ᠨᠢᠭᠡᠳᠦᠭᠡᠷ ᠤᠯᠠᠷᠢᠯ  ᠤᠨ ᠦᠪᠦᠷ ᠮᠤᠩᠭᠤᠯ  ᠤᠨ ᠠᠵᠤ ᠠᠬᠤᠢ ᠶᠢᠨ ᠡᠷᠬᠢᠯᠲᠡ ᠶᠡᠷᠦᠩᠭᠡᠢ ᠳᠡᠭᠡᠨ ᠲᠣᠭᠲᠠᠭᠤᠨ ᠢᠶᠠᠷ ᠡᠬᠢᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠲᠠᠢ ᠦᠨᠳᠦᠰᠦᠨ ᠳᠡᠭᠡᠨ ᠨᠡᠶᠢᠴᠡᠵᠦ ᠪᠣᠢ
ᠨᠡᠶᠢᠲᠡᠯᠡᠭᠰᠡᠨ ᠴᠠᠭ᠄
2015/4/27
     ᠡᠨᠡ ᠵᠢᠯ ᠠᠴᠠ ᠨᠠᠰᠢ ᠦᠪᠡᠷᠲᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ ᠶᠢᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠲᠦᠪ  ᠤᠨ ᠠᠵᠤ ᠠᠬᠤᠢ ᠶᠢᠨ ᠠᠵᠢᠯ  ᠤᠨ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ  ᠤ ᠶᠢᠰᠦᠳᠦᠭᠡᠷ ᠬᠤᠭᠤᠴᠠᠭᠠᠨ  ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠭᠡᠰᠢᠭᠦᠳ  ᠤᠨ ᠬᠤᠷᠠᠯ ᠵᠢᠴᠢ ᠪᠦᠬᠦ ᠤᠷᠤᠨ  ᠤ ᠠᠵᠤ ᠠᠬᠤᠢ ᠶᠢᠨ ᠠᠵᠢᠯ ᠎ ᠤᠨ ᠬᠤᠷᠠᠯ  ᠤᠨ ᠵᠤᠷᠢᠬ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠲᠠᠢ ᠵᠤᠬᠢᠴᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠰᠠᠨᠠᠭᠠᠴᠢᠯᠠᠭ᠎ᠠ ᠲᠠᠢ ᠪᠠᠷ ᠠᠮᠵᠢᠯᠲᠡ ᠳᠤ ᠬᠦᠷᠬᠦ ᠪᠠᠷ ᠠᠵᠢᠯᠯᠠᠨ᠂ ᠬᠦᠨᠳᠦ ᠨᠤᠴᠢᠲᠠᠢ ᠪᠤᠳᠤᠯᠢᠶᠠᠨᠲᠠᠢ ᠪᠠᠶᠢᠳᠠᠯ ᠠᠴᠠ ᠪᠤᠯᠤᠭᠰᠠᠨ ᠪᠡᠷᠬᠡᠰᠢᠶᠠᠯ ᠪᠤᠯᠤᠨ ᠦᠷᠢᠰᠦᠯᠳᠦᠭᠡᠨ ᠢ ᠢᠳᠡᠪᠬᠢᠲᠠᠢ ᠠᠷᠭᠠᠴᠠᠵᠤ᠂ ᠠᠵᠤ ᠠᠬᠤᠢ ᠶᠢᠨ ᠨᠡᠮᠡᠭᠳᠡᠯ ᠢ ᠲᠤᠭᠲᠠᠪᠤᠷᠢᠵᠢᠭᠤᠯᠬᠤ ᠴᠢᠭᠯᠡᠯᠲᠡ ᠴᠢᠨᠠᠷ ᠲᠠᠢ ᠰᠢᠷᠢᠰ ᠲᠦᠷᠦ ᠶᠢᠨ ᠪᠤᠳᠤᠯᠭ᠎ᠠ ᠠᠷᠭ᠎ᠠ ᠠᠪᠴᠠᠯ  ᠢ ᠠᠪᠴᠤ᠂ ᠠᠵᠤ ᠠᠬᠤᠢ ᠶᠢᠨ ᠡᠷᠬᠢᠯᠲᠡ ᠶᠡᠷᠦᠩᠬᠡᠢ ᠎ ᠳᠡᠭᠡᠨ ᠲᠤᠭᠲᠠᠭᠤᠨ ᠡᠬᠢᠯᠡᠵᠡᠢ᠃ ᠨᠢᠭᠡᠳᠦᠭᠡᠷ ᠤᠯᠠᠷᠢᠯ  ᠤᠨ ᠦᠢᠯᠡᠳᠪᠦᠷᠢᠯᠡᠯ  ᠤᠨ ᠶᠡᠷᠦᠩᠬᠡᠢ ᠦᠷᠲᠡᠭ 7%᠎ ᠢᠶᠠᠷ ᠨᠡᠮᠡᠭᠳᠡᠪᠡ᠂ ᠡᠭᠦᠨ ᠲᠤ ᠨᠢᠭᠡᠳᠦᠭᠡᠷ ᠠᠵᠤ ᠦᠢᠯᠡᠰ ᠤᠨ ᠨᠡᠮᠡᠭᠳᠡᠯ 2.9%᠂ ᠬᠤᠶᠠᠳᠤᠭᠠᠷ ᠠᠵᠤ ᠦᠢᠯᠡᠰ ᠤᠨ ᠨᠡᠮᠡᠭᠳᠡᠯ 7.5%᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ 6.5%᠂ ᠦᠨᠳᠦᠰᠦᠨ ᠲᠡᠭᠡᠨ ᠵᠠᠬ᠎ᠠ ᠳᠡᠯᠭᠡᠭᠦᠷ  ᠤᠨ ᠵᠢᠱᠢᠯᠲᠡ ᠲᠠᠢ ᠨᠡᠶᠢᠴᠡᠵᠡᠢ᠃      ᠮᠠᠯ ᠠᠵᠤ ᠠᠬᠤᠢ ᠲᠠᠷᠢᠶᠠᠯᠠᠩ ᠦᠢᠯᠡᠳᠪᠤᠷᠢᠯᠡᠯ ᠤᠷᠤᠭᠰᠢᠳᠠᠢ ᠡᠬᠢᠯᠡᠪᠡ      ᠡᠯ᠎ᠡ ᠲᠦᠷᠦᠯ ᠤᠨ ᠲᠠᠷᠢᠶᠠᠯᠠᠩ  ᠢ ᠳᠡᠳᠬᠦᠵᠦ ᠲᠠᠷᠢᠶᠠᠴᠢᠳ ᠲᠤ ᠠᠰᠢᠬ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠦᠷᠬᠡᠨ ᠨᠠᠶᠢᠳᠠᠪᠤᠷᠢᠵᠢᠭᠤᠯᠵᠤ᠂ ᠲᠠᠷᠢᠶᠠᠯᠠᠩ  ᠤᠨ ᠪᠡᠯᠡ ᠮᠦᠩᠬᠦ ᠵᠡᠷᠬᠡ ᠡᠯ᠎ᠡ ᠲᠦᠷᠦᠯ  ᠤᠨ ᠨᠦᠬᠦᠪᠦᠷᠢ ᠮᠦᠩᠬᠦ ᠶᠢ ᠨᠢᠬᠡᠨᠳᠡ 63.5 ᠳ᠋ᠦᠩᠰᠢᠭᠤᠷ ᠲᠦᠭᠦᠷᠢᠭ ᠪᠠᠭᠤᠯᠭᠠᠵᠡᠢ᠃      ᠲᠠᠷᠢᠮᠠᠯ ᠲᠠᠷᠢᠬᠤ ᠲᠠᠯᠠᠪᠠᠢ ᠲᠤᠭᠳᠠᠭᠤᠨ  ᠤ ᠲᠤᠮᠳᠠ ᠵᠤᠬᠢᠬᠤ ᠨᠡᠮᠡᠭᠳᠡᠯ ᠲᠠᠢ ᠪᠠᠶᠢᠵᠤ᠂ 1.1 ᠳ᠋ᠦᠩᠰᠢᠭᠤᠷ ᠮᠦ ᠠᠴᠠ ᠲᠡᠬᠡᠭᠰᠢ ᠲᠠᠷᠢᠬᠤ ᠪᠠᠷ ᠲᠦᠯᠦᠪᠯᠡᠪᠡ᠂ ᠡᠬᠦᠨ ᠳᠤ ᠠᠮᠤ ᠪᠤᠳᠠᠭ᠎ᠠ ᠲᠠᠷᠢᠬᠤ ᠶᠡᠷᠤᠩᠬᠡᠢ ᠲᠠᠯᠠᠪᠠᠢ 8500 ᠲᠦᠮᠡᠨ ᠮᠦ ᠠᠴᠠ ᠲᠡᠬᠡᠭᠰᠢ ᠪᠠᠶᠢᠨ᠎ᠡ᠃ 3 ᠰᠠᠷ᠎ᠡ  ᠶᠢᠨ ᠰᠡᠬᠦᠯᠴᠢ ᠠᠴᠠ ᠶᠡᠭᠡ ᠬᠡᠪᠴᠢᠶᠡᠨ ᠳᠤ ᠪᠦᠳᠦᠮᠵᠢᠳᠡᠢ ᠪᠤᠷᠤᠭᠠᠨ ᠤᠷᠤᠬᠰᠠᠨ ᠠᠴᠠ ᠬᠦᠷᠦᠰᠦᠨ ᠤ ᠴᠢᠬᠢᠭ  ᠤᠨ ᠪᠠᠶᠢᠳᠠᠯ ᠮᠡᠳᠡᠭᠳᠡᠮ᠎ᠡ ᠰᠠᠶᠢᠵᠢᠷᠠᠵᠤ᠂ ᠲᠠᠷᠢᠶᠠᠯᠠᠩ ᠤᠨ ᠤᠷᠤᠨ ᠤ ᠨᠢᠬᠡᠳᠤᠬᠡᠷ ᠬᠤᠶᠠᠳᠤᠭᠠᠷ ᠲᠦᠷᠦᠯ ᠤᠨ ᠴᠢᠬᠢᠭ ᠠᠪᠤᠭᠰᠠᠨ ᠲᠠᠷᠢᠶᠠᠨ ᠭᠠᠵᠠᠷ  ᠤᠨ ᠲᠠᠯᠠᠪᠠᠢ 74.2%᠎ ᠲᠤ ᠬᠦᠷᠴᠡᠢ᠃      ᠮᠠᠯ ᠠᠵᠤ ᠠᠬᠤᠢ ᠤᠨ ᠦᠢᠯᠡᠳᠪᠤᠷᠢᠯᠡᠯ ᠶᠡᠷᠤᠩᠬᠡᠢ ᠳᠡᠭᠡᠨ ᠲᠤᠬᠳᠠᠭᠤᠨ ᠪᠠᠶᠢᠵᠤ᠂ 3 ᠰᠠᠷ᠎ᠡ  ᠶᠢᠨ ᠰᠡᠬᠦᠯᠴᠢ ᠪᠤᠯᠳᠠᠯ᠎ᠡ ᠪᠦᠬᠦ ᠤᠷᠤᠨ ᠤ ᠪᠤᠳᠠ ᠪᠤᠭ ᠮᠠᠯ ᠤᠨ ᠲᠦᠯ 3694.7 ᠲᠦᠮᠡ ᠲᠤᠯᠤᠭᠠᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 269.6 ᠲᠦᠮᠡᠨ ᠲᠤᠯᠤᠭᠠᠢ ᠨᠡᠮᠡᠭᠳᠡᠨ᠂ ᠦᠬᠡᠷ 5.4%᠎ ᠪᠠᠷ᠂ ᠬᠤᠨᠢ 4.9%᠎ ᠪᠠᠷ ᠨᠡᠮᠡᠭᠳᠡᠵᠡᠢ᠃      ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠤᠭᠲᠠᠭᠤᠨ ᠪᠠᠶᠢᠨ᠎ᠠ      ᠨᠢᠭᠡᠳᠦᠭᠡᠷ ᠤᠯᠠᠷᠢᠯ ᠳᠤ ᠪᠦᠬᠦ ᠤᠷᠤᠨ ᠤ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 