ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠭᠤᠣᠯ ᠡᠭᠦᠷᠭᠡ ᠬᠠᠷᠢᠭᠤᠴᠠᠯᠭ᠎ᠠ᠄ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠣᠮᠵᠢ ᠶᠢᠨ ᠥᠭᠡᠷᠡᠴᠢᠯᠡᠯᠲᠡ ᠶᠢᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ | ᠡᠪ ᠬᠠᠮᠲᠣ ᠨᠠᠮ ᠤᠨ ᠲᠥᠪ ᠬᠤᠷᠢᠶ᠎ᠡ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2009﹈ 4 ᠳ᠋ᠤᠭᠡᠷ ᠲᠤᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠬᠢᠵᠢᠯᠲᠠ ᠶᠢᠨ | ᠵᠦᠪᠯᠡᠯ ᠢ ᠪᠠᠶᠢᠭᠤᠯᠵᠣ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠠᠯᠪᠠᠨ ᠭᠡᠷ ᠤᠨ ᠫᠠᠶᠢᠰᠠ ᠶᠢ ᠡᠯᠭᠦᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠪᠣᠯᠭᠠᠪᠠ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ | ︵ᠨᠢᠭᠡ︶ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠵᠦᠪᠯᠡᠯ | ᠤᠨ ᠡᠭᠦᠷᠭᠡ ᠬᠠᠷᠢᠭᠤᠴᠠᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ | ᠵᠠᠩᠬᠢᠵᠢᠯᠲᠠ ᠶᠢᠨ ᠵᠦᠪᠯᠡᠯ ᠳᠤ ᠬᠤᠪᠢᠶᠠᠷᠢᠯᠠᠨ ᠣᠷᠤᠭᠤᠯᠤᠨ᠎ᠠ᠃ | ︵ᠬᠤᠶᠠᠷ︶ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠬᠢᠵᠢᠯᠲᠠ ᠶᠢᠨ | ᠠᠵᠢᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠮᠡᠳᠡᠭᠡ ᠵᠠᠩᠬᠢᠵᠢᠯᠲᠠ ᠶᠢᠨ ᠵᠦᠪᠯᠡᠯ ᠳᠤ ᠬᠤᠪᠢᠶᠠᠷᠢᠯᠠᠨ ᠣᠷᠤᠭᠤᠯᠤᠨ᠎ᠠ᠃ | ︵ᠭᠤᠷᠪᠠ︶ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠦᠪᠯᠡᠯ ᠤᠨ ᠠᠯᠪᠠᠨ ᠭᠡᠷ ᠤᠨ | ᠡᠭᠦᠷᠭᠡ ᠬᠠᠷᠢᠭᠤᠴᠠᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ | ᠵᠠᠩᠬᠢᠵᠢᠯᠲᠠ ᠶᠢᠨ ᠵᠦᠪᠯᠡᠯ ᠳᠤ ᠬᠤᠪᠢᠶᠠᠷᠢᠯᠠᠨ ᠣᠷᠤᠭᠤᠯᠤᠨ᠎ᠠ᠃ | ︵ᠳᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠬᠤᠯᠪᠣᠭᠳᠠᠯ | ᠪᠥᠬᠦᠢ ᠡᠭᠦᠷᠭᠡ ᠬᠠᠷᠢᠭᠤᠴᠠᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ | ᠵᠠᠩᠬᠢᠵᠢᠯᠲᠠ ᠶᠢᠨ ᠵᠦᠪᠯᠡᠯ ᠳᠤ ᠬᠤᠪᠢᠶᠠᠷᠢᠯᠠᠨ ᠣᠷᠤᠭᠤᠯᠤᠨ᠎ᠠ᠃ ᠡᠭᠦᠨ ᠳᠤ ᠪᠤᠲᠠᠲᠠᠢ ᠪᠠᠭᠲᠠᠬᠤ ᠨᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠶᠢ | ᠰᠤᠳᠤᠯᠤᠨ ᠳᠤᠷᠠᠳᠴᠤ᠂ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠥᠯᠥᠪᠵᠢᠭᠦᠯᠭᠡ ᠪᠣᠯᠣᠨ ᠠᠵᠤ | ᠦᠢᠯᠡᠰ ᠤᠨ ᠲᠥᠷᠥ ᠶᠢᠨ ᠪᠣᠳᠤᠯᠭ᠎ᠠ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠥᠨ᠎ᠡ︔ ᠥᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ | ᠳᠦᠷᠢᠮ ᠪᠣᠯᠣᠨ ᠠᠵᠢᠯ ᠲᠥᠷᠥᠯ ᠤᠨ ᠪᠠᠷᠢᠮᠵᠢᠶ᠎ᠠ ᠶᠢ ᠲᠣᠭᠤᠷᠪᠢᠨ ᠲᠣᠭᠲᠠᠭᠠᠬᠤ ᠶᠢ ᠵᠢᠯᠤᠭᠤᠳᠤᠨ᠎ᠠ︔ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠲᠥᠯᠥᠪᠵᠢᠭᠦᠯᠭᠡ ᠪᠠ ᠣᠨ ᠤ ᠲᠥᠯᠥᠪᠯᠡᠭᠡ ᠶᠢᠨ ᠬᠡᠪᠴᠢᠶ᠎ᠡ ᠳᠠᠬᠢ ᠠᠵᠤ ᠦᠢᠯᠡᠳᠪᠦᠷᠢ᠂ ᠮᠡᠳᠡᠭᠡ | ᠵᠠᠩᠭᠢᠵᠢᠯᠲᠠ ᠶᠢᠨ ᠲᠤᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠬᠢᠨᠠᠨ | ᠴᠣᠬᠤᠯᠠᠪᠥᠷᠢᠯᠠᠵᠦ᠂ ᠬᠢᠨᠠᠨ ᠵᠦᠪᠰᠢᠶᠡᠷᠡᠨ᠎ᠡ︔ ᠤᠯᠤᠰ ᠤᠨ ᠳᠡᠭᠡᠳᠦ ᠮᠡᠷᠭᠡᠵᠢᠯ ᠤᠨ ᠠᠵᠤ ᠦᠢᠯᠡᠰ ᠲᠠᠬᠢ ᠠᠮᠢᠳᠤ | ᠪᠤᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠳᠤ ᠬᠤᠯᠪᠤᠭᠳᠠᠬᠤ ᠲᠥᠯᠥᠪᠵᠢᠭᠦᠯᠭᠡ᠂ ᠲᠥᠷᠥ ᠶᠢᠨ | ᠪᠣᠳᠤᠯᠭ᠎ᠠ ᠶᠢ ᠲᠤᠤᠱᠯᠠᠭᠤᠯᠬᠤ ᠪᠠ ᠪᠠᠷᠢᠮᠵᠢᠶ᠎ᠡ ᠶᠢ ᠲᠣᠭᠤᠷᠪᠢᠨ ᠲᠣᠭᠲᠠᠭᠠᠬᠤ ᠵᠢᠴᠢ ᠵᠣᠬᠢᠶᠠᠨ ᠪᠠᠶᠢᠭᠤᠯᠤᠨ | ᠬᠡᠷᠡᠭᠵᠢᠭᠦᠯᠥᠨ᠎ᠡ︔ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠭᠵᠢᠭᠦᠯᠬᠦ ᠶᠢ ᠵᠣᠬᠢᠶᠠᠨ ᠪᠠᠶᠢᠭᠤᠯᠤᠨ | ᠣᠳᠣᠷᠢᠳᠬᠤ ᠪᠠ ᠵᠣᠬᠢᠴᠠᠭᠤᠯᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠮᠡᠷᠭᠡᠵᠢᠯ ᠲᠣᠨᠣᠭᠯᠠᠯ ᠤᠨ | ᠲᠥᠯᠥᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠶᠢ ᠵᠣᠬᠢᠶᠠᠨ ᠪᠠᠶᠢᠭᠤᠯᠵᠦ᠂ ᠬᠠᠮᠢᠶ᠎ᠠ ᠪᠥᠬᠦᠢ ᠲᠥᠷᠥ ᠶᠢᠨ | ᠪᠣᠳᠤᠯᠭ᠎ᠠ ᠶᠢ ᠵᠣᠬᠢᠴᠠᠭᠤᠯᠣᠨ᠎ᠠ︔ ᠬᠤᠪᠤᠷ ᠰᠢᠷᠤᠢ ᠶᠢᠨ ᠠᠵᠢᠯ ᠲᠥᠷᠥᠯ ᠤᠨ ᠬᠥᠭᠵᠢᠯᠲᠡ ᠶᠢᠨ ᠠᠵᠢᠯ ᠢ | ᠬᠠᠷᠢᠭᠤᠴᠠᠨ᠎ᠠ᠃ | ︵ᠲᠠᠪᠤ︶ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠵᠢᠭᠦᠯᠦᠯᠲᠡ ᠬᠢᠭᠡᠳ ᠮᠡᠳᠡᠭᠡ ᠵᠠᠩᠭᠢᠵᠢᠯᠲᠠ ᠶᠢᠨ | ᠨᠡᠶᠢᠯᠡᠯ ᠢ ᠲᠦᠯᠬᠢᠨ ᠠᠬᠢᠭᠤᠯᠵᠣ᠂ ᠳᠡᠭᠡᠳᠤ ᠰᠢᠨ᠎ᠡ ᠮᠡᠷᠭᠡᠵᠢᠯ ᠬᠢᠭᠡᠳ ᠤᠯᠠᠮᠵᠢᠯᠠᠯᠲᠤ ᠠᠵᠤ ᠦᠢᠯᠡᠳᠪᠦᠷᠢ ᠶᠢᠨ | ᠥᠭᠡᠷᠡᠴᠢᠯᠡᠵᠦ ᠤᠶᠠᠯᠳᠤᠬᠤ ᠶᠢ ᠲᠦᠯᠬᠢᠨ ᠠᠬᠢᠭᠤᠯᠵᠦ᠂ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ | ᠬᠢ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡᠨ ᠤ ᠬᠢ ᠳᠤ ᠠᠷᠠᠳ ᠤᠨ ᠬᠡᠷᠡᠭᠯᠡᠭᠡᠨ ᠤ ᠬᠢ ᠶᠢ ᠪᠠᠭᠲᠠᠭᠠᠬᠤ ᠶᠢ | ᠲᠦᠯᠬᠢᠨ ᠠᠬᠢᠭᠤᠯᠵᠣ᠂ ᠠᠵᠤ ᠦᠢᠯᠡᠳᠪᠦᠷᠢ ᠶᠢᠨ ᠲᠤᠮᠤ ᠠᠴᠠ ᠪᠠᠨ ᠬᠦᠴᠦᠷᠬᠡᠭ ᠪᠣᠯᠬᠤ ᠶᠢ ᠠᠬᠢᠭᠤᠯᠣᠨ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠲᠥᠷᠭᠡᠳᠬᠡᠨ ᠠᠬᠢᠭᠤᠯᠤᠨ᠎ᠠ᠃ | ︵ᠵᠢᠷᠭᠤᠭ᠎ᠠ︶ ᠣᠣᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠵᠦᠪᠯᠡᠯ ᠤᠨ ᠡᠭᠦᠷᠭᠡᠯᠡᠵᠦ | ᠪᠠᠶᠢᠭᠰᠠᠨ ᠳᠤᠮᠳᠠ ᠪᠠᠭ᠎ᠠ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠤᠯᠪᠤᠭᠳᠠᠯ ᠪᠥᠬᠦᠢ ᠡᠭᠦᠷᠭᠡ | ᠬᠠᠷᠢᠭᠤᠴᠠᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ | ᠵᠦᠪᠯᠡᠯ ᠳᠤ ᠬᠤᠪᠢᠶᠠᠷᠢᠯᠠᠨ ᠣᠷᠤᠭᠤᠯᠤᠨ᠎ᠠ᠃ ᠡᠭᠦᠨ ᠳᠤ ᠪᠤᠲᠠᠲᠠᠢ ᠪᠠᠭᠲᠠᠬᠤ ᠨᠢ᠄ ᠥᠪᠡᠷᠲᠡᠭᠡᠨ ᠵᠠᠰᠠᠬᠤ | ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠤᠯᠭ᠎ᠠ ᠶᠢᠨ ᠠᠷᠭ᠎ᠠ | ᠬᠡᠮᠵᠢᠶ᠎ᠡ ᠬᠢᠭᠡᠳ ᠲᠥᠯᠥᠪᠵᠢᠭᠦᠯᠭᠡ ᠶᠢ ᠰᠤᠳᠤᠯᠤᠨ ᠲᠣᠭᠤᠷᠪᠢᠨ ᠲᠣᠭᠲᠠᠭᠠᠵᠦ᠂ ᠳᠤᠮᠳᠠ ᠪᠠᠭ᠎ᠠ ᠠᠵᠤ | ᠠᠬᠤᠶᠢᠯᠠᠯ ᠤᠨ ᠬᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠎ᠠ︔ ᠥᠪᠡᠷᠲᠡᠭᠡᠨ ᠵᠠᠰᠠᠬᠤ | ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠣᠯᠲᠠ ᠶᠢ ᠵᠢᠯᠤᠭᠤᠳᠤᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠰᠢᠨ᠎ᠡ ᠬᠡᠯᠪᠡᠷᠢ ᠶᠢᠨ ᠦᠢᠯᠡᠳᠪᠦᠷᠢᠵᠢᠭᠦᠯᠦᠯᠲᠡ ᠶᠢᠨ ᠬᠥᠭᠵᠢᠯᠲᠡ ᠶᠢᠨ ᠲᠤᠬᠠᠢ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠤᠯᠭ᠎ᠠ ᠪᠠ ᠲᠥᠷᠥ ᠶᠢᠨ ᠪᠣᠳᠤᠯᠭ᠎ᠠ ᠶᠢ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠦᠢᠯᠡᠳᠪᠦᠷᠢᠵᠢᠭᠦᠯᠦᠯᠲᠡ ᠶᠢᠨ ᠠᠬᠢᠴᠠ ᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠦ᠂ ᠠᠵᠤ ᠦᠢᠯᠡᠰ ᠤᠨ ᠪᠥᠲᠦᠴᠡ ᠶᠢᠨ ᠪᠠᠶᠢᠯᠳᠤᠬᠤ | ᠪᠣᠳᠤᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠭᠡᠳ ᠰᠢᠯᠢᠳᠡᠭᠵᠢᠭᠦᠯᠦᠨ ᠳᠡᠰ ᠳᠡᠪᠰᠢᠬᠦ ᠶᠢ ᠲᠦᠯᠬᠢᠨ | ᠠᠬᠢᠭᠤᠯᠤᠨ᠎ᠠ︔ ᠮᠡᠳᠡᠭᠡ ᠵᠠᠩᠭᠢᠵᠢᠯᠲᠠ ᠬᠢᠭᠡᠳ ᠠᠵᠤ ᠦᠢᠯᠡᠳᠪᠦᠷᠢᠵᠢᠭᠦᠯᠦᠯᠲᠡ ᠶᠢᠨ ᠨᠡᠶᠢᠯᠡᠯ ᠢ ᠲᠦᠯᠬᠢᠨ | ᠠᠬᠢᠭᠤᠯᠵᠣ᠂ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ ᠬᠢ ᠶᠢ ᠤᠶᠠᠯᠳᠤᠭᠤᠯᠬᠤ᠂ ᠴᠡᠷᠢᠭ ᠤᠨ | ᠬᠡᠷᠡᠭᠯᠡᠭᠡᠨ ᠤᠨ ᠬᠢ ᠳᠤ ᠠᠷᠠᠳ ᠤᠨ ᠬᠡᠷᠡᠭᠯᠡᠭᠡᠨ ᠤ ᠬᠢ ᠶᠢ ᠪᠠᠭᠲᠠᠭᠠᠭᠰᠠᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠳᠪᠦᠷᠢᠯᠡᠯ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ | ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠡ ᠪᠥᠬᠦᠢ ᠮᠡᠳᠡᠭᠡ ᠵᠠᠩᠭᠢ ᠶᠢ ᠪᠦᠷᠢᠳᠬᠡᠬᠦ ᠶᠢᠨ ᠬᠠᠮᠲᠤ ᠨᠡᠶᠢᠲᠡᠯᠡᠵᠦ᠂ | ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠤᠭᠤᠳᠬᠤ ᠶᠢ | ᠶᠠᠪᠤᠭᠳᠠᠭᠤᠯᠤᠨ᠎ᠠ᠃ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠳᠠᠬᠢ ᠬᠤᠯᠪᠤᠭᠳᠠᠯ ᠪᠥᠬᠦᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠤᠯᠭ᠎ᠠ ᠶᠢᠨ ᠰᠠᠨᠠᠭᠤᠯᠭ᠎ᠠ ᠳᠣᠷᠠᠳᠣᠨ᠎ᠠ︔ ᠨᠡᠭᠦᠷᠡᠰᠦ᠂ | ᠴᠠᠬᠢᠯᠭᠠᠨ ᠲᠣᠰᠤ ᠲᠡᠭᠡᠭᠡᠪᠥᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠵᠤ ᠦᠢᠯᠡᠳᠪᠦᠷᠢ | ᠪᠣᠯᠣᠨ ᠮᠡᠳᠡᠭᠡ ᠵᠠᠩᠭᠢᠵᠢᠯᠲᠠ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠵᠤ | ᠦᠢᠯᠡᠰ ᠤᠨ ᠠᠶᠤᠯ ᠦᠭᠡᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠯᠪᠤᠭᠳᠠᠯ | ᠪᠥᠬᠦᠢ ᠠᠵᠢᠯ ᠢ ᠬᠠᠷᠢᠭᠤᠴᠠᠨ᠎ᠠ︔ ᠡᠮ ᠡᠮᠨᠡᠯᠭᠡ ᠶᠢᠨ ᠨᠥᠭᠡᠴᠡ ᠶᠢᠨ ᠠᠵᠢᠯ ᠳᠤ ᠣᠷᠣᠯᠴᠠᠵᠤ ᠬᠠᠮᠢᠶᠠᠷᠤᠨ᠎ᠠ︔ | ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠢ ᠠᠷᠭᠠᠴᠠᠬᠤ ᠵᠡᠷᠭᠡ ᠳᠤ | ᠬᠡᠷᠡᠭᠰᠡᠬᠦ ᠭᠠᠮᠰᠢᠭ ᠠᠴᠠ ᠠᠪᠤᠷᠠᠬᠤ ᠡᠳ᠋ ᠪᠠᠷᠠᠭ᠎ᠠ ᠦᠢᠯᠡᠳᠪᠦᠷᠢᠯᠡᠬᠦ᠂ ᠨᠥᠭᠡᠴᠡᠯᠡᠬᠦ ᠪᠠ ᠲᠣᠬᠢᠷᠠᠭᠤᠯᠤᠨ | ᠲᠡᠭᠡᠭᠡᠪᠥᠷᠢᠯᠡᠬᠦ ᠠᠵᠢᠯ ᠢ ᠰᠠᠶᠢᠲᠤᠷ ᠬᠢᠨ᠎ᠡ︔ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯ ᠦᠭᠡᠢ | ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠠ ᠴᠢᠭᠯᠡᠯ ︵ᠭᠠᠳᠠᠭᠠᠳᠤ ᠪᠡᠯᠡ ᠶᠢ ᠠᠰᠢᠭᠯᠠᠬᠤ | ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠪᠠᠭᠲᠠᠨ᠎ᠠ︶᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠴᠢᠨᠠᠷᠲᠠᠢ ᠪᠥᠲᠦᠭᠡᠨ ᠪᠠᠶᠢᠭᠤᠯᠣᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠯ ᠳᠤᠷᠠᠳᠬᠤ ᠶᠢ | ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠢ ᠦᠨᠳᠦᠰᠦᠯᠡᠨ᠂ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠲᠥᠯᠥᠪᠵᠢᠭᠦᠯᠭᠡ ᠶᠢᠨ ᠲᠣᠲᠣᠷ᠎ᠠ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠠᠵᠤ ᠦᠢᠯᠡᠳᠪᠦᠷᠢ | ᠪᠣᠯᠣᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠬᠢᠨᠠᠨ | ᠴᠣᠬᠤᠯᠠᠪᠦᠷᠢᠯᠠᠵᠦ᠂ ᠬᠢᠨᠠᠨ ᠵᠦᠪᠰᠢᠶᠡᠷᠡᠨ᠎ᠡ︔ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ | ᠦᠢᠯᠡᠰ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠨᠡᠬᠡᠬᠡᠯᠲᠡ ᠶᠢᠨ ᠣᠷᠣᠨ ᠪᠣᠯᠣᠨ ᠭᠤᠣᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠣᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠣᠳᠣᠷᠢᠳᠣᠮᠵᠢ ᠪᠠ | ᠲᠥᠷᠥ ᠶᠢᠨ ᠪᠣᠳᠤᠯᠭ᠎ᠠ ᠶᠢ ᠦᠨᠳᠦᠰᠦᠯᠡᠨ᠂ ᠠᠵᠤ ᠦᠢᠯᠡᠰ ᠤᠨ ᠪᠥᠲᠦᠴᠡ ᠶᠢ ᠲᠣᠬᠢᠷᠠᠭᠤᠯᠬᠤ ᠰᠠᠨᠠᠯ ᠳᠣᠷᠠᠳᠣᠨ᠎ᠠ︔ | ᠠᠵᠤ ᠦᠢᠯᠡᠳᠪᠦᠷᠢ ᠶᠢᠨ ᠬᠦᠷᠢᠶᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠵᠤ᠂ ᠠᠵᠤ | ᠦᠢᠯᠡᠳᠪᠦᠷᠢ ᠶᠢᠨ ᠠᠵᠢᠯ ᠲᠥᠷᠥᠯ ᠤᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠵᠦ᠂ ᠭᠤᠣᠯᠳᠠᠯᠭ᠎ᠠ ᠲᠠᠢ | ᠠᠵᠢᠯ ᠲᠥᠷᠥᠯ ᠳᠤ ᠵᠦᠪᠰᠢᠶᠡᠷᠡᠨ ᠣᠷᠤᠭᠤᠯᠬᠤ ᠳᠦᠷᠢᠮ ᠲᠣᠭᠲᠠᠭᠠᠨ᠂ ᠠᠵᠤ ᠦᠢᠯᠡᠳᠪᠦᠷᠢ ᠶᠢᠨ | ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠬᠢᠯᠭᠠᠨ ᠬᠦᠴᠦᠨ ᠤ | ᠠᠵᠢᠯ ᠲᠥᠷᠥᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠲᠠᠪᠤ︶ ᠪᠥᠬᠦ ᠣᠷᠣᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠭᠵᠢᠭᠦᠯᠬᠦ ᠶᠢ ᠵᠣᠬᠢᠶᠠᠨ | ᠪᠠᠶᠢᠭᠤᠯᠣᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠶᠡᠭᠡ ᠮᠡᠷᠭᠡᠵᠢᠯ ᠲᠣᠨᠣᠭᠯᠠᠯ ᠤᠨ | ᠬᠥᠭᠵᠢᠯᠲᠡ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ ᠲᠣᠭᠤᠷᠪᠢᠨ ᠲᠣᠭᠲᠠᠭᠠᠬᠤ ᠶᠢ | ᠵᠣᠬᠢᠶᠠᠨ ᠪᠠᠶᠢᠭᠤᠯᠤᠨ᠎ᠠ︔ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠷᠢᠯᠭ᠎ᠠ ᠶᠢᠨ | ᠪᠥᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠤᠭᠳᠠᠯ ᠪᠥᠬᠦᠢ ᠴᠢᠬᠤᠯᠠ ᠶᠡᠭᠡ ᠲᠤᠰᠬᠠᠢ ᠵᠦᠢᠯ ᠤᠨ | ᠬᠡᠷᠡᠭᠵᠢᠭᠦᠯᠦᠯᠲᠡ ᠶᠢ ᠵᠣᠬᠢᠴᠠᠭᠤᠯᠣᠨ᠂ ᠴᠢᠬᠤᠯᠠ ᠶᠡᠭᠡ ᠮᠡᠷᠭᠡᠵᠢᠯ ᠲᠣᠨᠤᠭ ᠲᠥᠬᠦᠭᠡᠷᠦᠮᠵᠢ ᠣᠷᠤᠭᠤᠯᠵᠦ ᠢᠷᠡᠬᠦ᠂ | ᠰᠢᠩᠭᠡᠭᠡᠨ ᠡᠵᠡᠮᠰᠢᠵᠦ ᠰᠢᠨ᠎ᠡ ᠶᠢ ᠡᠭᠦᠳᠬᠦ ᠪᠠ ᠣᠯᠣᠰ ᠲᠠᠭᠠᠨ ᠦᠢᠯᠡᠳᠪᠦᠷᠢᠯᠡᠬᠦ ᠶᠢ ᠲᠦᠯᠬᠢᠨ ᠠᠬᠢᠭᠤᠯᠣᠨ᠎ᠠ᠃ | ︵ᠵᠢᠷᠭᠤᠭ᠎ᠠ︶ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠶᠢ | ᠬᠠᠷᠢᠭᠤᠴᠠᠨ᠂ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠦ᠂ ᠲᠡᠷᠢᠭᠦᠨ ᠤ ᠮᠡᠷᠭᠡᠵᠢᠯ ᠤᠨ | ᠥᠭᠡᠷᠡᠴᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠦᠨ᠎ᠡ︔ ᠣᠯᠣᠰ᠂ ᠥᠪᠡᠷᠲᠡᠭᠡᠨ ᠵᠠᠰᠠᠬᠤ | ᠣᠷᠣᠨ ᠤ ᠬᠤᠯᠪᠤᠭᠳᠠᠯ ᠪᠦᠬᠦᠢ ᠠᠵᠤ ᠦᠢᠯᠡᠳᠪᠦᠷᠢ ᠮᠡᠳᠡᠭᠡ ᠵᠠᠩᠭᠢᠵᠢᠯᠲᠡ ᠶᠢᠨ ᠠᠵᠤ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠢ ᠵᠣᠬᠢᠴᠠᠭᠤᠯᠵᠣ ᠵᠣᠬᠢᠶᠠᠨ ᠪᠠᠶᠢᠭᠤᠯᠣᠨ ᠬᠡᠷᠡᠭᠵᠢᠭᠦᠯᠵᠦ᠂ | ᠬᠠᠮᠢᠶ᠎ᠡ ᠪᠥᠬᠦᠢ ᠰᠢᠨᠵᠢᠯᠡᠬᠦ ᠤᠬᠠᠭᠠᠨ ᠤ ᠦᠷ᠎ᠡ ᠪᠥᠲᠦᠭᠡᠯ ᠢ ᠠᠵᠤ ᠦᠢᠯᠡᠰᠵᠢᠭᠦᠯᠬᠦ ᠶᠢ ᠲᠦᠯᠬᠢᠨ ᠠᠬᠢᠭᠤᠯᠤᠨ᠎ᠠ︔ | ᠤᠯᠤᠰ ᠪᠣᠯᠣᠨ ᠣᠷᠣᠨ ᠨᠤᠲᠤᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠪᠠᠷᠢᠮᠵᠢᠶ᠎ᠠ ᠶᠢ ᠵᠣᠬᠢᠴᠠᠭᠤᠯᠵᠣ ᠵᠣᠬᠢᠶᠠᠨ | ᠪᠠᠶᠢᠭᠤᠯᠣᠨ ᠬᠡᠷᠡᠭᠵᠢᠭᠦᠯᠵᠦ᠂ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ | ᠣᠷᠣᠨ ᠤ ᠮᠡᠳᠡᠭᠡ ᠵᠠᠩᠭᠢᠵᠢᠯᠲᠡ ᠶᠢᠨ ᠠᠵᠢᠯ ᠳᠠᠬᠢ ᠮᠡᠷᠭᠡᠵᠢᠯ ᠤᠨ ᠪᠠᠷᠢᠮᠵᠢᠶ᠎ᠠ ᠶᠢ ᠰᠣᠳᠤᠯᠤᠨ ᠳᠣᠷᠠᠳᠣᠨ᠎ᠠ︔ | ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠪᠣᠯᠣᠨ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠬᠢᠭᠡᠳ ᠠᠵᠤ | ᠦᠢᠯᠡᠰᠴᠢᠯᠡᠯᠲᠡ ᠶᠢᠨ ᠨᠡᠶᠢᠯᠡᠯ ᠢ ᠲᠦᠯᠬᠢᠨ ᠠᠬᠢᠭᠤᠯᠤᠨ᠎ᠠ᠃ | ︵ᠳᠤᠯᠤᠭ᠎ᠠ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠨᠧᠷᠭᠢ | ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠠᠷᠢᠭᠤᠨ ᠴᠡᠪᠡᠷ ᠦᠢᠯᠡᠳᠪᠦᠷᠢᠯᠡᠬᠦ ᠶᠢ ᠠᠬᠢᠭᠤᠯᠬᠤ | ᠲᠥᠷᠥ ᠶᠢᠨ ᠪᠣᠳᠤᠯᠭ᠎ᠠ ᠬᠢᠭᠡᠳ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ | ᠦᠢᠯᠡᠳᠪᠦᠷᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯᠣᠨ ᠠᠵᠤ ᠦᠢᠯᠡᠳᠪᠦᠷᠢ ᠶᠢᠨ ᠣᠰᠣᠨ ᠤ | ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ︔ ᠬᠠᠮᠢᠶ᠎ᠡ ᠪᠥᠬᠦᠢ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ | ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃ | ︵ᠨᠠᠢᠮᠠ︶ ᠣᠯᠣᠰ ᠤᠨ ᠬᠤᠯᠪᠤᠭᠳᠠᠯ ᠪᠥᠬᠦᠢ ᠣᠯᠣᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠭᠯᠯᠡᠲᠡ᠂ ᠲᠥᠷᠥ ᠶᠢᠨ ᠪᠣᠳᠤᠯᠭ᠎ᠠ ᠪᠣᠯᠣᠨ ᠬᠠᠦᠯᠢ ᠴᠠᠭᠠᠵᠠ᠂ | ᠬᠠᠦᠯᠢ ᠲᠣᠭᠲᠠᠭᠠᠯ ᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠡ ᠪᠥᠬᠦᠢ | ᠲᠥᠬᠦᠷ ᠲᠥᠷᠥ ᠶᠢᠨ ᠪᠣᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ | ᠬᠡᠷᠡᠭᠵᠢᠭᠦᠯᠦᠨ᠎ᠡ︔ ᠪᠥᠬᠦ ᠣᠷᠣᠨ ᠤ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ ᠬᠢ ᠶᠢ | ᠤᠶᠠᠯᠳᠤᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠴᠡᠷᠢᠭ ᠤᠨ ᠠᠵᠤ ᠦᠢᠯᠡᠳᠪᠦᠷᠢ ᠠᠷᠠᠳ ᠤᠨ ᠬᠡᠷᠡᠭᠯᠡᠭᠡᠨ ᠤ | ᠬᠡᠷᠡᠭᠰᠡᠯ ᠦᠢᠯᠡᠳᠪᠥᠷᠢᠯᠡᠬᠦ ᠠᠵᠤ ᠦᠢᠯᠡᠰ ᠲᠡᠰᠢ ᠬᠥᠭᠵᠢᠬᠦ ᠪᠠ ᠴᠡᠷᠢᠭ ᠤᠨ ᠬᠡᠷᠡᠭᠯᠡᠭᠡᠨ ᠤ ᠬᠢᠭᠡᠳ ᠠᠷᠠᠳ ᠤᠨ | ᠬᠡᠷᠡᠭᠯᠡᠭᠡᠨ ᠤ ᠬᠤᠶᠠᠷ ᠬᠡᠷᠡᠭᠴᠡᠭᠡᠲᠦ ᠮᠡᠷᠭᠡᠵᠢᠯ ᠤᠨ ᠬᠤᠣᠰ ᠴᠢᠭᠯᠡᠯ ᠢᠶᠠᠷ ᠰᠢᠯᠵᠢᠬᠦ ᠶᠢ ᠵᠢᠯᠤᠭᠤᠳᠴᠤ᠂ ᠴᠡᠷᠢᠭ ᠤᠨ | ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠣᠳᠤᠯᠤᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢ | ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠠᠶᠤᠯ ᠦᠭᠡᠢ᠂ ᠨᠢᠭᠤᠴᠠ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠠᠵᠢᠯ ᠳᠤ | ᠬᠢᠨᠠᠯᠲᠠ ᠲᠠᠯᠪᠢᠵᠦ ᠪᠠᠶᠢᠴᠠᠭᠠᠬᠤ ᠶᠢ ᠬᠠᠷᠢᠭᠤᠴᠠᠨ᠎ᠠ︔ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ | ᠠᠩᠬ᠎ᠠ ᠬᠢᠨᠠᠬᠤ᠂ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠣᠨ᠎ᠠ︔ ᠪᠥᠬᠦ ᠣᠷᠣᠨ ᠤ ᠠᠷᠠᠳ ᠤᠨ ᠬᠡᠷᠡᠭᠯᠡᠭᠡᠨ ᠤ | ᠳᠡᠯᠪᠡᠷᠡᠬᠦ ᠪᠤᠳᠠᠰ ᠦᠢᠯᠡᠳᠪᠦᠷᠢᠯᠡᠬᠦ ᠬᠠᠮᠢᠶᠠᠷᠤᠯᠲᠠ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯ ᠦᠭᠡᠢ ᠦᠢᠯᠡᠳᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ | ᠃ | ︵ᠶᠢᠰᠦ︶ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠦᠨᠳᠦᠰᠦᠯᠡᠨ᠂ ᠠᠵᠤ ᠦᠢᠯᠡᠳᠪᠦᠷᠢ ᠶᠢᠨ ᠠᠵᠤ ᠠᠬᠤᠢ ᠪᠣᠯᠣᠨ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ | ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠠᠵᠤ | ᠠᠬᠤᠢ ︵ᠡᠨᠧᠷᠭᠢ ᠶᠢᠨ ᠠᠵᠤ ᠦᠢᠯᠡᠳᠪᠦᠷᠢ ᠠᠴᠠ ᠪᠣᠰᠤᠳ︶ ᠶᠢᠨ ᠪᠠᠶᠢᠷᠢᠰᠢᠭᠤᠯᠤᠯ ᠪᠣᠯᠣᠨ ᠪᠥᠲᠦᠴᠡ ᠶᠢᠨ | ᠲᠣᠬᠢᠷᠠᠭᠤᠯᠤᠯᠲᠠ ᠶᠢᠨ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠰᠣᠳᠤᠯᠤᠨ᠎ᠠ︔ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠤᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠲᠥᠷᠥ ᠶᠢᠨ ᠪᠣᠳᠤᠯᠭ᠎ᠠ ᠪᠣᠯᠣᠨ ᠪᠠᠷᠢᠮᠵᠢᠶ᠎ᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ | ᠬᠡᠷᠡᠭᠵᠢᠭᠦᠯᠵᠦ᠂ ᠠᠵᠤ ᠦᠢᠯᠡᠳᠪᠦᠷᠢ ᠬᠢᠭᠡᠳ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠦᠯᠦᠨ | ᠵᠢᠯᠤᠭᠤᠳᠬᠤ ᠪᠠ ᠲᠡᠳᠭᠦᠨ᠎ᠡ᠃ | ︵ᠠᠷᠪᠠ︶ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ᠂ ᠠᠵᠤ ᠠᠬᠤᠶᠢᠯᠠᠯ ᠤᠨ ᠮᠡᠳᠡᠭᠡ | ᠵᠠᠩᠭᠢᠵᠢᠯᠲᠠ᠂ ᠡᠯᠧᠺᠲᠷᠤᠨ ᠵᠠᠰᠠᠭ ᠤᠨ ᠶᠠᠪᠤᠳᠠᠯ ᠤᠨ ᠬᠥᠭᠵᠢᠯᠲᠡ ᠪᠣᠯᠣᠨ ᠡᠯᠧᠺᠲᠷᠣᠨ ᠬᠤᠳᠠᠯᠳᠣᠭᠠᠨ ᠤ | ᠶᠠᠪᠤᠳᠠᠯ ᠤᠨ ᠳᠡᠯᠭᠡᠷᠡᠭᠦᠯᠦᠯᠲᠡ ᠵᠢᠴᠢ ᠨᠡᠶᠢᠭᠡᠮ ᠪᠣᠯᠣᠨ ᠠᠵᠤ ᠠᠬᠤᠢ ᠶᠢᠨ ᠡᠯ᠎ᠡ ᠬᠦᠷᠢᠶᠡᠨ ᠤ ᠮᠡᠳᠡᠭᠡ | ᠵᠠᠩᠭᠢᠵᠢᠯᠲᠡ ᠶᠢᠨ ᠬᠡᠷᠡᠭᠯᠡᠯᠲᠡ ᠶᠢ ᠲᠦᠯᠬᠢᠨ ᠠᠬᠢᠭᠤᠯᠬᠤ ᠠᠵᠢᠯ ᠢ ᠵᠢᠯᠤᠭᠤᠳᠤᠨ ᠵᠣᠬᠢᠴᠠᠭᠤᠯᠣᠨ᠎ᠠ︔ ᠨᠡᠶᠢᠭᠡᠮ ᠤᠨ | ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠬᠢᠴᠠᠭᠤᠯᠣᠨ ᠬᠠᠷᠢᠭᠤᠴᠠᠵᠤ᠂ | ᠰᠠᠯᠠᠭ᠎ᠠ ᠮᠦᠴᠢᠷ ᠠᠯᠤᠰᠯᠠᠨ᠂ ᠠᠵᠢᠯ ᠲᠥᠷᠥᠯ ᠠᠯᠤᠰᠯᠠᠵᠤ᠂ ᠬᠦᠷᠢᠶ᠎ᠡ ᠬᠡᠪᠴᠢᠶ᠎ᠡ ᠠᠯᠤᠰᠯᠠᠬᠰᠠᠨ ᠮᠡᠳᠡᠭᠡ | ᠵᠠᠩᠭᠢᠵᠢᠯᠲᠠ ᠶᠢᠨ ᠬᠡᠷᠡᠭᠯᠡᠯᠲᠡ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃ | ︵ᠠᠷᠪᠠᠨ ᠨᠢᠭᠡ︶ ᠬᠠᠮᠢᠶ᠎ᠡ ᠪᠥᠬᠦᠢ ᠰᠠᠯᠠᠭ᠎ᠠ ᠮᠦᠴᠢᠷ ᠢ ᠵᠣᠬᠢᠴᠠᠭᠤᠯᠣᠨ ᠴᠢᠮᠡᠭᠡ ᠬᠤᠯᠪᠤᠭᠠᠨ ᠤ ᠬᠤᠭᠤᠯᠠᠢ | ᠱᠤᠭᠤᠮ᠂ ᠣᠯᠠᠨ ᠨᠡᠶᠢᠲᠡ ᠶᠢᠨ ᠴᠢᠮᠡᠭᠡ ᠬᠤᠯᠪᠤᠭᠠᠨ ᠤ ᠰᠦᠯᠵᠢᠶ᠎ᠡ᠂ ᠲᠤᠰᠬᠠᠢ ᠬᠡᠷᠡᠭᠯᠡᠬᠦ ᠮᠡᠳᠡᠭᠡ ᠵᠠᠩᠭᠢ ᠶᠢᠨ | ᠰᠦᠯᠵᠢᠶᠡᠨ ᠤ ᠲᠥᠯᠥᠪᠵᠢᠭᠦᠯᠭᠡ ᠶᠢ ᠲᠣᠭᠲᠠᠭᠠᠨ᠎ᠠ︔ ᠴᠠᠬᠢᠯᠭᠠᠨ ᠬᠤᠯᠪᠤᠭᠠᠨ ᠤ ᠵᠠᠬ᠎ᠠ ᠳᠡᠯᠭᠡᠭᠦᠷ ᠤᠨ | ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠤᠭᠳᠠᠭᠰᠠᠨ ᠴᠢᠬᠤᠯᠠ ᠶᠡᠭᠡ ᠤᠴᠢᠷ ᠢ | ᠵᠣᠬᠢᠴᠠᠭᠤᠯᠣᠨ᠎ᠠ︔ ᠠᠵᠢᠯ ᠲᠥᠷᠥᠯ ᠠᠯᠤᠰᠯᠠᠵᠤ᠂ ᠰᠠᠯᠠᠭ᠎ᠠ ᠮᠦᠴᠢᠷ ᠠᠯᠤᠰᠯᠠᠨ ᠨᠡᠶᠢᠭᠡᠮ ᠳᠤ ᠬᠠᠨᠳᠤᠭᠤᠯᠤᠭᠰᠠᠨ | ᠦᠢᠯᠡᠴᠢᠯᠡᠭᠡᠨ ᠤ ᠰᠦᠯᠵᠢᠶ᠎ᠡ ᠶᠢᠨ ᠬᠤᠯᠪᠤᠯᠳᠤᠨ ᠨᠡᠪᠲᠡᠷᠡᠯᠴᠡᠬᠦ ᠶᠢ ᠬᠠᠷᠢᠭᠤᠴᠠᠵᠤ᠂ ᠪᠥᠬᠦ ᠣᠷᠣᠨ ᠤ ᠵᠥᠭᠡᠯᠡᠨ | ᠬᠡᠷᠡᠭᠰᠡᠯ ᠤᠨ ᠦᠢᠯᠡᠰ ᠤᠨ ᠬᠥᠭᠵᠢᠯᠲᠡ ᠶᠢ ᠵᠢᠯᠣᠭᠤᠳᠣᠨ᠎ᠠ︔ ᠡᠯᠧᠺᠲᠷᠣᠨ ᠮᠡᠳᠡᠭᠡ ᠵᠠᠩᠭᠢ ᠶᠢᠨ ᠦᠢᠯᠡᠳᠬᠦᠨ | ᠦᠢᠯᠡᠳᠬᠦ ᠦᠢᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠪᠥᠬᠦ ᠣᠷᠣᠨ ᠤ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠮᠡᠳᠡᠭᠡ ᠵᠠᠩᠭᠢ ᠶᠢᠨ ᠠᠶᠤᠯ ᠦᠭᠡᠢ ᠶᠢ ᠪᠠᠲᠤᠯᠠᠬᠤ ᠰᠢᠰᠲ᠋ᠧᠮᠵᠢ ᠪᠠᠶᠢᠭᠤᠯᠬᠤ ᠶᠢ | ᠵᠣᠬᠢᠶᠠᠨ ᠪᠠᠶᠢᠭᠤᠯᠵᠣ ᠵᠣᠬᠢᠴᠠᠭᠤᠯᠣᠨ᠎ᠠ︔ ᠮᠡᠳᠡᠭᠡ ᠵᠠᠩᠭᠢ ᠶᠢᠨ ᠠᠶᠤᠯ ᠦᠭᠡᠢ ᠶᠢᠨ ᠰᠡᠷᠭᠡᠶᠢᠯᠡᠯᠲᠡ ᠶᠢᠨ ᠠᠵᠢᠯ ᠢ | ᠵᠢᠯᠤᠭᠤᠳᠤᠨ ᠵᠣᠬᠢᠴᠠᠭᠤᠯᠬᠤ ᠶᠢ ᠬᠠᠷᠢᠭᠤᠴᠠᠵᠤ᠂ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠠᠶᠤᠯ ᠦᠭᠡᠢ ᠶᠢᠨ | ᠴᠢᠬᠤᠯᠠ ᠶᠡᠭᠡ ᠬᠡᠷᠡᠭ ᠢ ᠵᠣᠬᠢᠴᠠᠭᠤᠯᠣᠨ ᠰᠢᠢᠳᠪᠦᠷᠢᠯᠡᠨ᠎ᠡ︔ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ᠮᠡᠳᠡᠭᠡ ᠵᠠᠩᠭᠢ ᠶᠢᠨ ᠰᠦᠯᠵᠢᠶᠡᠨ ᠤ ᠠᠶᠤᠯ ᠦᠭᠡᠢ ᠶᠢᠨ ᠮᠡᠷᠭᠡᠵᠢᠯ᠂ ᠲᠥᠬᠦᠭᠡᠷᠦᠮᠵᠢ ᠪᠣᠯᠣᠨ | ᠦᠢᠯᠡᠳᠬᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠭᠤᠷᠪᠡ︶ ᠨᠡᠭᠦᠷᠡᠰᠦᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠪᠣᠯᠣᠨ ᠠᠵᠤ | ᠦᠢᠯᠡᠰ ᠤᠨ ᠪᠥᠲᠦᠴᠡ ᠶᠢ ᠲᠣᠬᠢᠷᠠᠭᠤᠯᠬᠤ ᠰᠠᠨᠠᠯ ᠢ ᠰᠣᠳᠤᠯᠤᠨ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠵᠦᠪᠰᠢᠶᠡᠷᠡᠯ ᠪᠣᠯᠣᠨ | ᠦᠢᠯᠡᠳᠪᠦᠷᠢᠯᠡᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠪᠥᠬᠦ | ᠣᠷᠣᠨ ᠤ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ ᠢ ᠶᠡᠷᠦᠩᠬᠡᠶᠢᠯᠡᠨ ᠵᠠᠰᠠᠬᠤ ᠪᠠ ᠭᠠᠰ ᠢ | ᠶᠡᠷᠦᠩᠬᠡᠶᠢᠯᠡᠨ ᠠᠰᠢᠭᠯᠠᠬᠤ ᠶᠢ ᠨᠢᠬᠡᠳᠦᠯᠲᠡᠢ ᠲᠥᠯᠥᠪᠯᠡᠵᠦ᠂ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠢ ᠶᠢᠨ | ᠠᠵᠢᠯᠯᠠᠭᠠᠨ ᠢ ᠬᠤᠷᠸ᠎ᠠ ᠲᠠᠯ᠎ᠠ ᠠᠴᠠ ᠵᠢᠯᠤᠭᠤᠳᠬᠤ ᠠᠵᠢᠯ ᠢ ᠡᠭᠦᠷᠭᠡᠯᠡᠨ᠎ᠡ᠃ | ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠨ | ᠭᠦᠢᠴᠡᠳᠭᠡᠯᠭᠡᠬᠦ ᠪᠣᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ |