ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠭᠤᠣᠯ ᠡᠭᠦᠷᠭᠡ ᠬᠠᠷᠢᠭᠤᠴᠠᠯᠭ᠎ᠠ᠄ | ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠦᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2009﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠡᠯᠭᠦᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠪᠣᠯᠭᠠᠪᠠ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ | ︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ | ᠬᠦᠴᠦᠨ ᠦᠭᠡᠢ ᠪᠣᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠵᠦᠢᠯᠡᠰ ᠢ ᠬᠦᠴᠦᠨ ᠦᠭᠡᠢ ᠪᠣᠯᠭᠠᠨ᠎ᠠ᠃ | ︵ᠬᠤᠶᠡᠷ︶ ᠤᠯᠤᠰ ᠤᠨ ᠰᠢᠨᠵᠢᠯᠡᠬᠦ ᠤᠬᠠᠭᠠᠨᠮᠡᠷᠭᠡᠵᠢᠯ ᠤᠨ ᠶᠠᠮᠤᠨ ᠤ ᠪᠠᠭᠤᠯᠭᠠᠭᠰᠠᠨ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠤᠯᠭᠠᠭᠤᠷᠢ ᠪᠣᠯᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠡᠳᠦᠪ ᠢ ᠭᠦᠢᠴᠡᠳᠬᠡᠬᠦ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠬᠦ ᠪᠠ ᠮᠡᠷᠭᠡᠵᠢᠯ ᠤᠨ ᠵᠠᠬ᠎ᠠ ᠳᠡᠯᠭᠡᠭᠦᠷ ᠤᠨ ᠪᠤᠲᠠᠲᠠᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠨᠡᠮᠡᠭᠳᠡᠭᠦᠯᠦᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯ ᠤᠨ ᠬᠤᠷᠸ᠎ᠠ ᠬᠠᠮᠢᠶᠠᠷᠤᠯᠲᠠ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ | ᠲᠥᠷᠥᠯ ᠵᠦᠢᠯ ᠤᠨ ᠬᠠᠮᠢᠶᠠᠷᠤᠯᠲᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠶᠢᠨ ᠠᠵᠢᠯ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠨ | ᠲᠣᠭᠲᠠᠭᠠᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠡᠬᠡ ᠲᠥᠰᠥᠯ ᠢ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠦ ᠪᠠᠶᠢᠴᠠᠭᠠᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢᠨ | ᠲᠥᠷᠥᠯ ᠵᠦᠢᠯ ᠤᠨ ᠲᠥᠯᠥᠪᠯᠡᠭᠡ᠂ ᠬᠡᠷᠡᠭᠯᠡᠭᠡᠨ ᠤ ᠮᠡᠷᠭᠡᠵᠢᠯ ᠤᠨ ᠰᠣᠳᠣᠯᠤᠯ ᠪᠣᠯᠣᠨ ᠨᠡᠭᠡᠭᠡᠨ ᠬᠦᠭᠵᠢᠭᠦᠯᠬᠦ | ᠲᠤᠰᠬᠠᠢ ᠵᠦᠢᠯ ᠤᠨ ᠪᠡᠯᠡ ᠮᠦᠩᠭᠦ ᠶᠢᠨ ᠲᠥᠯᠥᠪᠯᠡᠭᠡ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ | ᠵᠢᠯᠤᠭᠤᠳᠬᠤ ᠶᠢ ᠱᠠᠩᠨᠠᠬᠤ ᠪᠡᠯᠡ ᠮᠦᠩᠭᠦ ᠶᠢᠨ ᠲᠥᠷᠥᠯ ᠵᠦᠢᠯ ᠤᠨ ᠲᠥᠯᠥᠪᠯᠡᠭᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠵᠦᠢᠯ ᠤᠨ ᠪᠡᠯᠡ ᠮᠥᠩᠭᠦ ᠪᠣᠯᠣᠨ ᠠᠷᠠᠳ ᠢ ᠪᠠᠶᠠᠵᠢᠭᠤᠯᠵᠤ | ᠰᠢᠶᠠᠨ ᠢ ᠬᠦᠴᠦᠷᠬᠡᠭᠵᠢᠭᠦᠯᠬᠦ ᠲᠤᠰᠬᠠᠢ ᠵᠦᠢᠯ ᠤᠨ ᠪᠡᠯᠡ ᠮᠦᠩᠭᠦ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ | ᠲᠣᠭᠲᠠᠭᠠᠬᠤ ᠶᠢ ᠬᠠᠷᠢᠭᠤᠴᠠᠨ᠎ᠠ︔ ᠰᠠᠭᠤᠷᠢ ᠰᠤᠳᠤᠯᠤᠯ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠴᠢᠬᠤᠯᠠ ᠶᠡᠭᠡ ᠮᠡᠷᠭᠡᠵᠢᠯ ᠤᠨ ᠰᠤᠳᠤᠯᠤᠯ ᠬᠢᠭᠡᠳ ᠵᠠᠩᠭᠢᠯᠠᠭ᠎ᠠ ᠶᠢᠨ ᠮᠡᠷᠭᠡᠵᠢᠯ᠂ ᠨᠡᠶᠢᠲᠡᠯᠢᠭ ᠴᠢᠨᠠᠷᠲᠠᠢ | ᠮᠡᠷᠭᠡᠵᠢᠯ ᠤᠨ ᠰᠤᠳᠤᠯᠤᠯ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠥᠪᠡᠷᠲᠡᠭᠡᠨ | ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠲᠡ ᠶᠢᠨ ᠴᠢᠬᠤᠯᠠ | ᠬᠦᠷᠢᠶᠡᠨ ᠤ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠦᠭᠦᠯᠡᠨ ᠵᠣᠬᠢᠶᠠᠨ | ᠪᠠᠶᠢᠭᠤᠯᠤᠨ᠎ᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ | ᠲᠥᠷᠥᠯ ᠵᠦᠢᠯ ᠤᠨ ᠲᠥᠰᠥᠯ ᠤᠨ ᠨᠤᠲᠠᠯᠠᠯᠲᠠ ᠬᠢᠬᠦ᠂ ᠶᠡᠷᠦᠩᠬᠡᠶᠢᠯᠡᠨ ᠲᠡᠩᠴᠡᠭᠦᠯᠬᠦ᠂ ᠦᠨᠡᠯᠡᠨ ᠵᠢᠱᠢᠵᠦ ᠰᠢᠯᠭᠠᠨ | ᠠᠪᠬᠤ ᠶᠢ ᠵᠣᠬᠢᠶᠠᠨ ᠪᠠᠶᠢᠭᠤᠯᠬᠤ ᠪᠠ ᠬᠤᠯᠪᠣᠭᠳᠠᠯ ᠪᠦᠬᠦᠢ ᠲᠦᠬᠦᠷ ᠲᠥᠷᠥ ᠶᠢᠨ ᠪᠣᠳᠣᠯᠭ᠎ᠠ ᠲᠣᠭᠲᠠᠭᠠᠬᠤ ᠶᠢ | ᠬᠠᠷᠢᠭᠤᠴᠠᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠮᠡᠷᠭᠡᠵᠢᠯ ᠰᠤᠳᠤᠯᠬᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰᠵᠢᠯᠲᠡ ᠶᠢᠨ | ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ | ᠰᠢᠰᠲ᠋ᠧᠮᠵᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ | ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ︔ ᠰᠢᠨᠵᠢᠯᠡᠬᠦ | ᠤᠬᠠᠭᠠᠨ ᠤ ᠰᠤᠳᠤᠯᠤᠯ ᠤᠨ ᠨᠦᠭᠦᠴᠡᠯ ᠢ ᠪᠠᠲᠤᠯᠠᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠴᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ | ᠨᠦᠭᠦᠴᠡᠯ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ | ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠵᠦ᠂ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠤᠭᠤᠷᠢᠭ ᠤᠨ ᠪᠦᠲᠦᠭᠡᠨ | ᠪᠠᠶᠢᠭᠤᠯᠤᠯᠲᠠ ᠶᠢ ᠵᠢᠯᠣᠭᠤᠳᠣᠨ᠎ᠠ᠃ | ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠬᠤ ᠮᠠᠯᠵᠢᠬᠤ ᠣᠷᠣᠨ ᠪᠣᠯᠣᠨ ᠨᠡᠶᠢᠭᠡᠮ ᠤᠨ | ᠠᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠵᠣᠬᠢᠶᠠᠵᠦ᠂ ᠬᠠᠮᠢᠶ᠎ᠠ | ᠪᠦᠬᠦᠢ ᠠᠷᠭ᠎ᠠ ᠬᠡᠮᠵᠢᠶ᠎ᠡ ᠪᠠ ᠠᠷᠭ᠎ᠠ ᠶᠢ ᠲᠣᠭᠲᠠᠭᠠᠨ᠂ ᠠᠷᠠᠳ ᠤᠨ ᠠᠮᠢᠳᠤᠷᠠᠯ ᠢᠶᠠᠷ ᠭᠤᠣᠯᠳᠠᠯᠭ᠎ᠠ ᠪᠣᠯᠭᠠᠭᠰᠠᠨ | ᠲᠠᠷᠢᠶᠠᠯᠠᠬᠤ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠳᠣᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ | ᠦᠢᠯᠡᠳᠪᠥᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠲᠤᠭᠤᠷᠪᠢᠨ ᠵᠣᠬᠢᠶᠠᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠠᠵᠢᠯ ᠢ ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠤᠨ᠎ᠠ︔ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤᠨ ᠰᠤᠳᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠵᠦ᠂ | ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | ︵ᠶᠢᠰᠦ︶ ᠲᠣᠰ ᠰᠠᠯᠠᠭ᠎ᠠ ᠮᠦᠴᠢᠷ ᠤᠨ ᠲᠥᠰᠥᠪ ᠲᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ | ᠲᠥᠰᠥᠪ ᠪᠠ ᠲᠥᠰᠥᠪ ᠤᠨ ᠭᠦᠢᠴᠡᠳᠬᠡᠯ ᠬᠢᠭᠡᠳ ᠵᠠᠷᠤᠳᠠᠯ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠦ | ᠬᠠᠮᠢᠶᠠᠷᠬᠤ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠴᠢᠬᠤᠯᠠ ᠶᠡᠭᠡ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠦ᠂ ᠰᠢᠨᠵᠢᠯᠡᠬᠦ ᠤᠬᠠᠭᠠᠨ | ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | ︵ᠠᠷᠪᠠ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠢᠨᠠᠨ | ᠲᠣᠭᠲᠠᠬᠤ ᠶᠢᠨ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠨ ᠵᠣᠬᠢᠶᠠᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ | ︵ ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠨ᠂ ᠮᠡᠷᠭᠡᠵᠢᠯ ᠤᠨ ᠵᠠᠬ᠎ᠠ ᠳᠡᠯᠭᠡᠭᠦᠷ᠂ ᠰᠢᠨᠵᠢᠯᠡᠬᠦ | ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠥᠷᠥ | ᠪᠣᠳᠣᠯᠭ᠎ᠠ ᠶᠢ ᠲᠤᠭᠤᠷᠪᠢᠨ ᠵᠣᠬᠢᠶᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠬᠠᠮᠠᠭᠠᠯᠠᠬᠤ | ᠬᠠᠮᠢᠶᠠᠷᠤᠯᠲᠠ ᠶᠢᠨ ᠠᠷᠭ᠎ᠠ ᠶᠢ ᠲᠤᠭᠲᠠᠭᠠᠨ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ | ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠬᠤᠶᠠᠷ︶ ᠥᠪᠡᠷᠲᠡᠭᠡᠨ ᠵᠠᠰᠠᠬᠤ ᠣᠷᠣᠨ ᠤ ᠭᠠᠳᠠᠭᠠᠲᠤ ᠯᠤᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠬᠤᠭᠤᠷᠣᠨᠳᠤᠬᠢ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠬᠠᠷᠢᠭᠤᠴᠠᠨ᠎ᠠ︔ ᠠᠶᠢᠮᠠᠭ | ᠬᠤᠲᠠ ᠪᠣᠯᠣᠨ ᠬᠤᠯᠪᠣᠭᠳᠠᠯ ᠪᠦᠬᠦᠢ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ | ᠪᠠ ᠰᠣᠯᠢᠯᠴᠠᠭ᠎ᠠ ᠬᠢᠬᠦ ᠠᠵᠢᠯ ᠢ ᠵᠢᠯᠣᠭᠤᠳᠤᠨ᠎ᠠ᠃ | ︵ᠠᠷᠪᠠᠨ ᠭᠤᠷᠪᠠ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠬᠦ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ | ᠵᠤᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠵᠣᠬᠢᠴᠠᠭᠤᠯᠬᠤ | ᠵᠢᠴᠢ ᠭᠠᠳᠠᠭᠠᠲᠤ ᠯᠤᠭ᠎ᠠ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠴᠢᠷ | ᠶᠠᠪᠤᠳᠠᠯ ᠢ ᠬᠠᠷᠢᠭᠤᠴᠠᠨ᠎ᠠ᠃ | ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠬᠢᠭᠡᠳ ᠲᠤᠰᠬᠠᠢ ᠠᠰᠢᠭ ᠶᠢᠨ ᠬᠥᠭᠵᠢᠯᠲᠡ ᠶᠢᠨ ᠲᠥᠯᠥᠪᠵᠢᠭᠦᠯᠭᠡ᠂ ᠴᠢᠭᠯᠡᠯᠲᠡ᠂ ᠲᠥᠷᠥ ᠶᠢᠨ ᠪᠣᠳᠣᠯᠭ᠎ᠠ | ᠲᠤᠭᠲᠠᠭᠠᠬᠤ ᠶᠢ ᠬᠠᠷᠢᠭᠤᠴᠠᠵᠤ᠂ ᠲᠤᠰᠬᠠᠢ ᠠᠰᠢᠭ ᠤᠨ ᠬᠠᠤᠯᠢ ᠶᠢ ᠬᠡᠷᠡᠭᠵᠢᠭᠦᠯᠬᠦ ᠪᠠ ᠲᠡᠭᠦᠨ ᠤ ᠬᠡᠷᠡᠭᠵᠢᠭᠦᠯᠬᠦ | ᠨᠠᠷᠢᠨ ᠳᠦᠷᠢᠮ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠤᠭᠤᠷᠪᠢᠨ | ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠦ ᠪᠠᠶᠢᠴᠠᠭᠠᠨ᠎ᠠ︔ ᠲᠤᠰᠬᠠᠢ | ᠠᠰᠢᠭ ᠤᠨ ᠵᠢᠭᠤᠷᠠᠯᠳᠤᠭᠠᠨ ᠢ ᠬᠠᠤᠯᠢ ᠶᠣᠰᠤᠭᠠᠷ ᠰᠢᠢᠳᠪᠥᠷᠢᠯᠡᠨ᠂ ᠬᠤᠳᠠᠯ ᠬᠠᠭᠤᠷᠮᠠᠭ ᠲᠤᠰᠬᠠᠢ ᠠᠰᠢᠭ ᠤᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠥᠷᠢᠯᠡᠵᠦ᠂ ᠪᠦᠬᠦ ᠣᠷᠣᠨ ᠤ ᠲᠤᠰᠬᠠᠢ ᠠᠰᠢᠭ ᠤᠨ ᠮᠡᠳᠡᠭᠡ ᠵᠠᠩᠭᠢ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠬᠠᠮᠢᠶᠠᠷᠤᠨ᠂ ᠣᠨ ᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ᠂ ᠴᠢᠬᠤᠯᠠ ᠶᠡᠭᠡ ᠲᠤᠰᠬᠠᠢ ᠠᠰᠢᠭ ᠤᠨ ᠬᠤᠪᠢᠷᠠᠭᠤᠯᠬᠤ ᠲᠥᠷᠥᠯ ᠵᠦᠢᠯ ᠤᠨ ᠬᠡᠷᠡᠭᠵᠢᠭᠦᠯᠥᠯᠲᠡ ᠶᠢ | ᠵᠣᠬᠢᠶᠠᠨ ᠪᠠᠶᠢᠭᠤᠯᠤᠨ᠎ᠠ︔ ᠠᠶᠢᠮᠠᠭ ᠬᠤᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠵᠤ | ᠭᠦᠢᠴᠡᠳᠭᠡᠯᠭᠡᠬᠦ ᠪᠣᠰᠣᠳ ᠶᠠᠪᠤᠳᠠᠯ ᠤᠳ ᠢ ᠳᠠᠭᠠᠭᠠᠨ ᠬᠢᠨ᠎ᠡ᠃ | ᠭᠤᠷᠪᠠ᠂ ᠲᠣᠲᠣᠭᠠᠲᠤ ᠪᠠᠶᠢᠭᠤᠯᠤᠮᠵᠢ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠲᠦᠷᠰᠥᠲᠦ ᠴᠠᠬᠢᠯᠭᠠᠨ᠂ ᠰᠢᠮᠳᠠᠭᠤᠯᠤᠨ ᠭᠦᠢᠴᠡᠳᠭᠡᠯᠭᠡᠬᠦ ᠂ | ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠠᠮᠤᠷ ᠲᠥᠪᠰᠢᠨ ᠨᠢᠭᠤᠴᠠ ᠶᠢ ᠬᠠᠮᠠᠭᠠᠯᠠᠬᠤ᠂ ᠬᠤᠷᠠᠯ ᠤᠨ | ᠶᠠᠪᠤᠳᠠᠯ ᠤᠨ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ᠂ ᠡᠯᠧᠺᠲᠷᠣᠨ | ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠵᠠᠭᠤᠴᠢᠯᠠᠭᠤᠷ ᠤᠨ ᠤᠬᠠᠭᠤᠯᠭ᠎ᠠ ᠬᠢᠭᠡᠳ ᠰᠣᠨᠢᠨ ᠮᠡᠳᠡᠭᠡ | ᠨᠡᠶᠢᠲᠡᠯᠡᠬᠦ ᠠᠵᠢᠯ ᠢ ᠡᠭᠦᠷᠭᠡᠯᠡᠨ᠎ᠡ᠃ | ︵ᠬᠤᠶᠠᠷ︶ ᠠᠵᠢᠯᠲᠠᠨ ᠤ ᠭᠠᠵᠠᠷ | ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ | ᠬᠠᠮᠢᠶᠠᠷᠤᠯᠲᠠ᠂ ᠬᠥᠳᠡᠯᠮᠦᠷᠢ ᠴᠡᠯᠢᠩ ᠪᠠ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ︵ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠯᠪᠠᠨ ᠭᠡᠷ︶ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢ ᠲᠤᠭᠤᠷᠪᠢᠨ ᠵᠣᠬᠢᠶᠠᠵᠦ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ | ᠡᠬᠡ ᠲᠥᠰᠥᠯ ᠢ ᠨᠣᠣᠷᠠᠭᠯᠠᠨ ᠪᠢᠴᠢᠵᠦ᠂ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠬᠠᠤᠯᠢ ᠶᠣᠰᠤᠴᠢ ᠴᠢᠨᠠᠷ ᠢ ᠬᠢᠨᠠᠬᠤ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ ᠲᠠᠯ᠎ᠠ ᠶᠢᠨ | ᠬᠢᠨ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠤᠨ᠎ᠠ︔ | ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠦᠢᠯᠡᠳᠪᠥᠷᠢᠯᠡᠬᠦ ᠵᠢᠭᠠᠬᠤ ᠰᠤᠳᠤᠯᠬᠤ ᠶᠢ | ᠤᠶᠠᠯᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠵᠦ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠨ᠎ᠠ︔ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ | ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢᠨ ᠬᠢᠨᠠᠬᠤ ᠶᠠᠪᠤᠳᠠᠯ ᠢ ᠳᠠᠭᠠᠭᠠᠨ ᠭᠦᠢᠴᠡᠳᠬᠡᠨ᠎ᠡ︔ | ᠶᠡᠷᠦᠩᠬᠡᠶᠢᠯᠡᠭᠰᠡᠨ ᠪᠠᠶᠢᠴᠠᠭᠠᠨ ᠰᠣᠳᠣᠯᠬᠤ ᠪᠠ ᠵᠥᠭᠡᠯᠡᠨ ᠰᠢᠨᠵᠢᠯᠡᠬᠦ ᠤᠬᠠᠭᠠᠨ ᠤ ᠰᠣᠳᠣᠯᠤᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠳᠥᠷᠪᠡ︶ ᠰᠢᠨᠵᠢᠯᠡᠬᠦ ᠤᠬᠠᠭᠠᠨ ᠤ ᠰᠤᠳᠤᠯᠤᠯ ᠤᠨ ᠨᠦᠬᠦᠴᠡᠯ ᠪᠣᠯᠣᠨ ᠡᠳ᠋ ᠤᠨ ᠶᠠᠪᠤᠳᠠᠯ ᠤᠨ ᠭᠠᠵᠠᠷ | ᠰᠢᠨᠵᠢᠯᠡᠬᠦ ᠤᠬᠠᠭᠠᠨ ᠤ ᠰᠤᠳᠤᠯᠤᠯ ᠤᠨ ᠨᠦᠬᠦᠴᠡᠯ ᠢ ᠪᠠᠲᠤᠯᠠᠬᠤ ᠲᠠᠯ᠎ᠠ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠰᠣᠳᠣᠯᠣᠨ ᠲᠤᠭᠤᠷᠪᠢᠵᠣ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ | ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠲᠥᠷᠥ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠲᠤᠰ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠠᠷᠤᠳᠠᠯ ᠤᠨ ᠲᠥᠰᠥᠪ ᠪᠠ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠶᠢᠨ | ᠬᠠᠮᠲᠤ ᠲᠥᠰᠥᠪ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ︔ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠣᠷᠤᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ | ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠵᠣᠬᠢᠶᠠᠬᠤ ᠳᠤ ᠣᠷᠣᠯᠴᠠᠨ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ | ᠨᠦᠭᠦᠴᠡᠯ ᠤᠨ ᠲᠥᠯᠥᠪᠯᠡᠭᠡ ᠪᠠ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ | ᠪᠠᠶᠢᠭᠤᠯᠤᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠲᠤᠰ ᠰᠠᠯᠠᠭ᠎ᠠ | ᠮᠥᠴᠢᠷ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠲᠣᠲᠣᠭᠠᠳᠣ ᠬᠢᠨᠠᠨ ᠪᠣᠳᠣᠬᠤ ᠠᠵᠢᠯ ᠢ | ᠬᠠᠷᠢᠭᠤᠴᠠᠨ᠎ᠠ᠃ | ︵ᠲᠠᠪᠤ︶ ᠬᠥᠭᠵᠢᠭᠦᠯᠥᠯᠲᠡ ᠶᠢᠨ ᠲᠥᠯᠥᠪᠯᠡᠭᠡ ᠶᠢᠨ ᠭᠠᠵᠠᠷ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠭᠦᠯᠥᠯᠲᠡ ᠶᠢᠨ | ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠠᠷᠤᠳᠠᠯ ᠲᠣᠬᠢᠷᠠᠭᠤᠯᠬᠤ ᠳᠤ ᠰᠠᠨᠠᠭᠤᠯᠭ᠎ᠠ ᠳᠤᠷᠠᠳᠴᠦ᠂ | ᠲᠥᠯᠥᠪᠵᠢᠭᠦᠯᠭᠡ ᠪᠠ ᠲᠥᠯᠥᠪᠯᠡᠭᠡ ᠬᠡᠷᠡᠭᠵᠢᠭᠦᠯᠬᠦ ᠶᠢ ᠵᠣᠬᠢᠴᠠᠭᠤᠯᠤᠨ᠎ᠠ︔ ᠬᠤᠯᠪᠣᠭᠳᠠᠯ ᠪᠦᠬᠦᠢ ᠲᠠᠯ᠎ᠠ ᠶᠢᠨ ᠬᠢᠨ | ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠦᠬᠦᠴᠡᠯ ᠤᠨ ᠲᠠᠪᠴᠠᠩ᠂ ᠴᠢᠬᠤᠯᠠ ᠶᠡᠭᠡ | ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠦ᠂ | ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ︔ ᠰᠢᠨᠵᠢᠯᠡᠬᠦ ᠤᠬᠠᠭᠠᠨ | ᠮᠡᠷᠭᠡᠵᠢᠯ ᠤᠨ ᠨᠢᠭᠤᠴᠠ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠵᠣᠬᠢᠶᠠᠵᠦ᠂ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠰᠠᠭᠤᠷᠢ ᠰᠤᠳᠤᠯᠤᠯ ᠤᠨ ᠭᠠᠵᠠᠷ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠰᠢᠨ᠎ᠡ ᠶᠢ ᠡᠭᠦᠳᠬᠦ᠂ ᠪᠠᠶᠢᠭᠠᠯᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠠᠭᠤᠷᠢ ᠰᠤᠳᠤᠯᠤᠯ ᠤᠨ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ | ᠠᠷᠭ᠎ᠠ ᠶᠢ ᠲᠤᠭᠤᠷᠪᠢᠨ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠤᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠰᠠᠭᠤᠷᠢ | ᠰᠤᠳᠤᠯᠤᠯ ᠤᠨ ᠲᠥᠷᠥᠯ ᠬᠤᠪᠢᠶᠠᠷᠢᠯᠠᠯ᠂ ᠴᠢᠬᠤᠯᠠ ᠶᠡᠭᠡ ᠰᠣᠳᠣᠯᠭᠠᠨ ᠤ ᠴᠢᠭᠯᠡᠯ ᠬᠢᠭᠡᠳ ᠰᠠᠭᠤᠷᠢ ᠰᠤᠳᠤᠯᠤᠯ ᠤᠨ | ᠠᠵᠢᠯᠲᠠᠨ ᠬᠥᠮᠥᠵᠢᠭᠦᠯᠬᠦ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠡᠭᠡᠷ᠎ᠡ ᠭᠠᠳᠠᠨ᠎ᠠ ᠰᠢᠨᠵᠢᠯᠡᠬᠦ ᠤᠬᠠᠭᠠᠨ ᠤ ᠠᠵᠢᠭᠯᠠᠨ ᠰᠤᠳᠤᠯᠬᠤ | ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠣᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠬᠦᠭᠵᠢᠭᠦᠯᠥᠯᠲᠡ ᠬᠢᠭᠡᠳ ᠠᠵᠤ ᠦᠢᠯᠡᠰᠵᠢᠭᠦᠯᠥᠯᠲᠡ ᠶᠢᠨ | ᠭᠠᠵᠠᠷ | ᠬᠠᠮᠢᠶ᠎ᠠ ᠪᠦᠬᠦᠢ ᠬᠦᠷᠢᠶᠡᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠭᠦᠯᠥᠯᠲᠡ ᠬᠢᠭᠡᠳ ᠠᠵᠤ | ᠦᠢᠯᠡᠰᠵᠢᠭᠦᠯᠥᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠨ᠎ᠠ︔ ᠬᠠᠮᠢᠶ᠎ᠠ | ᠪᠦᠬᠦᠢ ᠬᠦᠷᠢᠶᠡᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠬᠢᠬᠦ ᠲᠤᠰᠬᠠᠢ ᠵᠦᠢᠯ ᠤᠨ ᠪᠡᠯᠡ | ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ | ᠵᠢᠯᠣᠭᠤᠳᠤᠭᠰᠠᠨ ᠢ ᠱᠠᠩᠨᠠᠬᠤ ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ ᠪᠠ ᠭᠠᠯ ᠪᠠᠮᠪᠠᠷ ᠤᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠢ | ᠦᠨᠡᠮᠰᠢᠬᠦ ᠠᠵᠢᠯ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠬᠦ ᠰᠠᠭᠤᠷᠢᠨ ᠭᠠᠵᠠᠷ᠂ | ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ᠂ ᠠᠵᠤ ᠠᠬᠤᠶᠢᠯᠠᠯ ᠤᠨ ᠰᠣᠳᠣᠯᠣᠨ ᠨᠡᠬᠡᠬᠡᠬᠦ ᠪᠠᠶᠢᠭᠤᠯᠤᠮᠵᠢ ᠶᠢᠨ | ᠪᠠᠶᠢᠭᠤᠯᠤᠯᠲᠠ ᠶᠢ ᠵᠢᠯᠣᠭᠤᠳᠤᠨ᠎ᠠ︔ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ ᠵᠢᠯᠣᠭᠤᠳᠴᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰᠴᠢᠯᠡᠬᠦ ᠬᠠᠮᠢᠶ᠎ᠠ ᠪᠦᠬᠦᠢ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠨᠠᠢᠮᠠ︶ ᠬᠦᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠬᠤ ᠮᠠᠯᠵᠢᠬᠤ ᠣᠷᠣᠨ ᠤ | ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠨ᠎ᠠ︔ ᠬᠠᠮᠢᠶ᠎ᠠ | ᠪᠦᠬᠦᠢ ᠬᠦᠷᠢᠶᠡᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠬᠢᠬᠦ ᠲᠤᠰᠬᠠᠢ ᠵᠦᠢᠯ ᠤᠨ ᠪᠡᠯᠡ | ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ | ᠵᠢᠯᠤᠭᠤᠳᠤᠭᠰᠠᠨ ᠢ ᠱᠠᠩᠨᠠᠬᠤ ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ | ᠲᠦᠯᠬᠢᠨ ᠠᠬᠢᠭᠤᠯᠵᠤ᠂ ᠰᠢᠨ᠎ᠡ ᠲᠠᠷᠢᠶᠠᠯᠠᠬᠤ ᠣᠷᠣᠨ᠂ ᠰᠢᠨ᠎ᠡ ᠮᠠᠯᠵᠢᠬᠤ ᠣᠷᠣᠨ ᠤ ᠪᠦᠲᠦᠭᠡᠨ | ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ︔ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠠᠵᠢᠯ ᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠠᠵᠢᠯ ᠢ ᠵᠢᠯᠣᠭᠤᠳᠣᠨ᠎ᠠ︔ ᠪᠦᠬᠦ | ᠣᠷᠣᠨ ᠤ ᠬᠤᠰᠢᠭᠤ ᠰᠢᠶᠠᠨ ︵ᠬᠤᠲᠠ︶ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠢᠨᠠᠨ | ᠰᠢᠯᠭᠠᠬᠤ ᠠᠵᠢᠯ ᠢ ᠵᠢᠯᠣᠭᠤᠳᠣᠨ᠎ᠠ᠃ | ︵ᠶᠢᠰᠦ︶ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠥᠭᠵᠢᠯᠲᠡ ᠶᠢᠨ ᠬᠦᠷᠢᠶᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠤᠷᠪᠢᠨ ᠵᠣᠬᠢᠶᠠᠵᠦ᠂ | ᠬᠠᠮᠢᠶ᠎ᠠ ᠪᠦᠬᠦᠢ ᠬᠦᠷᠢᠶᠡᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠪᠠ ᠨᠡᠭᠡᠭᠡᠯᠲᠡ ᠬᠢᠬᠦ ᠲᠤᠰᠬᠠᠢ ᠵᠦᠢᠯ ᠤᠨ | ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ | ᠵᠢᠯᠣᠭᠤᠳᠤᠭᠰᠠᠨ ᠢ ᠱᠠᠩᠨᠠᠬᠤ ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠬᠠᠮᠢᠶ᠎ᠠ ᠪᠦᠬᠦᠢ ᠬᠦᠷᠢᠶᠡᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ ᠵᠢᠯᠣᠭᠤᠳᠣᠨ᠎ᠠ︔ ᠡᠬᠢ ᠪᠠᠶᠠᠯᠢᠭ ᠬᠢᠭᠡᠳ ᠣᠷᠴᠢᠨ | ᠲᠣᠭᠤᠷᠢᠨ᠂ ᠠᠮᠢᠳᠤ ᠪᠤᠳᠠᠰ ᠤᠨ ᠮᠡᠷᠭᠡᠵᠢᠯ᠂ ᠬᠦᠮᠦᠨ ᠠᠮᠠᠨ ᠤ ᠡᠷᠡᠭᠦᠯ ᠴᠢᠬᠢᠷᠠᠭ᠂ ᠨᠡᠶᠢᠭᠡᠮ ᠤᠨ ᠦᠢᠯᠡᠰ ᠤᠨ | ᠬᠥᠭᠵᠢᠯᠲᠡ ᠬᠢᠭᠡᠳ ᠠᠵᠤ ᠦᠢᠯᠡᠰᠵᠢᠯᠲᠡ ᠶᠢᠨ ᠠᠵᠢᠯ ᠢ ᠠᠬᠢᠭᠤᠯᠤᠨ᠎ᠠ︔ ᠦᠷᠭᠦᠯᠵᠢᠯᠡᠬᠦ ᠬᠦᠭᠵᠢᠯᠲᠡ ᠶᠢᠨ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠣᠨ᠎ᠠ᠃ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠶᠢᠨ ᠭᠠᠵᠠᠷ | ᠥᠪᠡᠷᠲᠡᠭᠡᠨ ᠵᠠᠰᠠᠬᠤ ᠣᠷᠣᠨ ᠤ ᠭᠠᠳᠠᠭᠠᠲᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠲᠥᠯᠥᠪᠵᠢᠭᠦᠯᠭᠡ ᠬᠢᠭᠡᠳ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠣᠨ | ᠲᠤᠭᠤᠷᠪᠢᠨ ᠲᠣᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ | ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠠᠰᠠᠭ ᠤᠨ ᠣᠷᠳᠣᠨ ᠤ ᠬᠤᠭᠤᠷᠣᠨᠳᠤᠬᠢ ᠬᠤᠶᠠᠷ | ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ | ᠠᠵᠢᠯ ᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠬᠢᠭᠡᠳ ᠠᠶᠢᠮᠠᠭ ᠬᠤᠲᠠ ᠶᠢᠨ ᠣᠯᠠᠨ ᠤᠯᠤᠰ᠂ | ᠤᠯᠤᠰ ᠤᠨ ᠲᠤᠲᠤᠭᠠᠲᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ | ᠠᠵᠢᠯ ᠢ ᠵᠢᠯᠣᠭᠤᠳᠣᠨ᠎ᠠ︔ ᠰᠢᠶᠠᠩᠭᠠᠩ ᠣᠣᠮᠧᠨ ᠲᠠᠶᠢᠸᠠᠨ ᠯᠤᠭ᠎ᠠ ᠬᠤᠯᠪᠣᠭᠳᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠭᠠᠵᠠᠷ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ | ᠭᠠᠳᠠᠭᠠᠲᠤ ᠯᠤᠭ᠎ᠠ ᠬᠤᠯᠪᠣᠭᠳᠠᠬᠤ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠶᠠᠪᠤᠳᠠᠯ ᠢ | ᠨᠢᠭᠡᠳᠦᠯᠲᠡᠢ ᠲᠦᠯᠥᠪᠯᠡᠨ ᠵᠣᠬᠢᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠥᠭᠡᠭᠳᠡᠭᠦᠨ ᠤ | ᠥᠮᠴᠢᠯᠡᠬᠦ ᠡᠷᠬᠡ ᠪᠠ ᠲᠤᠰᠬᠠᠢ ᠠᠰᠢᠭ ᠤᠨ ᠡᠷᠬᠡ ᠶᠢᠨ ᠠᠵᠢᠯ ᠤᠨ ᠤᠷᠲᠦ ᠰᠢᠭ᠋ ᠪᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠬᠠᠷᠢᠭᠤᠴᠠᠨ᠎ᠠ︔ | ᠥᠪᠡᠷᠲᠡᠭᠡᠨ ᠵᠠᠰᠠᠬᠤ ᠣᠷᠣᠨ ᠤ ᠲᠣᠰᠬᠠᠢ ᠡᠷᠬᠡ ᠠᠰᠢᠭ ᠢ ᠬᠤᠪᠢᠷᠠᠭᠤᠯᠬᠤ ᠰᠠᠭᠤᠷᠢ ᠮᠥᠩᠭᠦ ᠶᠢ ᠬᠠᠮᠢᠶᠠᠷᠴᠤ᠂ | ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠴᠢᠬᠤᠯᠠ ᠶᠡᠭᠡ ᠲᠤᠰᠬᠠᠢ ᠠᠰᠢᠭ ᠢ ᠬᠤᠪᠢᠷᠠᠭᠤᠯᠬᠤ ᠲᠥᠷᠥᠯ | ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠵᠣᠬᠢᠴᠠᠭᠤᠯᠤᠨ ᠵᠢᠯᠣᠭᠤᠳᠬᠤ | ᠠᠵᠢᠯ ᠤᠨ ᠠᠯᠪᠠᠨ ᠬᠤᠷᠠᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠦᠬᠦ ᠣᠷᠣᠨ ᠤ ᠮᠡᠳᠡᠯᠭᠡ ᠶᠢᠨ | ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ | ᠂ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔ ᠠᠶᠢᠮᠠᠭ ᠬᠤᠲᠠ᠂ ᠪᠦᠬᠦ | ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ | ᠡᠷᠬᠡ ᠶᠢᠨ ᠠᠵᠢᠯ ᠢ ᠵᠢᠯᠣᠭᠤᠳᠣᠨ᠎ᠠ᠃ | ︵ᠠᠷᠪᠠ ᠬᠤᠶᠠᠷ︶ ᠲᠤᠰᠬᠠᠢ ᠠᠰᠢᠭ ᠤᠨ ᠭᠠᠵᠠᠷ | ᠪᠦᠬᠦ ᠣᠷᠣᠨ ᠤ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠤᠯᠪᠣᠭᠳᠠᠯ ᠪᠦᠬᠦᠢ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠡᠭᠦᠷᠭᠡᠯᠡᠵᠦ᠂ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠠᠵᠢᠯ ᠤᠨ ᠰᠢᠰᠲ᠋ᠧᠮᠵᠢ ᠪᠠ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢᠨ ᠲᠣᠭᠲᠠᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ︔ ᠲᠤᠰᠬᠠᠢ ᠠᠰᠢᠭ ᠤᠨ ᠬᠠᠤᠯᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ | ᠲᠤᠭᠲᠠᠭᠠᠯ ᠤᠨ ᠡᠬᠡ ᠲᠥᠰᠥᠯ᠂ ᠳᠦᠷᠢᠮ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠵᠦ | ᠬᠡᠷᠡᠭᠵᠢᠭᠦᠯᠥᠨ᠂ ᠲᠤᠰᠬᠠᠢ ᠠᠰᠢᠭ ᠤᠨ ᠵᠢᠭᠤᠷᠠᠯᠳᠤᠭᠠᠨ ᠢ ᠬᠠᠤᠯᠢ ᠶᠣᠰᠤᠭᠠᠷ ᠰᠢᠢᠳᠪᠦᠷᠢᠯᠡᠵᠦ᠂ ᠬᠤᠳᠠᠯ | ᠬᠠᠭᠤᠷᠮᠠᠭ ᠲᠤᠰᠬᠠᠢ ᠠᠰᠢᠭ ᠤᠨ ᠦᠢᠯᠡ ᠠᠵᠢᠯᠠᠯᠭ᠎ᠠ ᠶᠢ ᠪᠠᠶᠢᠴᠠᠭᠠᠨ ᠰᠢᠢᠳᠪᠥᠷᠢᠯᠡᠨ᠎ᠡ︔ ᠲᠤᠰᠬᠠᠢ ᠠᠰᠢᠭ ᠤᠨ | ᠡᠷᠬᠡ ᠳᠤ ᠬᠠᠯᠳᠠᠭᠰᠠᠨ ᠬᠦᠨᠳᠦ ᠶᠡᠭᠡ ᠬᠡᠷᠡᠭ᠂ ᠭᠠᠳᠠᠭᠠᠲᠤ ᠯᠤᠭ᠎ᠠ ᠬᠤᠯᠪᠣᠭᠳᠠᠬᠰᠠᠨ ᠬᠡᠷᠡᠭ ᠢ ᠰᠢᠯᠵᠢᠭᠦᠯᠦᠨ | ᠲᠤᠰᠢᠶᠠᠬᠤ ᠪᠠ ᠮᠡᠳᠡᠭᠦᠯᠬᠦ ᠠᠵᠢᠯ ᠢ ᠡᠭᠦᠷᠭᠡᠯᠡᠨ᠎ᠡ︔ ᠬᠠᠷᠢᠶ᠎ᠠ ᠣᠷᠣᠨ ᠤ ᠲᠤᠰᠬᠠᠢ ᠠᠰᠢᠭ ᠤᠨ ᠣᠷᠤᠯᠠᠨ | ᠭᠦᠢᠴᠡᠳᠭᠡᠬᠦ ᠪᠠᠶᠢᠭᠤᠯᠤᠮᠵᠢ ᠶᠢ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠣᠨ ᠤ ᠪᠠᠶᠢᠴᠠᠭᠠᠯᠲᠠ ᠶᠢᠨ ᠠᠵᠢᠯ ᠢ | ᠬᠠᠷᠢᠭᠤᠴᠠᠨ᠎ᠠ︔ ᠪᠦᠬᠦ ᠣᠷᠣᠨ ᠤ ᠲᠤᠰᠬᠠᠢ ᠠᠰᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠢ | ᠬᠢᠨᠠᠨ ᠰᠢᠯᠭᠠᠬᠤ᠂ ᠬᠢᠨᠠᠯᠲᠠ ᠲᠠᠯᠪᠢᠬᠤ ᠪᠠ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ︔ ᠠᠶᠢᠮᠠᠭ ᠬᠤᠲᠠ ᠶᠢᠨ | ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠪᠠᠷ ᠢᠯᠡᠴᠢᠯᠡᠨ ᠮᠡᠳᠡᠭᠦᠯᠵᠦ ᠵᠠᠭᠠᠯᠳᠤᠬᠤ ᠪᠠ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ | ᠡᠷᠬᠡ ᠶᠢᠨ ᠡᠷᠬᠡ ᠠᠰᠢᠭ ᠢ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠠᠵᠢᠯ ᠢ ᠵᠢᠯᠣᠭᠤᠳᠤᠨ᠎ᠠ︔ ᠥᠪᠡᠷᠲᠡᠭᠡᠨ | ᠵᠠᠰᠠᠬᠤ ᠣᠷᠣᠨ ᠤ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠂ ᠲᠤᠰᠬᠠᠢ ᠠᠰᠢᠭ ᠤᠨ ᠮᠡᠷᠭᠡᠵᠢᠯ ᠤᠨ ᠠᠷᠠᠯᠵᠢᠶᠠᠯᠠᠬᠤ | ᠵᠠᠬ᠎ᠠ ᠳᠡᠯᠭᠡᠭᠦᠷ ᠢ ᠵᠢᠷᠤᠮᠵᠢᠭᠤᠯᠵᠤ᠂ ᠮᠡᠳᠡᠯᠭᠡ ᠶᠢᠨ ᠪᠦᠲᠥᠭᠡᠭᠳᠡᠭᠦᠨ ᠤ ᠥᠮᠴᠢᠯᠡᠬᠦ ᠡᠷᠬᠡ ᠶᠢᠨ ᠳᠠᠯᠳᠠ | ᠬᠥᠷᠥᠩᠭᠡ ᠶᠢ ᠦᠨᠡᠯᠡᠨ ᠵᠢᠱᠢᠬᠦ ᠠᠵᠢᠯ ᠥᠷᠨᠢᠭᠦᠯᠦᠨ᠎ᠡ᠃ | ᠪᠠᠶᠢᠭᠤᠯᠭ᠎ᠠ ᠶᠢᠨ ᠨᠠᠮ ᠤᠨ ᠬᠤᠷᠢᠶ᠎ᠠ | ᠪᠠᠶᠢᠭᠤᠯᠭ᠎ᠠ ᠪᠠ ᠰᠢᠭᠤᠳ ᠬᠠᠷᠢᠶ᠎ᠠ ᠶᠢᠨ ᠨᠢᠭᠡᠴᠡ ᠶᠢᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ | ᠃ | ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠤᠨ ᠭᠠᠵᠠᠷ | ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠬᠠᠷᠢᠭᠤᠴᠠᠵᠤ᠂ ᠰᠢᠭᠤᠳ | ᠬᠠᠷᠢᠶ᠎ᠠ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠵᠢᠯᠣᠭᠤᠳᠤᠨ᠎ᠠ᠃ | ᠳᠥᠷᠪᠡ᠂ ᠠᠵᠢᠯᠲᠠᠨ ᠤ ᠣᠷᠣᠨ ᠲᠤᠭ᠎ᠠ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ ᠨᠢ 59 ᠨᠡᠷ᠎ᠡ ᠪᠣᠯᠤᠨ᠎ᠠ᠂ ᠡᠭᠦᠨ ᠳᠤ᠄ ᠲᠢᠩᠬᠢᠮ ᠤᠨ ᠳᠠᠷᠤᠭ᠎ᠠ 1 ᠨᠡᠷ᠎ᠡ᠂ | ᠲᠢᠩᠬᠢᠮ ᠤᠨ ᠳᠡᠳ᠋ ᠳᠠᠷᠤᠭ᠎ᠠ 4 ᠨᠡᠷ᠎ᠡ ᠂ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 30 | ᠨᠡᠷ᠎ᠡ ︵14 ᠲᠡᠷᠢᠭᠦᠨ ︿ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠵᠢᠯ ᠠᠴᠠ ᠪᠠᠨ | ᠠᠮᠠᠷᠠᠭᠰᠠᠳ ᠪᠠᠭᠤᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠤᠰ ᠲᠤᠰ 1 ᠨᠡᠷ᠎ᠡ ᠪᠠᠭᠲᠠᠨ᠎ᠠ﹀᠂ 16 ᠳᠡᠳ᠋︶ | ᠃ | |