8.2%᠎ ᠢᠶᠠᠷ ᠨᠡᠮᠡᠭᠳᠡᠨ᠂ ᠪᠦᠬᠦ ᠤᠯᠤᠰ  ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.8 ᠬᠤᠪᠢ ᠦᠨᠳᠦᠷ ᠪᠠᠶᠢᠨ᠎ᠠ᠃      ᠭᠤᠤᠯ ᠠᠵᠢᠯ ᠲᠦᠷᠦᠯ ᠠᠴᠠ ᠦᠵᠡᠪᠡᠯ᠂ ᠳᠡᠭᠡᠳᠦ ᠰᠢᠨ᠎ᠡ ᠮᠡᠷᠭᠡᠵᠢᠯ᠂ ᠲᠡᠮᠦᠷᠯᠢᠭ ᠪᠤᠯᠪᠠᠰᠤᠷᠠᠭᠤᠯᠬᠤ ᠂ ᠬᠢᠮᠢ᠂ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠡᠳ᠋ᠰᠢᠭᠦᠯᠦᠯᠲᠡ ᠪᠤᠯᠪᠠᠰᠤᠷᠠᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ ᠲᠤᠰ ᠲᠤᠰ 21.7%᠂ 12.7%᠂ 11.3%᠂ 11.2% ᠨᠡᠮᠡᠭᠳᠡᠵᠡᠢ︔ ᠡᠨᠧᠷᠬᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠭᠦᠯᠵᠢᠯᠡᠨ ᠤᠳᠠᠭᠠᠰᠢᠷᠠᠵᠤ᠂ 4.9%᠎ ᠢᠶᠠᠷ ᠨᠡᠮᠡᠭᠳᠡᠪᠡ᠃  ᠲᠤᠨᠤᠭᠯᠠᠯ ᠦᠢᠯᠡᠳᠬᠦ ᠦᠢᠯᠡᠰ0.7%᠎ ᠢᠶᠠᠷ ᠪᠠᠭᠤᠷᠠᠵᠠᠢ᠃      ᠭᠤᠤᠯ ᠦᠢᠯᠡᠳᠭᠦᠨ ᠠᠴᠠ ᠦᠵᠡᠪᠡᠯ᠂ ᠨᠡᠭᠦᠷᠡᠰᠦᠨ  ᠤ ᠭᠠᠷᠤᠯᠲᠠ 5.1%᠎ ᠢᠶᠠᠷ ᠪᠠᠭᠤᠷᠠᠵᠤ᠂ ᠪᠠᠭᠤᠷᠠᠯᠲᠠ ᠶᠢᠨ ᠨᠤᠷᠮ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.3%᠎ ᠢᠶᠠᠷ ᠦᠷᠭᠡᠳᠴᠡᠢ︔ ᠴᠠᠬᠢᠯᠭᠠᠨ ᠭᠠᠷᠭᠠᠬᠤ ᠬᠡᠮᠵᠢᠶ᠎ᠡ 4.4%᠎ ᠢᠶᠠᠷ ᠪᠠᠭᠤᠷᠠᠪᠠ᠂ ᠡᠭᠦᠨ ᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠬᠡᠮᠵᠢᠶ᠎ᠡ 6.2% ᠪᠠᠭᠤᠷᠠᠵᠦ᠂ ᠰᠠᠯᠬᠢᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 8.3% ᠨᠡᠮᠡᠭᠳᠡᠵᠡᠢ︔ ᠪᠤᠯᠤᠳ ᠮᠠᠲᠲ᠋ᠧᠷᠢᠶᠠᠯ ᠤᠨ ᠭᠠᠷᠤᠯᠲᠠ ᠶᠢᠨ ᠨᠡᠮᠡᠭᠳᠡᠯ19.6% ᠨᠡᠮᠡᠭᠳᠡᠨ᠂ ᠵᠠᠭᠤᠨ ᠤ ᠬᠠᠷᠢᠴᠠᠯ ᠢᠶᠠᠷ 23.6 ᠬᠤᠪᠢ ᠳᠡᠭᠡᠭᠰᠢᠯᠡᠪᠡ︔ ᠴᠠᠭᠠᠨ ᠢᠳᠡᠭᠡᠨ  ᠤ ᠦᠢᠯᠡᠳᠭᠦᠨ  ᠤ ᠨᠡᠮᠡᠭᠳᠡᠯ 11.3%᠎ ᠲᠤ ᠬᠦᠷᠴᠦ᠂ ᠵᠠᠭᠤᠨ ᠤ ᠬᠠᠷᠢᠴᠠᠯ ᠢᠶᠠᠷ 20.7 ᠬᠤᠪᠢ ᠨᠡᠮᠡᠭᠳᠡᠵᠡᠢ᠃      ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠲᠤᠭᠲᠠᠭᠤᠨ ᠢᠶᠠᠷ ᠨᠡᠮᠡᠭᠳᠡᠵᠡᠢ      ᠨᠢᠭᠡᠳᠦᠭᠡᠷ ᠤᠯᠠᠷᠢᠯ ᠳᠤ ᠪᠦᠬᠦ ᠤᠷᠤᠨ ᠤ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ 501.6 ᠳ᠋ᠦᠩᠰᠢᠭᠤᠷ ᠲᠦᠭᠦᠷᠢᠭ  ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ 13.9%᠎ ᠢᠶᠠᠷ ᠨᠡᠮᠡᠭᠳᠡᠨ᠂ ᠪᠦᠬᠦ ᠤᠯᠤᠰ  ᠤᠨ ᠳᠤᠮᠳᠠᠴᠢ ᠲᠦᠪᠰᠢᠨ ︵13.5%︶᠎ ᠠᠴᠠ ᠪᠠᠭ᠎ᠠ ᠦᠨᠳᠦᠷ ᠪᠠᠶᠢᠨ᠎ᠠ᠃      ᠠᠵᠤ ᠦᠢᠯᠡᠰ ᠤᠨ ᠲᠦᠷᠦᠯ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠤᠷᠤᠭᠤᠯᠤᠯᠲᠠ 8.7%᠎ ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ 19.1%᠎ ᠢᠶᠠᠷ ᠨᠡᠮᠡᠭᠳᠡᠵᠡᠢ᠂ ᠡᠭᠦᠨ ᠳᠤ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ 312.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 19.2%᠎ ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ 5.8%᠎ ᠢᠶᠠᠷ ᠨᠡᠮᠡᠭᠳᠡᠵᠡᠢ᠃ ᠵᠠᠰᠠᠭ  ᠤᠨ ᠤᠷᠳᠤᠨ ᠪᠤᠯᠤᠨ ᠨᠡᠶᠢᠭᠡᠮ  ᠤᠨ ᠬᠦᠷᠦᠩᠭᠡ ᠶᠢᠨ ᠬᠠᠮᠲᠤᠷᠠᠨ ᠠᠵᠢᠯᠯᠠᠬᠤ ︵ppp︶ ᠵᠠᠭᠪᠤᠷ  ᠢ ᠲᠦᠷᠭᠡᠨ ᠠᠬᠢᠭᠤᠯᠪᠠ᠃ 3 ᠰᠠᠷ᠎ᠠ ᠶᠢᠨ ᠰᠡᠭᠦᠯᠴᠢ ᠪᠤᠯᠲᠠᠯ᠎ᠠ᠂ ᠨᠦᠬᠦᠴᠡᠯ ᠨᠢ ᠨᠡᠯᠢᠶᠡᠳ ᠪᠦᠷᠢᠯᠳᠦᠭᠰᠡᠨ ᠂ ᠡᠷᠬᠢᠯᠲᠡ ᠨᠢ ᠵᠢᠷᠦᠮᠵᠢᠭᠰᠡᠨ ppp ᠲᠦᠷᠦᠯ ᠵᠦᠢᠯ ᠨᠡᠶᠢᠲᠡ 21 ᠪᠠᠶᠢᠵᠦ᠂ ᠶᠡᠷᠦᠩᠬᠡᠢ ᠪᠡᠯᠡ ᠤᠷᠤᠭᠤᠯᠤᠯᠲᠠ ᠨᠢ 143.7 ᠳ᠋ᠦᠩᠰᠢᠭᠤᠷ ᠲᠦᠭᠦᠷᠢᠭ ᠲᠤ ᠬᠦᠷᠪᠡ᠂ ᠡᠭᠦᠨ ᠳᠤ ᠨᠡᠶᠢᠭᠡᠮ ᠤᠨ ᠬᠦᠷᠦᠩᠭᠡ ᠶᠢᠨ ᠪᠡᠯᠡ ᠤᠷᠤᠭᠤᠯᠤᠯᠲᠠ 116.8%᠎ ᠳᠤ ᠬᠦᠷᠴᠡᠢ᠃      ᠡᠳ᠋  ᠤᠨ ᠵᠠᠰᠠᠭ ᠮᠦᠩᠬᠦᠨ ᠬᠦᠢᠯᠬᠡᠬᠡᠨ ᠤ ᠪᠠᠶᠢᠳᠠᠯ ᠲᠤᠬᠳᠠᠭᠤᠨ ᠪᠤᠢ      ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠡ ᠰᠠᠷ᠎ᠡ ᠪᠤᠯᠭᠠᠨ ᠲᠡᠬᠡᠭᠰᠢᠯᠡᠵᠤ᠂ ᠨᠢᠬᠡ ᠤᠯᠠᠷᠢᠯ ᠤᠨ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ  ᠤᠨ ᠤᠷᠤᠯᠭ᠎ᠠ 451.6 ᠳ᠋ᠦᠩᠰᠢᠭᠤᠷ ᠲᠦᠬᠦᠷᠢᠭ ᠲᠤ ᠬᠦᠷᠴᠤ᠂ 7.1%᠎ ᠪᠠᠷ ᠨᠡᠮᠡᠭᠳᠡᠵᠡᠢ᠃ ᠪᠦᠬᠦ ᠤᠯᠤᠰ  ᠤᠨ ᠬᠢ ᠠᠴᠠ ᠵᠠᠭᠤᠨ  ᠤ ᠬᠠᠷᠢᠴᠡᠯ ᠢᠶᠠᠷ 3.2 ᠬᠤᠪᠢ ᠦᠨᠳᠦᠷ ᠪᠠᠶᠢᠨ᠎ᠡ᠃      ᠡᠬᠦᠨ ᠳᠤ᠂ ᠭᠠᠶᠢᠯᠢ ᠶᠢᠨ ᠤᠷᠤᠯᠭ᠎ᠠ 299 ᠳ᠋ᠦᠩᠰᠢᠭᠤᠷ ᠲᠦᠬᠦᠷᠢᠭ ᠲᠤ ᠬᠦᠷᠴᠤ᠂ 10.2%᠎ ᠢᠶᠠᠷ ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ 152.6 ᠳ᠋ᠦᠩᠰᠢᠭᠤᠷ ᠲᠦᠬᠦᠷᠢᠭ ᠲᠤ ᠬᠦᠷᠴᠤ᠂ 1.6%᠎ ᠪᠠᠷ ᠨᠡᠮᠡᠭᠳᠡᠵᠡᠢ᠃ ᠡᠳ᠋  ᠤᠨ ᠵᠠᠰᠠᠭ  ᠤᠨ ᠵᠠᠷᠤᠯᠭ᠎ᠠ ᠪᠠᠭᠤᠷᠠᠵᠤ ᠪᠠᠶᠢᠬᠰᠠᠨ ᠠᠴᠠ ᠪᠠᠨ ᠨᠡᠮᠡᠭᠳᠡᠨ᠂ ᠨᠢᠬᠡᠳᠦᠭᠡᠷ ᠤᠯᠠᠷᠢᠯ ᠳᠤ᠂ ᠪᠦᠬᠦ ᠤᠷᠤᠨ ᠤ ᠡᠩ ᠤᠨ ᠤᠯᠠᠨ ᠨᠡᠶᠢᠳᠡ  ᠶᠢᠨ ᠲᠦᠰᠦᠪ  ᠤᠨ ᠵᠠᠷᠤᠯᠭ᠎ᠠ 795.8 ᠳ᠋ᠦᠩᠰᠢᠭᠤᠷ ᠲᠦᠬᠦᠷᠢᠭ ᠲᠤ ᠬᠦᠷᠴᠤ᠂ 3.4 % ᠎ ᠢᠶᠠᠷ ᠨᠡᠮᠡᠭᠳᠡᠵᠡᠢ︔ ᠮᠦᠩᠬᠦᠨ ᠬᠦᠢᠯᠬᠡᠬᠡᠨ ᠤ ᠦᠢᠯᠡᠰ ᠡᠷᠡᠬᠦᠯ ᠢᠶᠠᠷ ᠬᠦᠭᠵᠢᠨ᠂ 3 ᠰᠠᠷ᠎ᠡ  ᠶᠢᠨ ᠰᠡᠬᠦᠯᠴᠢ ᠪᠤᠯᠳᠠᠯ᠎ᠡ ᠪᠦᠬᠦ ᠤᠷᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠬᠰᠠᠨ ᠠᠷᠠᠳ  ᠤᠨ ᠵᠤᠭᠤᠰ ᠤᠨ ᠦᠯᠡᠳᠡᠪᠤᠷᠢ 16870.9 ᠳ᠋ᠦᠩᠰᠢᠭᠤᠷ ᠲᠦᠬᠦᠷᠢᠭ ᠲᠤ ᠬᠦᠷᠴᠤ᠂ 7.8%᠎ ᠪᠠᠷ ᠨᠡᠮᠡᠭᠳᠡᠵᠡᠢ︔ ᠵᠢᠬᠡᠯᠡᠯᠬᠡ  ᠶᠢᠨ ᠵᠤᠭᠤᠰ  ᠤᠨ ᠦᠯᠡᠳᠡᠪᠤᠷᠢ 15759.4 ᠳ᠋ᠦᠩᠰᠢᠭᠤᠷ ᠲᠦᠬᠦᠷᠢᠭ ᠲᠤ ᠬᠦᠷᠴᠤ᠂ 14.3%᠎ ᠪᠠᠷ ᠨᠡᠮᠡᠭᠳᠡᠵᠡᠢ᠃      ᠠᠷᠠᠳ ᠤᠨ ᠠᠮᠢᠳᠤᠷᠠᠯ ᠦᠷᠬᠦᠯᠵᠢᠯᠡᠨ ᠰᠠᠶᠢᠵᠢᠷᠠᠵᠠᠢ      ᠠᠵᠢᠯ ᠤᠯᠭᠤᠯᠳᠡ ᠶᠢᠨ ᠪᠠᠶᠢᠳᠠᠯ ᠦᠨᠳᠦᠰᠦᠨ ᠳᠡᠭᠡᠨ ᠲᠤᠭᠳᠠᠭᠤᠨ ᠪᠠᠶᠢᠨ᠎ᠡ᠃ ᠨᠢᠬᠡᠳᠤᠬᠡᠷ ᠤᠯᠠᠷᠢᠯ ᠎ ᠤᠨ ᠬᠤᠳᠡ ᠪᠠᠯᠭᠠᠰᠤ ᠶᠢᠨ ᠰᠢᠨ᠎ᠡ ᠪᠠᠷ ᠠᠵᠢᠯ ᠤᠯᠤᠬᠰᠠᠨ ᠬᠦᠮᠦᠨ ᠤ ᠲᠤᠭ᠎ᠠ 5 ᠲᠦᠮᠨ ᠪᠠᠶᠢᠵᠤ᠂ ᠠᠵᠢᠯ ᠠᠯᠳᠠᠭᠠᠳ ᠲᠠᠬᠢᠨ ᠠᠵᠢᠯ ᠤᠯᠤᠬᠰᠠᠨ ᠬᠦᠮᠦᠨ  ᠤ ᠲᠤᠭ᠎ᠠ 1.2 ᠲᠦᠮᠡ ᠳᠤ ᠬᠦᠷᠴᠤ᠂ ᠠᠵᠢᠯ ᠤᠯᠬᠤ ᠳᠤ ᠬᠦᠴᠢᠷᠳᠡᠯᠳᠡᠢ 9000 ᠬᠦᠮᠦᠨ  ᠢ ᠲᠦᠪᠬᠢᠨᠡᠬᠦᠯᠦᠨ᠂ ᠬᠤᠳᠡ ᠪᠠᠯᠭᠠᠰᠤ ᠶᠢᠨ ᠠᠵᠢᠯ ᠠᠯᠳᠠᠬᠰᠠᠳ ᠢᠶᠠᠷ ᠲᠠᠩᠰᠠᠯᠠᠭᠤᠯᠤᠬᠰᠠᠨ ᠨᠤᠷᠮ᠎ᠡ 3.6%᠎ ᠳᠤ ᠬᠦᠷᠴᠡᠢ᠃      ᠰᠠᠭᠤᠭᠠᠯᠢ ᠠᠷᠠᠳ ᠤᠨ ᠤᠷᠤᠯᠭ᠎ᠠ ᠲᠤᠬᠳᠠᠭᠤᠨ ᠢᠶᠠᠷ ᠨᠡᠮᠡᠭᠳᠡᠵᠤ ᠪᠠᠶᠢᠨ᠎ᠡ᠃ ᠨᠢᠬᠡᠳᠤᠬᠡᠷ ᠤᠯᠠᠷᠢᠯ ᠳᠤ᠂ ᠮᠠᠨ ᠤ ᠤᠷᠤᠨ ᠤ ᠬᠤᠳᠡ ᠪᠠᠯᠭᠠᠰᠤ ᠶᠢᠨ ᠪᠠᠶᠢᠩᠭᠤ  ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ  ᠶᠢᠨ ᠡᠵᠡᠮᠳᠡᠵᠤ ᠪᠤᠯᠬᠤ ᠤᠷᠤᠯᠭ᠎ᠠ 7969 ᠲᠦᠬᠦᠷᠢᠭ ᠲᠤ ᠬᠦᠷᠴᠤ᠂ 8.1%᠎ ᠪᠠᠷ ᠨᠡᠮᠡᠭᠳᠡᠵᠡᠢ︔ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 3395 ᠲᠦᠬᠦᠷᠢᠭ ᠲᠤ ᠬᠦᠷᠴᠤ᠂ 9.6%᠎ ᠪᠠᠷ ᠨᠡᠮᠡᠭᠳᠡᠪᠡ᠃      ᠨᠡᠶᠢᠬᠡᠮ ᠶᠢᠨ ᠪᠠᠲᠤᠯᠠᠪᠤᠷᠢ ᠶᠢᠨ ᠪᠠᠷᠢᠮᠵᠢᠶ᠎ᠡ ᠤᠯᠠᠮ ᠨᠢᠬᠡ ᠠᠯᠬᠤᠮ ᠲᠡᠬᠡᠭᠰᠢᠯᠡᠵᠡᠢ᠃ ᠠᠵᠤ ᠠᠬᠤᠢᠢᠯᠠᠯ  ᠤᠨ ᠠᠵᠢᠯ ᠠᠴᠠ ᠪᠠᠨ ᠠᠮᠠᠷᠠᠬᠰᠠᠳ ᠤᠨ ᠨᠠᠰᠦᠵᠢᠯ ᠤᠨ ᠲᠠᠭᠠᠳᠬᠠᠯ ᠬᠦᠮᠦᠨ ᠲᠤᠮᠳᠠᠴᠢ ᠪᠠᠷ 10%᠎ ᠪᠠᠷ ᠨᠡᠮᠡᠭᠳᠡᠵᠡᠢ᠃ ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠦᠨᠳᠦᠰᠦᠨ ᠨᠠᠰᠤᠵᠢᠯ  ᠤᠨ ᠲᠠᠭᠠᠳᠬᠠᠯ ᠬᠦᠮᠦᠨ ᠪᠦᠷᠢ ᠰᠠᠷ᠎ᠡ ᠪᠤᠯᠭᠠᠨ ᠳᠤ 5 ᠲᠦᠬᠦᠷᠢᠭ ᠨᠡᠮᠡᠭᠳᠡᠵᠡᠢ᠃ ᠬᠤᠳᠠ ᠪᠠᠯᠭᠠᠰᠤ  ᠶᠢᠨ ᠨᠠᠭᠠᠳᠤ ᠵᠠᠬ᠎ᠠ ᠶᠢᠨ ᠠᠮᠢᠳᠤᠷᠠᠯ  ᠤᠨ ᠪᠠᠲᠤᠯᠠᠪᠤᠷᠢ ᠶᠢᠨ ᠪᠠᠷᠢᠮᠵᠢᠶ᠎ᠡ ᠶᠢ ᠰᠡᠷ᠎ᠡ ᠪᠤᠯᠭᠠᠨ ᠬᠦᠮᠦᠨ ᠲᠤᠮᠳᠠᠴᠢ ᠪᠠᠷ 25 ᠲᠦᠬᠦᠷᠢᠭ ᠦᠰᠬᠡᠨ᠂ ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ  ᠤᠨ ᠪᠠᠲᠤᠯᠠᠪᠤᠷᠢ ᠶᠢᠨ ᠪᠠᠷᠢᠮᠵᠢᠶ᠎ᠡ ᠶᠢ ᠵᠢᠯ ᠪᠤᠯᠭᠠᠨ ᠬᠦᠮᠦᠨ ᠲᠤᠮᠳᠠᠴᠢ ᠪᠠᠷ 225 ᠲᠦᠬᠦᠷᠢᠭ ᠨᠡᠮᠡᠭᠳᠡᠬᠦᠯᠵᠡᠢ᠃      ᠪᠠᠷᠠᠭᠠᠨ ᠤ ᠦᠨ᠎ᠡ ᠶᠢᠨ ᠨᠡᠮᠡᠭᠳᠡᠯ ᠢᠳᠡᠭ ᠢᠳᠡᠭ ᠢᠶᠠᠷ ᠤᠳᠠᠭᠠᠰᠢᠷᠠᠪᠡ᠃ ᠨᠢᠬᠡᠳᠤᠬᠡᠷ ᠤᠯᠠᠷᠢᠯ ᠳᠤ᠂ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ ᠪᠠᠨ 0.5%᠎ ᠪᠠᠷ ᠨᠡᠮᠡᠭᠳᠡᠨ᠂ ᠪᠦᠬᠦ ᠤᠯᠤᠰ  ᠤᠨ ᠳᠤᠮᠳᠠᠴᠢ ᠲᠦᠪᠰᠢᠨ ᠠᠴᠠ ᠵᠠᠭᠤᠨ ᠤ 0.7᠎ ᠪᠠᠷ ᠲᠤᠤᠷ᠎ᠡ ᠪᠠᠶᠢᠵᠤ᠂ ᠵᠠᠭᠤᠨ ᠤ ᠬᠠᠷᠢᠴᠠᠯ ᠢᠶᠠᠷ 1.7 ᠬᠤᠪᠢ ᠪᠠᠭᠤᠷᠠᠵᠡᠢ᠃      ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ  ᠢ ᠯᠠᠪᠳᠠᠭᠤᠨ ᠢᠶᠠᠷ ᠠᠬᠢᠭᠤᠯᠪᠡ᠃ ᠶᠠᠳᠠᠭᠤ ᠶᠢ ᠲᠡᠳᠬᠦᠬᠦ ᠨᠡᠬᠡᠬᠡᠯᠳᠡ ᠶᠢᠨ ᠢᠨᠵᠧᠨᠧᠷᠢᠩ ᠨᠢ ᠡᠨᠡ ᠵᠢᠯ ᠳᠤ 41.98 ᠲᠦᠮᠡ ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠪᠠᠷ ᠲᠦᠯᠦᠪᠯᠡᠵᠤ᠂ ᠨᠢᠬᠡᠳᠤᠬᠡᠷ ᠤᠯᠠᠷᠢᠯ ᠳᠤ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠬᠡᠯᠡᠯᠬᠡ ᠶᠢᠨ ᠮᠦᠩᠬᠦ ᠶᠢ 84.2 ᠳ᠋ᠦᠩᠰᠢᠭᠤᠷ ᠪᠠᠭᠤᠯᠭᠠᠵᠡᠢ᠃ ︽ᠠᠷᠪᠠ ᠪᠠᠷ ᠪᠦᠬᠦᠨ ᠶᠢ ᠬᠠᠮᠤᠷᠬᠤ ᠢᠨᠵᠧᠨᠧᠷᠢᠩ︾ ᠎ ᠤᠨ ᠡᠯ᠎ᠡ ᠲᠦᠷᠦᠯ ᠤᠨ ᠡᠬᠦᠷᠬᠡ ᠶᠢ ᠳᠤᠷᠤᠭᠰᠢ ᠪᠠᠭᠤᠯᠭᠠᠵᠤ᠂ 5800 ᠭᠠᠴᠠᠭ᠎ᠠ ᠲᠤᠰᠬᠤᠨ ᠳᠤ ᠪᠦᠷᠬᠦᠬᠦᠯᠬᠦ ᠪᠠᠷ ᠲᠦᠯᠦᠪᠯᠡᠨ᠂ 366.1 ᠳ᠋ᠦᠩᠰᠢᠭᠤᠷ ᠲᠤᠬᠦᠷᠢᠭ  ᠤᠨ ᠪᠡᠯᠡ ᠮᠦᠩᠬᠦ ᠤᠷᠤᠭᠤᠯᠵᠤ᠂ ᠵᠢᠯ  ᠤᠨ ᠡᠴᠤᠰ ᠪᠤᠯᠳᠠᠯ᠎ᠡ ᠡᠬᠦᠷᠬᠡ ᠪᠡᠶᠡᠯᠡᠬᠦᠯᠦᠭᠰᠡᠨ ᠨᠤᠷᠮ᠎ᠡ ᠨᠢ ᠪᠦᠬᠦ ᠡᠬᠦᠷᠬᠡ  ᠶᠢᠨ 70%᠎ ᠶᠢ ᠲᠠᠪᠠᠭ᠋ᠤ ᠪᠠᠷ ᠲᠦᠯᠦᠪᠯᠡᠵᠤ ᠪᠠᠶᠢᠨ᠎ᠡ᠃      ᠦᠭᠡᠷᠡᠴᠢᠯᠡᠯᠲᠡ ᠨᠡᠭᠡᠭᠡᠯᠲᠡ ᠶᠢ ᠪᠠᠲᠤᠲᠠᠢ ᠠᠬᠢᠭᠤᠯᠪᠠ      ᠡᠯ᠎ᠡ ᠵᠦᠢᠯ  ᠤᠨ ᠦᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠬᠦᠨᠵᠡᠭᠡᠶᠢᠷᠡᠪᠡ᠃ ᠵᠠᠰᠠᠭ ᠵᠠᠬᠢᠷᠭᠠᠨ  ᠤ ᠡᠷᠬᠡ ᠶᠢᠨ ᠨᠠᠷᠢᠨ ᠳᠠᠩᠰᠠ ᠶᠢᠨ ᠳᠦᠷᠢᠮ  ᠢ ᠪᠦᠬᠦ ᠲᠠᠯ᠎ᠠ ᠪᠠᠷ ᠠᠬᠢᠭᠤᠯᠵᠤ᠂ ᠦᠪᠡᠷᠲᠡᠭᠡᠨ ᠵᠠᠰᠠᠬᠤ ᠤᠷᠤᠨ  ᠤ 58 ᠰᠠᠯᠠᠭ᠎ᠠ ᠮᠦᠴᠢᠷ  ᠤᠨ 7781 ᠵᠦᠢᠯ  ᠤᠨ ᠵᠠᠰᠠᠭ ᠵᠠᠬᠢᠷᠭᠠᠨ  ᠤ ᠡᠷᠬᠡ ᠶᠢ ᠨᠠᠷᠢᠯᠢᠭᠵᠢᠭᠤᠯᠵᠦ᠂ 4274 ᠵᠦᠢᠯ  ᠤᠨ ᠮᠤᠵᠢ ᠶᠢᠨ ᠳᠡᠰ ᠤᠨ ᠵᠠᠰᠠᠭ ᠵᠠᠬᠢᠷᠭᠠᠨ  ᠤ ᠡᠷᠬᠡ ᠶᠢᠨ ᠨᠠᠷᠢᠨ ᠳᠠᠩᠰᠠ ᠶᠢ ᠲᠤᠭᠲᠠᠭᠠᠵᠤ᠂ ᠨᠠᠷᠢᠯᠢᠬᠵᠢᠭᠤᠯᠵᠤ ᠳᠦᠭᠦᠮᠴᠢᠯᠡᠭᠰᠡᠨ ᠬᠡᠮᠵᠢᠶ᠎ᠡ ᠨᠢ 45%᠎ ᠲᠤ ᠬᠦᠷᠴᠡᠢ᠃ ᠰᠦᠢᠳᠭᠡᠯ ᠬᠤᠷᠢᠶᠠᠬᠤ ᠵᠦᠢᠯ  ᠤᠨ ᠨᠠᠷᠢᠨ ᠳᠠᠩᠰᠠ ᠶᠢᠨ ᠳᠦᠷᠢᠮ  ᠢ ᠲᠤᠭᠲᠠᠭᠠᠵᠤ᠂ 81 ᠵᠦᠢᠯ  ᠤᠨ ᠠᠵᠤ ᠠᠬᠤᠢᠢᠯᠠᠯ ᠳᠤ ᠬᠤᠯᠪᠤᠭᠳᠠᠭᠰᠠᠨ ᠵᠠᠰᠠᠭ ᠵᠠᠬᠢᠷᠭ᠎ᠠ ᠠᠵᠢᠯ ᠦᠢᠯᠡᠰ  ᠤᠨ ᠴᠢᠨᠠᠷᠲᠠᠢ ᠰᠦᠢᠳᠭᠡᠯ ᠪᠤᠯᠤᠨ 17 ᠵᠦᠢᠯ  ᠤᠨ ᠵᠠᠰᠠᠭ  ᠤᠨ ᠤᠷᠳᠤᠨ  ᠤ ᠴᠢᠨᠠᠷᠲᠠᠢ ᠰᠠᠭᠤᠷᠢ ᠮᠦᠩᠭᠦ ᠶᠢ ᠲᠤᠳᠤᠷᠬᠠᠢᠢᠯᠠᠵᠤ᠂ ᠠᠵᠤ ᠠᠬᠤᠢᠢᠯᠠᠯ ᠳᠤ ᠬᠤᠯᠪᠤᠭᠳᠠᠭᠰᠠᠨ ᠰᠦᠢᠳᠭᠡᠯ ᠢ ᠦᠭᠡᠶᠢᠰᠭᠡᠵᠦ᠂ ᠠᠵᠤ ᠠᠬᠤᠢᠢᠯᠠᠯ ᠤᠨ ᠳᠠᠷᠤᠭᠠᠰᠤ ᠶᠢ 10 ᠳ᠋ᠦᠩᠰᠢᠭᠤᠷ ᠲᠦᠭᠦᠷᠢᠭ ᠬᠦᠩᠭᠡᠯᠡᠵᠡᠢ᠃ ᠪᠡᠯᠡ ᠤᠷᠤᠭᠤᠯᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠤᠯᠤᠰ ᠤᠨ ᠱᠠᠭᠠᠷᠳᠠᠯᠭ᠎ᠠ ᠪᠠᠷ ᠭᠤᠷᠪᠠᠨ ᠶᠡᠭᠡ ᠲᠦᠷᠦᠯ  ᠤᠨ 18 ᠵᠦᠢᠯ  ᠤᠨ ᠠᠵᠤ ᠠᠬᠤᠢᠢᠯᠠᠯ  ᠤᠨ ᠪᠡᠯᠡ ᠤᠷᠤᠭᠤᠯᠬᠤ ᠲᠦᠷᠦᠯ ᠵᠦᠢᠯ  ᠤᠨ ᠤᠷᠢᠳᠠᠴᠢ ᠨᠦᠬᠦᠴᠡᠯ ᠤᠨ ᠬᠢᠨᠠᠨ ᠵᠦᠪᠰᠢᠶᠡᠷᠡᠯ ᠢ ᠦᠭᠡᠶᠢᠰᠭᠡᠵᠡᠢ᠃ ᠦᠨ᠎ᠡ ᠬᠠᠩᠰᠢ ᠶᠢᠨ ᠦᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ  ᠤ ᠦᠨ᠎ᠡ ᠬᠠᠩᠰᠢ ᠲᠤᠭᠲᠠᠭᠠᠬᠤ ᠭᠠᠷᠴᠠᠭ ᠲᠤ ᠵᠠᠰᠠᠪᠤᠷᠢ ᠤᠷᠤᠭᠤᠯᠵᠤ᠂ ︽ᠦᠪᠡᠷᠲᠡᠭᠡᠨ ᠵᠠᠰᠠᠬᠤ ᠤᠷᠤᠨ  ᠤ ᠪᠠᠷᠠᠭᠤᠨ ᠤᠷᠤᠨ  ᠤ ᠴᠠᠬᠢᠯᠭᠠᠨ ᠲᠤᠤᠷ ᠤᠨ ᠴᠠᠬᠢᠯᠭᠠᠨ ᠬᠦᠷᠭᠡᠬᠦ ᠴᠠᠬᠢᠯᠭᠠᠨ  ᠤ ᠦᠨ᠎ᠡ ᠶᠢᠨ ᠦᠭᠡᠷᠡᠴᠢᠯᠡᠯᠲᠡ ᠶᠢ ᠬᠡᠷᠡᠭᠵᠢᠭᠦᠯᠬᠦ ᠲᠦᠰᠦᠪ︾ ᠎ ᠢ ᠰᠤᠳᠤᠯᠵᠤ ᠲᠤᠭᠲᠠᠭᠠᠵᠠᠢ᠃      ᠭᠠᠳᠠᠭᠠᠳᠤ ᠠᠷᠠᠯᠵᠢᠶ᠎ᠡ ᠦᠷᠭᠦᠯᠵᠢᠯᠡᠨ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠬᠢᠯᠢ ᠪᠠᠷ ᠤᠷᠤᠭᠤᠯᠵᠤ ᠭᠠᠷᠭᠠᠭᠰᠠᠨ ᠶᠡᠷᠦᠩᠬᠡᠢ ᠬᠡᠮᠵᠢᠶ᠎ᠡ 30.8 ᠳ᠋ᠦᠩᠰᠢᠭᠤᠷ ᠳ᠋ᠣᠯᠯᠠᠷ ᠲᠤ ᠬᠦᠷᠴᠦ᠂ 8.4%᠎ ᠢᠶᠠᠷ ᠨᠡᠮᠡᠭᠳᠡᠵᠠᠢ᠃ ᠡᠭᠦᠨ ᠳᠤ ᠭᠠᠳᠠᠭᠠᠳᠤ ᠭᠠᠷᠭᠠᠯᠲᠠ 11.7 ᠳ᠋ᠦᠩᠰᠢᠭᠤᠷ ᠳ᠋ᠣᠯᠯᠠᠷ ᠲᠤ ᠬᠦᠷᠴᠦ᠂ 7.2%᠎ ᠢᠶᠠᠷ ᠨᠡᠮᠡᠭᠳᠡᠵᠡᠢ︔ ᠭᠠᠳᠠᠭᠠᠳᠤ ᠤᠷᠤᠭᠤᠯᠤᠯᠲᠠ 19 ᠳ᠋ᠦᠩᠰᠢᠭᠤᠷ ᠳ᠋ᠣᠯᠯᠠᠷ ᠲᠤ ᠬᠦᠷᠴᠦ᠂ 9.1%᠎ ᠢᠶᠠᠷ ᠨᠡᠮᠡᠭᠳᠡᠵᠡᠢ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠡᠪᠴᠢᠶ᠎ᠡ ᠦᠷᠭᠦᠯᠵᠢᠯᠡᠨ ᠦᠷᠭᠡᠳᠦᠨ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠲᠦᠷᠦᠯ ᠵᠦᠢᠯ  ᠢ 286 ᠬᠡᠷᠡᠭᠵᠢᠭᠦᠯᠵᠦ᠂ ᠤᠷᠤᠨ  ᠤ ᠭᠠᠳᠠᠨᠠᠬᠢ ᠪᠡᠯᠡ ᠮᠦᠩᠭᠦ ᠶᠢ 136.6 ᠳ᠋ᠦᠩᠰᠢᠭᠤᠷ ᠲᠦᠭᠦᠷᠢᠭ ᠤᠷᠤᠭᠤᠯᠵᠤ᠂ 5%᠎ ᠢᠶᠠᠷ ᠨᠡᠮᠡᠭᠳᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号