ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠭᠤᠤᠯ ᠡᠭᠦᠷᠭᠡ | ᠬᠠᠷᠢᠭᠤᠴᠠᠯᠭ᠎ᠠ᠄ | ︵ᠨᠢᠭᠡ︶ ᠤᠯᠤᠰ ᠤᠨ ᠭᠬᠥ᠋ᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ | ᠬᠡᠷᠡᠭᠵᠢᠬᠦᠯᠦᠨ᠎ᠡ︔ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠤᠷᠤᠨ ᠨᠤᠳᠤᠭ ᠤᠨ | ᠴᠢᠨᠠᠷᠳᠠᠢ ᠬᠠᠤᠯᠢ ᠲᠤᠭᠳᠠᠭᠠᠯ ᠪᠠ ᠲᠦᠷᠢᠮ ᠲᠤᠭᠳᠠᠭᠠᠯ ᠤᠨ ᠲᠦᠰᠦᠯ ᠢ ᠵᠤᠬᠢᠶᠠᠨ ᠪᠠᠶᠢᠭᠤᠯᠤᠨ ᠨᠤᠤᠷᠠᠭᠯᠠᠨ᠎ᠠ︔ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠳᠤᠭᠳᠠᠭᠠᠬᠤ ᠶᠢᠨ ᠬᠠᠮᠳᠤ ᠵᠤᠬᠢᠶᠠᠨ | ᠪᠠᠶᠢᠭᠤᠯᠤᠨ ᠬᠡᠷᠡᠭᠵᠢᠬᠦᠯᠬᠦ ᠪᠠ ᠬᠢᠨᠠᠨ ᠪᠠᠶᠢᠴᠠᠭᠠᠨ᠎ᠠ᠃ | ︵ᠬᠤᠶᠠᠷ︶ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠢ ᠨᠡᠬᠡᠬᠡᠨ | ᠬᠦᠭᠵᠢᠬᠦᠯᠬᠦ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠴᠢᠳᠠᠪᠤᠷᠢᠳᠠᠨ ᠤ | ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠶᠢ ᠲᠦᠯᠬᠢᠨ ᠠᠬᠢᠭᠤᠯᠵᠤ᠂ ᠴᠢᠳᠠᠪᠤᠷᠢᠳᠠᠨ ᠢ ᠨᠦᠬᠡᠴᠡᠯᠡᠬᠦ | ᠲᠦᠷᠢᠮ ᠢ ᠲᠡᠬᠦᠯᠳᠡᠷᠵᠢᠬᠦᠯᠦᠨ᠎ᠡ︔ ᠪᠦᠬᠦ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠲᠡᠯᠭᠡᠬᠦᠷ ᠤᠨ ᠬᠦᠭᠵᠢᠯᠳᠡ ᠶᠢᠨ ᠲᠦᠯᠦᠪᠵᠢᠬᠦᠯᠭᠡ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠡᠷᠬᠢᠯᠳᠡ ᠶᠢᠨ | ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠦᠬᠦ | ᠤᠷᠤᠨ ᠤ ᠨᠢᠭᠡᠳᠦᠭᠰᠡᠨ ᠵᠢᠷᠤᠮᠵᠢᠯ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠬᠦᠷ ᠢ ᠪᠠᠶᠢᠭᠤᠯᠵᠤ | ᠂ ᠬᠦᠮᠦᠨ ᠤ ᠬᠦᠴᠦᠨ ᠤ ᠡᠬᠢ ᠪᠠᠶᠠᠯᠢᠭ ᠢ ᠵᠦᠢ ᠵᠤᠬᠢᠰᠳᠠᠢ ᠡᠷᠬᠢᠯᠳᠤᠬᠦᠯᠤᠨ᠂ ᠪᠦᠳᠦᠮᠵᠢᠳᠠᠢ ᠲᠤᠬᠢᠷᠠᠭᠤᠯᠬᠤ ᠶᠢ | ᠠᠬᠢᠭᠤᠯᠤᠨ᠎ᠠ᠃ | ︵ᠭᠤᠷᠪᠠ︶ ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠠᠵᠢᠯ ᠤᠯᠭᠤᠬᠤ ᠬᠦᠭᠵᠢᠯᠳᠡ ᠶᠢ | ᠨᠢᠭᠡᠳᠦᠯᠳᠡᠢ ᠲᠦᠯᠦᠪᠯᠡᠬᠦ ᠲᠦᠯᠦᠪᠵᠢᠬᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠤᠯᠠᠨ | ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ︔ ᠠᠵᠢᠯ ᠤᠯᠭᠤᠬᠤ | ᠲᠤᠰᠠᠯᠠᠮᠵᠢ ᠶᠢᠨ ᠲᠦᠷᠢᠮ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ | ᠲᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠬᠤᠳᠠ | ᠬᠦᠳᠡᠭᠡ ᠶᠢᠨ ᠬᠦᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠲᠦᠷᠢᠮ ᠢ | ᠨᠢᠭᠡᠳᠦᠯᠳᠡᠢ ᠪᠠᠶᠢᠭᠤᠯᠤᠨ᠎ᠠ︔ ᠲᠡᠭᠡᠳᠤ ᠰᠤᠷᠭᠠᠭᠤᠯᠢ ᠲᠡᠬᠦᠰᠦᠭᠰᠡᠳ ᠲᠤ ᠠᠵᠢᠯ ᠤᠯᠭᠤᠬᠤ ᠲᠦᠷᠦ ᠶᠢᠨ | ᠪᠤᠳᠤᠯᠭ᠎ᠠ ᠶᠢ ᠲᠦᠷᠦᠬᠦᠯᠡᠨ ᠲᠤᠭᠤᠷᠪᠢᠨ ᠲᠤᠭᠳᠠᠭᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ | ᠲᠦᠷᠦᠯ ᠤᠨ ᠴᠢᠳᠠᠪᠤᠷᠢᠳᠠᠨ ᠢ ᠬᠦᠮᠦᠵᠢᠬᠦᠯᠬᠦ᠂ ᠲᠠᠳᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠦᠷᠦ ᠶᠢᠨ | ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃ | ︵ᠲᠦᠷᠪᠡ︶ ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠨᠡᠶᠢᠭᠡᠮ ᠤᠨ ᠲᠠᠭᠠᠳᠬᠠᠯ ᠵᠢᠴᠢ | ᠪᠤᠰᠣᠳ ᠨᠦᠬᠦᠪᠦᠷᠢ ᠲᠠᠭᠠᠳᠬᠠᠯ ᠤᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠡ ᠶᠢ ᠲᠤᠭᠤᠷᠪᠢᠨ ᠲᠤᠭᠳᠠᠭᠠᠬᠤ ᠶᠢᠨ | ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠨᠢᠭᠡᠳᠤᠯᠳᠡᠢ | ᠲᠤᠭᠤᠷᠪᠢᠨ ᠲᠤᠭᠳᠠᠭᠠᠨ᠎ᠠ︔ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠨᠡᠶᠢᠭᠡᠮ ᠤᠨ ᠲᠠᠭᠠᠳᠬᠠᠯ ᠵᠢᠴᠢ | ᠪᠤᠰᠤᠳ ᠨᠦᠬᠦᠪᠦᠷᠢ ᠲᠠᠭᠠᠳᠬᠠᠯ ᠤᠨ ᠰᠠᠭᠤᠷᠢ ᠮᠦᠩᠬᠦ ᠶᠢ ᠬᠠᠮᠢᠶᠠᠷᠬᠤ ᠪᠠ ᠬᠢᠨᠠᠯᠳᠠ ᠲᠠᠯᠪᠢᠬᠤ ᠠᠷᠭ᠎ᠠ ᠶᠢ | ᠲᠤᠭᠤᠷᠪᠢᠨ ᠲᠤᠭᠳᠠᠭᠠᠨ᠎ᠠ︔ ᠪᠦᠬᠦ ᠤᠷᠤᠨ ᠤ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠪᠠ | ᠲᠦᠰᠦᠪ ᠤᠨ ᠬᠦᠢᠴᠡᠳᠭᠡᠯ ᠤᠨ ᠲᠦᠰᠦᠯ ᠢ ᠨᠠᠶᠢᠷᠠᠭᠤᠯᠤᠨ᠋ ᠲᠤᠭᠳᠠᠭᠠᠨ᠎ᠠ︔ ᠪᠦᠬᠦ ᠤᠷᠤᠨ ᠤ ᠨᠡᠶᠢᠭᠡᠮ ᠤᠨ | ᠪᠠᠳᠤᠯᠠᠭ᠎ᠠ ᠶᠢᠨ ᠰᠠᠭᠤᠷᠢ ᠮᠦᠩᠬᠦ ᠶᠢᠨ ᠪᠡᠯᠡ ᠤᠷᠤᠭᠤᠯᠬᠤ ᠲᠦᠷᠦ ᠶᠢᠨ ᠪᠤᠳᠤᠯᠭ᠎ᠠ ᠶᠢ ᠲᠤᠭᠳᠠᠭᠠᠬᠤ ᠳᠤ | ᠤᠷᠤᠯᠴᠠᠨ᠎ᠠ᠃ | ︵ᠲᠠᠪᠤ︶ ᠪᠦᠬᠦ ᠤᠷᠤᠨ ᠤ ᠠᠵᠢᠯ ᠤᠯᠭᠤᠬᠤ᠂ ᠠᠵᠢᠯ ᠠᠯᠳᠠᠬᠤ᠂ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢᠨ ᠲᠦᠰᠦᠭᠡᠯᠡᠬᠦ ᠤᠷᠢᠳᠴᠢᠯᠠᠨ ᠰᠡᠷᠡᠮᠵᠢᠯᠡᠬᠦᠯᠬᠦ ᠪᠠ ᠮᠡᠳᠡᠭᠡ ᠵᠠᠩᠬᠢ ᠪᠠᠷ ᠬᠦᠳᠦᠯᠦᠨ ᠵᠢᠯᠤᠭᠤᠳᠬᠤ ᠶᠢ | ᠬᠠᠷᠢᠭᠤᠴᠠᠨ᠎ᠠ︔ ᠠᠷᠭᠠᠴᠠᠭᠠᠬᠤ ᠲᠦᠰᠦᠪ ᠢ ᠲᠤᠭᠤᠷᠪᠢᠨ ᠲᠤᠭᠳᠠᠭᠠᠵᠤ᠂ ᠰᠡᠷᠭᠡᠶᠢᠯᠡᠬᠦ᠂ ᠲᠤᠬᠢᠷᠠᠭᠤᠯᠬᠤ ᠪᠠ | ᠬᠢᠵᠠᠭᠠᠷᠯᠠᠬᠤ ᠶᠢ ᠬᠡᠷᠡᠭᠵᠢᠬᠦᠯᠵᠤ᠂ ᠠᠵᠢᠯ ᠤᠯᠭᠤᠬᠤ ᠪᠠᠶᠢᠳᠠᠯ ᠢ ᠲᠤᠭᠳᠠᠭᠤᠨ ᠪᠠᠶᠢᠯᠭᠠᠬᠤ ᠪᠠ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦ ᠶᠢᠨ ᠶᠡᠷᠦᠩᠬᠡᠢ ᠤᠷᠤᠯᠭ᠎ᠠ ᠵᠠᠷᠤᠯᠭ᠎ᠠ ᠶᠢ ᠲᠡᠩᠴᠡᠬᠦᠷᠢ ᠲᠠᠢ ᠪᠠᠶᠢᠯᠭᠠᠨ᠎ᠠ᠃ | ︵ᠵᠢᠷᠭᠤᠭ᠎ᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠦᠪᠡᠷᠳᠡᠭᠡᠨ ᠵᠠᠰᠠᠬᠤ ᠤᠷᠤᠨ ᠤ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠴᠡᠯᠢᠩ ᠤᠨ ᠣᠷᠤᠯᠭ᠎ᠠ ᠶᠢᠨ ᠬᠤᠪᠢᠶᠠᠷᠢᠯᠡᠯᠳᠡ ᠶᠢᠨ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠰᠠᠨᠠᠯ ᠢ ᠲᠤᠭᠤᠷᠪᠢᠨ ᠲᠤᠭᠳᠠᠭᠠᠵᠦ᠂ ᠪᠠᠶᠢᠭᠤᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠠᠵᠢᠯᠳᠡᠠ ᠤ ᠴᠡᠯᠢᠩ ᠤᠨ ᠬᠡᠪ ᠤᠨ ᠦᠰᠦᠯᠳᠡ ᠪᠠ ᠴᠠᠯᠢᠩ ᠦᠭᠬᠦ ᠪᠠᠳᠤᠯᠠᠭ᠎ᠠ | ᠶᠢᠨ ᠲᠤᠭᠳᠠᠴᠠ ᠪᠠᠶᠢᠭᠤᠯᠬᠤ ᠶᠢ ᠠᠬᠢᠭᠤᠯᠤᠨ᠎ᠠ︔ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠠᠵᠢᠯᠳᠠᠨ ᠤ ᠠᠰᠠᠷᠠᠮᠵᠢ ᠪᠠ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠲᠤᠬᠠᠢ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠰᠠᠨᠠᠯ ᠢ ᠲᠤᠭᠤᠷᠪᠢᠨ ᠲᠤᠭᠳᠠᠭᠠᠨ᠎ᠠ᠃ | ︵ᠲᠤᠯᠤᠭ᠎ᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠦᠪᠡᠷᠳᠡᠭᠡᠨ ᠵᠠᠰᠠᠬᠤ ᠤᠷᠤᠨ ᠤ | ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠵᠢᠯᠤᠭᠤᠳᠴᠤ᠂ | ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠴᠢᠳ ᠤᠨ | ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠰᠠᠨᠠᠯ ᠢ ᠲᠤᠭᠤᠷᠪᠢᠨ ᠲᠤᠭᠳᠠᠭᠠᠵᠦ᠂ ᠦᠪᠡᠷᠳᠡᠭᠡᠨ | ᠵᠠᠰᠠᠬᠤ ᠤᠷᠤᠨ ᠤ ᠲᠤᠰᠬᠠᠢ ᠮᠡᠷᠭᠡᠵᠢᠯᠳᠡᠨ ᠤ ᠬᠠᠮᠢᠶᠠᠷᠤᠯᠳᠠ ᠪᠠ ᠦᠷᠬᠦᠯᠵᠢᠯᠡᠭᠰᠡᠨ ᠬᠦᠮᠦᠵᠢᠯ ᠤᠨ ᠲᠦᠷᠦ ᠶᠢᠨ | ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠮᠡᠷᠭᠡᠵᠢᠯ ᠤᠨ ᠴᠤᠯᠠ ᠶᠢᠨ ᠲᠦᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠬᠦ ᠠᠵᠢᠯ ᠢ ᠲᠦᠷᠦᠬᠦᠯᠡᠨ ᠲᠦᠯᠬᠢᠨ ᠠᠬᠢᠭᠤᠯᠵᠤ᠂ ᠠᠬᠠᠯᠠᠭᠴᠢ ᠳ᠋ᠤᠺᠲ᠋ᠤᠷ ᠤᠨ ᠬᠠᠮᠢᠶᠠᠷᠤᠯᠳᠠ ᠶᠢᠨ | ᠠᠷᠭ᠎ᠠ ᠶᠢ ᠪᠦᠷᠢᠨᠰᠢᠬᠦᠯᠦᠨ᠂ ᠦᠨᠳᠦᠷ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠰᠤᠩᠭᠤᠬᠤ ᠪᠠ | ᠬᠦᠮᠦᠵᠢᠬᠦᠯᠬᠦ ᠠᠵᠢᠯ ᠢ ᠬᠠᠷᠢᠭᠤᠴᠠᠵᠤ᠂ ᠭᠠᠳᠠᠭᠠᠳᠤ ᠤᠯᠤᠰ ︵ᠬᠢᠯᠢ︶ ᠤᠨ ᠲᠤᠰᠬᠠᠢ ᠮᠡᠷᠭᠡᠵᠢᠯᠳᠡᠨ᠂ | ᠭᠠᠳᠠᠭᠠᠳᠤ ᠳᠤ ᠰᠤᠷᠤᠯᠴᠠᠭᠴᠢ ᠶᠢ ᠲᠠᠳᠠᠵᠤ ᠮᠠᠨ ᠤ ᠤᠷᠤᠨ ︵ᠤᠷᠤᠨ ᠳᠠᠭᠠᠨ ᠪᠤᠴᠠᠵᠤ︶ ᠳᠤ ᠢᠷᠡᠵᠤ | ᠠᠵᠢᠯᠯᠠᠭᠤᠯᠬᠤ ᠪᠤᠶᠤ ᠨᠤᠳᠤᠭᠯᠠᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃ | ︵ᠨᠠᠢᠮᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠴᠡᠷᠢᠭ ᠠᠴᠠ ᠰᠢᠯᠵᠢᠭᠰᠡᠨ ᠺᠠᠳ᠋ᠷ ᠢ | ᠲᠦᠪᠬᠢᠨᠡᠬᠦᠯᠬᠦ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠴᠡᠷᠢᠭ ᠠᠴᠠ ᠰᠢᠯᠵᠢᠭᠰᠡᠨ | ᠺᠠᠳ᠋ᠷ ᠤᠨ ᠬᠦᠮᠦᠵᠢᠬᠦᠯᠦᠨ ᠪᠤᠯᠪᠠᠰᠤᠷᠠᠭᠤᠯᠬᠤ ᠠᠵᠢᠯ ᠢ ᠬᠠᠷᠢᠭᠤᠴᠠᠵᠤ᠂ ᠭᠡᠰᠡᠭ ᠠᠵᠤ ᠠᠬᠤᠶᠢᠯᠠᠯ ᠤᠨ | ᠴᠡᠷᠢᠭ ᠠᠴᠠ ᠰᠢᠯᠵᠢᠭᠰᠡᠨ ᠺᠠᠳ᠋ᠷ ᠤᠨ ᠬᠦᠴᠢᠷᠳᠡᠯ ᠢ ᠰᠢᠢᠳᠪᠤᠷᠢᠯᠡᠨ ᠦᠭᠬᠦ ᠪᠠ ᠲᠡᠳᠡᠨ ᠢ ᠲᠤᠭᠳᠠᠪᠤᠷᠢᠵᠢᠭᠤᠯᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠦ᠂ | ᠦᠪᠡᠷᠳᠡᠭᠡᠨ ᠠᠵᠢᠯ ᠰᠤᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷ ᠬᠠᠮᠢᠶᠠᠷᠬᠤ ᠪᠠ ᠲᠡᠳᠡᠨ ᠳᠤ ᠦᠢᠯᠡᠴᠢᠯᠡᠬᠦ | ᠠᠵᠢᠯ ᠢ ᠬᠠᠷᠢᠭᠤᠴᠠᠨ᠎ᠠ᠃ | ︵ᠶᠢᠰᠦ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠠᠨ ᠢ ᠶᠡᠷᠦᠩᠬᠡᠶᠢᠯᠡᠨ ᠬᠠᠮᠢᠶᠠᠷᠬᠤ ᠠᠵᠢᠯ ᠢ | ᠬᠠᠷᠢᠭᠤᠴᠠᠨ᠎ᠡ︔ ᠬᠤᠯᠪᠤᠭᠳᠠᠯ ᠪᠦᠬᠦᠢ ᠬᠦᠮᠦᠰ ᠢ ᠰᠢᠯᠵᠢᠬᠦᠯᠦᠨ ᠲᠤᠬᠢᠷᠠᠭᠤᠯᠬᠤ ᠤᠯᠤᠰ ᠤᠨ ᠲᠦᠷᠦ ᠶᠢᠨ | ᠪᠤᠳᠤᠯᠭ᠎ᠠ ᠪᠠ ᠣᠨᠴᠤᠭᠠᠢ ᠬᠦᠮᠦᠰ ᠢ ᠲᠦᠪᠬᠢᠨᠡᠬᠦᠯᠬᠦ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠤᠯᠤᠰ ᠤᠨ ᠢᠷᠠᠭᠤ ᠠᠯᠳᠠᠷ ᠤᠨ ᠲᠦᠷᠢᠮ ᠢ ᠵᠤᠬᠢᠶᠠᠨ | ᠪᠠᠶᠢᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠦᠬᠢᠬᠦᠯᠦᠨ | ᠱᠠᠩᠨᠠᠬᠤ ᠲᠦᠷᠢᠮ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ︵ᠠᠷᠪᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠠᠷᠢᠶᠠᠴᠢᠨ ᠮᠠᠯᠴᠢᠨ ᠬᠦᠯᠦᠰᠦᠨ | ᠠᠵᠢᠯᠴᠢᠨ ᠤ ᠠᠵᠢᠯ ᠤᠨ ᠶᠡᠷᠦᠩᠭᠡᠶᠢᠯᠡᠭᠰᠡᠨ ᠴᠢᠨᠠᠷᠳᠠᠢ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠲᠤᠭᠤᠷᠪᠢᠨ | ᠲᠤᠭᠳᠠᠭᠠᠵᠦ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠲᠤᠬᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ | ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷᠳᠠᠢ ᠠᠰᠠᠭᠤᠳᠠᠯ ᠢ | ᠵᠤᠬᠢᠴᠠᠭᠤᠯᠤᠨ ᠰᠢᠢᠳᠪᠦᠷᠢᠯᠡᠨ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠨ᠎ᠠ᠃ | ︵ᠠᠷᠪᠠᠨ ᠨᠢᠭᠡ︶ ᠬᠦᠳᠡᠯᠮᠦᠷᠢ᠂ ᠠᠵᠢᠯᠳᠠᠨ ᠤ ᠶᠠᠪᠤᠳᠠᠯ ᠤᠨ ᠮᠠᠷᠭᠤᠭᠠᠨ ᠢ ᠡᠶᠡᠳᠡᠬᠦᠯᠦᠨ ᠰᠢᠢᠳᠪᠤᠷᠢᠯᠠᠬᠦ | ᠬᠦᠨᠳᠡᠯᠡᠨ ᠠᠴᠠ ᠲᠠᠰᠤᠯᠬᠤ ᠰᠢᠢᠳᠪᠤᠷᠢᠯᠡᠬᠦ ᠲᠦᠷᠢᠮ ᠪᠠ ᠬᠦᠳᠡᠯᠮᠦᠷᠢ ᠶᠢᠨ ᠬᠠᠷᠢᠴᠠᠭᠠᠨ ᠤ ᠲᠦᠷᠦ ᠶᠢᠨ | ᠪᠤᠳᠤᠯᠭ᠎ᠠ ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ | ᠲᠤᠭᠳᠠᠴᠠ ᠶᠢ ᠲᠡᠬᠦᠯᠳᠡᠷᠵᠢᠬᠦᠯᠦᠨ᠎ᠡ︔ ᠬᠠᠤᠯᠢ ᠪᠤᠰᠤ ᠪᠠᠷ ᠬᠡᠦᠭᠡᠳ ᠠᠵᠢᠯᠴᠢᠨ ᠢ ᠬᠡᠷᠡᠭᠯᠡᠬᠦ ᠶᠢ ᠦᠭᠡᠶᠢᠰᠭᠡᠬᠦ | ᠲᠦᠷᠦ ᠶᠢᠨ ᠪᠤᠳᠤᠯᠭ᠎ᠠ ᠪᠠ ᠡᠮᠡᠭᠳᠡᠢ ᠠᠵᠢᠯᠴᠢᠨ᠂ ᠨᠠᠰᠤᠨ ᠳᠤ ᠬᠦᠷᠦᠭᠡᠳᠦᠢ ᠠᠵᠢᠯᠴᠢᠨ ᠤ ᠣᠨᠴᠠᠭᠠᠢ | ᠬᠦᠳᠡᠯᠮᠦᠷᠢ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠬᠢᠨᠠᠯᠳᠠ ᠲᠠᠯᠪᠢᠵᠤ ᠨᠠᠶᠢᠳᠠᠪᠤᠷᠢᠵᠢᠭᠤᠯᠤᠨ᠎ᠠ︔ | ᠬᠦᠳᠡᠯᠮᠦᠷᠢ ᠶᠢᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠳᠡᠯᠮᠤᠷᠢᠴᠢᠳ ᠤᠨ ᠡᠷᠭᠡ | ᠠᠰᠢᠭ ᠢᠶᠠᠨ ᠬᠠᠮᠠᠭᠠᠯᠠᠬᠤ ᠠᠵᠢᠯ ᠢ ᠵᠤᠬᠢᠴᠠᠭᠤᠯᠵᠤ᠂ ᠬᠦᠨᠳᠤ ᠶᠡᠭᠡ ᠬᠡᠷᠡᠭ ᠢ ᠬᠠᠤᠯᠢ ᠶᠤᠰᠤᠭᠠᠷ ᠪᠠᠶᠢᠴᠠᠭᠠᠨ | ᠰᠢᠢᠳᠪᠦᠷᠢᠯᠡᠨ᠎ᠡ᠃ | ︵ᠠᠷᠪᠠᠨ ᠬᠤᠶᠠᠷ︶ ᠭᠠᠳᠠᠭᠠᠳᠤ ᠤᠯᠤᠰ ︵ᠬᠢᠯᠢ︶ ᠤᠨ ᠴᠢᠳᠠᠪᠤᠷᠢᠳᠠᠨ ᠪᠠ ᠤᠶᠤᠨ ᠴᠢᠳᠠᠪᠤᠷᠢ ᠶᠢ | ᠲᠠᠳᠠᠵᠤ ᠤᠷᠤᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ︔ ᠪᠦᠬᠦ ᠤᠷᠤᠨ ᠤ ᠭᠠᠳᠠᠭᠠᠳᠤ | ᠤᠯᠤᠰ ︵ᠬᠢᠯᠢ︶ ᠤᠨ ᠴᠢᠳᠠᠪᠤᠷᠢᠳᠠᠨ ᠪᠠ ᠤᠶᠤᠨ ᠴᠢᠳᠠᠪᠤᠷᠢ ᠶᠢ ᠲᠠᠳᠠᠵᠤ ᠤᠷᠤᠭᠤᠯᠬᠤ ᠠᠵᠢᠯ ᠢ ᠬᠠᠷᠢᠭᠤᠴᠠᠨ᠎ᠠ | ︔ ᠦᠪᠡᠷᠳᠡᠭᠡᠨ ᠵᠠᠰᠠᠬᠤ ᠤᠷᠤᠨ ᠳᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠢ ᠮᠡᠷᠭᠡᠵᠢᠯᠳᠡᠨ ᠢ ᠬᠠᠮᠢᠶᠠᠷᠴᠤ᠂ | ᠪᠦᠬᠦ ᠤᠷᠤᠨ ᠤ ᠭᠠᠳᠠᠭᠠᠳᠤ ︵ᠬᠢᠯᠢ︶ ᠳᠤ ᠭᠠᠷᠴᠤ ᠪᠤᠯᠪᠠᠰᠤᠷᠠᠭᠤᠯᠬᠤ ᠠᠵᠢᠯ ᠢ ᠰᠢᠰᠲ᠋ᠧᠮᠵᠢᠬᠦᠯᠦᠨ ᠬᠠᠮᠢᠶᠠᠷᠤᠨ᠎ᠠ | ︔ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ | ᠤᠯᠠᠨ ᠤᠯᠤᠰ ᠤᠨ ᠰᠤᠯᠢᠯᠴᠠᠭ᠎ᠠ ᠬᠢᠭᠡᠳ ᠬᠠᠮᠵᠢᠯᠴᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠬᠦᠢᠴᠡᠳᠭᠡᠯᠭᠡᠬᠦ ᠪᠠᠷ | ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃ | | |