ᠬᠠᠩᠰᠢ ᠶᠢᠨ ᠡᠳᠦᠷ ᠠᠴᠠ ᠡᠮᠦᠨ᠎ᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠨ ᠳᠠᠬᠢᠪᠠ
ᠨᠡᠶᠢᠲᠡᠯᠡᠭᠰᠡᠨ ᠴᠠᠭ᠄
2015/4/3
     4 ᠳ᠋ᠦ᠋ᠭᠡᠷ ᠰᠠᠷ᠎ᠠ ᠶᠢᠨ 2᠎ ᠤᠨ ᠡᠳᠦᠷ᠂ ᠳᠠᠷᠤᠭ᠎ᠠ ᠪᠠᠶᠢᠯᠳᠤᠭᠴᠢᠳ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠥᠰᠢᠶ᠎ᠡ ᠶᠢ ᠴᠡᠪᠡᠷᠯᠡᠨ ᠱᠦᠭᠦᠷᠳᠡᠪᠡ᠃      ᠬᠠᠩᠰᠢ ᠶᠢᠨ ᠡᠳᠦᠷ ᠤᠨ ᠡᠮᠦᠨᠡᠬᠡᠨ᠂ ᠥᠪᠥᠷ ᠮᠣᠩᠭᠤᠯ ᠳᠤ ᠰᠠᠭᠤᠭ᠎ᠠ ᠪᠡᠭᠡᠵᠢᠩ ᠤᠨ ᠴᠡᠷᠢᠭ ᠤᠨ ᠲᠣᠭᠤᠷᠢᠭ ᠤᠨ ᠨᠢᠭᠡᠨ ᠮᠠᠰᠢᠨ ᠲᠡᠷᠭᠡᠨ ᠤ ᠬᠤᠷᠢᠶ᠎ᠠ ᠶᠢᠨ ᠳᠠᠷᠤᠭ᠎ᠠ ᠪᠠᠶᠢᠯᠳᠤᠭᠴᠢᠳ ᠬᠢᠵᠠᠭᠠᠯᠠᠰᠢ ᠦᠭᠡᠢ ᠬᠥᠨᠳᠦᠳᠭᠡᠨ ᠳᠤᠷᠠᠳᠬᠠᠬᠤ ᠰᠡᠳᠭᠢᠯᠭᠡ ᠶᠢ ᠡᠪᠦᠷᠯᠡᠵᠦ ᠬᠦᠬᠡᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ ᠬᠦᠷᠦᠯᠴᠡᠨ ᠢᠷᠡᠵᠡᠭᠡᠵᠦ᠂ ︽ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ︾᠎ ᠳᠤ ᠴᠡᠴᠡᠭ ᠬᠤᠸᠠᠷ ᠡᠷᠭᠦᠵᠦ᠂ ᠳᠤᠷᠠᠰᠬᠠᠯ ᠤᠨ ᠬᠥᠰᠢᠶ᠎ᠡ ᠬᠦᠷᠢᠶᠡᠯᠡᠩ ᠢ ᠴᠡᠪᠡᠷᠯᠡᠨ ᠱᠦᠭᠦᠷᠳᠡᠵᠦ᠂ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠮᠥᠷᠥᠭᠡᠳᠦᠨ ᠰᠠᠨᠠᠭᠠᠯᠵᠠᠪᠠ᠃
     4 ᠳ᠋ᠦ᠋ᠭᠡᠷ ᠰᠠᠷ᠎ᠠ ᠶᠢᠨ 2᠎ ᠤᠨ ᠡᠳᠦᠷ᠂ ᠳᠠᠷᠤᠭ᠎ᠠ ᠪᠠᠶᠢᠯᠳᠤᠭᠴᠢᠳ ︽ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ︾᠎ ᠶᠢᠨ ᠡᠮᠦᠨ᠎ᠡ ᠳᠤᠷᠠᠰᠬᠠᠨ ᠲᠠᠬᠢᠬᠤ ᠠᠵᠢᠯᠯᠠᠭ᠎ᠠ ᠶᠠᠪᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号