| 4 ᠰᠠᠷ᠎ᠠ ᠶᠢᠨ 22 ᠤᠨ ᠡᠳᠦᠷ᠂ ︽ᠪᠢᠴᠢᠭ ᠤᠨ ᠰᠤᠷᠪᠤᠯᠵᠢᠳᠦ ᠥᠪᠦᠷ ᠮᠤᠩᠭᠤᠯ · | ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ︾ ᠭᠤᠤᠯ ᠰᠡᠳᠦᠪᠳᠦ 2015 ᠤᠨ ᠤ ᠲᠠᠯ᠎ᠠ ᠨᠤᠳᠤᠭ ᠤᠨ | ᠨᠤᠮ ᠤᠡᠭᠰᠢᠬᠤ ᠤᠯᠠᠷᠢᠯ ᠤᠨ ᠠᠵᠢᠯᠯᠠᠭ᠎ᠠ ᠬᠦᠬᠡᠬᠤᠳᠠᠨ᠎ᠠ ᠡᠬᠢᠯᠡᠪᠡ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠡᠬᠢᠯᠡᠯᠳᠠ ᠶᠢᠨ ᠶᠤᠰᠤᠯᠠᠯ ᠳᠤ | ᠤᠷᠤᠯᠴᠠᠵᠠᠢ᠃ | ᠰᠤᠷᠪᠤᠯᠵᠢᠯᠠᠭᠴᠢ 2015 ᠤᠨ ᠤ ᠲᠠᠯ᠎ᠠ ᠨᠤᠳᠤᠭ ᠤᠨ ᠨᠤᠮ ᠤᠡᠭᠰᠢᠬᠤ ᠤᠯᠠᠷᠢᠯ ᠤᠨ | ᠠᠵᠢᠯᠯᠠᠭ᠎ᠠ ᠶᠢᠨ ᠤᠳᠤᠷᠢᠳᠬᠤ ᠲᠤᠭᠤᠢᠢᠯᠠᠩ ᠠᠴᠠ ᠤᠢᠢᠯᠠᠭᠠᠭᠰᠠᠨ ᠢᠶᠠᠷ᠂ 2015 ᠤᠨ ᠤ ᠲᠠᠯ᠎ᠠ ᠨᠤᠳᠤᠭ ᠤᠨ | ᠨᠤᠮ ᠤᠡᠭᠰᠢᠬᠤ ᠤᠯᠠᠷᠢᠯ ᠤᠨ ᠠᠵᠢᠯᠯᠠᠭ᠎ᠠ ᠲᠤ ︽ᠪᠢᠴᠢᠭ ᠤᠨ ᠰᠤᠷᠪᠤᠯᠵᠢᠳᠤ ᠥᠪᠦᠷ ᠮᠤᠩᠭᠤᠯ · ᠰᠤᠳᠤᠨ | ᠪᠦᠳᠦᠭᠡᠭᠳᠡᠬᠦᠨ ᠤ ᠤᠩᠰᠢᠯᠭ᠎ᠠ︾ ︽ᠪᠢᠴᠢᠭ ᠤᠨ ᠰᠤᠷᠪᠤᠯᠵᠢᠳᠦ ᠥᠪᠦᠷ ᠮᠤᠩᠭᠤᠯ · ᠲᠤᠭᠠᠴᠢᠯᠠᠬᠰᠠᠠ ᠤᠩᠰᠢᠯᠭ᠎ᠠ | ︾ ︽ᠪᠢᠴᠢᠭ ᠤᠨ ᠰᠤᠷᠪᠤᠯᠵᠢᠳᠦ ᠥᠪᠦᠷ ᠮᠤᠩᠭᠤᠯ · ᠤᠩᠰᠢᠯᠭ᠎ᠠ ᠶᠢᠨ ᠰᠠᠭᠤᠷᠢ︾ ᠭᠤᠷᠪᠡᠨ ᠲᠦᠷᠦᠯ ᠤᠨ | ᠭᠤᠤᠯᠳᠠᠯᠭ᠎ᠠ ᠲᠠᠢ ᠢᠨᠵᠧᠨᠧᠷᠢᠩ ᠪᠠ ᠨᠤᠮ ᠪᠢᠴᠢᠭ ᠢ ᠨᠡᠶᠢᠭᠡᠮ ᠲᠤᠭᠤᠷᠢᠭ ᠵᠢᠴᠢ ᠮᠠᠯᠵᠢᠬᠤ ᠲᠠᠷᠢᠶᠠᠯᠠᠬᠤ ᠤᠷᠤᠨ ᠤ | ᠭᠡᠷ ᠪᠦᠯᠢ ᠳᠤ ᠤᠷᠤᠭᠤᠯᠬᠤ ᠵᠡᠷᠭᠡ ᠪᠠᠶᠢᠬᠤ ᠠᠴᠠ ᠭᠠᠳᠠᠨ᠎ᠠ ᠪᠠᠰᠠ ᠦᠪᠡᠷᠲᠡᠭᠡᠨ ᠵᠠᠰᠠᠬᠤ ᠤᠷᠤᠨ ᠤ | ᠭᠤᠷᠪᠠᠳᠤᠭᠠᠷ ᠬᠤᠭᠤᠴᠠᠭᠠᠨ ᠤ ︽ᠠᠷᠪᠡᠨ ᠶᠡᠭᠡ ᠨᠤᠮ ᠬᠠᠳᠠᠭᠠᠯᠠᠭᠴᠢ︾ ᠶᠢ ᠰᠢᠯᠭᠠᠷᠠᠭᠤᠯᠬᠤ ᠵᠢᠴᠢ ᠨᠤᠮ | ᠤᠩᠰᠢᠬᠤ ᠡᠯᠰᠡᠭᠰᠡᠨ ᠵᠤᠬᠢᠶᠠᠯ ᠤᠨ ᠤᠷᠤᠯᠳᠤᠭᠠᠨ ᠵᠡᠷᠭᠡ 10 ᠲᠠᠯ᠎ᠠ ᠶᠢᠨ ᠠᠵᠢᠯᠯᠠᠭ᠎ᠠ ᠦᠷᠨᠢᠬᠦᠯᠬᠦ ᠪᠤᠯᠤᠨ᠎ᠠ᠃ | 2015 ᠤᠨ ᠤ ᠲᠠᠯ᠎ᠠ ᠨᠤᠳᠤᠭ ᠤᠨ ᠨᠤᠮ ᠤᠡᠭᠰᠢᠬᠤ ᠤᠯᠠᠷᠢᠯ ᠤᠨ ᠠᠵᠢᠯᠯᠠᠭ᠎ᠠ ᠶᠢ ᠦᠪᠡᠷᠲᠡᠭᠡᠨ | ᠵᠠᠰᠠᠬᠤ ᠤᠷᠤᠨ ᠤ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠤᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠪᠠ ᠥᠪᠦᠷ | ᠮᠤᠩᠭᠤᠯ ᠤᠨ ᠳᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠭᠡᠢ ᠠᠩᠬᠢ ᠠᠴᠠ ᠭᠤᠤᠯᠯᠠᠨ | ᠡᠷᠬᠢᠯᠡᠵᠦ᠂ 7 ᠰᠠᠷ᠎ᠠ ᠶᠢᠨ ᠰᠡᠬᠦᠯᠴᠢ ᠪᠠᠷ ᠳᠠᠭᠤᠰᠬᠤ ᠪᠤᠯᠤᠨ᠎ᠠ᠃ |