ᠨᠢᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ︵ᠳᠡᠭᠡᠲᠤ | ᠰᠤᠷᠭᠠᠭᠤᠯᠢ ᠶᠢᠨ ᠠᠵᠢᠯ ᠤᠨ ᠬᠤᠷᠢᠶ᠎ᠠ︶ ᠤᠨ ᠡᠭᠦᠷᠬᠡ ᠲᠤᠰᠢᠶᠠᠯ ᠬᠠᠷᠢᠭᠤᠴᠠᠯᠭ᠎ᠠ᠄ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠪᠤᠯ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠦᠷᠢᠯᠳᠤᠭᠦᠨ ᠰᠠᠯᠠᠭ᠎ᠠ ᠮᠦᠴᠢᠷ ᠪᠤᠯᠤᠨ᠎ᠠ᠃ | ᠳᠤᠮᠳᠠᠲᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠭᠡᠲᠤ | ᠰᠤᠷᠭᠠᠭᠤᠯᠢ ᠶᠢᠨ ᠠᠵᠢᠯ ᠤᠨ ᠬᠤᠷᠢᠶ᠎ᠠ ᠪᠤᠯ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠮᠢᠯᠠᠭᠰᠠᠨ | ᠪᠠᠶᠢᠭᠤᠯᠤᠮᠵᠢ ᠪᠤᠯᠬᠤ ᠪᠦᠭᠡᠳ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠯᠦᠭᠡ | ᠬᠤᠶᠠᠷ ᠨᠡᠷᠡᠶᠢᠳᠦᠯ ᠲᠠᠢ ᠨᠢᠭᠡ ᠪᠠᠶᠢᠭᠤᠯᠤᠮᠵᠢ ᠪᠤᠯᠤᠨ᠎ᠠ᠃ | ︵ᠨᠢᠭᠡ︶ ᠨᠠᠮ ᠪᠠ ᠤᠯᠤᠰ ᠤᠨ ᠰᠤᠷᠭᠠᠨ ᠬᠦᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ | ᠪᠤᠳᠤᠯᠭ᠎ᠠ ᠪᠤᠯᠤᠨ ᠬᠠᠤᠯᠢ ᠴᠠᠭᠠᠵᠠ ᠬᠠᠤᠯᠢ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠵᠤ᠂ ᠦᠪᠡᠷᠲᠡᠭᠡᠨ ᠵᠠᠰᠠᠬᠤ | ᠤᠷᠤᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠠ ᠶᠢᠨ ᠪᠠᠶᠢᠯᠳᠤᠬᠤ ᠪᠤᠳᠤᠯᠭ᠎ᠠ ᠪᠤᠯᠤᠨ ᠰᠤᠷᠭᠠᠨ | ᠬᠦᠮᠦᠵᠢᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠠ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ᠂ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵ᠬᠤᠶᠠᠷ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ ᠨᠢᠭᠡᠳᠤᠯᠲᠠᠢ | ᠲᠦᠯᠦᠪᠵᠢᠭᠦᠯᠬᠦ ᠪᠠ ᠵᠤᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ᠳᠤᠮᠳᠠ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠨ ᠬᠦᠮᠦᠵᠢᠯ ᠤᠨ ᠡᠯ᠎ᠡ ᠲᠦᠷᠦᠯ ᠤᠨ ᠰᠤᠷᠭᠠᠭᠤᠯᠢ | ᠪᠠᠶᠢᠭᠤᠯᠬᠤ ᠪᠠᠷᠢᠮᠵᠢᠶ᠎ᠠ ᠶᠢ ᠰᠤᠳᠤᠯᠤᠨ ᠲᠤᠭᠲᠠᠭᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ | ᠰᠤᠷᠭᠠᠨ ᠬᠦᠮᠦᠵᠢᠯ ᠤᠨ ᠵᠢᠭᠠᠨ ᠰᠤᠷᠭᠠᠬᠤ ᠦᠭᠡᠷᠡᠴᠢᠯᠡᠯᠲᠡ ᠶᠢ ᠵᠢᠯᠤᠭᠤᠳᠤᠨ᠎ᠠ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠬᠦ ᠶᠢ | ᠲᠦᠯᠬᠢᠨ ᠠᠬᠢᠭᠤᠯᠬᠤ ᠪᠠ ᠰᠤᠷᠭᠠᠨ ᠬᠦᠮᠦᠵᠢᠯ ᠢ ᠭᠤᠤᠯᠴᠢ ᠪᠠᠶᠢᠯᠭᠠᠬᠤ ᠶᠢ ᠠᠬᠢᠭᠤᠯᠬᠤ ᠶᠢ ᠬᠠᠷᠢᠭᠤᠴᠠᠨ᠎ᠠ᠃ | ᠦᠨᠳᠦᠷ ᠬᠢᠷᠢ ᠬᠡᠮᠵᠢᠶ᠎ᠡ ᠪᠠ ᠶᠠᠰᠤ ᠴᠢᠨᠠᠷ ᠰᠠᠶᠢᠲᠠᠢ ᠪᠠᠷ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠢ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠩ ᠤᠨ ᠦᠨᠳᠦᠷ ᠵᠡᠷᠭᠡ ᠶᠢᠨ | ᠳᠤᠮᠳᠠᠲᠤ ᠰᠤᠷᠭᠠᠭᠤᠯᠢ ᠶᠢᠨ ᠰᠤᠷᠭᠠᠨ ᠬᠦᠮᠦᠵᠢᠯ᠂ ᠬᠡᠤᠭᠡᠳ ᠤᠨ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ | ᠰᠠᠭᠤᠷᠢ ᠰᠤᠷᠭᠠᠨ ᠬᠦᠮᠦᠵᠢᠯ ᠪᠤᠯᠤᠨ ᠤᠨᠴᠠᠭᠠᠢ ᠰᠤᠷᠭᠠᠨ ᠬᠦᠮᠦᠵᠢᠯ ᠤᠨ ᠠᠵᠢᠯ ᠢ ᠵᠢᠯᠤᠭᠤᠳᠤᠨ᠎ᠠ᠃ ᠰᠠᠭᠤᠷᠢ | ᠰᠤᠷᠭᠠᠨ ᠬᠦᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠬᠤ ᠦᠨᠳᠦᠰᠦᠨ ᠪᠢᠴᠢᠭ | ᠮᠠᠲ᠋ᠧᠷᠢᠶᠠᠯ ᠢ ᠲᠤᠭᠲᠠᠭᠠᠵᠤ᠂ ᠳᠤᠮᠳᠠ ᠵᠡᠷᠭᠡ ᠶᠢᠨ ᠪᠠ ᠠᠩᠬ᠎ᠠ ᠵᠡᠷᠭᠡ ᠶᠢᠨ ᠤᠷᠤᠨ ᠨᠤᠲᠤᠭ ᠤᠨ ᠬᠢᠴᠢᠶᠡᠯ ᠪᠤᠯᠤᠨ | ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠤᠬᠢᠶᠠᠨ ᠪᠠᠶᠢᠭᠤᠯᠤᠨ ᠬᠢᠨᠠᠨ ᠲᠤᠭᠲᠠᠭᠠᠵᠤ᠂ ᠳᠤᠮᠲᠠᠲᠤ | ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ ᠪᠤᠯᠤᠨ ᠠᠮᠤᠷ ᠲᠦᠪᠰᠢᠨ ᠤ | ᠬᠠᠮᠢᠶᠠᠷᠤᠯᠲᠠ ᠶᠢ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︵ᠳᠦᠷᠪᠡ︶ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠲᠤ | ᠵᠤᠬᠢᠶᠠᠨ ᠪᠠᠶᠢᠭᠤᠯᠵᠤ᠂ ᠳᠤᠮᠳᠠ ᠵᠡᠷᠭᠡ ᠶᠢᠨ ᠪᠠ ᠳᠤᠮᠳᠠ ᠵᠡᠷᠭᠡ ᠠᠴᠠ ᠳᠤᠷᠤᠭᠰᠢᠬᠢ ᠰᠤᠷᠭᠠᠨ ᠬᠦᠮᠦᠵᠢᠯ᠂ ᠵᠠᠯᠠᠭᠤ | ᠢᠳᠡᠷ ᠨᠠᠰᠤᠨ ᠤ ᠰᠤᠶᠤᠯ ᠤᠨ ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠪᠠ ᠬᠢᠨᠠᠨ | ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠠᠭᠤᠷᠢ ᠰᠤᠷᠭᠠᠨ ᠬᠦᠮᠦᠵᠢᠯ ᠤᠨ ᠬᠦᠭᠵᠢᠯᠲᠡ ᠶᠢᠨ ᠬᠢᠷᠢ | ᠬᠡᠮᠵᠢᠶ᠎ᠡ ᠪᠠ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ᠰᠤᠷᠭᠠᠨ | ᠬᠦᠮᠦᠵᠢᠯ ᠤᠨ ᠬᠢᠨᠠᠨ ᠵᠢᠯᠤᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃ | ︵ᠲᠠᠪᠤ︶ ᠠᠵᠢᠯ ᠤᠯᠭᠤᠬᠤ ᠪᠠᠷ ᠤᠳᠤᠷᠢᠳᠤᠮᠵᠢ ᠪᠤᠯᠭᠠᠭᠰᠠᠨ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠬᠦᠭᠵᠢᠯᠲᠡ ᠬᠢᠭᠡᠳ ᠦᠭᠡᠷᠡᠴᠢᠯᠡᠯᠲᠡ ᠶᠢ ᠵᠢᠯᠤᠭᠤᠳᠤᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠵᠢᠭᠠᠨ ᠰᠤᠷᠭᠠᠬᠤ ᠵᠢᠯᠤᠭᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠵᠢᠭᠠᠨ ᠰᠤᠷᠭᠠᠯᠲᠠ ᠶᠢ | ᠦᠨᠡᠯᠡᠨ ᠵᠢᠱᠢᠬᠦ ᠪᠠᠷᠢᠮᠵᠢᠶ᠎ᠠ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠵᠢᠯᠤᠭᠤᠳᠤᠨ᠂ ᠤᠷᠤᠨ ᠨᠤᠲᠤᠭ ᠤᠨ ᠵᠢᠭᠠᠬᠤ ᠮᠠᠲ᠋ᠧᠷᠢᠶᠠᠯ ᠢ | ᠵᠤᠬᠢᠶᠠᠨ ᠪᠠᠶᠢᠭᠤᠯᠤᠨ ᠬᠢᠨᠠᠨ ᠲᠤᠭᠲᠠᠭᠠᠬᠤ ᠪᠠ ᠡᠷᠬᠢᠯᠡᠵᠤ ᠬᠢᠬᠦ ᠠᠵᠢᠯ ᠤᠨ ᠵᠢᠯᠤᠭᠤᠳᠤᠯᠭ᠎ᠠ ᠶᠢᠨ ᠠᠵᠢᠯ | ᠦᠷᠨᠢᠭᠦᠯᠦᠨ᠎ᠡ᠃ ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ | ᠠᠵᠢᠯᠲᠠᠨ ᠠᠵᠢᠯᠴᠢᠨ ᠤ ᠰᠤᠷᠭᠠᠨ ᠬᠦᠮᠦᠵᠢᠯ᠂ ᠲᠠᠷᠢᠶᠠᠴᠢᠨ ᠮᠠᠯᠴᠢᠳ ᠤᠨ ᠰᠤᠷᠭᠠᠨ ᠬᠦᠮᠦᠵᠢᠯ᠂ ᠨᠡᠶᠢᠭᠡᠮ | ᠲᠤᠭᠤᠷᠢᠭ ᠤᠨ ᠰᠤᠷᠭᠠᠨ ᠬᠦᠮᠦᠵᠢᠯ ᠬᠢᠭᠡᠳ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ | ᠬᠦᠮᠦᠵᠢᠯ ᠢ ᠵᠢᠯᠤᠭᠤᠳᠤᠨ᠎ᠠ᠃ | ︵ᠵᠢᠷᠭᠤᠭ᠎ᠠ︶ ᠳᠡᠭᠡᠲᠤ ᠵᠡᠷᠭᠡ ᠶᠢᠨ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠳᠡᠭᠡᠲᠤ | ᠵᠡᠷᠭᠡ ᠶᠢᠨ ᠰᠤᠷᠤᠯᠴᠠᠭᠰᠠᠨ ᠨᠠᠮᠲᠠᠷ ᠤᠨ ᠰᠤᠷᠭᠠᠨ ᠬᠦᠮᠦᠵᠢᠯ ᠤᠨ ᠬᠦᠭᠵᠢᠯᠲᠠ ᠬᠢᠭᠡᠳ ᠦᠭᠡᠷᠡᠴᠢᠯᠡᠯᠲᠡ ᠶᠢ | ᠵᠢᠯᠤᠭᠤᠳᠬᠤ ᠶᠢᠨ ᠬᠠᠮᠲᠤ ᠬᠠᠷᠢᠭᠤᠴᠠᠨ᠂ ᠳᠡᠭᠡᠲᠤ ᠵᠡᠷᠭᠡ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠲᠤᠬᠢᠷᠠᠭᠤᠯᠤᠯᠲᠠ᠂ ᠲᠤᠬᠢᠷᠠᠭᠤᠯᠬᠤ ᠠᠵᠢᠯ ᠪᠤᠯᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠬᠠᠮᠢᠶᠠᠷᠤᠯᠲᠠ ᠶᠢ | ᠬᠠᠷᠢᠭᠤᠴᠠᠨ᠎ᠠ᠃ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠰᠤᠷᠭᠠᠨ ᠬᠦᠮᠦᠵᠢᠯ ᠤᠨ ᠮᠡᠷᠭᠡᠵᠢᠯ ᠲᠤᠨᠤᠭᠯᠠᠯ | ᠪᠤᠯᠤᠨ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ ᠳᠡᠭᠡᠲᠤ ᠵᠡᠷᠭᠡ ᠶᠢᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠠ ᠰᠤᠷᠭᠠᠨ ᠬᠦᠮᠦᠵᠢᠯ ᠤᠨ ᠶᠠᠰᠤ ᠴᠢᠨᠠᠷ ᠲᠤ ᠬᠢᠨᠠᠯᠲᠠ | ᠲᠠᠯᠪᠢᠬᠤ᠂ ᠪᠠᠶᠢᠴᠠᠭᠠᠬᠤ᠂ ᠦᠨᠡᠯᠡᠨ ᠵᠢᠱᠢᠬᠦ ᠠᠵᠢᠯ ᠪᠤᠯᠤᠨ ᠰᠤᠷᠭᠠᠭᠤᠯᠢ ᠶᠢᠨ ᠬᠠᠷᠢᠶ᠎ᠠ ᠰᠤᠷᠤᠯᠴᠠᠭᠰᠠᠨ | ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠶᠢᠨ ᠰᠢᠨᠵᠢᠯᠡᠭᠡᠨ ᠤ | ᠪᠠᠶᠢᠭᠤᠯᠤᠯᠲᠠ᠂ ᠡᠷᠳᠡᠮ ᠤᠨ ᠴᠤᠯᠠ ᠬᠢᠭᠡᠳ ᠠᠰᠫᠢᠷᠠᠨᠲ ᠤᠨ ᠰᠤᠷᠭᠠᠨ ᠬᠦᠮᠦᠵᠢᠯ ᠤᠨ ᠠᠵᠢᠯ ᠢ ᠵᠢᠯᠤᠭᠤᠳᠬᠤ ᠪᠠ | ᠬᠠᠮᠢᠶᠠᠷᠤᠨ᠎ᠠ᠃ | ︵ᠳᠤᠯᠤᠭ᠎ᠠ︶ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠨᠢᠭᠡᠳᠤᠯᠲᠠᠢ ᠵᠤᠬᠢᠴᠠᠭᠤᠯᠤᠨ | ᠵᠢᠯᠤᠭᠤᠳᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠵᠤ ᠬᠢᠨᠠᠯᠲᠠ | ᠲᠠᠯᠪᠢᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ᠂ ᠵᠢᠭᠠᠬᠤ | ᠮᠠᠲ᠋ᠧᠷᠢᠶᠠᠯ ᠶᠢᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠦᠪᠵᠢᠬᠦᠯᠬᠦ ᠶᠢᠨ ᠬᠠᠮᠲᠤ | ᠵᠢᠯᠤᠭᠤᠳᠤᠨ᠎ᠠ᠃ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠪᠤᠯᠤᠨ | ᠴᠦᠭᠡᠨ ᠲᠤᠭᠠᠲᠤ ᠦᠨᠳᠤᠰᠤᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠤᠭᠤᠳᠤᠨ᠎ᠠ᠃ | ︵ᠨᠠᠢᠮᠠ︶ ᠲᠤᠰ ᠰᠠᠯᠠᠭ᠎ᠠ ᠮᠦᠴᠢᠷ ᠤᠨ ᠰᠤᠷᠭᠠᠨ ᠬᠦᠮᠦᠵᠢᠯ ᠤᠨ ᠵᠠᠷᠤᠳᠠᠯ ᠢ ᠨᠢᠭᠡᠳᠤᠯᠲᠠᠢ | ᠲᠦᠯᠦᠪᠯᠡᠨ ᠬᠠᠮᠢᠶᠠᠷᠬᠤ ᠶᠢ ᠬᠠᠷᠢᠭᠤᠴᠠᠨ᠂ ᠰᠤᠷᠭᠠᠨ ᠬᠦᠮᠦᠵᠢᠯ ᠤᠨ ᠵᠠᠷᠤᠳᠠᠯ ᠪᠠᠵᠠᠭᠠᠬᠤ᠂ ᠰᠤᠷᠭᠠᠨ | ᠬᠦᠮᠦᠵᠢᠯ ᠤᠨ ᠵᠤᠭᠤᠰ ᠰᠠᠯᠭᠠᠨ ᠦᠭᠬᠦ᠂ ᠰᠤᠷᠭᠠᠨ ᠬᠦᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠳᠤ ᠲᠤᠭᠲᠠᠭᠠᠬᠤ ᠳᠤ ᠤᠷᠤᠯᠴᠠᠨ᠎ᠠ᠃ ᠰᠤᠷᠭᠠᠨ ᠬᠦᠮᠦᠵᠢᠯ ᠤᠨ | ᠵᠠᠷᠤᠳᠠᠯ ᠢ ᠬᠡᠷᠡᠭᠯᠡᠵᠤ ᠪᠠᠶᠢᠭ᠎ᠠ ᠪᠠᠶᠢᠳᠠᠯ ᠢ ᠬᠢᠨᠠᠨ ᠬᠡᠮᠵᠢᠨ᠎ᠡ᠃ ᠪᠦᠬᠦ ᠤᠷᠤᠨ ᠤ ᠰᠤᠷᠭᠠᠨ ᠬᠦᠮᠦᠵᠢᠯ ᠤᠨ | ᠵᠠᠷᠤᠳᠠᠯ ᠤᠨ ᠤᠷᠤᠭᠤᠯᠤᠯᠲᠠ ᠶᠢᠨ ᠪᠠᠶᠢᠳᠠᠯ ᠢ ᠬᠠᠷᠢᠭᠤᠴᠠᠨ᠎ᠠ᠃ | ︵ᠶᠢᠰᠦ︶ ᠳᠡᠭᠡᠲᠤ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠤᠭᠲᠠᠭᠤᠨ | ᠪᠠᠶᠢᠯᠭᠠᠬᠤ ᠠᠵᠢᠯ ᠪᠤᠯᠤᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠵᠢᠯᠤᠭᠤᠳᠤᠨ᠎ᠠ᠃ ᠡᠯ᠎ᠡ ᠲᠦᠷᠦᠯ ᠤᠨ ᠰᠤᠷᠭᠠᠭᠤᠯᠢ ᠶᠢᠨ ᠶᠤᠰᠤ ᠰᠤᠷᠲᠠᠬᠤᠨ ᠤ | ᠬᠦᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠬᠦᠯ ᠬᠠᠮᠠᠭᠠᠯᠠᠯ ᠤᠷᠠᠯᠢᠭ ᠤᠨ ᠬᠦᠮᠦᠵᠢᠯ ᠬᠢᠭᠡᠳ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯ ᠢ ᠵᠢᠯᠤᠭᠤᠳᠤᠨ᠎ᠠ᠃ ᠬᠤᠯᠪᠤᠭᠳᠠᠯ ᠪᠦᠬᠦᠢ ᠲᠤᠭᠲᠠᠭᠠᠯ | ᠶᠤᠰᠤᠭᠠᠷ ᠳᠡᠭᠡᠲᠤ ᠰᠤᠷᠭᠠᠭᠤᠯᠢ ᠶᠢᠨ ᠺᠠᠲᠡᠷ ᠤᠨ ᠠᠵᠢᠯ ᠢ ᠬᠠᠮᠢᠶᠠᠷᠤᠨ᠎ᠠ᠃ | ︵ᠠᠷᠪᠠ︶ ᠪᠦᠬᠦ ᠤᠷᠤᠨ ᠤ ᠪᠠᠭᠰᠢ ᠶᠢᠨ ᠠᠵᠢᠯ ᠢ ᠭᠤᠤᠯᠠᠯᠠᠨ ᠬᠠᠮᠢᠶᠠᠷᠴᠤ᠂ ᠡᠯ᠎ᠡ ᠱᠠᠲᠤᠨ ᠤ | ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠲᠤ ᠪᠠᠭ᠎ᠠ ᠰᠤᠷᠭᠠᠭᠤᠯᠢ ᠶᠢᠨ ᠵᠠᠬᠢᠷᠤᠯ ᠪᠤᠯᠤᠨ ᠰᠤᠷᠭᠠᠨ | ᠬᠦᠮᠦᠵᠢᠯ ᠤᠨ ᠵᠠᠰᠠᠭ ᠵᠠᠬᠢᠷᠭᠠᠨ ᠤ ᠺᠠᠲᠡᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ | ᠪᠠᠭᠰᠢ ᠶᠢᠨ ᠬᠢᠷᠢ ᠬᠡᠮ ᠤᠨ ᠳᠦᠷᠢᠮ ᠪᠤᠯᠤᠨ ᠪᠠᠭᠰᠢ ᠶᠢᠨ ᠦᠷᠬᠦᠯᠵᠢᠯᠡᠭᠰᠡᠨ ᠰᠤᠷᠭᠠᠨ ᠬᠦᠮᠦᠵᠢᠯ ᠤᠨ ᠠᠵᠢᠯ ᠢ | ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠴᠢᠨ ᠤ ᠤᠷᠤᠨ ᠲᠤᠭ᠎ᠠ ᠶᠢᠨ ᠪᠠᠷᠢᠮᠵᠢᠶ᠎ᠠ ᠶᠢ | ᠳᠤᠷᠠᠳᠤᠨ᠎ᠠ᠃ | ︵ᠠᠷᠪᠠᠨ ᠨᠢᠬᠡ︶ ᠡᠯ᠎ᠡ ᠲᠦᠷᠦᠯ ᠤᠨ ᠳᠡᠭᠡᠲᠤ ᠵᠡᠷᠭᠡ ᠶᠢᠨ ᠰᠤᠷᠤᠯᠴᠠᠭᠰᠠᠨ ᠨᠠᠮᠲᠡᠷ ᠤᠨ ᠰᠤᠷᠭᠠᠨ | ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠠᠢ ᠬᠠᠮᠲᠤᠷᠠᠨ ᠡᠯ᠎ᠡ ᠲᠦᠷᠦᠯ ᠤᠨ ᠳᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ | ᠲᠦᠯᠦᠪᠯᠡᠭᠡ ᠶᠢ ᠲᠤᠭᠲᠠᠭᠠᠨ᠎ᠠ᠃ ᠡᠩ ᠤᠨ ᠳᠡᠭᠡᠲᠤ ᠰᠤᠷᠭᠠᠭᠤᠯᠢ ᠲᠡᠭᠦᠰᠡᠭᠰᠡᠳ ᠲᠤ ᠠᠵᠢᠯ ᠤᠯᠭᠤᠬᠤ | ᠲᠦᠷᠦ ᠶᠢᠨ ᠪᠤᠳᠤᠯᠭ᠎ᠠ ᠲᠤᠭᠲᠠᠭᠠᠬᠤ ᠳᠤ ᠤᠷᠤᠯᠴᠠᠵᠤ ᠂ ᠡᠩ ᠤᠨ ᠳᠡᠭᠡᠲᠤ ᠰᠤᠷᠭᠠᠭᠤᠯᠢ ᠨᠤᠭᠤᠳ ᠤᠨ | ᠤᠶᠤᠲᠠᠳ ᠤᠨ ᠰᠤᠷᠭᠠᠭᠤᠯᠢ ᠠᠴᠠ ᠰᠠᠯᠬᠤ ᠠᠴᠠ ᠡᠮᠦᠨᠡᠬᠢ ᠠᠵᠢᠯ ᠤᠯᠬᠤ ᠪᠠ ᠦᠢᠯᠡᠴᠢᠯᠡᠭᠡᠨ ᠤ ᠠᠵᠢᠯ | ᠦᠷᠨᠢᠭᠦᠯᠬᠦ ᠶᠢ ᠵᠢᠯᠤᠭᠤᠳᠤᠨ᠎ᠠ᠃ ᠡᠩ ᠤᠨ ᠳᠡᠭᠡᠲᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠯᠭ᠎ᠠ ᠳᠤ ᠲᠤᠰᠠᠯᠠᠬᠤ ᠠᠵᠢᠯ ᠢ ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠤᠨ | ᠦᠷᠨᠢᠭᠦᠯᠦᠨ᠎ᠡ᠃ | ︵ᠠᠷᠪᠠᠨ ᠬᠤᠶᠠᠷ︶ ᠳᠡᠭᠡᠲᠤ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠬᠦᠨ | ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠢ ᠲᠦᠯᠦᠪᠵᠢᠬᠦᠯᠬᠦ ᠶᠢᠨ ᠬᠠᠮᠲᠤ ᠵᠢᠯᠤᠭᠤᠳᠴᠤ᠂ | ᠳᠡᠭᠡᠲᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠶᠢᠨ ᠰᠤᠳᠤᠯᠤᠯ ᠬᠢᠭᠡᠳ | ᠳᠡᠯᠭᠡᠷᠡᠭᠦᠯᠦᠯᠲᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ《 | ᠦᠢᠯᠡᠳᠪᠦᠷᠢᠯᠡᠬᠦ ᠵᠢᠭᠠᠬᠤ ᠰᠤᠳᠤᠯᠬᠤ》 ᠶᠢ ᠤᠶᠠᠯᠳᠤᠭᠤᠯᠬᠤ ᠠᠵᠢᠯ ᠢ ᠵᠢᠯᠤᠭᠤᠳᠤᠨ᠎ᠠ᠃ ᠳᠡᠭᠡᠲᠤ | ᠰᠤᠷᠭᠠᠭᠤᠯᠢ ᠶᠢᠨ ᠡᠭᠦᠷᠭᠡᠯᠡᠵᠤ ᠪᠦᠬᠦᠢ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠬᠡᠷᠡᠭᠵᠢᠭᠦᠯᠦᠯᠲᠡ ᠪᠠ ᠰᠤᠷᠭᠠᠨ ᠬᠦᠮᠦᠵᠢᠯ ᠤᠨ ᠮᠡᠳᠡᠭᠡ | ᠵᠠᠩᠬᠢᠴᠢᠯᠠᠬᠤ ᠪᠠᠶᠢᠭᠤᠯᠤᠯᠲᠠ ᠶᠢᠨ ᠠᠵᠢᠯ ᠢ ᠵᠤᠬᠢᠴᠠᠭᠤᠯᠬᠤ ᠪᠠ ᠵᠢᠯᠤᠭᠤᠳᠤᠨ᠎ᠠ᠃ ᠳᠡᠭᠡᠲᠤ ᠰᠤᠷᠭᠠᠭᠤᠯᠢ ᠶᠢᠨ | ᠪᠠᠶᠢᠭᠤᠯᠤᠭᠰᠠᠨ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠰᠤᠳᠤᠯᠤᠯ ᠤᠨ ᠲᠦᠪ᠂ ᠬᠦᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠬᠤᠯᠠ ᠶᠡᠭᠡ | ᠰᠤᠳᠤᠯᠤᠯ ᠤᠨ ᠰᠠᠭᠤᠷᠢᠨ ᠭᠠᠵᠠᠷ ᠪᠤᠯᠤᠨ ᠨᠤᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ | ︵ᠠᠷᠪᠠᠨ ᠭᠤᠷᠪᠠ︶ ᠰᠤᠷᠭᠠᠨ ᠬᠦᠮᠦᠵᠢᠯ ᠤᠨ ᠲᠠᠯ᠎ᠠ ᠶᠢᠨ ᠤᠯᠠᠨ ᠤᠯᠤᠰ ᠤᠨ ᠬᠠᠮᠲᠤᠷᠠᠯᠴᠠᠭ᠎ᠠ | ᠬᠢᠭᠡᠳ ᠰᠤᠯᠢᠯᠴᠠᠭ᠎ᠠ ᠬᠢᠬᠦ ᠪᠠ ᠭᠠᠳᠠᠭᠠᠲᠤ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ︵ᠠᠷᠪᠠᠨ ᠳᠦᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ | ᠲᠦᠷᠦ ᠶᠢᠨ ᠪᠤᠳᠤᠯᠭ᠎ᠠ᠂ ᠦᠪᠡᠷᠲᠡᠭᠡᠨ ᠵᠠᠰᠠᠬᠤ ᠤᠷᠤᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ | ᠤᠷᠲᠤᠪᠲᠤᠷ ᠪᠠ ᠤᠷᠲᠤ ᠬᠤᠭᠤᠴᠠᠭᠠᠨ ᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃ ᠵᠢᠯᠤᠭᠤᠳᠬᠤ | ᠪᠠ ᠬᠢᠨᠠᠯᠲᠠ ᠲᠠᠯᠪᠢᠵᠤ ᠪᠠᠶᠢᠴᠠᠭᠠᠬᠤ ᠰᠠᠯᠠᠭ᠎ᠠ ᠮᠦᠴᠢᠷ᠂ ᠠᠵᠢᠯ ᠲᠦᠷᠦᠯ ᠤᠨ ᠬᠢᠲᠠᠳ ᠦᠭᠡ ᠬᠡᠯᠡ ᠦᠰᠦᠭ | ᠪᠢᠴᠢᠭ ᠤᠨ ᠠᠵᠢᠯ ᠢ ᠵᠤᠬᠢᠴᠠᠭᠤᠯᠤᠨ᠎ᠠ᠃ ᠨᠡᠶᠢᠲᠡᠯᠢᠭ ᠬᠡᠯᠡ ᠶᠢ ᠳᠡᠯᠭᠡᠷᠡᠭᠦᠯᠬᠦ ᠪᠠ ᠨᠡᠶᠢᠲᠡᠯᠢᠭ ᠬᠡᠯᠡᠨ ᠤ ᠪᠠᠭᠰᠢ | ᠪᠤᠯᠪᠠᠰᠤᠷᠠᠭᠤᠯᠬᠤ ᠠᠵᠢᠯ ᠢ ᠵᠢᠯᠤᠭᠤᠳᠤᠨ᠎ᠠ᠃ | ︵ᠠᠷᠪᠠᠨ ᠲᠠᠪᠤ︶ ᠡᠷᠳᠡᠮ ᠤᠨ ᠴᠤᠯᠠ ᠶᠢᠨ ᠠᠵᠢᠯ ᠢ ᠨᠢᠭᠡᠳᠦᠯᠲᠠᠢ ᠲᠦᠯᠦᠪᠯᠡᠨ ᠬᠠᠮᠢᠶᠠᠷᠴᠤ᠂ | ᠡᠷᠳᠡᠮ ᠤᠨ ᠴᠤᠯᠠ ᠤᠯᠭᠤᠬᠤ ᠨᠢᠭᠡᠴᠡ ᠨᠡᠮᠡᠵᠤ ᠲᠤᠬᠢᠷᠠᠭᠤᠯᠬᠤ ᠪᠠ ᠡᠷᠳᠡᠮ ᠤᠨ ᠴᠤᠯᠠ ᠤᠯᠭᠤᠬᠤ ᠡᠷᠭᠡ ᠶᠢᠨ | ᠰᠢᠨᠵᠢᠯᠡᠭᠡᠨ᠂ ᠲᠤᠰᠬᠠᠢ ᠮᠡᠷᠭᠡᠵᠢᠯ ᠨᠡᠮᠡᠵᠤ ᠲᠤᠬᠢᠷᠠᠭᠤᠯᠬᠤ ᠶᠢᠨ ᠮᠡᠳᠡᠭᠦᠯᠦᠨ ᠵᠦᠪᠰᠢᠶᠡᠷᠡᠭᠦᠯᠬᠦ᠂ ᠬᠢᠨᠠᠨ | ᠬᠠᠷᠭᠤᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠷᠠᠳ ᠤᠨ | ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠠ᠃ | ᠬᠤᠶᠠᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠲᠢᠩᠬᠢᠮ ︵ᠳᠡᠭᠡᠲᠤ ᠰᠤᠷᠭᠠᠭᠤᠯᠢ ᠶᠢᠨ ᠠᠵᠢᠯ ᠤᠨ ᠬᠤᠷᠢᠶ᠎ᠠ︶ ᠤᠨ ᠪᠠᠶᠢᠭᠤᠯᠤᠮᠵᠢ ᠶᠢᠨ ᠲᠤᠬᠢᠷᠠᠭᠤᠯᠤᠯᠲᠠ | ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ︵ᠳᠡᠭᠡᠲᠤ ᠰᠤᠷᠭᠠᠭᠤᠯᠢ ᠶᠢᠨ | ᠠᠵᠢᠯ ᠤᠨ ᠬᠤᠷᠢᠶ᠎ᠠ︶ ᠤᠨ ᠳᠤᠲᠤᠷ᠎ᠠ ᠡᠬᠦᠷᠭᠡ ᠴᠢᠳᠠᠪᠤᠷᠢ ᠲᠠᠢ ᠭᠠᠵᠠᠷ ᠠᠯᠪᠠᠨ ᠬᠡᠷ 21 ᠶᠢ ᠲᠤᠬᠢᠷᠠᠭᠤᠯᠵᠤ᠂ | ᠡᠨᠡ ᠨᠢ ᠲᠤᠰ ᠲᠤᠰ᠄ ᠠᠯᠪᠠᠨ ᠬᠡᠷ ︵ᠳᠡᠭᠡᠲᠤ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠠᠯᠪᠠᠨ ᠬᠡᠷ︶᠂ | ᠠᠵᠢᠯᠲᠠᠨ ᠤ ᠭᠠᠵᠠᠷ ︵ᠳᠡᠭᠡᠲᠤ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ︶᠂ | ᠬᠦᠭᠵᠢᠯᠲᠡ ᠲᠦᠯᠦᠪᠵᠢᠭᠦᠯᠭᠡ ᠶᠢᠨ ᠭᠠᠵᠠᠷ᠂ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ ᠤᠨ ᠭᠠᠵᠠᠷ᠂ ᠡᠳ᠋ ᠤᠨ | ᠶᠠᠪᠤᠳᠠᠯ ᠤᠨ ᠭᠠᠵᠠᠷ᠂ ᠰᠠᠭᠤᠷᠢ ᠰᠤᠷᠭᠠᠨ ᠬᠦᠮᠦᠵᠢᠯ ᠤᠨ ᠭᠠᠵᠠᠷ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠬᠢᠭᠡᠳ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠭᠠᠵᠠᠷ᠂ ᠳᠡᠭᠡᠲᠤ ᠵᠡᠷᠭᠡ ᠶᠢᠨ ᠰᠤᠷᠭᠠᠨ | ᠬᠦᠮᠦᠵᠢᠯ ᠤᠨ ᠭᠠᠵᠠᠷ᠂ ᠦᠨᠳᠦᠰᠦᠲᠡᠨ ᠤ ᠰᠤᠷᠭᠠᠨ ᠬᠦᠮᠦᠵᠢᠯ ᠤᠨ ᠭᠠᠵᠠᠷ᠂ ᠪᠠᠭᠰᠢ ᠶᠢᠨ ᠬᠠᠮᠢᠶᠠᠷᠤᠯᠲᠠ ᠶᠢᠨ | ᠭᠠᠵᠠᠷ᠂ ᠬᠢᠨᠠᠨ ᠵᠢᠯᠤᠭᠤᠳᠬᠤ ᠬᠡᠷ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠰᠤᠷᠭᠠᠨ ᠬᠦᠮᠦᠵᠢᠯ ᠢ ᠬᠢᠨᠠᠨ ᠵᠢᠯᠤᠭᠤᠳᠬᠤ ᠪᠦᠯᠬᠦᠮ ᠤᠨ ᠠᠯᠪᠠᠨ ᠭᠡᠷ︶᠂ ᠦᠵᠡᠯ ᠰᠠᠨᠠᠭ᠎ᠠ ᠤᠯᠤᠰ ᠲᠦᠷᠦ | ᠬᠢᠭᠡᠳ ᠰᠤᠷᠤᠭᠴᠢ ᠶᠢᠨ ᠠᠵᠢᠯ ᠤᠨ ᠭᠠᠵᠠᠷ ︵ᠳᠡᠭᠡᠲᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠬᠢᠭᠡᠳ | ᠰᠤᠷᠤᠭᠴᠢ ᠶᠢᠨ ᠠᠵᠢᠯ ᠤᠨ ᠬᠡᠯᠲᠡᠰ︶᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠂ ᠭᠠᠳᠠᠭᠠᠲᠤ | ᠬᠠᠮᠲᠤᠷᠠᠯᠴᠠᠭ᠎ᠠ ᠬᠢᠭᠡᠳ ᠰᠤᠯᠢᠯᠴᠠᠭ᠎ᠠ ᠬᠢᠬᠦ ᠭᠠᠵᠠᠷ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ | ᠰᠤᠷᠭᠠᠨ ᠬᠦᠮᠦᠵᠢᠯ ᠤᠨ ᠭᠠᠵᠠᠷ᠂ ᠬᠢᠲᠠᠳ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢᠨ | ᠬᠠᠮᠢᠶᠠᠷᠤᠯᠲᠠ ᠶᠢᠨ ᠭᠠᠵᠠᠷ ︵ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠺᠤᠮᠢᠰ ᠤᠨ ᠠᠯᠪᠠᠨ ᠬᠡᠷ︶ | ᠂ ᠡᠷᠳᠡᠮ ᠤᠨ ᠴᠤᠯᠠ ᠶᠢᠨ ᠬᠠᠮᠢᠶᠠᠷᠤᠯᠲᠠ ᠵᠢᠴᠢ ᠰᠤᠳᠤᠯᠤᠨ ᠰᠤᠷᠤᠭᠴᠢ ᠶᠢᠨ ᠰᠤᠷᠭᠠᠨ ᠬᠦᠮᠦᠵᠢᠯ ᠤᠨ ᠭᠠᠵᠠᠷ | ︵ᠦᠪᠡᠷᠲᠡᠭᠡᠨ ᠵᠠᠰᠠᠬᠤ ᠤᠷᠤᠨ ᠤ ᠡᠷᠳᠡᠮ ᠤᠨ ᠴᠤᠯᠠ ᠶᠢᠨ ᠵᠦᠪᠯᠡᠯ ᠤᠨ ᠠᠯᠪᠠᠨ ᠬᠡᠷ︶᠂ ᠠᠷᠠᠳ ᠠᠴᠠ | ᠡᠷᠬᠢᠯᠡᠭᠰᠡᠨ ᠰᠤᠷᠭᠠᠨ ᠬᠦᠮᠦᠵᠢᠯ ᠤᠨ ᠬᠠᠮᠢᠶᠠᠷᠤᠯᠲᠠ ᠶᠢᠨ ᠭᠠᠵᠠᠷ ︵ᠳᠡᠭᠡᠲᠤ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠠᠷᠠᠳ ᠠᠴᠠ ᠡᠷᠬᠢᠯᠡᠭᠰᠡᠨ ᠳᠡᠭᠡᠲᠤ ᠰᠤᠷᠭᠠᠭᠤᠯᠢ ᠶᠢᠨ ᠨᠠᠮ ᠤᠨ ᠶᠠᠪᠤᠳᠠᠯ ᠤᠨ ᠠᠵᠢᠯ ᠤᠨ ᠬᠡᠯᠲᠡᠰ︶᠂ | ᠬᠢᠨᠠᠨ ᠪᠠᠶᠢᠴᠠᠭᠠᠵᠤ ᠬᠢᠨᠠᠨ ᠪᠤᠳᠤᠬᠤ ᠭᠠᠵᠠᠷ ︵ᠳᠡᠭᠡᠲᠤ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ | ᠠᠵᠢᠯ ᠤᠨ ᠬᠤᠷᠢᠶ᠎ᠠ︶᠂ ᠪᠠᠶᠢᠭᠤᠯᠭ᠎ᠠ ᠨᠠᠮ ᠤᠨ ᠬᠤᠷᠢᠶ᠎ᠠ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ | ᠬᠦᠮᠦᠰ ᠤᠨ ᠠᠵᠢᠯ ᠤᠨ ᠭᠠᠵᠠᠷ ᠵᠡᠷᠭᠡ ᠪᠤᠯᠤᠨ᠎ᠠ᠃ | |