ᠮᠠᠨ ᠤ ᠤᠷᠤᠨ 2015 ᠣᠨ ᠤ ᠨᠢᠬᠡᠳᠤᠯᠳᠡᠢ ᠰᠢᠯᠭᠠᠯᠳᠡ ᠶᠢᠨ ᠴᠠᠭ ᠢ ᠲᠤᠬᠳᠠᠭᠠᠵᠡᠢ
ᠨᠡᠶᠢᠲᠡᠯᠡᠭᠰᠡᠨ ᠴᠠᠭ᠄
2015/4/28
     4 ᠰᠠᠷ᠎ᠡ ᠶᠢᠨ 27᠎ ᠤ ᠡᠳᠤᠷ᠂ ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠰᠤᠷᠤᠬᠴᠢ ᠡᠯᠰᠡᠬᠦ ᠰᠢᠯᠭᠠᠯᠳᠡ ᠶᠢᠨ ᠵᠦᠪᠯᠡᠯ ᠤᠨ ᠠᠯᠪᠠᠨ ᠬᠡᠷ ᠠᠴᠠ ᠤᠢᠢᠯᠠᠭᠠᠬᠰᠠᠨ ᠢᠶᠠᠷ᠂ 2015 ᠣᠨ ᠤ ᠦᠪᠡᠷᠳᠡᠬᠡᠨ ᠵᠠᠰᠠᠬᠤ ᠤᠷᠤᠨ ᠤ ᠡᠩ ᠤᠨ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠬᠡᠳᠤᠯᠳᠡᠢ ᠰᠢᠯᠭᠠᠯᠳᠡ ︵ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠰᠤᠷᠤᠭᠴᠢ ᠡᠯᠰᠡᠬᠦ ᠰᠢᠯᠭᠠᠯᠳᠡ︶᠎ ᠶᠢᠨ ᠴᠠᠭ ᠢ ᠲᠤᠭᠳᠠᠭᠠᠵᠡᠢ᠃      ᠡᠩ ᠤᠨ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠬᠡᠳᠤᠯᠳᠡᠢ ᠰᠢᠯᠭᠠᠯᠳᠡ ᠨᠢ 6ᠰᠠᠷ᠎ᠡ ᠶᠢᠨ 7᠎ ᠤ ᠡᠳᠤᠷ ᠡᠬᠢᠯᠡᠨ᠎ᠡ᠃ 6 ᠰᠠᠷ᠎ᠡ ᠶᠢᠨ 7᠎ ᠤ ᠡᠳᠤᠷ ᠤᠨ 9 ᠴᠠᠭ ᠠᠴᠠ 11 ᠴᠠᠭ 30 ᠮᠢᠨᠦ᠋ᠲ ᠲᠤ ᠬᠡᠯᠡ ᠪᠢᠴᠢᠭ᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠬᠡᠯᠡ ᠪᠢᠴᠢᠭ᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠮᠤᠩᠭᠤᠯ ᠬᠡᠯᠡ ᠪᠢᠴᠢᠭ᠂ ᠮᠤᠩᠭᠤᠯ ᠬᠡᠯᠡᠨ ᠤ ᠬᠦᠬᠡᠭᠴᠢᠨ ᠰᠡᠳᠤᠪ᠂ ᠰᠤᠯᠤᠩᠭᠤᠰ ᠬᠡᠯᠡ ᠵᠡᠷᠬᠡ ᠶᠢ ᠰᠢᠯᠭᠠᠵᠤ᠂ 6 ᠰᠠᠷ᠎ᠡ ᠶᠢᠨ 7᠎ ᠤ ᠡᠳᠤᠷ ᠤᠨ 15 ᠴᠠᠭ ᠠᠴᠠ 17 ᠴᠠᠭ 30 ᠮᠢᠨᠦ᠋ᠲ ᠪᠤᠯᠳᠠᠯ᠎ᠡ ᠲᠤᠭ᠎ᠠ᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠤᠭ᠎ᠠ ᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠤᠭ᠎ᠠ ︵ᠮᠤᠩᠭᠤᠯ︶᠎ ᠶᠢᠨ ᠬᠢᠴᠢᠶᠡᠯ ᠢ ᠰᠢᠯᠭᠠᠵᠤ᠂ 6 ᠰᠠᠷ᠎ᠡ ᠶᠢᠨ 8᠎ ᠤ ᠡᠳᠤᠷ ᠤᠨ 9 ᠴᠠᠭ ᠠᠴᠠ 11 ᠴᠠᠭ 30 ᠮᠢᠨᠦ᠋ᠲ ᠲᠤ᠂ ᠨᠡᠶᠢᠬᠡᠮ ᠤᠨ ᠰᠢᠨᠵᠢᠯᠡᠬᠦ ᠤᠬᠠᠭᠠᠨ ᠤ ᠠᠩᠬᠢ ᠶᠢᠨ ᠶᠡᠷᠤᠩᠬᠡᠶᠢᠯᠡᠭᠰᠡᠨ ᠬᠢᠴᠢᠶᠡᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ ᠶᠢᠨ ᠶᠡᠷᠤᠩᠬᠡᠶᠢᠯᠡᠭᠰᠡᠨ ᠬᠢᠴᠢᠶᠡᠯ᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠤᠰᠬᠠᠢ ᠮᠡᠷᠬᠡᠵᠢᠯ ᠤᠨ ᠶᠡᠷᠤᠩᠬᠡᠶᠢᠯᠡᠭᠰᠡᠨ ᠬᠢᠴᠢᠶᠡᠯ ᠢ ᠰᠢᠯᠭᠠᠵᠤ᠂ 6 ᠰᠠᠷ᠎ᠡ ᠶᠢᠨ 8᠎ ᠤ ᠡᠳᠤᠷ ᠤᠨ 15 ᠴᠠᠭ ᠠᠴᠠ 17 ᠴᠠᠭ 30 ᠮᠢᠨᠦ᠋ᠲ ᠪᠤᠯᠳᠠᠯ᠎ᠡ ᠭᠠᠳᠠᠭᠠᠳᠤ ᠬᠡᠯᠡ ︵ᠰᠤᠨᠤᠰᠬᠤ ᠴᠢᠳᠠᠪᠤᠷᠢ ᠶᠢᠨ ᠰᠢᠯᠭᠠᠯᠳᠡ ᠶᠢ ᠪᠠᠭᠳᠠᠭᠠᠨ᠎ᠡ︶᠂ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠠᠩᠭ᠍ᠯᠢ ᠬᠡᠯᠡ ᠤ ᠰᠢᠯᠭᠠᠯᠳᠡ ᠶᠢ ︵ᠰᠤᠨᠤᠰᠬᠤ ᠴᠢᠳᠠᠪᠤᠷᠢ ᠶᠢᠨ ᠰᠢᠯᠭᠠᠯᠳᠡ ᠶᠢ ᠪᠠᠭᠲᠠᠭᠠᠬᠤ ᠦᠭᠡᠢ︶ ᠬᠢᠵᠤ᠂ 6 ᠰᠠᠷ᠎ᠡ ᠶᠢᠨ 9᠎ ᠤ ᠡᠳᠤᠷ ᠤᠨ 9 ᠴᠠᠭ ᠠᠴᠠ 11 ᠴᠠᠭ 10 ᠮᠢᠨᠦ᠋ᠲ ᠲᠤ᠂ ᠮᠤᠩᠭᠤᠯ ᠬᠡᠯᠡ ᠪᠢᠴᠢᠭ ᠤᠨ ᠬᠦᠬᠡ ᠰᠡᠳᠤᠪ᠂ ᠴᠦᠬᠡᠨ ᠲᠤᠭᠠᠳᠤ ᠦᠨᠳᠦᠰᠦᠳᠡᠨ ᠰᠢᠯᠭᠠᠭᠤᠯᠤᠬᠰᠠᠳ ᠤᠨ ᠬᠢᠳᠠᠳ ᠬᠡᠯᠡᠨ ᠤ ᠭᠤᠷᠪᠠᠳᠤᠭᠠᠷ ᠲᠡᠰ ᠤᠨ ᠰᠢᠯᠭᠠᠯᠳᠡ ᠶᠢ ᠰᠢᠯᠭᠠᠨ᠎ᠡ᠃      ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠰᠤᠷᠤᠭᠴᠢ ᠡᠯᠰᠡᠬᠦ ᠰᠢᠯᠭᠠᠯᠳᠡ ᠶᠢᠨ ᠲᠠᠮᠢᠷ ᠤᠨ ᠲᠦᠷᠦᠯ ᠤᠨ ᠲᠤᠰᠬᠠᠢ ᠮᠡᠷᠬᠡᠵᠢᠯ ᠤᠨ ᠬᠢᠴᠢᠶᠡᠯ ᠤᠨ ᠶᠡᠷᠤᠩᠬᠡᠶᠢᠯᠡᠭᠰᠡᠨ ᠰᠢᠯᠭᠠᠯᠳᠡ ᠶᠢ 6 ᠰᠠᠷ᠎ᠡ ᠶᠢᠨ 13᠎ ᠤ ᠡᠳᠤᠷ ᠲᠤᠬᠢᠷᠠᠭᠤᠯᠤᠨ᠂ ᠦᠪᠦᠷ ᠮᠤᠩᠭᠤᠯ ᠤᠨ ᠲᠡᠮᠢᠷ ᠤᠨ ᠠᠵᠢᠯ ᠮᠡᠷᠬᠡᠵᠢᠯ ᠤᠨ ᠰᠤᠷᠭᠠᠭᠤᠯᠢ ᠶᠢ ᠰᠢᠯᠭᠠᠯᠳᠡ ᠶᠢᠨ ᠲᠠᠯᠠᠪᠤᠷ ᠢᠶᠠᠷ ᠲᠤᠭᠳᠠᠵᠤ ᠂ ᠰᠢᠯᠭᠠᠭᠤᠯᠤᠬᠰᠠᠳ 6 ᠰᠠᠷ᠎ᠡ ᠶᠢᠨ 12᠎ ᠤᠨ ᠡᠳᠤᠷ ᠰᠢᠯᠭᠠᠯᠳᠡ ᠶᠢᠨ ᠲᠠᠯᠠᠪᠠᠢ ᠲᠤ ᠬᠦᠷᠴᠤ ᠨᠡᠷ᠎ᠡ ᠮᠡᠳᠡᠬᠦᠯᠦᠨ᠎ᠡ᠃ ᠡᠩ ᠤᠨ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠡ ᠶᠢᠨ ᠭᠠᠳᠠᠭᠠᠳᠤ ᠬᠡᠯᠡᠨ ᠤ ᠰᠢᠯᠭᠠᠯᠳᠡ ᠶᠢᠨ ᠶᠠᠷᠢᠶᠠᠨ ᠤ ᠬᠡᠯᠡᠨ ᠤ ᠰᠢᠯᠭᠠᠯᠳᠡ ᠶᠢ 6 ᠰᠠᠷ᠎ᠡ ᠶᠢᠨ 10᠎ ᠤ ᠡᠳᠤᠷ ᠤᠨ 8 ᠴᠠᠭ ᠠᠴᠠ 6 ᠰᠠᠷ᠎ᠡ ᠶᠢᠨ 15᠎ ᠤ ᠡᠳᠤᠷ ᠤᠨ 18 ᠴᠠᠭ ᠠᠴᠠ ᠡᠮᠤᠨ᠎ᠡ ᠰᠢᠯᠭᠠᠵᠤ ᠲᠠᠭᠤᠰᠬᠤ ᠢᠶᠠᠷ ᠲᠤᠭᠳᠠᠵᠤ᠂ ᠰᠢᠯᠭᠠᠯᠳᠡ ᠶᠢᠨ ᠴᠠᠭ ᠪᠤᠯᠤᠨ ᠭᠠᠵᠡᠷ ᠢ ᠬᠤᠰᠢᠭᠤ ᠰᠢᠶᠠᠨ ᠤ ᠰᠤᠷᠤᠭᠴᠢ ᠡᠯᠰᠡᠬᠦ ᠠᠯᠪᠠᠨ ᠬᠡᠷ ᠠᠴᠠ ᠲᠤᠬᠳᠠᠭᠠᠨ᠂ ᠲᠤᠬᠠᠢ ᠶᠢᠨ ᠬᠦᠮᠦᠨ ᠳᠤᠨᠢ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号