᠭᠡᠨ ᠵᠠᠰᠠᠬᠤ ᠤᠷᠤᠨ ᠤ | ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠲᠤᠷᠠᠨ ᠨᠡᠶᠢᠲᠡᠯᠡᠨ᠎ᠡ᠃ | ︵ᠭᠤᠷᠪᠠ︶ ᠬᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠭᠠᠵᠠᠷ ᠪᠠ ᠬᠤᠲᠠ ᠶᠢᠨ ᠶᠠᠪᠤᠳᠠᠯ ᠤᠨ | ᠪᠠᠷᠢᠯᠭ᠎ᠠ ᠶᠢᠨ ᠠᠵᠢᠯ ᠤᠨ ᠭᠠᠵᠠᠷ ᠤᠨ ᠡᠷᠭᠦᠭᠦᠯ ᠮᠠᠰᠢᠨ᠂ ᠲᠠᠯᠠᠪᠠᠢ ︵ᠦᠢᠯᠡᠳᠪᠦᠷᠢ︶ ᠳᠤᠲᠤᠷᠠᠬᠢ ᠲᠤᠰᠬᠠᠢ | ᠬᠡᠷᠡᠭᠯᠡᠬᠦ ᠮᠠᠰᠢᠨᠲᠤ ᠲᠡᠷᠭᠡ ᠬᠦᠰᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠡᠯ | ᠄ ᠤᠭᠰᠠᠷᠠᠵᠤ ᠬᠡᠷᠡᠭᠯᠡᠬᠦ ᠠᠶᠤᠯ ᠦᠭᠡᠢ ᠶᠢ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠡ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠠᠴᠠ ᠬᠠᠷᠢᠭᠤᠴᠠᠨ ᠬᠢᠨᠠᠯᠲᠠ ᠲᠠᠯᠪᠢᠵᠤ | ᠬᠠᠮᠢᠶᠠᠷᠤᠨ᠎ᠠ᠃ ᠤᠭᠰᠠᠷᠠᠬᠤ᠂ ᠬᠡᠷᠡᠭᠯᠡᠬᠦ ᠠᠴᠠ ᠭᠠᠳᠠᠨᠠᠬᠢ ᠬᠢᠨᠠᠯᠲᠠ ᠲᠠᠯᠪᠢᠵᠤ ᠬᠠᠮᠢᠶᠠᠷᠬᠤ ᠶᠢ ᠦᠪᠡᠷᠲᠡᠭᠡᠨ ᠵᠠᠰᠠᠬᠤ | ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ ᠠᠴᠠ ᠬᠠᠷᠢᠭᠤᠴᠠᠨ᠎ᠠ᠃ | ︵ᠳᠦᠷᠪᠡ︶ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ | ᠪᠠ ᠤᠷᠤᠨ ᠲᠤᠭᠠᠨ ᠤ ᠵᠦᠢᠯᠡᠰ ᠢ ᠠᠰ ᠲᠤᠨᠢ ᠲᠤᠭᠲᠠᠭᠠᠨ᠎ᠠ᠃ | ᠵᠢᠷᠭᠤᠭ᠎ᠠ᠂ ᠳᠠᠭᠠᠯᠳᠤᠭᠤᠯᠤᠯ ᠳᠦᠷᠢᠮ | ᠲᠤᠰ ᠲᠤᠭᠲᠠᠭᠠᠯ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ | ᠲᠤᠭᠠᠨ ᠤ ᠵᠦᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠤᠬᠢᠷᠠᠭᠤᠯᠤᠯᠲᠠ ᠶᠢ ᠨᠢ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠦᠪᠯᠡᠯ ᠤᠨ ᠠᠯᠪᠠᠨ | ᠬᠡᠷ ᠠᠴᠠ ᠲᠤᠭᠲᠠᠭᠠᠭᠰᠠᠨ ᠳᠡᠰ ᠳᠠᠷᠠᠭᠠᠯᠠᠯ ᠤᠨ ᠶᠤᠰᠤᠭᠠᠷ ᠬᠦᠢᠴᠡᠳᠭᠡᠨ᠎ᠡ᠃ | |