︽﹇ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢᠨ ᠬᠤᠪᠢᠷᠠᠭᠤᠯᠤᠯᠳᠠ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹈ ᠢ ᠳᠠᠷᠤᠮᠠᠯᠯᠠᠨ | ᠳᠠᠷᠬᠠᠭᠠᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2014﹈ | 23 ᠳ᠋ᠤᠭᠠᠷ ᠲᠣᠭᠠᠲᠤ︶ ᠪᠠ ᠥᠪᠥᠷ ᠨᠠᠮ ᠲᠠᠷᠬᠠᠭᠠᠭᠰᠠᠨ ﹇2014﹈ 8 ᠳ᠋ᠤᠭᠠᠷ ᠲᠣᠭᠠᠲᠤ ᠮᠠᠲ᠋ᠧᠷᠢᠶᠠᠯ ᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠲᠣᠪᠴᠢᠶ᠎ᠠ ᠶᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ | ᠡᠷᠬᠡ ᠶᠢᠨ ᠲᠣᠪᠴᠢᠶ᠎ᠡ ᠶᠢᠨ ᠫᠠᠶᠢᠰᠠ ᠶᠢ ᠨᠡᠮᠡᠵᠦ ᠡᠯᠭᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠷᠢᠶ᠎ᠡ ᠪᠠᠶᠢᠭᠤᠯᠤᠮᠵᠢ ᠪᠣᠯᠭᠠᠪᠠ᠃ | ᠨᠢᠭᠡ᠂ ᠡᠭᠦᠷᠭᠡ ᠴᠢᠳᠠᠪᠤᠷᠢ ᠶᠢᠨ ᠬᠤᠪᠢᠷᠠᠭᠤᠯᠤᠯᠳᠠ | ︵ᠨᠢᠭᠡ︶ ᠬᠦᠴᠦᠨ ᠦᠭᠡᠢ ᠪᠣᠯᠭᠠᠬᠤ ᠡᠭᠦᠷᠭᠡ ᠬᠠᠷᠢᠭᠤᠴᠠᠯᠭ᠎ᠠ | 1. ᠬᠡᠪᠯᠡᠭᠳᠡᠭᠦᠨ ᠤ ᠪᠥᠬᠦ ᠤᠯᠤᠰ ᠤᠨ ᠬᠤᠯᠪᠤᠭᠠᠲᠤ ᠡᠵᠡᠩᠨᠡᠯᠲᠡ ᠶᠢᠨ ᠨᠢᠭᠡᠴᠡ ᠪᠠᠶᠢᠭᠤᠯᠬᠤ ᠶᠢ ᠬᠢᠨᠠᠨ | ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃ | 2. ᠬᠡᠪᠯᠡᠭᠳᠡᠭᠦᠨ ᠤ ᠪᠥᠬᠦ ᠤᠯᠤᠰ ᠤᠨ ᠬᠤᠯᠪᠤᠭᠠᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠠᠶᠢᠭ᠎ᠠ | ᠨᠢᠭᠡᠴᠡ ᠶᠢᠨ ︽ᠬᠡᠪᠯᠡᠭᠳᠡᠭᠦᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠤᠨ ᠪᠦᠷᠢᠳᠭᠡᠯ ᠢ | ᠬᠤᠪᠢᠷᠠᠭᠤᠯᠬᠤ ᠶᠠᠪᠤᠳᠠᠯ᠂ ᠡᠰᠡᠭᠦᠯ᠎ᠡ ᠨᠢᠭᠡᠳᠬᠡᠬᠦ᠂ ᠨᠡᠶᠢᠯᠡᠭᠦᠯᠬᠦ᠂ ᠰᠠᠯᠭᠠᠬᠤ ᠶᠢ ᠬᠢᠨᠠᠨ ᠬᠠᠷᠭᠤᠭᠤᠯᠬᠤ ᠶᠢ ᠬᠦᠴᠦᠨ | ᠦᠭᠡᠢ ᠪᠣᠯᠭᠠᠨ᠎ᠠ᠃ | 3. ᠬᠡᠪᠯᠡᠭᠳᠡᠭᠦᠨ ᠤ ᠶᠡᠷᠦᠩᠬᠡᠢ ᠲᠠᠷᠬᠠᠯᠳᠠ ᠶᠢᠨ ᠨᠢᠭᠡᠴᠡ ᠶᠢ ᠬᠢᠨᠠᠨ ᠬᠠᠷᠭᠤᠭᠤᠯᠬᠤ ᠵᠢᠴᠢ ᠲᠠᠷᠬᠠᠯᠳᠠ ᠶᠢᠨ | ᠲᠤᠬᠠᠶᠢᠯᠠᠭᠰᠠᠨ ᠠᠵᠢᠯ ᠡᠷᠬᠢᠯᠡᠬᠦ ᠬᠤᠪᠢᠶᠠᠷᠢ ᠪᠠᠶᠢᠭᠤᠯᠤᠮᠵᠢ ᠪᠠᠶᠢᠭᠤᠯᠬᠤ ᠶᠢ ᠬᠢᠨᠠᠨ ᠬᠠᠷᠭᠤᠭᠤᠯᠬᠤ ᠶᠢ ᠬᠦᠴᠦᠨ | ᠦᠭᠡᠢ ᠪᠣᠯᠭᠠᠨ᠎ᠠ᠃ | 4. ᠬᠤᠭᠤᠴᠠᠭᠠᠲᠤ ᠰᠡᠳᠬᠦᠯ ᠢ ᠬᠤᠪᠢᠷᠠᠭᠤᠯᠤᠨ ᠪᠦᠷᠢᠳᠭᠡᠯᠬᠡᠬᠦ ᠭᠠᠵᠠᠷ ᠢ ᠬᠢᠨᠠᠨ ᠬᠠᠷᠭᠤᠭᠤᠯᠬᠤ ᠶᠢ | ᠬᠦᠴᠦᠨ ᠦᠭᠡᠢ ᠪᠣᠯᠭᠠᠨ᠎ᠠ᠃ | 5. ᠰᠣᠨᠢᠨ᠂ ᠬᠤᠭᠤᠴᠠᠭᠠᠲᠤ ᠰᠡᠳᠭᠦᠯ ᠤᠨ ᠶᠡᠷᠦᠩᠬᠡᠢ ᠶᠠᠰᠤ ᠴᠢᠨᠠᠷ ᠤᠨ ᠦᠨᠡᠯᠡᠯᠲᠡ ᠶᠢ ᠬᠢᠨᠠᠨ | ᠬᠠᠷᠭᠤᠭᠤᠯᠬᠤ ᠶᠢ ᠬᠦᠴᠦᠨ ᠦᠭᠡᠢ ᠪᠣᠯᠭᠠᠵᠤ᠂ ᠲᠤᠰ ᠠᠵᠢᠯ ᠢ ᠥᠪᠡᠷᠲᠡᠭᠡᠨ ᠵᠠᠰᠠᠬᠤ ᠣᠷᠣᠨ ᠤ ᠰᠣᠨᠢᠨ | ᠰᠡᠳᠬᠦᠯ ᠤᠨ ᠦᠢᠯᠡᠰ ᠤᠨ ᠨᠡᠶᠢᠭᠡᠮᠯᠢᠭ ᠪᠠ ᠬᠤᠭᠤᠴᠠᠭᠠᠲᠤ ᠰᠡᠳᠬᠦᠯ ᠤᠨ ᠨᠡᠶᠢᠭᠡᠮᠯᠢᠭ ᠡᠭᠦᠷᠭᠡᠯᠡᠨ᠎ᠡ᠃ | 6. ᠨᠣᠮ ᠬᠡᠪᠯᠡᠯ ᠤᠨ ᠨᠢᠭᠡᠴᠡ ᠶᠢᠨ ᠵᠡᠷᠭᠡ ᠳᠡᠰ ᠤᠨ ᠦᠨᠡᠯᠡᠯᠲᠡ ᠶᠢ ᠬᠢᠨᠠᠨ ᠬᠠᠷᠭᠤᠭᠤᠯᠬᠤ ᠶᠢ ᠬᠦᠴᠦᠨ | ᠦᠭᠡᠢ ᠪᠣᠯᠭᠠᠵᠤ᠂ ᠲᠤᠰ ᠠᠵᠢᠯ ᠢ ᠨᠢ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠨᠡᠶᠢᠭᠡᠮᠯᠢᠭ ᠡᠭᠦᠷᠭᠡᠯᠡᠨ᠎ᠡ᠃ | 7. ᠵᠦᠪᠬᠡᠨ ᠤᠩᠰᠢᠬᠤ ᠲᠥᠷᠥᠯ ᠤᠨ ᠯᠠᠶᠢᠰᠧᠷ ᠫᠠᠨᠰᠠ ᠶᠢ ᠦᠢᠯᠡᠳᠪᠦᠷᠢᠯᠡᠬᠦ ᠲᠥᠬᠦᠭᠡᠷᠦᠮᠵᠢ ᠶᠢ ᠲᠠᠲᠠᠨ | ᠣᠷᠤᠭᠤᠯᠬᠤ᠂ ᠨᠡᠮᠡᠭᠳᠡᠭᠦᠯᠬᠦ ᠪᠣᠯᠣᠨ ᠰᠢᠨᠡᠳᠬᠡᠬᠦ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃ | 8. ᠬᠤᠭᠤᠴᠠᠭᠠᠲᠤ ᠰᠡᠳᠬᠦᠯ ᠤᠨ ᠨᠡᠮᠡᠯᠲᠡ ᠰᠡᠳᠬᠦᠯ ᠬᠡᠪᠯᠡᠬᠦ ᠶᠢ ᠬᠢᠨᠠᠨ ᠵᠦᠪᠰᠢᠶᠡᠷᠡᠬᠦ ᠡᠭᠦᠷᠭᠡ | ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠨ᠎ᠠ᠃ | 9. ᠪᠠᠶᠢᠭᠤᠯᠤᠮᠵᠢ ᠶᠢᠨ ᠥᠭᠡᠷᠡᠴᠢᠯᠡᠯᠲᠡ ᠪᠠ ᠡᠭᠦᠷᠭᠡ ᠴᠢᠳᠠᠪᠤᠷᠢ ᠶᠢᠨ ᠬᠤᠪᠢᠷᠠᠭᠤᠯᠤᠯᠳᠠ ᠶᠢᠨ | ᠱᠠᠭᠠᠷᠳᠠᠯᠭ᠎ᠠ ᠶᠢ ᠦᠨᠳᠦᠰᠦᠯᠡᠨ ᠬᠦᠴᠦᠨ ᠦᠭᠡᠢ ᠪᠣᠯᠭᠠᠬᠤ ᠴᠢᠬᠤᠯᠡ ᠲᠠᠢ ᠪᠣᠰᠤᠳ ᠡᠭᠦᠷᠬᠡ ᠬᠠᠷᠢᠭᠤᠴᠠᠯᠭ᠎ᠠ᠃ | ︵ᠬᠤᠶᠡᠷ︶ ᠳᠣᠷᠣᠭᠰᠢ ᠪᠠᠭᠤᠯᠭᠠᠬᠤ ᠡᠭᠦᠷᠬᠡ ᠬᠠᠷᠢᠭᠤᠴᠠᠯᠭ᠎ᠠ | 1. ᠪᠤᠭᠤᠳᠠᠯᠯᠠᠬᠤ ᠴᠢᠮᠡᠭᠯᠡᠬᠦ ᠬᠡᠪᠯᠡᠭᠳᠡᠭᠦᠨ ᠪᠠ ᠪᠣᠰᠤᠳ ᠬᠡᠪᠯᠡᠭᠳᠡᠬᠦᠨ ᠤ ᠬᠡᠪᠯᠡᠯ ᠤᠨ ᠡᠵᠡᠩᠨᠡᠯᠲᠡ ᠶᠢᠨ | ᠠᠵᠢᠯᠯᠠᠭ᠎ᠠ ᠶᠢ ᠡᠷᠬᠢᠯᠡᠬᠦ ᠠᠵᠤ ᠠᠬᠤᠶᠢᠯᠠᠯ ᠪᠠᠶᠢᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ ᠶᠢ | ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠲᠤ ᠪᠠᠭᠤᠯᠭᠠᠵᠦ ᠦᠭᠬᠦᠨ᠎ᠠ᠃ | 2. ᠳᠠᠭᠠᠭᠤᠯᠢ ᠣᠳᠣᠨ ᠤ ᠬᠦᠯᠢᠶᠡᠨ ᠠᠪᠬᠤ ᠪᠡᠯᠡᠳᠬᠡᠮᠵᠢ ᠶᠢ ᠲᠣᠬᠢᠷᠠᠭᠤᠯᠤᠨ ᠬᠢᠯᠢ ᠶᠢᠨ ᠳᠣᠲᠣᠨ᠎ᠠ | ᠭᠠᠳᠠᠨᠠᠬᠢ ᠳᠠᠭᠠᠭᠤᠯᠢ ᠣᠳᠣᠨ ᠤ ᠫᠷᠤᠭ᠍ᠷᠠᠮ ᠢ ᠬᠦᠯᠢᠶᠡᠨ ᠠᠪᠬᠤ ᠶᠢ ᠬᠢᠨᠠᠨ ᠵᠦᠪᠰᠢᠶᠡᠷᠡᠬᠦ ᠡᠭᠦᠷᠬᠡ | ᠬᠠᠷᠢᠭᠤᠴᠠᠯᠭ᠎ᠠ ᠶᠢ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠪᠠᠭᠤᠯᠭᠠᠵᠦ ᠦᠭᠬᠦᠨ᠎ᠡ᠃ | 3. ᠰᠢᠶᠠᠩ ᠪᠠᠯᠭᠠᠰᠤᠨ ᠤ ᠷᠠᠳᠢᠣ᠋ ᠲᠧᠯᠸᠢᠰ ᠤᠨ ᠥᠷᠲᠡᠭᠡ ᠪᠠᠶᠢᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ | ᠬᠠᠷᠢᠭᠤᠴᠠᠯᠭ᠎ᠠ ᠶᠢ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠪᠠᠭᠤᠯᠭᠠᠵᠦ ᠦᠭᠬᠦᠨ᠎ᠡ᠃ | 4. ᠬᠤᠲᠠ ᠶᠢᠨ ᠨᠡᠶᠢᠭᠡᠮ ᠲᠤᠭᠤᠷᠢᠭ ᠤᠨ ᠤᠲᠠᠰᠤᠲᠤ ᠲᠧᠯᠸᠢᠰ ᠤᠨ ᠰᠢᠰᠲ᠋ᠧᠮ ᠪᠠᠶᠢᠭᠤᠯᠬᠤ ᠶᠢ ᠬᠢᠨᠠᠨ | ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠬᠤᠰᠢᠭᠤ ᠰᠢᠶᠠᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠪᠠᠭᠤᠯᠭᠠᠵᠦ ᠦᠭᠬᠦᠨ᠎ᠡ᠃ | 5. ᠺᠢᠨᠤ᠋ ᠭᠠᠷᠭᠠᠬᠤ ᠨᠢᠭᠡᠴᠡ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠬᠤᠪᠢᠷᠠᠭᠠᠬᠤ | ᠪᠣᠶᠤ ᠨᠢᠭᠡᠳᠬᠡᠬᠦ᠂ ᠨᠡᠶᠢᠯᠡᠭᠦᠯᠬᠦ᠂ ᠰᠠᠯᠭᠠᠬᠤ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ | ᠬᠤᠰᠢᠭᠤ ᠰᠢᠶᠠᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ | ᠪᠠᠭᠤᠯᠭᠠᠵᠦ ᠦᠭᠬᠦᠨ᠎ᠡ᠃ | ︵ᠭᠤᠷᠪᠠ︶ ᠡᠭᠦᠷᠭᠡᠯᠡᠨ ᠠᠪᠬᠤ ᠡᠭᠦᠷᠭᠡ ᠬᠠᠷᠢᠭᠤᠴᠠᠯᠭ᠎ᠠ | 1. ᠳᠠᠭᠤᠤ ᠳᠥᠷᠰᠦ ᠰᠢᠩᠭᠡᠭᠡᠯᠲᠡ ᠬᠠᠭᠤᠯᠬᠤ ᠨᠢᠭᠡᠴᠡ᠂ ᠡᠯᠧᠺᠲᠷᠣᠨ ᠬᠡᠪᠯᠡᠭᠳᠡᠬᠦᠨ ᠬᠠᠭᠤᠯᠬᠤ ᠨᠢᠭᠡᠴᠡ | ᠪᠠᠶᠢᠭᠤᠯᠬᠤ ᠵᠢᠴᠢ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠬᠤᠪᠢᠷᠠᠭᠠᠬᠤ ᠪᠣᠶᠤ ᠨᠢᠭᠡᠳᠬᠡᠬᠦ᠂ ᠨᠡᠶᠢᠯᠡᠭᠦᠯᠬᠦ᠂ | ᠰᠠᠯᠭᠠᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ᠃ | 2. ᠣᠷᠣᠨ ᠨᠤᠲᠤᠭ ᠤᠨ ᠲᠡᠩᠴᠡᠭᠦᠦ ᠰᠣᠯᠢᠯᠴᠠᠭᠠᠨ ᠤ ᠬᠠᠷᠢᠯᠴᠠᠨ ᠭᠦᠢᠴᠡᠳᠬᠡᠬᠦ ᠳᠠᠩ ᠭᠠᠭᠴᠠ | ᠤᠯᠤᠰ ᠤᠨ ᠺᠢᠨᠤ᠋ ᠳᠡᠯᠭᠡᠨ ᠦᠵᠡᠭᠦᠯᠬᠦ ᠠᠵᠢᠯᠯᠠᠭ᠎ᠠ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃ | 3. ᠭᠠᠳᠠᠭᠠᠳᠤ ᠶᠢᠨ ᠬᠥᠮᠦᠰ ᠤᠳ ᠣᠷᠣᠯᠴᠠᠵᠤ ᠦᠢᠯᠡᠳᠦᠭᠰᠡᠨ ᠤᠯᠤᠰ ᠤᠨ ᠲᠧᠯᠸᠢᠰ ᠵᠥᠴᠦᠭᠡ ᠶᠢ | ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃ | 4. ᠠᠶᠢᠮᠠᠭ ᠬᠤᠲᠠ᠂ ᠬᠤᠰᠢᠭᠤ ᠰᠢᠶᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠡ᠂ ᠲᠧᠯᠸᠢᠰ ᠬᠤᠷᠢᠶ᠎ᠠ | ᠶᠢᠨ ᠲᠡᠮᠳᠡᠭ ᠢᠶᠠᠨ ᠬᠤᠪᠢᠷᠠᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ᠃ | 5. ᠳᠠᠭᠠᠭᠤᠯᠢ ᠣᠳᠣᠨ ᠤ ᠲᠧᠯᠸᠢᠰ ᠷᠠᠳᠢᠤ᠋ ᠶᠢᠨ ᠭᠠᠵᠠᠷ ᠳᠡᠭᠡᠷ᠎ᠡ ᠬᠦᠯᠢᠶᠡᠨ ᠠᠪᠬᠤ ᠪᠡᠯᠡᠳᠬᠡᠮᠵᠢ | ᠲᠣᠬᠢᠷᠠᠭᠤᠯᠬᠤ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃ | 6. ᠵᠦᠪᠬᠡᠨ ᠤᠩᠰᠢᠬᠤ ᠲᠥᠷᠥᠯ ᠤᠨ ᠯᠠᠶᠢᠰᠧᠷ ᠫᠠᠨᠰᠠ ᠶᠢᠨ ᠲᠥᠬᠦᠭᠡᠷᠦᠮᠵᠢ ᠶᠢ ᠠᠰᠢᠭᠯᠠᠯᠲᠠ ᠳᠤ | ᠣᠷᠤᠭᠤᠯᠤᠨ ᠰᠢᠯᠭᠠᠵᠤ ᠠᠪᠬᠤ ᠠᠵᠢᠯ ᠤᠨ ᠡᠭᠦᠷᠬᠡ ᠬᠠᠷᠢᠭᠤᠴᠠᠯᠭ᠎ᠠ᠃ | 7. ᠪᠠᠭ᠎ᠠ ᠴᠢᠳᠠᠮᠵᠢᠲᠦ ᠷᠠᠳᠢᠤ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠵᠠᠬᠢᠶᠠᠯᠠᠨ ᠠᠪᠬᠤ | ᠭᠡᠷᠡᠴᠢ ᠶᠢ ᠬᠢᠨᠠᠨ ᠤᠯᠭᠤᠬᠤ᠃ | 8. ᠺᠢᠨᠣ᠋ ᠦᠢᠯᠡᠳᠬᠦ ᠨᠢᠭᠡᠴᠡ ᠠᠴᠠ ᠭᠠᠳᠠᠨᠠᠬᠢ ᠨᠢᠭᠡᠴᠡ ᠨᠦᠭᠦᠳ ᠪᠡᠶ᠎ᠡ ᠪᠠᠨ ᠳᠠᠭᠠᠭᠠᠨ ᠺᠢᠨᠤ᠋ ᠰᠡᠭᠦᠳᠡᠷᠯᠡᠨ | ᠦᠢᠯᠡᠳᠬᠦ ᠲᠤᠬᠠᠶᠢᠯᠠᠭᠰᠠᠨᠠᠵᠢᠯ ᠢ ᠡᠷᠬᠢᠯᠡᠬᠦ ᠶᠢ ᠬᠢᠨᠠᠨ ᠵᠦᠪᠰᠢᠶᠡᠷᠡᠬᠦ᠃ | 9. ᠥᠪᠡᠷᠲᠡᠭᠡᠨ ᠵᠠᠰᠠᠬᠤ ᠣᠷᠣᠨ ᠤ ᠣᠷᠣᠨ ᠤ ᠲᠤᠲᠤᠷ᠎ᠠ ᠷᠠᠳᠢᠤ᠋ ᠲᠧᠯᠸᠢᠰ ᠤᠨ ᠫᠷᠤᠭ᠍ᠷᠠᠮ ᠤᠨ | ᠳᠠᠮᠵᠢᠭᠤᠯᠬᠤ ᠠᠵᠢᠯ ᠢ ᠡᠵᠡᠩᠨᠡᠬᠦ ᠶᠢ ᠬᠢᠨᠠᠨ ᠵᠦᠪᠰᠢᠶᠡᠷᠡᠬᠦ᠃ | 10. ᠦᠷᠭᠦᠯᠵᠢᠯᠡᠯ ᠤᠨ ᠴᠢᠨᠠᠷᠲᠠᠢ ᠡᠯᠧᠺᠲᠷᠣᠨ ᠬᠡᠪᠯᠡᠭᠳᠡᠭᠦᠨ ᠤ ᠰᠡᠳᠬᠦᠯ ᠤᠨ ᠬᠤᠭᠤᠴᠠᠭ᠎ᠠ ᠶᠢ | ᠥᠭᠡᠷᠡᠴᠢᠯᠡᠬᠦ ᠶᠢ ᠬᠢᠨᠠᠨ ᠵᠦᠪᠰᠢᠶᠡᠷᠡᠬᠦ᠃ | ︵ᠳᠥᠷᠪᠡ︶ ᠴᠵᠩᠭᠠᠤᠠᠬᠠᠬᠤ ᠡᠭᠦᠷᠭᠡ ᠬᠠᠷᠢᠭᠤᠴᠠᠯᠭ᠎ᠠ | 1. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠣᠯᠠᠨ ᠨᠡᠶᠢᠲᠡ ᠶᠢᠨ | ᠦᠢᠯᠡᠴᠢᠯᠡᠭᠡ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠨᠢᠭᠡ ᠴᠣᠭᠴᠠᠴᠢᠯᠠᠭᠰᠠᠨ ᠬᠥᠭᠵᠢᠯᠲᠡ ᠶᠢ ᠬᠦᠴᠦᠯᠡᠨ ᠠᠬᠢᠭᠤᠯᠵᠤ᠂ ᠰᠣᠨᠢᠨ | ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | 2. ᠴᠥᠬᠡᠨ ᠲᠣᠭᠠᠲᠤ ᠦᠨᠳᠦᠰᠦᠲᠡᠨ ᠤ ᠦᠬᠡ ᠬᠡᠯᠡᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠠᠵᠢᠯ ᠢ ᠲᠥᠯᠥᠪᠵᠢᠭᠦᠯᠦᠨ ᠬᠥᠭᠵᠢᠭᠦᠯᠬᠦ ᠶᠢ ᠴᠢᠩᠭᠠᠳᠬᠠᠵᠤ᠂ ᠴᠥᠬᠡᠨ ᠲᠣᠭᠠᠲᠤ ᠦᠨᠳᠦᠰᠦᠲᠡᠨ ᠤ | ᠦᠬᠡ ᠬᠡᠯᠡᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠦᠢᠯᠡᠰ ᠤᠨ ᠴᠡᠴᠡᠭᠯᠡᠨ ᠬᠥᠭᠵᠢᠬᠦ ᠶᠢ | ᠠᠬᠢᠭᠤᠯᠤᠨ᠎ᠠ᠃ | 3. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠶᠢ ᠵᠢᠯᠤᠭᠤᠳᠬᠤ᠂ | ᠵᠤᠬᠢᠴᠠᠭᠤᠯᠬᠤ ᠠᠬᠢᠭᠤᠯᠬᠤ ᠶᠢ ᠴᠢᠩᠭᠠᠳᠬᠠᠨ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠦᠢᠯᠡᠰ ᠤᠨ ᠪᠠᠶᠢᠳᠠᠯ ᠢ ᠨᠢᠬᠡᠳᠬᠡᠬᠦ ᠪᠠᠨ ᠴᠢᠩᠭᠠᠳᠬᠠᠨ᠂ | ᠶᠡᠷᠦᠩᠬᠡᠶᠢᠯᠡᠨ ᠲᠦᠪᠯᠡᠷᠡᠬᠦᠯᠦᠨ ᠬᠦᠭᠵᠢᠭᠦᠯᠬᠦ ᠶᠢ ᠠᠬᠢᠭᠤᠯᠤᠨ᠎ᠠ᠃ | 4. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠨ᠎ᠠ᠃ | 5. ᠡᠯᠧᠺᠲᠷᠣᠨ ᠬᠡᠪᠯᠡᠯ ᠵᠢᠴᠢ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡ᠂ ᠣᠯᠠᠨ | ᠨᠡᠶᠢᠲᠡ ᠶᠢᠨ ᠦᠵᠡᠵᠦ ᠰᠣᠨᠣᠰᠬᠤ ᠠᠴᠢᠶᠠᠯᠠᠪᠤᠷᠢ ᠶᠢᠨ ᠨᠡᠪᠳᠡᠷᠡᠭᠦᠯᠬᠦ ᠷᠠᠳᠢᠤ᠋ ᠺᠢᠨᠤ᠋ ᠲᠧᠯᠸᠢᠰ ᠤᠨ ᠫᠷᠤᠭ᠍ᠷᠠᠮ ᠢ | ᠲᠦᠯᠦᠪᠵᠢᠭᠦᠯᠦᠨ ᠵᠢᠯᠤᠭᠤᠳᠬᠤ ᠪᠠ ᠬᠢᠨᠠᠯᠲᠠ ᠲᠠᠯᠪᠢᠨ ᠬᠠᠮᠢᠶᠠᠷᠬᠤ ᠶᠢ ᠴᠢᠩᠭᠠᠳᠬᠠᠵᠤ᠂ ᠲᠡᠭᠦᠨ ᠤ ᠡᠷᠡᠭᠦᠯ ᠢᠶᠠᠷ | ᠬᠥᠭᠵᠢᠬᠦ ᠶᠢ ᠵᠣᠬᠢᠴᠠᠭᠤᠯᠣᠨ ᠠᠬᠢᠭᠤᠯᠤᠨ᠎ᠠ᠃ | 6. ᠵᠣᠬᠢᠶᠠᠨ ᠪᠦᠳᠤᠭᠡᠯ ᠤᠨ ᠡᠷᠬᠡ ᠶᠢᠨ ᠬᠠᠮᠠᠭᠠᠯᠠᠯᠳᠠ ᠬᠠᠮᠢᠶᠠᠷᠤᠯᠲᠠ᠂ ᠣᠯᠠᠨ ᠨᠡᠶᠢᠲᠡ ᠶᠢᠨ | ᠦᠢᠯᠡᠴᠢᠯᠡᠭᠡ ᠪᠠ ᠤᠯᠤᠰ ᠠᠴᠠ ᠡᠷᠬᠡ ᠣᠯᠭᠤᠭᠰᠠᠨ ᠳᠡᠯᠡᠬᠡᠢ ᠨᠡᠶᠢᠳᠡ ᠶᠢᠨ ᠠᠷᠭᠠᠴᠠᠭᠠᠯ ᠢᠶᠠᠨ ᠴᠢᠩᠭᠠᠳᠬᠠᠵᠤ᠂ | ᠡᠷᠬᠡ ᠳᠤ ᠬᠠᠯᠳᠠᠬᠤ ᠬᠠᠭᠤᠷᠮᠠᠭ ᠢ ᠬᠡᠪᠯᠡᠬᠦ ᠶᠢ ᠡᠰᠡᠷᠭᠦᠴᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ | 7. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠭᠠᠳᠠᠭᠠᠳᠤ ᠳᠤ ᠳᠠᠮᠵᠢᠭᠤᠯᠬᠤ ᠴᠢᠳᠠᠪᠤᠷᠢ ᠶᠢᠨ | ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ︽ᠭᠠᠳᠠᠭᠰᠢ | ᠭᠠᠷᠬᠤ︾ ᠠᠵᠢᠯ ᠢ ᠵᠣᠬᠢᠴᠠᠭᠤᠯᠤᠨ ᠠᠬᠢᠭᠤᠯᠤᠨ᠎ᠠ᠃ | 8. ᠬᠠᠮᠢᠶᠠᠷᠤᠯᠲᠠ ᠶᠢᠨ ᠣᠨᠣᠯᠵᠢᠬᠤᠨ ᠪᠠ ᠠᠷᠭ᠎ᠠ ᠪᠠᠷᠢᠯ ᠤᠨ ᠰᠢᠨ᠎ᠡ ᠶᠢ ᠡᠭᠦᠳᠤᠨ ᠬᠤᠪᠢᠷᠠᠭᠤᠯᠬᠤ ᠶᠢ | ᠴᠢᠩᠭᠠᠳᠬᠠᠨ᠂ ᠵᠠᠬ᠎ᠠ ᠳᠡᠯᠭᠡᠭᠦᠷ ᠪᠠᠷ ᠲᠤᠬᠢᠷᠠᠭᠤᠯᠬᠤ᠂ ᠨᠡᠶᠢᠭᠡᠮ ᠠᠴᠠ ᠬᠢᠨᠠᠯᠲᠠ ᠲᠠᠯᠪᠢᠬᠤ ᠪᠠ ᠠᠵᠢᠯ | ᠲᠥᠷᠥᠯ ᠤᠨ ᠬᠢᠨ ᠥᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠤᠬᠠᠭᠤᠯᠭ᠎ᠠ ᠶᠢᠨ | ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠬᠠᠷᠢᠭᠤᠴᠠᠵᠦ᠂ ᠵᠥᠪ ᠶᠠᠷᠢᠶ᠎ᠡ ᠬᠡᠯᠡᠯᠴᠡᠭᠡᠨ ᠤ | ᠤᠳᠤᠷᠢᠳᠤᠮᠵᠢ ᠪᠠ ᠵᠣᠬᠢᠶᠠᠨ ᠪᠦᠳᠤᠭᠡᠯ ᠤᠨᠤᠳᠤᠷᠢᠳᠤᠮᠵᠢ ᠶᠢ ᠡᠵᠡᠮᠰᠢᠨ᠎ᠡ᠃ | ︵ᠬᠤᠶᠠᠷ︶ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠪᠠ ᠵᠣᠬᠢᠶᠠᠨ ᠪᠥᠲᠦᠭᠡᠬᠦ ᠡᠷᠬᠡ ᠶᠢᠨ | ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠦᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠲᠥᠰᠦᠯ ᠢ ᠨᠤᠤᠷᠠᠭᠯᠠᠬᠤ ᠶᠢ ᠬᠠᠷᠢᠭᠤᠴᠠᠵᠦ᠂ ᠪᠥᠬᠦ ᠣᠷᠣᠨ ᠤ ᠲᠥᠷᠥ ᠶᠢᠨ ᠪᠣᠳᠤᠯᠭ᠎ᠠ ᠶᠢᠨ | ᠠᠷᠭ᠎ᠠ ᠬᠡᠮᠵᠢᠶ᠎ᠡ᠂ ᠠᠵᠢᠯ ᠲᠥᠷᠥᠯ ᠤᠨ ᠪᠠᠷᠢᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠨ᠎ᠠ᠃ | ︵ᠭᠤᠷᠪᠠ︶ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠠᠵᠢᠯ | ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠤᠯᠭ᠎ᠠ ᠪᠠ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ | ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠣᠯᠠᠨ ᠨᠡᠶᠢᠲᠡ ᠶᠢᠨ ᠦᠨᠳᠤᠰᠤᠨ | ᠦᠢᠯᠡᠴᠢᠯᠡᠭᠡᠨ ᠤ ᠪᠠᠶᠢᠭᠤᠯᠬᠤ ᠪᠠ ᠬᠠᠮᠢᠶᠠᠷᠬᠤ ︵ᠴᠢᠬᠤᠯᠡ ᠶᠡᠭᠡ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ︶ ᠶᠢ ᠬᠠᠷᠢᠭᠤᠴᠠᠵᠤ᠂ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠦᠬᠡᠨ ᠳᠤᠭᠠᠳᠤ ᠦᠨᠳᠤᠰᠤᠳᠡᠨ ᠤ ᠭᠠᠵᠠᠷ ᠣᠷᠣᠨ ᠬᠢᠯᠢ | ᠬᠢᠵᠠᠭᠠᠷ ᠤᠷᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ | ᠪᠥᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠳᠬᠦᠬᠦ ᠶᠢ ᠬᠠᠷᠢᠭᠤᠴᠠᠨ᠎ᠠ᠃ ᠪᠥᠬᠦ ᠣᠷᠣᠨ ᠤ ᠬᠠᠭᠤᠴᠢᠨ ᠤ | ᠨᠤᠮ ᠪᠢᠴᠢᠭ ᠢ ᠡᠮᠬᠢᠯᠡᠨ ᠬᠡᠪᠯᠡᠬᠦ ᠲᠥᠯᠥᠪᠵᠢᠭᠦᠯᠭᠡ ᠶᠢ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠬᠦᠯᠬᠦ ᠶᠢ ᠬᠠᠷᠢᠭᠤᠴᠠᠨ᠎ᠠ᠃ | ︵ᠳᠥᠷᠪᠡ︶ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ | ᠬᠥᠭᠵᠢᠯᠲᠡ ᠶᠢ ᠨᠢᠭᠡᠳᠤᠯᠲᠠᠢ ᠲᠦᠯᠦᠪᠵᠢᠬᠦᠯᠵᠦ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ | ᠲᠥᠷᠥ ᠶᠢᠨ ᠪᠣᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠨᠢᠨ ᠮᠡᠳᠡᠭᠡ | ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠬᠤ ᠶᠢ ᠬᠠᠷᠢᠭᠤᠴᠠᠨ᠎ᠠ᠃ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ | ︵ᠲᠠᠪᠤ︶ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠪᠠᠶᠢᠭᠤᠯᠤᠮᠵᠢ ᠪᠤᠯᠤᠨ | ᠲᠤᠬᠠᠶᠢᠯᠠᠭᠰᠠᠨ ᠠᠵᠢᠯ ᠵᠢᠴᠢ ᠬᠡᠪᠯᠡᠭᠳᠡᠭᠦᠨ᠂ ᠷᠠᠳᠢᠤ᠋ ᠺᠢᠨᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠪᠠ ᠶᠠᠰᠤ | ᠴᠢᠨᠠᠷ ᠲᠤ ᠬᠢᠨᠠᠯᠲᠠ ᠲᠠᠯᠪᠢᠨ ᠬᠠᠮᠢᠶᠠᠷᠴᠤ᠂ ᠬᠠᠦᠯᠢ ᠶᠣᠰᠤᠭᠠᠷ ᠲᠣᠭᠲᠠᠭᠠᠭᠰᠠᠨ ᠵᠠᠰᠠᠭ ᠵᠠᠬᠢᠷᠭᠠᠨ ᠤ | ᠵᠦᠪᠰᠢᠶᠡᠷᠡᠯ ᠢ ᠬᠡᠷᠡᠭᠵᠢᠭᠦᠯᠬᠦ ᠶᠢᠨ ᠬᠠᠮᠲᠤ ᠬᠠᠷᠢᠴᠠᠩᠭᠤᠢ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠂ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠠᠵᠢᠯ ᠢ ᠵᠢᠯᠤᠭᠤᠳᠴᠤ᠂ ᠬᠠᠦᠯᠢ | ᠠᠴᠠ ᠵᠦᠷᠢᠴᠡᠭᠰᠡᠨ ᠲᠣᠭᠲᠠᠭᠠᠯ ᠠᠴᠠ ᠵᠦᠷᠢᠴᠡᠭᠰᠡᠨ ᠬᠦᠨᠳᠤ ᠴᠢᠬᠤᠯᠠ ᠠᠵᠢᠯᠯᠠᠭ᠎ᠠ ᠶᠢ ᠵᠤᠬᠢᠶᠠᠨ ᠪᠠᠶᠢᠭᠤᠯᠤᠨ | ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠷᠠᠳᠢᠣ᠋ ᠺᠢᠨᠣ᠋ ᠲᠧᠯᠸᠢᠰ ᠤᠨ ᠵᠠᠷ ᠨᠡᠪᠳᠡᠷᠡᠭᠦᠯᠬᠡ ᠶᠢ ᠬᠢᠨᠠᠨ | ᠬᠠᠮᠢᠶᠠᠷᠬᠤ ᠶᠢ ᠵᠢᠯᠤᠭᠤᠳᠤᠨ᠎ᠠ᠃ ᠪᠦᠬᠦ ᠣᠷᠣᠨ ᠤ ᠰᠣᠨᠢᠨ ᠮᠡᠳᠡᠭᠡᠨ ᠤ ᠰᠣᠷᠪᠤᠯᠵᠢᠯᠠᠭᠴᠢ ᠶᠢᠨ ᠦᠨᠡᠮᠯᠡᠯ ᠢ | ᠬᠠᠮᠢᠶᠠᠷᠬᠤ ᠶᠢ ᠬᠠᠷᠢᠭᠤᠴᠠᠨ᠎ᠠ᠃ | ︵ᠵᠢᠷᠭᠤᠭ᠎ᠠ︶ ᠪᠥᠬᠦ ᠣᠷᠣᠨ ᠤ ᠢᠨᠲ᠋ᠧᠷᠨᠧᠲ ᠰᠦᠯᠵᠢᠶ᠎ᠡ ᠶᠢᠨ ᠬᠡᠪᠯᠡᠭᠳᠡᠭᠦᠨ ᠪᠠ ᠭᠠᠷ ᠤᠲᠠᠰᠤᠨ ᠤ ᠨᠣᠮ | ᠰᠡᠳᠬᠦᠯ᠂ ᠭᠠᠷ ᠤᠲᠠᠰᠤᠨ ᠤ ᠤᠳᠬ᠎ᠠ ᠵᠣᠬᠢᠶᠠᠯ ᠤᠨ ᠲᠤᠬᠠᠶᠢᠯᠠᠭᠰᠠᠨ ᠠᠵᠢᠯ ᠢ ᠨᠡᠬᠡᠬᠡᠨ ᠡᠷᠬᠢᠯᠡᠬᠦ ᠵᠡᠷᠭᠡ | ᠲᠣᠭᠠᠴᠢᠯᠠᠭᠰᠠᠨ ᠬᠡᠪᠯᠡᠭᠳᠡᠬᠦᠨ ᠤ ᠠᠭᠤᠯᠭ᠎ᠠ ᠪᠠ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ︵ᠳᠣᠯᠤᠭ᠎ᠠ︶ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ | ᠤᠶᠠᠯᠳᠤᠯ ᠢ ᠲᠦᠯᠬᠢᠨ ᠠᠬᠢᠭᠤᠯᠵᠤ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ | ᠰᠢᠨᠵᠢᠯᠡᠬᠦ ᠤᠬᠠᠭᠠᠨᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠤᠯᠭ᠎ᠠ ᠪᠠ ᠠᠵᠢᠯ | ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢ ᠬᠠᠦᠯᠢ ᠶᠣᠰᠤᠭᠠᠷ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠷᠠᠳᠢᠤ᠋ ᠲᠧᠯᠸᠢᠰ ᠤᠨ ᠫᠷᠤᠭ᠍ᠷᠠᠮ ᠤᠨ ᠳᠠᠮᠵᠢᠭᠤᠯᠭ᠎ᠠ | ᠶᠢ ᠪᠥᠷᠬᠦᠭᠦᠯᠬᠦ᠂ ᠬᠢᠨᠠᠨ ᠬᠡᠮᠵᠢᠬᠦ ᠪᠠ ᠠᠮᠤᠷ ᠲᠥᠪᠰᠢᠨ ᠨᠡᠪᠲᠡᠷᠡᠭᠦᠯᠬᠦ ᠶᠢ ᠬᠢᠨᠠᠨ ᠬᠠᠮᠢᠶᠠᠷᠴᠤ᠂ ᠷᠠᠳᠢᠣ᠋ ᠺᠢᠨᠣ᠋ | ᠲᠧᠯᠸᠢᠰ ᠤᠨ ᠰᠦᠯᠵᠢᠶ᠎ᠡ ᠪᠣᠯᠣᠨ ᠴᠠᠬᠢᠯᠭᠠᠨ ᠬᠤᠯᠪᠤᠭᠠᠨ ᠤ ᠰᠦᠯᠵᠢᠶ᠎ᠡ᠂ ᠢᠨᠲ᠋ᠧᠷᠨᠧᠲ ᠰᠦᠯᠵᠢᠶ᠎ᠡ ᠶᠢᠨ | ᠤᠶᠠᠯᠳᠤᠯ ᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠪᠥᠲᠦᠭᠡᠨ | ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ᠃ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠰᠢᠰᠲ᠋ᠧᠮ | ᠤᠨ ᠠᠮᠤᠷ ᠲᠥᠪᠰᠢᠨ ᠢ ᠬᠠᠮᠠᠭᠠᠯᠠᠬᠤ ᠠᠵᠢᠯ ᠢ ᠵᠢᠯᠤᠭᠤᠳᠬᠤ᠂ ᠵᠤᠬᠢᠴᠠᠭᠤᠯᠬᠤ ᠶᠢ ᠬᠠᠷᠢᠭᠤᠴᠠᠨ᠎ᠠ᠃ | ︵ᠨᠠᠢᠮᠠ︶ ᠪᠥᠬᠦ ᠣᠷᠣᠨ ᠤ ᠬᠡᠪᠯᠡᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠶᠢᠰᠦ︶ ᠪᠥᠬᠦ ᠣᠷᠣᠨ ᠤ ᠬᠡᠪᠯᠡᠭᠳᠡᠬᠦᠨ ᠢ ᠭᠠᠳᠠᠭᠠᠳᠤ ᠠᠴᠠ ᠣᠷᠤᠭᠤᠯᠬᠤ ᠬᠠᠮᠢᠶᠠᠷᠤᠯᠲᠠ ᠪᠠ ᠷᠠᠳᠢᠣ᠋ ᠺᠢᠨᠣ᠋ | ᠲᠧᠯᠸᠢᠰ ᠤᠨ ᠫᠷᠤᠭ᠍ᠷᠠᠮ ᠢ ᠭᠠᠳᠠᠭᠠᠳᠤ ᠠᠴᠠ ᠣᠷᠤᠭᠤᠯᠬᠤ᠂ ᠬᠤᠷᠢᠶᠠᠬᠤ ᠰᠢᠩᠭᠡᠭᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠤ ︽ᠭᠠᠳᠠᠭᠰᠢ | ᠭᠠᠷᠬᠤ︾ ᠠᠵᠢᠯ ᠢ ᠵᠣᠬᠢᠴᠠᠭᠤᠯᠣᠨ ᠠᠬᠢᠭᠤᠯᠤᠨ᠎ᠠ᠃ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠪᠠ ᠵᠤᠬᠢᠶᠠᠯ ᠪᠦᠳᠤᠭᠡᠯ ᠤᠨᠡᠷᠬᠡ ᠶᠢᠨ ᠬᠠᠮᠢᠶᠠᠷᠤᠯᠲᠠ ᠶᠢᠨ ᠬᠦᠷᠢᠶᠡᠨ ᠤ ᠭᠠᠳᠠᠭᠠᠳᠤ ᠯᠤᠭ᠎ᠠ ᠵᠢᠴᠢ | ᠰᠢᠶᠠᠩᠭᠠᠩ ᠤᠤᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠣᠯᠣᠨ ᠬᠠᠮᠵᠢᠯᠴᠠᠭ᠎ᠠ ᠶᠢ ᠬᠠᠷᠢᠭᠤᠴᠠᠨ᠎ᠠ᠃ | ︵ᠠᠷᠪᠠ︶ ᠪᠦᠬᠦ ᠣᠷᠣᠨ ᠤ ᠵᠤᠬᠢᠶᠠᠯ ᠪᠦᠳᠤᠭᠡᠯ ᠤᠨ ᠡᠷᠬᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ | ᠦᠢᠯᠡᠴᠢᠯᠡᠭᠡ ᠶᠢ ᠬᠠᠷᠢᠭᠤᠴᠠᠵᠤ᠂ ᠵᠤᠬᠢᠶᠠᠯ ᠪᠦᠳᠤᠭᠡᠯ ᠤᠨ ᠡᠷᠬᠡ ᠳᠤ ᠬᠠᠯᠳᠠᠭᠰᠠᠨ ᠬᠠᠭᠤᠷᠮᠠᠭ ᠬᠡᠪᠯᠡᠭᠰᠡᠨ ᠬᠡᠷᠡᠭ | ᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠨᠢᠭᠡ︶ ᠪᠦᠬᠦ ᠣᠷᠣᠨ ᠤ ︽ᠱᠠᠯᠢᠨ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ | ᠭᠡᠪᠯᠡᠭᠳᠠᠭᠦᠨ ᠳᠤ ᠴᠣᠭᠢᠯᠳᠠ ᠥᠭᠭᠦ︾ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠶᠢ | ᠬᠠᠷᠢᠭᠤᠴᠠᠨ᠂ ᠪᠦᠬᠦ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ ᠭᠡᠪᠯᠡᠭᠳᠠᠭᠦᠨ ᠳᠤ | ᠴᠣᠭᠢᠯᠳᠠ ᠥᠭᠭᠦ︾ ᠶᠢᠨ ᠬᠠᠦᠯᠢ ᠬᠡᠷᠡᠭᠵᠢᠭᠦᠯᠬᠦ ᠠᠵᠢᠯ ᠪᠠ ᠬᠥᠨᠳᠤ ᠴᠢᠬᠤᠯᠡ ᠬᠡᠷᠡᠭ ᠵᠢᠴᠢ ᠬᠠᠦᠯᠢ ᠪᠣᠰᠤ | ᠬᠡᠪᠯᠡᠭᠳᠡᠭᠦᠨ ᠪᠣᠯᠣᠨ ᠬᠠᠦᠯᠢ ᠪᠣᠰᠤ ᠬᠡᠪᠯᠡᠯ ᠢ ᠲᠠᠷᠬᠠᠭᠠᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ | ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ | ᠭᠡᠪᠯᠡᠭᠳᠠᠭᠦᠨ ᠳᠤ ᠴᠣᠭᠢᠯᠳᠠ ᠥᠭᠭᠦ︾ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠣᠲᠣᠮ ᠤᠨ ᠠᠵᠢᠯ ᠢ | ᠡᠭᠦᠷᠭᠡᠯᠡᠨ᠎ᠡ᠃ | ︵ᠠᠷᠪᠠᠨ ᠬᠤᠶᠠᠷ︶ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠤᠬᠠᠭᠤᠯᠭ᠎ᠠ᠂ ᠬᠥᠭᠵᠢᠯᠲᠡ᠂ | ᠳᠠᠮᠵᠢᠭᠤᠯᠭ᠎ᠠ ᠶᠢ ᠪᠥᠷᠬᠦᠭᠦᠯᠬᠦ ᠵᠡᠷᠭᠡ ᠴᠢᠬᠤᠯᠡ ᠶᠡᠭᠡ ᠬᠡᠷᠡᠭ ᠶᠠᠪᠤᠳᠠᠯ ᠢ ᠵᠢᠯᠤᠭᠤᠳᠬᠤ᠂ ᠵᠣᠬᠢᠴᠠᠭᠤᠯᠬᠤ ᠪᠠ | ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠭᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | ᠭᠤᠷᠪᠡ᠂ ᠪᠣᠰᠤᠳ ᠵᠦᠢᠯᠡᠰ | ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠲᠣᠪᠴᠢᠶ᠎ᠡ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ | ᠲᠣᠪᠴᠢᠶ᠎ᠡ ᠶᠢᠨ ᠫᠠᠶᠢᠰᠠ ᠶᠢ ᠨᠡᠮᠡᠨ ᠡᠯᠭᠦᠵᠦ᠂ ᠵᠣᠬᠢᠶᠠᠨ ᠪᠦᠳᠤᠭᠡᠯ ᠤᠨ ᠡᠷᠬᠡ ᠶᠢᠨ ᠬᠠᠮᠢᠶᠠᠷᠤᠯᠲᠠ ᠶᠢᠨ ᠲᠠᠯ᠎ᠠ ᠪᠠᠷ | ᠂ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠤᠪᠴᠢᠶ᠎ᠠ ᠶᠢᠨ ᠨᠡᠷ᠎ᠡ ᠪᠠᠷ ᠡᠷᠬᠡ ᠲᠤᠰᠢᠶᠠᠯ ᠢᠶᠠᠨ | ᠬᠡᠷᠡᠭᠵᠢᠭᠦᠯᠦᠨ᠎ᠡ᠃ | ︵ᠬᠤᠶᠠᠷ︶ ᠺᠠᠷᠲ᠋ᠣᠨ ᠺᠢᠨᠣ᠋ ᠪᠠ ᠰᠦᠯᠵᠢᠶᠡᠨ ᠤ ᠲᠣᠭᠯᠠᠭᠠᠮ ᠤᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ | ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠡ ᠨᠢ ᠪᠥᠬᠦ ᠣᠷᠣᠨ ᠤ ᠺᠢᠨᠣ᠋ ᠲᠧᠯᠸᠢᠰ ᠤᠨ ᠺᠠᠷᠲ᠋ᠣᠨ | ᠺᠢᠨᠣ᠋ ᠶᠢᠨ ᠫᠷᠤᠭ᠍ᠷᠠᠮ᠂ ᠰᠦᠯᠵᠢᠶᠡᠨ ᠳᠡᠭᠡᠷ᠎ᠡ ᠦᠵᠡᠵᠦ ᠰᠣᠨᠣᠰᠬᠤ ᠺᠠᠷᠲ᠋ᠣᠨ ᠺᠢᠨᠣ᠋ ᠶᠢᠨ ᠫᠷᠤᠭ᠍ᠷᠠᠮ ᠢ ᠬᠠᠮᠢᠶᠠᠷᠴᠤ᠂ | ᠲᠣᠭᠯᠠᠭᠠᠮ ᠤᠨ ᠬᠡᠪᠯᠡᠭᠳᠡᠭᠦᠨ ᠢ ᠰᠦᠯᠵᠢᠶᠡᠨ ᠳᠡᠭᠡᠷ᠎ᠡ ᠬᠡᠪᠯᠡᠨ ᠲᠠᠷᠬᠠᠭᠠᠬᠤ ᠳᠤ ᠤᠷᠢᠳᠠᠴᠢ ᠬᠢᠨᠠᠨ ᠬᠠᠷᠭᠤᠭᠤᠯᠤᠯᠳᠠ | ᠬᠢᠨ᠎ᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠨᠢ ᠺᠠᠷᠲ᠋ᠣᠨ ᠺᠢᠨᠣ᠋ ᠪᠠ ᠰᠦᠯᠵᠢᠶᠡᠨ ᠤ | ᠲᠣᠭᠯᠠᠭᠠᠮ ᠤᠨ ᠬᠠᠮᠢᠶ᠎ᠠ ᠪᠥᠬᠦᠢ ᠠᠵᠤ ᠦᠢᠯᠡᠰ ᠤᠨ ᠲᠥᠯᠥᠪᠵᠢᠭᠦᠯᠭᠡ᠂ ᠠᠵᠤ ᠦᠢᠯᠡᠰ ᠤᠨ ᠰᠠᠭᠤᠷᠢᠨ ᠭᠠᠵᠠᠷ᠂ | ᠲᠥᠷᠥᠯ ᠵᠦᠢᠯ ᠤᠨ ᠪᠥᠲᠦᠭᠡᠨ ᠪᠠᠶᠢᠭᠤᠯᠤᠯᠲᠠ᠂ ᠬᠠᠮ ᠦᠵᠡᠰᠭᠦᠯᠡᠩ ᠤᠨ ᠠᠷᠠᠯᠵᠢᠶ᠎ᠡ ᠪᠠ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ︵ᠭᠤᠷᠪᠡ︶ ᠬᠠᠷᠢᠶ᠎ᠡ ᠪᠥᠬᠦᠢ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠳᠠ᠂ ᠡᠭᠦᠷᠭᠡ | ᠬᠠᠷᠢᠭᠤᠴᠠᠯᠭ᠎ᠠ ᠪᠠ ᠣᠷᠣᠨ ᠲᠤᠭ᠎ᠠ ᠶᠢᠨ ᠶᠠᠪᠤᠳᠠᠯ ᠢ ᠠᠰᠲᠠᠭᠠᠨ ᠲᠣᠭᠲᠠᠭᠠᠨ᠎ᠠ᠃ | ᠳᠥᠷᠪᠡ᠂ ᠳᠠᠭᠠᠯᠳᠤᠭᠤᠯᠤᠯ ᠳᠦᠷᠢᠮ | ᠲᠤᠰ ᠲᠤᠬᠳᠠᠭᠠᠯ ᠢ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠣᠮᠵᠢ ᠶᠢᠨ ᠣᠷᠣᠨ | ᠲᠣᠭᠠᠨ ᠤ ᠵᠦᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠣᠷᠢᠯᠠᠵᠤ᠂ ᠲᠤᠬᠢᠷᠠᠭᠤᠯᠤᠯᠳᠠ ᠶᠢ ᠨᠢ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠣᠮᠵᠢ ᠶᠢᠨ ᠣᠷᠣᠨ ᠲᠣᠭᠠᠨ ᠤ ᠵᠦᠪᠯᠡᠯ ᠤᠨ ᠠᠯᠪᠠᠨ ᠭᠡᠷ | ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ ᠭᠦᠢᠴᠡᠳᠬᠡᠨ᠎ᠡ᠃ | |