ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠭᠤᠣᠯ ᠡᠭᠦᠷᠭᠡ ᠬᠠᠷᠢᠴᠠᠭᠤᠯᠭ᠎ᠠ᠄ | ︽ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠦᠰᠦᠯ ᠤᠨ ᠲᠣᠬᠠᠢ ᠳᠣᠮᠳᠠᠳᠣ ᠣᠯᠣᠰ ᠤᠨ ᠡᠪ ᠬᠠᠮᠲᠣ ᠨᠠᠮ ᠤᠨ ᠲᠦᠪ ᠬᠤᠷᠢᠶ᠎ᠠ᠂ | ᠲᠦᠷᠦ ᠶᠢᠨ ᠶᠡᠪᠣᠳᠠᠯ ᠤᠨ ᠬᠤᠷᠢᠶ᠎ᠠ ᠶᠢᠨ ᠮᠡᠳᠡᠭᠳᠡᠯ︾ ︵ᠲᠦᠪ ᠬᠤᠷᠢᠶ᠎ᠠ ﹇2000﹈ 34 ᠳ᠋ᠣᠭᠡᠷ ᠲᠣᠭᠠᠲᠤ︶ | ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ | ᠪᠠᠶᠠᠯᠢᠭ ᠤᠨ ᠲᠢᠩᠬᠢᠮ ᠢ ᠵᠣᠬᠢᠶᠠᠨ ᠪᠠᠶᠢᠭᠤᠯᠪᠠ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠪᠣᠯ | ᠭᠠᠵᠠᠷ ᠰᠢᠷᠣᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠶᠢᠨ | ᠲᠦᠯᠦᠪᠵᠢᠭᠦᠯᠭᠡ᠂ ᠬᠠᠮᠢᠶᠠᠷᠣᠯᠲᠠ᠂ ᠬᠠᠮᠠᠭᠠᠯᠠᠯᠲᠠ ᠪᠣᠯᠣᠨ ᠵᠣᠬᠢᠰᠲᠠᠢ ᠠᠰᠢᠭᠯᠠᠬᠤ ᠶᠢ ᠭᠤᠣᠯᠯᠠᠨ ᠬᠠᠮᠢᠶᠠᠷᠬᠤ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠣᠯᠣᠨ᠎ᠠ᠃ | ︵ᠨᠢᠭᠡ︶ ᠭᠠᠵᠠᠷ ᠰᠢᠷᠣᠢ ᠶᠢᠨ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠬᠠᠮᠠᠭᠠᠯᠠᠬᠤ ᠪᠠ | ᠵᠣᠬᠢᠰᠲᠠᠢ ᠠᠰᠢᠭᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠭᠠᠵᠠᠷ ᠰᠢᠷᠣᠢ ᠡᠬᠢ ᠪᠠᠶᠠᠯᠢᠭ ᠤᠨ | ᠬᠦᠭᠵᠢᠯᠲᠡ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠣᠯᠣᠰ ᠤᠨ ᠭᠠᠵᠠᠷ | ᠰᠢᠷᠣᠢ ᠡᠬᠢ ᠪᠠᠶᠠᠯᠢᠭ ᠤᠨ ᠠᠵᠣ ᠠᠬᠤᠢ ᠶᠢᠨ ᠪᠠᠶᠢᠳᠠᠯ ᠤᠨ ᠵᠠᠳᠠᠯᠣᠨ ᠰᠢᠨᠵᠢᠯᠡᠯᠲᠡ ᠶᠢ ᠥᠷᠨᠢᠭᠦᠯᠵᠦ᠂ ᠪᠦᠬᠦ | ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠪᠦᠬᠦ ᠬᠡᠮᠵᠢᠶ᠎ᠡ ᠶᠢ | ᠲᠡᠩᠴᠡᠭᠦᠷᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠳᠣᠷᠠᠳᠣᠨ᠎ᠠ᠃ ᠣᠯᠣᠰ ᠤᠨ ᠭᠠᠵᠠᠷ | ᠰᠢᠷᠣᠢ ᠡᠬᠢ ᠪᠠᠶᠠᠯᠢᠭ ᠡᠵᠡᠮᠰᠢᠨ ᠲᠣᠬᠢᠷᠠᠭᠤᠯᠬᠤ ᠤᠯᠤᠰ ᠤᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ | ᠥᠪᠡᠷᠲᠡᠭᠡᠨ ᠵᠠᠰᠠᠬᠤ ᠣᠷᠣᠨ ᠤ ᠠᠵᠣ ᠠᠬᠤᠢ ᠶᠢᠨ ᠠᠵᠢᠯᠯᠠᠭᠠᠨ᠂ ᠣᠷᠣᠨ ᠲᠣᠭᠤᠷᠢᠭ ᠤᠨ ᠵᠣᠬᠢᠴᠠᠭᠤᠯᠭ᠎ᠠ᠂ | ᠬᠤᠲᠠ ᠬᠥᠳᠡᠭᠡ ᠶᠢᠨ ᠨᠢᠭᠡᠳᠦᠯᠲᠡᠢ ᠲᠥᠯᠥᠪᠵᠢᠭᠦᠯᠭᠡ ᠶᠢᠨ ᠰᠣᠳᠣᠯᠭᠠᠨ ᠳᠤ ᠣᠷᠣᠯᠴᠠᠬᠤ ᠶᠢᠨ ᠬᠠᠮᠲᠤ ᠣᠯᠣᠰ ᠤᠨ | ᠭᠠᠵᠠᠷ ᠰᠢᠷᠣᠢ ᠡᠬᠢ ᠪᠠᠶᠠᠯᠢᠭ ᠤᠨ ᠡᠵᠡᠮᠰᠢᠨ ᠲᠣᠬᠢᠷᠠᠭᠤᠯᠬᠤ ᠲᠠᠢ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ ᠤ | ᠲᠦᠷᠦ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ | ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠪᠠ ᠣᠷᠴᠢᠯᠲᠤ ᠠᠵᠣ ᠠᠬᠤᠢ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠷᠠᠭᠤᠯᠣᠨ ᠵᠣᠬᠢᠶᠠᠬᠤ ᠶᠢᠨ ᠳᠠᠭᠠᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠲᠠ ᠶᠢᠨ ᠡᠮᠬᠢ | ᠵᠢᠷᠣᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ | ᠬᠠᠮᠢᠶᠠᠷᠣᠯᠲᠠ ᠶᠢᠨ ᠲᠠᠯ᠎ᠠ ᠪᠠᠷ ᠬᠢ ᠣᠷᠣᠨ ᠨᠣᠲᠤᠭ ᠤᠨ ᠴᠢᠨᠠᠷᠲᠠᠢ ᠬᠠᠣᠯᠢ ᠲᠣᠭᠲᠠᠭᠠᠯ᠂ ᠳᠦᠷᠢᠮ ᠲᠣᠭᠲᠠᠭᠠᠯ ᠤᠨ | ᠡᠬᠡ ᠲᠦᠰᠦᠯ ᠢ ᠵᠣᠬᠢᠶᠠᠨ ᠪᠠᠶᠢᠭᠤᠯᠣᠨ ᠨᠣᠣᠷᠠᠭᠯᠠᠵᠤ᠂ ᠪᠦᠬᠦ ᠣᠷᠣᠨ ᠤ ᠭᠠᠵᠠᠷ ᠰᠢᠷᠣᠢ ᠡᠬᠢ ᠪᠠᠶᠠᠯᠢᠭ ᠤᠨ | ᠬᠠᠮᠠᠭᠠᠯᠠᠯᠲᠠ᠂ ᠬᠠᠮᠢᠶᠠᠷᠣᠯᠲᠠ᠂ ᠵᠣᠬᠢᠰᠲᠠᠢ ᠠᠰᠢᠭᠯᠠᠬᠤ ᠪᠠ ᠬᠡᠮᠵᠢᠨ ᠵᠢᠷᠤᠭᠯᠠᠬᠤ ᠵᠠᠰᠠᠭ ᠵᠠᠬᠢᠷᠭᠠᠨ ᠤ | ᠬᠠᠮᠢᠶᠠᠷᠣᠯᠲᠠ ᠵᠢᠴᠢ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ | ᠪᠣᠯᠣᠨ ᠬᠡᠮᠵᠢᠨ ᠵᠢᠷᠤᠭᠯᠠᠬᠤ ᠵᠡᠷᠭᠡ ᠬᠠᠤᠯᠢ ᠴᠠᠭᠠᠵᠠ ᠬᠠᠣᠯᠢ ᠲᠣᠭᠲᠠᠭᠠᠯ ᠢ ᠨᠠᠶᠢᠳᠠᠪᠣᠷᠢᠵᠢᠭᠤᠯᠣᠨ | ᠬᠡᠷᠡᠭᠵᠢᠭᠦᠯᠦᠭᠰᠡᠨ ᠪᠠᠶᠢᠳᠠᠯ ᠵᠢᠴᠢ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠭᠦᠯᠭᠡ ᠪᠠ | ᠬᠡᠮᠵᠢᠨ ᠵᠢᠷᠤᠭᠯᠠᠬᠤ ᠲᠦᠯᠦᠪᠵᠢᠭᠦᠯᠭᠡ ᠶᠢᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ᠠᠶᠢᠮᠠᠭ ᠬᠤᠲᠠ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠵᠠᠰᠠᠭ ᠵᠠᠬᠢᠷᠭ᠎ᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ ᠬᠢᠨᠠᠯᠲᠠ ᠲᠠᠯᠪᠢᠨ | ᠵᠢᠯᠣᠭᠤᠳᠣᠨ᠎ᠠ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠴᠢᠬᠤᠯᠠ ᠶᠡᠭᠡ ᠬᠠᠣᠯᠢ ᠠᠴᠠ ᠵᠦᠷᠢᠴᠡᠭᠰᠡᠨ | ᠬᠡᠷᠡᠭ ᠶᠢ ᠪᠠᠶᠢᠴᠠᠭᠠᠨ ᠰᠢᠢᠳᠪᠦᠷᠢᠯᠡᠨ᠎ᠡ᠃ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠪᠣᠯᠣᠨ ᠬᠡᠮᠵᠢᠨ | ᠵᠢᠷᠤᠭᠯᠠᠬᠤ ᠬᠠᠣᠯᠢ ᠴᠠᠭᠠᠵᠠ᠂ ᠬᠠᠣᠯᠢ ᠲᠣᠭᠲᠠᠭᠠᠯ ᠤᠨ ᠤᠬᠠᠭᠤᠯᠭ᠎ᠠ ᠬᠦᠮᠦᠵᠢᠯ ᠢ ᠵᠣᠬᠢᠶᠠᠨ ᠪᠠᠶᠢᠭᠤᠯᠣᠨ | ᠥᠷᠨᠢᠭᠦᠯᠦᠨ᠎ᠡ᠃ ᠣᠯᠣᠰ ᠤᠨ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠪᠣᠯᠣᠨ ᠬᠡᠮᠵᠢᠨ ᠵᠢᠷᠤᠭᠯᠠᠬᠤ | ᠬᠠᠮᠢᠶᠠᠷᠣᠯᠲᠠ ᠶᠢᠨ ᠲᠠᠯ᠎ᠠ ᠪᠠᠷ ᠬᠢ ᠮᠡᠷᠭᠡᠵᠢᠯ ᠤᠨ ᠪᠠᠷᠢᠮᠵᠢᠶ᠎ᠠ᠂ ᠳᠦᠷᠢᠮ ᠵᠢᠷᠤᠮᠯᠠᠯ᠂ ᠳᠦᠷᠢᠮᠵᠢᠯ ᠪᠣᠯᠣᠨ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠦᠨ᠎ᠡ᠃ | ︵ᠭᠤᠷᠪᠠ︶ ᠥᠪᠡᠷᠲᠡᠭᠡᠨ ᠵᠠᠰᠠᠬᠤ ᠣᠷᠣᠨ ᠳᠠᠬᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠭᠠᠵᠠᠷ ᠰᠢᠷᠣᠢ ᠶᠢᠨ | ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠣᠢ ᠢ ᠴᠡᠭᠴᠡᠯᠡᠨ ᠡᠮᠬᠢᠯᠡᠵᠦ ᠰᠡᠷᠭᠦᠭᠡᠨ | ᠬᠠᠭᠠᠯᠪᠤᠷᠢᠯᠠᠵᠤ ᠨᠡᠭᠡᠭᠡᠨ ᠠᠰᠢᠭᠯᠠᠬᠤ ᠲᠦᠯᠦᠪᠵᠢᠭᠦᠯᠭᠡ ᠪᠣᠯᠣᠨ ᠪᠤᠰᠤᠳ ᠲᠣᠰᠬᠠᠢ ᠵᠦᠢᠯ ᠤᠨ ᠲᠦᠯᠦᠪᠵᠢᠭᠦᠯᠭᠡ᠂ | ᠲᠦᠯᠦᠪᠯᠡᠭᠡ ᠶᠢ ᠨᠠᠶᠢᠷᠠᠭᠤᠯᠣᠨ ᠵᠣᠬᠢᠶᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠭᠤᠷᠬᠠᠢ ᠶᠢᠨ ᠡᠬᠢ | ᠪᠠᠶᠠᠯᠢᠭ᠂ ᠬᠡᠮᠵᠢᠨ ᠵᠢᠷᠤᠭᠯᠠᠬᠤ᠂ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ ᠭᠠᠵᠠᠷ ᠰᠢᠨᠵᠢᠯᠡᠭᠡ ᠶᠢᠨ | ᠣᠷᠴᠢᠨ ᠲᠣᠭᠤᠷᠢᠨ ᠵᠡᠷᠭᠡ ᠶᠢᠨ ᠲᠦᠯᠦᠪᠵᠢᠭᠦᠯᠭᠡ ᠵᠢᠴᠢ ᠭᠠᠵᠠᠷ ᠰᠢᠨᠵᠢᠯᠡᠭᠡ ᠶᠢᠨ ᠭᠠᠢ ᠭᠠᠮᠰᠢᠭ ᠤᠨ ᠰᠡᠷᠭᠡᠶᠢᠯᠡᠨ | ᠵᠠᠰᠠᠬᠤ᠂ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠲᠣᠰᠬᠠᠢ ᠵᠦᠢᠯ ᠤᠨ ᠤᠨ | ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠣᠨ ᠵᠣᠬᠢᠶᠠᠬᠤ ᠶᠢᠨ ᠬᠠᠮᠲᠤ ᠲᠦᠯᠦᠪᠵᠢᠭᠦᠯᠭᠡ ᠶᠢᠨ | ᠬᠡᠷᠡᠭᠵᠢᠭᠦᠯᠦᠭᠳᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠪᠦᠬᠦ ᠣᠷᠣᠨ ᠤ ᠡᠯ᠎ᠡ ᠱᠠᠲᠤᠨ ᠤ ᠭᠠᠵᠠᠷ | ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠠᠭᠤᠷᠬᠠᠢ ᠶᠢᠨ ᠡᠬᠢ ᠪᠠᠶᠠᠯᠢᠭ ᠤᠨ | ᠲᠦᠯᠦᠪᠵᠢᠭᠦᠯᠭᠡ ᠪᠣᠯᠣᠨ ᠪᠤᠰᠤᠳ ᠲᠤᠰᠬᠠᠢ ᠵᠦᠢᠯ ᠤᠨ ᠲᠦᠯᠦᠪᠵᠢᠭᠦᠯᠭᠡ ᠶᠢ ᠵᠢᠯᠣᠭᠤᠳᠬᠤ ᠪᠠ ᠬᠢᠨᠠᠨ | ᠬᠠᠷᠭᠤᠭᠤᠯᠤᠨ᠎ᠠ᠃ ᠪᠦᠬᠦ ᠣᠷᠣᠨ ᠤ ᠭᠠᠵᠠᠷ ᠰᠢᠷᠣᠢ ᠠᠰᠢᠭᠯᠠᠯᠲᠠ ᠶᠢᠨ ᠣᠨ ᠤ ᠲᠦᠯᠦᠪᠯᠡᠭᠡ ᠶᠢᠨ | ᠬᠠᠮᠢᠶᠠᠷᠣᠯᠲᠠ ᠶᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠭᠠᠵᠠᠷ ᠰᠢᠷᠣᠢ᠂ ᠠᠭᠤᠷᠬᠠᠢ ᠪᠣᠯᠣᠨ | ᠬᠡᠮᠵᠢᠨ ᠵᠢᠷᠤᠭᠯᠠᠬᠤ ᠵᠡᠷᠭᠡ ᠲᠠᠢ ᠬᠤᠯᠪᠣᠭᠳᠠᠬᠤ ᠬᠠᠮᠢᠶ᠎ᠠ ᠪᠦᠬᠦᠢ ᠲᠦᠯᠦᠪᠵᠢᠭᠦᠯᠭᠡ ᠶᠢᠨ ᠬᠢᠨᠠᠨ ᠬᠠᠷᠭᠤᠭᠤᠯᠬᠤ ᠳᠤ | ᠣᠷᠣᠯᠴᠠᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠡᠷᠬᠡ | ᠮᠡᠳᠡᠯ ᠤᠨ ᠬᠡᠪᠴᠢᠶᠡᠨ ᠤ ᠬᠠᠮᠢᠶᠠᠷᠤᠯᠲᠠ ᠶᠢ ᠬᠠᠷᠢᠭᠤᠴᠠᠨ ᠳᠦᠷᠢᠮᠵᠢᠭᠦᠯᠦᠨ᠎ᠡ᠃ ᠭᠠᠵᠠᠷ ᠰᠢᠷᠣᠢ ᠡᠬᠢ ᠪᠠᠶᠠᠯᠢᠭ | ᠪᠣᠯᠣᠨ ᠠᠭᠤᠷᠬᠠᠢ ᠶᠢᠨ ᠡᠬᠢ ᠪᠠᠶᠠᠯᠢᠭ ᠤᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠶᠢ | ᠬᠠᠤᠯᠢ ᠶᠣᠰᠣᠭᠠᠷ ᠬᠠᠮᠠᠭᠠᠯᠠᠵᠤ᠂ ᠴᠢᠬᠤᠯᠠ ᠶᠡᠭᠡ ᠡᠷᠬᠡ ᠮᠡᠳᠡᠯ ᠤᠨ ᠬᠡᠪᠴᠢᠶᠡᠨ ᠳᠠᠬᠢ ᠵᠢᠭᠤᠷᠠᠯᠳᠤᠭᠠᠨ ᠢ ᠵᠣᠬᠢᠶᠠᠨ | ᠪᠠᠶᠢᠭᠤᠯᠤᠨ ᠳᠠᠭᠠᠭᠠᠵᠤ ᠬᠢᠬᠦ ᠪᠠ ᠵᠣᠬᠢᠴᠠᠭᠤᠯᠵᠤ᠂ ᠭᠠᠵᠠᠷ ᠰᠢᠷᠣᠢ ᠶᠢᠨ ᠡᠷᠬᠡ ᠲᠣᠭᠲᠠᠭᠠᠬᠤ ᠶᠢ ᠵᠢᠯᠣᠭᠤᠳᠴᠤ᠂ | ᠡᠯ᠎ᠡ ᠲᠦᠷᠦᠯ ᠤᠨ ᠭᠠᠵᠠᠷ ᠰᠢᠷᠣᠢ ᠶᠢᠨ ᠪᠦᠷᠢᠭᠡᠳᠬᠡᠭᠰᠡᠨ ᠮᠠᠲ᠋ᠧᠷᠢᠶᠠᠯ ᠤᠨ ᠴᠤᠭᠯᠠᠭᠤᠯᠬᠤ᠂ ᠲᠢᠭᠯᠡᠨ ᠡᠮᠬᠢᠯᠡᠬᠦ᠂ | ᠬᠠᠮᠲᠤ ᠡᠳ᠋ᠯᠡᠬᠦ ᠪᠠ ᠬᠤᠷᠢᠶᠠᠩᠭᠤᠶᠢᠯᠠᠨ ᠲᠤᠰᠢᠶᠠᠬᠤ ᠬᠠᠮᠢᠶᠠᠷᠣᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠡᠶᠢᠭᠡᠮ ᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ᠃ | ︵ᠲᠠᠪᠤ︶ ᠪᠦᠬᠦ ᠣᠷᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠡᠭᠦᠷᠭᠡᠯᠡᠵᠦ᠂ | ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ ᠳᠤ ᠲᠣᠭᠲᠠᠭᠠᠭᠰᠠᠨ ᠲᠠᠷᠢᠶᠠᠨ ᠭᠠᠵᠠᠷ ᠤᠨ | ᠪᠠᠲᠤᠯᠠᠭᠠᠳᠤᠢ ᠲᠤᠭ᠎ᠠ ᠪᠠ ᠦᠨᠳᠦᠰᠦᠨ ᠲᠠᠷᠢᠶᠠᠯᠠᠬᠤ ᠭᠠᠵᠠᠷ ᠤᠨ ᠲᠠᠯᠠᠪᠠᠢ ᠬᠠᠰᠤᠭᠳᠠᠬᠤ ᠦᠭᠡᠢ ᠪᠠᠶᠢᠬᠤ ᠶᠢ | ᠦᠨᠡᠨᠬᠦ ᠪᠠᠲᠤᠯᠠᠨ᠎ᠠ᠃ ᠲᠠᠷᠢᠶᠠᠨ ᠭᠠᠵᠠᠷ ᠤᠨ ᠬᠠᠮᠠᠭᠠᠯᠠᠬᠤ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠦᠨᠳᠦᠰᠦᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠳᠤ ᠨᠥᠬᠦᠪᠦᠷᠢ ᠥᠭᠬᠦ ᠳᠦᠷᠢᠮ ᠤᠨ | ᠬᠡᠷᠡᠭᠵᠢᠭᠦᠯᠦᠭᠳᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠦᠬᠦ ᠣᠷᠣᠨ ᠤ ᠠᠰᠢᠭᠯᠠᠭᠠᠳᠤᠢ ᠭᠠᠵᠠᠷ ᠰᠢᠷᠣᠢ ᠶᠢ | ᠨᠡᠭᠡᠭᠡᠨ ᠠᠰᠢᠭᠯᠠᠬᠤ᠂ ᠭᠠᠵᠠᠷ ᠰᠢᠷᠣᠢ ᠲᠢᠭᠯᠡᠨ ᠡᠮᠬᠢᠯᠡᠬᠦ᠂ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠪᠣᠯᠣᠨ | ᠲᠠᠷᠢᠶᠠᠨ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠬᠤ ᠠᠵᠢᠯ ᠢ ᠬᠡᠷᠡᠭᠵᠢᠭᠦᠯᠦᠨ᠎ᠡ᠃ ᠭᠠᠵᠠᠷ ᠰᠢᠷᠣᠢ ᠶᠢᠨ | ᠬᠡᠷᠡᠭᠴᠡᠭᠡᠨ ᠤ ᠬᠢᠨᠠᠨ ᠵᠠᠬᠢᠷᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢᠨ ᠰᠢᠯᠵᠢᠭᠦᠯᠦᠨ ᠬᠡᠷᠡᠭᠯᠡᠬᠦ ᠪᠠ | ᠭᠠᠵᠠᠷ ᠰᠢᠷᠣᠢ ᠶᠢᠨ ᠲᠠᠲᠠᠪᠤᠷᠢᠯᠠᠨ ᠬᠤᠷᠢᠶᠠᠵᠤ ᠲᠠᠲᠠᠪᠤᠷᠢᠯᠠᠨ ᠬᠡᠷᠡᠭᠯᠡᠬᠦ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠬᠢᠨᠠᠨ ᠵᠥᠪᠰᠢᠶᠡᠷᠡᠭᠦᠯᠬᠦ ᠡᠯ᠎ᠡ ᠲᠦᠷᠦᠯ ᠤᠨ ᠬᠡᠷᠡᠭᠯᠡᠬᠦ ᠭᠠᠵᠠᠷ ᠤᠨ ᠬᠢᠨᠠᠨ ᠬᠠᠷᠭᠤᠭᠤᠯᠬᠤ᠂ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠪᠦᠬᠦ ᠣᠷᠣᠨ ᠤ ᠭᠠᠵᠠᠷ ᠰᠢᠷᠣᠢ ᠠᠰᠢᠭᠯᠠᠨ ᠬᠡᠷᠡᠭᠯᠡᠬᠦ ᠡᠯ᠎ᠡ ᠲᠦᠷᠦᠯ ᠤᠨ ᠲᠤᠭ᠎ᠠ | ᠪᠠᠷᠢᠮᠲᠠ ᠶᠢ ᠴᠠᠭ ᠲᠤᠬᠠᠢ ᠳᠤ ᠨᠢ ᠣᠨᠣᠪᠴᠢᠲᠠᠢ ᠪᠠᠷ ᠬᠠᠩᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ | ᠣᠷᠣᠨ ᠤ ᠭᠠᠵᠠᠷ ᠲᠠᠷᠢᠶᠠᠨ ᠤ ᠳᠠᠩᠰᠠ ᠶᠢᠨ ᠬᠠᠮᠢᠶᠠᠷᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ᠪᠦᠬᠦ | ᠣᠷᠣᠨ ᠤ ᠭᠠᠵᠠᠷ ᠰᠢᠷᠣᠢ ᠡᠬᠢ ᠪᠠᠶᠠᠯᠢᠭ ᠤᠨ ᠪᠠᠶᠢᠴᠠᠭᠠᠨ ᠰᠤᠳᠤᠯᠤᠯᠲᠠ᠂ ᠭᠠᠵᠠᠷ ᠲᠠᠷᠢᠶᠠᠨ ᠤ ᠳᠠᠩᠰᠠ ᠶᠢᠨ | ᠪᠠᠶᠢᠴᠠᠭᠠᠨ ᠰᠤᠳᠤᠯᠤᠯᠲᠠ᠂ ᠭᠠᠵᠠᠷ ᠰᠢᠷᠣᠢ ᠶᠢᠨ ᠲᠤᠭ᠎ᠠ ᠪᠦᠷᠢᠳᠬᠡᠯ ᠪᠣᠯᠣᠨ ᠬᠥᠳᠡᠯᠦᠩᠭᠦᠢ ᠬᠢᠨᠠᠨ ᠰᠢᠯᠭᠠᠬᠤ ᠶᠢ | ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠠᠵᠠᠷ ᠰᠢᠷᠣᠢ ᠪᠠᠶᠢᠴᠠᠭᠠᠨ | ᠰᠤᠳᠤᠯᠤᠯᠲᠠ ᠶᠢᠨ ᠲᠣᠰᠬᠠᠢ ᠵᠦᠢᠯ ᠢ ᠵᠣᠬᠢᠶᠠᠨ ᠪᠠᠶᠢᠭᠤᠯᠣᠨ᠎ᠠ᠃ ᠠᠶᠢᠮᠠᠭ ᠬᠤᠲᠠ ᠶᠢᠨ ᠭᠠᠵᠠᠷ ᠲᠠᠷᠢᠶᠠᠨ ᠤ | ᠳᠠᠩᠰᠠ ᠶᠢᠨ ᠪᠠᠶᠢᠴᠠᠭᠠᠨ ᠰᠤᠳᠤᠯᠤᠯᠲᠠ᠂ ᠪᠦᠷᠢᠳᠭᠡᠯ ᠪᠠ ᠭᠠᠵᠠᠷ ᠰᠢᠷᠣᠢ ᠶᠢᠨ ᠢᠯᠭᠠᠯ ᠬᠤᠪᠢᠶᠠᠨ ᠳᠡᠰ | ᠲᠣᠭᠲᠠᠭᠠᠵᠤ ᠦᠨ᠎ᠡ ᠲᠥᠰᠥᠭᠡᠯᠡᠨ ᠵᠢᠱᠢᠬᠦ ᠠᠵᠢᠯ ᠢ ᠵᠢᠯᠣᠭᠤᠳᠤᠨ᠎ᠠ᠃ | ︵ᠳᠣᠯᠤᠭ᠎ᠠ︶ ᠭᠠᠵᠠᠷ ᠰᠢᠷᠣᠢ ᠡᠬᠢ ᠪᠠᠶᠠᠯᠢᠭ ᠤᠨ ᠠᠷᠪᠢᠯᠠᠵᠤ ᠡᠷᠴᠢᠮᠵᠢᠭᠦᠯᠦᠨ ᠠᠰᠢᠭᠯᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠣᠯᠣᠰ ᠤᠨ ᠬᠠᠮᠢᠶ᠎ᠠ ᠪᠦᠬᠦᠢ ᠭᠠᠵᠠᠷ ᠰᠢᠷᠣᠢ ᠶᠢᠨ ᠨᠡᠭᠡᠭᠡᠨ ᠠᠰᠢᠭᠯᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ ᠶᠢᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ᠂ ᠵᠠᠰᠠᠭ ᠤᠨ ᠣᠷᠳᠣᠨ ᠤ ᠭᠠᠵᠠᠷ ᠰᠢᠷᠣᠢ ᠶᠢᠨ ᠨᠥᠭᠡᠴᠡ᠂ ᠭᠠᠵᠠᠷ ᠰᠢᠷᠣᠢ ᠶᠢ ᠨᠡᠭᠡᠭᠡᠨ | ᠬᠥᠭᠵᠢᠭᠦᠯᠬᠦ ᠪᠠ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠵᠢᠯᠣᠭᠤᠳᠤᠨ᠂ ᠬᠠᠮᠢᠶᠠᠷᠬᠤ ᠪᠠ ᠬᠢᠨᠠᠯᠲᠠ ᠲᠠᠯᠪᠢᠨ᠎ᠠ | ᠃ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠢᠮᠳᠠ ᠦᠨ᠎ᠡ ᠪᠠᠷ ᠬᠤᠳᠠᠯᠳᠤᠬᠤ᠂ ᠲᠦᠷᠢᠶᠡᠰᠦᠯᠡᠬᠦ᠂ ᠦᠨ᠎ᠡ | ᠬᠠᠩᠰᠢ ᠲᠣᠭᠲᠠᠭᠠᠨ ᠪᠡᠯᠡ ᠣᠷᠣᠭᠤᠯᠬᠤ᠂ ᠰᠢᠯᠵᠢᠭᠦᠯᠦᠨ ᠥᠭᠬᠦ ᠵᠡᠷᠭᠡ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠯ | ᠶᠣᠰᠣᠭᠠᠷ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠭᠠᠵᠠᠷ ᠰᠢᠷᠣᠢ ᠶᠢᠨ ᠰᠠᠭᠤᠷᠢ ᠪᠠᠷᠢᠮᠵᠢᠶᠠᠲᠤ ᠦᠨ᠎ᠡ᠂ | ᠪᠠᠷᠢᠮᠵᠢᠶᠠᠲᠤ ᠲᠣᠭᠲᠠᠮᠠᠯ ᠦᠨ᠎ᠡ ᠵᠡᠷᠭᠡ ᠵᠠᠰᠠᠭ ᠤᠨ ᠣᠷᠳᠣᠨ ᠠᠴᠠ ᠢᠯᠡ ᠵᠠᠷᠯᠠᠬᠤ ᠭᠠᠵᠠᠷ ᠤᠨ ᠦᠨ᠎ᠡ ᠶᠢᠨ | ᠳᠦᠷᠢᠮ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ ᠮᠦᠴᠢᠷ ᠲᠠᠢ ᠬᠠᠮᠲᠤᠷᠠᠵᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠬᠠᠮᠲᠤ ᠶᠢᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠡᠷᠭᠢᠯᠳᠦᠭᠦᠯᠦᠨ | ᠰᠢᠯᠵᠢᠭᠦᠯᠬᠦ ᠳᠤ ᠬᠢᠨᠠᠯᠲᠠ ᠲᠠᠯᠪᠢᠨ᠎ᠠ᠃ ᠣᠯᠣᠰ ᠠᠴᠠ ᠴᠠᠭᠠᠵᠠᠯᠠᠭᠰᠠᠨ ᠪᠠ ᠬᠢᠵᠠᠭᠠᠷᠯᠠᠭᠰᠠᠨ ᠭᠠᠵᠠᠷ ᠬᠠᠩᠭᠠᠬᠤ | ᠭᠠᠷᠴᠠᠭ᠂ ᠬᠡᠷᠡᠭᠯᠡᠬᠦ ᠭᠠᠵᠠᠷ ᠤᠨ ᠰᠢᠯᠵᠢᠭᠦᠯᠦᠨ ᠥᠭᠬᠦ ᠭᠠᠷᠴᠠᠭ ᠵᠡᠷᠭᠡ ᠳᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠬᠤ ᠶᠢᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠬᠦ | ᠳᠦᠷᠢᠮ ᠤᠨ ᠥᠭᠡᠷᠡᠴᠢᠯᠡᠯᠲᠡ ᠬᠢᠬᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠭᠠᠵᠠᠷ ᠰᠢᠷᠣᠢ | ᠬᠥᠷᠥᠩᠭᠡ ᠶᠢᠨ ᠰᠢᠢᠳᠪᠦᠷᠢᠯᠡᠬᠦ ᠶᠢ ᠡᠭᠦᠷᠭᠡᠯᠡᠨ᠎ᠡ᠃ | ︵ᠨᠠᠢᠮᠠ︶ ᠥᠪᠡᠷᠲᠡᠭᠡᠨ ᠵᠠᠰᠠᠬᠤ ᠣᠷᠣᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠡᠮᠬᠢ ᠵᠢᠷᠤᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠡᠮᠬᠢ ᠵᠢᠷᠤᠮ ᠳᠤ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠤ᠂ ᠭᠠᠵᠠᠷ | ᠰᠢᠷᠣᠢ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠪᠣᠯᠣᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠠᠰᠢᠭᠯᠠᠭᠰᠠᠨ ᠪᠠᠶᠢᠳᠠᠯ ᠢ ᠬᠢᠨᠠᠨ ᠰᠢᠯᠭᠠᠵᠤ᠂ ᠭᠠᠵᠠᠷ ᠤᠨ ᠦᠨ᠎ᠡ ᠶᠢ ᠬᠢᠨᠠᠨ ᠰᠢᠯᠭᠠᠬᠤ ᠪᠠ ᠬᠢᠨᠠᠨ | ᠵᠠᠬᠢᠷᠴᠤ᠂ ᠠᠭᠤᠷᠬᠠᠢ ᠶᠢᠨ ᠦᠢᠯᠡᠰ ᠤᠨ ᠡᠷᠬᠡ ᠶᠢᠨ ᠵᠠᠬ᠎ᠠ ᠳᠡᠯᠭᠡᠭᠦᠷ ᠢ ᠬᠢᠨᠠᠨ ᠵᠠᠬᠢᠷᠬᠤ ᠪᠠ ᠳᠦᠷᠢᠮᠵᠢᠭᠦᠯᠵᠦ᠂ | ᠠᠭᠤᠷᠬᠠᠢ ᠶᠢᠨ ᠦᠢᠯᠡᠰ ᠲᠤ ᠡᠷᠬᠡ ᠬᠦᠷᠲᠡᠭᠰᠡᠨ ᠬᠦᠮᠦᠨ ᠬᠠᠶᠢᠨ ᠪᠠᠶᠢᠴᠠᠭᠠᠯᠲᠠ ᠬᠢᠬᠦ᠂ ᠨᠡᠭᠡᠭᠡᠨ ᠮᠠᠯᠲᠠᠬᠤ | ᠠᠵᠢᠯᠯᠠᠭᠠᠨ ᠳᠤ ᠬᠢᠨᠠᠯᠲᠠ ᠲᠠᠯᠪᠢᠨ ᠬᠠᠮᠢᠶᠠᠷᠬᠤ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠡᠬᠢ | ᠪᠠᠶᠠᠯᠢᠭ ᠤᠨ ᠬᠤᠯᠪᠣᠭᠳᠠᠯ ᠪᠦᠬᠦᠢ ᠨᠡᠶᠢᠬᠡᠮ ᠤᠨ ᠵᠠᠭᠤᠴᠢ ᠪᠣᠯᠬᠤ ᠵᠣᠬᠢᠶᠠᠨ ᠪᠠᠶᠢᠭᠤᠯᠤᠯᠲᠠ ᠬᠢᠭᠡᠳ ᠦᠢᠯᠡ | ᠠᠵᠢᠯᠠᠯᠭ᠎ᠠ ᠶᠢ ᠳᠦᠷᠢᠮᠵᠢᠭᠦᠯᠬᠦ ᠪᠠ ᠬᠢᠨᠠᠯᠲᠠ ᠲᠠᠯᠪᠢᠵᠤ᠂ ᠬᠠᠤᠯᠢ ᠪᠣᠯᠣᠨ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠠᠯᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠬᠡᠨ᠎ᠡ᠃ | ︵ᠶᠢᠰᠦ︶ ᠪᠦᠬᠦ ᠣᠷᠣᠨ ᠤ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠬᠦᠭᠵᠢᠯᠲᠡ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶᠡᠨ ᠲᠣᠲᠤᠷᠠᠬᠢ ᠠᠭᠤᠷᠬᠠᠢ ᠶᠢᠨ ᠦᠢᠯᠡᠰ ᠤᠨ | ᠡᠷᠬᠡ ᠶᠢ ᠨᠢ ᠬᠢᠨᠠᠨ ᠵᠥᠪᠰᠢᠶᠡᠷᠡᠵᠦ ᠪᠦᠷᠢᠳᠬᠡᠨ ᠦᠨᠡᠮᠯᠡᠯ ᠣᠯᠭᠤᠬᠤ ᠪᠠ ᠰᠢᠯᠵᠢᠭᠦᠯᠦᠨ ᠥᠭᠬᠦ ᠶᠢ ᠨᠢ ᠬᠢᠨᠠᠨ | ᠵᠥᠪᠰᠢᠶᠡᠷᠡᠵᠦ ᠪᠦᠷᠢᠳᠬᠡᠬᠦ ᠶᠢ ᠬᠠᠤᠯᠢ ᠶᠣᠰᠣᠭᠠᠷ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠠᠴᠠ | ᠠᠭᠤᠷᠬᠠᠢ ᠶᠢᠨ ᠣᠷᠣᠨ ᠪᠣᠯᠣᠨ ᠣᠯᠣᠰ ᠠᠷᠠᠳ ᠤᠨ ᠠᠵᠤ ᠠᠬᠤᠢ ᠶᠢᠨ ᠬᠦᠭᠵᠢᠯᠲᠡ ᠳᠤ ᠴᠢᠬᠤᠯᠠ ᠥᠷᠲᠡᠭ | ᠲᠠᠢ ᠪᠠᠷ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠬᠠᠮᠢᠶᠠᠷᠣᠯᠲᠠ ᠬᠡᠷᠡᠭᠵᠢᠭᠦᠯᠬᠦ ᠶᠢ ᠬᠠᠷᠢᠭᠤᠴᠠᠵᠤ᠂ | ᠬᠠᠮᠠᠭᠠᠯᠠᠬᠤ ᠴᠢᠨᠠᠷᠲᠠᠢ ᠪᠠᠷ ᠨᠡᠭᠡᠭᠡᠨ ᠮᠠᠯᠲᠠᠬᠤ ᠣᠨᠴᠠᠭᠠᠢ ᠠᠭᠤᠷᠬᠠᠢ ᠶᠢᠨ ᠵᠦᠢᠯᠡᠰ᠂ ᠳᠠᠪᠠᠭᠤᠯᠢᠭ ᠠᠭᠤᠷᠬᠠᠢ ᠶᠢᠨ | ᠭᠠᠷᠤᠯᠲᠠ ᠶᠢ ᠨᠡᠭᠡᠭᠡᠨ ᠮᠠᠯᠲᠠᠬᠤ ᠶᠡᠷᠦᠩᠬᠡᠢ ᠬᠡᠮᠵᠢᠶ᠎ᠡ ᠶᠢᠨ ᠡᠵᠡᠮᠰᠢᠯ ᠵᠢᠴᠢ ᠬᠠᠮᠢᠶ᠎ᠠ ᠪᠦᠬᠦᠢ ᠬᠠᠮᠢᠶᠠᠷᠣᠯᠲᠠ ᠶᠢᠨ | ᠠᠵᠢᠯ ᠭᠡᠷᠡᠭᠵᠢᠭᠦᠯᠬᠦ ᠶᠢ ᠡᠭᠦᠷᠭᠡᠯᠡᠵᠦ᠂ ᠠᠭᠤᠷᠬᠠᠢ ᠶᠢᠨ ᠦᠢᠯᠡᠰ ᠤᠨ ᠡᠷᠬᠡ ᠶᠢᠨ ᠪᠠᠶᠢᠷᠢᠯᠠᠭᠤᠯᠬᠤ ᠲᠦᠰᠦᠯ ᠢ | ᠨᠠᠶᠢᠷᠠᠭᠤᠯᠣᠨ ᠵᠣᠬᠢᠶᠠᠵᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ᠃ | ︵ᠠᠷᠪᠠ︶ ᠪᠦᠬᠦ ᠣᠷᠣᠨ ᠤ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠠᠵᠢᠯ ᠲᠦᠷᠦᠯ ᠪᠣᠯᠣᠨ | ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠣᠷᠣᠨ ᠤ | ᠭᠠᠵᠠᠷ ᠰᠢᠨᠵᠢᠯᠡᠭᠡ ᠶᠢᠨ ᠪᠠᠶᠢᠴᠠᠭᠠᠨ ᠦᠨᠡᠯᠡᠨ ᠵᠢᠱᠢᠬᠦ ᠪᠠ ᠠᠭᠤᠷᠬᠠᠢ ᠶᠢᠨ ᠡᠬᠢ ᠪᠠᠶᠠᠯᠢᠭ ᠤᠨ ᠬᠠᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠡᠯᠡ ᠣᠷᠣᠭᠤᠯᠵᠤ | ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠲᠦᠷᠦᠯ ᠵᠦᠢᠯᠡᠰ ᠤᠨ ᠲᠥᠷᠥᠯ ᠵᠦᠢᠯ ᠲᠣᠭᠲᠠᠭᠠᠬᠤ᠂ ᠬᠢᠨᠠᠨ | ᠬᠠᠮᠢᠶᠠᠷᠬᠤ᠂ ᠬᠢᠨᠠᠨ ᠲᠣᠭᠲᠠᠭᠠᠵᠤ ᠰᠢᠯᠭᠠᠨ ᠠᠪᠬᠤ ᠪᠠ ᠦᠷ᠎ᠡ ᠪᠦᠲᠦᠭᠡᠯ ᠲᠣᠬᠢᠷᠠᠭᠤᠯᠬᠤ ᠶᠢ ᠬᠠᠷᠢᠭᠤᠴᠠᠵᠤ᠂ | ᠣᠯᠣᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠲᠣᠰᠬᠠᠢ | ᠵᠦᠢᠯᠡᠰ ᠢ ᠵᠣᠬᠢᠶᠠᠨ ᠪᠠᠶᠢᠭᠤᠯᠵᠤ᠂ ᠡᠷᠬᠡ ᠮᠡᠳᠡᠯ ᠤᠨ ᠬᠡᠪᠴᠢᠶᠡᠨ ᠲᠣᠲᠤᠷᠠᠬᠢ ᠭᠠᠵᠠᠷ ᠰᠢᠨᠵᠢᠯᠡᠭᠡ ᠶᠢᠨ ᠬᠠᠶᠢᠨ | ᠪᠠᠶᠢᠴᠠᠭᠠᠬᠤ ᠬᠢᠷᠢ ᠬᠡᠮ᠂ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠢ ᠬᠠᠮᠢᠶᠠᠷᠴᠤ᠂ | ᠪᠦᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠬᠠᠶᠢᠨ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠵᠦ | ᠬᠠᠮᠢᠶᠠᠷᠤᠨ᠂ ᠬᠢᠨᠠᠯᠲᠠ ᠲᠠᠯᠪᠢᠨ ᠵᠣᠬᠢᠴᠠᠭᠤᠯᠤᠨ᠎ᠠ᠃ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠭᠤᠷᠬᠠᠢ ᠶᠢᠨ ᠭᠠᠵᠠᠷ ᠰᠢᠨᠵᠢᠯᠡᠭᠡ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠭᠡᠷᠡᠭᠵᠢᠭᠦᠯᠵᠦ᠂ ᠡᠷᠲᠡᠨ ᠤ ᠠᠮᠢᠳᠤ ᠪᠣᠳᠠᠰ ᠤᠨ | ᠴᠢᠯᠠᠭᠤᠵᠢᠮᠠᠯ᠂ ᠭᠠᠵᠠᠷ ᠰᠢᠨᠵᠢᠯᠡᠭᠡ ᠶᠢᠨ ᠡᠷᠲᠡᠨ ᠤ ᠪᠠᠭᠤᠷᠢ᠂ ᠠᠭᠤᠷᠬᠠᠢ ᠶᠢᠨ ᠪᠠᠭᠤᠷᠢ ᠵᠡᠷᠭᠡ ᠴᠢᠬᠤᠯᠠ | ᠬᠠᠮᠠᠭᠠᠯᠠᠯᠲᠠ ᠶᠢᠨ ᠣᠷᠣᠨ᠂ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠨ ᠬᠠᠮᠢᠶᠠᠷᠬᠤ ᠶᠢ ᠵᠣᠬᠢᠶᠠᠨ | ᠪᠠᠶᠢᠭᠤᠯᠵᠤ᠂ ᠣᠰᠣᠨ ᠤ ᠭᠠᠵᠠᠷ ᠰᠢᠨᠵᠢᠯᠡᠭᠡ᠂ ᠪᠠᠷᠢᠯᠭ᠎ᠠ ᠶᠢᠨ ᠭᠠᠵᠠᠷ ᠰᠢᠨᠵᠢᠯᠡᠭᠡ᠂ ᠣᠷᠴᠢᠨ ᠲᠣᠭᠤᠷᠢᠨ ᠤ | ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ ᠦᠨᠡᠯᠡᠬᠦ ᠠᠵᠢᠯ ᠢ ᠬᠠᠤᠯᠢ ᠶᠣᠰᠣᠭᠠᠷ ᠬᠠᠮᠢᠶᠠᠷᠴᠤ᠂ ᠬᠥᠷᠥᠰᠥᠨ | ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠬᠤ ᠪᠠ ᠪᠣᠬᠢᠷᠬᠤ ᠶᠢ ᠬᠢᠨᠠᠨ ᠰᠢᠯᠭᠠᠬᠤ ᠪᠠ ᠬᠢᠨᠠᠯᠲᠠ ᠲᠠᠯᠪᠢᠨ | ᠰᠡᠷᠭᠡᠶᠢᠯᠡᠨ᠎ᠡ᠃ ᠬᠤᠲᠠ ᠶᠢᠨ ᠭᠠᠵᠠᠷ ᠰᠢᠨᠵᠢᠯᠡᠭᠡ᠂ ᠲᠠᠷᠢᠶᠠᠯᠠᠩ ᠤᠨ ᠭᠠᠵᠠᠷ ᠰᠢᠨᠵᠢᠯᠡᠭᠡ᠂ ᠵᠢᠭᠤᠯᠴᠢᠯᠠᠯ ᠤᠨ | ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ ᠦᠨᠡᠯᠡᠬᠦ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠪᠦᠬᠦ ᠣᠷᠣᠨ ᠤ ᠭᠠᠵᠠᠷ ᠬᠥᠷᠥᠰᠥᠨ ᠤ ᠭᠠᠢ ᠭᠠᠮᠰᠢᠭ ᠢ ᠰᠡᠷᠭᠡᠶᠢᠯᠡᠬᠦ ᠪᠠ ᠵᠠᠰᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠭᠠᠵᠠᠷ ᠬᠥᠷᠥᠰᠥᠨ ᠤ ᠭᠠᠢ ᠭᠠᠮᠰᠢᠭ ᠲᠤ ᠰᠡᠷᠭᠡᠶᠢᠯᠡᠬᠦ | ᠠᠵᠢᠯ ᠢ ᠵᠤᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠬᠦᠨᠳᠦ ᠶᠡᠭᠡ ᠭᠠᠵᠠᠷ ᠬᠥᠷᠥᠰᠥᠨ ᠤ | ᠭᠠᠢ ᠭᠠᠮᠰᠢᠭ ᠵᠡᠷᠭᠡ ᠣᠯᠣᠰ ᠤᠨ ᠭᠠᠵᠠᠷ ᠰᠢᠷᠣᠢ ᠡᠬᠢ ᠪᠠᠶᠠᠯᠢᠭ ᠲᠤ ᠲᠣᠬᠢᠶᠠᠯᠳᠤᠭᠰᠠᠨ ᠭᠡᠨᠡᠳᠲᠡ ᠶᠢᠨ ᠬᠡᠷᠡᠭ ᠢ | ᠠᠷᠭᠠᠴᠠᠬᠤ ᠪᠠᠴᠢᠮ ᠪᠠᠶᠢᠳᠠᠯ ᠤᠨ ᠲᠥᠰᠥᠯ ᠢ ᠲᠤᠭᠤᠷᠪᠢᠨ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠡᠬᠢ ᠪᠠᠶᠠᠯᠢᠭ ᠤᠨ ᠠᠰᠢᠭ ᠣᠯᠵᠠᠪᠤᠷᠢ ᠶᠢ ᠬᠠᠤᠯᠢ ᠶᠣᠰᠣᠭᠠᠷ ᠲᠠᠲᠠᠪᠤᠷᠢᠯᠠᠵᠤ᠂ ᠪᠡᠯᠡ | ᠮᠦᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃ ᠭᠠᠵᠠᠷ ᠰᠢᠷᠣᠢ᠂ ᠠᠭᠤᠷᠬᠠᠢ ᠶᠢᠨ ᠡᠬᠢ | ᠪᠠᠶᠠᠯᠢᠭ ᠤᠨ ᠲᠤᠰᠬᠠᠢ ᠵᠦᠢᠯ ᠤᠨ ᠣᠷᠤᠯᠭ᠎ᠠ ᠳᠤ ᠲᠠᠲᠠᠪᠤᠷᠢᠯᠠᠨ ᠬᠠᠮᠢᠶᠠᠷᠬᠤ ᠠᠵᠢᠯ ᠢ ᠬᠠᠤᠯᠢ ᠶᠣᠰᠣᠭᠠᠷ ᠵᠣᠬᠢᠶᠠᠨ | ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠠᠰᠢᠭ ᠣᠯᠵᠠᠪᠤᠷᠢ ᠶᠢᠨ | ᠬᠤᠪᠢᠶᠠᠷᠢᠯᠠᠯᠲᠠ ᠶᠢᠨ ᠳᠦᠷᠢᠮ ᠢ ᠲᠣᠭᠤᠷᠪᠢᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠪᠦᠬᠦ | ᠣᠷᠣᠨ ᠤ ᠭᠠᠵᠠᠷ ᠰᠢᠷᠣᠢ ᠴᠡᠭᠴᠡᠯᠡᠨ ᠡᠮᠬᠢᠯᠡᠬᠦ᠂ ᠭᠠᠵᠠᠷ ᠰᠢᠷᠣᠢ ᠰᠡᠷᠭᠦᠭᠡᠨ ᠬᠠᠭᠠᠯᠪᠤᠷᠢᠯᠠᠵᠤ᠂ ᠭᠠᠵᠠᠷ ᠰᠢᠷᠣᠢ | ᠨᠡᠭᠡᠭᠡᠨ ᠠᠰᠢᠭᠯᠠᠬᠤ ᠵᠡᠷᠭᠡ ᠲᠤᠰᠬᠠᠢ ᠵᠦᠢᠯ ᠤᠨ ᠪᠡᠯᠡ ᠮᠦᠩᠭᠦ ᠬᠤᠷᠢᠶᠠᠨ ᠠᠪᠬᠤ ᠪᠠ ᠬᠡᠷᠡᠭᠯᠡᠬᠦ ᠶᠢ ᠵᠢᠯᠣᠭᠤᠳᠤᠨ᠂ | ᠬᠢᠨᠠᠯᠲᠠ ᠲᠠᠯᠪᠢᠨ᠎ᠠ᠃ ᠭᠠᠵᠠᠷ ᠰᠢᠷᠣᠢ᠂ ᠠᠭᠤᠷᠬᠠᠢ ᠵᠡᠷᠭᠡ ᠡᠬᠢ ᠪᠠᠶᠠᠯᠢᠭ ᠤᠨ ᠴᠢᠨᠠᠷᠲᠠᠢ ᠬᠦᠷᠦᠩᠭᠡ ᠶᠢᠨ | ᠬᠠᠮᠢᠶᠠᠷᠤᠯᠲᠠ ᠳᠤ ᠣᠷᠣᠯᠴᠠᠵᠤ᠂ ᠣᠯᠣᠰ ᠪᠠ ᠥᠪᠡᠷᠲᠡᠭᠡᠨ ᠵᠠᠰᠠᠬᠤ ᠣᠷᠣᠨ ᠠᠴᠠ ᠪᠡᠯᠡ ᠣᠷᠣᠭᠤᠯᠵᠤ | ᠪᠦᠷᠢᠯᠳᠦᠭᠰᠡᠨ ᠠᠭᠤᠷᠬᠠᠢ ᠶᠢᠨ ᠡᠷᠬᠡ ᠶᠢᠨ ᠡᠷᠬᠡ ᠠᠰᠢᠭ ᠤᠨ ᠬᠠᠮᠢᠶᠠᠷᠤᠯᠲᠠ ᠳᠤ ᠣᠷᠣᠯᠴᠠᠵᠤ᠂ ᠬᠠᠮᠢᠶ᠎ᠠ ᠪᠦᠬᠦᠢ | ᠪᠡᠯᠡ ᠮᠦᠩᠭᠦ᠂ ᠰᠠᠭᠤᠷᠢ ᠮᠦᠩᠭᠦ ᠶᠢᠨ ᠲᠥᠰᠥᠪ ᠪᠣᠯᠣᠨ ᠡᠳ᠋ ᠤᠨ ᠶᠠᠪᠤᠳᠠᠯ᠂ ᠬᠦᠷᠦᠩᠭᠡ ᠶᠢᠨ ᠬᠠᠮᠢᠶᠠᠷᠤᠯᠲᠠ ᠪᠠ | ᠬᠢᠨᠠᠯᠲᠠ ᠲᠠᠯᠪᠢᠯᠲᠠ ᠶᠢ ᠬᠠᠷᠢᠭᠤᠴᠠᠨ᠎ᠠ᠃ | ︵ᠠᠷᠪᠠᠨ ᠳᠥᠷᠪᠡ︶ ᠪᠦᠬᠦ ᠣᠷᠣᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠰᠢᠨᠵᠢᠯᠡᠭᠡ | ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠎ᠠ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠰᠢᠨᠵᠢᠯᠡᠭᠡ | ᠮᠡᠷᠭᠡᠵᠢᠯ ᠤᠨ ᠬᠦᠭᠵᠢᠯᠲᠡ ᠪᠠ ᠴᠢᠳᠠᠪᠤᠷᠢᠲᠠᠨ ᠬᠦᠮᠦᠵᠢᠭᠦᠯᠬᠦ ᠲᠦᠯᠦᠪᠵᠢᠭᠦᠯᠭᠡ᠂ ᠲᠥᠯᠥᠪᠯᠡᠭᠡ ᠲᠣᠭᠲᠠᠭᠠᠨ᠂ | ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠴᠢᠬᠤᠯᠠ ᠰᠢᠨᠵᠢᠯᠡᠭᠡ ᠮᠡᠷᠭᠡᠵᠢᠯ ᠤᠨ ᠲᠦᠷᠦᠯ ᠢ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠮᠡᠳᠡᠭᠡ ᠵᠠᠩᠭᠢᠵᠢᠯᠠᠬᠤ ᠪᠦᠲᠦᠭᠡᠨ ᠪᠠᠶᠢᠭᠤᠯᠤᠯᠲᠠ | ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠲᠠᠯ᠎ᠠ ᠪᠠᠷ ᠬᠢ ᠣᠯᠠᠨ ᠨᠡᠶᠢᠲᠡ ᠶᠢᠨ ᠦᠢᠯᠡᠴᠢᠯᠡᠭᠡ ᠶᠢ ᠠᠬᠢᠭᠤᠯᠤᠨ᠎ᠠ᠃ | ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ | ᠨᠡᠭᠡᠭᠡᠨ ᠠᠰᠢᠭᠯᠠᠬᠤ ᠲᠠᠯ᠎ᠠ ᠪᠠᠷ ᠬᠢ ᠭᠠᠳᠠᠭᠠᠳᠤ ᠯᠤᠭ᠎ᠠ ᠶᠢᠨ ᠬᠠᠮᠵᠢᠯᠴᠠᠭ᠎ᠠ ᠪᠠ ᠰᠣᠯᠢᠯᠴᠠᠭ᠎ᠠ ᠶᠢ ᠥᠷᠨᠢᠭᠦᠯᠦᠨ᠎ᠡ᠃ | ᠪᠦᠬᠦ ᠣᠷᠣᠨ ᠳᠠᠬᠢ ᠭᠠᠳᠠᠭᠠᠲᠣ ᠲᠠᠢ ᠬᠠᠮᠵᠢᠯᠴᠠᠨ ᠠᠭᠤᠷᠬᠠᠢ ᠶᠢᠨ ᠡᠬᠢ ᠪᠠᠶᠠᠯᠢᠭ ᠬᠠᠶᠢᠨ ᠪᠠᠶᠢᠴᠠᠭᠠᠬᠤ᠂ ᠨᠡᠭᠡᠭᠡᠨ | ᠮᠠᠯᠲᠠᠬᠤ ᠲᠦᠷᠦ ᠶᠢᠨ ᠪᠣᠳᠤᠯᠭ᠎ᠠ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠤ | ᠭᠠᠳᠠᠨᠠᠬᠢ ᠠᠭᠤᠷᠬᠠᠢ ᠶᠢᠨ ᠡᠬᠢ ᠪᠠᠶᠠᠯᠢᠭ ᠬᠠᠶᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠠᠭᠤᠷᠬᠠᠢ ᠶᠢᠨ ᠡᠬᠢ ᠪᠠᠶᠠᠯᠢᠭ ᠤᠨ ᠲᠠᠯ᠎ᠠ ᠪᠠᠷ ᠭᠠᠳᠠᠭᠠᠳᠤ ᠲᠠᠢ ᠬᠠᠮᠵᠢᠯᠴᠠᠬᠤ ᠭᠠᠵᠠᠷ ᠨᠤᠲᠤᠭ ᠢ ᠬᠠᠤᠯᠢ ᠶᠣᠰᠣᠭᠠᠷ | ᠬᠢᠨᠠᠨ ᠵᠥᠪᠰᠢᠶᠡᠷᠡᠵᠦ᠂ ᠭᠠᠳᠠᠭᠠᠳᠤ ᠲᠠᠢ ᠬᠠᠮᠵᠢᠯᠴᠠᠨ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠦᠢᠯᠡ | ᠠᠵᠢᠯᠠᠯᠭ᠎ᠠ ᠳᠤ ᠬᠢᠨᠠᠯᠲᠠ ᠲᠠᠯᠪᠢᠨ᠎ᠠ᠃ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠰᠠᠭᠤᠷᠢ ᠬᠡᠮᠵᠢᠨ ᠵᠢᠷᠤᠭᠯᠠᠵᠤ ᠪᠠ ᠴᠢᠬᠤᠯᠠ ᠶᠡᠭᠡ | ᠬᠡᠮᠵᠢᠨ ᠵᠢᠷᠤᠭᠯᠠᠬᠤ ᠲᠦᠷᠦᠯ ᠵᠦᠢᠯ ᠤᠨ ᠲᠥᠯᠥᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠬᠡᠮᠵᠢᠨ ᠵᠢᠷᠤᠭᠯᠠᠬᠤ ᠠᠵᠢᠯ ᠲᠦᠷᠦᠯ ᠤᠨ ᠬᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠣᠷᠣᠨ ᠤ ᠬᠡᠮᠵᠢᠨ | ᠵᠢᠷᠤᠭᠯᠠᠬᠤ ᠠᠵᠢᠯ ᠦᠢᠯᠡᠰ ᠤᠨ ᠠᠵᠢᠯ ᠢ ᠵᠢᠯᠣᠭᠤᠳᠤᠨ᠎ᠠ᠃ | ︵ᠠᠷᠪᠠᠨ ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠨ | ᠬᠢᠯᠭᠡᠬᠦ ᠪᠣᠰᠣᠳ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃ |